| | ᠸᠠᠩ ᠯᠢ ᠰᠢᠶᠠ ᠾᠧ ᠬᠠᠢ ᠳ᠋ᠦᠩ ᠶᠦᠨ ᠵᠢᠶᠠᠨ ᠳ᠋ᠦᠩ ᠰᠦᠨ ᠵᠢᠶᠠᠨ ᠬᠤᠸᠠ ᠪᠠᠢ ᠶᠦᠩ ᠫᠢᠩ ᠨᠡᠷ | ᠤᠷᠤᠯᠴᠠᠪᠠ | ᠴᠠᠩ ᠫᠸᠢ ᠵᠥᠩ ᠬᠤᠷᠠᠯ ᠡᠷᠭᠢᠯᠡᠵᠦ ᠶᠠᠷᠢᠶ᠎ᠠ ᠲᠠᠯᠪᠢᠪᠠ | 2 ᠳ᠋ᠤᠭᠠᠷ ᠰᠠᠷ᠎ᠠ ᠶᠢᠨ 25 ᠤ ᠡᠳᠦᠷ ᠤᠨ ᠦᠳᠡ ᠶᠢᠨ ᠬᠤᠶᠢᠨ᠎ᠠ᠂ 4 ᠡᠳᠦᠷ ᠶᠠᠪᠤᠭᠳᠠᠭᠰᠠᠨ | ᠬᠥᠬᠡᠬᠤᠲᠠ ᠶᠢᠨ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠳᠥᠷᠪᠡᠳᠦᠭᠡᠷ ᠬᠤᠷᠠᠯ ᠡᠯ᠎ᠡ ᠵᠥᠪᠯᠡᠬᠦ ᠵᠦᠶᠯ ᠢᠶᠠᠨ ᠳᠠᠭᠤᠰᠬᠠᠭᠠᠳ ᠥᠪᠥᠷ ᠮᠣᠩᠭᠤᠯ ᠤᠨ ᠠᠷᠠᠳ ᠤᠨ ᠬᠤᠷᠠᠯ ᠤᠨ | ᠲᠠᠩᠬᠢᠮ ᠳᠤ ᠠᠮᠵᠢᠯᠲᠠ ᠲᠠᠢ ᠦᠨᠳᠦᠷᠯᠡᠪᠡ᠃ | ᠲᠡᠭᠦᠰᠬᠦ ᠶᠡᠭᠡ ᠬᠤᠷᠠᠯ ᠳᠤ ᠣᠷᠣᠯᠴᠠᠬᠤ ᠶᠣᠰᠣᠲᠠᠶ ᠲᠥᠯᠥᠭᠡᠯᠡᠭᠴᠢ 334 ᠬᠥᠮᠦᠨ᠂ ᠪᠣᠳᠠᠲᠠᠶ | ᠣᠷᠣᠯᠴᠠᠭᠰᠠᠨ ᠲᠥᠯᠥᠭᠡᠯᠡᠭᠴᠢ 307 ᠬᠥᠮᠦᠨ ᠪᠠᠶᠢᠵᠤ᠂ ᠬᠠᠤᠯᠢ ᠳᠤ ᠲᠣᠭᠲᠠᠭᠠᠭᠰᠠᠨ ᠬᠥᠮᠦᠨ ᠤ ᠲᠤᠭ᠎ᠠ ᠳᠤ | ᠨᠡᠶᠢᠴᠡᠵᠡᠢ᠃ | ᠶᠡᠭᠡ ᠬᠤᠷᠠᠯ ᠤᠨ ᠲᠡᠷᠢᠭᠦᠯᠡᠭᠴᠢᠳ ᠤᠨ ᠪᠦᠯᠬᠦᠮ ᠤᠨ ᠪᠠᠶᠢᠩᠭᠤ ᠶᠢᠨ ᠲᠡᠷᠢᠭᠦᠯᠡᠭᠴᠢ᠂ ᠬᠦᠢᠴᠡᠳᠭᠡᠭᠴᠢ | ᠲᠡᠷᠢᠭᠦᠯᠡᠭᠴᠢ ᠴᠠᠩ ᠫᠸᠢ ᠵᠥᠩ ᠶᠡᠭᠡ ᠬᠤᠷᠠᠯ ᠢ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃ | ᠲᠤᠰ ᠤᠳᠠᠭ᠎ᠠ ᠶᠢᠨ ᠶᠡᠭᠡ ᠬᠤᠷᠠᠯ ᠤᠨ ᠭᠦᠢᠴᠡᠳᠬᠡᠭᠴᠢ ᠲᠡᠷᠢᠭᠦᠯᠡᠭᠴᠢ ᠸᠠᠩ ᠯᠢ ᠰᠢᠶᠠ᠂ ᠶᠦᠨ ᠵᠢᠶᠠᠨ | ᠳ᠋ᠦᠩ᠂ ᠴᠠᠩ ᠫᠸᠢ ᠵᠦᠩ᠂ ᠰᠡᠴᠡᠨᠪᠢᠯᠢᠭ᠂ ᠯᠠᠨ ᠹᠧᠩ᠂ ᠮᠠ ᠬᠤᠢ ᠵᠢᠶᠦ᠋ᠨ᠂ ᠭᠦᠸᠧ ᡁᠢ ᠭᠠᠩ᠂ ᠶᠢᠨ ᠴᠦᠨ | ᠯᠢᠶᠠᠩ᠂ ᠵᠠᠩ ᠬᠤᠩ ᠰᠢᠶᠠ᠂ ᠵᠠᠩ ᠰᠢᠶᠤᠤ ᠹᠠᠨ ᠲᠡᠷᠢᠭᠦᠯᠡᠭᠴᠢ ᠶᠢᠨ ᠲᠠᠶᠢᠰᠠᠨ ᠤ ᠡᠮᠦᠨ᠎ᠡ ᠮᠥᠷ ᠲᠤ ᠰᠠᠭᠠᠲᠠᠪᠠ᠃ | | ᠬᠤᠲᠠ ᠶᠢᠨ ᠤᠳᠤᠷᠢᠳᠤᠯᠭ᠎ᠠ ᠾᠧ ᠬᠠᠢ ᠳ᠋ᠦᠩ᠂ ᠰᠦᠨ ᠵᠢᠶᠠᠨ ᠬᠤᠸᠠ᠂ ᠪᠠᠢ ᠶᠦᠩ ᠫᠢᠩ ᠨᠡᠷ ᠬᠤᠷᠠᠯ | ᠳᠤ ᠣᠷᠣᠯᠴᠠᠭᠰᠠᠨ ᠪᠥᠭᠡᠳ ᠲᠡᠷᠢᠭᠦᠯᠡᠭᠴᠢᠳ ᠤᠨ ᠲᠠᠶᠢᠰᠠᠨ ᠳᠤ ᠰᠠᠭᠠᠲᠠᠵᠠᠢ᠃ | ᠬᠤᠷᠠᠯ ᠠᠴᠠ ᠬᠥᠬᠡᠬᠤᠲᠠ ᠶᠢᠨ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠳᠥᠷᠪᠡᠳᠦᠭᠡᠷ ᠬᠤᠷᠠᠯ ᠤᠨ ᠵᠠᠰᠠᠭ ᠤᠨ ᠣᠷᠳᠣᠨ ᠤ ᠠᠵᠢᠯ ᠤᠨ ᠢᠯᠡᠳᠬᠡᠯ ᠤᠨ ᠲᠤᠬᠠᠢ | ᠰᠢᠢᠳᠪᠦᠷᠢ᠂ ᠬᠥᠬᠡᠬᠤᠲᠠ ᠶᠢᠨ ᠤᠯᠤᠰ ᠠᠷᠠᠳ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠠᠷᠪᠠᠨ | ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠪᠠ 2035 ᠣᠨ ᠤ ᠠᠯᠤᠰ ᠤᠨ ᠬᠠᠷᠠᠯᠲᠠ ᠶᠢᠨ ᠬᠥᠲᠥᠯᠪᠦᠷᠢ | ᠶᠢᠨ ᠲᠤᠬᠠᠶ ᠰᠢᠶᠳᠪᠦᠷᠢ᠂ ᠬᠥᠬᠡᠬᠤᠲᠠ ᠶᠢᠨ 2020 ᠣᠨ ᠤ ᠤᠯᠤᠰ ᠠᠷᠠᠳ ᠤᠨ ᠠᠵᠤ ᠠᠬᠤᠶ ᠪᠠ ᠨᠡᠶᠢᠭᠡᠮ | ᠤᠨ ᠬᠥᠭᠵᠢᠯᠲᠡ ᠶᠢᠨ ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠬᠢᠭᠡᠳ 2021 ᠣᠨ ᠤ ᠤᠯᠤᠰ ᠠᠷᠠᠳ ᠤᠨ | ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠯᠥᠪᠯᠡᠭᠡ ᠶᠢᠨ ᠲᠤᠬᠠᠶ ᠰᠢᠶᠳᠪᠦᠷᠢ᠂ ᠬᠥᠬᠡᠬᠤᠲᠠ ᠶᠢᠨ | 2020 ᠣᠨ ᠤ ᠲᠥᠰᠦᠪ ᠢ ᠭᠦᠢᠴᠡᠳᠬᠡᠭᠰᠡᠨ ᠪᠠᠶᠢᠳᠠᠯ ᠬᠢᠭᠡᠳ 2021 ᠣᠨ ᠤ ᠲᠥᠰᠦᠪ ᠤᠨ ᠲᠤᠬᠠᠢ | ᠰᠢᠢᠳᠪᠦᠷᠢ᠂ ᠬᠥᠬᠡᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ | ᠤ ᠠᠵᠢᠯ ᠤᠨ ᠮᠡᠳᠡᠭᠦᠯᠦᠯᠲᠡ ᠶᠢᠨ ᠲᠤᠬᠠᠶ ᠰᠢᠶᠳᠪᠦᠷᠢ᠂ ᠬᠥᠬᠡᠬᠤᠲᠠ ᠶᠢᠨ ᠠᠷᠠᠳ ᠤᠨ ᠳᠤᠮᠳᠠ ᠵᠡᠷᠭᠡ ᠶᠢᠨ | ᠰᠢᠭᠦᠬᠦ ᠬᠤᠷᠢᠶᠠᠨ ᠤ ᠠᠵᠢᠯ ᠤᠨ ᠮᠡᠳᠡᠭᠦᠯᠦᠯᠲᠡ ᠶᠢᠨ ᠲᠤᠬᠠᠶ ᠰᠢᠶᠳᠪᠦᠷᠢ᠂ ᠬᠥᠬᠡᠬᠤᠲᠠ ᠶᠢᠨ ᠠᠷᠠᠳ ᠤᠨ | ᠪᠠᠶᠢᠴᠠᠭᠠᠬᠤ ᠬᠤᠷᠢᠶᠠᠨ ᠤ ᠠᠵᠢᠯ ᠤᠨ ᠮᠡᠳᠡᠭᠦᠯᠦᠯᠲᠡ ᠶᠢᠨ ᠲᠤᠬᠠᠶ ᠰᠢᠶᠳᠪᠦᠷᠢ᠂ ︽ ᠬᠤᠳᠠᠯᠳᠤᠭ᠎ᠠ ᠡᠷᠬᠢᠯᠡᠬᠦ | ᠣᠷᠴᠢᠨ ᠨᠥᠬᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠬᠦ ᠲᠤᠬᠠᠶ ᠬᠥᠬᠡᠬᠤᠲᠠ ᠶᠢᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠣᠭᠲᠠᠭᠠᠯ ︾ ᠢ ᠪᠠᠲᠤᠯᠠᠪᠠ᠃ | | | | | | ᠶᠡᠭᠡ ᠬᠤᠷᠠᠯ ᠡᠯ᠎ᠡ ᠵᠥᠪᠯᠡᠬᠦ ᠵᠦᠢᠯ ᠢᠶᠠᠨ ᠳᠠᠭᠤᠰᠬᠠᠭᠰᠠᠨ ᠤ ᠲᠠᠷᠠᠭ᠎ᠠ᠂ ᠴᠠᠩ ᠫᠸᠢ ᠵᠦᠩ ᠲᠡᠭᠦᠰᠬᠦ | ᠶᠠᠷᠢᠶ᠎ᠠ ᠲᠠᠯᠪᠢᠪᠠ᠃ ᠲᠡᠷᠡ ᠬᠡᠯᠡᠬᠦ ᠳᠡᠭᠡᠨ᠂ ᠬᠤᠷᠠᠯ ᠤᠨ ᠬᠤᠭᠤᠴᠠᠭᠠᠨ ᠳᠤ᠂ ᠲᠥᠯᠥᠭᠡᠯᠡᠭᠴᠢᠳ ᠠᠷᠠᠳ ᠲᠦᠮᠡᠨ | ᠤ ᠬᠦᠨᠳᠦ ᠨᠠᠶᠢᠳᠠᠯᠭ᠎ᠠ ᠶᠢ ᠬᠥᠰᠡᠷᠳᠡᠭᠦᠯᠦᠯ ᠥᠬᠡᠶ ᠪᠠᠷ ᠡᠭᠦᠷᠭᠡ ᠬᠠᠷᠢᠭᠤᠴᠠᠯᠭ᠎ᠠ ᠪᠠᠨ ᠦᠨᠡᠨᠴᠢ ᠪᠠᠷ | ᠭᠦᠶᠴᠡᠳᠬᠡᠵᠦ᠂ ᠬᠥᠭᠵᠢᠯᠲᠡ ᠶᠢᠨ ᠶᠡᠭᠡ ᠪᠣᠳᠣᠯᠭ᠎ᠠ ᠶᠢ ᠬᠠᠮᠲᠤ ᠪᠠᠷ ᠰᠦᠪᠡᠭᠴᠢᠯᠡᠵᠦ᠂ ᠬᠤᠲᠠ ᠶᠢᠨ ᠵᠠᠰᠠᠭ ᠤᠨ | ᠣᠷᠳᠣᠨ ᠤ ᠠᠵᠢᠯ ᠤᠨ ᠢᠯᠡᠳᠬᠡᠯ ᠪᠠ ᠪᠤᠰᠤᠳ ᠡᠯ᠎ᠡ ᠵᠦᠶᠯ ᠤᠨ ᠮᠡᠳᠡᠭᠦᠯᠦᠯᠲᠡ ᠶᠢ ᠬᠢᠨᠠᠨ ᠵᠥᠪᠯᠡᠵᠦ ᠪᠠᠲᠤᠯᠠᠨ᠂ | ᠮᠠᠨ ᠤ ᠬᠤᠲᠠ ᠶᠢᠨ ︽ᠠᠷᠪᠠᠨ ᠳᠥᠷᠪᠡᠳᠦᠭᠡᠷ ᠲᠠᠪᠤᠨ ᠵᠢᠯ ︾ ᠤᠨ ᠲᠥᠯᠥᠪᠵᠢᠭᠦᠯᠭᠡ ᠪᠠ ᠠᠯᠤᠰ ᠤᠨ | ᠬᠠᠷᠠᠯᠲᠠ ᠶᠢᠨ ᠬᠥᠲᠥᠯᠪᠦᠷᠢ ᠶᠢ ᠬᠢᠨᠠᠨ ᠪᠠᠶᠢᠴᠠᠭᠠᠵᠤ ᠵᠥᠪᠰᠢᠶᠡᠷᠡᠨ᠂ ᠰᠣᠩᠭᠤᠭᠤᠯᠢ ᠶᠢᠨ ᠡᠭᠦᠷᠭᠡ ᠪᠠᠨ ᠬᠠᠤᠯᠢ | ᠶᠣᠰᠣᠭᠠᠷ ᠪᠡᠶᠡᠯᠡᠭᠦᠯᠪᠡ᠃ ᠬᠤᠷᠠᠯ ᠮᠠᠰᠢ ᠠᠮᠵᠢᠯᠲᠠ ᠲᠠᠢ ᠶᠠᠪᠤᠭᠳᠠᠵᠤ᠂ ᠲᠤᠭ ᠢᠶᠠᠨ ᠥᠨᠳᠥᠷ ᠮᠠᠨᠳᠤᠭᠤᠯᠤᠭᠰᠠᠨ᠂ | ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠭᠰᠠᠨ᠂ ᠦᠨᠡᠨ ᠢ ᠪᠠᠷᠢᠮᠲᠠᠯᠠᠨ ᠪᠣᠳᠠᠲᠠᠢ ᠶᠢ ᠡᠷᠬᠢᠮᠯᠡᠭᠰᠡᠨ᠂ | ᠬᠥᠮᠦᠰ ᠢ ᠤᠷᠮᠠᠰᠢᠭᠤᠯᠤᠨ ᠵᠣᠷᠢᠭᠵᠢᠭᠤᠯᠤᠭᠰᠠᠨ ᠶᠡᠭᠡ ᠬᠤᠷᠠᠯ ᠪᠣᠯᠵᠠᠢ ᠭᠡᠪᠡ᠃ | ᠴᠠᠩ ᠫᠸᠢ ᠵᠦᠩ ᠬᠡᠯᠡᠬᠦ ᠳᠡᠭᠡᠨ᠂ ᠲᠤᠰ ᠤᠳᠠᠭ᠎ᠠ ᠶᠢᠨ ᠬᠤᠷᠠᠯ ᠳᠤ᠂ ᠶᠡᠭᠡ ᠬᠤᠷᠠᠯ ᠤᠨ ᠲᠡᠷᠢᠭᠦᠯᠡᠭᠴᠢᠳ | ᠤᠨ ᠪᠦᠯᠬᠦᠮ ᠢᠶᠠᠷ ᠲᠠᠮᠵᠢᠨ ᠲᠣᠭᠲᠠᠭᠠᠭᠰᠠᠨ ᠰᠠᠨᠠᠯ ᠳᠤᠷᠠᠳᠤᠯᠭ᠎ᠠ 4 ᠬᠤᠪᠢ ᠪᠠᠶᠢᠵᠤ᠂ ᠶᠡᠭᠡ ᠬᠤᠷᠠᠯ ᠲᠡᠭᠦᠰᠬᠦ | ᠪᠣᠯᠲᠠᠯ᠎ᠠ᠂ ᠲᠥᠯᠥᠭᠡᠯᠡᠭᠴᠢᠳ ᠤᠨ ᠰᠠᠨᠠᠭᠤᠯᠭ᠎ᠠ᠂ ᠰᠢᠭᠦᠮᠵᠢᠯᠡᠯ ᠪᠠ ᠰᠠᠨᠠᠯ ᠢ 354 ᠬᠤᠪᠢ ᠬᠤᠷᠢᠶᠠᠵᠠᠢ᠃ ᠪᠦᠬᠦ | ᠬᠤᠲᠠ ᠶᠢᠨ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢ ᠶᠢᠨ ᠳᠤᠷᠠᠳᠤᠭᠰᠠᠨ ᠰᠠᠨᠠᠯ ᠵᠥᠪᠯᠡᠯᠭᠡ᠂ ᠰᠠᠨᠠᠭᠤᠯᠭ᠎ᠠ᠂ ᠰᠢᠭᠦᠮᠵᠢᠯᠡᠯ ᠪᠠ ᠰᠠᠨᠠᠯ ᠢ ᠳᠡᠭᠡᠳᠦ ᠬᠡᠮᠵᠢᠶ᠎ᠡ | ᠪᠠᠷ ᠴᠢᠬᠤᠯᠠᠴᠢᠯᠠᠵᠤ᠂ ᠰᠢᠢᠳᠪᠦᠷᠢᠯᠡᠭᠰᠡᠨ ᠦᠷ᠎ᠡ ᠪᠦᠲᠦᠮᠵᠢ ᠶᠢ ᠦᠨᠡᠯᠡᠬᠦ ᠰᠢᠰᠲ᠋ᠧᠮ ᠢ ᠤᠯᠠᠮ ᠨᠢᠭᠡ ᠠᠯᠬᠤᠮ | ᠲᠡᠭᠦᠯᠳᠡᠷᠵᠢᠭᠦᠯᠵᠦ᠂ ᠰᠢᠢᠳᠪᠦᠷᠢᠯᠡᠬᠦ ᠶᠠᠰᠤ ᠴᠢᠨᠠᠷ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠲᠥᠯᠥᠭᠡᠯᠡᠭᠴᠢᠳ | ᠢ ᠬᠠᠨᠤᠮᠵᠢᠲᠠᠢ ᠪᠠᠶᠢᠯᠭᠠᠵᠤ᠂ ᠣᠯᠠᠨ ᠲᠦᠮᠡᠨ ᠳᠤ ᠠᠰᠢᠭ ᠡᠳ᠋ᠯᠡᠭᠦᠯᠬᠦ ᠬᠡᠷᠡᠭᠲᠡᠢ ᠭᠡᠵᠡᠢ᠃ | ᠴᠠᠩ ᠫᠸᠢ ᠵᠦᠩ ᠬᠡᠯᠡᠬᠦ ᠳᠡᠭᠡᠨ᠂ ᠬᠤᠷᠠᠯ ᠠᠴᠠ ᠾᠧ ᠬᠠᠢ ᠳ᠋ᠦᠩ ᠨᠥᠬᠦᠷ ᠢ ᠬᠤᠲᠠ ᠶᠢᠨ ᠠᠷᠠᠳ ᠤᠨ | ᠵᠠᠰᠠᠭ ᠤᠨ ᠣᠷᠳᠣᠨ ᠤ ᠬᠤᠲᠠ ᠶᠢᠨ ᠳᠠᠷᠤᠭ᠎ᠠ ᠪᠠᠷ᠂ ᠨᠠᠮ᠎ᠠ ᠶᠢ ᠬᠤᠲᠠ ᠶᠢᠨ ᠠᠷᠠᠳ ᠤᠨ ᠲᠥᠯᠥᠭᠡᠯᠡᠭᠴᠢᠳ ᠤᠨ | ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠪᠠᠷ᠂ ᠶᠢᠨ ᠴᠦᠨ ᠯᠢᠶᠠᠩ ᠨᠥᠬᠦᠷ ᠢ ᠬᠤᠲᠠ ᠶᠢᠨ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠪᠠᠷ | ᠰᠣᠩᠭᠤᠪᠠ᠂ ᠡᠨᠡ ᠪᠣᠯ ᠦᠷᠭᠡᠨ ᠤᠯᠠᠨ ᠲᠥᠯᠥᠭᠡᠯᠡᠭᠴᠢᠳ ᠪᠣᠯᠤᠨ ᠲᠥᠪ ᠬᠤᠲᠠ ᠶᠢᠨ ᠦᠨᠳᠦᠰᠦᠲᠡᠨ ᠨᠦᠭᠦᠳ | ᠤᠨ ᠠᠷᠠᠳ ᠲᠦᠮᠡᠨ ᠤ ᠪᠢᠳᠡᠨ ᠳᠤ ᠲᠠᠯᠪᠢᠭᠰᠠᠨ ᠢᠲᠡᠭᠡᠯ ᠨᠠᠶᠢᠳᠠᠯᠭ᠎ᠠ ᠪᠣᠯᠤᠨ᠎ᠠ᠃ ᠪᠢᠳᠡ ᠯᠠᠪᠳᠠᠢ ᠶᠡᠷᠦᠩᠬᠡᠶ | ᠱᠦᠵᠢ ᠰᠢ ᠶᠢᠨ ᠫᠢᠩ ᠤᠨ ᠴᠢᠬᠤᠯᠠ ᠨᠠᠶᠢᠳᠠᠯᠭ᠎ᠠ ᠶᠢ ᠪᠠᠲᠤ ᠴᠡᠭᠡᠵᠢᠯᠡᠨ᠂ ᠤᠯᠤᠰ ᠲᠥᠷᠥ ᠶᠢᠨ ᠮᠠᠭᠠᠳᠯᠠᠬᠤ | ᠴᠢᠳᠠᠪᠤᠷᠢ᠂ ᠤᠯᠤᠰ ᠲᠥᠷᠥ ᠶᠢᠨ ᠣᠶᠢᠯᠠᠭᠠᠵᠤ ᠮᠡᠳᠡᠬᠦ ᠴᠢᠳᠠᠪᠤᠷᠢ᠂ ᠤᠯᠤᠰ ᠲᠦᠷᠦ ᠶᠢᠨ ᠬᠡᠷᠡᠭᠵᠢᠬᠦᠯᠬᠦ ᠬᠦᠴᠦᠨ | ᠢᠶᠠᠨ ᠤᠯᠠᠮ ᠨᠢᠭᠡ ᠠᠯᠬᠤᠮ ᠨᠡᠮᠡᠭᠳᠡᠭᠦᠯᠦᠨ᠂ ︽ᠳᠥᠷᠪᠡᠨ ᠤᠬᠠᠮᠰᠠᠷ ︾ ᠢᠶᠠᠨ ᠴᠢᠩᠭᠠᠳᠬᠠᠵᠤ᠂ ︽ᠳᠥᠷᠪᠡᠨ | ᠢᠲᠡᠭᠡᠯ ︾ ᠢ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠦᠨ᠂ ᠦᠨᠳᠦᠰᠦᠨ ᠬᠠᠤᠯᠢ ᠪᠠ | ᠬᠠᠤᠯᠢ ᠴᠠᠭᠠᠵᠠ ᠠᠴᠠ ᠣᠯᠭᠤᠭᠰᠠᠨ ᠳᠠᠷᠬᠠᠨ ᠡᠭᠦᠷᠭᠡ ᠬᠠᠷᠢᠭᠤᠴᠠᠯᠭ᠎ᠠ ᠪᠠᠨ ᠦᠨᠡᠨᠴᠢ ᠪᠠᠷ ᠭᠦᠢᠴᠡᠳᠭᠡᠵᠦ᠂ | ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠶᠠᠷᠢᠶ᠎ᠠ ᠴᠢᠬᠤᠯᠠ ᠵᠢᠭᠠᠪᠤᠷᠢ | ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠡᠷᠡᠰ ᠭᠤᠶᠢᠪᠢᠰᠢ ᠦᠭᠡᠢ ᠲᠤᠭᠤᠰᠢᠯᠠᠭᠤᠯᠤᠨ᠂ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠂ ᠬᠤᠲᠠ ᠶᠢᠨ ᠨᠠᠮ ᠤᠨ ᠬᠤᠷᠢᠶᠠᠨ ᠤ ᠰᠢᠶᠳᠪᠦᠷᠢᠲᠦ ᠪᠣᠳᠣᠯᠭ᠎ᠠ | ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠤᠨ᠂᠂ ᠠᠵᠢᠯ ᠢᠶᠠᠨ ᠯᠠᠪᠳᠠᠭᠤᠨ ᠪᠠᠲᠤᠲᠠᠶ ᠥᠷᠨᠢᠬᠦᠯᠵᠦ | ᠂᠂ ᠤᠬᠠᠮᠰᠠᠷ ᠠᠴᠠ ᠪᠠᠨ ᠬᠢᠨᠠᠯᠲᠠ ᠶᠢ ᠬᠦᠯᠢᠶᠡᠵᠦ᠂ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠲᠥᠪ | ᠬᠤᠲᠠ ᠶᠢᠨ ᠠᠷᠠᠳ ᠲᠦᠮᠡᠨ ᠳᠤ ᠦᠢᠯᠡᠴᠢᠯᠡᠵᠦ᠂ ᠲᠥᠪ ᠬᠤᠲᠠ ᠶᠢᠨ ᠬᠥᠭᠵᠢᠯᠲᠡ ᠳᠤ ᠦᠢᠯᠡᠴᠢᠯᠡᠨ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠬᠤᠲᠠ ᠶᠢᠨ ᠨᠠᠮ ᠤᠨ ᠬᠤᠷᠢᠶᠠᠨ ᠤ ᠬᠦᠨᠳᠦ ᠨᠠᠶᠢᠳᠠᠯᠭ᠎ᠠ | ᠶᠢ ᠶᠠᠭᠠᠬᠢᠭᠰᠠᠨ ᠴᠤ ᠬᠥᠰᠡᠷᠳᠡᠭᠦᠯᠬᠦ ᠦᠭᠡᠢ᠂ ᠲᠥᠪ ᠬᠤᠲᠠ ᠶᠢᠨ ᠦᠨᠳᠦᠰᠦᠲᠡᠨ ᠨᠦᠭᠦᠳ ᠤᠨ ᠠᠷᠠᠳ ᠲᠦᠮᠡᠨ | ᠤ ᠴᠢᠩ ᠰᠡᠳᠬᠢᠯ ᠤᠨ ᠬᠦᠰᠡᠯ ᠨᠠᠶᠢᠳᠠᠯᠭ᠎ᠠ ᠶᠢ ᠶᠠᠭᠠᠬᠢᠭᠰᠠᠨ ᠴᠤ ᠬᠥᠰᠡᠷᠳᠡᠭᠦᠯᠬᠦ ᠦᠭᠡᠢ ᠭᠡᠵᠡᠢ᠃ | | ᠴᠠᠩ ᠫᠸᠢ ᠵᠦᠩ ᠵᠢᠭᠠᠬᠤ ᠳᠠᠭᠠᠨ᠂ ᠰᠠᠶ᠋ᠢᠬᠠᠨ ᠥᠩᠭᠡᠷᠡᠭᠰᠡᠨ ᠨᠢᠭᠡ ᠵᠢᠯ ᠬᠦᠴᠢᠷ ᠪᠡᠷᠬᠡᠰᠢᠶᠡᠯ ᠢᠶᠠᠷ | ᠳᠦᠭᠦᠷᠴᠦ᠂ ᠲᠤᠶᠢᠯ ᠤᠨ ᠶᠡᠷᠦ ᠪᠤᠰᠤ ᠶᠢᠨ ᠶᠤᠮ᠃ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ | ᠨᠠᠮ ᠤᠨ ᠬᠤᠷᠢᠶ᠎ᠠ ᠪᠠ ᠬᠤᠲᠠ ᠶᠢᠨ ᠨᠠᠮ ᠤᠨ ᠬᠤᠷᠢᠶᠠᠨ ᠤ ᠵᠥᠪ ᠣᠨᠣᠪᠴᠢᠲᠠᠢ ᠤᠳᠤᠷᠢᠳᠤᠯᠭ᠎ᠠ ᠳᠣᠣᠷ᠎ᠠ᠂ ᠪᠢᠳᠡ | ᠨᠠᠮ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠳᠠᠬᠢ ᠤᠳᠤᠷᠢᠳᠤᠯᠭ᠎ᠠ ᠶᠢ ᠢᠮᠠᠭᠲᠠ | ᠪᠠᠷᠢᠮᠲᠠᠯᠠᠵᠤ᠂ ᠸᠠᠩ ᠯᠢ ᠰᠢᠶᠠ ᠱᠦᠵᠢ ᠶᠢᠨ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠪᠠᠶᠢᠩᠭᠤ ᠶᠢᠨ ᠬᠤᠷᠢᠶ᠎ᠠ ᠪᠠ ︽ᠨᠢᠭᠡ ᠵᠠᠰᠠᠭ ᠤᠨ ᠣᠷᠳᠣᠨ ᠨᠢᠭᠡ ᠵᠥᠪᠯᠡᠯ ᠬᠤᠶᠠᠷ ᠬᠤᠷᠢᠶ᠎ᠠ︾ ᠶᠢᠨ | ᠤᠳᠤᠷᠢᠳᠤᠯᠭ᠎ᠠ ᠶᠢᠨ ᠬᠠᠮᠲᠤᠷᠠᠭᠰᠠᠨ ᠬᠤᠷᠠᠯ ᠳᠤ ᠣᠷᠣᠯᠴᠠᠭᠰᠠᠨ ᠬᠤᠯᠪᠣᠭᠳᠠᠯ ᠪᠦᠬᠦᠢ ᠵᠢᠭᠠᠪᠤᠷᠢ ᠱᠠᠭᠠᠷᠳᠠᠯᠭ᠎ᠠ ᠶᠢ | ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠪᠦᠬᠦ ᠬᠤᠲᠠ ᠶᠢᠨ ᠲᠡᠭᠡᠷ᠎ᠡ ᠲᠤᠤᠷ᠎ᠠ ᠱᠠᠳᠤ ᠬᠦᠴᠢᠷ ᠢ ᠰᠥᠷᠥᠨ | ᠤᠷᠤᠭᠰᠢᠯᠠᠵᠤ᠂ ᠬᠠᠷᠰᠢ ᠰᠠᠭᠠᠳ ᠢ ᠢᠯᠠᠨ ᠳᠠᠪᠠᠵᠤ᠂ ᠪᠣᠭᠤᠮᠲᠠ ᠰᠢᠪᠲᠤᠯᠬᠤ ᠬᠠᠲᠠᠭᠤ ᠲᠠᠶᠢᠯᠠᠯᠳᠤᠭᠠᠨ ᠤᠳ | ᠤᠨ ᠢᠯᠠᠯᠲᠠ ᠶᠢ ᠣᠯᠵᠤ᠂ ᠠᠯᠢ ᠣᠯᠠᠨ ᠬᠦᠴᠢᠷ ᠪᠡᠷᠬᠡᠰᠢᠶᠡᠯ ᠬᠠᠷᠰᠢ ᠰᠠᠭᠠᠳ ᠢ ᠢᠯᠠᠨ ᠳᠠᠪᠠᠵᠤ᠂ ᠶᠡᠭᠡ | ᠲᠠᠶᠢᠯᠠᠯᠳᠤᠭᠠᠨ ᠶᠡᠭᠡ ᠰᠢᠯᠭᠠᠯᠲᠠ ᠳᠤᠮᠳᠠ ᠬᠦᠨᠲᠦ ᠶᠡᠭᠡ ᠰᠢᠯᠭᠠᠯᠲᠠ ᠶᠢ ᠳᠠᠭᠠᠭᠠᠵᠤ᠂ ᠨᠢᠭᠡᠨ ᠭᠤᠶᠢᠳᠠ ᠰᠠᠶᠢᠬᠠᠨ | ᠬᠠᠷᠢᠭᠤᠯᠲᠠ ᠶᠢᠨ ᠬᠠᠭᠤᠳᠠᠰᠤ ᠶᠢ ᠲᠤᠰᠢᠶᠠᠵᠤ᠂ ︽ᠠᠷᠪᠠᠨ ᠭᠤᠷᠪᠠᠳᠤᠭᠠᠷ ᠲᠠᠪᠤᠨ ᠵᠢᠯ ︾ ᠤᠨ | ᠲᠥᠯᠥᠪᠵᠢᠭᠦᠯᠭᠡ ᠲᠡᠭᠦᠰ ᠠᠮᠵᠢᠯᠲᠠᠲᠠᠢ ᠰᠡᠭᠦᠯ ᠬᠤᠷᠢᠶᠠᠬᠤ ᠶᠢ ᠪᠡᠶᠡᠯᠡᠭᠦᠯᠪᠡ᠃ ᠡᠨᠡ ᠬᠦ ᠬᠢᠷᠢ ᠪᠦᠲᠦᠮᠵᠢ ᠶᠢᠨ | ᠬᠠᠭᠤᠳᠠᠰᠤᠨ ᠳᠡᠭᠡᠷ᠎ᠡ᠂ ᠲᠥᠪ ᠬᠤᠲᠠ ᠶᠢᠨ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ | ᠵᠢᠴᠢ ᠲᠡᠭᠦᠨ ᠤ ᠪᠠᠶᠢᠩᠭᠤ ᠶᠢᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢᠳ ᠴᠥᠮ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠭᠦᠷᠭᠡᠯᠡᠯ ᠢ ᠢᠯᠡᠷᠡᠭᠦᠯᠵᠦ᠂ | ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠦᠴᠦᠨ ᠴᠢᠳᠠᠯ ᠢᠶᠠᠨ ᠡᠷᠭᠦᠪᠡ ᠭᠡᠵᠡᠢ᠃ | ᠴᠠᠩ ᠫᠸᠢ ᠵᠦᠩ ᠵᠢᠭᠠᠬᠤ ᠳᠠᠭᠠᠨ᠂ 《 ᠬᠤᠣᠰ ᠵᠠᠭᠤᠨ ᠵᠢᠯ 》 ᠤᠨ ᠲᠡᠦᠬᠡ ᠶᠢᠨ ᠠᠭᠤᠯᠵᠠᠷ ᠲᠤ | ᠵᠣᠭᠰᠣᠵᠤ᠂ ᠪᠢᠳᠡ ᠣᠳᠣᠬᠢᠴᠢᠯᠠᠯᠲᠠ ᠶᠢᠨ ᠪᠦᠳᠦᠭᠡᠨ ᠪᠠᠶᠢᠭᠤᠯᠤᠯᠲᠠ ᠶᠢᠨ ᠰᠢᠨ᠎ᠡ ᠠᠶᠠᠨ ᠢᠶᠠᠨ ᠲᠤᠮᠤ ᠠᠯᠬᠤᠮ | ᠢᠶᠠᠷ ᠡᠬᠢᠯᠡᠭᠦᠯᠦᠯ᠎ᠡ᠃ ᠡᠨᠡ ᠤᠳᠠᠭ᠎ᠠ ᠶᠢᠨ ᠶᠡᠭᠡ ᠬᠤᠷᠠᠯ ᠨᠢ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ | ᠬᠤᠷᠢᠶᠠᠨ ᠤ ᠲᠠᠪᠤᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ | ᠬᠤᠷᠢᠶ᠎ᠠ ᠪᠣᠯᠤᠨ ᠬᠤᠲᠠ ᠶᠢᠨ ᠨᠠᠮ ᠤᠨ ᠬᠤᠷᠢᠶᠠᠨ ᠤ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ | ᠲᠤᠭᠤᠰᠢᠯᠠᠭᠤᠯᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠱᠦᠵᠢ᠂ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠡᠷᠬᠢᠯᠡᠭᠴᠢ ᠱᠢ ᠲᠠᠢ ᠹᠧᠩ ᠤᠨ | ᠬᠥᠬᠡᠬᠤᠲᠠ ᠶᠢᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠦᠶ᠎ᠡ ᠶᠢᠨ ᠶᠠᠷᠢᠶᠠᠨ ᠤ | ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠮᠠᠨ ᠤ ᠬᠤᠲᠠ ᠶᠢᠨ ᠢᠷᠡᠬᠦ ᠲᠠᠪᠤᠨ ᠵᠢᠯ | ᠴᠢᠨᠠᠭᠰᠢᠯᠠᠪᠠᠯ ᠬᠤᠶᠢᠰᠢᠳᠠ ᠶᠢᠨ ᠨᠢᠭᠡ ᠬᠤᠭᠤᠴᠠᠭᠠᠨ ᠤ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠭᠤᠤᠯ | ᠡᠭᠦᠷᠭᠡ ᠳᠤ ᠪᠥᠬᠦ ᠲᠠᠯ᠎ᠠ ᠶᠢᠨ ᠲᠣᠬᠢᠷᠠᠭᠤᠯᠤᠯᠲᠠ ᠬᠢᠵᠦ᠂ ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠬᠤ 《 | ᠪᠦᠷᠢᠶ᠎ᠡ 》 ᠶᠢ ᠬᠠᠩᠭᠢᠨᠠᠭᠤᠯᠵᠤ᠂ 《 ᠦᠵᠡᠰᠬᠦᠯᠡᠩᠲᠦ ᠰᠠᠶᠢᠬᠠᠨ ᠬᠥᠬᠡᠬᠤᠲᠠ᠂ ᠦᠨᠢᠷ ᠪᠠᠶᠠᠯᠢᠭ ᠲᠠᠯ᠎ᠠ ᠶᠢᠨ | ᠬᠤᠲᠠ 》 ᠶᠢ ᠪᠥᠲᠥᠭᠡᠨ ᠪᠠᠶᠢᠭᠤᠯᠬᠤ᠂ ᠣᠳᠣᠬᠢᠴᠢᠯᠠᠭᠰᠠᠨ ᠣᠷᠣᠨ ᠪᠦᠰᠡ ᠶᠢᠨ ᠴᠢᠨᠠᠷᠲᠠᠶ ᠭᠤᠤᠯ ᠬᠤᠲᠠ ᠶᠢ | ᠴᠣᠭᠴᠠᠯᠠᠬᠤ 《 ᠳᠠᠶᠢᠴᠢᠯᠠᠯᠲᠠ ᠶᠢᠨ ᠵᠠᠷᠯᠢᠭ 》 ᠢ ᠪᠠᠭᠤᠯᠭᠠᠪᠠ᠃ ᠰᠢᠨ᠎ᠡ ᠡᠭᠦᠷᠭᠡ ᠬᠠᠷᠢᠭᠤᠴᠠᠯᠭ᠎ᠠ ᠶᠢᠨ ᠡᠮᠦᠨ᠎ᠡ | ᠂ ᠰᠢᠨ᠎ᠡ ᠠᠶᠠᠨ ᠳᠤ ᠡᠷᠡᠯᠬᠡᠭᠯᠡᠨ ᠤᠷᠤᠭᠰᠢᠯᠠᠬᠤ ᠳᠤ᠂ ᠪᠦᠬᠦ ᠬᠤᠲᠠ ᠶᠢᠨ ᠡᠯ᠎ᠡ ᠱᠠᠲᠤᠨ ᠤ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢᠳ ᠵᠠᠪᠠᠯ ᠦᠵᠡᠯ ᠰᠠᠨᠠᠭ᠎ᠠ ᠪᠠᠨ ᠤᠯᠠᠮ ᠨᠢᠭᠡ ᠠᠯᠬᠤᠮ | ᠨᠢᠭᠡᠳᠬᠡᠵᠦ᠂ ᠬᠠᠮᠲᠤ ᠶᠢᠨ ᠲᠠᠨᠢᠯᠲᠠ ᠪᠠᠨ ᠨᠢᠭᠲᠠᠷᠠᠭᠤᠯᠵᠤ᠂ ᠥᠷᠯᠥᠭᠡ ᠦᠳᠡᠰᠢ ᠶᠢ ᠲᠡᠮᠡᠴᠡᠬᠦ ᠣᠶᠤᠨ ᠰᠠᠨᠠᠭᠠᠨ | ᠤ ᠳᠦᠷᠰᠦ ᠪᠠᠶᠢᠳᠠᠯ ᠢᠶᠠᠷ ᠬᠦᠴᠢᠷ ᠢ ᠲᠤᠭᠤᠯᠤᠨ ᠪᠡᠷᠬᠡ ᠶᠢ ᠳᠠᠪᠠᠵᠤ᠂ ᠨᠠᠶᠢᠳᠠᠪᠤᠷᠢᠵᠢᠭᠤᠯᠤᠯᠲᠠ ᠶᠢ ᠬᠦᠴᠦᠲᠡᠢ | ᠠᠳᠬᠤᠵᠤ᠂ ᠮᠠᠨ ᠤ ᠬᠤᠲᠠ ᠶᠢᠨ ︽ᠠᠷᠪᠠᠨ ᠳᠥᠷᠪᠡᠳᠦᠭᠡᠷ ᠲᠠᠪᠤᠨ ᠵᠢᠯ ︾ ᠰᠠᠶᠢᠨ ᠡᠬᠢᠯᠡᠯᠲᠡ᠂ ᠰᠠᠶᠢᠨ | ᠡᠬᠢᠯᠡᠯᠲᠡ ᠲᠠᠢ ᠪᠣᠯᠬᠤ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ ᠰᠢᠨ᠎ᠡ ᠠᠶᠠᠨ ᠳᠠᠭᠠᠨ | ᠡᠷᠡᠮᠡᠬᠡᠶᠢᠯᠡᠨ ᠤᠷᠤᠭᠰᠢᠯᠠᠬᠤ ᠳᠤ᠂ ᠪᠢᠳᠡ ᠵᠠᠪᠠᠯ ᠴᠠᠭ ᠢᠮᠠᠭᠲᠠ ᠤᠴᠢᠷ ᠪᠣᠯᠭᠠᠨ ᠳᠤ ᠤᠯᠤᠰ ᠲᠦᠷᠦ ᠶᠢ | ᠡᠷᠬᠢᠮᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠵᠦ᠂ ᠢᠮᠠᠭᠲᠠ ︽ᠤᠯᠤᠰ ᠤᠨ ᠶᠡᠭᠡ ᠲᠠᠯ᠎ᠠ︾ | ᠶᠢ ᠡᠪᠦᠷᠯᠡᠵᠦ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠣᠶᠢᠯᠠᠭᠠᠵᠤ ᠮᠡᠳᠡᠬᠦ | ᠴᠢᠳᠠᠪᠤᠷᠢ᠂ ᠤᠯᠤᠰ ᠲᠦᠷᠦ ᠶᠢᠨ ᠬᠡᠷᠡᠭᠵᠢᠭᠦᠯᠬᠦ ᠬᠦᠴᠦᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ | ᠡᠷᠬᠡᠪᠰᠢ ᠠᠮᠢ ᠠᠬᠤᠶ ᠶᠢ ᠤᠷᠢᠳ ᠢᠶᠠᠷ ᠪᠣᠳᠤᠯᠬᠢᠯᠠᠬᠤ ᠪᠣᠬᠢᠷᠲᠤᠯ ᠥᠬᠡᠶ ᠬᠥᠭᠵᠢᠯᠲᠡ ᠪᠠᠷ ᠤᠳᠤᠷᠢᠳᠤᠮᠵᠢ | ᠪᠣᠯᠭᠠᠭᠰᠠᠨ ᠴᠢᠨᠠᠷ ᠰᠠᠶᠢᠲᠠᠶ ᠬᠥᠭᠵᠢᠯᠲᠡ ᠶᠢᠨ ᠰᠢᠨ᠎ᠡ ᠵᠠᠮ ᠢᠶᠠᠷ ᠨᠠᠩ ᠡᠷᠡᠰ ᠪᠠᠲᠤ ᠰᠠᠶᠢᠲᠤᠷ ᠵᠠᠮᠨᠠᠬᠤ ᠬᠡᠷᠡᠭᠲᠡᠶ᠃ | ᠪᠦᠬᠦ ᠬᠤᠳᠠ ᠶᠢᠨ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠪᠣᠯ | ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠴᠢᠬᠤᠯᠠ ᠬᠦᠴᠦᠨ ᠮᠥᠨ᠂ ︽ᠰᠢᠨ᠎ᠡ ᠵᠠᠮ ︾ | ᠢᠶᠠᠷ ᠵᠠᠮᠨᠠᠬᠤ ᠴᠢᠬᠤᠯᠠ ᠱᠠᠭᠠᠷᠳᠠᠯᠭ᠎ᠠ ᠲᠠᠢ ᠨᠢᠭᠲᠠ ᠤᠶᠠᠯᠳᠤᠭᠤᠯᠤᠨ᠂ ᠰᠢᠨ᠎ᠡ ᠬᠥᠭᠵᠢᠯᠲᠡ ᠶᠢᠨ | ᠣᠶᠢᠯᠠᠭᠠᠭᠳᠠᠬᠤᠨ ᠢ ᠪᠦᠷᠢᠨ ᠪᠦᠲᠦᠨ᠂ ᠣᠨᠣᠪᠴᠢᠲᠠᠢ᠂ ᠪᠦᠬᠦ ᠲᠠᠯ᠎ᠠ ᠪᠠᠷ ᠲᠤᠭᠤᠰᠢᠯᠠᠭᠤᠯᠵᠤ᠂ ᠦᠵᠡᠰᠬᠦᠯᠡᠩᠲᠦ | ᠰᠠᠶᠢᠬᠠᠨ ᠬᠥᠬᠡᠬᠤᠲᠠ᠂ ᠥᠨᠢᠷ ᠪᠠᠶᠠᠯᠢᠭ ᠲᠠᠯ᠎ᠠ ᠶᠢᠨ ᠬᠤᠳᠠ ᠶᠢ ᠪᠦᠳᠦᠭᠡᠨ ᠪᠠᠶᠢᠭᠤᠯᠬᠤ᠂ ᠣᠳᠣᠬᠢᠴᠢᠯᠠᠭᠰᠠᠨ | ᠣᠷᠣᠨ ᠪᠦᠰᠡ ᠶᠢᠨ ᠴᠢᠨᠠᠷᠲᠠᠢ ᠭᠤᠣᠯ ᠬᠤᠳᠠ ᠶᠢ ᠪᠦᠳᠦᠭᠡᠨ ᠪᠠᠶᠢᠭᠤᠯᠬᠤ ᠬᠠᠷᠠᠯᠲᠠ ᠡᠭᠦᠷᠭᠡ ᠶᠢᠨ ᠲᠣᠭᠤᠷᠢᠨ ᠳᠤ | ᠂ ︽ᠠᠷᠪᠠᠨ ᠳᠥᠷᠪᠡᠳᠦᠭᠡᠷ ᠲᠠᠪᠤᠨ ᠵᠢᠯ ︾ ᠤᠨ ᠲᠥᠯᠥᠪᠵᠢᠭᠦᠯᠭᠡ ᠶᠢᠨ ᠬᠤᠭᠤᠴᠠᠭᠠᠨ ᠤ ᠡᠯ᠎ᠡ ᠵᠦᠢᠯ ᠤᠨ | ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠬᠢᠬᠦ ᠬᠡᠷᠡᠭᠲᠡᠢ᠃ ᠭᠤᠣᠯᠳᠠᠯᠭ᠎ᠠ ᠲᠠᠢ ᠡᠭᠦᠷᠭᠡ ᠳᠤ ᠠᠩᠬᠠᠷᠤᠯ ᠢᠶᠠᠨ | ᠲᠥᠪᠯᠡᠷᠡᠭᠦᠯᠵᠦ᠂ ᠬᠢᠨᠠᠯᠲᠠ ᠲᠠᠯᠪᠢᠬᠤ ᠪᠣᠳᠠᠲᠤ ᠦᠷ᠎ᠡ ᠪᠦᠲᠦᠮᠵᠢ ᠶᠢ ᠴᠢᠩᠭᠠᠳᠬᠠᠵᠤ᠂ ᠬᠤᠳᠠᠯᠳᠤᠭ᠎ᠠ ᠡᠷᠬᠢᠯᠡᠬᠦ | ᠣᠷᠴᠢᠨ ᠨᠥᠬᠦᠴᠡᠯ ᠢ ᠰᠢᠯᠢᠳᠡᠭᠵᠢᠭᠦᠯᠬᠦ ᠶᠢ ᠴᠢᠬᠤᠯᠠ ᠤᠯᠤᠰ ᠲᠦᠷᠦ ᠶᠢᠨ ᠡᠭᠦᠷᠭᠡ ᠪᠣᠯᠭᠠᠵᠤ᠂ ᠰᠠᠶᠢᠨ ︽ | ᠬᠥᠭᠦᠷᠭᠡ ᠬᠤᠯᠪᠣᠭᠠᠰᠤ︾᠂ ᠬᠢᠨᠠᠯᠲᠠ ᠲᠠᠯᠪᠢᠭᠴᠢ᠂ ᠠᠵᠢᠯᠯᠠᠭᠴᠢ ᠪᠣᠯᠬᠤ ᠬᠡᠷᠡᠭᠲᠡᠢ᠃ ᠡᠷᠬᠡᠪᠰᠢ ᠬᠥᠭᠵᠢᠯᠲᠡ | ᠪᠣᠯᠤᠨ ᠠᠮᠤᠷ ᠲᠦᠪᠰᠢᠨ ᠬᠤᠶᠠᠷ ᠶᠡᠭᠡ ᠶᠠᠪᠤᠳᠠᠯ ᠢ ᠨᠢᠭᠡᠳᠦᠯᠲᠡᠢ ᠲᠥᠯᠥᠪᠵᠢᠭᠦᠯᠵᠦ᠂ ᠡᠷᠡᠰ ᠭᠤᠶᠢᠪᠢᠰᠢ ᠦᠭᠡᠢ | ᠪᠠᠷ ︽ᠬᠤᠶᠠᠷ ᠬᠠᠯᠬᠠᠪᠴᠢ︾ ᠶᠢᠨ ᠪᠦᠳᠦᠭᠡᠨ ᠪᠠᠶᠢᠭᠤᠯᠤᠭᠴᠢ᠂ ᠰᠠᠬᠢᠨ ᠬᠠᠮᠠᠭᠠᠯᠠᠭᠴᠢ ᠪᠣᠯᠬᠤ ᠬᠡᠷᠡᠭᠲᠡᠢ᠃ | ᠦᠨᠳᠦᠰᠦᠲᠡᠨ ᠤ ᠪᠦᠯᠬᠦᠮᠳᠡᠯ ᠢ ᠬᠠᠮᠠᠭᠠᠯᠠᠬᠤ ᠳᠤᠮᠳᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠲᠥᠯᠥᠭᠡᠯᠡᠭᠴᠢ ᠶᠢᠨ ᠰᠢᠨ᠎ᠡ ᠵᠢᠳᠬᠦᠯ ᠴᠢᠷᠮᠠᠶᠢᠯᠭ᠎ᠠ ᠶᠢ ᠢᠯᠡᠷᠡᠭᠦᠯᠵᠦ᠂ ᠠᠮᠢ ᠠᠬᠤᠶ ᠶᠢᠨ ᠠᠮᠤᠷ ᠲᠦᠪᠰᠢᠨ ᠢ | ᠬᠠᠮᠠᠭᠠᠯᠠᠬᠤ ᠳᠤᠮᠳᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠢᠨ᠎ᠡ ᠵᠢᠳᠬᠦᠯ | ᠴᠢᠷᠮᠠᠶᠢᠯᠭ᠎ᠠ ᠶᠢ ᠢᠯᠡᠷᠡᠭᠦᠯᠵᠦ᠂ ᠠᠵᠤ ᠠᠬᠤᠶ ᠶᠢᠨ ᠠᠮᠤᠷ ᠲᠦᠪᠰᠢᠨ ᠢ ᠬᠠᠮᠠᠭᠠᠯᠠᠬᠤ ᠳᠤᠮᠳᠠ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ ᠰᠢᠨ᠎ᠡ ᠵᠢᠳᠬᠦᠯ ᠴᠢᠷᠮᠠᠶᠢᠯᠭ᠎ᠠ ᠶᠢ ᠢᠯᠡᠷᠡᠭᠦᠯᠬᠦ | ᠬᠡᠷᠡᠭᠲᠡᠢ᠃ ᠵᠠᠪᠠᠯ ᠠᠷᠠᠳ ᠲᠦᠮᠡᠨ ᠢᠶᠠᠷ ᠭᠤᠤᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠨᠠᠷᠢᠨ ᠬᠢᠨᠠᠮᠠᠭᠠᠶ | ᠦᠶᠯᠡᠳᠦᠯᠭᠡᠵᠢᠭᠦᠯᠵᠦ᠂ ᠠᠷᠠᠳ ᠣᠯᠠᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ | ᠲᠦᠪᠰᠢᠨ ᠲᠥᠷᠥᠭᠳᠡᠯ ᠢ ᠲᠠᠰᠤᠷᠠᠯᠲᠠ ᠥᠬᠡᠶ ᠨᠡᠮᠡᠭᠳᠡᠭᠦᠯᠬᠦ ᠬᠡᠷᠡᠭᠲᠡᠶ᠃ ᠡᠷᠬᠡᠪᠰᠢ ᠬᠠᠷᠢᠭᠤᠴᠠᠯᠭ᠎ᠠ ᠪᠠᠨ ᠮᠡᠳᠡᠵᠦ᠂ | ᠬᠠᠷᠢᠭᠤᠴᠠᠯᠭ᠎ᠠ ᠪᠠᠨ ᠡᠭᠦᠷᠭᠡᠯᠡᠵᠦ᠂ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠨ᠂ ᠠᠵᠤ ᠠᠬᠤᠢ ᠶᠢᠨ ᠠᠮᠤᠷ | ᠲᠦᠪᠰᠢᠨ ᠢ ᠬᠠᠮᠠᠭᠠᠯᠠᠬᠤ ᠳᠤᠮᠳᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ ᠶᠢᠨ | ᠰᠢᠨ᠎ᠡ ᠵᠢᠳᠬᠦᠯ ᠴᠢᠷᠮᠠᠶᠢᠯᠭ᠎ᠠ ᠶᠢ ᠢᠯᠡᠷᠡᠭᠦᠯᠬᠦ ᠬᠡᠷᠡᠭᠲᠡᠢ᠃ ︽ᠠᠷᠠᠳ ᠲᠦᠮᠡᠨ ᠳᠤ ᠦᠢᠯᠡᠴᠢᠯᠡᠬᠦ ᠨᠤᠮᠤᠬᠠᠨ ᠱᠠᠷ ︾ | ᠤᠨ ᠵᠣᠷᠢᠭ ᠰᠠᠨᠠᠭ᠎ᠠ᠂ ︽ᠰᠢᠨ᠎ᠡ ᠶᠢ ᠡᠭᠦᠳᠦᠨ ᠬᠥᠭᠵᠢᠭᠦᠯᠬᠦ ᠠᠲᠠᠷ ᠬᠠᠭᠠᠯᠪᠤᠷᠢᠯᠠᠬᠤ ᠦᠬᠡᠷ︾ ᠤᠨ ᠵᠣᠷᠢᠭ | ᠰᠠᠨᠠᠭ᠎ᠠ᠂ ︽ᠰᠢᠷᠭᠠᠭᠤ ᠬᠠᠲᠠᠭᠤᠵᠢᠯᠲᠠᠶ ᠲᠡᠮᠡᠴᠡᠬᠦ ᠠᠷᠠᠯ ᠤᠨ ᠱᠠᠷ︾ ᠤᠨ ᠵᠣᠷᠢᠭ ᠰᠠᠨᠠᠭ᠎ᠠ ᠶᠢ ᠶᠡᠭᠡ ᠪᠠᠷ | ᠪᠠᠳᠠᠷᠠᠭᠤᠯᠵᠤ᠂ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ᠡᠯ᠎ᠡ ᠵᠦᠶᠯ ᠤᠨ ᠠᠵᠢᠯ ᠤᠨ ᠨᠠᠶᠢᠳᠠᠪᠤᠷᠢᠵᠢᠭᠤᠯᠤᠯᠲᠠ | ᠶᠢ ᠦᠨᠡᠨ ᠬᠦ ᠠᠬᠢᠭᠤᠯᠵᠤ᠂ ᠲᠡᠮᠦᠷ ᠮᠥᠷᠥ ᠪᠠᠷ ᠬᠠᠲᠠᠭᠤ ᠡᠭᠦᠷᠭᠡ ᠶᠢ ᠦᠨᠡᠨ ᠬᠦ ᠡᠭᠦᠷᠭᠡᠯᠡᠵᠦ᠂ ︽ᠠᠷᠪᠠᠨ | ᠳᠥᠷᠪᠡᠳᠦᠭᠡᠷ ᠲᠠᠪᠤᠨ ᠵᠢᠯ ︾ ᠤᠨ ᠲᠥᠯᠥᠪᠵᠢᠭᠦᠯᠭᠡ ᠶᠢᠨ ᠬᠤᠭᠤᠴᠠᠭᠠᠨ ᠤ ᠬᠠᠷᠠᠯᠲᠠ ᠡᠭᠦᠷᠭᠡ ᠶᠢ ᠪᠣᠳᠠᠲᠠᠶ ᠳᠤ | ᠨᠠᠶᠢᠳᠠᠪᠤᠷᠢᠵᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠡᠢ᠃ | ᠴᠠᠩ ᠫᠸᠢ ᠵᠦᠩ ᠴᠢᠬᠤᠯᠠᠴᠢᠯᠠᠬᠤ ᠳᠠᠭᠠᠨ᠂ ᠰᠢᠨ᠎ᠡ ᠠᠶᠠᠨ ᠵᠠᠮ᠂ ᠰᠢᠨ᠎ᠡ ᠡᠭᠦᠷᠭᠡ ᠬᠠᠷᠢᠭᠤᠴᠠᠯᠭ᠎ᠠ ᠨᠢ | ᠰᠢᠨ᠎ᠡ ᠴᠠᠭ ᠦᠶ᠎ᠡ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠳᠤ ᠨᠡᠩ ᠥᠨᠳᠥᠷ ᠰᠢᠨ᠎ᠡ | ᠱᠠᠭᠠᠷᠳᠠᠯᠭ᠎ᠠ ᠳᠤᠷᠠᠳᠴᠠᠢ᠃ ᠪᠢᠳᠡ ᠵᠠᠪᠠᠯ ᠰᠢ ᠶᠢᠨ ᠫᠢᠩ ᠤᠨ ᠬᠠᠤᠯᠢᠵᠢᠯ ᠤᠨ ᠦᠵᠡᠯ ᠰᠠᠨᠠᠭ᠎ᠠ ᠪᠣᠯᠤᠨ ᠶᠡᠷᠦᠩᠬᠡᠢ | ᠱᠦᠵᠢ ᠰᠢ ᠶᠢᠨ ᠫᠢᠩ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠢ ᠪᠠᠷᠢᠮᠲᠠᠯᠠᠨ | ᠲᠡᠭᠦᠯᠳᠡᠷᠵᠢᠭᠦᠯᠬᠦ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠪᠦᠬᠦ ᠲᠠᠯ᠎ᠠ | ᠪᠠᠷ ᠬᠠᠤᠯᠢ ᠪᠠᠷ ᠤᠯᠤᠰ ᠢᠶᠠᠨ ᠵᠠᠰᠠᠬᠤ ᠠᠷᠭ᠎ᠠ ᠪᠤᠳᠤᠯᠭ᠎ᠠ ᠶᠢ ᠰᠠᠶᠢᠲᠤᠷ ᠲᠤᠭᠤᠰᠢᠯᠠᠭᠤᠯᠵᠤ᠂ ᠰᠠᠶᠢᠲᠤᠷ | ᠨᠠᠶᠢᠳᠠᠪᠤᠷᠢᠵᠢᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠢ ᠰᠠᠶᠢᠲᠤᠷ | ᠪᠠᠷᠢᠮᠲᠠᠯᠠᠵᠤ᠂ ᠰᠠᠶᠢᠲᠤᠷ ᠲᠡᠭᠦᠯᠳᠡᠷᠵᠢᠭᠦᠯᠵᠦ᠂ ᠬᠠᠮᠤᠭ ᠤᠨ ᠥᠷᠭᠡᠨ ᠤᠯᠠᠨ ᠠᠷᠠᠳ ᠲᠦᠮᠡᠨ ᠤ ᠦᠨᠳᠦᠰᠦᠨ | ᠠᠰᠢᠭ ᠲᠤᠰᠠ ᠶᠢ ᠰᠠᠶᠢᠲᠤᠷ ᠪᠡᠶᠡᠯᠡᠭᠦᠯᠵᠦ᠂ ᠰᠠᠶᠢᠲᠤᠷ ᠬᠠᠮᠠᠭᠠᠯᠠᠬᠤ ᠬᠡᠷᠡᠭᠲᠡᠢ᠃ ᠬᠤᠲᠠ ᠶᠢᠨ ᠠᠷᠠᠳ ᠤᠨ | ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠨᠢ ᠬᠤᠲᠠ ᠶᠢᠨ ᠨᠠᠮ ᠤᠨ | ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ | ᠠᠵᠢᠯ ᠢ ᠪᠦᠬᠦ ᠬᠤᠲᠠ ᠶᠢᠨ ᠬᠥᠭᠵᠢᠯᠲᠡ ᠶᠢᠨ ᠶᠡᠭᠡ ᠲᠠᠯ᠎ᠠ ᠲᠠᠢ ᠤᠯᠠᠮ ᠨᠢᠭᠡ ᠠᠯᠬᠤᠮ ᠨᠢᠭᠲᠠ | ᠠᠭᠤᠰᠤᠯᠴᠠᠭᠤᠯᠵᠤ᠂ ︽ᠨᠠᠮ ᠤᠨ ᠤᠳᠤᠷᠢᠳᠤᠯᠭ᠎ᠠ ᠶᠢ ᠤᠯᠠᠮ ᠨᠢᠭᠡ ᠠᠯᠬᠤᠮ ᠴᠢᠩᠭᠠᠳᠬᠠᠵᠤ ᠰᠢᠨ᠎ᠡ ᠴᠠᠭ | ᠦᠶ᠎ᠡ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠢ ᠰᠠᠶᠢᠳᠤᠷ ᠬᠢᠬᠦ ᠲᠤᠬᠠᠢ ᠳᠤᠮᠳᠠᠳᠤ | ᠤᠯᠤᠰ ᠤᠨ ᠡᠪ ᠬᠠᠮᠲᠤ ᠨᠠᠮ ᠤᠨ ᠬᠥᠬᠡᠬᠤᠲᠠ ᠶᠢᠨ ᠬᠤᠷᠢᠶ᠎ᠠ ᠶᠢᠨ ᠬᠡᠷᠡᠭᠵᠢᠭᠦᠯᠬᠦ ᠰᠠᠨᠠᠯ︾ ᠢ ᠨᠠᠷᠢᠨ ᠬᠢᠨᠠᠮᠠᠭᠠᠢ | ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠬᠠᠤᠯᠢ ᠶᠣᠰᠣᠭᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ | ᠴᠢᠬᠤᠯᠠ ᠶᠡᠭᠡ ᠬᠡᠷᠡᠭ ᠶᠠᠪᠤᠳᠠᠯ ᠤᠨ ᠲᠣᠭᠲᠠᠭᠠᠯ ᠳᠤᠮᠳᠠ ᠬᠥᠭᠵᠢᠯᠲᠡ ᠶᠢ ᠠᠬᠢᠭᠤᠯᠵᠤ᠂ ᠪᠠᠶᠢᠴᠠᠭᠠᠨ ᠰᠤᠳᠤᠯᠵᠤ | ᠪᠠᠶᠢᠴᠠᠭᠠᠨ ᠦᠵᠡᠬᠦ ᠳᠤᠮᠳᠠ ᠬᠥᠭᠵᠢᠯᠲᠡ ᠳᠤ ᠦᠢᠯᠡᠴᠢᠯᠡᠵᠦ᠂ ᠬᠠᠤᠯᠢ ᠭᠡᠷᠡᠭᠵᠢᠬᠦᠯᠵᠦ ᠪᠠᠶᠢᠴᠠᠭᠠᠬᠤ ᠳᠤᠮᠳᠠ | ᠬᠥᠭᠵᠢᠯᠲᠡ ᠶᠢ ᠪᠠᠲᠤᠯᠠᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠠᠪᠠᠭᠤᠯᠢᠭ ᠢ ᠦᠨᠡᠨ ᠬᠦ | ᠰᠠᠶᠢᠳᠤᠷ ᠪᠠᠳᠠᠷᠠᠭᠤᠯᠵᠤ᠂ ᠬᠤᠲᠠ ᠶᠢᠨ ᠨᠠᠮ ᠤᠨ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢᠨ | ᠨᠠᠶᠢᠳᠠᠪᠤᠷᠢᠵᠢᠭᠤᠯᠤᠭᠳᠠᠬᠤ ᠶᠢ ᠠᠬᠢᠭᠤᠯᠬᠤ ᠬᠡᠷᠡᠭᠲᠡᠢ᠃ ᠬᠤᠲᠠ ᠶᠢᠨ ᠨᠠᠮ ᠤᠨ ᠬᠤᠷᠢᠶ᠎ᠠ ᠲᠠᠢ ᠰᠡᠳᠬᠢᠯ ᠢᠶᠠᠨ | ᠨᠢᠭᠡᠳᠬᠡᠨ᠂ ᠬᠠᠤᠯᠢ ᠴᠠᠭᠠᠵᠠ ᠲᠠᠢ ᠵᠡᠷᠭᠡᠪᠡᠷ ᠶᠠᠪᠤᠵᠤ᠂ ᠵᠠᠰᠠᠭ ᠤᠨ ᠣᠷᠳᠣᠨ ᠲᠠᠢ ᠵᠡᠷᠭᠡᠪᠡᠷ ᠴᠢᠷᠮᠠᠶᠢᠵᠤ᠂ ᠴᠠᠭ | ᠦᠶ᠎ᠡ ᠲᠠᠢ ᠵᠡᠷᠭᠡᠪᠡᠷ ᠤᠷᠤᠭᠰᠢᠯᠠᠬᠤ ᠶᠢ ᠪᠠᠷᠢᠮᠲᠠᠯᠠᠵᠤ᠂ ᠲᠥᠯᠥᠭᠡᠯᠡᠭᠴᠢᠳ ᠤᠨ ᠡᠩᠨᠡᠭᠡᠨ ᠤ ᠪᠠᠶᠢᠭᠤᠯᠤᠯᠲᠠ ᠶᠢ | ᠴᠢᠩᠭᠠᠳᠬᠠᠵᠤ᠂ ᠲᠥᠯᠥᠭᠡᠯᠡᠭᠴᠢᠳ ᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠪᠠᠲᠤᠯᠠᠭ᠎ᠠ ᠶᠢ ᠴᠢᠩᠭᠠᠳᠬᠠᠵᠤ᠂ | ᠲᠥᠯᠥᠭᠡᠯᠡᠭᠴᠢᠳ ᠤᠨ ᠵᠥᠪᠯᠡᠯᠭᠡ᠂ ᠰᠠᠨᠠᠭᠤᠯᠭ᠎ᠠ ᠶᠢ ᠰᠢᠢᠳᠪᠦᠷᠢᠯᠡᠬᠦ ᠠᠵᠢᠯ ᠢ ᠰᠠᠶᠢᠳᠤᠷ ᠬᠢᠵᠦ᠂ | ᠲᠥᠯᠥᠭᠡᠯᠡᠭᠴᠢᠳ ᠤᠨ ᠡᠭᠦᠷᠭᠡ ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠶᠢ ᠴᠢᠩᠭᠠᠳᠬᠠᠬᠤ ᠬᠡᠷᠡᠭᠲᠡᠢ᠃ ᠪᠢᠳᠡ | ᠰᠢ ᠶᠢᠨ ᠫᠢᠩ ᠨᠥᠬᠦᠷ ᠢᠶᠠᠷ ᠭᠤᠤᠯ ᠪᠣᠯᠭᠠᠭᠰᠠᠨ ᠨᠠᠮ ᠤᠨ ᠲᠥᠪ ᠬᠤᠷᠢᠶᠠᠨ ᠤ ᠲᠣᠭᠤᠷᠢᠨ ᠳᠤ ᠨᠠᠩ ᠨᠢᠭᠲᠠᠷᠠᠨ | ᠪᠦᠯᠬᠦᠮᠳᠡᠵᠦ᠂ ᠰᠠᠬᠢᠨ ᠪᠡᠷᠡᠯᠡᠵᠦ ᠬᠠᠷᠢᠯᠴᠠᠨ ᠬᠠᠪᠰᠤᠷᠤᠯᠴᠠᠵᠤ᠂ ᠪᠦᠯᠬᠦᠮᠳᠡᠨ ᠲᠡᠮᠡᠴᠡᠵᠦ᠂ ᠦᠨᠡᠨ ᠬᠦ ᠠᠳᠬᠤᠨ | ᠪᠣᠳᠠᠲᠠᠶ ᠠᠵᠢᠯᠯᠠᠵᠤ᠂ ᠬᠦᠴᠢᠷ ᠢ ᠳᠤᠭᠤᠯᠤᠨ ᠪᠡᠷᠬᠡ ᠶᠢ ᠳᠠᠪᠠᠵᠤ᠂ ᠦᠵᠡᠰᠬᠦᠯᠡᠩᠲᠦ ᠰᠠᠶᠢᠬᠠᠨ ᠬᠥᠬᠡᠬᠤᠲᠠ᠂ | ᠦᠨᠢᠷ ᠪᠠᠶᠠᠯᠢᠭ ᠲᠠᠯ᠎ᠠ ᠶᠢᠨ ᠬᠤᠲᠠ ᠶᠢ ᠴᠢᠷᠮᠠᠶᠢᠨ ᠴᠣᠭᠴᠠᠯᠠᠵᠤ᠂ ᠰᠢᠯᠢᠳᠡᠭ ᠠᠮᠵᠢᠯᠲᠠ ᠪᠠᠷ ᠢᠶᠠᠨ ᠨᠠᠮ | ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠶ᠎ᠡ ᠭᠡᠵᠡᠢ᠃ | ᠬᠤᠷᠠᠯ ᠳᠤ ᠣᠷᠣᠯᠴᠠᠭᠰᠠᠨ ᠪᠥᠭᠡᠳ ᠲᠡᠷᠢᠭᠦᠯᠡᠭᠴᠢ ᠶᠢᠨ ᠲᠠᠶᠢᠰᠠᠨ ᠳᠤ ᠰᠠᠭᠠᠲᠠᠭᠰᠠᠨ ᠬᠤᠳᠠ ᠶᠢᠨ | ᠤᠳᠤᠷᠢᠳᠤᠯᠭ᠎ᠠ ᠳᠤ ᠪᠠᠰᠠ ᠭᠠᠩ ᠪᠦᠬᠡ᠂ ᠵᠠᠩ ᠶᠢᠨ ᠫᠢᠩ᠂ ᠯᠢ ᠵᠢᠶᠦ᠋ᠩ᠂ ᠶᠦᠨ ᠬᠠᠢ᠂ ᠰᠦᠨ ᠪᠢᠩ ᠸᠧᠨ᠂ | ᠯᠢᠦ ᠴᠧᠩ ᠮᠢᠨ᠂ ᠸᠠᠩ ᠬᠤᠤ ᠯᠸᠢ᠂ ᠦ᠋ ᠸᠧᠨ ᠮᠢᠩ᠂ ᠰᠢᠤᠢ ᠷᠦᠢ ᠰᠢᠶᠠ᠂ ᠪᠢ ᠭᠦᠸᠧ ᠴᠧᠨ᠂ ᠮᠠᠤ ᠪᠣᠤ | ᠹᠧᠩ᠂ ᠶᠦᠨ ᠰᠢᠨ ᠮᠢᠩ᠂ ᠴᠢᠶᠣᠤ ᠶᠦᠨ ᠯᠢ᠂ ᠵᠠᠩ ᠭᠦᠸᠧ ᠫᠢᠩ᠂ ᠵᠤᠤ ᠵᠢᠦ ᠵᠢᠦ᠂ ᠬᠤᠢ ᠯᠢ᠂ ᠭᠤᠤ ᠵᠧᠨ | ᠸᠧᠢ᠂ ᠭᠦᠸᠧ ᠪᠢᠩ ᠱᠧᠩ᠂ ᠶᠦᠨ ᠺᠦᠢ᠂ ᠰᠦᠩ ᠬᠤᠢ᠂ ᠯᠦᠸᠧ ᠯᠢᠨ᠂ ᠰᠦᠸᠧ ᠶᠢᠩ ᠵᠢᠶᠦ᠋ᠨ᠂ ᠸᠠᠩ | ᠭᠦᠸᠧ ᠬᠤᠸᠠ ᠵᠢᠴᠢ ᠲᠡᠷᠢᠭᠦᠯᠡᠭᠴᠢᠳ ᠤᠨ ᠪᠦᠯᠬᠦᠮ ᠤᠨ ᠪᠤᠰᠤᠳ ᠪᠦᠷᠢᠯᠳᠦᠬᠦᠨ ᠪᠤᠢ᠃ | ᠬᠠᠤᠯᠢ ᠳᠤ ᠲᠣᠭᠲᠠᠭᠠᠭᠰᠠᠨ ᠰᠤᠯᠠ ᠣᠷᠣᠯᠴᠠᠬᠤ ᠬᠥᠮᠦᠰ ᠪᠠ ᠬᠥᠬᠡᠬᠤᠲᠠ ᠶᠢᠨ ᠠᠷᠪᠠᠨ ᠲᠠᠪᠤᠳᠤᠭᠠᠷ | ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠬᠤᠷᠢᠨ | ᠵᠢᠷᠭᠤᠳᠤᠭᠠᠷ ᠬᠤᠷᠠᠯ ᠠᠴᠠ ᠲᠣᠭᠲᠠᠭᠠᠭᠰᠠᠨ ᠰᠤᠯᠠ ᠣᠷᠣᠯᠴᠠᠬᠤ ᠬᠥᠮᠦᠰ ᠬᠤᠷᠠᠯ ᠳᠤ ᠰᠤᠯᠠ ᠤᠷᠤᠯᠴᠠᠪᠠ᠃ | ᠶᠡᠭᠡ ᠬᠤᠷᠠᠯ ᠰᠦᠷ ᠵᠢᠪᠬᠤᠯᠠᠩᠲᠤ ᠤᠯᠤᠰ ᠤᠨ ᠰᠦᠯᠳᠡ ᠳᠠᠭᠤᠤ ᠶᠢᠨ ᠠᠶᠠᠰ ᠳᠤᠮᠳᠠ ᠠᠮᠵᠢᠯᠲᠠ ᠲᠠᠢ | ᠥᠨᠳᠦᠷᠯᠡᠪᠡ᠃ | ᠬᠦᠬᠡᠬᠤᠲᠠ ᠶᠢᠨ ᠡᠳᠦᠷ ᠤᠨ ᠰᠣᠨᠢᠨ ᠤ ᠰᠣᠷᠪᠤᠯᠵᠢᠯᠠᠭᠴᠢ ᠶᠦᠨ ᠵᠢᠩ ᠯᠢᠦ ᠴᠢᠩ ᠢᠥᠢ | ᠬᠦᠬᠡᠬᠤᠲᠠ ᠶᠢᠨ ᠰᠣᠨᠢᠨ ᠮᠡᠳᠡᠭᠡᠨ ᠤ ᠰᠦᠯᠵᠢᠶ᠎ᠡ ᠶᠢᠨ ᠰᠣᠷᠪᠤᠯᠵᠢᠯᠠᠭᠴᠢ ᠭᠤᠤ ᠶᠢᠨ ᠯᠢᠩ ᠬᠠ ᠲᠤ | |