ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ︽ᠴᠠᠭᠠᠨ ᠰᠠᠷ᠎ᠠ ᠶᠢ ᠤᠭᠲᠤᠵᠤ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠠᠵᠢᠯ ᠳᠤ ᠦᠯᠡᠳᠡᠭᠡᠵᠦ ᠪᠣᠯᠪᠠᠰᠤᠷᠠᠯ ᠬᠦᠷᠭᠡᠭᠦ︾ ᠲᠤᠰᠬᠠᠶ ᠠᠵᠢᠯ ᠢ ᠥᠷᠨᠢᠭᠦᠯᠪᠡ
ᠨᠡᠶᠢᠲᠡᠯᠡᠭᠰᠡᠨ ᠴᠠᠭ᠄
2021/2/3
      ᠰᠢᠨᠬᠤᠸᠠ ᠬᠤᠷᠢᠶᠠᠨ ᠤ ᠪᠡᠭᠡᠵᠢᠩ ᠤᠨ 2 ᠰᠠᠷ᠎ᠠ ᠶᠢᠨ 1 ᠤ ᠡᠳᠦᠷ ᠤᠨ ᠮᠡᠳᠡᠭᠡ ︵ᠵᠢᠶᠠᠩ ᠯᠢᠨ᠂ ᠳ᠋ᠧᠦ  ᠬᠤᠤ︶ ᠰᠤᠷᠪᠤᠯᠵᠢᠯᠠᠭᠴᠢ 1 ᠤ ᠡᠳᠦᠷ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠠᠴᠠ ᠣᠶᠢᠯᠠᠭᠠᠭᠰᠠᠨ ᠢᠶᠠᠷ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠣᠶᠢᠷ᠎ᠠ ᠳᠤ ᠮᠡᠳᠡᠭᠳᠡᠯ ᠪᠠᠭᠤᠯᠭᠠᠵᠤ᠂ 2 ᠰᠠᠷ᠎ᠠ ᠶᠢᠨ 1 ᠤ ᠡᠳᠦᠷ ᠠᠴᠠ 3 ᠰᠠᠷ᠎ᠠ ᠶᠢᠨ 31 ᠤ ᠡᠳᠦᠷ ᠪᠤᠯᠳᠠᠯᠠᠭᠢ ᠴᠠᠭᠠᠨ ᠰᠠᠷ᠎ᠠ ᠶᠢᠨ ᠤᠷᠢᠳ ᠬᠤᠵᠢᠳ ᠢᠶᠠᠷ ᠪᠥᠬᠦ ᠤᠯᠤᠰ ᠤᠨ ᠬᠡᠪᠴᠢᠶᠡᠨ ᠳᠤ ︽ᠴᠠᠭᠠᠨ ᠰᠠᠷ᠎ᠠ ᠶᠢ ᠤᠭᠲᠤᠵᠤ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠠᠵᠢᠯ ᠳᠤ ᠦᠯᠡᠳᠡᠭᠡᠵᠦ ᠪᠣᠯᠪᠠᠰᠤᠷᠠᠯ ᠬᠦᠷᠭᠡᠭᠦ︾ ᠲᠤᠰᠬᠠᠶ ᠠᠵᠢᠯ ᠥᠷᠨᠢᠭᠦᠯᠵᠦ᠂ ᠠᠵᠤ ᠠᠬᠤᠶᠢᠯᠠᠯ ᠤᠨ ᠲᠤᠬᠠᠶ ᠶᠢᠨ ᠭᠠᠵᠠᠷ ᠲᠠᠭᠠᠨ ᠰᠢᠨᠡᠯᠡᠬᠦ ᠠᠵᠢᠯᠲᠠᠨ ᠠᠵᠢᠯᠴᠢᠨ ᠳᠤ ᠪᠣᠯᠪᠠᠰᠤᠷᠠᠯ ᠬᠠᠩᠭᠠᠬᠤ ᠶᠢ ᠵᠣᠷᠢᠭᠵᠢᠭᠤᠯᠵᠤ᠂ ᠬᠥᠯᠥᠰᠥᠨ ᠠᠵᠢᠯᠴᠢᠨ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠪᠣᠯᠪᠠᠰᠤᠷᠠᠯ ᠳᠤ ᠣᠷᠣᠯᠴᠠᠪᠠᠯ ᠣᠯᠠᠨ ᠵᠦᠢᠯ ᠤᠨ ᠨᠥᠬᠦᠪᠥᠷᠢ ᠭᠥᠷᠳᠡᠵᠦ ᠪᠣᠯᠤᠨ᠎ᠠ ᠭᠡᠵᠦ ᠱᠠᠭᠠᠷᠳᠠᠪᠠ᠃      ᠮᠡᠳᠡᠭᠳᠡᠯ ᠳᠤ᠂ ᠡᠯ᠎ᠡ ᠭᠠᠵᠠᠷ ᠤᠨ ᠬᠢᠨ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠠᠵᠢᠯ ᠳᠤ ᠦᠯᠡᠳᠡᠭᠡᠬᠦ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠡᠯ᠎ᠡ ᠲᠥᠷᠥᠯ ᠤᠨ ᠠᠵᠤ ᠠᠬᠤᠶᠢᠯᠠᠯ ᠢ ᠵᠣᠷᠢᠭᠵᠢᠭᠤᠯᠵᠤ ᠪᠠᠶᠢᠭᠠᠳ ᠴᠠᠬ ᠰᠤᠯᠢᠵᠤ ᠠᠮᠠᠷᠠᠨ ᠠᠵᠢᠯ ᠤᠨ ᠠᠮᠠᠷᠠᠯᠲᠠ ᠪᠠᠨ ᠠᠪᠤᠭᠰᠠᠨ ᠥᠬᠡᠶ ᠪᠠ ᠠᠵᠢᠯ ᠤᠨ ᠪᠠᠶᠢᠷᠢ ᠳᠠᠭᠠᠨ ᠦᠯᠡᠳᠡᠭᠰᠡᠨ ᠠᠵᠢᠯᠲᠠᠨ ᠠᠵᠢᠯᠴᠢᠨ ᠵᠢᠴᠢ ᠲᠤᠬᠠᠶ ᠶᠢᠨ ᠭᠠᠵᠠᠷ ᠲᠠᠭᠠᠨ ᠰᠢᠨᠡᠯᠡᠬᠦ᠂ ᠠᠵᠤ ᠠᠬᠤᠶᠢᠯᠠᠯ ᠳᠠᠭᠠᠨ ᠠᠮᠠᠷᠠᠬᠰᠠᠨ ᠠᠵᠢᠯᠲᠠᠨ ᠠᠵᠢᠯᠴᠢᠨ ᠳᠤ ᠨᠠᠷᠢᠯᠢᠭ ᠣᠨᠣᠴᠠᠲᠠᠶ᠂ ᠬᠠᠨᠳᠤᠯᠭᠠᠲᠤ ᠴᠢᠨᠠᠷᠲᠠᠶ ᠪᠣᠯᠪᠠᠰᠤᠷᠠᠯ ᠤᠨ ᠦᠢᠯᠡᠴᠢᠯᠡᠭᠡ ᠬᠠᠩᠭᠠᠬᠤ ᠬᠡᠷᠡᠭᠲᠡᠶ᠃ ᠠᠵᠤ ᠠᠬᠤᠶᠢᠯᠠᠯ ᠢ ᠬᠥᠲᠥᠯᠦᠨ ᠵᠢᠯᠣᠭᠤᠳᠴᠤ ᠪᠠᠶᠢᠭᠠᠳ ᠵᠠᠬᠢᠶᠠᠯᠠᠭᠠᠳᠤ ᠠᠵᠢᠯ ᠮᠡᠷᠭᠡᠵᠢᠯ ᠤᠨ ᠤᠷ᠎ᠠ ᠴᠢᠳᠠᠪᠤᠷᠢ ᠶᠢᠨ ᠵᠡᠷᠭᠡ ᠳᠡᠰ ᠢ ᠮᠠᠭᠠᠳᠯᠠᠨ ᠲᠣᠭᠲᠠᠭᠠᠬᠤ ᠠᠵᠢᠯ ᠢ ᠦᠷᠨᠢᠭᠦᠯᠬᠦ ᠶᠢᠨ ᠬᠠᠮᠳᠤ ᠠᠵᠤ ᠠᠬᠤᠶᠢᠯᠠᠯ ᠤᠨ ᠠᠵᠢᠯ ᠤᠨ ᠪᠠᠶᠢᠷᠢ ᠳᠠᠭᠠᠨ ᠦᠯᠡᠳᠡᠭᠰᠡᠡ ᠬᠥᠮᠦᠰ ᠤᠨ ᠪᠣᠯᠪᠠᠰᠤᠷᠠᠯ ᠳᠤ ᠲᠣᠭᠲᠠᠭᠠᠯ ᠶᠣᠰᠣᠭᠠᠷ ᠪᠣᠯᠪᠠᠰᠤᠷᠠᠯ ᠤᠨ ᠨᠥᠬᠦᠪᠥᠷᠢ᠂ ᠠᠮᠢᠳᠤᠷᠠᠯ ᠤᠨ ᠵᠠᠷᠤᠳᠠᠯ ᠤᠨ ᠨᠥᠬᠦᠪᠥᠷᠢ ᠪᠠ ᠵᠠᠮ ᠬᠠᠷᠢᠯᠴᠠᠭᠠᠨ ᠤ ᠨᠥᠬᠦᠪᠥᠷᠢ ᠵᠡᠷᠭᠡ ᠶᠢ ᠬᠦᠷᠲᠡᠭᠡᠵᠦ ᠪᠣᠯᠤᠨ᠎ᠠ ᠭᠡᠵᠦ ᠱᠠᠭᠠᠷᠳᠠᠪᠠ᠃      ᠮᠡᠳᠡᠭᠳᠡᠯ ᠳᠤ᠂ ᠡᠯ᠎ᠡ ᠭᠠᠵᠠᠷ ᠤᠨ ᠬᠢᠨ ᠠᠵᠢᠯ ᠢᠶᠠᠷ ᠪᠣᠯᠪᠠᠰᠤᠷᠠᠯ ᠢ ᠣᠷᠣᠯᠠᠭᠤᠯᠬᠤ ᠶᠠᠪᠤᠳᠠᠯ ᠢ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠠᠵᠢᠯ ᠳᠤ ᠦᠯᠡᠳᠡᠭᠡᠵᠦ ᠪᠣᠯᠪᠠᠰᠤᠷᠠᠯ ᠬᠦᠷᠲᠡᠭᠡᠬᠦ ᠴᠢᠬᠤᠯᠠ ᠠᠷᠭ᠎ᠠ ᠬᠡᠮᠵᠢᠶ᠎ᠡ ᠪᠣᠯᠭᠠᠵᠤ᠂ ᠲᠣᠭᠲᠠᠭᠠᠯ ᠶᠣᠰᠣᠭᠠᠷ ᠠᠵᠢᠯ ᠢᠶᠠᠷ ᠪᠣᠯᠪᠠᠰᠤᠷᠠᠯ ᠢ ᠣᠷᠣᠯᠠᠭᠤᠯᠬᠤ ᠶᠢ ᠬᠡᠷᠡᠭᠵᠢᠭᠦᠯᠬᠦ ᠬᠤᠭᠤᠴᠠᠭ᠎ᠠ ᠶᠢ ᠡᠨᠡ ᠵᠢᠯ ᠤᠨ 12 ᠰᠠᠷ᠎ᠠ ᠪᠣᠯᠲᠠᠯ᠎ᠠ ᠤᠷᠲᠤᠳᠬᠠᠵᠤ ᠪᠣᠯᠬᠤ ᠪᠥᠭᠡᠳ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠨᠥᠬᠦᠪᠥᠷᠢ ᠶᠢᠨ ᠪᠠᠷᠢᠮᠵᠢᠶ᠎ᠠ ᠶᠢ ᠵᠣᠬᠢᠰᠲᠠᠶ ᠳᠡᠭᠡᠭᠰᠢᠯᠡᠭᠦᠯᠵᠦ ᠪᠣᠯᠤᠨ᠎ᠠ᠃ ᠭᠠᠷᠲᠠᠨ ᠬᠦᠢᠴᠡᠳᠭᠡᠭᠦ ᠦᠢᠯᠡᠴᠢᠯᠡᠭᠡ ᠶᠢ ᠰᠢᠯᠢᠳᠡᠭᠵᠢᠭᠦᠯᠵᠦ᠂ ᠠᠵᠢᠯ ᠢᠶᠠᠷ ᠪᠣᠯᠪᠠᠰᠤᠷᠠᠯ ᠢ ᠣᠷᠣᠯᠠᠭᠤᠯᠬᠤ ᠡᠯ᠎ᠡ ᠵᠦᠢᠯ ᠤᠨ  ᠦᠢᠯᠡᠴᠢᠯᠡᠭᠡᠨ ᠤ ᠬᠠᠮᠢᠶᠠᠷᠤᠯᠲᠠ ᠶᠢᠨ ᠠᠵᠢᠯ ᠢ ᠰᠠᠶᠢᠲᠤᠷ ᠬᠢᠵᠦ᠂ ︽ᠪᠦᠬᠦᠨ ᠢ ᠳᠠᠭᠠᠭᠠᠨ ᠬᠦᠢᠴᠡᠳᠭᠡᠭᠦ︾ ᠪᠠ ︽ᠲᠦᠷᠭᠡᠨ ᠬᠦᠢᠴᠡᠳᠭᠡᠭᠦ︾ ᠶᠢ ᠬᠡᠷᠡᠭᠵᠢᠭᠦᠯᠵᠦ᠂ ᠨᠥᠬᠦᠪᠥᠷᠢ ᠪᠠᠯᠠ ᠮᠥᠩᠭᠦ ᠶᠢ ᠰᠦᠯᠵᠢᠶ᠎ᠡ ᠪᠠᠷ ᠭᠤᠶᠤᠴᠢᠯᠠᠨ ᠠᠪᠬᠤ ᠠᠷᠭ᠎ᠠ ᠵᠠᠮ ᠢ ᠪᠠᠶᠢᠭᠤᠯᠤᠨ᠂ ᠬᠢᠨᠠᠨ ᠬᠠᠷᠭᠤᠭᠤᠯᠵᠤ ᠣᠯᠭᠤᠬᠤ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠶ ᠭᠡᠵᠦ ᠵᠢᠭᠠᠵᠤ ᠭᠠᠷᠭᠠᠪᠠ᠃      ᠲᠤᠰᠬᠠᠶ ᠠᠵᠢᠯ ᠤᠨ ᠬᠤᠭᠤᠴᠠᠭᠠᠨ ᠳᠤ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠨᠡᠶᠢᠭᠡᠮ ᠠᠴᠠ ᠰᠢᠯᠢᠨ ᠰᠣᠩᠭᠤᠵᠤ ᠲᠠᠨᠢᠯᠴᠠᠭᠤᠯᠤᠭᠰᠠᠨ 54 ᠰᠦᠯᠵᠢᠶᠡᠨ ᠳᠡᠭᠡᠷᠡᠬᠢ ᠪᠣᠯᠪᠠᠰᠤᠷᠠᠯ ᠤᠨ ᠲᠠᠪᠴᠠᠩ ᠤᠨ ᠪᠠᠶᠢᠭᠤᠯᠤᠮᠵᠢ ᠨᠢ ᠲᠠᠰᠤᠷᠠᠯᠲᠠ ᠥᠬᠡᠶ ᠦᠢᠯᠡᠴᠢᠯᠡᠭᠡ ᠬᠠᠩᠭᠠᠵᠤ᠂ ᠳᠠᠩᠰᠠᠯᠠᠭᠤᠯᠬᠤ ᠪᠠ ᠰᠤᠷᠤᠯᠴᠠᠯᠭ᠎ᠠ ᠶᠢᠨ ᠬᠡᠪ ᠤᠨ ᠠᠵᠢᠯᠯᠠᠭᠠᠨ ᠢ ᠦᠨᠡᠨ ᠬᠦ ᠪᠠᠲᠤᠯᠠᠬᠤ ᠪᠣᠯᠤᠨ᠎ᠠ᠃ ︽ᠳᠤᠮᠳᠠᠳᠤ ᠤᠯᠤᠰ ᠤᠨ ᠠᠵᠢᠯ ᠮᠡᠷᠭᠡᠵᠢᠯ ᠤᠨ ᠪᠣᠯᠪᠠᠰᠤᠷᠠᠯ ᠤᠨ ᠰᠦᠯᠵᠢᠶ᠎ᠡ︾ ᠵᠡᠷᠭᠡ ᠲᠠᠪᠴᠠᠩ ᠴᠤ ᠰᠦᠯᠵᠢᠶᠡᠨ ᠳᠡᠭᠡᠷᠡᠬᠢ ᠪᠣᠯᠪᠠᠰᠤᠷᠠᠯ ᠤᠨ ᠡᠬᠢ ᠪᠠᠶᠠᠯᠢᠭ ᠵᠢᠴᠢ ᠬᠠᠷᠠᠭᠠᠨ ᠳᠠᠪᠲᠠᠮᠵᠢ ᠶᠢᠨ ᠬᠢᠴᠢᠶᠡᠯ᠂ ᠡᠯᠧᠺᠲᠷᠣᠨ ᠨᠣᠮ ᠪᠢᠴᠢᠭ᠂ ᠬᠢᠴᠢᠶᠡᠯ ᠤᠨ ᠲᠣᠨᠤᠭ᠂ ᠺᠠᠷᠲ᠋ᠣᠨ ᠵᠢᠷᠤᠭ ᠵᠡᠷᠭᠡ ᠠᠵᠢᠯ ᠮᠡᠷᠭᠡᠵᠢᠯ ᠤᠨ ᠪᠣᠯᠪᠠᠰᠤᠷᠠᠯ ᠤᠨ ᠵᠢᠭᠠᠨ ᠰᠤᠷᠭᠠᠯᠲᠠ ᠶᠢᠨ ᠡᠬᠢ ᠪᠠᠶᠠᠯᠢᠭ ᠢ ᠦᠨ᠎ᠡ ᠲᠥᠯᠥᠪᠦᠷᠢ ᠥᠬᠡᠶ ᠪᠠᠷ ᠬᠠᠩᠭᠠᠬᠤ ᠪᠣᠯᠤᠨ᠎ᠠ᠃ ᠰᠦᠯᠵᠢᠶᠡᠨ ᠳᠡᠭᠡᠷᠡᠬᠢ ᠪᠣᠯᠪᠠᠰᠤᠷᠠᠯ ᠳᠤ ᠣᠷᠣᠯᠴᠠᠭᠰᠠᠨ ᠪᠥᠭᠡᠳ ᠵᠣᠬᠢᠬᠤ ᠬᠢᠴᠢᠶᠡᠯ ᠤᠨ ᠪᠣᠯᠪᠠᠰᠤᠷᠠᠯ ᠳᠤ ᠬᠢᠷᠢ ᠲᠡᠩᠴᠡᠭᠰᠡᠨ ᠭᠡᠷᠡᠴᠢ ᠣᠯᠤᠭᠰᠠᠨ ᠰᠤᠷᠤᠭᠴᠢᠳ ᠲᠤ ᠲᠣᠭᠲᠠᠭᠠᠯ ᠶᠣᠰᠣᠭᠠᠷ ᠪᠣᠯᠪᠠᠰᠤᠷᠠᠯ ᠤᠨ ᠨᠥᠬᠦᠪᠥᠷᠢ ᠣᠯᠭᠤᠨ᠎ᠠ᠃      ᠮᠡᠳᠡᠭᠳᠡᠯ ᠳᠤ ᠪᠠᠰᠠ ᠡᠯ᠎ᠡ ᠭᠠᠵᠠᠷ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠤᠨ ᠬᠢᠨ ᠠᠵᠢᠯ ᠳᠠᠭᠠᠨ ᠦᠯᠡᠳᠡᠭᠰᠡᠨ ᠬᠥᠮᠦᠰ ᠲᠤ ᠬᠠᠨᠳᠤᠭᠤᠯᠤᠨ ᠨᠠᠭᠠᠳᠤ ᠵᠠᠬ᠎ᠠ ᠳᠠᠭᠠᠨ 3 ᠤᠳᠠᠭ᠎ᠠ ᠠᠴᠠ ᠳᠡᠭᠡᠭᠰᠢ ᠠᠵᠢᠯ ᠮᠡᠷᠭᠡᠵᠢᠯ ᠤᠨ ᠪᠣᠯᠪᠠᠰᠤᠷᠠᠯ ᠤᠨ ᠮᠡᠳᠡᠭᠡ ᠵᠠᠩᠭᠢ ᠬᠠᠩᠭᠠᠵᠤ᠂ ᠪᠣᠯᠪᠠᠰᠤᠷᠠᠯ ᠤᠨ ᠲᠥᠷᠥ ᠶᠢᠨ ᠪᠣᠳᠣᠯᠭ᠎ᠠ ᠶᠢᠨ ᠵᠥᠪᠯᠡᠯᠭᠡ ᠶᠢ ᠠᠳᠠᠬ ᠲᠠᠭᠠᠨ 1 ᠤᠳᠠᠭ᠎ᠠ ᠥᠭᠴᠦ᠂ ᠲᠣᠬᠢᠷᠠᠮᠵᠢᠲᠠᠶ ᠪᠣᠯᠪᠠᠰᠤᠷᠠᠯ ᠤᠨ ᠲᠥᠷᠥᠯ ᠵᠦᠢᠯ ᠢ ᠠᠳᠠᠬ ᠲᠠᠭᠠᠨ 1 ᠲᠠᠨᠢᠯᠴᠠᠭᠤᠯᠬᠤ ᠬᠡᠷᠡᠭᠲᠡᠶ᠃ ᠪᠣᠯᠪᠠᠰᠤᠷᠠᠯ ᠤᠨ ᠨᠥᠬᠦᠪᠥᠷᠢ ᠪᠡᠯᠡ ᠮᠥᠩᠭᠦ ᠪᠠᠷ ᠠᠵᠤ ᠠᠬᠤᠶᠢᠯᠠᠯ ᠢ ᠰᠢᠭᠤᠳ ᠨᠦᠭᠦᠪᠦᠷᠢᠯᠡᠭᠦ ᠠᠵᠢᠯ ᠤᠨ ᠡᠷᠴᠢᠮ ᠢ ᠨᠡᠮᠡᠭᠳᠡᠭᠦᠯᠵᠦ᠂ ᠠᠵᠤ ᠠᠬᠤᠶᠢᠯᠠᠯ ᠪᠤᠶᠤ ᠪᠣᠯᠪᠠᠰᠤᠷᠠᠯ ᠤᠨ ᠪᠠᠶᠢᠭᠤᠯᠤᠮᠵᠢ ᠶᠢᠨ ᠥᠷᠨᠢᠭᠦᠯᠦᠭᠰᠡᠨ ᠪᠣᠯᠪᠠᠰᠤᠷᠠᠯ ᠵᠢᠴᠢ ᠠᠵᠢᠯ ᠢᠶᠠᠷ ᠪᠣᠯᠪᠠᠰᠤᠷᠠᠯ ᠢ ᠣᠷᠣᠯᠠᠭᠤᠯᠬᠤ ᠳᠤ ᠵᠣᠬᠢᠬᠤ ᠬᠠᠷᠢᠴᠠᠯ ᠪᠦᠭᠦᠢ ᠪᠣᠯᠪᠠᠰᠤᠷᠠᠯ ᠤᠨ ᠨᠥᠬᠦᠪᠥᠷᠢ ᠶᠢᠨ ᠪᠡᠯᠡ ᠮᠥᠩᠭᠦ ᠶᠢ ᠤᠷᠢᠳ ᠢᠶᠠᠷ ᠰᠠᠯᠭᠠᠨ ᠥᠭᠴᠦ ᠪᠣᠯᠤᠨ᠎ᠠ ᠭᠡᠵᠦ ᠱᠠᠭᠠᠷᠳᠠᠪᠠ᠃http://mongol.people.com.cn/15836845.html
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ