ᠰᠤᠷᠭᠠᠨ ᠬᠥᠮᠦᠵᠢᠯ ᠤᠨ ᠶᠠᠮᠤᠨ ᠭᠠᠷ ᠤᠲᠠᠰᠤ ᠪᠠᠨ ᠬᠢᠴᠢᠶᠡᠯ ᠤᠨ ᠭᠡᠷ ᠲᠤ ᠠᠪᠴᠤ ᠤᠷᠤᠵᠦ ᠪᠣᠯᠬᠤ ᠥᠬᠡᠶ ᠬᠡᠵᠦ ᠱᠠᠭᠠᠷᠳᠠᠵᠤ ᠪᠠᠶᠢᠨ᠎ᠠ᠂ ᠬᠡᠷᠬᠢᠨ ᠦᠪᠡᠷ ᠢᠶᠠᠨ ᠪᠡᠶ᠎ᠡ ᠪᠠᠨ ᠪᠠᠷᠢᠵᠦ ᠭᠠᠷ ᠤᠲᠠᠰᠤ ᠪᠠᠨ ᠬᠢᠴᠢᠶᠡᠯ ᠤᠨ ᠭᠡᠷ ᠲᠤ ᠠᠪᠴᠤ ᠤᠷᠤᠬᠤ ᠦᠭᠡᠢ ᠶᠢ ᠬᠢᠵᠦ ᠬᠦᠢᠴᠡᠳᠭᠡᠬᠦ ᠪᠣᠶ︖
ᠨᠡᠶᠢᠲᠡᠯᠡᠭᠰᠡᠨ ᠴᠠᠭ᠄
2021/2/3
      ᠣᠶᠢᠷ᠎ᠠ ᠳᠤ᠂ ᠰᠤᠷᠭᠠᠨ ᠬᠥᠮᠦᠵᠢᠯ ᠤᠨ ᠶᠠᠮᠤᠨ ᠤ ᠠᠯᠪᠠᠨ ᠲᠢᠩᠬᠢᠮ ︽ᠳᠤᠮᠳᠠᠳᠤ ᠪᠠᠭ᠎ᠠ ᠰᠤᠷᠭᠠᠭᠤᠯᠢ ᠶᠢᠨ ᠰᠣᠷᠣᠭᠴᠢ ᠶᠢᠨ ᠭᠠᠷ ᠤᠲᠠᠰᠤ ᠶᠢ ᠬᠠᠮᠢᠶᠠᠷᠬᠤ ᠠᠵᠢᠯ ᠢ ᠴᠢᠩᠭᠠᠳᠬᠠᠬᠤ ᠲᠤᠬᠠᠶ ᠮᠡᠳᠡᠭᠳᠡᠯ︾  ᠳᠠᠷᠤᠮᠠᠯᠯᠠᠨ ᠲᠠᠷᠬᠠᠭᠠᠵᠤ᠂ ᠳᠤᠮᠳᠠᠳᠤ ᠪᠠᠭ᠎ᠠ ᠰᠤᠷᠭᠠᠭᠤᠯᠢ ᠶᠢᠨ ᠰᠣᠷᠣᠭᠴᠢ ᠵᠠᠷᠴᠢᠮ ᠤᠨ ᠲᠠᠯ᠎ᠠ ᠪᠠᠷ ᠬᠤᠪᠢ ᠬᠥᠮᠦᠨ ᠤ ᠭᠠᠷ ᠤᠲᠠᠰᠤ ᠪᠠᠨ ᠰᠤᠷᠭᠠᠭᠤᠯᠢ ᠶᠢᠨ ᠬᠦᠷᠢᠶᠡᠨ ᠳᠤ ᠠᠪᠴᠤ ᠣᠷᠣᠵᠤ ᠪᠣᠯᠬᠤ ᠥᠬᠡᠶ᠃ ᠦᠨᠡᠨᠬᠦ ᠭᠠᠷ ᠤᠳᠠᠰᠤ ᠭᠡᠷᠡᠭᠯᠡᠬᠦ ᠬᠡᠷᠡᠭᠴᠡᠭᠡ ᠲᠠᠢ ᠪᠣᠯ ᠵᠠᠪᠠᠯ ᠬᠡᠷ ᠤᠨ ᠠᠬᠠᠮᠠᠳ ᠢᠶᠠᠷ ᠢᠶᠠᠨ ᠵᠥᠪᠰᠢᠶᠡᠷᠡᠭᠦᠯᠦᠭᠡᠳ ᠪᠢᠴᠢᠭ ᠢᠶᠠᠷ ᠭᠤᠶᠤᠴᠢᠯᠠᠯ ᠭᠠᠷᠭᠠᠬᠤ ᠬᠡᠷᠡᠭᠳᠡᠢ᠂ ᠰᠤᠷᠤᠬᠴᠢ ᠰᠤᠷᠭᠠᠭᠤᠯᠢ ᠳᠤ ᠪᠠᠨ ᠬᠦᠷᠦᠭᠰᠡᠨ ᠤ ᠳᠠᠷᠠᠭ᠎ᠠ ᠭᠠᠷ ᠤᠲᠠᠰᠤ ᠶᠢ ᠨᠢ ᠰᠤᠷᠭᠠᠭᠤᠯᠢ ᠠᠴᠠ ᠨᠢᠭᠡᠳᠦᠯᠲᠡᠶ ᠬᠠᠳᠠᠭᠠᠯᠠᠨ ᠬᠠᠮᠢᠶᠠᠷᠤᠨ᠎ᠠ᠂ ᠬᠢᠴᠢᠶᠡᠯ ᠤᠨ ᠭᠡᠷ ᠲᠤ ᠠᠪᠴᠤ ᠣᠷᠣᠵᠦ ᠪᠤᠯᠬᠤ ᠦᠭᠡᠢ  ᠭᠡᠵᠦ ᠱᠠᠭᠠᠷᠳᠠᠪᠠ᠃      ᠴᠢᠩᠬᠤᠧᠠ ᠶᠡᠭᠡ ᠰᠤᠷᠭᠠᠭᠤᠯᠢ ᠶᠢᠨ ᠬᠠᠷᠢᠶᠠᠲᠤ ᠳᠤᠮᠳᠠᠳᠤ ᠰᠤᠷᠭᠠᠭᠤᠯᠢ ᠶᠢᠨ ᠵᠠᠬᠢᠷᠤᠯ ᠸᠠᠩ ᠳ᠋ᠢᠶᠠᠨ ᠵᠢᠶᠦ᠋ᠨ᠄ ᠤᠳᠤ ᠰᠤᠷᠤᠭᠴᠢᠳ ᠲᠤ ᠭᠠᠷ ᠤᠲᠠᠰᠤ ᠶᠢ ᠵᠥᠪ ᠬᠡᠷᠡᠭᠯᠡᠬᠦ ᠪᠠ ᠬᠠᠮᠢᠶᠠᠷᠬᠤ ᠶᠢ ᠰᠤᠷᠭᠠᠪᠡᠯ ᠬᠤᠵᠢᠮ ᠰᠤᠷᠤᠭᠴᠢᠳ ᠨᠡᠶᠢᠭᠡᠮ ᠳᠡᠭᠡᠷ᠎ᠡ ᠭᠠᠷᠤᠬᠰᠠᠨ ᠤ ᠲᠠᠷᠠᠭ᠎ᠠ ᠰᠢᠨᠡᠴᠢᠯᠡᠭᠳᠡᠨ ᠬᠤᠪᠢᠷᠠᠵᠤ ᠪᠠᠢᠭ᠎ᠠ ᠬᠡᠷᠡᠭ ᠪᠣᠳᠠᠰ ᠤᠨ ᠡᠮᠦᠨ᠎ᠡ ᠰᠠᠶ᠋ᠢ ᠵᠥᠪ ᠪᠦᠭᠡᠳ ᠵᠣᠬᠢᠰᠲᠠᠢ ᠬᠡᠷᠡᠭᠯᠡᠵᠦ ᠴᠢᠳᠠᠨ᠎ᠠ ᠭᠡᠵᠦ ᠬᠡᠯᠡᠭᠰᠡᠨ ᠢᠶᠠᠨ ᠵᠠᠯᠭᠠᠭᠠᠳ ︽ᠭᠠᠷ ᠤᠲᠠᠰᠤ ᠶᠢ ᠵᠥᠪ ᠬᠡᠷᠡᠭᠯᠡᠬᠦ ᠶᠢ ᠰᠤᠷᠬᠤ ᠪᠣᠯ ᠨᠢᠭᠡᠨ ᠵᠠᠪᠠᠯ ᠰᠤᠷᠬᠤ ᠬᠢᠴᠢᠶᠡᠯ ᠪᠤᠯᠬᠤ ᠪᠥᠭᠡᠳ ᠪᠠᠰᠠ ᠣᠳᠣᠬᠠᠨ ᠤ ᠰᠤᠷᠭᠠᠨ ᠬᠥᠮᠦᠵᠢᠯ ᠤᠨ ᠨᠢᠭᠡ ᠬᠡᠰᠡᠭ ᠪᠣᠯᠤᠨ᠎ᠠ᠃ ᠰᠤᠷᠤᠭᠴᠢᠳ ᠤᠨ ᠭᠠᠷ ᠤᠲᠠᠰᠤ ᠪᠠᠨ ᠬᠡᠷᠡᠭᠯᠡᠵᠦ ᠬᠠᠮᠢᠶᠠᠷᠬᠤ ᠶᠠᠪᠤᠳᠠᠯ ᠨᠢ ᠰᠤᠷᠭᠠᠭᠤᠯᠢ ᠶᠢᠨ ᠬᠠᠮᠢᠶᠠᠷᠤᠯᠲᠠ ᠶᠢᠨ ᠣᠶᠢᠯᠠᠭᠠᠭᠳᠠᠬᠤᠨ ᠪᠠ ᠬᠥᠮᠦᠨ ᠬᠥᠮᠦᠵᠢᠭᠦᠯᠬᠦ ᠬᠢᠷᠢ ᠲᠦᠪᠰᠢᠨ ᠢ ᠲᠤᠰᠬᠠᠵᠤ ᠪᠠᠶᠢᠳᠠᠭ ᠪᠣᠯᠬᠤᠷ ᠡᠷᠬᠡᠪᠰᠢ ︿ᠬᠠᠮᠢᠶᠠᠷᠬᠤ﹀ ᠪᠠ ︿ᠰᠤᠷᠭᠠᠬᠤ﹀ ᠶᠢ ᠤᠶᠠᠯᠳᠤᠭᠤᠯᠵᠤ᠂ ᠠᠶᠤᠯ ᠲᠦᠭᠰᠢᠭᠦᠷᠢ ᠶᠢ ᠠᠵᠠ ᠲᠣᠬᠢᠶᠠᠯ ᠪᠣᠯᠭᠠᠨ ᠬᠤᠪᠢᠷᠠᠭᠤᠯᠬᠤ ᠬᠡᠷᠡᠭᠲᠡᠶ︾ ᠭᠡᠵᠦ ᠬᠡᠯᠡᠪᠡ᠃      ᠰᠤᠷᠭᠠᠭᠤᠯᠢ ᠨᠢ ᠰᠤᠷᠤᠬᠴᠢᠳ ᠤᠨ ᠭᠠᠷ ᠤᠲᠠᠰᠤ ᠭᠡᠷᠡᠭᠯᠡᠬᠦ ᠶᠠᠪᠤᠳᠠᠯ ᠢ ᠡᠳᠦᠷ ᠲᠤᠲᠤᠮ ᠤᠨ ᠬᠠᠮᠢᠶᠠᠷᠤᠯᠲᠠ ᠳᠤ ᠪᠠᠨ ᠣᠷᠣᠭᠤᠯᠬᠤ ᠬᠡᠷᠡᠭᠳᠡᠢ      ᠳᠤᠮᠳᠠᠳᠤ ᠪᠠᠭ᠎ᠠ ᠰᠤᠷᠭᠠᠭᠤᠯᠢ ᠳᠤ ᠬᠡᠷᠬᠢᠨ ᠰᠤᠷᠤᠭᠴᠢᠳ ᠤᠨ ᠭᠠᠷ ᠤᠳᠠᠰᠤ ᠶᠢ ᠬᠠᠮᠢᠶᠠᠷᠬᠤ ᠶᠠᠪᠤᠳᠠᠯ ᠢ  ᠴᠢᠩᠭᠠᠳᠬᠠᠬᠤ ᠨᠢ ᠣᠶᠢᠷ᠎ᠠ ᠶᠢᠨ ᠵᠢᠯ ᠤᠨ ᠲᠤᠷᠰᠢᠬᠢ ᠥᠷᠭᠡᠨ ᠣᠯᠠᠨ ᠰᠤᠷᠭᠠᠨ ᠬᠥᠮᠦᠵᠢᠯ ᠤᠨ ᠠᠵᠢᠯᠲᠠᠨ ᠤ ᠡᠮᠦᠨ᠎ᠡ ᠲᠠᠯᠪᠢᠭᠳᠠᠬᠰᠠᠨ ᠪᠡᠷᠬᠡ ᠰᠡᠳᠦᠪ ᠪᠣᠯᠵᠠᠶ᠃ ᠤᠶᠤᠨᠲᠤ ᠭᠠᠷ ᠤᠲᠠᠰᠤ ᠨᠢ ᠴᠢᠮᠡᠭᠡ ᠬᠤᠯᠪᠣᠭᠠᠨ ᠤ ᠪᠠᠭᠠᠵᠢ ᠪᠤᠯᠬᠤ ᠲᠡᠳᠦᠶ ᠦᠭᠡᠢ᠂ ᠪᠠᠰᠠ ᠰᠦᠯᠵᠢᠶᠡᠨ ᠳᠤ ᠭᠠᠷᠬᠤ᠂ ᠲᠣᠭᠯᠠᠭᠠᠮ ᠨᠠᠭᠠᠳᠬᠤ ᠪᠠ ᠨᠡᠶᠢᠭᠡᠮ ᠤᠨ ᠬᠠᠷᠢᠯᠴᠠᠭ᠎ᠠ ᠬᠢᠬᠦ ᠵᠡᠷᠭᠡ ᠣᠯᠠᠨ ᠵᠦᠢᠯ ᠤᠨ ᠴᠢᠳᠠᠮᠵᠢ ᠲᠠᠢ ᠶᠤᠮ᠃ ᠪᠡᠶ᠎ᠡ ᠪᠠᠨ ᠪᠠᠷᠢᠬᠤ ᠴᠢᠳᠠᠪᠤᠷᠢ ᠪᠠᠷ ᠠᠨᠠᠶ ᠰᠤᠷᠤᠭᠴᠢᠳ ᠠᠮᠠᠷᠬᠠᠨ ᠲᠡᠭᠦᠨ ᠳᠤ ᠰᠢᠨᠤᠵᠤ᠂ ᠴᠠᠭ ᠢᠶᠠᠨ ᠪᠦᠷᠢᠯᠭᠡᠵᠦ᠂ ᠨᠢᠳᠦᠨ ᠬᠠᠷᠠᠭ᠎ᠠ ᠪᠠᠨ ᠭᠡᠮᠲᠦᠭᠡᠵᠦ᠂ ᠴᠢᠨᠠᠭᠰᠢᠯᠠᠪᠠᠯ ᠬᠦᠴᠦᠷᠬᠡᠭᠯᠡᠯ᠂ ᠱᠠᠯᠢᠭ ᠵᠠᠪᠬᠠᠶ ᠶᠠᠭᠤᠮᠠᠰ ᠵᠡᠷᠭᠡ ᠡᠷᠡᠭᠦᠯ ᠪᠤᠰᠤ ᠮᠡᠳᠡᠭᠡ ᠵᠠᠩᠭᠢ ᠲᠠᠢ ᠣᠶᠢᠷᠠᠳᠬᠤ ᠪᠤᠯᠤᠨ᠎ᠠ᠃      ᠨᠠᠨᠵᠢᠩ ᠬᠤᠲᠠ ᠶᠢᠨ ᠰᠢᠦᠧᠠᠨ ᠦ᠋ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶᠠᠨ ᠤ ᠳᠡᠳ᠋ ᠳᠠᠷᠤᠭ᠎ᠠ᠂ ᠨᠠᠨᠵᠢᠩ ᠬᠤᠲᠠ ᠶᠢᠨ ᠶᠢᠰᠦᠳᠦᠭᠡᠷ ᠳᠤᠮᠳᠠᠳᠤ ᠰᠤᠷᠭᠠᠭᠤᠯᠢ ᠶᠢᠨ ᠵᠠᠬᠢᠷᠤᠯ ᠵᠠᠩ ᠾᠧᠩ ᠵᠦ ᠲᠠᠨᠢᠯᠴᠠᠭᠤᠯᠬᠤ ᠳᠠᠭᠠᠨ᠄ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠰᠤᠷᠭᠠᠭᠤᠯᠢ ᠳᠤ ᠭᠠᠷ ᠤᠲᠠᠰᠤ ᠬᠡᠷᠡᠭᠯᠡᠬᠦ ᠶᠢ ᠬᠠᠮᠢᠶᠠᠷᠤᠨ ᠬᠢᠵᠠᠭᠠᠷᠯᠠᠬᠤ ᠨᠢ ᠨᠢᠭᠡᠨᠲᠡ ᠳᠡᠯᠡᠬᠡᠶ ᠶᠢᠨ ᠬᠠᠮᠲᠤ ᠶᠢᠨ ᠲᠠᠨᠢᠯᠲᠠ ᠪᠣᠯᠵᠠᠶ᠃ ᠢᠲ᠋ᠠᠯᠢ᠂ ᠹᠷᠠᠨᠼᠢ᠂ ᠭᠧᠷᠮᠠᠨ᠂ ᠠᠮᠧᠷᠢᠺᠠ᠂ ᠠᠩᠭ᠍ᠯᠢ᠂ ᠶᠠᠫᠣᠨ ᠵᠡᠷᠭᠡ ᠤᠯᠤᠰ ᠨᠢᠭᠡᠨᠲᠡ ᠬᠠᠤᠯᠢ ᠲᠣᠭᠲᠠᠭᠠᠬᠤ ᠪᠤᠶᠤ ᠪᠤᠰᠤᠳ ᠬᠡᠯᠪᠡᠷᠢ ᠪᠠᠷ ᠳᠠᠮᠵᠢᠭᠤᠯᠤᠨ ᠰᠤᠷᠤᠭᠴᠢᠳ ᠤᠨ ᠭᠠᠷ ᠤᠲᠠᠰᠤ ᠶᠢ ᠰᠤᠷᠭᠠᠭᠤᠯᠢ ᠶᠢᠨ ᠬᠦᠷᠢᠶ᠎ᠡ ᠪᠤᠶᠤ ᠬᠢᠴᠢᠶᠡᠯ ᠤᠨ ᠭᠡᠷ ᠲᠤ ᠠᠪᠴᠤ ᠣᠷᠣᠬᠤ ᠶᠢ ᠲᠣᠳᠣᠷᠬᠠᠶ ᠲᠤᠬᠳᠠᠭᠠᠯ ᠭᠠᠷᠭᠠᠨ ᠴᠠᠭᠠᠵᠠᠯᠠᠵᠤ᠂ ᠵᠠᠷᠢᠮ ᠨᠢ ᠪᠠᠭᠰᠢ ᠪᠣᠯᠤᠨ ᠬᠡᠷ ᠤᠨ ᠠᠬᠠᠮᠠᠳ ᠤᠨ ᠬᠦᠳᠦᠯᠦᠨ ᠵᠢᠯᠤᠭᠤᠳᠤᠯᠭ᠎ᠠ ᠳᠣᠤᠷ᠎ᠠ ᠰᠤᠷᠤᠭᠴᠢᠳ ᠰᠠᠶ᠋ᠢ ᠭᠠᠷ ᠤᠲᠠᠰᠤ ᠬᠡᠷᠡᠭᠯᠡᠵᠦ ᠪᠣᠯᠤᠨ᠎ᠠ ᠬᠡᠵᠦ ᠲᠤᠬᠳᠠᠭᠠᠬᠰᠠᠨ ᠪᠦᠭᠡᠳ ᠹᠢᠨᠯᠠᠨᠳ᠋ ᠤᠯᠤᠰ ᠨᠢ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠭᠤᠷᠪᠠᠳᠤᠭᠠᠷ ᠣᠨ ᠠᠴᠠ ᠳᠣᠷᠤᠬᠰᠢᠬᠢ ᠰᠤᠷᠤᠭᠴᠢᠳ ᠲᠤ ᠭᠠᠷ ᠤᠲᠠᠰᠤ ᠪᠣᠷᠣᠯᠠᠭᠤᠯᠬᠤ ᠶᠢ  ᠴᠠᠭᠠᠵᠠᠯᠠᠵᠠᠢ  ᠬᠡᠵᠦ ᠬᠡᠯᠡᠪᠡ᠃      ᠭᠠᠷ ᠤᠲᠠᠰᠤ ᠬᠡᠷᠡᠭᠯᠡᠬᠦ ᠶᠢ ᠬᠠᠮᠢᠶᠠᠷᠬᠤ ᠬᠡᠷᠡᠭᠲᠡᠶ ᠮᠦᠷᠳᠡᠭᠡᠨ ᠪᠠᠰᠠ ᠵᠣᠬᠢᠰᠲᠠᠶ ᠬᠠᠮᠢᠶᠠᠷᠬᠤ ᠬᠡᠷᠡᠭᠲᠡᠶ      ᠵᠠᠩ ᠾᠧᠩ ᠵᠦ ᠬᠡᠯᠡᠬᠦ ᠳᠡᠭᠡᠨ᠄ ᠰᠤᠷᠭᠠᠭᠤᠯᠢ ᠨᠢ ᠰᠣᠷᠣᠭᠴᠢ ᠶᠢᠨ ᠭᠠᠷ ᠤᠲᠠᠰᠤ ᠶᠢ ᠪᠦᠲᠦᠮᠵᠢᠲᠡᠶ ᠬᠠᠮᠢᠶᠠᠷᠬᠤ ᠬᠡᠷᠡᠭᠳᠡᠢ᠂ ᠬᠠᠮᠢᠶᠠᠷᠬᠤ᠂ ᠵᠠᠰᠠᠵᠤ ᠵᠠᠯᠠᠬᠤ᠂ ᠰᠤᠷᠭᠠᠨ ᠬᠥᠮᠦᠵᠢᠭᠦᠯᠬᠦ ᠭᠤᠷᠪᠠᠨ ᠠᠯᠬᠤᠮ ᠢᠶᠠᠷ ᠬᠢᠵᠤ ᠪᠣᠯᠤᠨ᠎ᠠ᠃      ᠨᠢᠭᠡ ᠳᠤ ᠬᠠᠮᠢᠶᠠᠷᠬᠤ ᠬᠡᠷᠡᠭᠳᠡᠢ᠃ ᠬᠡᠷ ᠤᠨ ᠠᠬᠠᠮᠠᠳ᠂ ᠰᠣᠷᠣᠭᠴᠢ ᠪᠣᠯᠤᠨ ᠪᠠᠭᠰᠢ ᠭᠤᠷᠪᠠᠨ ᠲᠠᠯ᠎ᠠ ᠶᠢᠨ ᠬᠢᠨ ᠣᠯᠠᠨ ᠢᠶᠠᠷ ᠢᠶᠠᠨ ᠵᠦᠪᠰᠢᠶᠡᠷᠡᠬᠦ ᠭᠠᠷ ᠤᠲᠠᠰᠤᠨ ᠤ ᠬᠠᠮᠢᠶᠠᠷᠤᠯᠲᠠ ᠶᠢᠨ ᠲᠦᠷᠢᠮ ᠢ ᠲᠣᠭᠲᠠᠭᠠᠵᠤ᠂ ᠰᠤᠷᠤᠭᠴᠢᠳ ᠢ ᠰᠠᠶᠢᠨ ᠰᠠᠶᠢᠬᠠᠨ ᠲᠠᠳᠬᠠᠯ ᠲᠠᠢ ᠪᠤᠯᠭᠠᠨ ᠲᠠᠳᠬᠠᠯᠰᠢᠭᠤᠯᠬᠤ ᠬᠡᠷᠡᠭᠳᠡᠢ᠃ ᠰᠤᠷᠭᠠᠭᠤᠯᠢ ᠨᠢ ᠪᠠᠰᠠ ᠰᠢᠯᠢᠳᠡᠭ ᠠᠩᠭᠢ ᠨᠡᠶᠢᠲᠡ ᠶᠢ ᠪᠠᠶᠢᠭᠤᠯᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠠᠩᠭᠢ ᠨᠡᠶᠢᠲᠡ ᠲᠤᠳᠤᠷ᠎ᠠ ᠪᠠᠨ ᠨᠡᠯᠢᠶᠡᠳ ᠰᠢᠯᠢᠳᠡᠭ ᠨᠠᠶᠢᠵᠠ ᠨᠥᠬᠦᠳ ᠤᠨ ᠰᠣᠶᠣᠯ ᠢ ᠪᠦᠷᠢᠯᠳᠦᠭᠦᠯᠵᠦ᠂ ᠡᠯᠪᠡᠭ ᠪᠠᠶᠠᠯᠢᠭ ᠠᠵᠢᠯᠯᠠᠭ᠎ᠠ ᠥᠷᠨᠢᠭᠦᠯᠦᠨ᠂ ᠰᠤᠷᠤᠬᠴᠢ ᠶᠢᠨ ᠭᠠᠷ ᠤᠲᠠᠰᠤ ᠶᠢ ᠲᠠᠯᠪᠢᠭᠤᠯᠵᠤ᠂ ᠨᠠᠩ ᠦᠨ᠎ᠡ ᠥᠷᠲᠡᠭ ᠲᠠᠢ ᠨᠠᠩ ᠤᠳᠬ᠎ᠠ ᠠᠭᠤᠯᠭ᠎ᠠ ᠲᠠᠢ ᠠᠵᠢᠯ ᠬᠢᠯᠭᠡᠵᠦ ᠪᠣᠯᠤᠨ᠎ᠠ᠃ ᠬᠤᠶᠠᠷ ᠲᠤ ᠵᠠᠰᠠᠵᠤ ᠵᠠᠯᠠᠬᠤ ᠬᠡᠷᠡᠭᠳᠡᠢ᠃ ᠲᠡᠳᠡᠭᠡᠷ ᠳᠦᠷᠢᠮ ᠲᠣᠭᠲᠠᠭᠠᠯ ᠰᠠᠬᠢᠯᠭ᠎ᠠ ᠪᠠᠲᠤ ᠶᠢ ᠰᠠᠬᠢᠵᠦ ᠲᠡᠶᠢᠯᠬᠦ ᠦᠭᠡᠢ ᠰᠤᠷᠤᠭᠴᠢ ᠶᠢᠨ ᠭᠠᠷ ᠤᠲᠠᠰᠤ ᠪᠠᠨ ᠲᠠᠯᠪᠢᠵᠦ ᠴᠢᠳᠠᠬᠤ ᠦᠭᠡᠢ ᠶᠢᠨ ᠰᠢᠯᠲᠠᠭᠠᠨ ᠪᠠ ᠠᠷᠤ ᠳᠠᠬᠢ ᠬᠦᠰᠡᠯ ᠱᠠᠭᠠᠷᠳᠠᠯᠭ᠎ᠠ ᠶᠢ ᠨᠢ ᠣᠶᠢᠯᠠᠭᠠᠬᠤ ᠬᠡᠷᠡᠭᠲᠡᠶ᠃ ᠭᠤᠷᠪᠡ ᠳᠤ ᠰᠤᠷᠭᠠᠨ ᠬᠥᠮᠦᠵᠢᠭᠦᠯᠬᠦ ᠭᠡᠷᠡᠭᠳᠡᠢ ᠭᠡᠪᠡ᠃ ᠵᠠᠩ ᠾᠧᠩ ᠵᠦ ᠪᠠᠰᠠ᠄ ᠣᠳᠣᠬᠠᠨ ᠳᠤ ᠴᠥᠭᠡᠨ ᠪᠤᠰᠤ ᠬᠡᠷ ᠤᠨ ᠠᠬᠠᠮᠠᠳ᠂ ᠴᠢᠨᠠᠭᠰᠢᠯᠠᠪᠠᠯ ᠪᠠᠭᠰᠢ ᠨᠠᠷ ᠰᠤᠷᠤᠬᠴᠢᠳ ᠤᠨ ᠭᠠᠷ ᠤᠳᠠᠰᠤ ᠶᠢ ᠨᠢ ᠬᠤᠷᠢᠶᠠᠨ ᠠᠪᠬᠤ᠂ ᠭᠠᠷ ᠤᠲᠠᠰᠤ ᠶᠢ ᠨᠢ ᠭᠠᠵᠠᠷ ᠰᠠᠪᠠᠭ᠋ᠤ ᠠᠷᠭ᠎ᠠ ᠪᠠᠷ ᠠᠰᠠᠭᠤᠳᠠᠯ ᠢ  ᠰᠢᠢᠳᠪᠦᠷᠢᠯᠡᠵᠦ ᠪᠠᠶᠢᠨ᠎ᠠ᠂ ᠡᠨᠡ ᠨᠢ ᠦᠨᠡᠨ ᠳᠡᠭᠡᠨ ᠵᠥᠷᠢᠴᠡᠯ ᠢ ᠬᠤᠷᠴᠠᠳᠬᠠᠵᠤ ᠪᠠᠶᠢᠬᠤ ᠠᠴᠠ ᠪᠢᠰᠢ ᠵᠥᠷᠢᠴᠡᠯ ᠢ ᠰᠢᠢᠳᠪᠦᠷᠢᠯᠡᠵᠦ ᠪᠠᠶᠢᠬᠤ ᠪᠢᠰᠢ ᠶᠤᠮ᠃ ᠰᠤᠷᠭᠠᠨ ᠬᠥᠮᠦᠵᠢᠭᠦᠯᠬᠦ ᠠᠷᠭ᠎ᠠ ᠨᠢ ᠵᠦᠶ ᠶᠣᠰᠣᠨ ᠳᠤ ᠨᠡᠶᠢᠴᠡᠵᠦ᠂ ᠰᠤᠷᠤᠭᠴᠢᠳ ᠲᠤ ᠭᠠᠷ ᠤᠲᠠᠰᠤ ᠬᠡᠲᠦᠷᠬᠡᠶ ᠬᠡᠷᠡᠭᠯᠡᠬᠦ ᠶᠢᠨ ᠬᠤᠤᠷ ᠬᠥᠨᠥᠭᠡᠯ ᠪᠠ ᠬᠠᠮᠢᠶᠠᠷᠤᠯᠲᠠ ᠪᠠᠨ ᠴᠢᠩᠭᠠᠳᠬᠠᠬᠤ ᠶᠢᠨ ᠴᠢᠬᠤᠯᠠ ᠴᠢᠨᠠᠷ ᠢ ᠦᠨᠡᠨ ᠬᠦ ᠲᠠᠨᠢᠭᠤᠯᠬᠤ ᠬᠡᠷᠡᠭᠳᠡᠢ᠃ ᠵᠠᠷᠢᠮ ᠠᠷᠭ᠎ᠠ ᠨᠢ ᠰᠤᠷᠤᠬᠴᠢ ᠶᠢ ᠠᠯᠭᠤᠷ ᠠᠭᠠᠵᠢᠮ ᠢᠶᠠᠷ ᠭᠠᠷ ᠤᠳᠠᠰᠤ ᠠᠴᠠ ᠵᠠᠶᠢᠳᠠᠭᠤᠯᠵᠤ ᠪᠤᠯᠤᠨ᠎ᠠ᠂ ᠵᠢᠱᠢᠶᠡᠯᠡᠪᠡᠯ ᠭᠡᠷ ᠤᠨ ᠭᠠᠳᠠᠨ᠎ᠡ ᠤᠯᠠᠨ ᠬᠥᠳᠡᠯᠭᠡᠭᠡᠨ ᠬᠢᠯᠭᠡᠬᠦ᠂ ᠰᠤᠷᠤᠬᠴᠢᠳ ᠲᠤ ᠰᠢᠨᠵᠢᠯᠡᠬᠦ ᠤᠬᠠᠭᠠᠨᠴᠢ ᠪᠠᠷ ᠰᠤᠷᠤᠯᠴᠠᠵᠤ ᠠᠮᠠᠷᠠᠬᠤ ᠴᠠᠭ ᠤᠨ ᠬᠤᠪᠢᠶᠠᠷᠢ ᠵᠡᠷᠭᠡ ᠶᠢ ᠲᠣᠭᠲᠠᠭᠠᠨ ᠦᠭᠴᠦ ᠪᠣᠯᠤᠨ᠎ᠠ ᠬᠡᠵᠦ ᠬᠡᠯᠡᠪᠡ᠃      ᠭᠡᠷ ᠤᠨ ᠠᠬᠠᠮᠠᠳ ᠴᠠᠭ ᠲᠤᠬᠠᠢ ᠳᠤᠨᠢ ᠣᠷᠣᠯᠴᠠᠵᠤ᠂ ᠬᠡᠷᠡᠭ ᠢ ᠭᠠᠷᠬᠤ ᠠᠴᠠ ᠨᠢ ᠡᠮᠦᠨ᠎ᠡ ᠰᠡᠷᠭᠡᠶᠢᠯᠡᠬᠦ ᠬᠡᠷᠡᠭᠲᠡᠢ      ︽ᠮᠡᠳᠡᠭᠳᠡᠯ︾ ᠳᠤ ᠪᠠᠰᠠ᠂ ᠡᠯ᠎ᠡ ᠰᠤᠷᠭᠠᠭᠤᠯᠢ ᠨᠤᠭᠤᠳ ᠨᠢ ᠬᠡᠷ ᠪᠦᠯᠢ ᠪᠠ ᠰᠤᠷᠭᠠᠭᠤᠯᠢ ᠶᠢᠨ ᠨᠡᠪᠲᠡᠷᠡᠯᠴᠡᠭᠡ ᠶᠢ ᠰᠠᠶᠢᠲᠤᠷ ᠬᠢᠵᠦ᠂ ᠬᠡᠷ ᠤᠨ ᠠᠬᠠᠮᠠᠳ ᠨᠢ ᠰᠤᠷᠭᠠᠨ ᠬᠥᠮᠦᠵᠢᠯ ᠤᠨ ᠲᠤᠰᠢᠶᠠᠯ ᠬᠠᠷᠢᠭᠤᠴᠠᠯᠭ᠎ᠠ ᠪᠠᠨ ᠦᠨᠡᠨ ᠬᠦ ᠬᠦᠢᠴᠡᠳᠭᠡᠵᠦ᠂ ᠬᠡᠷ ᠪᠦᠯᠢ ᠪᠠ ᠰᠤᠷᠭᠠᠭᠤᠯᠢ ᠬᠠᠮᠵᠢᠯᠴᠠᠨ ᠬᠥᠮᠦᠨ ᠬᠥᠮᠦᠵᠢᠭᠦᠯᠬᠦ ᠨᠡᠶᠢᠯᠡᠯ ᠬᠦᠴᠦᠨ ᠢ ᠪᠣᠶ ᠪᠣᠯᠭᠠᠬᠤ ᠬᠡᠷᠡᠭᠲᠡᠶ ᠬᠡᠵᠦ ᠵᠢᠭᠠᠵᠤ ᠭᠠᠷᠭᠠᠵᠠᠢ᠃http://mongol.people.com.cn/15836840.html
 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号