ᠬᠤᠲᠠ ᠶᠢᠨ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯ ᠭᠤᠷᠪᠠᠳᠤᠭᠠᠷ ᠤᠳᠠᠭᠠᠨ ᠤ ᠪᠥᠬᠦᠳᠡ ᠬᠤᠷᠠᠯ ᠬᠤᠷᠠᠯᠳᠤᠭᠤᠯᠵᠤ ᠴᠠᠩ ᠫᠸᠢ ᠵᠥᠩ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠪᠠᠷ ᠰᠣᠩᠭᠤᠭᠳᠠᠵᠤ ᠾᠧ ᠬᠠᠶ ᠳ᠋ᠦᠩ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠬᠤᠲᠠ ᠶᠢᠨ ᠳᠠᠷᠤᠭ᠎ᠠ ᠪᠠᠷ ᠰᠣᠩᠭᠤᠭᠳᠠᠪᠠ
ᠨᠡᠶᠢᠲᠡᠯᠡᠭᠰᠡᠨ ᠴᠠᠭ᠄
2021/2/26
     2  ᠳ᠋ᠤᠭᠠᠷ ᠰᠠᠷ᠎ᠠ ᠶᠢᠨ 25 ᠤ ᠡᠳᠦᠷ ᠤᠨ ᠦᠳᠡ ᠶᠢᠨ ᠬᠤᠶᠢᠨ᠎ᠠ᠂ ᠬᠤᠲᠠ ᠶᠢᠨ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯ ᠥᠪᠥᠷ ᠮᠣᠩᠭᠤᠯ  ᠤᠨ ᠠᠷᠠᠳ ᠤᠨ ᠬᠤᠷᠠᠯ ᠤᠨ ᠲᠠᠩᠬᠢᠮ ᠳᠤ ᠭᠤᠷᠪᠠᠳᠤᠭᠠᠷ ᠪᠥᠬᠦᠳᠡ ᠬᠤᠷᠠᠯ  ᠬᠤᠷᠠᠯᠳᠤᠭᠤᠯᠪᠠ  ᠃      ᠬᠤᠲᠠ ᠶᠢᠨ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯ ᠳᠤ ᠣᠷᠣᠯᠴᠠᠬᠤ ᠶᠣᠰᠣᠲᠠᠢ ᠲᠥᠯᠥᠭᠡᠯᠡᠭᠴᠢ 334 ᠬᠥᠮᠦᠨ᠂ ᠲᠣᠰ ᠤᠳᠠᠭᠠᠨ ᠤ ᠪᠥᠬᠦᠳᠡ ᠬᠤᠷᠠᠯ ᠳᠤ ᠣᠷᠣᠯᠴᠠᠭᠰᠠᠨ ᠲᠥᠯᠥᠭᠡᠯᠡᠭᠴᠢ 307 ᠬᠥᠮᠦᠨ ᠪᠠᠶᠢᠵᠤ᠂ ᠬᠠᠤᠯᠢ ᠳᠤ ᠲᠣᠭᠲᠠᠭᠠᠭᠰᠠᠨ ᠬᠥᠮᠦᠨ ᠤ ᠲᠤᠭ᠎ᠠ ᠳᠤ ᠨᠡᠶᠢᠴᠡᠵᠡᠢ᠃      ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ᠂  ᠬᠦᠢᠴᠡᠳᠬᠡᠭᠴᠢ ᠲᠡᠷᠢᠭᠦᠯᠡᠭᠴᠢ ᠸᠠᠩ ᠯᠢ ᠰᠢᠶᠠ ᠪᠥᠬᠦᠳᠡ ᠬᠤᠷᠠᠯ ᠢ ᠡᠷᠭᠢᠯᠡᠪᠡ᠃ ᠶᠡᠭᠡ ᠬᠤᠷᠠᠯ ᠤᠨ ᠭᠦᠢᠴᠡᠳᠬᠡᠭᠴᠢ ᠲᠡᠷᠢᠭᠦᠯᠡᠭᠴᠢ ᠶᠦᠨ ᠵᠢᠶᠠᠨ ᠳ᠋ᠦᠩ᠂ ᠴᠠᠩ ᠫᠸᠢ ᠵᠦᠩ᠂ ᠯᠢᠦ ᠮᠢᠨ᠂ ᠰᠡᠴᠡᠨᠪᠢᠯᠢᠭ᠂ ᠯᠠᠨ ᠹᠧᠩ᠂ ᠮᠠ ᠬᠤᠢ ᠵᠢᠶᠦ᠋ᠨ᠂ ᠭᠦᠸᠧ ᡁᠢ ᠭᠠᠩ᠂ ᠵᠠᠩ ᠬᠤᠩ ᠰᠢᠶᠠ᠂ ᠵᠠᠩ ᠰᠢᠶᠤᠤ ᠹᠠᠨ ᠲᠡᠷᠢᠭᠦᠯᠡᠭᠴᠢ ᠶᠢᠨ ᠲᠠᠶᠢᠰᠠᠨ ᠤ ᠡᠮᠦᠨ᠎ᠡ ᠮᠥᠷ ᠲᠤ ᠰᠠᠭᠠᠲᠠᠪᠠ᠃ ᠾᠧ ᠬᠠᠢ ᠳ᠋ᠦᠩ᠂ ᠰᠦᠨ ᠵᠢᠶᠠᠨ ᠬᠤᠸᠠ᠂ ᠪᠠᠢ ᠶᠦᠩ ᠫᠢᠩ᠂ ᠭᠠᠩ ᠪᠦᠬᠡ᠂ ᠵᠠᠩ ᠶᠢᠨ ᠫᠢᠩ᠂ ᠯᠢ ᠵᠢᠶᠦ᠋ᠩ᠂ ᠶᠦᠨ ᠬᠠᠢ᠂ ᠰᠦᠨ ᠪᠢᠩ ᠸᠧᠨ᠂ ᠯᠢᠦ ᠴᠧᠩ ᠮᠢᠨ᠂ ᠸᠠᠩ ᠬᠤᠤ ᠯᠸᠢ᠂ ᠦ᠋ ᠸᠧᠨ ᠮᠢᠩ ᠪᠣᠯᠤᠨ ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠭᠡᠰᠢᠭᠦᠳ ᠲᠡᠷᠢᠭᠦᠯᠡᠭᠴᠢ ᠶᠢᠨ ᠲᠠᠶᠢᠰᠠᠨ ᠳᠤ ᠰᠠᠭᠠᠲᠠᠪᠠ᠃      ᠬᠤᠷᠠᠯ ᠠᠴᠠ ᠡᠩ ᠲᠡᠷᠢᠭᠦᠨ ᠳᠤ ᠲᠤᠰᠢᠶᠠᠯ ᠠᠴᠠ ᠪᠠᠨ ᠪᠠᠭᠤᠬᠤ ᠶᠢ ᠵᠥᠪᠰᠢᠶᠡᠷᠡᠬᠦ ᠲᠤᠬᠠᠢ ᠲᠣᠭᠲᠠᠭᠠᠯ ᠢ ᠪᠠᠲᠤᠯᠠᠪᠠ  ︔ ᠶᠡᠷᠦᠩᠬᠡᠶ ᠪᠢᠯᠧᠲ ᠬᠢᠨᠠᠭᠴᠢ᠂ ᠳᠡᠳ᠋ ᠶᠡᠷᠦᠩᠬᠡᠶ ᠪᠢᠯᠧᠲ ᠬᠢᠨᠠᠭᠴᠢ᠂ ᠪᠢᠯᠧᠲ ᠬᠢᠨᠠᠭᠴᠢ ᠶᠢᠨ ᠨᠡᠷᠡᠰ  ᠢ ᠪᠠᠲᠤᠯᠠᠪᠠ᠃      ᠶᠡᠭᠡ ᠬᠤᠷᠠᠯ ᠠᠴᠠ ᠴᠠᠩ ᠫᠸᠢ ᠵᠦᠩ ᠢ ᠬᠥᠬᠡᠬᠤᠲᠠ ᠶᠢᠨ ᠠᠷᠪᠠᠨ ᠲᠠᠪᠤᠳᠤᠭᠠᠷ ᠬᠤᠭᠤᠴᠠᠭᠠᠨ ᠤ ᠠᠷᠠᠳ  ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠪᠠᠷ ᠰᠣᠩᠭᠤᠵᠤ᠂ ᠾᠧ ᠬᠠᠢ ᠳ᠋ᠦᠩ ᠢ ᠬᠥᠬᠡᠬᠤᠲᠠ ᠶᠢᠨ ᠬᠤᠳᠠ ᠶᠢᠨ ᠳᠠᠷᠤᠭ᠎ᠠ ᠪᠠᠷ ᠰᠣᠩᠭᠤᠵᠤ᠂ ᠶᠢᠨ ᠴᠦᠨ ᠯᠢᠶᠠᠩ ᠢ ᠬᠥᠬᠡᠬᠤᠲᠠ  ᠶᠢᠨ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠪᠠᠷ ᠰᠣᠩᠭᠤᠪᠠ᠃
           ᠰᠣᠩᠭᠤᠭᠤᠯᠢ ᠳᠠᠭᠤᠰᠤᠭᠰᠠᠨ ᠤ ᠳᠠᠷᠠᠭ᠎ᠠ᠂ ᠦᠨᠳᠦᠰᠦᠨ ᠬᠠᠤᠯᠢ ᠳᠤ ᠲᠠᠩᠭᠠᠷᠢᠭᠯᠠᠬᠤ ᠶᠣᠰᠣᠯᠠᠯ ᠶᠠᠪᠤᠭᠤᠯᠪᠠ᠃ ᠪᠦᠭᠦᠳᠡᠭᠡᠷ ᠢᠶᠠᠨ ᠪᠣᠰᠴᠤ ᠵᠣᠭᠰᠣᠨ ᠪᠦᠬᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠤᠯᠤᠰ ᠤᠨ ᠰᠦᠯᠳᠡ ᠳᠠᠭᠤᠤ ᠶᠢ ᠬᠥᠭᠵᠢᠮᠳᠡᠨ ᠳᠠᠭᠤᠯᠠᠵᠤ᠂ ᠤᠯᠤᠰ ᠤᠨ ᠰᠦᠯᠳᠡ ᠳᠠᠭᠤᠤ ᠶᠢ ᠳᠠᠭᠤᠯᠠᠵᠤ   ᠪᠠᠷᠠᠭᠰᠠᠨ ᠤ ᠲᠠᠷᠠᠭ᠎ᠠ ᠴᠠᠩ ᠫᠸᠢ ᠵᠦᠩ ᠳᠠᠭᠠᠭᠤᠯᠤᠨ ᠲᠠᠩᠭᠠᠷᠢᠭᠯᠠᠵᠤ᠂ ᠰᠢᠨ᠎ᠡ ᠪᠠᠷ ᠰᠣᠩᠭᠤᠭᠳᠠᠭᠰᠠᠨ ᠬᠥᠮᠦᠰ ᠪᠠᠷᠠᠭᠤᠨ ᠨᠢᠳᠤᠷᠭ᠎ᠠ ᠪᠠᠨ ᠵᠠᠩᠭᠢᠳᠤᠨ ᠡᠷᠭᠦᠵᠦ᠂ ᠲᠠᠩᠭᠠᠷᠢᠭ ᠤᠨ ᠦᠭᠡᠰ ᠢᠶᠠᠨ ᠤᠩᠰᠢᠪᠠ᠄ 《 ᠪᠢ ᠲᠠᠩᠭᠠᠷᠢᠭᠯᠠᠶ᠎ᠠ᠄ ᠪᠦᠬᠦᠳᠠ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨᠳᠦᠰᠦᠨ ᠬᠠᠤᠯᠢ ᠳᠤ ᠦᠨᠡᠨᠴᠢ ᠰᠢᠳᠤᠷᠭᠤ ᠪᠠᠶᠢᠵᠤ᠂ ᠦᠨᠳᠦᠰᠦᠨ ᠬᠠᠤᠯᠢ ᠶᠢᠨ ᠡᠷᠬᠡ ᠰᠦᠷ ᠢ ᠬᠠᠮᠠᠭᠠᠯᠠᠵᠤ᠂ ᠬᠠᠤᠯᠢ ᠪᠠᠷ ᠲᠣᠭᠲᠠᠭᠠᠭᠰᠠᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠵᠦ᠂ ᠡᠭᠡ ᠤᠯᠤᠰ ᠲᠠᠭᠠᠨ ᠦᠨᠡᠨᠴᠢ ᠰᠢᠳᠤᠷᠭᠤ᠂ ᠠᠷᠠᠳ ᠲᠦᠮᠡᠨ  ᠳᠡᠭᠡᠨ ᠦᠨᠡᠨᠴᠢ ᠰᠢᠳᠤᠷᠭᠤ ᠪᠠᠶᠢᠵᠤ᠂ ᠡᠭᠦᠷᠭᠡ ᠲᠤᠰᠢᠶᠠᠯ ᠢᠶᠠᠨ ᠬᠢᠴᠢᠶᠡᠩᠭᠦᠶᠢᠯᠡᠨ ᠭᠦᠢᠴᠡᠳᠬᠡᠵᠦ᠂ ᠠᠷᠢᠭᠤᠨ ᠴᠢᠬᠡᠴᠢ ᠪᠠᠷ ᠠᠯᠪᠠᠨ ᠳᠤ ᠵᠢᠳᠬᠦᠵᠦ᠂ ᠠᠷᠠᠳ ᠲᠦᠮᠡᠨ ᠤ ᠬᠢᠨᠠᠯᠲᠠ ᠶᠢ ᠬᠦᠯᠢᠶᠡᠵᠦ᠂ ᠪᠠᠶᠠᠨ ᠬᠦᠴᠦᠷᠬᠡᠭ ᠠᠷᠠᠳᠴᠢᠯᠠᠭᠰᠠᠨ ᠪᠣᠯᠪᠠᠰᠤᠨ ᠡᠶ᠎ᠡ ᠵᠣᠬᠢᠴᠠᠩᠭᠤᠢ ᠦᠵᠡᠰᠬᠦᠯᠡᠩᠲᠦ ᠰᠠᠶᠢᠬᠠᠨ ᠨᠡᠶᠢᠭᠡᠮ ᠵᠢᠷᠤᠮ ᠤᠨ ᠣᠳᠣᠬᠢᠴᠢᠯᠠᠭᠰᠠᠨ ᠬᠦᠴᠦᠷᠬᠡᠭ ᠤᠯᠤᠰ ᠢ ᠪᠦᠳᠦᠭᠡᠨ ᠪᠠᠶᠢᠭᠤᠯᠬᠤ ᠶᠢᠨ ᠲᠥᠯᠥᠭᠡ ᠴᠢᠷᠮᠠᠶᠢᠨ ᠲᠡᠮᠡᠴᠡᠨ᠎ᠡ︕》᠃      ᠲᠠᠷᠠᠭ᠎ᠠ ᠨᠢ᠂ ᠰᠢᠨ᠎ᠡ ᠪᠠᠷ ᠰᠣᠩᠭᠤᠭᠳᠠᠭᠰᠠᠨ ᠬᠤᠳᠠ ᠶᠢᠨ ᠳᠠᠷᠤᠭ᠎ᠠ ᠡᡁᠧ ᠬᠠᠢ ᠳ᠋ᠦᠩ ᠣᠪᠣᠷ ᠢᠶᠠᠨ ᠢᠯᠡᠳᠬᠡᠬᠦ ᠦᠭᠡ ᠬᠡᠯᠡᠪᠡ᠃ ᠲᠡᠷᠡ ᠬᠡᠯᠡᠬᠦ ᠳᠡᠭᠡᠨ᠂ ᠬᠤᠣᠰ ᠵᠠᠭᠤᠨ ᠵᠢᠯ ᠤᠨ ᠲᠡᠮᠡᠴᠡᠬᠦ ᠬᠠᠷᠠᠯᠲᠠ ᠶᠢᠨ ᠠᠭᠤᠯᠵᠠᠷ  ᠤᠨ ᠴᠢᠬᠤᠯᠠ ᠴᠠᠭ ᠮᠥᠴᠡ ᠳᠤ᠂ ᠪᠢ ᠠᠵᠠ ᠢᠶᠠᠷ ᠬᠤᠳᠠ ᠶᠢᠨ ᠳᠠᠷᠤᠭ᠎ᠠ ᠶᠢᠨ ︽ᠪᠤᠤᠬᠢᠶ᠎ᠠ  ︾ ᠶᠢ ᠲᠤᠰᠴᠤ  ᠠᠪᠤᠯ᠎ᠠ᠂ ᠡᠨᠡ ᠪᠣᠯ ᠨᠢᠭᠡ ᠬᠦᠨᠳᠦ ᠬᠠᠷᠢᠭᠤᠴᠠᠯᠭ᠎ᠠ ᠪᠣᠯᠬᠤ ᠶᠢ ᠭᠦᠨ ᠮᠡᠳᠡᠷᠡᠵᠦ ᠪᠠᠶᠢᠨ᠎ᠠ᠃ ᠪᠢ ᠵᠣᠬᠢᠶᠠᠨ ᠪᠠᠶᠢᠭᠤᠯᠤᠯᠲᠠ ᠪᠣᠯᠤᠨ ᠠᠷᠠᠳ ᠲᠦᠮᠡᠨ ᠤ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠬᠤᠲᠠ ᠶᠢᠨ ᠨᠠᠮ ᠤᠨ ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶᠠᠨ ᠤ ᠬᠢᠨᠠᠯᠲᠠ ᠳᠣᠣᠷ᠎ᠠ᠂ ᠬᠤᠲᠠ ᠶᠢᠨ ᠤᠯᠤᠰ ᠲᠦᠷᠦ ᠶᠢᠨ ᠵᠥᠪᠯᠡᠯᠭᠡᠨ ᠪᠣᠯᠤᠨ ᠨᠡᠶᠢᠭᠡᠮ ᠤᠨ ᠡᠯ᠎ᠡ ᠡᠲᠡᠭᠡᠳ ᠤᠨ ᠳᠡᠮᠵᠢᠯᠭᠡ ᠬᠠᠪᠰᠤᠷᠤᠯᠭ᠎ᠠ ᠳᠣᠣᠷ᠎ᠠ᠂ ᠴᠢᠳᠠᠯ ᠤᠨ ᠬᠢᠷᠢ ᠪᠠᠷ  ᠢᠶᠠᠨ ᠴᠢᠷᠮᠠᠶᠢᠵᠤ᠂ ᠪᠦᠬᠦ ᠬᠦᠴᠦᠨ ᠢᠶᠠᠷ ᠢᠶᠠᠨ ᠴᠢᠷᠮᠠᠶᠢᠵᠤ᠂ ᠵᠠᠰᠠᠭ ᠤᠨ ᠣᠷᠳᠣᠨ ᠤ ᠨᠢᠭᠡ ᠪᠠᠭ   ᠤᠨ ᠬᠥᠮᠦᠰ ᠢ ᠪᠦᠯᠬᠦᠮᠳᠡᠭᠦᠯᠦᠨ ᠳᠠᠭᠠᠭᠤᠯᠵᠤ ᠲᠤᠰᠢᠶᠠᠯ ᠬᠠᠷᠢᠭᠤᠴᠠᠯᠭ᠎ᠠ ᠪᠠᠨ ᠴᠢᠷᠮᠠᠶᠢᠨ ᠭᠦᠢᠴᠡᠳᠬᠡᠵᠦ᠂ ᠪᠣᠳᠠᠲᠠᠢ ᠠᠵᠢᠯᠯᠠᠨ ᠬᠠᠷᠢᠭᠤᠴᠠᠯᠭ᠎ᠠ ᠡᠭᠦᠷᠭᠡᠯᠡᠵᠦ᠂ ᠨᠢᠭᠡ ᠰᠡᠳᠬᠢᠯ ᠢᠶᠠᠷ ᠨᠠᠮ ᠳᠠᠭᠠᠨ ᠦᠨᠡᠨᠴᠢ ᠰᠢᠳᠤᠷᠭᠤ ᠪᠠᠶᠢᠵᠤ᠂ ᠨᠢᠭᠡ ᠰᠡᠳᠬᠢᠯ ᠨᠢᠭᠡ ᠵᠣᠷᠢᠭ ᠢᠶᠠᠷ ᠨᠠᠶᠢᠳᠠᠪᠤᠷᠢᠵᠢᠭᠤᠯᠤᠯᠲᠠ ᠶᠢ ᠠᠳᠬᠤᠵᠤ᠂ ᠴᠤᠴᠠᠯᠲᠠ ᠦᠭᠡᠢ ᠤᠷᠤᠭᠰᠢᠯᠠᠨ ᠵᠣᠷᠢᠭᠲᠠᠢ ᠪᠠᠷ ᠡᠭᠦᠷᠭᠡᠯᠡᠵᠦ᠂ ᠨᠢᠭᠡ ᠰᠡᠳᠬᠢᠯ ᠨᠢᠭᠡ ᠵᠣᠷᠢᠭ ᠢᠶᠠᠷ ᠠᠷᠠᠳ ᠤᠨ ᠠᠮᠢᠳᠤᠷᠠᠯ ᠳᠤ ᠠᠰᠢᠭ ᠬᠦᠷᠲᠡᠭᠡᠵᠦ᠂ ᠢᠮᠠᠭᠲᠠ ᠴᠢᠩᠭ᠎ᠠ ᠬᠠᠤᠯᠢ ᠪᠠᠷ ᠵᠠᠰᠠᠵᠤ᠂ ᠬᠤᠷᠢᠭ᠎ᠠ ᠱᠤᠭᠤᠮ ᠢ ᠪᠠᠲᠤ ᠰᠠᠬᠢᠵᠤ᠂  ᠲᠥᠪ ᠬᠤᠲᠠ ᠶᠢᠨ ᠴᠢᠨᠠᠷ ᠰᠠᠶᠢᠲᠠᠢ ᠬᠥᠭᠵᠢᠯᠲᠡ ᠶᠢᠨ ᠴᠠᠭ ᠦᠶ᠎ᠡ ᠶᠢᠨ ᠬᠠᠷᠢᠭᠤᠯᠲᠠ ᠶᠢᠨ ᠬᠠᠭᠤᠳᠠᠰᠤ ᠶᠢ ᠴᠢᠷᠮᠠᠶᠢᠨ ᠪᠢᠴᠢᠭᠯᠡᠨ᠎ᠡ ᠭᠡᠵᠡᠢ᠃      ᠬᠦᠬᠡᠬᠤᠲᠠ ᠶᠢᠨ ᠡᠳᠦᠷ ᠤᠨ ᠰᠣᠨᠢᠨ ᠤ ᠰᠣᠷᠪᠤᠯᠵᠢᠯᠠᠭᠴᠢ ᠹᠧᠩ ᠶᠠᠨ ᠫᠢᠩ ᠯᠢ ᠬᠠᠢ ᠵᠧᠨ ᠯᠢᠦ ᠴᠢᠩ ᠢᠥᠢ ᠬᠦᠬᠡᠬᠤᠲᠠ ᠶᠢᠨ ᠰᠣᠨᠢᠨ ᠮᠡᠳᠡᠭᠡᠨ ᠤ ᠰᠦᠯᠵᠢᠶ᠎ᠡ ᠶᠢᠨ ᠰᠣᠷᠪᠤᠯᠵᠢᠯᠠᠭᠴᠢ ᠭᠤᠤ ᠶᠢᠨ ᠯᠢᠩ  ᠬᠠ ᠲᠤ
 
ᠢᠷᠡᠯᠲᠡ᠄ ᠬᠦᠬᠡᠬᠤᠲᠠ ᠶᠢᠨ ᠰᠣᠨᠢᠨ ᠮᠡᠳᠡᠭᠡᠨ ᠤ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号