ᠸᠠᠩ ᠯᠢ ᠰᠢᠶᠠ ᠡᠷᠬᠢᠯᠡᠵᠦ ᠵᠠᠩ ᠪᠠᠢ ᠴᠧᠩ ᠶᠦᠨ ᠵᠢᠶᠡᠨ ᠳ᠋ᠦᠩ ᠰᠦᠨ ᠵᠢᠶᠠᠨ ᠬᠤᠸᠠ ᠯᠥᠸᠧ ᠴᠢᠩ | ᠾᠧ ᠬᠠᠢ ᠳ᠋ᠦᠩ ᠣᠷᠣᠯᠴᠠᠪᠠ | ︵ᠰᠤᠷᠪᠤᠯᠵᠢᠯᠠᠭᠴᠢ ᠹᠧᠩ ᠶᠠᠨ ᠫᠢᠩ︶ 2 ᠳ᠋ᠤᠭᠠᠷ ᠰᠠᠷ᠎ᠠ ᠶᠢᠨ 2 ᠤᠨ ᠡᠳᠦᠷ᠂ ᠬᠤᠲᠠ ᠶᠢᠨ ᠨᠠᠮ ᠤᠨ | ᠬᠤᠷᠢᠶ᠎ᠠ ᠶᠢᠨ ᠣᠨᠣᠯ ᠰᠤᠷᠤᠯᠴᠠᠬᠤ ᠭᠤᠣᠯ ᠳᠤᠭᠤᠶᠢᠯᠠᠩ ᠤᠨ 2021 ᠣᠨ ᠤ ᠬᠤᠶᠠᠳᠤᠭᠠᠷ ᠤᠳᠠᠭ᠎ᠠ ᠶᠢᠨ | ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠬᠤᠷᠠᠯᠳᠤᠵᠤ᠂ ᠨᠠᠮ ᠤᠨ ᠲᠥᠪ ᠬᠤᠷᠢᠶ᠎ᠠ ᠪᠠ ᠥᠪᠡᠷᠲᠡᠭᠡᠨ ᠵᠠᠰᠠᠬᠤ | ᠣᠷᠣᠨ ᠤ ᠨᠠᠮ ᠤᠨ ᠬᠤᠷᠢᠶ᠎ᠠ ᠶᠢᠨ 2020 ᠣᠨ ᠤ ᠨᠠᠮ ᠤᠨ ᠭᠡᠰᠢᠭᠦᠨ ᠤᠳᠤᠷᠢᠳᠬᠤ ᠺᠠᠳ᠋ᠷ ᠤᠨ ᠠᠷᠠᠳᠴᠢᠯᠠᠭᠰᠠᠨ | ᠠᠮᠢᠳᠤᠷᠠᠯ ᠤᠨ ᠬᠤᠷᠠᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ ᠶᠡᠷᠦᠩᠬᠡᠢ ᠱᠦᠵᠢ ᠰᠢ ᠶᠢᠨ ᠫᠢᠩ ᠤᠨ | ᠨᠠᠮ ᠤᠨ ᠤᠯᠤᠰ ᠲᠥᠷᠥ ᠶᠢᠨ ᠪᠠᠶᠢᠭᠤᠯᠤᠯᠲᠠ ᠶᠢᠨ ᠲᠤᠬᠠᠢ ᠴᠢᠬᠤᠯᠠ ᠥᠭᠦᠯᠡᠯᠲᠡ ᠣᠨᠴᠠᠭᠠᠶᠢᠯᠠᠨ ᠲᠥᠪ ᠤᠨ | ᠤᠯᠤᠰ ᠲᠥᠷᠥ ᠶᠢᠨ ᠲᠣᠪᠴᠢᠶ᠎ᠠ ᠶᠢᠨ ᠠᠷᠠᠳᠴᠢᠯᠠᠭᠰᠠᠨ ᠠᠮᠢᠳᠤᠷᠠᠯ ᠤᠨ ᠬᠤᠷᠠᠯ ᠳᠡᠭᠡᠷᠡᠬᠢ ᠴᠢᠬᠤᠯᠠ ᠶᠠᠷᠢᠶᠠᠨ ᠤ | ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠵᠤ᠂ ᠦᠵᠡᠯ ᠰᠠᠨᠠᠭ᠎ᠠ ᠪᠠᠨ ᠤᠯᠠᠮ ᠨᠢᠭᠡ ᠠᠯᠬᠤᠮ ᠨᠢᠭᠡᠳᠬᠡᠨ᠂ | ᠲᠠᠨᠢᠯᠲᠠ ᠪᠠᠨ ᠭᠦᠨᠵᠡᠭᠡᠶᠢᠷᠡᠭᠦᠯᠵᠦ᠂ ᠬᠠᠮᠲᠤ ᠶᠢᠨ ᠦᠵᠡᠯᠲᠡ ᠶᠢ ᠨᠢᠭᠲᠠᠷᠠᠭᠤᠯᠵᠤ᠂ ᠬᠤᠲᠠ ᠶᠢᠨ ᠨᠠᠮ ᠤᠨ | ᠬᠤᠷᠢᠶ᠎ᠠ ᠶᠢᠨ ᠤᠳᠤᠷᠢᠳᠬᠤ ᠪᠠᠭ ᠤᠨ ᠠᠷᠠᠳᠴᠢᠯᠠᠭᠰᠠᠨ ᠠᠮᠢᠳᠤᠷᠠᠯ ᠤᠨ ᠬᠤᠷᠠᠯ ᠢ ᠬᠤᠷᠠᠯᠳᠤᠭᠤᠯᠬᠤ ᠳᠤ ᠦᠵᠡᠯ | ᠰᠠᠨᠠᠭᠠᠨ ᠪᠠ ᠵᠣᠬᠢᠶᠠᠨ ᠪᠠᠶᠢᠭᠤᠯᠤᠯᠲᠠ ᠶᠢᠨ ᠪᠡᠯᠡᠳᠬᠡᠯ ᠬᠢᠵᠡᠢ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ | ᠬᠤᠷᠢᠶ᠎ᠠ ᠶᠢᠨ ᠱᠦᠵᠢ ᠸᠠᠩ ᠯᠢ ᠰᠢᠶᠠ ᠬᠤᠷᠠᠯ ᠢ ᠡᠷᠬᠢᠯᠡᠪᠡ᠃ | ᠬᠤᠷᠠᠯ ᠠᠴᠠ ᠴᠢᠬᠤᠯᠠᠴᠢᠯᠠᠭᠰᠠᠨ ᠨᠢ᠂ ᠲᠤᠭ ᠲᠡᠮᠳᠡᠭ ᠲᠣᠳᠣᠷᠬᠠᠢ ᠪᠠᠷ ᠤᠯᠤᠰ ᠲᠥᠷᠥ ᠶᠢ ᠡᠷᠬᠢᠮᠯᠡᠬᠦ ᠡᠨᠡ | ᠬᠦ ᠬᠥᠪᠴᠢ ᠶᠢ ᠴᠠᠭ ᠢᠮᠠᠭᠲᠠ ᠴᠢᠩᠭ᠎ᠠ ᠬᠥᠪᠴᠢᠯᠡᠵᠦ᠂ ᠤᠯᠤᠰ ᠲᠥᠷᠥ ᠶᠢᠨ ᠮᠠᠭᠠᠳᠯᠠᠬᠤ ᠴᠢᠳᠠᠪᠤᠷᠢ᠂ ᠤᠯᠤᠰ | ᠲᠥᠷᠥ ᠶᠢᠨ ᠣᠶᠢᠯᠭᠠᠬᠤ ᠴᠢᠳᠠᠪᠤᠷᠢ᠂ ᠤᠯᠤᠰ ᠲᠥᠷᠥ ᠶᠢᠨ ᠭᠦᠢᠴᠡᠳᠬᠡᠬᠦ ᠴᠢᠳᠠᠪᠤᠷᠢ ᠪᠠᠨ ᠪᠦᠬᠦ ᠲᠠᠯ᠎ᠠ ᠪᠠᠷ | ᠳᠡᠭᠡᠭᠰᠢᠯᠡᠭᠦᠯᠵᠦ᠂ ︽ᠬᠤᠶᠠᠷ ᠢ ᠬᠦᠷᠢᠶᠡᠯᠡᠬᠦ︾ ᠶᠢ ᠪᠠᠲᠤ ᠴᠢᠩᠭ᠎ᠠ ᠡᠷᠡᠰ ᠲᠠᠰᠤᠷᠬᠠᠢ ᠪᠡᠶᠡᠯᠡᠭᠦᠯᠬᠦ ᠬᠡᠷᠡᠭᠲᠡᠢ᠃ | ᠤᠯᠤᠰ ᠲᠥᠷᠥ ᠶᠢᠨ ᠴᠢᠭᠯᠡᠯ ᠢᠶᠠᠨ ᠣᠨᠣᠪᠴᠢᠲᠠᠢ ᠡᠵᠡᠮᠰᠢᠵᠦ᠂ ᠨᠠᠮ ᠤᠨ ᠤᠯᠤᠰ ᠲᠥᠷᠥ ᠶᠢᠨ ᠤᠳᠤᠷᠢᠳᠤᠯᠭ᠎ᠠ ᠶᠢ | ᠪᠠᠷᠢᠮᠲᠠᠯᠠᠨ᠂ ᠤᠯᠤᠰ ᠲᠥᠷᠥ ᠶᠢᠨ ᠰᠠᠭᠤᠷᠢ ᠶᠢ ᠪᠠᠲᠤᠳᠬᠠᠵᠤ᠂ ᠤᠯᠤᠰ ᠲᠥᠷᠥ ᠶᠢᠨ ᠠᠮᠢ ᠠᠬᠤᠢ ᠶᠢ | ᠥᠩᠰᠢᠭᠦᠯᠵᠦ᠂ ᠤᠯᠤᠰ ᠲᠥᠷᠥ ᠶᠢᠨ ᠲᠦᠭᠰᠢᠭᠦᠷᠢ ᠶᠢ ᠰᠡᠷᠭᠡᠶᠢᠯᠡᠵᠦ᠂ ᠤᠯᠤᠰ ᠲᠥᠷᠥ ᠶᠢᠨ ᠲᠣᠭᠤᠷᠢᠨ | ᠪᠠᠶᠢᠴᠠᠭᠠᠵᠤ ᠴᠡᠭᠴᠡᠯᠡᠨ ᠵᠠᠰᠠᠬᠤ ᠶᠢ ᠰᠠᠶᠢᠲᠤᠷ ᠠᠳᠬᠤᠵᠤ᠂ ᠬᠠᠮᠤᠭ ᠤᠨ ᠡᠷᠡᠰ ᠲᠠᠰᠤᠷᠬᠠᠢ ᠣᠪᠣᠷ᠂ ᠬᠠᠮᠤᠭ ᠤᠨ | ᠡᠷᠴᠢᠮ ᠬᠦᠴᠦ ᠲᠠᠢ ᠠᠷᠭ᠎ᠠ ᠬᠡᠮᠵᠢᠶ᠎ᠡ ᠪᠠᠷ ᠴᠡᠭᠴᠡᠯᠡᠨ ᠥᠭᠡᠷᠡᠴᠢᠯᠡᠬᠦ ᠡᠭᠦᠷᠭᠡ ᠶᠢ ᠲᠤᠭ᠎ᠠ ᠶᠣᠰᠣᠭᠠᠷ ᠴᠢᠨᠠᠷ ᠲᠠᠢ | ᠪᠡᠶᠡᠯᠡᠭᠦᠯᠵᠦ᠂ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠣᠨ ᠥᠷᠭᠡᠨ | ᠣᠯᠠᠨ ᠠᠷᠠᠳ ᠲᠦᠮᠡᠨ ᠳᠤ ᠨᠢᠭᠡᠨ ᠬᠤᠪᠢ ᠬᠠᠨᠤᠮᠵᠢᠲᠠᠢ ᠬᠠᠷᠢᠭᠤᠯᠲᠠ ᠶᠢᠨ ᠬᠠᠭᠤᠳᠠᠰᠤ ᠲᠤᠰᠢᠶᠠᠬᠤ ᠬᠡᠷᠡᠭᠲᠡᠢ | ᠭᠡᠵᠡᠢ᠃ | ᠬᠤᠷᠠᠯ ᠠᠴᠠ ᠴᠢᠬᠤᠯᠠᠴᠢᠯᠠᠭᠰᠠᠨ ᠨᠢ᠂ ᠥᠪᠡᠷ ᠤᠨ ᠪᠡᠶ᠎ᠡ ᠳᠡᠭᠡᠨ ᠬᠤᠪᠢᠰᠬᠠᠯ ᠬᠢᠬᠦ ᠵᠣᠷᠢᠭ ᠰᠠᠨᠠᠭ᠎ᠠ ᠶᠢ | ᠪᠠᠷᠢᠮᠲᠠᠯᠠᠨ᠂ ᠦᠷᠭᠦᠯᠵᠢ ᠦᠵᠡᠯ ᠰᠠᠨᠠᠭ᠎ᠠ ᠤᠯᠤᠰ ᠲᠥᠷᠥ ᠶᠢᠨ ᠪᠠᠶᠢᠴᠠᠭᠠᠯᠲᠠ ᠬᠢᠵᠦ᠂ ᠤᠯᠤᠰ ᠲᠥᠷᠥ ᠶᠢᠨ ᠠᠮᠢᠨ | ᠰᠦᠨᠡᠰᠦ ᠪᠠᠨ ᠤᠬᠠᠮᠰᠠᠷ ᠠᠴᠠ ᠪᠠᠨ ᠠᠷᠢᠭᠤᠳᠬᠠᠵᠤ᠂ ᠤᠯᠤᠰ ᠲᠥᠷᠥ ᠶᠢᠨ ᠳᠠᠷᠬᠠᠯᠠᠭ᠎ᠠ ᠪᠠᠨ ᠦᠨᠡᠨᠬᠦ | ᠴᠢᠩᠭᠠᠳᠬᠠᠵᠤ ᠬᠡᠷᠡᠭᠲᠡᠢ᠃ ᠦᠷᠭᠦᠯᠵᠢ ᠣᠨᠣᠯ ᠤᠨ ᠪᠣᠯᠪᠠᠰᠤᠷᠠᠯ᠂ ᠤᠯᠤᠰ ᠲᠥᠷᠥ ᠶᠢᠨ ᠢᠲᠡᠭᠡᠯ ᠪᠢᠰᠢᠷᠡᠯ᠂ | ᠤᠯᠤᠰ ᠲᠥᠷᠥ ᠶᠢᠨ ᠤᠬᠠᠮᠰᠠᠷ᠂ ᠤᠯᠤᠰ ᠲᠥᠷᠥ ᠶᠢᠨ ᠣᠪᠣᠷ᠂ ᠤᠯᠤᠰ ᠲᠥᠷᠥ ᠶᠢᠨ ᠰᠠᠬᠢᠯᠭ᠎ᠠ ᠪᠠᠲᠤ᠂ ᠤᠯᠤᠰ | ᠲᠥᠷᠥ ᠶᠢᠨ ᠶᠣᠰᠣ ᠳᠦᠷᠢᠮ ᠢᠶᠠᠨ ᠪᠠᠶᠢᠴᠠᠭᠠᠨ ᠦᠵᠡᠵᠦ᠂ ᠥᠪᠡᠷ ᠤᠨ ᠪᠠᠨ ︽ᠤᠯᠤᠰ ᠤᠨ ᠶᠡᠭᠡ ᠶᠠᠪᠤᠳᠠᠯ︾ ᠳᠤ | ᠲᠣᠳᠣᠷᠬᠠᠢ ᠲᠠᠨᠢᠯᠲᠠ ᠲᠠᠢ ᠪᠠᠶᠢᠬᠤ ᠡᠰᠡᠬᠦ᠂ ᠴᠢᠬᠤᠯᠠ ᠶᠡᠭᠡ ᠠᠶᠤᠯ ᠲᠦᠭᠰᠢᠭᠦᠷᠢ ᠲᠠᠢ ᠥᠷᠢᠰᠦᠯᠳᠦᠭᠡᠨ ᠤ | ᠡᠮᠦᠨ᠎ᠡ ᠵᠣᠭᠰᠣᠯᠲᠠ ᠲᠣᠳᠣᠷᠬᠠᠢ ᠪᠠᠶᠢᠵᠤ᠂ ᠵᠣᠷᠢᠭᠲᠠᠢ ᠲᠡᠮᠡᠴᠡᠵᠦ᠂ ᠰᠠᠶᠢᠨ ᠲᠡᠮᠡᠴᠡᠵᠦ ᠴᠢᠳᠠᠬᠤ ᠡᠰᠡᠬᠦ᠂ ᠴᠠᠭ | ᠢᠮᠠᠭᠲᠠ ᠥᠪᠡᠷ ᠢ ᠪᠠᠨ ᠬᠢᠴᠢᠶᠡᠵᠦ ᠥᠪᠡᠷ ᠢ ᠪᠠᠨ ᠲᠤᠩᠭᠠᠵᠤ ᠥᠪᠡᠷ ᠢ ᠪᠠᠨ ᠰᠡᠷᠡᠮᠵᠢᠯᠡᠭᠦᠯᠵᠦ ᠥᠪᠡᠷ ᠢ ᠪᠠᠨ | ᠵᠣᠷᠢᠭᠵᠢᠭᠤᠯᠵᠤ ᠪᠠᠶᠢᠬᠤ ᠡᠰᠡᠬᠦ᠂ ᠭᠠᠭᠴᠠᠭᠠᠷ ᠠᠴᠠ ᠪᠣᠯᠭᠤᠮᠵᠢᠯᠠᠵᠤ ᠡᠬᠢᠯᠡᠬᠦ ᠠᠴᠠ ᠨᠢ ᠪᠣᠯᠭᠤᠮᠵᠢᠯᠠᠵᠤ | ᠪᠠᠭ᠎ᠠ ᠠᠴᠠ ᠨᠢ ᠪᠣᠯᠭᠤᠮᠵᠢᠯᠠᠵᠤ ᠨᠥᠬᠦᠷᠯᠡᠬᠦ ᠠᠴᠠ ᠪᠣᠯᠭᠤᠮᠵᠢᠯᠠᠵᠤ ᠪᠠᠶᠢᠬᠤ ᠡᠰᠡᠬᠦ᠂ ᠨᠠᠮ ᠤᠨ ᠲᠥᠪ ᠬᠤᠷᠢᠶᠠᠨ ᠤ | ᠤᠷᠢᠶᠠᠯᠠᠭ᠎ᠠ ᠶᠢ ᠡᠷᠡᠰ ᠳᠠᠭᠠᠵᠤ᠂ ᠨᠠᠮ ᠤᠨ ᠲᠥᠪ ᠬᠤᠷᠢᠶᠠᠨ ᠤ ᠰᠢᠢᠳᠪᠦᠷᠢ ᠶᠢ ᠴᠢᠩᠭ᠎ᠠ ᠬᠡᠷᠡᠭᠵᠢᠭᠦᠯᠵᠦ᠂ | ᠨᠠᠮ ᠤᠨ ᠲᠥᠪ ᠬᠤᠷᠢᠶᠠᠨ ᠠᠴᠠ ᠴᠠᠭᠠᠵᠠᠯᠠᠭᠰᠠᠨ ᠢ ᠶᠠᠭ ᠬᠢᠬᠦ ᠦᠭᠡᠢ ᠪᠠᠶᠢᠵᠤ ᠴᠢᠳᠠᠬᠤ ᠡᠰᠡᠬᠦ ᠪᠠᠨ ᠴᠠᠭ ᠢᠮᠠᠭᠲᠠ | ᠰᠠᠨᠠᠬᠤ ᠬᠡᠷᠡᠭᠲᠡᠢ᠃ | ︽ᠢᠯᠵᠠᠷᠠᠬᠤ︾ ︽ᠬᠦᠷᠢᠶᠡᠯᠡᠭᠦᠯᠦᠨ ᠠᠪᠠᠯᠠᠭᠤᠯᠬᠤ︾ ᠳᠤ ᠴᠠᠭ ᠢᠮᠠᠭᠲᠠ ᠰᠡᠷᠡᠮᠵᠢ ᠲᠠᠢ ᠪᠠᠶᠢᠵᠤ᠂ | ᠭᠤᠣᠯ ᠬᠥᠭ ᠠᠶᠠᠰ ᠢ ᠴᠠᠭ ᠢᠮᠠᠭᠲᠠ ᠤᠷᠲᠤ ᠬᠤᠭᠤᠴᠠᠭ᠎ᠠ ᠪᠠᠷ ᠪᠠᠷᠢᠮᠲᠠᠯᠠᠨ᠂ ᠲᠤᠶᠢᠯ ᠳᠤᠨᠢ ᠲᠤᠯᠲᠠᠯ᠎ᠠ | ᠨᠠᠶᠢᠳᠠᠪᠤᠷᠢᠵᠢᠭᠤᠯᠬᠤ ᠬᠡᠷᠡᠭᠲᠡᠢ᠃ ᠰᠠᠬᠢᠯᠭ᠎ᠠ ᠪᠠᠲᠤ ᠶᠢ ᠴᠢᠩᠭ᠎ᠠ ᠰᠠᠬᠢᠬᠤ ᠶᠢ ᠪᠡᠶ᠎ᠡ ᠪᠠᠨ ᠵᠠᠰᠠᠬᠤ ᠶᠢᠨ ᠦᠨᠳᠦᠰᠦ | ᠪᠣᠯᠭᠠᠵᠤ᠂ ᠦᠨᠡᠨ ᠶᠣᠰᠣ ᠶᠢ ᠪᠠᠷᠢᠮᠲᠠᠯᠠᠨ᠂ ᠠᠯᠳᠠᠭ᠎ᠠ ᠪᠤᠷᠤᠭᠤ ᠪᠠᠨ ᠵᠠᠯᠠᠷᠠᠭᠤᠯᠵᠤ᠂ ᠨᠠᠮ ᠢ ᠬᠠᠮᠢᠶᠠᠷᠬᠤ ᠨᠠᠮ ᠢ | ᠵᠠᠰᠠᠬᠤ ᠤᠯᠤᠰ ᠲᠥᠷᠥ ᠶᠢᠨ ᠬᠠᠷᠢᠭᠤᠴᠠᠯᠭ᠎ᠠ ᠪᠠᠨ ᠡᠷᠡᠰ ᠡᠭᠦᠷᠭᠡᠯᠡᠵᠦ᠂ ᠳᠦᠷᠢᠮ ᠲᠣᠭᠲᠠᠭᠠᠯ ᠢ ᠵᠢᠷᠤᠮᠯᠠᠵᠤ | ᠰᠠᠬᠢᠯᠭ᠎ᠠ ᠪᠠᠲᠤ ᠶᠢ ᠰᠠᠬᠢᠬᠤ ᠶᠢ ᠵᠢᠩᠬᠢᠨᠢ ᠥᠪᠡᠷ ᠤᠨ ᠤᠬᠠᠮᠰᠠᠷ ᠪᠣᠯᠭᠠᠨ᠂ ᠡᠷᠬᠡ ᠪᠠᠨ ᠴᠢᠩᠭ᠎ᠠ ᠬᠡᠷᠡᠭᠵᠢᠭᠦᠯᠬᠦ ᠶᠢ | ᠳᠠᠭᠠᠳᠬᠠᠯ ᠪᠣᠯᠭᠠᠵᠤ᠂ ᠬᠠᠲᠠᠭᠤ ᠬᠢᠨᠠᠯᠲᠠ ᠲᠠᠯᠪᠢᠬᠤ ᠶᠢ ᠪᠠᠶᠢᠩᠭᠤᠵᠢᠭᠤᠯᠵᠤ᠂ ᠴᠡᠪᠡᠷ ᠠᠷᠢᠭᠤᠨ ᠲᠥᠪ ᠴᠢᠬᠡᠴᠢ | ᠤᠯᠤᠰ ᠲᠥᠷᠥ ᠶᠢᠨ ᠠᠮᠢ ᠠᠬᠤᠢ ᠶᠢ ᠪᠦᠬᠦ ᠬᠦᠴᠦᠨ ᠢᠶᠠᠷ ᠢᠶᠠᠨ ᠪᠤᠢ ᠪᠣᠯᠭᠠᠬᠤ ᠬᠡᠷᠡᠭᠲᠡᠢ ᠭᠡᠵᠡᠢ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠣᠭᠤᠷᠢᠨ ᠰᠣᠨᠣᠰᠬᠤ ᠰᠤᠯᠠ ᠰᠣᠨᠣᠰᠬᠤ | ᠠᠵᠢᠯ ᠤᠨ ᠳᠤᠭᠤᠶᠢᠯᠠᠩ ᠤᠨ ᠳᠠᠷᠤᠭ᠎ᠠ᠂ ᠥᠪᠥᠷ ᠮᠣᠩᠭᠤᠯ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠳᠠᠷᠤᠭ᠎ᠠ | ᠯᠢ ᠴᠦᠨ ᠯᠢᠨ ᠵᠢᠴᠢ ᠠᠵᠢᠯ ᠤᠨ ᠳᠤᠭᠤᠶᠢᠯᠠᠩ ᠤᠨ ᠭᠡᠰᠢᠭᠦᠳ ᠬᠤᠷᠠᠯ ᠳᠤ ᠲᠣᠭᠤᠷᠢᠨ ᠰᠣᠨᠣᠰᠴᠤ ᠰᠤᠯᠠ | ᠰᠣᠨᠣᠰᠴᠤ᠂ ᠯᠢ ᠴᠦᠨ ᠯᠢᠨ ᠦᠨᠡᠯᠡᠯᠲᠡ ᠬᠢᠭᠰᠡᠨ ᠪᠥᠭᠡᠳ ᠳᠠᠷᠠᠭᠠᠴᠢ ᠶᠢᠨ ᠠᠯᠬᠤᠮ ᠳᠤ ᠰᠤᠷᠤᠯᠴᠠᠯᠭ᠎ᠠ ᠶᠢ | ᠴᠢᠩᠭᠠᠳᠬᠠᠬᠤ ᠳᠡᠭᠡᠷ᠎ᠡ ᠪᠣᠳᠠᠲᠠᠢ ᠰᠠᠨᠠᠯ ᠳᠤᠷᠠᠳᠴᠠᠢ᠃ | ᠬᠤᠲᠠ ᠶᠢᠨ ᠤᠳᠤᠷᠢᠳᠤᠯᠭ᠎ᠠ ᠵᠠᠩ ᠪᠠᠢ ᠴᠧᠩ᠂ ᠶᠦᠨ ᠵᠢᠶᠠᠨ ᠳ᠋ᠦᠩ᠂ ᠰᠦᠨ ᠵᠢᠶᠠᠨ ᠬᠤᠸᠠ᠂ ᠯᠥᠸᠧ | ᠴᠢᠩ᠂ ᠾᠧ ᠬᠠᠢ ᠳ᠋ᠦᠩ ᠵᠢᠴᠢ ᠬᠤᠲᠠ ᠶᠢᠨ ᠨᠠᠮ ᠤᠨ ᠬᠤᠷᠢᠶ᠎ᠠ ᠶᠢᠨ ᠣᠨᠣᠯ ᠰᠤᠷᠤᠯᠴᠠᠬᠤ ᠭᠤᠣᠯ | ᠳᠤᠭᠤᠶᠢᠯᠠᠩ ᠤᠨ ᠭᠡᠰᠢᠭᠦᠳ ᠬᠤᠷᠠᠯ ᠳᠤ ᠣᠷᠣᠯᠴᠠᠵᠠᠢ᠃ |