ᠬᠤᠲᠠ ᠶᠢᠨ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯ ᠤᠨ ᠲᠡᠷᠢᠭᠦᠯᠡᠭᠴᠢ ᠶᠢᠨ ᠪᠦᠯᠬᠦᠮ ᠭᠤᠷᠪᠠᠳᠤᠭᠠᠷ ᠤᠳᠠᠭ᠎ᠠ ᠶᠢᠨ ᠬᠤᠷᠠᠯ ᠢ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/2/25
ᠸᠠᠩ ᠯᠢ ᠰᠢᠶᠠ ᠡᠷᠬᠢᠯᠡᠪᠡ      2 ᠳ᠋ᠤᠭᠠᠷ ᠰᠠᠷ᠎ᠠ ᠶᠢᠨ 24 ᠤ ᠡᠳᠦᠷ᠂ ᠬᠤᠲᠠ ᠶᠢᠨ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯ ᠤᠨ ᠲᠡᠷᠢᠭᠦᠯᠡᠭᠴᠢ ᠶᠢᠨ ᠪᠦᠯᠬᠦᠮ ᠭᠤᠷᠪᠠᠳᠤᠭᠠᠷ ᠤᠳᠠᠭ᠎ᠠ ᠶᠢᠨ ᠬᠤᠷᠠᠯ ᠢ ᠬᠤᠷᠠᠯᠳᠤᠭᠤᠯᠪᠠ᠃     ᠬᠤᠷᠠᠯ ᠢ ᠶᠡᠭᠡ ᠬᠤᠷᠠᠯ ᠤᠨ ᠲᠡᠷᠢᠭᠦᠯᠡᠭᠴᠢ ᠶᠢᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ ᠸᠠᠩ ᠯᠢ  ᠰᠢᠶᠠ ᠡᠷᠬᠢᠯᠡᠪᠡ᠃ 54 ᠲᠡᠷᠢᠭᠦᠯᠡᠭᠴᠢ ᠶᠢᠨ ᠪᠦᠯᠬᠦᠮ ᠤᠨ ᠭᠡᠰᠢᠭᠦᠨ ᠬᠤᠷᠠᠯ ᠳᠤ ᠣᠷᠣᠯᠴᠠᠵᠤ᠂ ᠬᠠᠤᠯᠢ ᠳᠤ  ᠲᠣᠭᠲᠠᠭᠰᠠᠨ ᠬᠥᠮᠥᠨ ᠤ ᠲᠤᠭ᠎ᠠ ᠳᠤ ᠬᠦᠷᠴᠡᠢ᠃      ᠬᠤᠷᠠᠯ ᠠᠴᠠ ᠶᠡᠭᠡ ᠬᠤᠷᠠᠯ ᠤᠨ ᠨᠠᠷᠢᠨ ᠪᠢᠴᠢᠭ ᠤᠨ ᠭᠠᠵᠠᠷ ᠤᠨ ᠵᠢᠱᠢᠭᠳᠡᠭᠰᠡᠳ ᠢ ᠲᠤᠩᠭᠠᠨ ᠪᠣᠳᠣᠯᠬᠢᠯᠠᠵᠤ ᠶᠠᠷᠢᠯᠴᠠᠭᠰᠠᠨ ᠡᠯ᠎ᠡ ᠵᠦᠢᠯ ᠤᠨ ᠪᠠᠶᠢᠳᠠᠯ ᠤᠨ ᠮᠡᠳᠡᠭᠦᠯᠦᠯᠲᠡ ᠶᠢ ᠰᠣᠨᠣᠰᠪᠠ︔ ᠡᠴᠦᠰ ᠤᠨ  ᠵᠢᠱᠢᠭᠳᠡᠭᠰᠡᠳ ᠤᠨ ᠨᠡᠷᠡᠰ ᠢ ᠲᠣᠭᠲᠠᠭᠠᠨ ᠡᠯ᠎ᠡ ᠲᠥᠯᠥᠭᠡᠯᠡᠭᠴᠢᠳ ᠤᠨ ᠪᠦᠯᠬᠦᠮ ᠳᠤ ᠳᠠᠷᠤᠮᠠᠯᠯᠠᠨ ᠲᠠᠷᠬᠠᠭᠠᠪᠠ︔ ᠲᠤᠰᠢᠶᠠᠯ ᠠᠴᠠ ᠪᠠᠨ ᠪᠠᠭᠤᠬᠤ ᠶᠢ ᠬᠦᠯᠢᠶᠡᠨ ᠠᠪᠬᠤ ᠰᠢᠢᠳᠪᠦᠷᠢ ︵ᠲᠥᠰᠥᠯ︶ ᠶᠢ ᠬᠢᠨᠠᠨ ᠵᠥᠪᠯᠡᠵᠦ᠂ ᠡᠯ᠎ᠡ ᠲᠥᠯᠥᠭᠡᠯᠡᠭᠴᠢᠳ ᠤᠨ ᠪᠦᠯᠬᠦᠮ ᠳᠤ ᠳᠡᠪᠰᠢᠭᠦᠯᠦᠨ ᠬᠢᠨᠠᠨ ᠵᠥᠪᠯᠡᠭᠦᠯᠪᠡ︔  ᠶᠡᠷᠦᠩᠬᠡᠢ  ᠪᠢᠯᠧᠲ ᠬᠢᠨᠠᠭᠴᠢ᠂ ᠲᠡᠳ᠋ ᠶᠡᠷᠦᠩᠬᠡᠢ ᠪᠢᠯᠧᠲ ᠬᠢᠨᠠᠭᠴᠢ ᠶᠢᠨ ᠨᠡᠷᠡᠰ ︵ᠲᠥᠰᠥᠯ︶ ᠢ ᠪᠠᠲᠤᠯᠠᠵᠤ᠂ ᠡᠯ᠎ᠡ ᠲᠥᠯᠥᠭᠡᠯᠡᠭᠴᠢᠳ ᠤᠨ ᠪᠦᠯᠬᠦᠮ ᠳᠤ ᠳᠠᠷᠤᠮᠠᠯᠯᠠᠨ ᠲᠠᠷᠬᠠᠭᠠᠪᠠ᠃ ︵ᠯᠢ ᠬᠠᠢ ᠵᠧᠨ  ︶
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号