ᠣᠶᠢᠷ᠎ᠠ ᠳᠤ᠂ ᠰᠤᠷᠭᠠᠨ ᠬᠥᠮᠦᠵᠢᠯ ᠤᠨ ᠶᠠᠮᠤᠨ ᠤ ᠠᠯᠪᠠᠨ ᠲᠢᠩᠬᠢᠮ ︽ᠳᠤᠮᠳᠠᠳᠤ ᠪᠠᠭ᠎ᠠ ᠰᠤᠷᠭᠠᠭᠤᠯᠢ ᠶᠢᠨ ᠰᠣᠷᠣᠭᠴᠢ ᠶᠢᠨ ᠭᠠᠷ ᠤᠲᠠᠰᠤ ᠶᠢ | ᠬᠠᠮᠢᠶᠠᠷᠬᠤ ᠠᠵᠢᠯ ᠢ ᠴᠢᠩᠭᠠᠳᠬᠠᠬᠤ ᠲᠤᠬᠠᠶ ᠮᠡᠳᠡᠭᠳᠡᠯ︾ ᠳᠠᠷᠤᠮᠠᠯᠯᠠᠨ ᠲᠠᠷᠬᠠᠭᠠᠵᠤ᠂ ᠳᠤᠮᠳᠠᠳᠤ ᠪᠠᠭ᠎ᠠ ᠰᠤᠷᠭᠠᠭᠤᠯᠢ ᠶᠢᠨ ᠰᠣᠷᠣᠭᠴᠢ ᠵᠠᠷᠴᠢᠮ ᠤᠨ | ᠲᠠᠯ᠎ᠠ ᠪᠠᠷ ᠬᠤᠪᠢ ᠬᠥᠮᠦᠨ ᠤ ᠭᠠᠷ ᠤᠲᠠᠰᠤ ᠪᠠᠨ ᠰᠤᠷᠭᠠᠭᠤᠯᠢ ᠶᠢᠨ ᠬᠦᠷᠢᠶᠡᠨ ᠳᠤ ᠠᠪᠴᠤ ᠣᠷᠣᠵᠤ ᠪᠣᠯᠬᠤ ᠥᠬᠡᠶ᠃ ᠦᠨᠡᠨᠬᠦ ᠭᠠᠷ ᠤᠳᠠᠰᠤ ᠭᠡᠷᠡᠭᠯᠡᠬᠦ | ᠬᠡᠷᠡᠭᠴᠡᠭᠡ ᠲᠠᠢ ᠪᠣᠯ ᠵᠠᠪᠠᠯ ᠬᠡᠷ ᠤᠨ ᠠᠬᠠᠮᠠᠳ ᠢᠶᠠᠷ ᠢᠶᠠᠨ ᠵᠥᠪᠰᠢᠶᠡᠷᠡᠭᠦᠯᠦᠭᠡᠳ ᠪᠢᠴᠢᠭ ᠢᠶᠠᠷ ᠭᠤᠶᠤᠴᠢᠯᠠᠯ ᠭᠠᠷᠭᠠᠬᠤ ᠬᠡᠷᠡᠭᠳᠡᠢ᠂ ᠰᠤᠷᠤᠬᠴᠢ | ᠰᠤᠷᠭᠠᠭᠤᠯᠢ ᠳᠤ ᠪᠠᠨ ᠬᠦᠷᠦᠭᠰᠡᠨ ᠤ ᠳᠠᠷᠠᠭ᠎ᠠ ᠭᠠᠷ ᠤᠲᠠᠰᠤ ᠶᠢ ᠨᠢ ᠰᠤᠷᠭᠠᠭᠤᠯᠢ ᠠᠴᠠ ᠨᠢᠭᠡᠳᠦᠯᠲᠡᠶ ᠬᠠᠳᠠᠭᠠᠯᠠᠨ ᠬᠠᠮᠢᠶᠠᠷᠤᠨ᠎ᠠ᠂ ᠬᠢᠴᠢᠶᠡᠯ ᠤᠨ ᠭᠡᠷ ᠲᠤ | ᠠᠪᠴᠤ ᠣᠷᠣᠵᠦ ᠪᠤᠯᠬᠤ ᠦᠭᠡᠢ ᠭᠡᠵᠦ ᠱᠠᠭᠠᠷᠳᠠᠪᠠ᠃ | ᠴᠢᠩᠬᠤᠧᠠ ᠶᠡᠭᠡ ᠰᠤᠷᠭᠠᠭᠤᠯᠢ ᠶᠢᠨ ᠬᠠᠷᠢᠶᠠᠲᠤ ᠳᠤᠮᠳᠠᠳᠤ ᠰᠤᠷᠭᠠᠭᠤᠯᠢ ᠶᠢᠨ ᠵᠠᠬᠢᠷᠤᠯ ᠸᠠᠩ ᠳ᠋ᠢᠶᠠᠨ ᠵᠢᠶᠦ᠋ᠨ᠄ ᠤᠳᠤ ᠰᠤᠷᠤᠭᠴᠢᠳ ᠲᠤ ᠭᠠᠷ | ᠤᠲᠠᠰᠤ ᠶᠢ ᠵᠥᠪ ᠬᠡᠷᠡᠭᠯᠡᠬᠦ ᠪᠠ ᠬᠠᠮᠢᠶᠠᠷᠬᠤ ᠶᠢ ᠰᠤᠷᠭᠠᠪᠡᠯ ᠬᠤᠵᠢᠮ ᠰᠤᠷᠤᠭᠴᠢᠳ ᠨᠡᠶᠢᠭᠡᠮ ᠳᠡᠭᠡᠷ᠎ᠡ ᠭᠠᠷᠤᠬᠰᠠᠨ ᠤ ᠲᠠᠷᠠᠭ᠎ᠠ ᠰᠢᠨᠡᠴᠢᠯᠡᠭᠳᠡᠨ ᠬᠤᠪᠢᠷᠠᠵᠤ | ᠪᠠᠢᠭ᠎ᠠ ᠬᠡᠷᠡᠭ ᠪᠣᠳᠠᠰ ᠤᠨ ᠡᠮᠦᠨ᠎ᠡ ᠰᠠᠶ᠋ᠢ ᠵᠥᠪ ᠪᠦᠭᠡᠳ ᠵᠣᠬᠢᠰᠲᠠᠢ ᠬᠡᠷᠡᠭᠯᠡᠵᠦ ᠴᠢᠳᠠᠨ᠎ᠠ ᠭᠡᠵᠦ ᠬᠡᠯᠡᠭᠰᠡᠨ ᠢᠶᠠᠨ ᠵᠠᠯᠭᠠᠭᠠᠳ ︽ᠭᠠᠷ ᠤᠲᠠᠰᠤ ᠶᠢ ᠵᠥᠪ | ᠬᠡᠷᠡᠭᠯᠡᠬᠦ ᠶᠢ ᠰᠤᠷᠬᠤ ᠪᠣᠯ ᠨᠢᠭᠡᠨ ᠵᠠᠪᠠᠯ ᠰᠤᠷᠬᠤ ᠬᠢᠴᠢᠶᠡᠯ ᠪᠤᠯᠬᠤ ᠪᠥᠭᠡᠳ ᠪᠠᠰᠠ ᠣᠳᠣᠬᠠᠨ ᠤ ᠰᠤᠷᠭᠠᠨ ᠬᠥᠮᠦᠵᠢᠯ ᠤᠨ ᠨᠢᠭᠡ ᠬᠡᠰᠡᠭ ᠪᠣᠯᠤᠨ᠎ᠠ᠃ | ᠰᠤᠷᠤᠭᠴᠢᠳ ᠤᠨ ᠭᠠᠷ ᠤᠲᠠᠰᠤ ᠪᠠᠨ ᠬᠡᠷᠡᠭᠯᠡᠵᠦ ᠬᠠᠮᠢᠶᠠᠷᠬᠤ ᠶᠠᠪᠤᠳᠠᠯ ᠨᠢ ᠰᠤᠷᠭᠠᠭᠤᠯᠢ ᠶᠢᠨ ᠬᠠᠮᠢᠶᠠᠷᠤᠯᠲᠠ ᠶᠢᠨ ᠣᠶᠢᠯᠠᠭᠠᠭᠳᠠᠬᠤᠨ ᠪᠠ ᠬᠥᠮᠦᠨ | ᠬᠥᠮᠦᠵᠢᠭᠦᠯᠬᠦ ᠬᠢᠷᠢ ᠲᠦᠪᠰᠢᠨ ᠢ ᠲᠤᠰᠬᠠᠵᠤ ᠪᠠᠶᠢᠳᠠᠭ ᠪᠣᠯᠬᠤᠷ ᠡᠷᠬᠡᠪᠰᠢ ︿ᠬᠠᠮᠢᠶᠠᠷᠬᠤ﹀ ᠪᠠ ︿ᠰᠤᠷᠭᠠᠬᠤ﹀ ᠶᠢ ᠤᠶᠠᠯᠳᠤᠭᠤᠯᠵᠤ᠂ ᠠᠶᠤᠯ | ᠲᠦᠭᠰᠢᠭᠦᠷᠢ ᠶᠢ ᠠᠵᠠ ᠲᠣᠬᠢᠶᠠᠯ ᠪᠣᠯᠭᠠᠨ ᠬᠤᠪᠢᠷᠠᠭᠤᠯᠬᠤ ᠬᠡᠷᠡᠭᠲᠡᠶ︾ ᠭᠡᠵᠦ ᠬᠡᠯᠡᠪᠡ᠃ | ᠰᠤᠷᠭᠠᠭᠤᠯᠢ ᠨᠢ ᠰᠤᠷᠤᠬᠴᠢᠳ ᠤᠨ ᠭᠠᠷ ᠤᠲᠠᠰᠤ ᠭᠡᠷᠡᠭᠯᠡᠬᠦ ᠶᠠᠪᠤᠳᠠᠯ ᠢ ᠡᠳᠦᠷ ᠲᠤᠲᠤᠮ ᠤᠨ ᠬᠠᠮᠢᠶᠠᠷᠤᠯᠲᠠ ᠳᠤ ᠪᠠᠨ ᠣᠷᠣᠭᠤᠯᠬᠤ ᠬᠡᠷᠡᠭᠳᠡᠢ | ᠳᠤᠮᠳᠠᠳᠤ ᠪᠠᠭ᠎ᠠ ᠰᠤᠷᠭᠠᠭᠤᠯᠢ ᠳᠤ ᠬᠡᠷᠬᠢᠨ ᠰᠤᠷᠤᠭᠴᠢᠳ ᠤᠨ ᠭᠠᠷ ᠤᠳᠠᠰᠤ ᠶᠢ ᠬᠠᠮᠢᠶᠠᠷᠬᠤ ᠶᠠᠪᠤᠳᠠᠯ ᠢ ᠴᠢᠩᠭᠠᠳᠬᠠᠬᠤ ᠨᠢ ᠣᠶᠢᠷ᠎ᠠ ᠶᠢᠨ ᠵᠢᠯ ᠤᠨ | ᠲᠤᠷᠰᠢᠬᠢ ᠥᠷᠭᠡᠨ ᠣᠯᠠᠨ ᠰᠤᠷᠭᠠᠨ ᠬᠥᠮᠦᠵᠢᠯ ᠤᠨ ᠠᠵᠢᠯᠲᠠᠨ ᠤ ᠡᠮᠦᠨ᠎ᠡ ᠲᠠᠯᠪᠢᠭᠳᠠᠬᠰᠠᠨ ᠪᠡᠷᠬᠡ ᠰᠡᠳᠦᠪ ᠪᠣᠯᠵᠠᠶ᠃ ᠤᠶᠤᠨᠲᠤ ᠭᠠᠷ ᠤᠲᠠᠰᠤ ᠨᠢ ᠴᠢᠮᠡᠭᠡ | ᠬᠤᠯᠪᠣᠭᠠᠨ ᠤ ᠪᠠᠭᠠᠵᠢ ᠪᠤᠯᠬᠤ ᠲᠡᠳᠦᠶ ᠦᠭᠡᠢ᠂ ᠪᠠᠰᠠ ᠰᠦᠯᠵᠢᠶᠡᠨ ᠳᠤ ᠭᠠᠷᠬᠤ᠂ ᠲᠣᠭᠯᠠᠭᠠᠮ ᠨᠠᠭᠠᠳᠬᠤ ᠪᠠ ᠨᠡᠶᠢᠭᠡᠮ ᠤᠨ ᠬᠠᠷᠢᠯᠴᠠᠭ᠎ᠠ ᠬᠢᠬᠦ ᠵᠡᠷᠭᠡ | ᠣᠯᠠᠨ ᠵᠦᠢᠯ ᠤᠨ ᠴᠢᠳᠠᠮᠵᠢ ᠲᠠᠢ ᠶᠤᠮ᠃ ᠪᠡᠶ᠎ᠡ ᠪᠠᠨ ᠪᠠᠷᠢᠬᠤ ᠴᠢᠳᠠᠪᠤᠷᠢ ᠪᠠᠷ ᠠᠨᠠᠶ ᠰᠤᠷᠤᠭᠴᠢᠳ ᠠᠮᠠᠷᠬᠠᠨ ᠲᠡᠭᠦᠨ ᠳᠤ ᠰᠢᠨᠤᠵᠤ᠂ ᠴᠠᠭ ᠢᠶᠠᠨ ᠪᠦᠷᠢᠯᠭᠡᠵᠦ | ᠂ ᠨᠢᠳᠦᠨ ᠬᠠᠷᠠᠭ᠎ᠠ ᠪᠠᠨ ᠭᠡᠮᠲᠦᠭᠡᠵᠦ᠂ ᠴᠢᠨᠠᠭᠰᠢᠯᠠᠪᠠᠯ ᠬᠦᠴᠦᠷᠬᠡᠭᠯᠡᠯ᠂ ᠱᠠᠯᠢᠭ ᠵᠠᠪᠬᠠᠶ ᠶᠠᠭᠤᠮᠠᠰ ᠵᠡᠷᠭᠡ ᠡᠷᠡᠭᠦᠯ ᠪᠤᠰᠤ ᠮᠡᠳᠡᠭᠡ ᠵᠠᠩᠭᠢ ᠲᠠᠢ ᠣᠶᠢᠷᠠᠳᠬᠤ | ᠪᠤᠯᠤᠨ᠎ᠠ᠃ | ᠨᠠᠨᠵᠢᠩ ᠬᠤᠲᠠ ᠶᠢᠨ ᠰᠢᠦᠧᠠᠨ ᠦ᠋ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶᠠᠨ ᠤ ᠳᠡᠳ᠋ ᠳᠠᠷᠤᠭ᠎ᠠ᠂ ᠨᠠᠨᠵᠢᠩ ᠬᠤᠲᠠ ᠶᠢᠨ ᠶᠢᠰᠦᠳᠦᠭᠡᠷ | ᠳᠤᠮᠳᠠᠳᠤ ᠰᠤᠷᠭᠠᠭᠤᠯᠢ ᠶᠢᠨ ᠵᠠᠬᠢᠷᠤᠯ ᠵᠠᠩ ᠾᠧᠩ ᠵᠦ ᠲᠠᠨᠢᠯᠴᠠᠭᠤᠯᠬᠤ ᠳᠠᠭᠠᠨ᠄ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠭᠴᠢᠳ ᠤᠨ ᠰᠤᠷᠭᠠᠭᠤᠯᠢ ᠳᠤ | ᠭᠠᠷ ᠤᠲᠠᠰᠤ ᠬᠡᠷᠡᠭᠯᠡᠬᠦ ᠶᠢ ᠬᠠᠮᠢᠶᠠᠷᠤᠨ ᠬᠢᠵᠠᠭᠠᠷᠯᠠᠬᠤ ᠨᠢ ᠨᠢᠭᠡᠨᠲᠡ ᠳᠡᠯᠡᠬᠡᠶ ᠶᠢᠨ ᠬᠠᠮᠲᠤ ᠶᠢᠨ ᠲᠠᠨᠢᠯᠲᠠ ᠪᠣᠯᠵᠠᠶ᠃ ᠢᠲ᠋ᠠᠯᠢ᠂ ᠹᠷᠠᠨᠼᠢ᠂ ᠭᠧᠷᠮᠠᠨ᠂ | ᠠᠮᠧᠷᠢᠺᠠ᠂ ᠠᠩᠭ᠍ᠯᠢ᠂ ᠶᠠᠫᠣᠨ ᠵᠡᠷᠭᠡ ᠤᠯᠤᠰ ᠨᠢᠭᠡᠨᠲᠡ ᠬᠠᠤᠯᠢ ᠲᠣᠭᠲᠠᠭᠠᠬᠤ ᠪᠤᠶᠤ ᠪᠤᠰᠤᠳ ᠬᠡᠯᠪᠡᠷᠢ ᠪᠠᠷ ᠳᠠᠮᠵᠢᠭᠤᠯᠤᠨ ᠰᠤᠷᠤᠭᠴᠢᠳ ᠤᠨ ᠭᠠᠷ | ᠤᠲᠠᠰᠤ ᠶᠢ ᠰᠤᠷᠭᠠᠭᠤᠯᠢ ᠶᠢᠨ ᠬᠦᠷᠢᠶ᠎ᠡ ᠪᠤᠶᠤ ᠬᠢᠴᠢᠶᠡᠯ ᠤᠨ ᠭᠡᠷ ᠲᠤ ᠠᠪᠴᠤ ᠣᠷᠣᠬᠤ ᠶᠢ ᠲᠣᠳᠣᠷᠬᠠᠶ ᠲᠤᠬᠳᠠᠭᠠᠯ ᠭᠠᠷᠭᠠᠨ ᠴᠠᠭᠠᠵᠠᠯᠠᠵᠤ᠂ ᠵᠠᠷᠢᠮ ᠨᠢ | ᠪᠠᠭᠰᠢ ᠪᠣᠯᠤᠨ ᠬᠡᠷ ᠤᠨ ᠠᠬᠠᠮᠠᠳ ᠤᠨ ᠬᠦᠳᠦᠯᠦᠨ ᠵᠢᠯᠤᠭᠤᠳᠤᠯᠭ᠎ᠠ ᠳᠣᠤᠷ᠎ᠠ ᠰᠤᠷᠤᠭᠴᠢᠳ ᠰᠠᠶ᠋ᠢ ᠭᠠᠷ ᠤᠲᠠᠰᠤ ᠬᠡᠷᠡᠭᠯᠡᠵᠦ ᠪᠣᠯᠤᠨ᠎ᠠ ᠬᠡᠵᠦ ᠲᠤᠬᠳᠠᠭᠠᠬᠰᠠᠨ | ᠪᠦᠭᠡᠳ ᠹᠢᠨᠯᠠᠨᠳ᠋ ᠤᠯᠤᠰ ᠨᠢ ᠠᠩᠬ᠎ᠠ ᠵᠡᠷᠭᠡ ᠶᠢᠨ ᠳᠤᠮᠳᠠᠳᠤ ᠰᠤᠷᠭᠠᠭᠤᠯᠢ ᠶᠢᠨ ᠭᠤᠷᠪᠠᠳᠤᠭᠠᠷ ᠣᠨ ᠠᠴᠠ ᠳᠣᠷᠤᠬᠰᠢᠬᠢ ᠰᠤᠷᠤᠭᠴᠢᠳ ᠲᠤ ᠭᠠᠷ ᠤᠲᠠᠰᠤ | ᠪᠣᠷᠣᠯᠠᠭᠤᠯᠬᠤ ᠶᠢ ᠴᠠᠭᠠᠵᠠᠯᠠᠵᠠᠢ ᠬᠡᠵᠦ ᠬᠡᠯᠡᠪᠡ᠃ | ᠭᠠᠷ ᠤᠲᠠᠰᠤ ᠬᠡᠷᠡᠭᠯᠡᠬᠦ ᠶᠢ ᠬᠠᠮᠢᠶᠠᠷᠬᠤ ᠬᠡᠷᠡᠭᠲᠡᠶ ᠮᠦᠷᠳᠡᠭᠡᠨ ᠪᠠᠰᠠ ᠵᠣᠬᠢᠰᠲᠠᠶ ᠬᠠᠮᠢᠶᠠᠷᠬᠤ ᠬᠡᠷᠡᠭᠲᠡᠶ | ᠵᠠᠩ ᠾᠧᠩ ᠵᠦ ᠬᠡᠯᠡᠬᠦ ᠳᠡᠭᠡᠨ᠄ ᠰᠤᠷᠭᠠᠭᠤᠯᠢ ᠨᠢ ᠰᠣᠷᠣᠭᠴᠢ ᠶᠢᠨ ᠭᠠᠷ ᠤᠲᠠᠰᠤ ᠶᠢ ᠪᠦᠲᠦᠮᠵᠢᠲᠡᠶ ᠬᠠᠮᠢᠶᠠᠷᠬᠤ ᠬᠡᠷᠡᠭᠳᠡᠢ᠂ ᠬᠠᠮᠢᠶᠠᠷᠬᠤ᠂ ᠵᠠᠰᠠᠵᠤ | ᠵᠠᠯᠠᠬᠤ᠂ ᠰᠤᠷᠭᠠᠨ ᠬᠥᠮᠦᠵᠢᠭᠦᠯᠬᠦ ᠭᠤᠷᠪᠠᠨ ᠠᠯᠬᠤᠮ ᠢᠶᠠᠷ ᠬᠢᠵᠤ ᠪᠣᠯᠤᠨ᠎ᠠ᠃ | ᠨᠢᠭᠡ ᠳᠤ ᠬᠠᠮᠢᠶᠠᠷᠬᠤ ᠬᠡᠷᠡᠭᠳᠡᠢ᠃ ᠬᠡᠷ ᠤᠨ ᠠᠬᠠᠮᠠᠳ᠂ ᠰᠣᠷᠣᠭᠴᠢ ᠪᠣᠯᠤᠨ ᠪᠠᠭᠰᠢ ᠭᠤᠷᠪᠠᠨ ᠲᠠᠯ᠎ᠠ ᠶᠢᠨ ᠬᠢᠨ ᠣᠯᠠᠨ ᠢᠶᠠᠷ ᠢᠶᠠᠨ ᠵᠦᠪᠰᠢᠶᠡᠷᠡᠬᠦ ᠭᠠᠷ | ᠤᠲᠠᠰᠤᠨ ᠤ ᠬᠠᠮᠢᠶᠠᠷᠤᠯᠲᠠ ᠶᠢᠨ ᠲᠦᠷᠢᠮ ᠢ ᠲᠣᠭᠲᠠᠭᠠᠵᠤ᠂ ᠰᠤᠷᠤᠭᠴᠢᠳ ᠢ ᠰᠠᠶᠢᠨ ᠰᠠᠶᠢᠬᠠᠨ ᠲᠠᠳᠬᠠᠯ ᠲᠠᠢ ᠪᠤᠯᠭᠠᠨ ᠲᠠᠳᠬᠠᠯᠰᠢᠭᠤᠯᠬᠤ ᠬᠡᠷᠡᠭᠳᠡᠢ᠃ | ᠰᠤᠷᠭᠠᠭᠤᠯᠢ ᠨᠢ ᠪᠠᠰᠠ ᠰᠢᠯᠢᠳᠡᠭ ᠠᠩᠭᠢ ᠨᠡᠶᠢᠲᠡ ᠶᠢ ᠪᠠᠶᠢᠭᠤᠯᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠠᠩᠭᠢ ᠨᠡᠶᠢᠲᠡ ᠲᠤᠳᠤᠷ᠎ᠠ ᠪᠠᠨ ᠨᠡᠯᠢᠶᠡᠳ | ᠰᠢᠯᠢᠳᠡᠭ ᠨᠠᠶᠢᠵᠠ ᠨᠥᠬᠦᠳ ᠤᠨ ᠰᠣᠶᠣᠯ ᠢ ᠪᠦᠷᠢᠯᠳᠦᠭᠦᠯᠵᠦ᠂ ᠡᠯᠪᠡᠭ ᠪᠠᠶᠠᠯᠢᠭ ᠠᠵᠢᠯᠯᠠᠭ᠎ᠠ ᠥᠷᠨᠢᠭᠦᠯᠦᠨ᠂ ᠰᠤᠷᠤᠬᠴᠢ ᠶᠢᠨ ᠭᠠᠷ ᠤᠲᠠᠰᠤ ᠶᠢ | ᠲᠠᠯᠪᠢᠭᠤᠯᠵᠤ᠂ ᠨᠠᠩ ᠦᠨ᠎ᠡ ᠥᠷᠲᠡᠭ ᠲᠠᠢ ᠨᠠᠩ ᠤᠳᠬ᠎ᠠ ᠠᠭᠤᠯᠭ᠎ᠠ ᠲᠠᠢ ᠠᠵᠢᠯ ᠬᠢᠯᠭᠡᠵᠦ ᠪᠣᠯᠤᠨ᠎ᠠ᠃ ᠬᠤᠶᠠᠷ ᠲᠤ ᠵᠠᠰᠠᠵᠤ ᠵᠠᠯᠠᠬᠤ ᠬᠡᠷᠡᠭᠳᠡᠢ᠃ ᠲᠡᠳᠡᠭᠡᠷ | ᠳᠦᠷᠢᠮ ᠲᠣᠭᠲᠠᠭᠠᠯ ᠰᠠᠬᠢᠯᠭ᠎ᠠ ᠪᠠᠲᠤ ᠶᠢ ᠰᠠᠬᠢᠵᠦ ᠲᠡᠶᠢᠯᠬᠦ ᠦᠭᠡᠢ ᠰᠤᠷᠤᠭᠴᠢ ᠶᠢᠨ ᠭᠠᠷ ᠤᠲᠠᠰᠤ ᠪᠠᠨ ᠲᠠᠯᠪᠢᠵᠦ ᠴᠢᠳᠠᠬᠤ ᠦᠭᠡᠢ ᠶᠢᠨ ᠰᠢᠯᠲᠠᠭᠠᠨ ᠪᠠ | ᠠᠷᠤ ᠳᠠᠬᠢ ᠬᠦᠰᠡᠯ ᠱᠠᠭᠠᠷᠳᠠᠯᠭ᠎ᠠ ᠶᠢ ᠨᠢ ᠣᠶᠢᠯᠠᠭᠠᠬᠤ ᠬᠡᠷᠡᠭᠲᠡᠶ᠃ ᠭᠤᠷᠪᠡ ᠳᠤ ᠰᠤᠷᠭᠠᠨ ᠬᠥᠮᠦᠵᠢᠭᠦᠯᠬᠦ ᠭᠡᠷᠡᠭᠳᠡᠢ ᠭᠡᠪᠡ᠃ ᠵᠠᠩ ᠾᠧᠩ ᠵᠦ ᠪᠠᠰᠠ᠄ | ᠣᠳᠣᠬᠠᠨ ᠳᠤ ᠴᠥᠭᠡᠨ ᠪᠤᠰᠤ ᠬᠡᠷ ᠤᠨ ᠠᠬᠠᠮᠠᠳ᠂ ᠴᠢᠨᠠᠭᠰᠢᠯᠠᠪᠠᠯ ᠪᠠᠭᠰᠢ ᠨᠠᠷ ᠰᠤᠷᠤᠬᠴᠢᠳ ᠤᠨ ᠭᠠᠷ ᠤᠳᠠᠰᠤ ᠶᠢ ᠨᠢ ᠬᠤᠷᠢᠶᠠᠨ ᠠᠪᠬᠤ᠂ ᠭᠠᠷ | ᠤᠲᠠᠰᠤ ᠶᠢ ᠨᠢ ᠭᠠᠵᠠᠷ ᠰᠠᠪᠠᠭ᠋ᠤ ᠠᠷᠭ᠎ᠠ ᠪᠠᠷ ᠠᠰᠠᠭᠤᠳᠠᠯ ᠢ ᠰᠢᠢᠳᠪᠦᠷᠢᠯᠡᠵᠦ ᠪᠠᠶᠢᠨ᠎ᠠ᠂ ᠡᠨᠡ ᠨᠢ ᠦᠨᠡᠨ ᠳᠡᠭᠡᠨ ᠵᠥᠷᠢᠴᠡᠯ ᠢ ᠬᠤᠷᠴᠠᠳᠬᠠᠵᠤ ᠪᠠᠶᠢᠬᠤ ᠠᠴᠠ | ᠪᠢᠰᠢ ᠵᠥᠷᠢᠴᠡᠯ ᠢ ᠰᠢᠢᠳᠪᠦᠷᠢᠯᠡᠵᠦ ᠪᠠᠶᠢᠬᠤ ᠪᠢᠰᠢ ᠶᠤᠮ᠃ ᠰᠤᠷᠭᠠᠨ ᠬᠥᠮᠦᠵᠢᠭᠦᠯᠬᠦ ᠠᠷᠭ᠎ᠠ ᠨᠢ ᠵᠦᠶ ᠶᠣᠰᠣᠨ ᠳᠤ ᠨᠡᠶᠢᠴᠡᠵᠦ᠂ ᠰᠤᠷᠤᠭᠴᠢᠳ ᠲᠤ ᠭᠠᠷ | ᠤᠲᠠᠰᠤ ᠬᠡᠲᠦᠷᠬᠡᠶ ᠬᠡᠷᠡᠭᠯᠡᠬᠦ ᠶᠢᠨ ᠬᠤᠤᠷ ᠬᠥᠨᠥᠭᠡᠯ ᠪᠠ ᠬᠠᠮᠢᠶᠠᠷᠤᠯᠲᠠ ᠪᠠᠨ ᠴᠢᠩᠭᠠᠳᠬᠠᠬᠤ ᠶᠢᠨ ᠴᠢᠬᠤᠯᠠ ᠴᠢᠨᠠᠷ ᠢ ᠦᠨᠡᠨ ᠬᠦ ᠲᠠᠨᠢᠭᠤᠯᠬᠤ ᠬᠡᠷᠡᠭᠳᠡᠢ᠃ | ᠵᠠᠷᠢᠮ ᠠᠷᠭ᠎ᠠ ᠨᠢ ᠰᠤᠷᠤᠬᠴᠢ ᠶᠢ ᠠᠯᠭᠤᠷ ᠠᠭᠠᠵᠢᠮ ᠢᠶᠠᠷ ᠭᠠᠷ ᠤᠳᠠᠰᠤ ᠠᠴᠠ ᠵᠠᠶᠢᠳᠠᠭᠤᠯᠵᠤ ᠪᠤᠯᠤᠨ᠎ᠠ᠂ ᠵᠢᠱᠢᠶᠡᠯᠡᠪᠡᠯ ᠭᠡᠷ ᠤᠨ ᠭᠠᠳᠠᠨ᠎ᠡ ᠤᠯᠠᠨ | ᠬᠥᠳᠡᠯᠭᠡᠭᠡᠨ ᠬᠢᠯᠭᠡᠬᠦ᠂ ᠰᠤᠷᠤᠬᠴᠢᠳ ᠲᠤ ᠰᠢᠨᠵᠢᠯᠡᠬᠦ ᠤᠬᠠᠭᠠᠨᠴᠢ ᠪᠠᠷ ᠰᠤᠷᠤᠯᠴᠠᠵᠤ ᠠᠮᠠᠷᠠᠬᠤ ᠴᠠᠭ ᠤᠨ ᠬᠤᠪᠢᠶᠠᠷᠢ ᠵᠡᠷᠭᠡ ᠶᠢ ᠲᠣᠭᠲᠠᠭᠠᠨ ᠦᠭᠴᠦ | ᠪᠣᠯᠤᠨ᠎ᠠ ᠬᠡᠵᠦ ᠬᠡᠯᠡᠪᠡ᠃ | ᠭᠡᠷ ᠤᠨ ᠠᠬᠠᠮᠠᠳ ᠴᠠᠭ ᠲᠤᠬᠠᠢ ᠳᠤᠨᠢ ᠣᠷᠣᠯᠴᠠᠵᠤ᠂ ᠬᠡᠷᠡᠭ ᠢ ᠭᠠᠷᠬᠤ ᠠᠴᠠ ᠨᠢ ᠡᠮᠦᠨ᠎ᠡ ᠰᠡᠷᠭᠡᠶᠢᠯᠡᠬᠦ ᠬᠡᠷᠡᠭᠲᠡᠢ | ︽ᠮᠡᠳᠡᠭᠳᠡᠯ︾ ᠳᠤ ᠪᠠᠰᠠ᠂ ᠡᠯ᠎ᠡ ᠰᠤᠷᠭᠠᠭᠤᠯᠢ ᠨᠤᠭᠤᠳ ᠨᠢ ᠬᠡᠷ ᠪᠦᠯᠢ ᠪᠠ ᠰᠤᠷᠭᠠᠭᠤᠯᠢ ᠶᠢᠨ ᠨᠡᠪᠲᠡᠷᠡᠯᠴᠡᠭᠡ ᠶᠢ ᠰᠠᠶᠢᠲᠤᠷ ᠬᠢᠵᠦ᠂ ᠬᠡᠷ ᠤᠨ | ᠠᠬᠠᠮᠠᠳ ᠨᠢ ᠰᠤᠷᠭᠠᠨ ᠬᠥᠮᠦᠵᠢᠯ ᠤᠨ ᠲᠤᠰᠢᠶᠠᠯ ᠬᠠᠷᠢᠭᠤᠴᠠᠯᠭ᠎ᠠ ᠪᠠᠨ ᠦᠨᠡᠨ ᠬᠦ ᠬᠦᠢᠴᠡᠳᠭᠡᠵᠦ᠂ ᠬᠡᠷ ᠪᠦᠯᠢ ᠪᠠ ᠰᠤᠷᠭᠠᠭᠤᠯᠢ ᠬᠠᠮᠵᠢᠯᠴᠠᠨ ᠬᠥᠮᠦᠨ | ᠬᠥᠮᠦᠵᠢᠭᠦᠯᠬᠦ ᠨᠡᠶᠢᠯᠡᠯ ᠬᠦᠴᠦᠨ ᠢ ᠪᠣᠶ ᠪᠣᠯᠭᠠᠬᠤ ᠬᠡᠷᠡᠭᠲᠡᠶ ᠬᠡᠵᠦ ᠵᠢᠭᠠᠵᠤ ᠭᠠᠷᠭᠠᠵᠠᠢ᠃ | http://mongol.people.com.cn/15836840.html |