︽ᠬᠥᠬᠡᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠬᠢᠨᠠᠯᠲᠠ ᠬᠠᠮᠢᠶᠠᠷᠤᠯᠲᠠ ᠶᠢᠨ ᠠᠷᠭ᠎ᠠ︾ ᠶᠢ ᠳᠠᠷᠤᠮᠠᠯᠯᠠᠨ ᠶᠠᠪᠤᠭᠤᠯᠬᠤ ᠲᠤᠬᠠᠢ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2021/2/3
       ᠬᠥᠬᠡᠬᠤᠲᠠ ᠵᠠᠰᠠᠭ ᠠᠯᠪᠠᠨ ᠲᠠᠷᠬᠠᠭᠠᠭᠰᠠᠨ ﹇2020﹈ 22 ᠳ᠋ᠤᠭᠠᠷ ᠲᠣᠭᠠᠲᠤ               2020 ᠣᠨ ᠤ 11 ᠳ᠋ᠦ᠋ᠭᠡᠷ ᠰᠠᠷ᠎ᠠ ᠶᠢᠨ 4 ᠤ ᠡᠳᠦᠷᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠬᠠᠮᠢᠶ᠎ᠠ ᠪᠦᠬᠦᠢ ᠰᠠᠯᠠᠭ᠎ᠠ ᠮᠥᠴᠢᠷ᠄       ︽ᠬᠥᠬᠡᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠬᠢᠨᠠᠯᠲᠠ ᠬᠠᠮᠢᠶᠠᠷᠤᠯᠲᠠ ᠶᠢᠨ ᠠᠷᠭ᠎ᠠ︾ ᠶᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠵᠦ᠂ ᠡᠲᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠨᠠᠷᠢᠨ ᠬᠢᠨᠠᠮᠠᠭᠠᠢ ᠲᠤᠭᠤᠰᠢᠯᠠᠭᠤᠯᠤᠨ ᠬᠡᠷᠡᠭᠵᠢᠭᠦᠯᠲᠦᠭᠡᠢ᠃             ᠬᠥᠬᠡᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠬᠢᠨᠠᠯᠲᠠ ᠬᠠᠮᠢᠶᠠᠷᠤᠯᠲᠠ ᠶᠢᠨ ᠠᠷᠭ᠎ᠠ      ᠨᠢᠭᠡᠳᠦᠭᠡᠷ ᠪᠦᠯᠦᠭ ᠶᠡᠷᠦᠩᠬᠡᠢ ᠳᠦᠷᠢᠮ      ᠨᠢᠭᠡᠳᠦᠭᠡᠷ ᠵᠦᠢᠯ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠠᠵᠢᠯᠯᠠᠭ᠎ᠠ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠠᠵᠢᠯᠯᠠᠭ᠎ᠠ ᠶᠢ ᠵᠢᠷᠤᠮᠵᠢᠭᠤᠯᠤᠨ᠂ ᠲᠥᠪ ᠭᠤᠣᠯᠴᠢ ᠢᠲᠡᠭᠡᠮᠵᠢ ᠲᠠᠢ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠡᠮᠬᠢ ᠵᠢᠷᠤᠮ ᠢ ᠪᠠᠶᠢᠭᠤᠯᠬᠤ ᠶᠢᠨ ᠲᠤᠰᠠᠳᠠ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠳᠠᠭᠠᠭᠠᠴᠢᠯᠠᠯᠲᠠ ᠵᠠᠷᠯᠠᠵᠤ ᠬᠦᠯᠢᠶᠡᠬᠦ ᠬᠠᠤᠯᠢ︾᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠳᠠᠭᠠᠭᠠᠴᠢᠯᠠᠯᠲᠠ ᠵᠠᠷᠯᠠᠵᠤ ᠬᠦᠯᠢᠶᠡᠬᠦ ᠠᠷᠭ᠎ᠠ ᠶᠢᠨ ᠬᠡᠷᠡᠭᠵᠢᠭᠦᠯᠬᠦ ᠳᠦᠷᠢᠮ︾᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠬᠠᠤᠯᠢ︾᠂ ︽ᠣᠯᠠᠨ ᠨᠡᠶᠢᠲᠡ ᠶᠢᠨ ᠡᠬᠢ ᠪᠠᠶᠠᠯᠢᠭ ᠤᠨ  ᠠᠷᠠᠯᠵᠢᠶᠠᠨ ᠤ ᠲᠠᠪᠴᠠᠩ ᠤᠨ ᠬᠠᠮᠢᠶᠠᠷᠤᠯᠲᠠ ᠶᠢᠨ ᠲᠦᠷ ᠬᠡᠷᠡᠭᠵᠢᠭᠦᠯᠬᠦ ᠠᠷᠭ᠎ᠠ︾ ᠵᠡᠷᠭᠡ ᠬᠠᠮᠢᠶ᠎ᠠ ᠪᠦᠬᠦᠢ ᠲᠣᠭᠲᠠᠭᠠᠯ ᠢ ᠦᠨᠳᠦᠰᠦᠯᠡᠨ᠂ ᠲᠤᠰ ᠬᠤᠲᠠ ᠶᠢᠨ ᠪᠣᠳᠠᠲᠠᠢ ᠲᠠᠢ ᠤᠶᠠᠯᠳᠤᠭᠤᠯᠵᠤ᠂ ᠲᠤᠰ ᠠᠷᠭ᠎ᠠ ᠶᠢ ᠲᠣᠭᠲᠠᠭᠠᠪᠠ᠃       ᠬᠤᠶᠠᠳᠤᠭᠠᠷ ᠵᠦᠢᠯ ᠲᠤᠰ ᠠᠷᠭ᠎ᠠ ᠨᠢ ᠬᠥᠬᠡᠬᠤᠲᠠ ᠶᠢᠨ ᠵᠠᠰᠠᠭ ᠵᠠᠬᠢᠷᠭᠠᠨ ᠤ ᠣᠷᠣᠨ ᠳᠣᠲᠣᠷ᠎ᠠ ᠶᠠᠪᠤᠭᠳᠠᠭᠰᠠᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠵᠢᠴᠢ ᠲᠡᠭᠦᠨ ᠤ ᠬᠢᠨᠠᠯᠲᠠ ᠬᠠᠮᠢᠶᠠᠷᠤᠯᠲᠠ ᠶᠢᠨ ᠠᠵᠢᠯᠯᠠᠭ᠎ᠠ ᠳᠤ ᠲᠣᠬᠢᠷᠠᠵᠤ᠂ ᠢᠯᠡ᠂ ᠡᠷᠬᠡ ᠲᠡᠭᠰᠢ᠂ ᠲᠥᠪ ᠭᠤᠣᠯᠴᠢ᠂ ᠢᠲᠡᠭᠡᠯ ᠲᠠᠢ ᠪᠠᠶᠢᠬᠤ ᠵᠠᠷᠴᠢᠮ ᠢ ᠵᠢᠷᠤᠮᠯᠠᠨ᠎ᠠ᠃      ᠭᠤᠷᠪᠠᠳᠤᠭᠠᠷ ᠵᠦᠢᠯ ᠲᠤᠰ ᠠᠷᠭ᠎ᠠ ᠳᠤ ᠬᠡᠯᠡᠵᠦ ᠪᠠᠶᠢᠭ᠎ᠠ ᠣᠯᠠᠨ ᠨᠡᠶᠢᠲᠡ ᠶᠢᠨ ᠡᠬᠢ ᠪᠠᠶᠠᠯᠢᠭ ᠭᠡᠳᠡᠭ ᠨᠢ ᠣᠯᠠᠨ ᠨᠡᠶᠢᠲᠡ ᠶᠢᠨ ᠠᠰᠢᠭ ᠲᠤᠰᠠ᠂ ᠣᠯᠠᠨ ᠨᠡᠶᠢᠲᠡ ᠶᠢᠨ ᠠᠮᠤᠷ ᠲᠦᠪᠰᠢᠨ ᠳᠤ ᠬᠤᠯᠪᠣᠭᠳᠠᠬᠤ ᠣᠯᠠᠨ ᠨᠡᠶᠢᠲᠡ ᠶᠢᠨ ᠴᠢᠨᠠᠷᠲᠠᠢ᠂ ᠠᠰᠠᠷᠠᠮᠵᠢ ᠶᠢᠨ ᠴᠢᠨᠠᠷᠲᠠᠢ ᠡᠬᠢ ᠪᠠᠶᠠᠯᠢᠭ ᠶᠢ ᠵᠢᠭᠠᠨ᠎ᠠ᠃ ᠲᠤᠰ ᠠᠷᠭ᠎ᠠ ᠳᠤ ᠬᠡᠯᠡᠵᠦ ᠪᠠᠶᠢᠭ᠎ᠠ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠭᠡᠳᠡᠭ ᠨᠢ ᠭᠤᠣᠯᠳᠠᠭᠤ ᠬᠠᠤᠯᠢ ᠲᠤᠭᠲᠠᠭᠠᠯ ᠶᠣᠰᠣᠭᠠᠷ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ ᠳᠡᠭᠡᠷ᠎ᠡ ᠠᠷᠠᠯᠵᠢᠶᠠᠯᠠᠬᠤ ᠶᠣᠰᠣᠲᠠᠢ ᠣᠯᠠᠨ ᠨᠡᠶᠢᠲᠡ ᠶᠢᠨ ᠡᠬᠢ ᠪᠠᠶᠠᠯᠢᠭ ᠢ ᠵᠢᠭᠠᠵᠤ᠂ ᠢᠨᠵᠧᠨᠧᠷᠢᠩ ᠤᠨ ᠪᠦᠲᠦᠭᠡᠨ ᠪᠠᠶᠢᠭᠤᠯᠤᠯᠲᠠ ᠶᠢᠨ ᠳᠠᠭᠠᠭᠠᠴᠢᠯᠠᠯᠲᠠ ᠵᠠᠷᠯᠠᠵᠤ ᠬᠦᠯᠢᠶᠡᠬᠦ᠂ ᠭᠠᠵᠠᠷ ᠰᠢᠷᠣᠢ ᠶᠢᠨ ᠬᠡᠷᠡᠭᠯᠡᠬᠦ ᠡᠷᠬᠡ ᠪᠠ ᠠᠭᠤᠷᠬᠠᠢ ᠶᠢᠨ ᠡᠷᠬᠡ ᠶᠢ ᠬᠤᠳᠠᠯᠳᠤᠬᠤ᠂ ᠤᠯᠤᠰ ᠤᠨ ᠥᠮᠴᠢᠯᠡᠯ ᠤᠨ ᠡᠷᠬᠡ ᠶᠢᠨ ᠠᠷᠠᠯᠵᠢᠶ᠎ᠠ᠂ ᠵᠠᠰᠠᠭ ᠤᠨ ᠣᠷᠳᠣᠨ ᠬᠤᠳᠠᠯᠳᠤᠨ ᠠᠪᠬᠤ ᠵᠢᠴᠢ ᠡᠮ ᠡᠮᠨᠡᠯᠭᠡ ᠶᠢᠨ ᠲᠥᠷᠥᠯ᠂ ᠣᠷᠴᠢᠨ ᠲᠣᠭᠤᠷᠢᠨ ᠤ ᠲᠥᠷᠥᠯ ᠵᠡᠷᠭᠡ ᠶᠢ ᠪᠠᠭᠲᠠᠭᠠᠭᠰᠠᠨ ᠪᠥᠭᠡᠳ ᠡᠭᠦᠨ ᠢᠶᠠᠷ ᠬᠢᠵᠠᠭᠠᠷᠯᠠᠭᠳᠠᠬᠤ ᠦᠭᠡᠢ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠭᠠᠷᠴᠠᠭ ᠲᠤ ᠣᠷᠣᠭᠤᠯᠤᠭᠰᠠᠨ ᠠᠷᠠᠯᠵᠢᠶᠠᠨ ᠤ ᠠᠵᠢᠯᠯᠠᠭ᠎ᠠ ᠶᠢ ᠵᠢᠭᠠᠨ᠎ᠠ᠃      ᠳᠥᠷᠪᠡᠳᠦᠭᠡᠷ ᠵᠦᠢᠯ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠨᠢ ᠭᠠᠷᠴᠠᠭ ᠢᠶᠠᠷ ᠬᠠᠮᠢᠶᠠᠷᠬᠤ ᠶᠢ ᠬᠡᠷᠡᠭᠵᠢᠭᠦᠯᠵᠦ᠂ ᠳᠠᠭᠠᠭᠠᠴᠢᠯᠠᠯᠲᠠ ᠵᠠᠷᠯᠠᠬᠤ᠂ ᠬᠡᠯᠡᠯᠴᠡᠭᠡᠷ ᠬᠢᠬᠦ᠂ ᠵᠥᠪᠯᠡᠬᠦ᠂ ᠦᠨ᠎ᠡ ᠶᠢ ᠠᠰᠠᠭᠤᠬᠤ᠂ ᠦᠨ᠎ᠡ ᠪᠠᠷ ᠥᠷᠢᠰᠦᠯᠳᠦᠬᠦ᠂ ᠫᠠᠶᠢᠰᠠ ᠡᠯᠭᠦᠨ ᠬᠤᠳᠠᠯᠳᠤᠬᠤ ᠵᠡᠷᠭᠡ ᠠᠷᠭ᠎ᠠ ᠮᠠᠶ᠋ᠢᠭ ᠢ ᠬᠠᠤᠯᠢ  ᠶᠤᠰᠤᠭᠠᠷ ᠬᠡᠷᠡᠭᠯᠡᠨ ᠠᠷᠠᠯᠵᠢᠶᠠᠯᠠᠨ᠎ᠠ᠃      ᠬᠤᠶᠠᠳᠤᠭᠠᠷ ᠪᠦᠯᠦᠭ ᠵᠣᠬᠢᠶᠠᠨ ᠪᠠᠶᠢᠭᠤᠯᠤᠨ ᠬᠠᠮᠢᠶᠠᠷᠬᠤ ᠵᠢᠴᠢ ᠲᠤᠰᠢᠶᠠᠯ ᠬᠠᠷᠢᠭᠤᠴᠠᠯᠭ᠎ᠠ      ᠲᠠᠪᠤᠳᠤᠭᠠᠷ ᠵᠦᠢᠯ ᠬᠥᠬᠡᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠤᠰ ᠠᠷᠭ᠎ᠠ ᠶᠢ ᠦᠨᠳᠦᠰᠦᠯᠡᠨ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠢ ᠲᠥᠯᠥᠭᠡᠯᠡᠨ ᠬᠠᠮᠢᠶ᠎ᠠ ᠪᠦᠬᠦᠢ ᠵᠠᠰᠠᠭ ᠵᠠᠬᠢᠷᠭᠠᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠢ  ᠵᠣᠬᠢᠶᠠᠨ ᠪᠠᠶᠢᠭᠤᠯᠵᠤ ᠵᠤᠬᠢᠴᠠᠭᠤᠯᠤᠨ ᠬᠠᠮᠲᠤ ᠪᠠᠷ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠠᠵᠢᠯᠯᠠᠭ᠎ᠠ ᠳᠤ ᠬᠢᠨᠠᠯᠲᠠ ᠲᠠᠯᠪᠢᠬᠤ ᠶᠢ ᠬᠠᠷᠢᠭᠤᠴᠠᠵᠤ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠶᠠᠪᠤᠴᠠ ᠳᠤ ᠭᠠᠷᠤᠭᠰᠠᠨ ᠬᠠᠤᠯᠢ ᠴᠠᠭᠠᠵᠠ ᠳᠦᠷᠢᠮ ᠲᠤᠭᠲᠠᠭᠠᠯ ᠢ ᠵᠥᠷᠢᠴᠡᠭᠰᠡᠨ ᠦᠢᠯᠡ ᠠᠵᠢᠯᠯᠠᠭ᠎ᠠ ᠶᠢ ᠴᠠᠭ ᠲᠤᠬᠠᠢ ᠳᠤᠨᠢ ᠬᠠᠮᠢᠶ᠎ᠠ ᠪᠦᠬᠦᠢ ᠵᠠᠰᠠᠭ ᠵᠠᠬᠢᠷᠭᠠᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠲᠤᠰᠬᠠᠵᠤ ᠂ ᠬᠠᠮᠢᠶ᠎ᠠ ᠪᠦᠬᠦᠢ ᠵᠠᠰᠠᠭ ᠵᠠᠬᠢᠷᠭᠠᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠶᠠᠪᠤᠴᠠ ᠳᠠᠬᠢ ᠬᠠᠤᠯᠢ ᠴᠠᠭᠠᠵᠠ ᠳᠦᠷᠢᠮ ᠲᠤᠭᠲᠠᠭᠠᠯ ᠢ ᠵᠥᠷᠢᠴᠡᠭᠰᠡᠨ ᠦᠢᠯᠡ ᠠᠵᠢᠯᠯᠠᠭ᠎ᠠ ᠶᠢ ᠲᠣᠷᠭᠠᠨ ᠰᠢᠢᠳᠬᠡᠨ᠎ᠡ᠃ ᠲᠡᠭᠦᠨ ᠤ ᠭᠤᠣᠯ ᠡᠭᠦᠷᠭᠡ ᠬᠠᠷᠢᠭᠤᠴᠠᠯᠭ᠎ᠠ ᠨᠢ᠄      ︵ᠨᠢᠭᠡ︶ ᠤᠯᠤᠰ᠂ ᠥᠪᠡᠷᠲᠡᠭᠡᠨ ᠵᠠᠰᠠᠬᠤ ᠣᠷᠣᠨ ᠬᠢᠭᠡᠳ ᠬᠥᠬᠡᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠬᠢᠨᠠᠯᠲᠠ ᠬᠠᠮᠢᠶᠠᠷᠤᠯᠲᠠ ᠶᠢᠨ ᠲᠤᠬᠠᠢ ᠬᠠᠤᠯᠢ ᠴᠠᠭᠠᠵᠠ ᠬᠠᠤᠯᠢ ᠳᠦᠷᠢᠮ ᠪᠠ ᠲᠥᠷᠥ ᠶᠢᠨ ᠪᠣᠳᠣᠯᠭ᠎ᠠ ᠶᠢᠨ ᠲᠣᠭᠲᠠᠭᠠᠯ ᠢ ᠲᠤᠭᠤᠰᠢᠯᠠᠭᠤᠯᠤᠨ ᠬᠡᠷᠡᠭᠵᠢᠭᠦᠯᠦᠨ᠎ᠡ︔ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠶᠢᠨ ᠬᠢᠨᠠᠯᠲᠠ ᠶᠢ ᠬᠦᠯᠢᠶᠡᠵᠦ᠂ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠢᠵᠢ ᠪᠦᠷᠢᠳᠦᠭᠦᠯᠬᠦ ᠬᠠᠮᠢᠶᠠᠷᠤᠯᠲᠠ ᠶᠢᠨ ᠳᠦᠷᠢᠮ ᠢ ᠵᠣᠬᠢᠶᠠᠨ ᠪᠠᠶᠢᠭᠤᠯᠤᠨ ᠲᠤᠭᠤᠷᠪᠢᠨ ᠲᠣᠭᠲᠠᠭᠠᠨ᠎ᠠ︔ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠠᠵᠢᠯ ᠤᠨ ᠳᠤᠮᠳᠠᠬᠢ ᠴᠢᠬᠤᠯᠠ ᠶᠡᠭᠡ ᠠᠰᠠᠭᠤᠳᠠᠯ ᠢ ᠰᠤᠳᠤᠯᠵᠤ᠂ ᠠᠵᠢᠯ ᠤᠨ ᠪᠠᠶᠢᠳᠠᠯ ᠢᠶᠠᠨ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠳᠤ ᠮᠡᠳᠡᠭᠦᠯᠬᠦ ᠶᠢᠨ ᠬᠠᠮᠲᠤ ᠰᠠᠨᠠᠭᠤᠯᠭ᠎ᠠ ᠳᠤᠷᠠᠳᠤᠨ᠎ᠠ︔ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠬᠤᠯᠪᠤᠭᠳᠠᠯ ᠪᠦᠬᠦᠢ ᠬᠠᠤᠯᠢ ᠴᠠᠭᠠᠵᠠ᠂ ᠬᠠᠤᠯᠢ ᠳᠦᠷᠢᠮ᠂ ᠳᠦᠷᠢᠮ ᠲᠣᠭᠲᠠᠭᠠᠯ ᠪᠣᠯᠤᠨ ᠲᠥᠷᠥ ᠶᠢᠨ ᠪᠣᠳᠣᠯᠭ᠎ᠠ ᠶᠢ ᠤᠬᠠᠭᠤᠯᠤᠨ ᠲᠠᠶᠢᠯᠪᠤᠷᠢᠯᠠᠬᠤ ᠪᠠ ᠯᠠᠪᠯᠠᠯᠭ᠎ᠠ ᠥᠭᠬᠦ ᠠᠵᠢᠯ ᠢ ᠵᠣᠬᠢᠴᠠᠭᠤᠯᠤᠨ ᠵᠣᠬᠢᠶᠠᠨ ᠪᠠᠶᠢᠭᠤᠯᠤᠨ᠎ᠠ᠃      ︵ᠬᠤᠶᠠᠷ︶ ᠬᠠᠤᠯᠢ ᠶᠣᠰᠣᠭᠠᠷ ᠬᠤᠲᠠ ᠶᠢᠨ ᠱᠠᠲᠤᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠠᠵᠢᠯᠯᠠᠭ᠎ᠠ ᠳᠤ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠠᠪᠤᠭᠤᠯᠵᠤ᠂ ᠬᠤᠲᠠ ᠶᠢᠨ ᠱᠠᠲᠤᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠭᠠᠷᠴᠠᠭ ᠢ ᠲᠣᠭᠲᠠᠭᠠᠵᠤ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠲᠠᠪᠴᠠᠩ ᠳᠡᠭᠡᠷ᠎ᠡ ᠠᠷᠠᠯᠵᠢᠶᠠᠯᠠᠭᠰᠠᠨ ᠲᠥᠷᠥᠯ ᠵᠦᠢᠯ ᠤᠨ ᠳᠠᠭᠠᠭᠠᠴᠢᠯᠠᠯᠲᠠ ᠵᠠᠷᠯᠠᠬᠤ ᠶᠠᠪᠤᠴᠠ ᠳᠤ ᠬᠠᠤᠯᠢ ᠶᠣᠰᠣᠭᠠᠷ ᠬᠢᠨᠠᠯᠲᠠ ᠲᠠᠯᠪᠢᠵᠤ᠂ ᠪᠦᠬᠦ ᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠠᠵᠢᠯ ᠤᠨ ᠬᠢᠨᠠᠯᠲᠠ ᠪᠠᠶᠢᠴᠠᠭᠠᠯᠲᠠ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠠᠵᠢᠯᠯᠠᠭ᠎ᠠ ᠳᠤᠮᠳᠠᠬᠢ ᠵᠠᠭᠠᠯᠳᠤᠯᠭ᠎ᠠ ᠪᠠ ᠰᠡᠵᠢᠭᠯᠡᠯ ᠢ ᠬᠦᠯᠢᠶᠡᠨ ᠰᠢᠢᠳᠪᠦᠷᠢᠯᠡᠬᠦ ᠪᠤᠶᠤ ᠰᠢᠯᠵᠢᠭᠦᠯᠦᠨ ᠰᠢᠢᠳᠪᠦᠷᠢᠯᠡᠨ᠎ᠡ᠂ ᠬᠠᠤᠯᠢ ᠴᠠᠭᠠᠵᠠ ᠬᠠᠤᠯᠢ ᠳᠦᠷᠢᠮ ᠵᠢᠴᠢ ᠥᠪᠡᠷᠲᠡᠭᠡᠨ ᠵᠠᠰᠠᠬᠤ ᠣᠷᠣᠨ ᠥᠭᠡᠷ᠎ᠡ ᠲᠣᠭᠲᠠᠭᠠᠯ ᠲᠠᠢ ᠶᠢ ᠪᠠᠭᠲᠠᠭᠠᠬᠤ ᠦᠭᠡᠢ᠃      ︵ᠭᠤᠷᠪᠠ︶ ᠬᠤᠲᠠ ᠶᠢᠨ ᠱᠠᠲᠤᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ ᠳᠡᠭᠡᠷᠡᠬᠢ ᠠᠷᠠᠯᠵᠢᠶᠠᠨ ᠤ ᠠᠵᠢᠯᠯᠠᠭ᠎ᠠ ᠶᠢ ᠵᠢᠯᠣᠭᠤᠳᠴᠤ᠂ ᠠᠷᠠᠯᠵᠢᠶᠠᠯᠠᠬᠤ ᠲᠥᠷᠥᠯ ᠵᠦᠢᠯ ᠳᠤ ᠰᠤᠭᠤᠴᠢᠨ ᠪᠠᠶᠢᠴᠠᠭᠠᠯᠲᠠ ᠪᠠ ᠰᠢᠮᠳᠠᠭᠤᠯᠤᠨ ᠪᠠᠶᠢᠴᠠᠭᠠᠯᠲᠠ ᠬᠢᠵᠦ᠂ ᠳᠠᠭᠠᠭᠠᠴᠢᠯᠠᠯᠲᠠ ᠵᠠᠷᠯᠠᠬᠤ ᠶᠢ ᠣᠷᠣᠯᠠᠨ ᠭᠦᠢᠴᠡᠳᠬᠡᠬᠦ ᠪᠠᠶᠢᠭᠤᠯᠤᠮᠵᠢ ᠶᠢᠨ ᠵᠣᠬᠢᠶᠠᠨ ᠪᠠᠶᠢᠭᠤᠯᠤᠭᠰᠠᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠠᠵᠢᠯᠯᠠᠭ᠎ᠠ ᠶᠢ ᠵᠢᠯᠤᠭᠤᠳᠴᠤ ᠬᠠᠮᠢᠶᠠᠷᠤᠨ᠂ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠵᠢᠯᠴᠠᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠳᠠᠭᠠᠭᠠᠴᠢᠯᠠᠯᠲᠠ ᠶᠢᠨ ᠡᠮᠦᠨᠡᠬᠢ ᠵᠥᠪᠰᠢᠶᠡᠷᠡᠯ ᠪᠠ ᠳᠠᠭᠠᠭᠠᠴᠢᠯᠠᠯᠲᠠ ᠶᠢᠨ ᠳᠠᠷᠠᠭᠠᠬᠢ ᠭᠡᠷ᠎ᠡ ᠪᠠᠨ ᠭᠦᠢᠴᠡᠳᠬᠡᠬᠦ ᠶᠠᠪᠤᠴᠠ ᠳᠠᠬᠢ ᠬᠠᠤᠯᠢ ᠴᠠᠭᠠᠵᠠ ᠬᠠᠤᠯᠢ ᠳᠦᠷᠢᠮ ᠢ ᠵᠥᠷᠢᠴᠡᠭᠰᠡᠨ ᠦᠢᠯᠡ ᠠᠵᠢᠯᠯᠠᠭ᠎ᠠ ᠶᠢ ᠪᠠᠶᠢᠴᠠᠭᠠᠵᠤ᠂ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠬᠠᠮᠵᠢᠯᠴᠠᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠶᠠᠪᠤᠴᠠ ᠳᠠᠬᠢ ᠬᠠᠤᠯᠢ ᠴᠠᠭᠠᠵᠠ ᠬᠠᠤᠯᠢ ᠳᠦᠷᠢᠮ ᠢ ᠵᠥᠷᠢᠴᠡᠭᠰᠡᠨ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠪᠠᠶᠢᠴᠠᠭᠠᠨ ᠰᠢᠢᠳᠪᠦᠷᠢᠯᠡᠨ᠎ᠡ᠃      ︵ᠳᠥᠷᠪᠡ︶ ᠪᠦᠬᠦ ᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠬᠢᠨᠠᠯᠲᠠ᠂ ᠬᠠᠮᠢᠶᠠᠷᠤᠯᠲᠠ ᠪᠠ ᠦᠢᠯᠡᠴᠢᠯᠡᠭᠡ ᠶᠢᠨ ᠲᠠᠪᠴᠠᠩ ᠢ ᠲᠣᠯᠣᠭᠠᠶᠢᠯᠠᠨ ᠪᠦᠲᠦᠭᠡᠨ ᠪᠠᠶᠢᠭᠤᠯᠵᠤ᠂ ᠵᠠᠬ᠎ᠠ ᠳᠡᠯᠭᠡᠭᠦᠷ ᠤᠨ ᠮᠡᠳᠡᠭᠡ ᠵᠠᠩᠭᠢ᠂ ᠠᠷᠠᠯᠵᠢᠶᠠᠨ ᠤ ᠮᠡᠳᠡᠭᠡ ᠵᠠᠩᠭᠢ᠂ ᠭᠤᠣᠯ ᠴᠣᠭᠴᠠ ᠶᠢᠨ ᠢᠲᠡᠭᠡᠮᠵᠢ ᠶᠢᠨ ᠮᠡᠳᠡᠭᠡ ᠵᠠᠩᠭᠢ᠂ ᠬᠢᠨᠠᠯᠲᠠ ᠬᠠᠮᠢᠶᠠᠷᠤᠯᠲᠠ ᠶᠢᠨ ᠮᠡᠳᠡᠭᠡ ᠵᠠᠩᠭᠢ ᠵᠡᠷᠭᠡ ᠶᠢ ᠨᠡᠶᠢᠳᠬᠡᠨ ᠬᠠᠮᠲᠤ ᠪᠠᠷ ᠬᠡᠷᠡᠭᠯᠡᠵᠦ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠮᠡᠳᠡᠭᠡ ᠵᠠᠩᠭᠢᠴᠢᠯᠠᠯᠲᠠ ᠶᠢ ᠠᠬᠢᠭᠤᠯᠤᠨ᠎ᠠ᠃      ︵ᠲᠠᠪᠤ︶ ᠪᠦᠬᠦ ᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠢᠲᠡᠭᠡᠮᠵᠢ ᠶᠢᠨ ᠰᠢᠰᠲ᠋ᠧᠮᠵᠢ ᠶᠢ ᠲᠣᠯᠣᠭᠠᠶᠢᠯᠠᠨ ᠪᠦᠲᠦᠭᠡᠨ ᠪᠠᠶᠢᠭᠤᠯᠤᠨ᠎ᠠ︔ ᠳᠠᠭᠠᠭᠠᠴᠢᠯᠠᠯᠲᠠ ᠵᠠᠷᠯᠠᠬᠤ ᠬᠥᠮᠥᠨ᠂ ᠳᠠᠭᠠᠭᠠᠴᠢᠯᠠᠯᠲᠠ ᠵᠠᠷᠯᠠᠬᠤ ᠶᠢ ᠣᠷᠣᠯᠠᠨ ᠭᠦᠢᠴᠡᠳᠬᠡᠬᠦ ᠪᠠᠶᠢᠭᠤᠯᠤᠮᠵᠢ᠂ ᠳᠠᠭᠠᠭᠠᠴᠢᠯᠠᠯᠲᠠ ᠬᠦᠯᠢᠶᠡᠬᠦ ᠬᠥᠮᠥᠨ᠂ ᠳᠠᠭᠠᠭᠠᠴᠢᠯᠠᠯᠲᠠ ᠶᠢ ᠦᠨᠡᠯᠡᠬᠦ ᠲᠤᠰᠬᠠᠢ ᠮᠡᠷᠭᠡᠵᠢᠯᠲᠡᠨ ᠤ ᠢᠲᠡᠭᠡᠮᠵᠢ ᠶᠢᠨ ᠳᠠᠩᠰᠠ ᠶᠢ ᠪᠠᠶᠢᠭᠤᠯᠵᠤ᠂ ᠠᠷᠠᠯᠵᠢᠶᠠᠨ ᠤ ᠭᠤᠣᠯ ᠴᠣᠭᠴᠠ ᠶᠢᠨ ᠢᠲᠡᠭᠡᠮᠵᠢ ᠶᠢ ᠦᠨᠡᠯᠡᠬᠦ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠢᠲᠡᠭᠡᠮᠵᠢ ᠶᠢ ᠦᠨᠡᠯᠡᠨ ᠰᠢᠯᠭᠠᠨ᠎ᠠ︔ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠶᠠᠪᠤᠴᠠ ᠳᠤ ᠢᠲᠡᠭᠡᠯ ᠠᠯᠳᠠᠭᠰᠠᠨ ᠦᠢᠯᠡ ᠠᠵᠢᠯᠯᠠᠭ᠎ᠠ ᠳᠤ ᠬᠢᠨᠠᠯᠲᠠ ᠲᠠᠯᠪᠢᠬᠤ ᠶᠢ ᠬᠠᠷᠢᠭᠤᠴᠠᠵᠤ᠂ ᠲᠣᠭᠲᠠᠭᠠᠯ ᠢ ᠵᠥᠷᠢᠴᠡᠵᠦ ᠢᠲᠡᠭᠡᠯ ᠠᠯᠳᠠᠭᠰᠠᠨ ᠭᠤᠣᠯ ᠴᠣᠭᠴᠠ ᠶᠢ ᠴᠠᠭ ᠲᠤᠬᠠᠢ ᠳᠤᠨᠢ ᠢᠯᠡᠴᠢᠯᠡᠨ ᠵᠠᠷᠯᠠᠨ᠎ᠠ᠃      ︵ᠵᠢᠷᠭᠤᠭ᠎ᠠ︶ ᠬᠤᠲᠠ ᠶᠢᠨ ᠱᠠᠲᠤᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠶᠡᠷᠦᠩᠬᠡᠶᠢᠯᠡᠭᠰᠡᠨ ᠳᠠᠭᠠᠭᠠᠴᠢᠯᠠᠯᠲᠠ ᠶᠢ ᠦᠨᠡᠯᠡᠵᠦ ᠬᠢᠨᠠᠬᠤ ᠲᠤᠰᠬᠠᠢ ᠮᠡᠷᠭᠡᠵᠢᠯᠲᠡᠨ ᠤ ᠬᠥᠮᠥᠷᠭᠡ ᠶᠢᠨ ᠪᠦᠲᠦᠭᠡᠨ ᠪᠠᠶᠢᠭᠤᠯᠤᠯᠲᠠ ᠬᠠᠮᠢᠶᠠᠷᠤᠯᠲᠠ ᠪᠠ ᠠᠷᠠᠴᠢᠯᠠᠯᠲᠠ ᠶᠢ ᠬᠠᠷᠢᠭᠤᠴᠠᠵᠤ᠂ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠢ ᠬᠠᠮᠵᠢᠨ ᠲᠡᠭᠦᠨ ᠤ ᠠᠵᠢᠯ ᠲᠥᠷᠥᠯ ᠤᠨ ᠳᠠᠭᠠᠭᠠᠴᠢᠯᠠᠯᠲᠠ ᠶᠢ ᠦᠨᠡᠯᠡᠵᠦ ᠬᠢᠨᠠᠬᠤ ᠲᠤᠰᠬᠠᠢ ᠮᠡᠷᠭᠡᠵᠢᠯᠲᠡᠳ ᠲᠤ ᠪᠣᠯᠪᠠᠰᠤᠷᠠᠭᠤᠯᠤᠯ ᠪᠠ ᠦᠨᠡᠯᠡᠯᠲᠡ ᠬᠢᠵᠦ᠂ ᠬᠤᠲᠠ ᠶᠢᠨ ᠱᠠᠲᠤᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ ᠤᠨ ᠳᠠᠭᠠᠭᠠᠴᠢᠯᠠᠯᠲᠠ ᠶᠢ ᠦᠨᠡᠯᠡᠵᠦ ᠬᠢᠨᠠᠬᠤ ᠲᠤᠰᠬᠠᠢ ᠮᠡᠷᠭᠡᠵᠢᠯᠲᠡᠨ ᠤ ᠲᠣᠭᠲᠠᠭᠠᠯ ᠢ ᠵᠥᠷᠢᠴᠡᠭᠰᠡᠨ ᠦᠢᠯᠡ ᠠᠵᠢᠯᠯᠠᠭ᠎ᠠ ᠶᠢ ᠨᠤᠲᠠᠯᠠᠨ ᠲᠤᠭᠲᠠᠭᠠᠵᠤ ᠰᠢᠢᠳᠪᠦᠷᠢᠯᠡᠨ᠎ᠡ᠃      ᠵᠢᠷᠭᠤᠳᠤᠭᠠᠷ ᠵᠦᠢᠯ ᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠳᠤ ᠬᠠᠷᠢᠶᠠᠯᠠᠭᠳᠠᠬᠤ ᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠥᠪ ᠪᠣᠯ ᠲᠤᠰ ᠬᠤᠲᠠ ᠶᠢᠨ ᠵᠠᠰᠠᠭ ᠵᠠᠬᠢᠷᠭᠠᠨ ᠤ ᠬᠡᠪᠴᠢᠶᠡᠨ ᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠭᠠᠵᠠᠷ ᠪᠠ ᠦᠢᠯᠡᠴᠢᠯᠡᠭᠡᠨ ᠤ ᠲᠠᠪᠴᠠᠩ ᠪᠣᠯᠣᠨ᠎ᠠ᠃ ᠭᠤᠣᠯᠳᠠᠭᠤ ᠳᠣᠣᠷᠠᠬᠢ  ᠦᠢᠯᠡᠴᠢᠯᠡᠭᠡ ᠶᠢᠨ ᠡᠭᠦᠷᠭᠡ ᠴᠢᠳᠠᠪᠤᠷᠢ ᠶᠢ ᠬᠠᠩᠭᠠᠨ᠎ᠠ᠄      ︵ᠨᠢᠭᠡ︶ ᠬᠤᠯᠪᠣᠭᠳᠠᠯ ᠪᠦᠬᠦᠢ ᠲᠠᠯᠠᠪᠠᠢ ᠭᠠᠵᠠᠷ᠂ ᠲᠥᠬᠦᠭᠡᠷᠦᠮᠵᠢ ᠪᠠ ᠮᠡᠳᠡᠭᠡ ᠵᠠᠩᠭᠢᠴᠢᠯᠠᠭᠰᠠᠨ ᠪᠦᠲᠦᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢ ᠦᠨᠳᠦᠰᠦᠯᠡᠨ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠠᠵᠢᠯᠯᠠᠭ᠎ᠠ ᠳᠤ ᠱᠠᠭᠠᠷᠳᠠᠭᠳᠠᠬᠤ ᠲᠠᠯᠠᠪᠠᠢ ᠳᠤ ᠣᠷᠣᠬᠤ ᠳᠠᠩᠰᠠᠯᠠᠯ᠂ ᠮᠡᠳᠡᠭᠡ ᠵᠠᠩᠭᠢ ᠶᠢ ᠨᠡᠶᠢᠲᠡᠯᠡᠬᠦ ᠂ ᠠᠷᠠᠯᠵᠢᠶ᠎ᠠ ᠶᠢ ᠶᠠᠪᠤᠭᠳᠠᠭᠤᠯᠬᠤ᠂ ᠦᠷ᠎ᠡ ᠳ᠋ᠦᠩ ᠢ ᠵᠠᠷᠯᠠᠬᠤ ᠵᠡᠷᠭᠡ ᠠᠷᠠᠯᠵᠢᠶᠠᠨ ᠤ ᠦᠢᠯᠡᠴᠢᠯᠡᠭᠡ ᠬᠠᠩᠭᠠᠨ᠎ᠠ᠃ ᠪᠦᠬᠦ ᠶᠠᠪᠤᠴᠠ ᠶᠢᠨ ᠴᠠᠬᠢᠮᠵᠢᠭᠤᠯᠤᠭᠰᠠᠨ ᠠᠷᠠᠯᠵᠢᠶ᠎ᠠ ᠶᠢ ᠢᠳᠡᠪᠬᠢᠲᠡᠢ ᠬᠡᠷᠡᠭᠵᠢᠭᠦᠯᠦᠨ᠂ ᠴᠠᠬᠢᠮᠵᠢᠭᠤᠯᠤᠭᠰᠠᠨ ᠳᠥᠭᠦᠮ ᠳᠥᠲᠡ ᠦᠢᠯᠡᠴᠢᠯᠡᠭᠡ ᠬᠠᠩᠭᠠᠵᠤ᠂ ᠪᠦᠬᠦ ᠶᠠᠪᠤᠴᠠ ᠶᠢᠨ᠂ ᠪᠦᠬᠦ ᠲᠠᠯ᠎ᠠ ᠶᠢᠨ᠂ ᠪᠦᠬᠦᠨ ᠢ ᠪᠦᠷᠬᠦᠭᠰᠡᠨ᠂ ᠪᠦᠭᠦᠳᠡ ᠶᠢ ᠰᠡᠷᠭᠡᠶᠢᠯᠡᠨ ᠡᠵᠡᠮᠳᠡᠭᠰᠡᠨ ᠰᠦᠯᠵᠢᠶᠡᠨ ᠳᠡᠭᠡᠷᠡᠬᠢ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ ᠢ ᠪᠠᠶᠢᠭᠤᠯᠤᠨ᠎ᠠ᠃      ︵ᠬᠤᠶᠠᠷ︶ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠶᠢᠨ ᠡᠮᠬᠢ ᠵᠢᠷᠤᠮ ᠤᠨ ᠬᠠᠮᠢᠶᠠᠷᠤᠯᠲᠠ ᠶᠢ ᠬᠠᠮᠢᠶᠠᠷᠴᠤ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠳᠦᠷᠢᠮ᠂ ᠲᠤᠬᠠᠢ ᠶᠢᠨ ᠲᠠᠯᠠᠪᠠᠢ ᠶᠢᠨ ᠬᠠᠮᠢᠶᠠᠷᠤᠯᠲᠠ ᠶᠢᠨ ᠲᠣᠭᠲᠠᠭᠠᠯ ᠪᠠ ᠠᠵᠢᠯ ᠤᠨ ᠴᠤᠪᠤᠷᠠᠯ ᠢ ᠬᠡᠷᠡᠭᠵᠢᠭᠦᠯᠦᠨ᠂ ᠠᠷᠠᠯᠵᠢᠶᠠᠨ ᠤ ᠶᠠᠪᠤᠴᠠ ᠶᠢᠨ ᠬᠤᠯᠪᠣᠭᠳᠠᠯ ᠪᠦᠬᠦᠢ ᠮᠠᠲ᠋ᠧᠷᠢᠶᠠᠯ ᠢ ᠳᠠᠩᠰᠠᠯᠠᠨ ᠬᠤᠷᠢᠶᠠᠨ᠎ᠠ︔      ︵ᠭᠤᠷᠪᠠ︶ ᠬᠤᠯᠪᠣᠭᠳᠠᠯ ᠪᠦᠬᠦᠢ ᠲᠣᠭᠲᠠᠭᠠᠯ ᠢ ᠵᠢᠷᠤᠮᠯᠠᠨ ᠳᠠᠭᠠᠭᠠᠴᠢᠯᠠᠯᠲᠠ ᠶᠢ ᠦᠨᠡᠯᠡᠬᠦ᠂ ᠦᠨᠡᠯᠡᠨ ᠬᠢᠨᠠᠬᠤ ᠲᠤᠰᠬᠠᠢ ᠮᠡᠷᠭᠡᠵᠢᠯᠲᠡᠨ ᠤ ᠠᠵᠢᠯ ᠳᠠᠭᠠᠨ ᠢᠷᠡᠭᠰᠡᠨ ᠪᠠᠶᠢᠳᠠᠯ ᠪᠠ ᠳᠠᠭᠠᠭᠠᠴᠢᠯᠠᠯᠲᠠ ᠶᠢ ᠦᠨᠡᠯᠡᠨ ᠬᠢᠨᠠᠬᠤ ᠠᠵᠢᠯᠯᠠᠭ᠎ᠠ ᠳᠤ ᠲᠡᠮᠳᠡᠭᠯᠡᠯ ᠬᠢᠵᠦ᠂  ᠳᠠᠭᠠᠭᠠᠴᠢᠯᠠᠯᠲᠠ ᠶᠢ ᠦᠨᠡᠯᠡᠨ ᠬᠢᠨᠠᠬᠤ ᠲᠤᠰᠬᠠᠢ ᠮᠡᠷᠭᠡᠵᠢᠯᠲᠡᠨ ᠳᠤ ᠲᠤᠬᠠᠢ ᠶᠢᠨ ᠲᠠᠯᠠᠪᠠᠢ ᠶᠢᠨ ᠬᠠᠮᠢᠶᠠᠷᠤᠯᠲᠠ ᠶᠠᠪᠤᠭᠤᠯᠬᠤ ᠶᠢᠨ ᠬᠠᠮᠲᠤ ᠬᠡᠪ ᠤᠨ ᠪᠤᠰᠤ ᠪᠠᠶᠢᠳᠠᠯ ᠢ ᠴᠠᠭ ᠲᠤᠬᠠᠢ ᠳᠤᠨᠢ ᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠳᠤ ᠲᠤᠰᠬᠠᠨ᠎ᠠ︔      ︵ᠳᠥᠷᠪᠡ︶ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠮᠡᠳᠡᠭᠡ ᠵᠠᠩᠭᠢ ᠶᠢ ᠴᠤᠭᠯᠠᠭᠤᠯᠤᠨ ᠨᠡᠶᠢᠲᠡᠯᠡᠵᠦ᠂ ᠠᠷᠠᠯᠵᠢᠶᠠᠨ ᠤ ᠲᠤᠭ᠎ᠠ ᠪᠠᠷᠢᠮᠲᠠ ᠶᠢ ᠬᠤᠷᠢᠶᠠᠩᠭᠤᠶᠢᠯᠠᠨ ᠵᠠᠳᠠᠯᠤᠯᠲᠠ ᠬᠢᠵᠦ᠂ ᠶᠡᠷᠦᠩᠬᠡᠶᠢᠯᠡᠨ ᠠᠰᠢᠭᠯᠠᠬᠤ ᠪᠠ ᠲᠦᠭᠰᠢᠭᠦᠷᠢ ᠶᠢ ᠬᠢᠨᠠᠨ ᠬᠡᠮᠵᠢᠵᠦ ᠰᠡᠷᠭᠡᠶᠢᠯᠡᠭᠦᠯᠦᠨ᠎ᠡ︔      ︵ᠲᠠᠪᠤ︶ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠭᠤᠣᠯ ᠴᠣᠭᠴᠠ ᠶᠢᠨ ᠢᠲᠡᠭᠡᠮᠵᠢ ᠶᠢᠨ ᠮᠡᠳᠡᠭᠡ ᠵᠠᠩᠭᠢ ᠶᠢᠨ ᠬᠥᠮᠥᠷᠭᠡ ᠶᠢ ᠪᠠᠶᠢᠭᠤᠯᠤᠨ ᠠᠷᠠᠴᠢᠯᠠᠵᠤ᠂ ᠠᠷᠠᠯᠵᠢᠶᠠᠨ ᠤ ᠭᠤᠣᠯ ᠴᠣᠭᠴᠠ ᠶᠢᠨ ᠢᠲᠡᠭᠡᠮᠵᠢ ᠶᠢᠨ ᠮᠡᠳᠡᠭᠡ ᠵᠠᠩᠭᠢ ᠶᠢ ᠲᠡᠮᠳᠡᠭᠯᠡᠨ᠂ ᠠᠷᠠᠯᠵᠢᠶᠠᠨ ᠤ ᠭᠤᠣᠯ ᠴᠣᠭᠴᠠ ᠶᠢᠨ ᠢᠲᠡᠭᠡᠮᠵᠢ ᠶᠢᠨ ᠮᠡᠳᠡᠭᠡ ᠵᠠᠩᠭᠢ ᠶᠢ ᠬᠠᠮᠲᠤ ᠪᠠᠷ ᠬᠡᠷᠡᠭᠯᠡᠬᠦ ᠶᠢ ᠲᠦᠯᠬᠢᠨ ᠠᠬᠢᠭᠤᠯᠤᠨ᠎ᠠ︔      ︵ᠵᠢᠷᠭᠤᠭ᠎ᠠ︶ ᠲᠤᠬᠠᠢ ᠶᠢᠨ ᠲᠠᠯᠠᠪᠠᠢ ᠳᠠᠬᠢ ᠠᠷᠠᠯᠵᠢᠶᠠᠨ ᠤ ᠠᠵᠢᠯᠯᠠᠭ᠎ᠠ ᠳᠤᠮᠳᠠᠬᠢ ᠬᠠᠤᠯᠢ ᠴᠠᠭᠠᠵᠠ ᠬᠠᠤᠯᠢ ᠳᠦᠷᠢᠮ ᠢ ᠵᠥᠷᠢᠴᠡᠭᠰᠡᠨ ᠦᠢᠯᠡ ᠠᠵᠢᠯᠯᠠᠭ᠎ᠠ ᠶᠢ ᠴᠠᠭ ᠲᠤᠬᠠᠢ ᠳᠤᠨᠢ ᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠠ ᠠᠵᠢᠯ ᠲᠥᠷᠥᠯ ᠤᠨ ᠵᠠᠰᠠᠭ ᠵᠠᠬᠢᠷᠭᠠᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠮᠡᠳᠡᠭᠦᠯᠬᠦ ᠶᠢᠨ ᠬᠠᠮᠲᠤ ᠬᠠᠮᠵᠢᠯᠴᠠᠨ ᠪᠠᠶᠢᠴᠠᠭᠠᠨ ᠰᠢᠢᠳᠪᠦᠷᠢᠯᠡᠨ᠎ᠡ︔      ᠳᠣᠯᠣᠳᠤᠭᠠᠷ ᠵᠦᠢᠯ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ᠂ ᠡᠳ᠋ ᠤᠨ ᠵᠠᠰᠠᠭ᠂ ᠪᠠᠶᠢᠭᠠᠯᠢ ᠶᠢᠨ ᠡᠬᠢ ᠪᠠᠶᠠᠯᠢᠭ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠵᠠᠮ ᠬᠠᠷᠢᠯᠴᠠᠭ᠎ᠠ ᠲᠡᠭᠡᠭᠡᠪᠦᠷᠢ᠂ ᠤᠰᠤᠨ ᠠᠰᠢᠭᠯᠠᠯᠲᠠ᠂ ᠤᠯᠤᠰ ᠤᠨ ᠥᠮᠴᠢᠯᠡᠯᠲᠦ ᠡᠳ᠋ ᠬᠥᠷᠥᠩᠭᠡ ᠶᠢᠨ ᠬᠢᠨᠠᠯᠲᠠ ᠬᠠᠮᠢᠶᠠᠷᠤᠯᠲᠠ ᠵᠡᠷᠭᠡ ᠬᠠᠮᠢᠶ᠎ᠠ ᠪᠦᠬᠦᠢ ᠵᠠᠰᠠᠭ ᠵᠠᠬᠢᠷᠭᠠᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠳ ᠵᠠᠰᠠᠭ ᠢ ᠴᠣᠮᠬᠠᠳᠬᠠᠨ ᠡᠷᠬᠡ ᠶᠢ ᠪᠠᠭᠤᠯᠭᠠᠬᠤ᠂ ᠪᠠᠭᠤᠯᠭᠠᠬᠤ ᠬᠠᠮᠢᠶᠠᠷᠬᠤ ᠶᠢ ᠤᠶᠠᠯᠳᠤᠭᠤᠯᠬᠤ᠂ ᠦᠢᠯᠡᠴᠢᠯᠡᠭᠡ ᠶᠢ ᠰᠢᠯᠢᠳᠡᠭᠵᠢᠭᠦᠯᠬᠦ ᠱᠠᠭᠠᠷᠳᠠᠯᠭ᠎ᠠ ᠶᠢ ᠨᠠᠶᠢᠳᠠᠪᠤᠷᠢᠵᠢᠭᠤᠯᠵᠤ᠂ ᠡᠭᠦᠷᠭᠡ ᠬᠠᠷᠢᠭᠤᠴᠠᠯᠭ᠎ᠠ ᠠᠵᠢᠯ ᠤᠨ ᠬᠤᠪᠢᠶᠠᠷᠢᠯᠠᠯ ᠶᠣᠰᠣᠭᠠᠷ ᠬᠠᠤᠯᠢ ᠶᠣᠰᠣᠭᠠᠷ ᠥᠪᠡᠷ ᠥᠪᠡᠷ ᠤᠨ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠣᠲᠣᠷ᠎ᠠ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠠᠵᠢᠯᠯᠠᠭ᠎ᠠ ᠶᠢᠨ ᠤᠴᠢᠷ ᠤᠨ ᠳᠤᠮᠳᠠ ᠤᠴᠢᠷ ᠤᠨ ᠳᠠᠷᠠᠭᠠᠬᠢ ᠬᠢᠨᠠᠯᠲᠠ ᠬᠠᠮᠢᠶᠠᠷᠤᠯᠲᠠ ᠶᠢ ᠴᠢᠩᠭᠠᠳᠬᠠᠬᠤ ᠬᠡᠷᠡᠭᠲᠡᠢ᠃ ᠪᠣᠳᠠᠲᠠᠢ ᠳᠣᠣᠷᠠᠬᠢ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠨ᠎ᠡ᠄      ︵ᠨᠢᠭᠡ︶ ᠲᠤᠰ ᠠᠵᠢᠯ ᠲᠥᠷᠥᠯ ᠤᠨ ᠣᠯᠠᠨ ᠨᠡᠶᠢᠲᠡ ᠶᠢᠨ ᠡᠬᠢ ᠪᠠᠶᠠᠯᠢᠭ ᠤᠨ ᠬᠠᠮᠢᠶ᠎ᠠ ᠪᠦᠬᠦᠢ ᠠᠷᠠᠯᠵᠢᠶᠠᠨ ᠤ ᠳᠦᠷᠢᠮ᠂ ᠦᠢᠯᠡᠴᠢᠯᠡᠭᠡ ᠶᠢᠨ ᠴᠤᠪᠤᠷᠠᠯ ᠪᠠ ᠪᠠᠷᠢᠮᠵᠢᠶ᠎ᠠ ᠶᠢ ᠲᠣᠭᠲᠠᠭᠠᠬᠤ ᠪᠠ ᠬᠡᠷᠡᠭᠵᠢᠬᠦᠯᠬᠦ ᠳᠤ ᠣᠷᠣᠯᠴᠠᠬᠤ ᠶᠢᠨ ᠬᠠᠮᠲᠤ ᠬᠡᠷᠡᠭᠵᠢᠭᠦᠯᠵᠦ᠂ ᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠠᠢ ᠬᠠᠮᠵᠢᠯᠴᠠᠨ ᠲᠤᠰ ᠠᠵᠢᠯ ᠲᠥᠷᠥᠯ ᠤᠨ ᠲᠠᠯᠠᠪᠠᠢ ᠳᠤ ᠤᠷᠤᠬᠤ ᠲᠥᠷᠥᠯ ᠵᠦᠢᠯ ᠤᠨ ᠠᠷᠠᠯᠵᠢᠶ᠎ᠠ ᠳᠤ ᠬᠢᠨᠠᠯᠲᠠ ᠲᠠᠯᠪᠢᠬᠤ᠂ ᠭᠡᠷ᠎ᠡ ᠪᠠᠨ ᠭᠦᠢᠴᠡᠳᠬᠡᠬᠦ ᠶᠢ ᠬᠢᠨᠠᠨ ᠬᠠᠮᠢᠶᠠᠷᠬᠤ ᠪᠠ ᠵᠠᠰᠠᠭ ᠵᠠᠬᠢᠷᠭᠠᠨ ᠤ ᠲᠣᠷᠭᠠᠭᠤᠯᠢ ᠥᠭᠬᠦ ᠵᠡᠷᠭᠡ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠨ᠎ᠡ᠃      ︵ᠬᠤᠶᠠᠷ︶ ︽ᠣᠯᠠᠨ ᠨᠡᠶᠢᠲᠡ ᠶᠢᠨ ᠠᠷᠠᠯᠵᠢᠶᠠᠨ ᠤ ᠭᠠᠷᠴᠠᠭ︾ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ ᠂ ᠲᠤᠰ ᠠᠵᠢᠯ ᠲᠥᠷᠥᠯ ᠤᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠥᠷᠥᠯ ᠵᠦᠢᠯ ᠢ ᠲᠠᠪᠴᠠᠩ ᠳᠤ ᠨᠢᠭᠡᠳᠦᠯᠲᠡᠢ ᠤᠷᠤᠭᠤᠯᠤᠨ ᠠᠷᠠᠯᠵᠢᠶᠠᠯᠠᠬᠤ ᠶᠢ ᠵᠤᠬᠢᠶᠠᠨ ᠪᠠᠶᠢᠭᠤᠯᠤᠨ ᠬᠢᠨᠠᠯᠲᠠ ᠲᠠᠯᠪᠢᠨ᠎ᠠ᠃      ︵ᠭᠤᠷᠪᠠ︶ ᠲᠥᠷᠥᠯ ᠵᠦᠢᠯ ᠤᠨ ᠠᠷᠠᠯᠵᠢᠶᠠᠯᠠᠬᠤ ᠶᠠᠪᠤᠴᠠ ᠳᠤ ᠬᠢᠨᠠᠯᠲᠠ ᠲᠠᠯᠪᠢᠬᠤ ᠱᠠᠭᠠᠷᠳᠠᠯᠭ᠎ᠠ ᠶᠢ ᠦᠨᠳᠦᠰᠦᠯᠡᠨ  ᠂ ᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠠᠢ ᠬᠠᠮᠵᠢᠯᠴᠠᠨ ᠲᠤᠰ ᠠᠵᠢᠯ ᠲᠥᠷᠥᠯ ᠤᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢᠨ ᠲᠦᠷᠦᠯ ᠵᠦᠢᠯ ᠳᠤ ᠲᠤᠰᠬᠠᠢ ᠬᠥᠮᠥᠨ ᠲᠣᠮᠢᠯᠠᠨ ᠠᠬᠤᠢ ᠲᠠᠯᠠᠪᠠᠢ ᠳᠤ ᠤᠴᠢᠭᠤᠯᠬᠤ ᠪᠤᠶᠤ ᠡᠯᠧᠺᠲᠷᠣᠨ ᠬᠢᠨᠠᠨ ᠬᠠᠮᠢᠶᠠᠷᠬᠤ ᠲᠠᠪᠴᠠᠩ ᠤᠨ ᠰᠢᠰᠲ᠋ᠧᠮ ᠢᠶᠠᠷ ᠠᠬᠤᠢ ᠲᠠᠯᠠᠪᠠᠢ ᠳᠤ ᠬᠢᠨᠠᠯᠲᠠ ᠲᠠᠯᠪᠢᠨ᠎ᠠ᠃      ︵ᠳᠥᠷᠪᠡ︶ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠳᠦᠷᠢᠮ ᠤᠨ ᠱᠠᠭᠠᠷᠳᠠᠯᠭ᠎ᠠ ᠶᠢ ᠦᠨᠳᠦᠰᠦᠯᠡᠨ ᠲᠣᠭᠲᠠᠭᠰᠠᠨ ᠰᠣᠨᠢᠨ ᠮᠡᠳᠡᠭᠡᠨ ᠤ ᠵᠠᠭᠤᠴᠢᠯᠠᠭᠤᠷ ᠳᠡᠭᠡᠷ᠎ᠡ ᠳᠠᠭᠠᠭᠠᠴᠢᠯᠠᠯᠲᠠ ᠵᠠᠷᠯᠠᠬᠤ ᠵᠠᠷᠯᠠᠯ᠂ ᠳᠠᠭᠠᠭᠠᠴᠢᠯᠠᠯᠲᠠ ᠵᠠᠷᠯᠠᠬᠤ ︵ᠬᠤᠳᠠᠯᠳᠤᠨ ᠠᠪᠬᠤ︶ ᠪᠢᠴᠢᠭ ᠮᠠᠲ᠋ᠧᠷᠢᠶᠠᠯ᠂ ᠳᠠᠭᠠᠭᠠᠴᠢᠯᠠᠯᠲᠠ ᠣᠨᠣᠬᠤ ︵ᠠᠷᠠᠯᠵᠢᠶ᠎ᠠ ᠲᠣᠬᠢᠷᠠᠬᠤ︶ ᠮᠡᠳᠡᠭᠡ ᠵᠠᠩᠭᠢ᠂ ᠥᠭᠡᠷᠡᠴᠢᠯᠡᠬᠦ ᠮᠡᠳᠡᠭᠡ ᠵᠠᠩᠭᠢ᠂ ᠢᠲᠡᠭᠡᠮᠵᠢ ᠶᠢᠨ ᠱᠠᠩᠨᠠᠯ ᠲᠣᠷᠭᠠᠭᠤᠯᠢ ᠵᠢᠴᠢ ᠬᠠᠮᠢᠶ᠎ᠠ ᠪᠦᠬᠦᠢ ᠬᠠᠤᠯᠢ ᠴᠠᠭᠠᠵᠠ ᠳᠦᠷᠢᠮ ᠲᠣᠭᠲᠠᠭᠠᠯ ᠢ ᠵᠥᠷᠢᠴᠡᠭᠰᠡᠨ ᠲᠤᠷᠭᠠᠭᠤᠯᠢ ᠰᠢᠢᠳᠭᠡᠯ ᠵᠡᠷᠭᠡ ᠬᠠᠤᠯᠢ ᠶᠤᠰᠤᠭᠠᠷ ᠢᠯᠡ ᠨᠡᠶᠢᠲᠡᠯᠡᠬᠦ ᠶᠣᠰᠣᠲᠠᠢ ᠮᠡᠳᠡᠭᠡ ᠵᠠᠩᠭᠢ ᠶᠢ ᠨᠡᠶᠢᠲᠡᠯᠡᠨ᠎ᠡ᠃ ᠲᠤᠰ ᠠᠵᠢᠯ ᠲᠥᠷᠥᠯ ᠤᠨ ᠲᠠᠯᠠᠪᠠᠢ ᠳᠤ ᠤᠷᠤᠵᠤ ᠠᠷᠠᠯᠵᠢᠶᠠᠯᠠᠬᠤ ᠲᠥᠷᠥᠯ ᠵᠦᠢᠯ ᠤᠨ ᠮᠡᠳᠡᠭᠡ ᠵᠠᠩᠭᠢ ᠶᠢ ᠨᠡᠶᠢᠲᠡᠯᠡᠬᠦ ᠳᠤ ᠬᠠᠤᠯᠢ ᠶᠤᠰᠤᠭᠠᠷ ᠬᠢᠨᠠᠯᠲᠠ ᠲᠠᠯᠪᠢᠵᠤ᠂ ᠮᠡᠳᠡᠭᠡ ᠵᠠᠩᠭᠢ ᠶᠢᠨ ᠲᠤᠭ᠎ᠠ ᠪᠠᠷᠢᠮᠲᠠ ᠶᠢᠨ ᠬᠠᠷᠢᠯᠴᠠᠨ ᠨᠡᠪᠲᠡᠷᠡᠯᠴᠡᠵᠦ ᠬᠠᠮᠲᠤ ᠪᠠᠷ ᠬᠡᠷᠡᠭᠯᠡᠬᠦ ᠶᠢ ᠠᠬᠢᠭᠤᠯᠤᠨ᠎ᠠ︔ ᠲᠤᠰ ᠠᠵᠢᠯ ᠲᠥᠷᠥᠯ ᠤᠨ ᠲᠠᠯᠠᠪᠠᠢ ᠳᠤ ᠤᠷᠤᠵᠤ ᠠᠷᠠᠯᠵᠢᠶᠠᠯᠠᠬᠤ ᠲᠥᠷᠥᠯ ᠵᠦᠢᠯ ᠤᠨ ᠬᠠᠤᠯᠢ ᠴᠠᠭᠠᠵᠠ ᠳᠦᠷᠢᠮ ᠲᠣᠭᠲᠠᠭᠠᠯ ᠳᠤ ᠨᠡᠶᠢᠴᠡᠬᠦ ᠴᠢᠨᠠᠷ ᠲᠤ ᠬᠢᠨᠠᠨ ᠪᠠᠶᠢᠴᠠᠭᠠᠯᠲᠠ ᠬᠢᠨ᠎ᠡ᠃      ︵ᠲᠠᠪᠤ︶ ᠲᠤᠰ ᠠᠵᠢᠯ ᠲᠥᠷᠥᠯ ᠤᠨ ᠲᠤᠰᠢᠶᠠᠯ ᠬᠠᠷᠢᠭᠤᠴᠠᠯᠭ᠎ᠠ ᠶᠢᠨ ᠬᠡᠪᠴᠢᠶᠡᠨ ᠳᠣᠲᠣᠷᠠᠬᠢ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠠᠵᠢᠯᠯᠠᠭ᠎ᠠ ᠶᠢᠨ ᠶᠠᠪᠤᠭᠳᠠᠬᠤ ᠶᠢ ᠵᠢᠯᠣᠭᠤᠳᠴᠤ᠂ ᠠᠵᠢᠯ ᠤᠨ ᠱᠠᠭᠠᠷᠳᠠᠯᠭ᠎ᠠ ᠶᠢ ᠦᠨᠳᠦᠰᠦᠯᠡᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠬᠤᠷᠠᠯ ᠢ  ᠰᠠᠨᠠᠭᠠᠴᠢᠯᠠᠬᠤ ᠪᠤᠶᠤ ᠣᠷᠣᠯᠴᠠᠨ᠎ᠠ᠃ ᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢ ᠬᠠᠮᠵᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠬᠠᠮᠵᠢᠯᠴᠠᠨ ᠬᠢᠨᠠᠨ ᠬᠠᠮᠢᠶᠠᠷᠬᠤ᠂ ᠬᠤᠯᠪᠣᠭᠠᠯᠠᠨ ᠬᠢᠨᠠᠨ ᠬᠠᠮᠢᠶᠠᠷᠬᠤ ᠪᠠᠶᠢᠭᠤᠯᠤᠯ ᠲᠣᠭᠲᠠᠴᠠ ᠶᠢ ᠪᠠᠶᠢᠭᠤᠯᠵᠤ᠂ ᠪᠠᠲᠤᠯᠠᠵᠤ᠂ ᠲᠡᠭᠦᠯᠳᠡᠷᠵᠢᠭᠦᠯᠦᠨ᠎ᠡ᠃      ᠨᠠᠢᠮᠠᠳᠤᠭᠠᠷ ᠵᠦᠢᠯ ᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠬᠠᠷᠢᠶ᠎ᠠ ᠬᠤᠲᠠ ᠶᠢᠨ ᠵᠠᠰᠠᠭ ᠤᠨ ᠣᠷᠳᠣᠨ ᠤ ᠬᠤᠳᠠᠯᠳᠤᠨ ᠠᠪᠬᠤ ᠲᠥᠪ ︽ᠵᠠᠰᠠᠭ ᠤᠨ ᠣᠷᠳᠣᠨ ᠤ ᠬᠤᠳᠠᠯᠳᠤᠨ ᠠᠪᠬᠤ ᠬᠠᠤᠯᠢ︾ ᠶᠢᠨ ᠬᠠᠮᠢᠶ᠎ᠠ ᠪᠦᠬᠦᠢ ᠲᠣᠭᠲᠠᠭᠠᠯ ᠶᠣᠰᠣᠭᠠᠷ ᠲᠥᠪᠯᠡᠷᠡᠭᠦᠯᠦᠨ ᠬᠤᠳᠠᠯᠳᠤᠨ ᠠᠪᠬᠤ ᠪᠠᠶᠢᠭᠤᠯᠤᠮᠵᠢ ᠶᠢᠨ ᠬᠤᠯᠪᠣᠭᠳᠠᠯ ᠪᠦᠬᠦᠢ ᠡᠭᠦᠷᠭᠡ ᠴᠢᠳᠠᠪᠤᠷᠢ ᠶᠢ ᠡᠭᠦᠷᠭᠡᠯᠡᠨ᠎ᠡ      ᠭᠤᠷᠪᠠᠳᠤᠭᠠᠷ ᠪᠦᠯᠦᠭ  ᠠᠷᠠᠯᠵᠢᠶᠠᠯᠠᠬᠤ ᠬᠦᠷᠢᠶ᠎ᠡ ᠬᠡᠪᠴᠢᠶ᠎ᠡ      ᠶᠢᠰᠦᠳᠦᠭᠡᠷ ᠵᠦᠢᠯ ᠲᠤᠰ ᠱᠠᠲᠤᠨ ᠤ ᠠᠷᠠᠯᠵᠢᠶᠠᠨ ᠤ ᠭᠠᠷᠴᠠᠭ ᠤᠨ ᠬᠦᠷᠢᠶ᠎ᠡ ᠬᠡᠪᠴᠢᠶ᠎ᠡ ᠪᠠ ᠲᠣᠭᠠᠨ ᠤ ᠬᠡᠮᠵᠢᠶ᠎ᠡ ᠶᠢᠨ ᠪᠠᠷᠢᠮᠵᠢᠶ᠎ᠠ ᠳᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠱᠠᠭᠠᠷᠳᠠᠯᠭ᠎ᠠ ᠶᠢ ᠦᠨᠳᠦᠰᠦᠯᠡᠨ ᠬᠥᠳᠡᠯᠦᠩᠭᠦᠢ ᠪᠠᠷ ᠲᠣᠬᠢᠷᠠᠭᠤᠯᠤᠯᠲᠠ ᠬᠢᠵᠦ᠂ ᠲᠡᠭᠦᠨ ᠤ ᠨᠠᠶᠢᠷᠠᠭᠤᠯᠤᠨ ᠵᠣᠬᠢᠶᠠᠬᠤ ᠪᠠ ᠵᠠᠰᠠᠪᠤᠷᠢ ᠣᠷᠣᠭᠤᠯᠬᠤ ᠶᠢ ᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠲᠣᠭᠲᠠᠭᠠᠵᠤ᠂ ᠬᠤᠲᠠ ᠶᠢᠨ ᠵᠠᠰᠠᠭ ᠤᠨ ᠣᠷᠳᠣᠨ ᠳᠤ ᠮᠡᠳᠡᠭᠦᠯᠦᠨ ᠵᠥᠪᠰᠢᠶᠡᠷᠡᠭᠦᠯᠦᠭᠰᠡᠨ ᠤ ᠳᠠᠷᠠᠭ᠎ᠠ ᠨᠡᠶᠢᠲᠡᠯᠡᠨ ᠬᠡᠷᠡᠭᠵᠢᠭᠦᠯᠦᠨ᠎ᠡ᠃      ᠠᠷᠪᠠᠳᠤᠭᠠᠷ ᠵᠦᠢᠯ ᠳᠣᠣᠷᠠᠬᠢ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢ ᠠᠷᠠᠯᠵᠢᠶᠠᠨ ᠤ ᠭᠠᠷᠴᠠᠭ ᠲᠤ ᠣᠷᠣᠭᠤᠯᠬᠤ ᠬᠡᠷᠡᠭᠲᠡᠢ᠄      ︵ᠨᠢᠭᠡ︶ ᠬᠠᠤᠯᠢ ᠶᠣᠰᠣᠭᠠᠷ ᠵᠠᠪᠠᠯ ᠳᠠᠭᠠᠭᠠᠴᠢᠯᠠᠯᠲᠠ ᠵᠠᠷᠯᠠᠬᠤ ᠬᠡᠷᠡᠭᠲᠡᠢ ᠪᠠᠷᠢᠯᠭ᠎ᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ︔      ︵ᠬᠤᠶᠠᠷ︶ ᠲᠥᠪᠯᠡᠷᠡᠭᠦᠯᠦᠨ ᠬᠤᠳᠠᠯᠳᠤᠨ ᠠᠪᠬᠤ ᠪᠠᠶᠢᠭᠤᠯᠤᠮᠵᠢ ᠶᠢᠨ ᠵᠣᠬᠢᠶᠠᠨ ᠪᠠᠶᠢᠭᠤᠯᠤᠭᠰᠠᠨ ᠵᠠᠰᠠᠭ ᠤᠨ ᠣᠷᠳᠣᠨ ᠤ ᠬᠤᠳᠠᠯᠳᠤᠨ ᠠᠪᠬᠤ ᠲᠥᠷᠥᠯ ᠵᠦᠢᠯ︔      ︵ᠭᠤᠷᠪᠠ︶ ᠤᠯᠤᠰ ᠤᠨ ᠥᠮᠴᠢᠯᠡᠯ ᠤᠨ ᠭᠠᠵᠠᠷ ᠰᠢᠷᠣᠢ ᠶᠢᠨ ᠬᠡᠷᠡᠭᠯᠡᠬᠦ ᠡᠷᠬᠡ ᠪᠠ ᠠᠭᠤᠷᠬᠠᠢ ᠶᠢᠨ ᠡᠷᠬᠡ ᠶᠢ ᠬᠤᠳᠠᠯᠳᠤᠬᠤ ᠠᠷᠠᠯᠵᠢᠶᠠᠨ ᠤ ᠲᠥᠷᠥᠯ ᠵᠦᠢᠯ︔      ︵ᠳᠥᠷᠪᠡ︶ ᠤᠯᠤᠰ ᠤᠨ ᠥᠮᠴᠢᠯᠡᠯ ᠤᠨ ᠡᠷᠬᠡ᠂ ᠬᠤᠪᠢᠴᠠᠭᠠᠨ ᠤ ᠡᠷᠬᠡ ᠶᠢ ᠰᠢᠯᠵᠢᠭᠦᠯᠬᠦ᠂ ᠡᠳ᠋ ᠬᠥᠷᠥᠩᠭᠡ ᠶᠢ ᠲᠦᠷᠢᠶᠡᠰᠦᠯᠡᠬᠦ᠂ ᠬᠠᠮᠲᠤ ᠶᠢᠨ ᠥᠮᠴᠢ ᠶᠢᠨ ᠡᠷᠬᠡ᠂ ᠬᠠᠮᠠᠭᠠᠯᠠᠯᠲᠠ ᠶᠢᠨ ᠲᠥᠷᠥᠯ ᠤᠨ ᠡᠳ᠋ ᠬᠥᠷᠥᠩᠭᠡ ᠶᠢᠨ ᠠᠷᠠᠯᠵᠢᠶᠠᠨ ᠤ ᠲᠥᠷᠥᠯ ᠵᠦᠢᠯ ︵ᠬᠠᠤᠯᠢ ᠴᠠᠭᠠᠵᠠ ᠳᠤ ᠥᠭᠡᠷ᠎ᠡ ᠲᠣᠭᠲᠠᠭᠠᠯ ᠲᠠᠢ ᠶᠢ ᠪᠠᠭᠲᠠᠭᠠᠬᠤ ᠦᠭᠡᠢ︶︔      ︵ᠲᠠᠪᠤ︶ ᠤᠯᠤᠰ᠂ ᠥᠪᠡᠷᠲᠡᠭᠡᠨ ᠵᠠᠰᠠᠬᠤ ᠣᠷᠣᠨ ᠠᠴᠠ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠭᠠᠷᠴᠠᠭ ᠲᠤ ᠣᠷᠣᠭᠤᠯᠬᠤ ᠪᠠᠷ ᠲᠣᠭᠲᠠᠭᠠᠭᠰᠠᠨ ᠪᠤᠰᠤᠳ ᠲᠥᠷᠥᠯ ᠵᠦᠢᠯ︔      ︵ᠵᠢᠷᠭᠤᠭ᠎ᠠ︶ ᠬᠠᠤᠯᠢ ᠴᠠᠭᠠᠵᠠ᠂ ᠬᠠᠤᠯᠢ ᠳᠦᠷᠢᠮ ᠳᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ ᠳᠤ ᠭᠠᠷᠭᠠᠨ ᠠᠷᠠᠯᠵᠢᠶᠠᠯᠠᠬᠤ ᠬᠡᠷᠡᠭᠲᠡᠢ ᠭᠡᠵᠦ ᠲᠣᠭᠲᠠᠭᠠᠭᠰᠠᠨ ᠪᠤᠰᠤᠳ ᠠᠷᠠᠯᠵᠢᠶᠠᠨ ᠤ ᠲᠥᠷᠥᠯ ᠵᠦᠢᠯ︔      ᠠᠷᠪᠠᠨ ᠨᠢᠭᠡᠳᠦᠭᠡᠷ ᠵᠦᠢᠯ ᠠᠷᠠᠯᠵᠢᠶᠠᠨ ᠤ ᠭᠠᠷᠴᠠᠭ ᠲᠤ ᠣᠷᠣᠭᠰᠠᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠥᠷᠥᠯ ᠵᠦᠢᠯ ᠪᠦᠬᠦᠨ ᠢ ᠴᠥᠮ ᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠥᠪ ᠲᠤ  ᠠᠷᠠᠯᠵᠢᠶᠠᠯᠠᠬᠤ ᠬᠡᠷᠡᠭᠲᠡᠢ᠃      ᠠᠷᠪᠠᠨ ᠬᠤᠶᠠᠳᠤᠭᠠᠷ ᠵᠦᠢᠯ ᠤᠯᠤᠰ ᠤᠨ ᠠᠮᠤᠷ ᠲᠦᠪᠰᠢᠨ᠂ ᠨᠢᠭᠤᠴᠠ ᠶᠢ ᠬᠠᠮᠠᠭᠠᠯᠠᠬᠤ᠂ ᠠᠶᠤᠯ ᠭᠠᠮᠰᠢᠭ ᠠᠴᠠ ᠠᠪᠤᠷᠠᠬᠤ ᠵᠢᠴᠢ ᠪᠤᠰᠤᠳ ᠣᠨᠴᠠᠭᠠᠢ ᠰᠢᠯᠲᠠᠭᠠᠨ ᠠᠴᠠ ᠪᠣᠯᠵᠤ ᠲᠤᠰ ᠠᠷᠭ᠎ᠠ ᠶᠢᠨ ᠲᠣᠭᠲᠠᠭᠠᠯ ᠶᠣᠰᠣᠭᠠᠷ ᠠᠷᠠᠯᠵᠢᠶᠠᠯᠠᠵᠤ ᠴᠢᠳᠠᠬᠤ ᠦᠭᠡᠢ ᠶᠢ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ  ᠬᠦᠢᠴᠡᠳᠭᠡᠬᠦ ᠬᠡᠷᠡᠭᠲᠡᠢ᠃      ᠠᠷᠪᠠᠨ ᠭᠤᠷᠪᠠᠳᠤᠭᠠᠷ ᠵᠦᠢᠯ ᠠᠷᠠᠯᠵᠢᠶᠠᠨ ᠤ ᠭᠠᠷᠴᠠᠭ ᠲᠤ ᠤᠷᠤᠭᠰᠠᠨ ᠦᠭᠡᠢ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠥᠷᠥᠯ ᠵᠦᠢᠯ ᠤᠨ ᠠᠷᠠᠯᠵᠢᠶᠠᠨ ᠤ ᠲᠠᠪᠴᠠᠩ ᠳᠡᠭᠡᠷ᠎ᠡ ᠠᠷᠠᠯᠵᠢᠶᠠᠯᠠᠬᠤ ᠶᠢ ᠵᠣᠷᠢᠭᠵᠢᠭᠤᠯᠵᠤ ᠬᠥᠲᠥᠯᠦᠨ ᠵᠢᠯᠣᠭᠤᠳᠤᠨ᠎ᠠ᠃      ᠳᠥᠷᠪᠡᠳᠦᠭᠡᠷ ᠪᠦᠯᠦᠭ ᠠᠷᠠᠯᠵᠢᠶᠠᠯᠠᠬᠤ ᠳᠠᠷᠠᠭᠠᠯᠠᠯ ᠵᠢᠴᠢ ᠳᠦᠷᠢᠮ      ᠠᠷᠪᠠᠨ ᠳᠥᠷᠪᠡᠳᠦᠭᠡᠷ ᠵᠦᠢᠯ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠶᠢ ᠬᠠᠤᠯᠢ ᠴᠠᠭᠠᠵᠠ ᠬᠠᠤᠯᠢ ᠳᠦᠷᠢᠮ ᠪᠠ ᠬᠠᠮᠢᠶ᠎ᠠ ᠪᠦᠬᠦᠢ ᠳᠦᠷᠢᠮ ᠲᠣᠭᠲᠠᠭᠠᠯ ᠳᠤ ᠲᠣᠭᠲᠠᠭᠠᠭᠰᠠᠨ ᠳᠠᠷᠠᠭᠠᠯᠠᠯ᠂ ᠳᠦᠷᠢᠮ ᠶᠣᠰᠣᠭᠠᠷ ᠶᠠᠪᠤᠭᠳᠠᠭᠤᠯᠵᠤ᠂ ᠠᠷᠠᠯᠵᠢᠶ᠎ᠠ ᠶᠢ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠦᠢᠯᠡᠴᠢᠯᠡᠭᠡ ᠶᠢᠨ ᠲᠠᠪᠴᠠᠩ ᠳᠡᠭᠡᠷ᠎ᠡ ᠬᠦᠯᠢᠶᠡᠨ ᠠᠪᠴᠤ ᠰᠢᠢᠳᠪᠦᠷᠢᠯᠡᠬᠦ ᠬᠡᠷᠡᠭᠲᠡᠢ᠃ ᠡᠩ ᠤᠨ ᠪᠠᠶᠢᠳᠠᠯ ᠳᠤ᠂ ᠠᠷᠠᠯᠵᠢᠶᠠᠨ ᠤ ᠨᠠᠶᠢᠳᠠᠯᠭ᠎ᠠ᠂ ᠠᠷᠠᠯᠵᠢᠶᠠᠨ ᠤ ᠪᠢᠴᠢᠭ ᠮᠠᠲ᠋ᠧᠷᠢᠶᠠᠯ ᠢ ᠨᠠᠶᠢᠷᠠᠭᠤᠯᠤᠨ ᠵᠣᠬᠢᠶᠠᠬᠤ᠂ ᠮᠡᠳᠡᠭᠡ ᠵᠠᠩᠭᠢ ᠶᠢ ᠨᠡᠶᠢᠲᠡᠯᠡᠬᠦ᠂ ᠠᠷᠠᠯᠵᠢᠶᠠᠨ ᠤ ᠪᠢᠴᠢᠭ ᠮᠠᠲ᠋ᠧᠷᠢᠶᠠᠯ ᠢ ᠲᠣᠰᠴᠤ ᠠᠪᠬᠤ᠂ ᠲᠤᠰᠬᠠᠢ ᠮᠡᠷᠭᠡᠵᠢᠯᠲᠡᠨ ᠢ ᠰᠤᠭᠤᠯᠤᠨ ᠰᠣᠩᠭᠤᠬᠤ᠂ ᠳᠠᠭᠠᠭᠠᠴᠢᠯᠠᠯᠲᠠ ᠶᠢᠨ ᠪᠢᠴᠢᠭ ᠢ ᠨᠡᠭᠡᠭᠡᠬᠦ᠂ ᠳᠠᠭᠠᠭᠠᠴᠢᠯᠠᠯᠲᠠ ᠶᠢ ᠦᠨᠡᠯᠡᠵᠦ ᠬᠢᠨᠠᠬᠤ᠂ ᠦᠷ᠎ᠡ ᠳ᠋ᠦᠩ ᠢ ᠵᠠᠷᠯᠠᠬᠤ᠂ ᠵᠠᠰᠠᠭ ᠤᠨ ᠣᠷᠳᠣᠨ ᠤ ᠬᠤᠳᠠᠯᠳᠤᠨ ᠠᠪᠬᠤ ᠳᠠᠭᠠᠭᠠᠴᠢᠯᠠᠯᠲᠠ ᠣᠯᠣᠭᠰᠠᠨ ᠮᠡᠳᠡᠭᠳᠡᠯ ᠤᠨ ᠪᠢᠴᠢᠭ ︵ᠠᠷᠠᠯᠵᠢᠶ᠎ᠠ ᠲᠣᠬᠢᠷᠠᠭᠰᠠᠨ ᠪᠢᠴᠢᠭ︶ ᠢ ᠣᠯᠭᠤᠬᠤ᠂ ᠭᠡᠷ᠎ᠡ ᠲᠣᠭᠲᠠᠬᠤ᠂ ᠠᠷᠠᠯᠵᠢᠶᠠᠨ ᠤ ᠮᠠᠲ᠋ᠧᠷᠢᠶᠠᠯ ᠢ ᠡᠪᠬᠡᠮᠡᠯ ᠪᠠᠶᠢᠭᠤᠯᠤᠨ ᠲᠠᠩᠰᠠᠯᠠᠬᠤ ᠵᠡᠷᠭᠡ ᠪᠠᠭᠲᠠᠨ᠎ᠠ᠃      ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠪᠣᠳᠠᠲᠠᠢ ᠳᠠᠷᠠᠭᠠᠯᠠᠯ ᠪᠠ ᠳᠦᠷᠢᠮ ᠢ ᠠᠷᠠᠯᠵᠢᠶᠠᠨ ᠤ ᠲᠥᠷᠥᠯ ᠵᠦᠢᠯ ᠪᠠ ᠠᠭᠤᠯᠭ᠎ᠠ ᠶᠢ ᠦᠨᠳᠦᠰᠦᠯᠡᠨ᠂ ᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠠᠢ ᠬᠠᠮᠲᠤᠷᠠᠨ ᠬᠠᠮᠢᠶ᠎ᠠ ᠪᠦᠬᠦᠢ ᠬᠠᠤᠯᠢ ᠴᠠᠭᠠᠵᠠ᠂ ᠬᠠᠤᠯᠢ ᠳᠦᠷᠢᠮ ᠢ ᠦᠨᠳᠦᠰᠦᠯᠡᠨ ᠠᠰ ᠲᠤᠨᠢ ᠲᠣᠭᠲᠠᠭᠠᠨ᠎ᠠ᠃      ᠠᠷᠪᠠᠨ ᠲᠠᠪᠤᠳᠤᠭᠠᠷ ᠵᠦᠢᠯ ᠲᠠᠯᠠᠪᠠᠢ ᠳᠤ ᠤᠷᠤᠵᠤ ᠠᠷᠠᠯᠵᠢᠶᠠᠯᠠᠬᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠥᠷᠥᠯ ᠵᠦᠢᠯ ᠨᠢ ᠬᠠᠤᠯᠢ ᠴᠠᠭᠠᠵᠠ᠂ ᠬᠠᠤᠯᠢ ᠳᠦᠷᠢᠮ ᠳᠤ ᠲᠣᠭᠲᠠᠭᠠᠭᠰᠠᠨ ᠠᠷᠠᠯᠵᠢᠶᠠᠨ ᠤ ᠨᠥᠬᠦᠴᠡᠯ ᠳᠤ ᠨᠡᠶᠢᠴᠡᠭᠰᠡᠨ ᠪᠠᠶᠢᠬᠤ ᠬᠡᠷᠡᠭᠲᠡᠢ᠃ ᠳᠣᠣᠷᠠᠬᠢ ᠪᠠᠶᠢᠳᠠᠯ ᠤᠨ ᠨᠢᠭᠡ ᠨᠢ ᠪᠠᠶᠢᠪᠠᠯ ᠬᠦᠯᠢᠶᠡᠨ ᠠᠪᠬᠤ ᠦᠭᠡᠢ᠄      ︵ᠨᠢᠭᠡ︶ ᠬᠠᠤᠯᠢ ᠶᠣᠰᠤᠭᠠᠷ ᠬᠢᠨᠠᠨ ᠵᠦᠪᠰᠢᠶᠡᠷᠡᠵᠦ᠂ ᠬᠠᠷᠭᠤᠭᠤᠯᠤᠨ ᠵᠦᠪᠰᠢᠶᠡᠷᠡᠭᠰᠡᠨ ᠦᠭᠡᠢ︔      ︵ᠬᠤᠶᠠᠷ︶ ᠡᠷᠬᠡ ᠶᠢᠨ ᠬᠠᠷᠢᠶᠠᠯᠠᠯ ᠨᠢ ᠮᠠᠷᠭᠤᠯᠳᠤᠭᠠᠨ ᠲᠠᠢ︔      ︵ᠭᠤᠷᠪᠠ︶ ᠬᠠᠤᠯᠢ ᠶᠣᠰᠣᠭᠠᠷ ᠬᠢᠵᠠᠭᠠᠷᠯᠠᠬᠤ ᠠᠷᠭ᠎ᠠ ᠬᠡᠮᠵᠢᠶ᠎ᠡ ᠠᠪᠤᠭᠰᠠᠨ︔      ︵ᠳᠥᠷᠪᠡ︶ ᠲᠤᠰᠢᠶᠠᠭᠰᠠᠨ ᠮᠠᠲ᠋ᠧᠷᠢᠶᠠᠯ ᠨᠢ ᠪᠦᠷᠢᠨ ᠪᠤᠰᠤ ᠪᠤᠶᠤ ᠬᠠᠭᠤᠷᠮᠠᠭ ᠵᠣᠬᠢᠶᠠᠭᠰᠠᠨ︔      ︵ᠲᠠᠪᠤ︶ ᠬᠠᠤᠯᠢ ᠴᠠᠭᠠᠵᠠ ᠬᠠᠤᠯᠢ ᠳᠦᠷᠢᠮ ᠳᠤ ᠠᠷᠠᠯᠵᠢᠶᠠᠯᠠᠬᠤ ᠶᠢ ᠴᠠᠭᠠᠵᠠᠯᠠᠭᠰᠠᠨ ᠪᠤᠰᠤᠳ ᠪᠠᠶᠢᠳᠠᠯ᠃      ᠠᠷᠪᠠᠨ ᠵᠢᠷᠭᠤᠳᠤᠭᠠᠷ ᠵᠦᠢᠯ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶ᠎ᠠ ᠳᠤ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠳᠦᠷᠢᠮ ᠶᠤᠰᠤᠭᠠᠷ ᠳᠠᠭᠠᠭᠠᠴᠢᠯᠠᠯᠲᠠ ᠶᠢ ᠦᠨᠡᠯᠡᠨ ᠬᠢᠨᠠᠬᠤ ᠵᠥᠪᠯᠡᠯ ︵ᠦᠨᠡᠯᠡᠨ ᠬᠢᠨᠠᠬᠤ ᠳᠤᠭᠤᠶᠢᠯᠠᠩ︶ ᠪᠠᠶᠢᠭᠤᠯᠵᠤ᠂ ᠲᠤᠰᠬᠠᠢ ᠮᠡᠷᠭᠡᠵᠢᠯᠲᠡᠨ ᠢ ᠰᠤᠭᠤᠯᠤᠨ ᠰᠣᠩᠭᠤᠬᠤ ᠳᠠᠭᠠᠨ ᠬᠠᠤᠯᠢ ᠶᠣᠰᠣᠭᠠᠷ ᠪᠠᠶᠢᠭᠤᠯᠤᠭᠰᠠᠨ ᠳᠠᠭᠠᠭᠠᠴᠢᠯᠠᠯᠲᠠ ᠶᠢ ᠦᠨᠡᠯᠡᠨ ᠬᠢᠨᠠᠬᠤ ᠲᠤᠰᠬᠠᠢ ᠮᠡᠷᠭᠡᠵᠢᠯᠲᠡᠨ ᠤ ᠬᠥᠮᠥᠷᠭᠡ ᠠᠴᠠ ᠲᠣᠬᠢᠶᠠᠯᠳᠤᠯ ᠢᠶᠠᠷ ᠰᠣᠩᠭᠤᠬᠤ ᠬᠡᠷᠡᠭᠲᠡᠢ᠃ ᠮᠡᠷᠭᠡᠵᠢᠯ ᠢᠶᠠᠷ ᠪᠤᠳᠤᠯᠢᠶᠠᠨᠲᠠᠢ᠂ ᠲᠤᠰᠬᠠᠢ ᠮᠡᠷᠭᠡᠵᠢᠯ ᠤᠨ ᠴᠢᠨᠠᠷ ᠢᠶᠠᠷ ᠴᠢᠩᠭ᠎ᠠ ᠪᠤᠶᠤ ᠤᠯᠤᠰ ᠠᠴᠠ ᠣᠨᠴᠠ ᠱᠠᠭᠠᠷᠳᠠᠯᠭ᠎ᠠ ᠲᠠᠢ ᠲᠥᠷᠥᠯ ᠵᠦᠢᠯ ᠳᠤ  ᠪᠣᠰᠤᠳ ᠠᠷᠭ᠎ᠠ ᠪᠠᠷ ᠲᠤᠰᠬᠠᠢ ᠮᠡᠷᠭᠡᠵᠢᠯᠲᠡᠨ ᠤ ᠦᠨᠡᠯᠡᠨ ᠬᠢᠨᠠᠬᠤ ᠵᠥᠪᠯᠡᠯ ᠢ ᠪᠦᠷᠢᠯᠳᠦᠭᠦᠯᠬᠦ ᠴᠢᠬᠤᠯᠠ ᠲᠠᠢ ᠪᠣᠯ ᠬᠠᠮᠢᠶ᠎ᠠ ᠪᠦᠬᠦᠢ ᠲᠣᠭᠲᠠᠭᠠᠯ ᠶᠣᠰᠣᠭᠠᠷ ᠶᠠᠪᠤᠭᠤᠯᠤᠨ᠎ᠠ᠃      ᠲᠠᠪᠤᠳᠤᠭᠠᠷ ᠪᠦᠯᠦᠭ ᠬᠢᠨᠠᠯᠲᠠ ᠬᠠᠮᠢᠶᠠᠷᠤᠯᠲᠠ      ᠠᠷᠪᠠᠨ ᠳᠣᠯᠣᠳᠤᠭᠠᠷ ᠵᠦᠢᠯ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠪᠣᠯᠣᠨ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ  ᠬᠠᠮᠵᠢᠯᠴᠠᠨ ᠬᠢᠨᠠᠨ ᠬᠠᠮᠢᠶᠠᠷᠬᠤ ᠬᠤᠯᠪᠤᠭᠠᠯᠠᠭᠰᠠᠨ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠯ ᠲᠣᠭᠲᠠᠴᠠ ᠶᠢ ᠪᠠᠶᠢᠭᠤᠯᠵᠤ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠭᠤᠭᠴᠣᠭᠠᠨ ᠳᠤ ᠣᠷᠣᠭᠰᠠᠨ ᠲᠥᠷᠥᠯ ᠵᠦᠢᠯ ᠢ ᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠨᠢᠭᠡᠳᠦᠯᠲᠡᠢ ᠬᠠᠮᠢᠶᠠᠷᠴᠤ᠂ ᠬᠤᠯᠪᠣᠭᠳᠠᠯ ᠪᠦᠬᠦᠢ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠬᠠᠮᠵᠢᠯᠴᠠᠨ᠂ ᠣᠯᠠᠨ ᠨᠡᠶᠢᠲᠡ ᠶᠢᠨ ᠡᠬᠢ ᠪᠠᠶᠠᠯᠢᠭ ᠤᠨ ᠮᠡᠳᠡᠭᠡ ᠵᠠᠩᠭᠢ ᠶᠢ ᠬᠤᠪᠢᠶᠠᠯᠴᠠᠬᠤ᠂ ᠬᠢᠨᠠᠨ ᠬᠠᠮᠢᠶᠠᠷᠬᠤ᠂ ᠢᠯᠡᠴᠢᠯᠡᠵᠦ ᠵᠠᠭᠠᠯᠳᠤᠭᠰᠠᠨ ᠢ ᠬᠦᠯᠢᠶᠡᠨ ᠠᠪᠴᠤ ᠰᠢᠢᠳᠪᠦᠷᠢᠯᠡᠬᠦ ᠵᠢᠴᠢ ᠬᠡᠷᠡᠭ ᠢ ᠪᠠᠶᠢᠴᠠᠭᠠᠨ ᠰᠢᠢᠳᠪᠦᠷᠢᠯᠡᠬᠦ᠂ ᠬᠤᠯᠪᠣᠭᠠᠯᠠᠨ ᠵᠠᠯᠬᠠᠭᠠᠨ ᠴᠡᠭᠡᠷᠯᠡᠭᠦᠯᠬᠦ ᠵᠡᠷᠭᠡ ᠡᠯ᠎ᠡ ᠵᠦᠢᠯ ᠤᠨ ᠠᠵᠢᠯ ᠢ ᠬᠠᠮᠲᠤᠷᠠᠨ ᠲᠦᠯᠬᠢᠨ ᠠᠬᠢᠭᠤᠯᠤᠨ᠎ᠠ᠃      ᠠᠷᠪᠠᠨ ᠨᠠᠢᠮᠠᠳᠤᠭᠠᠷ ᠵᠦᠢᠯ ᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠡᠯ᠎ᠡ ᠬᠠᠮᠢᠶ᠎ᠠ ᠪᠦᠬᠦᠢ ᠵᠠᠰᠠᠭ ᠵᠠᠬᠢᠷᠭᠠᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠠᠢ ᠬᠠᠮᠲᠤᠷᠠᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠬᠠᠮᠲᠤᠷᠠᠭᠰᠠᠨ ᠬᠤᠷᠠᠯ ᠤᠨ ᠳᠦᠷᠢᠮ ᠢ ᠪᠠᠶᠢᠭᠤᠯᠵᠤ᠂ ᠣᠯᠠᠨ ᠨᠡᠶᠢᠲᠡ ᠶᠢᠨ ᠡᠬᠢ ᠪᠠᠶᠠᠯᠢᠭ ᠤᠨ ᠬᠢᠨᠠᠯᠲᠠ ᠬᠠᠮᠢᠶᠠᠷᠤᠯᠲᠠ ᠳᠤᠮᠳᠠ ᠲᠤᠯᠭᠠᠷᠠᠭᠰᠠᠨ ᠪᠣᠳᠠᠲᠠᠢ ᠠᠰᠠᠭᠤᠳᠠᠯ ᠢ ᠬᠠᠮᠲᠤᠷᠠᠭᠰᠠᠨ ᠬᠤᠷᠠᠯ ᠢᠶᠠᠷ ᠵᠥᠪᠳᠡᠵᠦ ᠰᠤᠳᠤᠯᠤᠨ ᠰᠢᠢᠳᠪᠦᠷᠢᠯᠡᠵᠦ᠂ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠪᠠ ᠠᠵᠢᠯ ᠲᠥᠷᠥᠯ ᠤᠨ ᠬᠠᠮᠵᠢᠯᠴᠠᠭᠰᠠᠨ ᠬᠢᠨᠠᠯᠲᠠ ᠬᠠᠮᠢᠶᠠᠷᠤᠯᠲᠠ ᠶᠢ ᠵᠠᠪᠰᠠᠷ ᠦᠭᠡᠢ ᠵᠣᠯᠭᠠᠭᠤᠯᠤᠨ᠂ ᠬᠠᠷᠢᠯᠴᠠᠨ ᠬᠠᠮᠵᠢᠯᠴᠠᠵᠤ᠂ ᠬᠢᠨᠠᠯᠲᠠ ᠬᠠᠮᠢᠶᠠᠷᠤᠯᠲᠠ ᠶᠢᠨ ᠨᠡᠶᠢᠯᠡᠯ ᠬᠦᠴᠦᠨ ᠢ ᠴᠢᠩᠭᠠᠳᠬᠠᠨ᠎ᠠ᠃      ᠬᠠᠮᠲᠤᠷᠠᠭᠰᠠᠨ ᠬᠤᠷᠠᠯ ᠢ ᠰᠠᠨᠠᠭᠠᠴᠢᠯᠠᠭᠰᠠᠨ ᠰᠠᠯᠠᠭ᠎ᠠ ᠮᠥᠴᠢᠷ ᠠᠴᠠ ᠵᠣᠬᠢᠶᠠᠨ ᠪᠠᠶᠢᠭᠤᠯᠬᠤ᠂ ᠬᠤᠯᠪᠣᠭ᠎ᠠ ᠪᠠᠷᠢᠬᠤ ᠪᠠ ᠵᠣᠬᠢᠴᠠᠭᠤᠯᠬᠤ ᠶᠢ ᠬᠠᠷᠢᠭᠤᠴᠠᠵᠤ᠂ ᠬᠤᠷᠠᠯ ᠤᠨ ᠭᠤᠣᠯ ᠰᠡᠳᠦᠪ ᠪᠠ ᠬᠤᠷᠠᠯ ᠳᠡᠭᠡᠷ᠎ᠡ ᠵᠥᠪᠯᠡᠬᠦ  ᠵᠦᠢᠯ ᠢ ᠲᠣᠭᠲᠠᠭᠠᠨ᠂ ᠬᠠᠮᠵᠢᠯᠴᠠᠬᠤ ᠰᠠᠯᠠᠭ᠎ᠠ ᠮᠥᠴᠢᠷ ᠨᠢ ᠰᠠᠨᠠᠭᠠᠴᠢᠯᠠᠭᠰᠠᠨ ᠰᠠᠯᠠᠭ᠎ᠠ ᠮᠥᠴᠢᠷ ᠤᠨ ᠤᠷᠢᠯᠭ᠎ᠠ ᠪᠠ ᠬᠤᠷᠠᠯ ᠤᠨ ᠪᠣᠳᠠᠲᠠᠢ ᠠᠭᠤᠯᠭ᠎ᠠ ᠪᠠᠷ ᠦᠨᠳᠦᠰᠦᠯᠡᠯ ᠪᠣᠯᠭᠠᠨ ᠬᠥᠮᠥᠨ ᠰᠤᠩᠭᠤᠵᠤ ᠲᠣᠮᠢᠯᠠᠨ ᠣᠷᠣᠯᠴᠠᠭᠤᠯᠬᠤ ᠬᠡᠷᠡᠭᠲᠡᠢ᠃      ᠠᠷᠪᠠ ᠶᠢᠰᠦᠳᠦᠭᠡᠷ ᠵᠦᠢᠯ ᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠢ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠠᠢ ᠬᠠᠮᠲᠤᠷᠠᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠴᠠᠬᠢᠮ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠬᠤ ᠶᠢ ᠠᠬᠢᠭᠤᠯᠵᠤ᠂ ᠴᠠᠬᠢᠮᠵᠢᠭᠤᠯᠤᠭᠰᠠᠨ ᠠᠷᠭ᠎ᠠ ᠬᠡᠮᠵᠢᠶ᠎ᠡ ᠪᠠᠷ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠠᠵᠢᠯᠯᠠᠭ᠎ᠠ ᠶᠢᠨ ᠪᠦᠬᠦ ᠶᠠᠪᠤᠴᠠ ᠳᠤ ᠬᠢᠨᠠᠯᠲᠠ ᠲᠠᠯᠪᠢᠬᠤ ᠬᠡᠷᠡᠭᠲᠡᠢ      ᠬᠤᠷᠢᠳᠤᠭᠠᠷ ᠵᠦᠢᠯ ᠬᠠᠮᠢᠶ᠎ᠠ ᠪᠦᠬᠦᠢ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠦᠷ᠎ᠡ ᠳ᠋ᠦᠩ ᠢ ᠮᠦᠷᠳᠡᠬᠦ ᠪᠠ ᠬᠢᠨᠠᠨ  ᠪᠠᠶᠢᠴᠠᠭᠠᠬᠤ ᠪᠠᠨ ᠴᠢᠩᠭᠠᠳᠬᠠᠵᠤ᠂ ᠠᠰᠠᠭᠤᠳᠠᠯ ᠢ ᠢᠯᠡᠷᠡᠭᠦᠯᠪᠡᠯ ᠴᠠᠭ ᠳᠠᠷᠤᠢ ᠳᠤᠨᠢ ᠰᠢᠢᠳᠪᠦᠷᠢᠯᠡᠬᠦ ᠶᠢᠨ ᠬᠠᠮᠲᠤ᠂ ᠰᠢᠢᠳᠪᠦᠷᠢᠯᠡᠭᠰᠡᠨ ᠰᠢᠢᠳᠪᠦᠷᠢ ᠪᠠᠨ ᠴᠠᠭ ᠲᠤᠬᠠᠢ ᠳᠤᠨᠢ ᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠳᠤ ᠬᠠᠭᠤᠯᠤᠨ ᠬᠦᠷᠭᠡᠬᠦ ᠬᠡᠷᠡᠭᠲᠡᠢ᠃ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ ᠤᠨ ᠦᠢᠯᠡᠴᠢᠯᠡᠭᠡᠨ ᠤ ᠪᠠᠶᠢᠭᠤᠯᠤᠮᠵᠢ ᠢᠲᠡᠭᠡᠯ ᠠᠯᠳᠠᠭᠰᠠᠨ ᠦᠢᠯᠡ ᠠᠵᠢᠯᠯᠠᠭ᠎ᠠ ᠶᠢᠨ ᠨᠡᠷᠡᠰ ᠢ ᠨᠡᠶᠢᠲᠡᠯᠡᠨ ᠢᠯᠡᠴᠢᠯᠡᠬᠦ ᠳᠦᠷᠢᠮ ᠢ ᠪᠠᠶᠢᠭᠤᠯᠵᠤ᠂ ᠢᠲᠡᠭᠡᠯ ᠠᠯᠳᠠᠭᠰᠠᠨ ᠦᠢᠯᠡ ᠠᠵᠢᠯᠯᠠᠭ᠎ᠠ ᠶᠢᠨ ᠮᠡᠳᠡᠭᠡ ᠵᠠᠩᠭᠢ ᠶᠢ ᠡᠷᠢᠬᠦ ᠵᠡᠷᠭᠡ ᠦᠢᠯᠡᠴᠢᠯᠡᠭᠡ ᠬᠠᠩᠭᠠᠨ᠂ ᠢᠲᠡᠭᠡᠯ ᠠᠯᠳᠠᠭᠰᠠᠨ ᠦᠢᠯᠡ ᠠᠵᠢᠯᠯᠠᠭ᠎ᠠ ᠶᠢᠨ ᠭᠤᠣᠯ ᠴᠣᠭᠴᠠ ᠶᠢᠨ ᠨᠡᠷᠡᠰ ᠢ ᠴᠠᠭ ᠲᠤᠬᠠᠢ ᠳᠤᠨᠢ᠂ ᠣᠨᠣᠪᠴᠢᠲᠠᠢ ᠰᠢᠨᠡᠴᠢᠯᠡᠬᠦ ᠬᠡᠷᠡᠭᠲᠡᠢ᠃      ᠬᠤᠷᠢᠨ ᠨᠢᠭᠡᠳᠦᠭᠡᠷ ᠵᠦᠢᠯ ᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠪᠣᠯᠣᠨ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠠᠩᠬ᠎ᠠ ᠠᠰᠠᠭᠤᠬᠤ ᠬᠠᠷᠢᠭᠤᠴᠠᠯᠭ᠎ᠠ ᠶᠢᠨ ᠳᠦᠷᠢᠮ ᠶᠣᠰᠣᠭᠠᠷ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠵᠠᠭᠠᠯᠳᠤᠯᠭ᠎ᠠ᠂ ᠢᠯᠡᠴᠢᠯᠡᠨ ᠮᠡᠳᠡᠭᠦᠯᠦᠯᠲᠡ ᠶᠢ ᠬᠦᠯᠢᠶᠡᠨ ᠠᠪᠴᠤ ᠰᠢᠢᠳᠪᠦᠷᠢᠯᠡᠨ᠂ ᠬᠠᠤᠯᠢ ᠴᠠᠭᠠᠵᠠ ᠬᠠᠤᠯᠢ ᠳᠦᠷᠢᠮ ᠢ ᠵᠥᠷᠢᠴᠡᠭᠰᠡᠨ ᠬᠡᠷᠡᠭ ᠢ ᠪᠠᠶᠢᠴᠠᠭᠠᠨ ᠰᠢᠢᠳᠪᠦᠷᠢᠯᠡᠨ᠎ᠡ᠃      ᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠠᠷᠠᠯᠵᠢᠶᠠᠨ ᠤ ᠲᠠᠪᠴᠠᠩ ᠤᠨ ᠲᠣᠰᠣᠭᠰᠠᠨ ᠰᠡᠵᠢᠭᠯᠡᠯ ᠲᠠᠢ ᠵᠠᠭᠠᠯᠳᠤᠯᠭ᠎ᠠ ᠶᠢᠨ ᠲᠦᠷᠦᠯ ᠵᠦᠢᠯ ᠶᠢ ᠬᠦᠯᠢᠶᠡᠨ ᠠᠪᠴᠤ ᠰᠢᠢᠳᠪᠦᠷᠢᠯᠡᠬᠦ ᠶᠢᠨ ᠬᠠᠮᠲᠤ ᠳᠠᠩᠰᠠᠯᠠᠨ᠎ᠠ᠃  ᠬᠤᠯᠪᠤᠭᠳᠠᠯ ᠪᠦᠬᠦᠢ ᠬᠠᠤᠯᠢ ᠴᠠᠭᠠᠵᠠ ᠲᠦᠷᠢᠮ ᠲᠣᠭᠲᠠᠭᠠᠯ ᠵᠢᠴᠢ ᠲᠥᠷᠥᠯ ᠵᠦᠢᠯ ᠤᠨ ᠬᠠᠷᠢᠶᠠᠯᠠᠭᠳᠠᠬᠤ ᠵᠠᠰᠠᠭ ᠵᠠᠬᠢᠷᠭᠠᠨ ᠤ ᠬᠢᠨᠠᠯᠲᠠ ᠶᠢᠨ ᠬᠦᠷᠢᠶ᠎ᠡ ᠬᠡᠪᠴᠢᠶ᠎ᠡ ᠶᠢ ᠦᠨᠳᠦᠰᠦᠯᠡᠨ ᠬᠤᠯᠪᠣᠭᠳᠠᠯ ᠪᠦᠬᠦᠢ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠬᠦᠯᠢᠶᠡᠨ ᠠᠪᠴᠤ ᠰᠢᠢᠳᠪᠦᠷᠢᠯᠡᠬᠦ ᠬᠡᠷᠡᠭᠳᠡᠢ ᠪᠣᠯ ᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠲᠠᠪᠴᠠᠩ ᠬᠦᠯᠢᠶᠡᠨ ᠠᠪᠴᠤ  ᠡᠭᠦᠷᠭᠡ ᠬᠤᠪᠢᠶᠠᠷᠢᠯᠠᠨ᠂ ᠬᠤᠯᠪᠣᠭᠳᠠᠯ ᠪᠦᠬᠦᠢ ᠵᠠᠰᠠᠭ ᠵᠠᠬᠢᠷᠭᠠᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠰᠢᠯᠵᠢᠭᠦᠯᠦᠨ ᠦᠭᠴᠦ ᠰᠢᠢᠳᠪᠦᠷᠢᠯᠡᠭᠦᠯᠦᠨ᠎ᠡ᠃      ᠬᠤᠷᠢᠨ ᠬᠤᠶᠠᠳᠤᠭᠠᠷ ᠵᠦᠢᠯ ᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠬᠠᠤᠯᠢ ᠴᠠᠭᠠᠵᠠ ᠳᠦᠷᠢᠮ ᠲᠤᠭᠲᠠᠭᠠᠯ ᠢ ᠵᠥᠷᠢᠴᠡᠭᠰᠡᠨ ᠬᠡᠷᠡᠭ ᠢ ᠪᠠᠶᠢᠴᠠᠭᠠᠨ ᠰᠢᠢᠳᠪᠦᠷᠢᠯᠡᠬᠦ ᠶᠠᠪᠤᠴᠠ ᠳᠤᠮᠳᠠ᠂ ᠪᠤᠰᠤᠳ ᠵᠠᠰᠠᠭ ᠵᠠᠬᠢᠷᠭᠠᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠬᠠᠮᠵᠢᠯᠴᠠᠨ ᠭᠦᠢᠴᠡᠳᠬᠡᠬᠦ ᠴᠢᠬᠤᠯᠠ ᠲᠠᠢ ᠪᠣᠯ᠂ ᠬᠠᠮᠵᠢᠯᠴᠠᠨ ᠭᠦᠢᠴᠡᠳᠬᠡᠬᠦ ᠪᠠᠶᠢᠭᠤᠯᠭ᠎ᠠ ᠳᠤ ᠬᠠᠮᠵᠢᠯᠴᠠᠨ ᠭᠦᠢᠴᠡᠳᠬᠡᠬᠦ ᠠᠯᠪᠠᠨ ᠵᠠᠬᠢᠳᠠᠯ ᠶᠠᠪᠤᠭᠤᠯᠵᠤ᠂ ᠬᠠᠮᠵᠢᠯᠴᠠᠨ ᠭᠦᠢᠴᠡᠳᠬᠡᠬᠦ ᠰᠠᠯᠠᠭ᠎ᠠ ᠮᠥᠴᠢᠷ ᠬᠠᠮᠵᠢᠯᠴᠠᠨ ᠭᠦᠢᠴᠡᠳᠬᠡᠬᠦ ᠠᠯᠪᠠᠨ ᠵᠠᠬᠢᠳᠠᠯ ᠢ ᠣᠯᠣᠭᠰᠠᠨ ᠤ ᠳᠠᠷᠠᠭ᠎ᠠ ᠬᠠᠮᠵᠢᠨ ᠪᠠᠶᠢᠴᠠᠭᠠᠬᠤ ᠮᠠᠲ᠋ᠧᠷᠢᠶᠠᠯ ᠢ ᠴᠠᠭ ᠳᠠᠷᠤᠢ ᠳᠤᠨᠢ ᠬᠢᠨᠠᠨ ᠪᠠᠶᠢᠴᠠᠭᠠᠵᠤ᠂ ᠲᠦᠯᠬᠢᠵᠦ᠂ ᠬᠠᠰᠢ ᠶᠠᠰᠢ ᠬᠠᠨᠳᠤᠵᠤ ᠪᠣᠯᠬᠤ ᠦᠭᠡᠢ᠂ ᠵᠦᠢ ᠵᠣᠬᠢᠰ ᠦᠭᠡᠢ ᠰᠢᠯᠲᠠᠭᠠᠨ ᠢᠶᠠᠷ ᠲᠡᠪᠴᠢᠵᠦ ᠪᠣᠯᠬᠤ ᠦᠭᠡᠢ᠃      ᠬᠤᠷᠢᠨ ᠭᠤᠷᠪᠠᠳᠤᠭᠠᠷ ᠵᠦᠢᠯ ᠲᠤᠰ ᠰᠠᠯᠠᠭ᠎ᠠ ᠮᠥᠴᠢᠷ ᠤᠨ ᠡᠭᠦᠷᠭᠡ ᠴᠢᠳᠠᠪᠬᠢ ᠠᠴᠠ ᠳᠠᠪᠠᠭᠰᠠᠨ ᠬᠠᠮᠵᠢᠯᠴᠠᠨ ᠭᠦᠢᠴᠡᠳᠬᠡᠬᠦ ᠤᠴᠢᠷ ᠢ 5 ᠠᠵᠢᠯ ᠤᠨ ᠡᠳᠦᠷ ᠤᠨ ᠳᠣᠲᠣᠷ᠎ᠠ ᠵᠠᠬᠢᠳᠠᠯ ᠢ ᠪᠤᠴᠠᠭᠠᠬᠤ ᠶᠢᠨ ᠬᠠᠮᠲᠤ ᠤᠴᠢᠷ ᠰᠢᠯᠲᠠᠭᠠᠨ ᠢᠶᠠᠨ ᠲᠣᠳᠣᠷᠬᠠᠶᠢᠯᠠᠵᠤ᠂ ᠲᠤᠰ ᠰᠠᠯᠠᠭ᠎ᠠ ᠮᠥᠴᠢᠷ ᠤᠨ ᠪᠡᠶᠡᠯᠡᠭᠦᠯᠵᠦ ᠳᠡᠶᠢᠯᠬᠦ ᠬᠠᠮᠵᠢᠯᠴᠠᠨ ᠭᠦᠢᠴᠡᠳᠬᠡᠬᠦ ᠤᠴᠢᠷ ᠢ ᠴᠠᠭ ᠳᠠᠷᠤᠢ ᠳᠤᠨᠢ ᠬᠠᠮᠵᠢᠯᠴᠠᠨ ᠭᠦᠢᠴᠡᠳᠬᠡᠬᠦ ᠶᠢᠨ ᠬᠠᠮᠲᠤ ᠬᠠᠮᠵᠢᠨ ᠪᠠᠶᠢᠴᠠᠭᠠᠭᠰᠠᠨ ᠳ᠋ᠦᠩ ᠢᠶᠠᠨ ᠪᠢᠴᠢᠭ ᠢᠶᠠᠷ ᠬᠠᠷᠢᠭᠤ ᠲᠤᠰᠬᠠᠬᠤ ᠬᠡᠷᠡᠭᠲᠡᠢ᠃      ᠬᠤᠷᠢᠨ ᠳᠥᠷᠪᠡᠳᠦᠭᠡᠷ ᠵᠦᠢᠯ ᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠬᠠᠤᠯᠢ ᠴᠠᠭᠠᠵᠠ ᠳᠦᠷᠢᠮ  ᠲᠤᠭᠲᠠᠭᠠᠯ ᠢ ᠵᠥᠷᠢᠴᠡᠭᠰᠡᠨ ᠦᠢᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠵᠦ  ᠲᠠᠭᠤᠰᠬᠤ ᠠᠴᠠ ᠡᠮᠦᠨ᠎ᠡ᠂ ᠬᠠᠮᠢᠶ᠎ᠠ ᠪᠦᠬᠦᠢ ᠵᠠᠰᠠᠭ ᠵᠠᠬᠢᠷᠭᠠᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠣᠯᠠᠨ ᠨᠡᠶᠢᠲᠡ ᠶᠢᠨ ᠡᠬᠢ ᠪᠠᠶᠠᠯᠢᠭ ᠤᠨ ᠬᠤᠯᠪᠣᠭᠳᠠᠯ ᠪᠦᠬᠦᠢ ᠭᠤᠣᠯ ᠴᠣᠭᠴᠠ ᠶᠢᠨ ᠠᠷᠠᠯᠵᠢᠶᠠᠨ ᠤ ᠠᠵᠢᠯᠯᠠᠭ᠎ᠠ ᠶᠢᠨ ᠳᠠᠷᠠᠭᠠᠴᠢ ᠶᠢᠨ ᠭᠠᠷ ᠭᠦᠢᠴᠡᠳᠬᠡᠯ ᠢ ᠲᠦᠷ ᠵᠣᠭᠰᠣᠭᠠᠬᠤ ᠬᠡᠷᠡᠭᠲᠡᠢ᠃      ᠬᠤᠷᠢᠨ ᠲᠠᠪᠤᠳᠤᠭᠠᠷ ᠵᠦᠢᠯ ᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠣᠯᠣᠭᠠᠶᠢᠯᠠᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠠᠵᠢᠯ ᠲᠥᠷᠥᠯ ᠤᠨ ᠢᠲᠡᠭᠡᠮᠵᠢ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠲᠣᠭᠲᠠᠭᠠᠵᠤ᠂ ᠠᠵᠢᠯ ᠲᠥᠷᠥᠯ ᠤᠨ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠠᠢ ᠬᠠᠮᠲᠤᠷᠠᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠥᠷᠥᠯ ᠵᠦᠢᠯ ᠤᠨ ᠡᠯ᠎ᠡ ᠲᠠᠯ᠎ᠠ ᠶᠢᠨ ᠭᠤᠣᠯ ᠴᠣᠭᠴᠠ᠂ ᠨᠡᠶᠢᠭᠡᠮ ᠤᠨ ᠣᠷᠣᠯᠠᠨ ᠭᠦᠢᠴᠡᠳᠬᠡᠬᠦ ᠪᠠᠶᠢᠭᠤᠯᠤᠮᠵᠢ᠂ ᠦᠨᠡᠯᠡᠨ ᠬᠢᠨᠠᠬᠤ ᠲᠤᠰᠬᠠᠢ ᠮᠡᠷᠭᠡᠵᠢᠯᠲᠡᠨ ᠵᠢᠴᠢ ᠬᠤᠯᠪᠣᠭᠳᠠᠯ ᠪᠦᠬᠦᠢ ᠠᠵᠢᠯ ᠲᠥᠷᠥᠯ ᠤᠨ ᠬᠥᠮᠥᠰ ᠤᠨ ᠢᠲᠡᠭᠡᠮᠵᠢ ᠶᠢᠨ ᠲᠤᠭ᠎ᠠ ᠪᠠᠷᠢᠮᠲᠠ ᠶᠢᠨ ᠬᠥᠮᠥᠷᠭᠡ ᠶᠢ ᠪᠠᠶᠢᠭᠤᠯᠵᠤ᠂ ᠬᠠᠮᠢᠶ᠎ᠠ ᠪᠦᠬᠦᠢ ᠬᠢᠨᠠᠯᠲᠠ ᠬᠠᠮᠢᠶᠠᠷᠤᠯᠲᠠ ᠶᠢᠨ ᠲᠤᠭ᠎ᠠ ᠪᠠᠷᠢᠮᠲᠠ᠂ ᠬᠠᠤᠯᠢ ᠶᠢ ᠵᠥᠷᠢᠴᠡᠵᠦ ᠢᠲᠡᠭᠡᠯ ᠠᠯᠳᠠᠭᠰᠠᠨ ᠲᠤᠭ᠎ᠠ ᠪᠠᠷᠢᠮᠲᠠ᠂ ᠵᠠᠭᠠᠯᠳᠤᠯᠭ᠎ᠠ ᠢᠯᠡᠴᠢᠯᠡᠨ ᠮᠡᠳᠡᠭᠦᠯᠦᠯᠲᠡ ᠶᠢᠨ ᠲᠤᠭ᠎ᠠ ᠪᠠᠷᠢᠮᠲᠠ ᠵᠡᠷᠭᠡ ᠶᠢ ᠴᠠᠭ ᠲᠤᠬᠠᠢ ᠳᠤᠨᠢ ᠬᠤᠷᠢᠶᠠᠩᠭᠤᠶᠢᠯᠠᠨ ᠳ᠋ᠦᠩᠨᠡᠵᠦ ᠨᠡᠶᠢᠳᠬᠡᠬᠦ ᠶᠢᠨ ᠬᠠᠮᠲᠤ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ ᠤᠨ ᠴᠠᠬᠢᠮᠵᠢᠭᠤᠯᠤᠭᠰᠠᠨ ᠦᠢᠯᠡᠴᠢᠯᠡᠭᠡ ᠶᠢᠨ ᠰᠢᠰᠲ᠋ᠧᠮ ᠢᠶᠠᠷ ᠨᠡᠶᠢᠭᠡᠮ ᠳᠤ ᠨᠡᠶᠢᠲᠡᠯᠡᠵᠦ᠂ ᠢᠲᠡᠭᠡᠮᠵᠢ ᠶᠢᠨ ᠮᠡᠳᠡᠭᠡ ᠵᠠᠩᠭᠢ ᠶᠢᠨ ᠬᠠᠷᠢᠯᠴᠠᠨ ᠬᠤᠯᠪᠣᠯᠳᠤᠨ ᠨᠡᠪᠲᠡᠷᠡᠯᠴᠡᠵᠦ᠂ ᠲᠤᠭ᠎ᠠ ᠪᠠᠷᠢᠮᠲᠠ ᠶᠢ ᠬᠠᠮᠲᠤ ᠪᠠᠷ ᠬᠡᠷᠡᠭᠯᠡᠬᠦ ᠶᠢ ᠪᠡᠶᠡᠯᠡᠭᠦᠯᠦᠨ᠂ ᠢᠲᠡᠭᠡᠯ ᠲᠠᠢ ᠶᠢ ᠤᠷᠮᠠᠰᠢᠭᠤᠯᠤᠨ ᠱᠠᠩᠨᠠᠬᠤ ᠪᠠ ᠢᠲᠡᠭᠡᠯ ᠠᠯᠳᠠᠭᠰᠠᠨ ᠢ ᠲᠣᠷᠭᠠᠨ ᠴᠡᠭᠡᠷᠯᠡᠭᠦᠯᠬᠦ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠬᠦ ᠬᠡᠷᠡᠭᠲᠡᠢ᠃      ᠬᠤᠷᠢᠨ ᠵᠢᠷᠭᠤᠳᠤᠭᠠᠷ ᠵᠦᠢᠯ ᠡᠯ᠎ᠡ ᠠᠵᠢᠯ ᠲᠥᠷᠥᠯ ᠤᠨ ᠵᠠᠰᠠᠭ ᠵᠠᠬᠢᠷᠭᠠᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠭᠤᠣᠯ ᠴᠣᠭᠴᠠ ᠶᠢᠨ ᠢᠲᠡᠭᠡᠮᠵᠢ ᠶᠢᠨ ᠮᠡᠳᠡᠭᠡ ᠵᠠᠩᠭᠢ ᠶᠢ ᠵᠠᠰᠠᠭ ᠵᠠᠬᠢᠷᠭᠠᠨ ᠤ ᠬᠠᠮᠢᠶᠠᠷᠤᠯᠲᠠ ᠪᠠ ᠣᠯᠠᠨ ᠨᠡᠶᠢᠲᠡ ᠶᠢᠨ ᠦᠢᠯᠡᠴᠢᠯᠡᠭᠡ ᠶᠢᠨ ᠡᠯ᠎ᠡ ᠬᠦᠷᠢᠶ᠎ᠡ ᠴᠠᠷᠠᠭ᠎ᠠ᠂ ᠡᠯ᠎ᠡ ᠭᠤᠭᠴᠣᠭᠠᠨ ᠳᠤ ᠰᠢᠩᠭᠡᠳᠬᠡᠨ ᠣᠷᠣᠭᠤᠯᠵᠤ᠂ ᠵᠠᠬ᠎ᠠ ᠳᠡᠯᠭᠡᠭᠦᠷ ᠲᠤ ᠣᠷᠣᠬᠤ ᠶᠢ ᠵᠥᠪᠰᠢᠶᠡᠷᠡᠬᠦ᠂ ᠲᠥᠷᠥᠯ ᠵᠦᠢᠯ ᠢ ᠬᠢᠨᠠᠨ ᠵᠥᠪᠰᠢᠶᠡᠷᠡᠬᠦ᠂ ᠬᠢᠷᠢ ᠴᠢᠳᠠᠯ ᠬᠢᠷᠢ ᠬᠡᠮ ᠢ ᠬᠢᠨᠠᠨ ᠬᠠᠷᠭᠤᠭᠤᠯᠬᠤ ᠵᠡᠷᠭᠡ ᠶᠢᠨ ᠴᠢᠬᠤᠯᠠ ᠦᠨᠳᠦᠰᠦ ᠪᠠᠷᠢᠮᠲᠠ ᠪᠣᠯᠭᠠᠬᠤ ᠬᠡᠷᠡᠭᠲᠡᠢ᠃ ᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠠᠵᠢᠯ ᠲᠥᠷᠥᠯ ᠤᠨ ᠵᠠᠰᠠᠭ ᠵᠠᠬᠢᠷᠭᠠᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ᠂ ᠬᠠᠤᠯᠢ ᠴᠠᠭᠠᠵᠠ ᠶᠢᠨ ᠪᠠᠶᠢᠭᠤᠯᠭ᠎ᠠ ᠣᠷᠣᠯᠴᠠᠭᠰᠠᠨ ᠬᠤᠯᠪᠣᠭᠠᠯᠠᠨ ᠵᠠᠯᠬᠠᠭᠠᠨ ᠴᠡᠭᠡᠷᠯᠡᠭᠦᠯᠬᠦ ᠲᠣᠭᠲᠠᠴᠠ ᠶᠢ ᠪᠠᠶᠢᠭᠤᠯᠤᠨ᠂ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠠᠵᠢᠯᠯᠠᠭ᠎ᠠ ᠳᠤᠮᠳᠠ ᠮᠠᠭᠤ ᠦᠢᠯᠡ ᠠᠵᠢᠯᠯᠠᠭ᠎ᠠ ᠶᠢᠨ ᠲᠡᠮᠳᠡᠭᠯᠡᠯ ᠲᠠᠢ᠂ ᠶᠡᠷᠦᠩᠬᠡᠶᠢᠯᠡᠭᠰᠡᠨ ᠢᠲᠡᠭᠡᠮᠵᠢ ᠶᠢᠨ ᠦᠨᠡᠯᠡᠯᠲᠡ ᠪᠠᠷ ᠪᠠᠷᠤᠭᠲᠠᠢ ᠵᠠᠬ᠎ᠠ ᠳᠡᠯᠭᠡᠭᠦᠷ ᠤᠨ ᠭᠤᠣᠯ ᠴᠣᠭᠴᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠠᠵᠢᠯᠯᠠᠭ᠎ᠠ ᠳᠤ ᠣᠷᠣᠯᠴᠠᠬᠤ ᠶᠢ ᠬᠠᠤᠯᠢ ᠶᠣᠰᠣᠭᠠᠷ ᠬᠢᠵᠠᠭᠠᠷᠯᠠᠬᠤ ᠪᠤᠶᠤ ᠬᠤᠷᠢᠭᠯᠠᠨ᠎ᠠ᠃      ᠬᠤᠷᠢᠨ ᠳᠣᠯᠣᠳᠤᠭᠠᠷ ᠵᠦᠢᠯ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠨᠡᠶᠢᠭᠡᠮ ᠤᠨ ᠦᠨᠡᠯᠡᠯᠲᠡ ᠶᠢᠨ ᠲᠣᠭᠲᠠᠴᠠ ᠶᠢ ᠪᠠᠶᠢᠭᠤᠯᠤᠨ᠎ᠠ᠃ ᠨᠡᠶᠢᠭᠡᠮ ᠤᠨ ᠣᠯᠠᠨ ᠨᠡᠶᠢᠲᠡ᠂ ᠭᠤᠷᠪᠠᠳᠠᠬᠢ ᠡᠲᠡᠭᠡᠳ ᠤᠨ ᠪᠠᠶᠢᠭᠤᠯᠤᠮᠵᠢ ᠶᠢᠨ ᠬᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠮᠡᠳᠡᠭᠡ ᠵᠠᠩᠭᠢ ᠶᠢ ᠢᠯᠡ ᠪᠣᠯᠭᠠᠬᠤ ᠠᠷᠭ᠎ᠠ ᠵᠠᠮ ᠢᠶᠠᠷ ᠳᠠᠮᠵᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠠᠵᠢᠯᠯᠠᠭ᠎ᠠ ᠳᠤ ᠨᠡᠶᠢᠭᠡᠮ ᠤᠨ ᠬᠢᠨᠠᠯᠲᠠ ᠲᠠᠯᠪᠢᠬᠤ ᠶᠢᠨ ᠬᠠᠮᠲᠤ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠬᠢᠨᠠᠯᠲᠠ ᠲᠠᠯᠪᠢᠭᠰᠠᠨ ᠰᠠᠨᠠᠯ ᠢᠶᠠᠨ ᠲᠤᠰᠬᠠᠵᠤ ᠪᠣᠯᠣᠨ᠎ᠠ᠃      ᠬᠤᠷᠢᠨ ᠨᠠᠢᠮᠠᠳᠤᠭᠠᠷ ᠵᠦᠢᠯ ᠬᠢᠨᠠᠨ ᠪᠠᠶᠢᠴᠠᠭᠠᠬᠤ ᠰᠠᠯᠠᠭ᠎ᠠ ᠮᠥᠴᠢᠷ ᠬᠠᠤᠯᠢ ᠶᠣᠰᠣᠭᠠᠷ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠠᠵᠢᠯᠯᠠᠭ᠎ᠠ ᠶᠢᠨ ᠬᠠᠮᠢᠶ᠎ᠠ ᠪᠦᠬᠦᠢ ᠡᠲᠡᠭᠡᠳ ᠲᠤ ᠵᠠᠰᠠᠭ ᠵᠠᠬᠢᠷᠭᠠᠨ ᠤ ᠬᠢᠨᠠᠨ ᠪᠠᠶᠢᠴᠠᠭᠠᠯᠲᠠ ᠬᠢᠵᠦ᠂ ᠬᠠᠤᠯᠢ ᠴᠠᠭᠠᠵᠠ ᠳᠦᠷᠢᠮ ᠲᠤᠭᠲᠠᠭᠠᠯ ᠢ ᠵᠥᠷᠢᠴᠡᠭᠰᠡᠨ ᠦᠢᠯᠡ ᠠᠵᠢᠯᠯᠠᠭ᠎ᠠ ᠠᠴᠠ ᠬᠠᠷᠢᠭᠤᠴᠠᠯᠭ᠎ᠠ ᠨᠡᠬᠡᠮᠵᠢᠯᠡᠨ᠎ᠡ᠃      ᠬᠢᠨᠠᠨ ᠪᠣᠳᠣᠬᠤ ᠰᠠᠯᠠᠭ᠎ᠠ ᠮᠥᠴᠢᠷ ᠬᠠᠤᠯᠢ ᠶᠣᠰᠣᠭᠠᠷ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠠᠵᠢᠯᠯᠠᠭ᠎ᠠ ᠪᠠ ᠪᠡᠯᠡ ᠮᠥᠩᠭᠦ ᠶᠢ ᠬᠡᠷᠡᠭᠯᠡᠭᠰᠡᠨ ᠵᠡᠷᠭᠡ ᠪᠠᠶᠢᠳᠠᠯ ᠳᠤ ᠬᠢᠨᠠᠨ ᠪᠣᠳᠣᠯᠲᠠ ᠶᠢᠨ ᠬᠢᠨᠠᠯᠲᠠ ᠲᠠᠯᠪᠢᠨ᠎ᠠ᠃      ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠵᠠᠰᠠᠭ ᠤᠨ ᠣᠷᠳᠣᠨ ᠤ ᠬᠤᠳᠠᠯᠳᠤᠨ ᠠᠪᠬᠤ ᠶᠢ ᠬᠢᠨᠠᠨ ᠬᠠᠮᠢᠶᠠᠷᠬᠤ ᠰᠠᠯᠠᠭ᠎ᠠ ᠮᠥᠴᠢᠷ ᠪᠣᠯᠣᠭᠰᠠᠨ ᠤ ᠬᠤᠪᠢ ᠳᠤ᠂  ᠵᠠᠰᠠᠭ ᠤᠨ ᠣᠷᠳᠣᠨ ᠤ ᠬᠤᠳᠠᠯᠳᠤᠨ ᠠᠪᠬᠤ ᠠᠵᠢᠯᠯᠠᠭ᠎ᠠ ᠶᠢ ᠬᠢᠨᠠᠵᠤ ᠬᠠᠮᠢᠶᠠᠷᠬᠤ ᠡᠭᠦᠷᠭᠡ ᠬᠠᠷᠢᠭᠤᠴᠠᠯᠭ᠎ᠠ ᠪᠠᠨ ᠬᠠᠤᠯᠢ ᠶᠣᠰᠣᠭᠠᠷ ᠭᠦᠢᠴᠡᠳᠬᠡᠨ᠎ᠡ᠃      ᠬᠤᠷᠢ ᠶᠢᠰᠦᠳᠦᠭᠡᠷ ᠵᠦᠢᠯ ᠠᠷᠠᠯᠵᠢᠶᠠᠨ ᠤ ᠡᠯ᠎ᠡ ᠲᠠᠯ᠎ᠠ ᠶᠢᠨ ᠭᠤᠣᠯ ᠴᠣᠭᠴᠠ ᠨᠢ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠬᠤᠯᠪᠣᠭᠳᠠᠯ ᠪᠦᠬᠦᠢ ᠬᠠᠤᠯᠢ ᠴᠠᠭᠠᠵᠠ ᠬᠠᠤᠯᠢ ᠳᠦᠷᠢᠮ ᠢ ᠵᠥᠷᠢᠴᠡᠭᠰᠡᠨ ᠪᠠᠶᠢᠪᠠᠯ᠂ ᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠬᠠᠷᠠᠭᠠᠯᠵᠠᠭᠰᠠᠨ ᠵᠠᠰᠠᠭ ᠵᠠᠬᠢᠷᠭᠠᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠪᠢᠴᠢᠭ ᠢᠶᠠᠷ ᠮᠡᠳᠡᠭᠳᠡᠨ ᠬᠠᠤᠯᠢ ᠴᠠᠭᠠᠵᠠ ᠬᠠᠤᠯᠢ ᠳᠦᠷᠢᠮ ᠪᠠ ᠬᠤᠯᠪᠣᠭᠳᠠᠯ ᠪᠦᠬᠦᠢ ᠲᠣᠭᠲᠠᠭᠠᠯ ᠢ ᠦᠨᠳᠦᠰᠦᠯᠡᠨ ᠰᠢᠢᠳᠪᠦᠷᠢᠯᠡᠭᠦᠯᠦᠨ᠎ᠡ︔  ᠬᠤᠯᠪᠤᠭᠳᠠᠯ ᠪᠦᠬᠦᠢ ᠲᠤᠬᠠᠢ ᠶᠢᠨ ᠬᠥᠮᠥᠨ ᠵᠢᠴᠢ ᠬᠠᠤᠯᠢ ᠴᠠᠭᠠᠵᠠ  ᠳᠦᠷᠢᠮ ᠲᠤᠭᠲᠠᠭᠠᠯ ᠢ ᠵᠥᠷᠢᠴᠡᠭᠰᠡᠨ ᠦᠢᠯᠡ ᠠᠵᠢᠯᠯᠠᠭ᠎ᠠ ᠶᠢ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠢᠳᠡᠭᠡᠮᠵᠢ ᠶᠢᠨ ᠮᠠᠭᠤ ᠲᠡᠮᠳᠡᠭᠯᠡᠯ ᠳᠤ ᠣᠷᠣᠭᠤᠯᠬᠤ ᠶᠢᠨ ᠬᠠᠮᠲᠤ ᠨᠡᠶᠢᠲᠡᠯᠡᠨ᠎ᠡ᠃      ᠭᠤᠴᠢᠳᠤᠭᠠᠷ ᠵᠦᠢᠯ ᠳᠠᠭᠠᠭᠠᠴᠢᠯᠠᠯᠲᠠ ᠶᠢ ᠦᠨᠡᠯᠡᠬᠦ᠂ ᠦᠨᠡᠯᠡᠨ ᠬᠢᠨᠠᠬᠤ ᠵᠥᠪᠯᠡᠯ ᠤᠨ ᠲᠤᠰᠬᠠᠢ ᠮᠡᠷᠭᠡᠵᠢᠯᠲᠡᠨ ᠲᠤᠰ ᠠᠷᠭ᠎ᠠ ᠶᠢᠨ ᠬᠠᠮᠢᠶ᠎ᠠ ᠪᠦᠬᠦᠢ ᠲᠣᠭᠲᠠᠭᠠᠯ ᠢ ᠵᠥᠷᠢᠴᠡᠭᠰᠡᠨ ᠪᠠᠶᠢᠪᠠᠯ᠂ ᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠬᠠᠮᠢᠶ᠎ᠠ ᠪᠦᠬᠦᠢ ᠵᠠᠰᠠᠭ ᠵᠠᠬᠢᠷᠭᠠᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠪᠢᠴᠢᠭ ᠢᠶᠠᠷ ᠮᠡᠳᠡᠭᠳᠡᠨ ᠬᠠᠤᠯᠢ ᠴᠠᠭᠠᠵᠠ ᠲᠦᠷᠢᠮ ᠲᠤᠭᠲᠠᠭᠠᠯ ᠪᠠ ᠬᠠᠮᠢᠶ᠎ᠠ ᠪᠦᠬᠦᠢ ᠲᠣᠭᠲᠠᠭᠠᠯ ᠶᠣᠰᠣᠭᠠᠷ ᠰᠢᠢᠳᠪᠦᠷᠢᠯᠡᠭᠦᠯᠦᠨ᠂ ᠦᠢᠯᠡ ᠪᠠᠶᠢᠳᠠᠯ ᠨᠢ ᠬᠦᠨᠳᠦ ᠨᠣᠴᠢᠲᠠᠢ ᠪᠣᠯ ᠲᠤᠰᠬᠠᠢ ᠮᠡᠷᠭᠡᠵᠢᠯᠲᠡᠨ ᠤ ᠬᠥᠮᠥᠷᠭᠡ ᠠᠴᠠ ᠭᠠᠷᠭᠠᠵᠤ᠂ ᠬᠤᠯᠪᠣᠭᠳᠠᠯ ᠪᠦᠬᠦᠢ ᠦᠢᠯᠡ ᠠᠵᠢᠯᠯᠠᠭ᠎ᠠ ᠶᠢ ᠨᠢ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠢᠳᠡᠭᠡᠮᠵᠢ ᠶᠢᠨ ᠮᠠᠭᠤ ᠲᠡᠮᠳᠡᠭᠯᠡᠯ ᠳᠤ ᠣᠷᠣᠭᠤᠯᠬᠤ ᠶᠢᠨ ᠬᠠᠮᠲᠤ ᠨᠡᠶᠢᠲᠡᠯᠡᠨ᠎ᠡ᠃ ᠶᠠᠯ᠎ᠠ ᠳᠤ ᠬᠤᠯᠪᠣᠭᠳᠠᠭᠰᠠᠨ ᠢ ᠵᠠᠰᠠᠭ ᠵᠠᠬᠢᠷᠭᠠᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠬᠠᠤᠯᠢ ᠴᠠᠭᠠᠵᠠ ᠶᠢᠨ ᠪᠠᠶᠢᠭᠤᠯᠤᠮᠵᠢ ᠳᠤ ᠰᠢᠯᠵᠢᠭᠦᠯᠦᠨ ᠬᠠᠤᠯᠢ ᠶᠣᠰᠣᠭᠠᠷ ᠡᠷᠡᠭᠦᠦ ᠶᠢᠨ ᠬᠡᠷᠡᠭ ᠤᠨ ᠬᠠᠷᠢᠭᠤᠴᠠᠯᠭ᠎ᠠ ᠨᠡᠭᠡᠮᠵᠢᠯᠡᠨ᠎ᠡ᠃      ᠭᠤᠴᠢᠨ ᠨᠢᠭᠡᠳᠦᠭᠡᠷ ᠵᠦᠢᠯ ᠨᠡᠶᠢᠭᠡᠮ ᠤᠨ ᠣᠷᠣᠯᠠᠨ ᠭᠦᠢᠴᠡᠳᠬᠡᠬᠦ ᠪᠠᠶᠢᠭᠤᠯᠤᠮᠵᠢ ᠵᠢᠴᠢ ᠬᠤᠯᠪᠣᠭᠳᠠᠯ ᠪᠦᠬᠦᠢ ᠠᠵᠢᠯᠲᠠᠨ ᠳᠠᠭᠠᠭᠠᠴᠢᠯᠠᠯᠲᠠ ᠵᠠᠷᠯᠠᠵᠤ ᠳᠠᠭᠠᠭᠠᠴᠢᠯᠠᠯᠲᠠ ᠬᠦᠯᠢᠶᠡᠬᠦ ᠬᠠᠤᠯᠢ ᠴᠠᠭᠠᠵᠠ ᠬᠠᠤᠯᠢ ᠳᠦᠷᠢᠮ ᠪᠠ ᠲᠤᠰ ᠠᠷᠭ᠎ᠠ ᠶᠢᠨ ᠲᠣᠭᠲᠠᠭᠠᠯ ᠢ ᠵᠥᠷᠢᠴᠡᠵᠦ᠂ ᠠᠷᠠᠯᠵᠢᠶᠠᠨ ᠤ ᠦᠷ᠎ᠡ ᠳ᠋ᠦᠩ ᠤᠨ ᠡᠷᠬᠡ ᠲᠡᠭᠰᠢ ᠲᠥᠪ ᠭᠤᠣᠯᠴᠢ ᠴᠢᠨᠠᠷ ᠢ ᠰᠢᠭᠤᠳ ᠨᠥᠯᠥᠭᠡᠯᠡᠭᠰᠡᠨ ᠪᠠᠶᠢᠪᠠᠯ᠂ ᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠬᠠᠮᠢᠶ᠎ᠠ ᠪᠦᠬᠦᠢ ᠵᠠᠰᠠᠭ ᠵᠠᠬᠢᠷᠭᠠᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠲᠤ ᠪᠢᠴᠢᠭ ᠢᠶᠠᠷ ᠮᠡᠳᠡᠭᠳᠡᠨ ᠬᠤᠭᠤᠴᠠᠭ᠎ᠠ ᠲᠣᠭᠲᠠᠭᠠᠨ ᠴᠡᠭᠴᠡᠯᠡᠨ ᠥᠭᠡᠷᠡᠴᠢᠯᠡᠭᠦᠯᠵᠦ᠂ ᠴᠡᠭᠴᠡᠯᠡᠨ ᠥᠭᠡᠷᠡᠴᠢᠯᠡᠬᠦ ᠬᠤᠭᠤᠴᠠᠭᠠᠨ ᠳᠤ ᠲᠡᠭᠦᠨ ᠤ ᠠᠷᠠᠯᠵᠢᠶᠠᠨ ᠤ ᠲᠠᠪᠴᠠᠩ ᠳᠤ ᠭᠠᠷᠴᠤ ᠬᠤᠯᠪᠣᠭᠳᠠᠯ ᠪᠦᠬᠦᠢ ᠲᠥᠷᠥᠯ ᠵᠦᠢᠯ ᠢ ᠣᠷᠣᠯᠠᠨ ᠭᠦᠢᠴᠡᠳᠬᠡᠬᠦ ᠶᠢ ᠨᠢ ᠵᠣᠭᠰᠣᠭᠠᠵᠤ᠂ ᠶᠠᠯ᠎ᠠ ᠳᠤ ᠬᠤᠯᠪᠣᠭᠳᠠᠭᠰᠠᠨ ᠢ ᠬᠠᠮᠢᠶ᠎ᠠ ᠪᠦᠬᠦᠢ ᠵᠠᠰᠠᠭ ᠵᠠᠬᠢᠷᠭᠠᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠬᠠᠤᠯᠢ ᠴᠠᠭᠠᠵᠠ ᠶᠢᠨ ᠪᠠᠶᠢᠭᠤᠯᠤᠮᠵᠢ ᠳᠤ ᠰᠢᠯᠵᠢᠭᠦᠯᠦᠨ ᠬᠠᠤᠯᠢ ᠶᠣᠰᠣᠭᠠᠷ ᠡᠷᠡᠭᠦᠦ ᠶᠢᠨ ᠬᠡᠷᠡᠭ ᠤᠨ ᠬᠠᠷᠢᠭᠤᠴᠠᠯᠭ᠎ᠠ ᠨᠡᠬᠡᠮᠵᠢᠯᠡᠨ᠎ᠡ᠃      ᠭᠤᠴᠢᠨ ᠬᠤᠶᠠᠳᠤᠭᠠᠷ ᠵᠦᠢᠯ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠲᠠᠪᠴᠠᠩ ᠤᠨ ᠠᠵᠢᠯᠲᠠᠨ ᠲᠤᠰ ᠠᠷᠭ᠎ᠠ ᠪᠠ ᠬᠤᠯᠪᠣᠭᠳᠠᠯ ᠪᠦᠬᠦᠢ ᠠᠵᠢᠯ ᠤᠨ ᠳᠦᠷᠢᠮ ᠢ ᠵᠥᠷᠢᠴᠡᠭᠰᠡᠨ ᠪᠠᠶᠢᠪᠠᠯ᠂ ᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ  ᠵᠠᠷᠯᠠᠬᠤ᠂ ᠪᠣᠯᠵᠣᠨ ᠶᠠᠷᠢᠯᠴᠠᠬᠤ ᠵᠡᠷᠭᠡ ᠠᠷᠭ᠎ᠠ ᠮᠠᠶ᠋ᠢᠭ ᠢᠶᠠᠷ ᠰᠢᠢᠳᠪᠦᠷᠢᠯᠡᠵᠦ᠂ ᠰᠠᠬᠢᠯᠭ᠎ᠠ ᠪᠠᠲᠤ ᠶᠢ ᠵᠥᠷᠢᠴᠡᠭᠰᠡᠨ ᠬᠠᠤᠯᠢ ᠶᠢ ᠵᠥᠷᠢᠴᠡᠭᠰᠡᠨ ᠪᠤᠰᠤᠳ ᠦᠢᠯᠡ ᠠᠵᠢᠯᠯᠠᠭ᠎ᠠ ᠲᠠᠢ ᠮᠥᠷᠲᠡᠭᠡᠨ ᠬᠦᠨᠳᠦ ᠨᠣᠴᠢᠲᠠᠢ ᠦᠷ᠎ᠡ ᠳ᠋ᠦᠩ ᠭᠠᠷᠭᠠᠭᠰᠠᠨ ᠪᠣᠯ ᠬᠢᠨᠠᠨ ᠪᠠᠶᠢᠴᠠᠭᠠᠬᠤ ᠰᠠᠯᠠᠭ᠎ᠠ ᠮᠥᠴᠢᠷ ᠠᠴᠠ ᠬᠠᠮᠢᠶ᠎ᠠ ᠪᠦᠬᠦᠢ ᠲᠣᠭᠲᠠᠭᠠᠯ ᠢ ᠦᠨᠳᠦᠰᠦᠯᠡᠨ ᠬᠠᠷᠢᠭᠤᠴᠠᠯᠭ᠎ᠠ ᠨᠡᠬᠡᠮᠵᠢᠯᠡᠵᠦ᠂ ᠬᠠᠤᠯᠢ ᠶᠢ ᠵᠥᠷᠢᠴᠡᠨ ᠶᠠᠯ᠎ᠠ ᠳᠤ ᠬᠤᠯᠪᠣᠭᠳᠠᠭᠰᠠᠨ ᠪᠣᠯ ᠬᠠᠤᠯᠢ ᠴᠠᠭᠠᠵᠠ ᠶᠢᠨ ᠪᠠᠶᠢᠭᠤᠯᠤᠮᠵᠢ ᠳᠤ ᠰᠢᠯᠵᠢᠭᠦᠯᠦᠨ ᠰᠢᠢᠳᠪᠦᠷᠢᠯᠡᠭᠦᠯᠦᠨ᠎ᠡ᠃      ᠭᠤᠴᠢᠨ ᠭᠤᠷᠪᠠᠳᠤᠭᠠᠷ ᠵᠦᠢᠯ  ᠵᠠᠰᠠᠭ ᠵᠠᠬᠢᠷᠭᠠᠨ ᠤ ᠬᠢᠨᠠᠯᠲᠠ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠬᠤᠯᠪᠣᠭᠳᠠᠯ ᠪᠦᠬᠦᠢ ᠠᠵᠢᠯᠲᠠᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠦᠭᠡᠢ ᠪᠤᠶᠤ ᠵᠥᠪ ᠪᠤᠰᠤ ᠪᠠᠷ ᠭᠦᠢᠴᠡᠳᠬᠡᠵᠦ᠂ ᠠᠷᠠᠯᠵᠢᠶᠠᠨ ᠤ ᠠᠵᠢᠯᠯᠠᠭ᠎ᠠ ᠳᠤ ᠲᠣᠭᠲᠠᠭᠠᠯ ᠢ ᠵᠥᠷᠢᠴᠡᠨ ᠭᠠᠷ ᠳᠦᠷᠦᠵᠦ ᠵᠦᠢ ᠶᠤᠰᠤᠨ ᠤ ᠪᠤᠰᠤ ᠠᠰᠢᠭ ᠬᠦᠷᠲᠡᠭᠰᠡᠨ ᠵᠢᠴᠢ ᠰᠠᠬᠢᠯᠭ᠎ᠠ ᠪᠠᠲᠤ ᠶᠢ ᠵᠥᠷᠢᠴᠡᠭᠰᠡᠨ ᠬᠠᠤᠯᠢ ᠶᠢ ᠵᠥᠷᠢᠴᠡᠭᠰᠡᠨ ᠪᠤᠰᠤᠳ ᠬᠦᠨᠳᠦ ᠨᠣᠴᠢᠲᠠᠢ ᠦᠢᠯᠡ ᠠᠵᠢᠯᠯᠠᠭ᠎ᠠ ᠲᠠᠢ ᠮᠥᠷᠲᠡᠭᠡᠨ ᠬᠦᠨᠳᠦ ᠨᠣᠴᠢᠲᠠᠢ ᠦᠷ᠎ᠡ ᠳ᠋ᠦᠩ ᠭᠠᠷᠭᠠᠭᠰᠠᠨ ᠪᠣᠯ ᠬᠤᠯᠪᠣᠭᠳᠠᠯ ᠪᠦᠬᠦᠢ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠬᠢᠨᠠᠨ ᠪᠠᠶᠢᠴᠠᠭᠠᠬᠤ ᠰᠠᠯᠠᠭ᠎ᠠ ᠮᠦᠴᠢᠷ ᠬᠠᠮᠢᠶ᠎ᠠ ᠪᠦᠬᠦᠢ ᠲᠣᠭᠲᠠᠭᠠᠯ ᠢ ᠦᠨᠳᠦᠰᠦᠯᠡᠨ ᠬᠠᠷᠢᠭᠤᠴᠠᠯᠭ᠎ᠠ ᠨᠡᠬᠡᠮᠵᠢᠯᠡᠨ᠎ᠡ︔ ᠶᠠᠯ᠎ᠠ ᠪᠣᠯᠵᠤ ᠪᠦᠷᠢᠯᠳᠦᠭᠰᠡᠨ ᠪᠣᠯ ᠬᠠᠤᠯᠢ ᠴᠠᠭᠠᠵᠠ ᠶᠢᠨ ᠪᠠᠶᠢᠭᠤᠯᠤᠮᠵᠢ ᠳᠤ ᠰᠢᠯᠵᠢᠭᠦᠯᠦᠨ ᠬᠠᠤᠯᠢ ᠶᠣᠰᠣᠭᠠᠷ ᠡᠷᠡᠭᠦᠦ ᠶᠢᠨ ᠬᠡᠷᠡᠭ ᠤᠨ ᠬᠠᠷᠢᠭᠤᠴᠠᠯᠭ᠎ᠠ ᠨᠡᠬᠡᠮᠵᠢᠯᠡᠨ᠎ᠡ᠃      ᠵᠢᠷᠭᠤᠳᠤᠭᠠᠷ ᠪᠦᠯᠦᠭ ᠳᠠᠭᠠᠯᠳᠤᠭᠤᠯᠤᠭᠰᠠᠨ ᠳᠦᠷᠢᠮ      ᠭᠤᠴᠢᠨ ᠳᠥᠷᠪᠡᠳᠦᠭᠡᠷ ᠵᠦᠢᠯ ᠲᠤᠰ ᠠᠷᠭ᠎ᠠ ᠶᠢ ᠬᠥᠬᠡᠬᠤᠲᠠ ᠶᠢᠨ ᠣᠯᠠᠨ ᠨᠡᠶᠢᠲᠡ ᠶᠢᠨ ᠡᠬᠢ ᠪᠠᠶᠠᠯᠢᠭ ᠤᠨ ᠠᠷᠠᠯᠵᠢᠶᠠᠨ ᠤ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠬᠠᠷᠢᠭᠤᠴᠠᠨ ᠲᠠᠶᠢᠯᠪᠤᠷᠢᠯᠠᠨ᠎ᠠ᠃
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号