ᠸᠠᠩ ᠯᠢ ᠰᠢᠶᠠ ᠬᠤᠶᠠᠷ ᠬᠤᠷᠠᠯ ᠤᠨ ᠰᠣᠨᠢᠨ ᠮᠡᠳᠡᠭᠡᠨ ᠤ ᠠᠵᠢᠯᠲᠠᠳ ᠢ ᠪᠣᠯᠭᠤᠭᠠᠨ ᠲᠣᠬᠤᠨᠢᠭᠤᠯᠬᠤ ᠳᠠᠭᠠᠨ ᠴᠢᠬᠤᠯᠠᠴᠢᠯᠠᠭᠰᠠᠨ ᠨᠢ ᠰᠢᠨ᠎ᠡ ᠶᠢ ᠡᠭᠦᠳᠬᠦ ᠬᠥᠳᠡᠯᠭᠡᠬᠦ ᠬᠦᠴᠦᠨ ᠢᠶᠠᠷ ᠠᠵᠢᠯ ᠬᠢᠬᠦ ᠤᠷᠮ᠎ᠠ ᠶᠢ ᠬᠥᠭᠵᠢᠭᠡᠵᠦ ᠠᠮᠢᠵᠢᠷᠠᠯ ᠤᠨ ᠬᠦᠴᠦᠨ ᠲᠠᠢ ᠲᠥᠪ ᠬᠤᠲᠠ ᠶᠢᠨ ᠰᠠᠶᠢᠨ ᠰᠠᠶᠢᠬᠠᠨ ᠦᠯᠢᠭᠡᠷ ᠢ ᠲᠦᠭ ᠲᠦᠮᠡᠨ ᠠᠶᠢᠯ ᠡᠷᠦᠭᠡ ᠳᠤ ᠬᠦᠷᠭᠡᠬᠦ ᠬᠡᠷᠡᠭᠲᠡᠢ
ᠨᠡᠶᠢᠲᠡᠯᠡᠭᠰᠡᠨ ᠴᠠᠭ᠄
2021/2/25
ᠾᠧ ᠬᠠᠢ ᠳ᠋ᠦᠩ ᠣᠷᠣᠯᠴᠠᠪᠠ      ︵ᠰᠤᠷᠪᠤᠯᠵᠢᠯᠠᠭᠴᠢ ᠹᠧᠩ ᠶᠠᠨ ᠫᠢᠩ︶ 2 ᠳ᠋ᠤᠭᠠᠷ ᠰᠠᠷ᠎ᠠ ᠶᠢᠨ 24 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠸᠠᠩ ᠯᠢ ᠰᠢᠶᠠ ᠮᠠᠨ ᠤ ᠬᠤᠲᠠ ᠶᠢᠨ ᠬᠤᠶᠠᠷ ᠬᠤᠷᠠᠯ ᠢ ᠮᠡᠳᠡᠭᠡᠯᠡᠭᠰᠡᠨ ᠰᠣᠨᠢᠨ ᠮᠡᠳᠡᠭᠡᠨ ᠤ ᠠᠵᠢᠯᠲᠠᠳ ᠢ ᠪᠣᠯᠭᠤᠭᠠᠨ ᠲᠣᠬᠤᠨᠢᠭᠤᠯᠬᠤ ᠳᠠᠭᠠᠨ ᠴᠢᠬᠤᠯᠠᠴᠢᠯᠠᠭᠰᠠᠨ ᠨᠢ᠂ ᠶᠡᠷᠦᠩᠬᠡᠢ ᠱᠦᠵᠢ ᠰᠢ ᠶᠢᠨ ᠫᠢᠩ ᠤᠨ ᠵᠠᠭᠤᠴᠢᠯᠠᠭᠤᠷ ᠢ ᠠᠭᠤᠰᠤᠯᠴᠠᠭᠤᠯᠤᠨ ᠬᠥᠭᠵᠢᠭᠦᠯᠬᠦ ᠲᠤᠬᠠᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠰᠢᠨ᠎ᠡ ᠶᠢ ᠡᠭᠦᠳᠬᠦ ᠬᠥᠳᠡᠯᠭᠡᠬᠦ ᠬᠦᠴᠦᠨ ᠢᠶᠠᠷ ᠲᠥᠪ ᠬᠤᠲᠠ ᠶᠢᠨ ᠰᠣᠨᠢᠨ ᠮᠡᠳᠡᠭᠡᠨ ᠤ ᠠᠵᠢᠯᠲᠠᠨ ᠨᠢᠭᠡᠪᠦᠷᠢ ᠶᠢᠨ ᠠᠵᠢᠯ ᠬᠢᠬᠦ ᠤᠷᠮ᠎ᠠ ᠶᠢ ᠬᠥᠭᠵᠢᠭᠡᠨ᠂ ᠠᠮᠢᠵᠢᠷᠠᠯ ᠤᠨ ᠬᠦᠴᠦᠨ ᠲᠠᠢ ᠲᠥᠪ ᠬᠤᠲᠠ ᠶᠢᠨ ᠪᠦᠲᠦᠭᠡᠨ ᠪᠠᠶᠢᠭᠤᠯᠤᠯᠲᠠ ᠳᠤᠮᠳᠠᠬᠢ ᠰᠠᠶᠢᠨ ᠰᠠᠶᠢᠬᠠᠨ ᠦᠯᠢᠭᠡᠷ ᠢ ᠲᠦᠭ ᠲᠦᠮᠡᠨ ᠠᠶᠢᠯ ᠡᠷᠦᠭᠡ ᠳᠤ ᠬᠦᠷᠭᠡᠵᠦ᠂ ᠪᠦᠬᠦ ᠨᠡᠶᠢᠭᠡᠮ ᠢ ᠳᠠᠶᠢᠴᠢᠯᠠᠨ ᠬᠥᠲᠥᠯᠵᠦ᠂ ᠲᠥᠪ ᠬᠤᠲᠠ ᠶᠢ ᠠᠩᠬᠠᠷᠴᠤ᠂ ᠲᠥᠪ ᠬᠤᠲᠠ ᠶᠢ ᠳᠡᠮᠵᠢᠵᠦ᠂ ᠲᠥᠪ ᠬᠤᠲᠠ ᠶᠢᠨ ᠪᠦᠲᠦᠭᠡᠨ ᠪᠠᠶᠢᠭᠤᠯᠤᠯᠲᠠ ᠳᠤ ᠢᠳᠡᠪᠬᠢᠲᠡᠢ ᠣᠷᠣᠯᠴᠠᠭᠤᠯᠤᠨ᠂ ᠲᠠᠯ᠎ᠠ ᠨᠤᠲᠤᠭ ᠤᠨ ᠬᠤᠲᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠬᠤ ᠬᠡᠷᠡᠭᠲᠡᠢ ᠭᠡᠪᠡ᠃      ᠸᠠᠩ ᠯᠢ ᠰᠢᠶᠠ ᠬᠡᠯᠡᠬᠦ ᠳᠡᠭᠡᠨ᠂ ᠡᠨᠡ ᠤᠳᠠᠭᠠᠨ ᠤ ᠮᠠᠨ ᠤ ᠬᠤᠲᠠ ᠶᠢᠨ ᠬᠤᠶᠠᠷ ᠬᠤᠷᠠᠯ ᠪᠣᠯ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠵᠦ᠂ ᠨᠢᠭᠡᠳᠦᠭᠡᠷ ᠵᠠᠭᠤᠨ ᠵᠢᠯ ᠤᠨ  ᠲᠡᠮᠡᠴᠡᠬᠦ ᠬᠠᠷᠠᠯᠲᠠ ᠶᠢ ᠪᠡᠶᠡᠯᠡᠭᠦᠯᠬᠦ ᠶᠢᠨ ᠡᠮᠦᠨᠡᠬᠡᠨ᠂ ᠨᠡᠶᠢᠭᠡᠮ ᠵᠢᠷᠤᠮ ᠤᠨ ᠣᠳᠣᠬᠢᠴᠢᠯᠠᠯᠲᠠ ᠶᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠠᠶᠠᠨ ᠢ ᠡᠬᠢᠯᠡᠭᠦᠯᠵᠦ᠂ ᠬᠤᠶᠠᠳᠤᠭᠠᠷ ᠵᠠᠭᠤᠨ ᠵᠢᠯ ᠤᠨ ᠲᠡᠮᠡᠴᠡᠯ ᠤᠨ ᠬᠠᠷᠠᠯᠲᠠ ᠵᠦᠭ ᠤᠷᠤᠭᠰᠢᠯᠠᠭᠰᠠᠨ ᠲᠡᠦᠬᠡ ᠶᠢᠨ ᠠᠭᠤᠯᠵᠠᠷ ᠳᠡᠭᠡᠷ᠎ᠡ ᠬᠢᠭᠰᠡᠨ ᠬᠤᠷᠠᠯ ᠪᠣᠯᠣᠨ᠎ᠠ᠃ ᠬᠤᠶᠠᠷ ᠬᠤᠷᠠᠯ ᠤᠨ ᠬᠤᠭᠤᠴᠠᠭᠠᠨ ᠳᠤ᠂ ᠡᠯ᠎ᠡ ᠰᠣᠨᠢᠨ ᠮᠡᠳᠡᠭᠡᠨ ᠤ ᠨᠢᠭᠡᠴᠡ ᠤᠯᠤᠰ ᠲᠥᠷᠥ ᠶᠢᠨ ᠵᠥᠪ ᠴᠢᠭᠯᠡᠯ ᠢ ᠡᠵᠡᠮᠰᠢᠨ᠂ ᠶᠡᠭᠡ ᠬᠤᠷᠠᠯ ᠢ ᠪᠦᠬᠦ ᠲᠠᠯ᠎ᠠ ᠠᠴᠠ᠂ ᠣᠯᠠᠨ ᠬᠠᠷᠠᠭᠠᠰᠤ ᠠᠴᠠ᠂ ᠴᠢᠨᠠᠷ ᠰᠠᠶᠢᠲᠠᠢ ᠮᠡᠳᠡᠭᠡᠯᠡᠵᠦ᠂ ᠲᠠᠯ᠎ᠠ ᠨᠤᠲᠤᠭ ᠤᠨ ᠬᠤᠲᠠ ᠨᠡᠶᠢᠭᠡᠮ ᠵᠢᠷᠤᠮ ᠤᠨ ᠣᠳᠣᠬᠢᠴᠢᠯᠠᠯᠲᠠ ᠶᠢ ᠪᠦᠬᠦ ᠲᠠᠯ᠎ᠠ ᠪᠠᠷ ᠪᠦᠲᠦᠭᠡᠨ ᠪᠠᠶᠢᠭᠤᠯᠬᠤ ᠰᠢᠨ᠎ᠡ ᠠᠶᠠᠨ ᠢᠶᠠᠨ ᠡᠬᠢᠯᠡᠭᠦᠯᠬᠦ ᠳᠤ ᠬᠦᠴᠦᠷᠬᠡᠭ ᠶᠡᠭᠡ ᠵᠥᠪ ᠡᠨᠧᠷᠭᠢ ᠶᠢ ᠨᠢᠭᠲᠠᠷᠠᠭᠤᠯᠪᠠ ᠭᠡᠪᠡ᠃      ᠸᠠᠩ ᠯᠢ ᠰᠢᠶᠠ ᠴᠢᠬᠤᠯᠠᠴᠢᠯᠠᠬᠤ ᠳᠠᠭᠠᠨ᠂ ᠰᠢᠨ᠎ᠡ ᠴᠠᠭ ᠦᠶ᠎ᠡ ᠠᠴᠠ ᠰᠢᠨ᠎ᠡ ᠡᠭᠦᠷᠭᠡ ᠲᠤᠰᠢᠶᠠᠵᠤ᠂ ᠰᠢᠨ᠎ᠡ ᠠᠶᠠᠨ ᠳᠤ ᠰᠢᠨ᠎ᠡ ᠡᠭᠦᠷᠭᠡᠯᠡᠯ ᠱᠠᠭᠠᠷᠳᠠᠭᠳᠠᠨ᠎ᠠ᠂ ᠲᠥᠪ ᠬᠤᠲᠠ ᠶᠢᠨ ᠥᠷᠭᠡᠨ ᠣᠯᠠᠨ ᠰᠣᠨᠢᠨ ᠮᠡᠳᠡᠭᠡᠨ ᠤ ᠠᠵᠢᠯᠲᠠᠳ ᠢ ᠬᠦᠰᠡᠬᠦ ᠨᠢ᠂ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠰᠡᠳᠬᠢᠬᠦᠢ ᠳᠡᠭᠡᠨ ᠰᠢᠨ᠎ᠡ ᠶᠢ ᠡᠭᠦᠳᠴᠦ᠂ ᠣᠯᠠᠨ ᠲᠦᠮᠡᠨ ᠤ ᠵᠣᠭᠰᠣᠴᠠ ᠠᠴᠠ ᠠᠮᠢᠳᠤᠯᠢᠭ᠂ ᠰᠢᠨ᠎ᠡ ᠰᠡᠪᠡᠭᠦᠨ ᠣᠯᠠᠨ ᠵᠠᠭᠤᠴᠢᠲᠤ ᠤᠬᠠᠭᠤᠯᠭ᠎ᠠ ᠶᠢᠨ ᠪᠦᠲᠦᠭᠡᠭᠳᠡᠬᠦᠨ ᠢ ᠦᠢᠯᠡᠳᠴᠦ᠂ ᠦᠵᠡᠮᠵᠢᠲᠦ ᠰᠠᠶᠢᠬᠠᠨ ᠬᠥᠬᠡᠬᠤᠲᠠ᠂ ᠥᠨᠢᠷ ᠪᠠᠶᠠᠯᠢᠭ ᠲᠠᠯ᠎ᠠ ᠶᠢᠨ ᠬᠤᠲᠠ ᠶᠢᠨ ᠦᠯᠢᠭᠡᠷ ᠢ ᠤᠯᠠᠮ ᠨᠢᠭᠡ ᠠᠯᠬᠤᠮ ᠰᠠᠶᠢᠬᠠᠨ ᠬᠥᠥᠷᠨᠢᠵᠦ᠂ ᠲᠥᠪ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠳᠠᠭᠤᠨ ᠢ ᠳᠠᠮᠵᠢᠭᠤᠯᠵᠤ᠂ ᠲᠥᠪ ᠬᠤᠲᠠ ᠶᠢᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠰᠢᠨ᠎ᠡ ᠠᠶᠠᠨ ᠳᠤ ᠢᠲᠡᠭᠡᠯ ᠬᠠᠶᠢᠷᠠᠯᠠᠨ ᠬᠦᠴᠦᠨ ᠨᠡᠮᠡᠵᠦ᠂ ᠬᠡᠩᠭᠡᠷᠭᠡ ᠳᠡᠯᠡᠳᠦᠨ ᠵᠣᠷᠢᠭ ᠨᠡᠮᠡᠬᠦ ᠬᠡᠷᠡᠭᠲᠡᠢ ᠭᠡᠪᠡ᠃      ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠣᠷᠣᠯᠠᠭᠴᠢ ᠬᠤᠲᠠ ᠶᠢᠨ ᠳᠠᠷᠤᠭ᠎ᠠ ᠾᠧ ᠬᠠᠢ ᠳ᠋ᠦᠩ ᠪᠣᠯᠭᠤᠭᠠᠨ ᠲᠣᠬᠤᠨᠢᠭᠤᠯᠬᠤ ᠳᠤᠮᠳᠠ ᠥᠷᠭᠡᠨ ᠣᠯᠠᠨ ᠰᠣᠨᠢᠨ ᠮᠡᠳᠡᠭᠡᠨ ᠤ ᠠᠵᠢᠯᠲᠠᠳ ᠠᠵᠢᠯ  ᠬᠢᠵᠦ ᠦᠢᠯᠡᠰ ᠪᠦᠳᠦᠭᠡᠨ ᠵᠣᠷᠢᠭᠲᠠᠢ ᠡᠭᠦᠷᠭᠡᠯᠡᠬᠦ ᠤᠷᠮ᠎ᠠ ᠵᠣᠷᠢᠭ ᠢ ᠮᠠᠨ ᠤ ᠬᠤᠲᠠ ᠶᠢᠨ ᠡᠯ᠎ᠡ ᠰᠠᠯᠠᠭ᠎ᠠ ᠮᠥᠴᠢᠷ ᠲᠤ ᠳᠠᠮᠵᠢᠭᠤᠯᠤᠨ᠂ ᠴᠥᠬᠦᠷᠡᠰᠢ ᠦᠭᠡᠢ ᠴᠢᠷᠮᠠᠶᠢᠵᠤ᠂ ᠡᠷᠡᠯᠬᠡᠭᠯᠡᠨ ᠤᠷᠤᠭᠰᠢᠯᠠᠵᠤ ᠲᠡᠷᠢᠭᠦᠨ ᠢ ᠲᠡᠮᠡᠴᠡᠨ᠂ ᠣᠳᠣᠬᠢᠴᠢᠯᠠᠭᠰᠠᠨ ᠲᠥᠪ ᠬᠤᠲᠠ ᠶᠢ ᠪᠦᠲᠦᠭᠡᠨ ᠪᠠᠶᠢᠭᠤᠯᠬᠤ ᠳᠤ ᠨᠡᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠶᠢ ᠬᠦᠰᠡᠵᠡᠢ᠃      ᠲᠤᠰ ᠤᠳᠠᠭᠠᠨ ᠤ ᠬᠤᠶᠠᠷ ᠬᠤᠷᠠᠯ ᠳᠤ᠂ ᠬᠥᠬᠡᠬᠤᠲᠠ ᠶᠢᠨ ᠡᠳᠦᠷ ᠤᠨ ᠰᠣᠨᠢᠨ ᠤ ᠬᠤᠷᠢᠶ᠎ᠠ᠂ ᠬᠥᠬᠡᠬᠤᠲᠠ ᠶᠢᠨ ᠷᠠᠳᠢᠣ᠋ ᠲᠧᠯᠸᠢᠰ  ᠬᠤᠷᠢᠶ᠎ᠠ᠂ ᠬᠥᠬᠡᠬᠤᠲᠠ ᠶᠢᠨ ᠰᠣᠨᠢᠨ ᠮᠡᠳᠡᠭᠡᠨ ᠤ ᠰᠦᠯᠵᠢᠶ᠎ᠡ᠂ ᠬᠥᠬᠡᠬᠤᠲᠠ ᠶᠢᠨ ᠬᠠᠮ ᠵᠠᠭᠤᠴᠢᠯᠠᠭᠤᠷ ᠤᠨ ᠳᠠᠮᠵᠢᠭᠤᠯᠬᠤ ᠲᠥᠪ ᠦᠰᠦᠭ᠂ ᠵᠢᠷᠤᠭ ᠪᠠ ᠳᠦᠷᠰᠦ ᠪᠢᠴᠢᠯᠭᠡ ᠵᠡᠷᠭᠡ ᠣᠯᠠᠨ ᠬᠡᠯᠪᠡᠷᠢ ᠮᠠᠶ᠋ᠢᠭ ᠢᠶᠠᠷ᠂ ᠰᠣᠨᠢᠨ᠂ ᠰᠦᠯᠵᠢᠶ᠎ᠡ᠂ ᠰᠢᠯᠵᠢᠮᠡᠯ ᠬᠤᠯᠪᠣᠭ᠎ᠠ ᠶᠢᠨ ᠲᠠᠪᠴᠠᠩ᠂ ᠳᠡᠯᠭᠡᠴᠡ᠂ ᠸᠢᠴᠠᠲ ᠵᠡᠷᠭᠡ ᠮᠡᠳᠡᠭᠡ ᠵᠠᠭᠤᠴᠢᠯᠠᠭᠤᠷ ᠤᠨ ᠠᠷᠭ᠎ᠠ ᠪᠠᠷᠢᠯ ᠢ ᠠᠰᠢᠭᠯᠠᠨ᠂ ᠣᠨᠴᠠᠭᠠᠶᠢᠯᠠᠨ ᠡᠬᠢᠯᠡᠬᠦ ᠶᠣᠰᠣᠯᠠᠯ ᠢ ᠠᠩᠬ᠎ᠠ ᠤᠳᠠᠭ᠎ᠠ 4K+5G ᠢ ᠬᠡᠷᠡᠭᠯᠡᠨ ᠣᠯᠠᠨ ᠲᠠᠪᠴᠠᠩ ᠢᠶᠠᠷ ᠰᠢᠭᠤᠳ ᠨᠡᠪᠲᠡᠷᠡᠭᠦᠯᠵᠦ᠂ ᠢᠯᠡᠳᠲᠡ ᠦᠷ᠎ᠡ ᠪᠦᠲᠦᠮᠵᠢ ᠣᠯᠵᠠᠢ᠃      ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠵᠠᠩ  ᠶᠢᠨ ᠫᠢᠩ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠨᠠᠷᠢᠨ ᠪᠢᠴᠢᠭ ᠤᠨ ᠳᠠᠷᠤᠭ᠎ᠠ ᠦ᠋ ᠸᠧᠨ ᠮᠢᠩ ᠪᠣᠯᠭᠤᠭᠠᠨ ᠲᠣᠬᠤᠨᠢᠭᠤᠯᠬᠤ ᠳᠤ ᠣᠷᠣᠯᠴᠠᠪᠠ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号