ᠰᠢᠨ᠎ᠡ ᠬᠤᠲᠠ ᠲᠣᠭᠤᠷᠢᠭ ᠤᠨ ᠤᠳᠤᠷᠢᠳᠤᠯᠭ᠎ᠠ ᠴᠠᠭᠠᠨ ᠰᠠᠷ᠎ᠠ ᠠᠴᠠ ᠡᠮᠦᠨ᠎ᠡ ᠲᠣᠬᠤᠨᠢᠭᠤᠯᠬᠤ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2021/2/3
     ᠴᠠᠭᠠᠨ ᠰᠠᠷ᠎ᠠ ᠣᠶᠢᠷᠠᠲᠤᠯ᠎ᠠ᠂ 1 ᠳ᠋ᠦ᠋ᠭᠡᠷ ᠰᠠᠷ᠎ᠠ ᠶᠢᠨ 29 ᠤ ᠦᠳᠡ ᠶᠢᠨ ᠡᠮᠦᠨ᠎ᠡ᠂ ᠰᠢᠨ᠎ᠡ ᠬᠤᠳᠠ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶᠠᠨ ᠤ ᠱᠦᠵᠢ ᠯᠢᠦ ᠵᠤᠤ ᠵᠢᠶᠠᠩ ᠲᠣᠭᠤᠷᠢᠭ ᠤᠨ ᠰᠢᠭᠦᠬᠦ ᠬᠤᠷᠢᠶ᠎ᠠ᠂ ᠲᠣᠭᠤᠷᠢᠭ ᠤᠨ ᠪᠠᠶᠢᠴᠠᠭᠠᠬᠤ ᠬᠤᠷᠢᠶ᠎ᠠ᠂ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠤᠪᠴᠢᠶ᠎ᠠ᠂ ᠲᠣᠭᠤᠷᠢᠭ ᠤᠨ ᠵᠠᠮ ᠬᠠᠷᠢᠯᠴᠠᠭᠠᠨ ᠤ ᠴᠠᠭᠳᠠᠭ᠎ᠠ ᠶᠢᠨ ᠶᠡᠭᠡ ᠠᠩᠬᠢ᠂ ᠲᠣᠭᠤᠷᠢᠭ ᠤᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠤᠪᠴᠢᠶ᠎ᠠ᠂ ᠵᠠᠬᠢᠳᠠᠯ ᠰᠤᠷᠪᠤᠯᠵᠢᠯᠠᠭ᠎ᠠ ᠶᠢᠨ ᠲᠤᠪᠴᠢᠶ᠎ᠠ᠂ ᠬᠤᠳᠠ ᠶᠢᠨ ᠬᠠᠮᠢᠶᠠᠷᠤᠯᠲᠠ ᠶᠢᠨ ᠲᠤᠪᠴᠢᠶ᠎ᠠ᠂ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠢ ᠪᠣᠯᠭᠤᠭᠠᠨ ᠲᠣᠬᠤᠨᠢᠭᠤᠯᠵᠤ᠂ ᠴᠠᠭᠠᠨ ᠰᠠᠷ᠎ᠠ ᠶᠢᠨ ᠬᠤᠭᠤᠴᠠᠭᠠᠨ ᠳᠠᠬᠢ ᠠᠵᠢᠯ ᠤᠨ ᠪᠠᠶᠢᠷᠢ ᠪᠠᠨ ᠪᠠᠲᠤ ᠰᠠᠬᠢᠵᠤ ᠪᠠᠶᠢᠭ᠎ᠠ ᠺᠠᠳ᠋ᠷ ᠠᠵᠢᠯᠳᠠᠨ ᠠᠵᠢᠯᠴᠢᠨ ᠢ ᠳᠣᠲᠣᠨᠣ ᠪᠠᠷ ᠲᠣᠬᠤᠨᠢᠭᠤᠯᠵᠤ ᠪᠠᠶᠢᠬᠤ ᠪᠠᠨ ᠢᠯᠡᠳᠬᠡᠵᠦ᠂ ᠲᠡᠳᠡᠨ ᠤ ᠰᠢᠷᠭᠠᠭᠤ ᠬᠠᠲᠠᠭᠤᠵᠢᠯᠲᠠᠢ ᠴᠢᠷᠮᠠᠶᠢᠯᠭ᠎ᠠ ᠳᠤ ᠲᠠᠯᠠᠷᠬᠠᠬᠤ ᠶᠢᠨ ᠬᠠᠮᠲᠤ ᠤᠯᠠᠨ ᠳᠤ ᠰᠠᠶᠢᠨ ᠰᠠᠶᠢᠬᠠᠨ ᠴᠠᠭᠠᠨ ᠰᠠᠷ᠎ᠠ ᠶᠢᠨ ᠵᠥᠩᠨᠡᠯ ᠳᠡᠪᠰᠢᠭᠦᠯᠪᠡ᠃
     ᠬᠦᠷᠦᠭᠰᠡᠨ ᠭᠠᠵᠠᠷ ᠪᠣᠯᠭᠠᠨ ᠳᠤ᠂ ᠯᠢᠦ ᠵᠤᠤ ᠵᠢᠶᠠᠩ ᠠᠵᠢᠯᠲᠠᠳ ᠲᠠᠢ ᠳᠣᠲᠣᠨᠣ ᠪᠠᠷ ᠶᠠᠷᠢᠯᠴᠠᠵᠤ᠂ ᠴᠠᠭᠠᠨ ᠰᠠᠷ᠎ᠠ ᠶᠢᠨ ᠬᠤᠭᠤᠴᠠᠭᠠᠨ ᠳᠠᠬᠢ ᠵᠢᠵᠢᠭᠦᠷᠯᠡᠬᠦ ᠪᠡᠯᠡᠳᠬᠡᠯ ᠠᠵᠢᠯ ᠤᠨ ᠪᠠᠶᠢᠳᠠᠯ ᠢ ᠨᠠᠷᠢᠨ ᠠᠰᠠᠭᠤᠵᠤ᠂ ᠤᠯᠠᠨ ᠳᠤ ᠰᠢᠨ᠎ᠡ ᠵᠢᠯ ᠤᠨ ᠮᠡᠨᠳᠦᠴᠢᠯᠡᠯ ᠪᠠ ᠵᠥᠩᠨᠡᠯ ᠳᠡᠪᠰᠢᠭᠦᠯᠦᠭᠰᠡᠨ ᠪᠥᠭᠡᠳ ᠲᠡᠳᠡᠨ ᠳᠤ ᠲᠣᠬᠤᠨᠢᠭᠤᠯᠬᠤ ᠮᠥᠩᠭᠦ ᠬᠦᠷᠭᠡᠵᠦ᠂ ᠲᠡᠳᠡᠨ ᠤ ᠢᠮᠠᠭᠲᠠ ᠡᠭᠦᠷᠭᠡ ᠲᠤᠰᠢᠶᠠᠯ ᠢᠶᠠᠨ ᠰᠢᠳᠤᠷᠭᠤ ᠪᠠᠷ ᠭᠦᠢᠴᠡᠳᠬᠡᠵᠦ᠂ ᠳᠤᠷᠠᠲᠠᠶ᠎ᠠ ᠬᠤᠪᠢ ᠨᠡᠮᠡᠷᠢ ᠪᠠᠨ ᠦᠵᠡᠭᠦᠯᠵᠦ᠂ ︽ᠪᠠᠭ᠎ᠠ ᠭᠡᠷ ᠪᠠᠨ ᠦᠷᠡᠭᠳᠡᠭᠦᠯᠵᠦ ᠤᠯᠠᠨ ᠤ ᠲᠥᠯᠥᠭᠡ ᠵᠢᠳᠬᠦᠬᠦ︾ ᠵᠣᠷᠢᠭ ᠰᠠᠨᠠᠭ᠎ᠠ ᠶᠢ ᠪᠠᠳᠠᠷᠠᠭᠤᠯᠵᠤ᠂ ᠰᠢᠨ᠎ᠡ ᠬᠤᠳᠠ ᠲᠣᠭᠤᠷᠢᠭ ᠤᠨ ᠠᠵᠤ ᠠᠬᠤᠢ ᠨᠡᠶᠢᠭᠡᠮ ᠤᠨ ᠬᠥᠭᠵᠢᠯᠲᠡ ᠶᠢ ᠠᠬᠢᠭᠤᠯᠬᠤ ᠳᠤ ᠲᠤᠪᠤᠶᠢᠮ᠎ᠠ ᠬᠤᠪᠢ ᠨᠡᠮᠡᠷᠢ ᠦᠵᠡᠭᠦᠯᠦᠭᠰᠡᠨ ᠳᠤ ᠲᠠᠯᠠᠷᠬᠠᠪᠠ᠃
      ᠳᠠᠷᠠᠭ᠎ᠠ ᠨᠢ ᠯᠢᠦ ᠵᠣᠣ ᠵᠢᠶᠠᠩ ᠨᠠᠷ ᠠᠮᠢᠳᠤᠷᠠᠯ ᠤᠨ ᠨᠠᠭᠠᠳᠤ ᠵᠠᠬ᠎ᠠ ᠶᠢᠨ ᠪᠠᠲᠤᠯᠠᠭ᠎ᠠ ᠭᠥᠷᠳᠡᠵᠦ ᠪᠠᠶᠢᠭ᠎ᠠ ᠵᠦᠦ ᠰᠦ ᠴᠢᠩ᠂ ᠣᠨᠴᠠ ᠬᠦᠴᠢᠷᠳᠡᠯᠲᠡᠶ ᠬᠥᠮᠦᠰ ᠯᠢᠦ ᠷᠦᠨ ᠱᠧᠩ ᠤᠨ ᠬᠡᠷ ᠲᠤ ᠬᠦᠷᠴᠦ᠂ ᠲᠡᠳᠡᠨ ᠤ ᠡᠳᠦᠷ ᠲᠤᠲᠤᠮ ᠤᠨ ᠠᠮᠢᠳᠤᠷᠠᠯ ᠤᠨ ᠪᠠᠶᠢᠳᠠᠯ ᠵᠢᠴᠢ ᠲᠤᠯᠭᠠᠷᠠᠵᠤ ᠪᠠᠶᠢᠭ᠎ᠠ ᠬᠦᠴᠢᠷᠳᠡᠯ ᠢ ᠨᠠᠷᠢᠨ ᠣᠶᠢᠯᠠᠭᠠᠵᠤ᠂ ᠲᠡᠳᠡᠨ ᠳᠤ ᠠᠮᠤ ᠪᠤᠳᠠᠭ᠎ᠠ᠂ ᠭᠤᠯᠢᠷ᠂ ᠲᠣᠰᠣ ᠵᠡᠷᠭᠡ ᠠᠮᠢᠳᠤᠷᠠᠯ ᠤᠨ ᠡᠳ᠋ ᠪᠣᠳᠠᠰ ᠬᠦᠷᠭᠡᠵᠦ᠂ ᠲᠡᠳᠡᠨ ᠳᠤ ᠨᠠᠮ ᠪᠠ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠦᠨᠡᠨᠬᠦ ᠮᠡᠳᠡᠷᠡᠭᠦᠯᠪᠡ᠃ ᠯᠢᠦ ᠵᠣᠣ ᠵᠢᠶᠠᠩ ᠬᠤᠯᠪᠣᠭᠳᠠᠯ ᠪᠥᠬᠦᠶ ᠨᠢᠭᠡᠴᠡ ᠳᠤ᠂ ᠬᠦᠴᠢᠷᠳᠡᠯᠲᠡᠶ ᠣᠯᠠᠨ ᠲᠦᠮᠡᠨ ᠢ ᠢᠯᠡᠭᠦᠬᠡᠨ ᠬᠠᠯᠠᠮᠵᠢᠯᠠᠵᠤ᠂ ᠬᠦᠰᠡᠯ ᠱᠠᠭᠠᠷᠳᠠᠯᠭ᠎ᠠ ᠶᠢ ᠨᠢ ᠨᠠᠷᠢᠨ ᠬᠢᠨᠠᠮᠠᠭᠠᠶ ᠰᠣᠨᠣᠰᠴᠤ᠂ ᠬᠦᠴᠢᠷᠳᠡᠯ ᠪᠠ ᠠᠰᠠᠭᠤᠳᠠᠯ ᠢ ᠨᠢ ᠴᠠᠭ ᠲᠤᠬᠠᠶ ᠳᠤᠨᠢ ᠬᠠᠪᠰᠤᠷᠤᠨ ᠰᠢᠢᠳᠪᠦᠷᠢᠯᠡᠬᠦ ᠬᠡᠷᠡᠭᠲᠡᠶ ᠭᠡᠵᠦ ᠵᠠᠬᠢᠪᠠ᠃       ᠲᠤᠭᠤᠷᠢᠭ ᠤᠨ ᠵᠠᠰᠠᠭ ᠤᠨ ᠣᠷᠳᠣᠨ ᠤ ᠳᠡᠳ᠋ ᠲᠤᠭᠤᠷᠢᠭ ᠤᠨ ᠳᠠᠷᠤᠭ᠎ᠠ ᠤᠳᠤᠨ ᠲᠣᠬᠤᠨᠢᠭᠤᠯᠬᠤ ᠠᠵᠢᠯᠯᠠᠭ᠎ᠠ ᠳᠤ ᠣᠷᠣᠯᠴᠠᠪᠠ᠃
 
ᠢᠷᠡᠯᠲᠡ᠄ ᠰᠢᠨ᠎ᠡ ᠬᠤᠲᠠ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号