ᠬᠤᠲᠠ ᠶᠢᠨ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠬᠤᠷᠢᠨᠭᠡᠷ ᠰᠢᠨ᠎ᠡ ᠲᠣᠭᠤᠷᠢᠭ ᠬᠤᠷᠢᠨᠭᠡᠷ ᠰᠢᠶᠠᠨ ᠳᠤ ᠭᠦᠨᠵᠡᠭᠡᠶᠢᠷᠡᠨ ᠫᠤᠤᠵᠢᠩ ᠲᠠᠯᠪᠢᠬᠤ ᠺᠦᠩ ᠮᠢᠩ ᠳ᠋ᠧᠩ ᠠᠰᠠᠭᠠᠬᠤ ᠲᠦᠳᠡᠭ ᠭᠠᠯ ᠨᠣᠴᠣᠭᠠᠬᠤ ᠶᠢ ᠴᠠᠭᠠᠵᠠᠯᠠᠬᠤ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠰᠢᠮᠳᠠᠭᠤᠯᠤᠨ ᠪᠠᠶᠢᠴᠠᠭᠠᠪᠠ
ᠨᠡᠶᠢᠲᠡᠯᠡᠭᠰᠡᠨ ᠴᠠᠭ᠄
2021/2/4
       ᠮᠠᠨ ᠤ ᠬᠤᠲᠠ ᠶᠢᠨ ᠬᠤᠯᠪᠣᠭᠳᠠᠯ ᠪᠦᠬᠦᠢ ᠱᠠᠭᠠᠷᠳᠠᠯᠭ᠎ᠠ ᠶᠣᠰᠣᠭᠠᠷ᠂ ᠬᠤᠰᠢᠭᠤ ᠰᠢᠶᠠᠨ ᠲᠣᠭᠤᠷᠢᠭ ᠬᠤᠤᠠᠷ ᠫᠤᠤᠵᠢᠩ ᠲᠠᠯᠪᠢᠬᠤ᠂ ᠺᠦᠩ ᠮᠢᠩ ᠳ᠋ᠧᠩ ᠠᠰᠠᠭᠠᠬᠤ᠂ ᠲᠦᠳᠡᠭ ᠭᠠᠯ ᠨᠣᠴᠣᠭᠠᠬᠤ ᠶᠢ ᠴᠠᠭᠠᠵᠠᠯᠠᠬᠤ ᠠᠵᠢᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠤᠨ ᠲᠤᠬᠠᠢ᠂ 2 ᠳ᠋ᠤᠭᠠᠷ ᠰᠠᠷ᠎ᠠ ᠶᠢᠨ 3 ᠤ ᠡᠳᠦᠷ᠂ ᠬᠤᠲᠠ  ᠤ ᠬᠤᠸᠠᠷ ᠫᠤᠤᠵᠢᠩ ᠲᠠᠯᠪᠢᠬᠤ ᠂ ᠺᠦᠩ ᠮᠢᠩ ᠳ᠋ᠧᠩ ᠠᠰᠠᠭᠠᠬᠤ᠂ ᠲᠦᠳᠡᠭ ᠭᠠᠯ ᠨᠣᠴᠣᠭᠠᠬᠤ ᠶᠢ ᠴᠠᠭᠠᠵᠠᠯᠠᠬᠤ ᠬᠤᠶᠠᠳᠤᠭᠠᠷ  ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠬᠤᠷᠢᠨᠭᠡᠷ ᠰᠢᠨ᠎ᠡ ᠲᠣᠭᠤᠷᠢᠭ᠂ ᠬᠤᠷᠢᠨᠭᠡᠷ ᠰᠢᠶᠠᠨ ᠳᠤ ᠭᠦᠨᠵᠡᠭᠡᠶᠢᠷᠡᠨ ᠰᠢᠮᠳᠠᠭᠤᠯᠤᠨ ᠪᠠᠶᠢᠴᠠᠭᠠᠪᠠ᠃      ᠲᠣᠰ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠤᠨ ᠪᠦᠷᠢᠯᠳᠦᠬᠦᠨ ᠨᠢ ᠬᠤᠲᠠ ᠶᠢᠨ ᠪᠠᠴᠢᠮ ᠪᠠᠶᠢᠳᠠᠯ ᠢ  ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠬᠤᠲᠠ ᠶᠢᠨ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠲᠣᠪᠴᠢᠶ᠎ᠠ᠂ ᠬᠤᠲᠠ ᠶᠢᠨ ᠠᠮᠢ ᠠᠬᠤᠶ ᠣᠷᠴᠢᠨ ᠲᠤᠭᠤᠷᠢᠨ ᠤ ᠲᠣᠪᠴᠢᠶ᠎ᠠ᠂ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠵᠡᠷᠭᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠠᠵᠢᠯᠲᠠᠨ ᠢᠶᠠᠷ ᠪᠦᠷᠢᠯᠳᠦᠪᠡ᠃ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠤᠨ ᠬᠢᠨ ᠤᠷᠢᠳ ᠬᠤᠵᠢᠳ ᠬᠤᠷᠢᠨᠭᠡᠷ ᠰᠢᠶᠠᠨ ᠤ ᠵᠠᠰᠠᠭ ᠤᠨ ᠣᠷᠳᠣᠨ᠂ ᠬᠤᠷᠢᠨᠭᠡᠷ ᠰᠢᠨ᠎ᠡ ᠲᠣᠭᠤᠷᠢᠭ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ ᠤ ᠬᠤᠤᠠᠷ ᠫᠤᠤᠵᠢᠩ ᠲᠠᠯᠪᠢᠬᠤ ᠂ ᠺᠦᠩ ᠮᠢᠩ ᠳ᠋ᠧᠩ ᠠᠰᠠᠭᠠᠬᠤ᠂ ᠲᠦᠳᠡᠭ ᠭᠠᠯ ᠨᠣᠴᠣᠭᠠᠬᠤ ᠶᠢ ᠴᠠᠭᠠᠵᠠᠯᠠᠬᠤ ᠠᠵᠢᠯ ᠢ ᠥᠷᠨᠢᠭᠦᠯᠦᠭᠰᠡᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ ᠶᠢ ᠰᠣᠨᠣᠰᠴᠤ᠂ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠤᠯᠠᠨ ᠵᠦᠢᠯ ᠤᠨ ᠬᠡᠯᠪᠡᠷᠢ ᠶᠢᠨ ᠤᠬᠠᠭᠤᠯᠭ᠎ᠠ ᠪᠠ ᠬᠠᠮᠢᠶᠠᠷᠤᠯᠲᠠ ᠡᠵᠡᠮᠳᠡᠯ ᠢ ᠴᠢᠩᠭᠠᠳᠬᠠᠬᠤ ᠳᠤ ᠴᠢᠭᠯᠡᠬᠦᠯᠦᠯᠳᠤ ᠴᠢᠨᠠᠷᠲᠠᠢ ᠠᠷᠭ᠎ᠠ ᠬᠡᠮᠵᠢᠶ᠎ᠡ ᠠᠪᠤᠭᠰᠠᠨ ᠪᠠᠶᠢᠳᠠᠯ ᠢ ᠣᠶᠢᠯᠠᠭᠠᠪᠠ᠃ ᠳᠠᠷᠠᠭ᠎ᠠ ᠨᠢ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠤᠨ ᠬᠢᠨ ᠬᠤᠷᠢᠨᠭᠡᠷ ᠰᠢᠶᠠᠨ ᠤ ᠴᠧᠩ ᠭᠤᠸᠠᠨ ᠪᠠᠯᠭᠠᠰᠤ ᠶᠢᠨ ᠱᠧᠩ ᠴᠦᠨ  ᠬᠤᠸᠠ ᠶᠤᠸᠠᠨ  ᠬᠤᠷᠢᠶᠠᠯᠠᠯ᠂ ᠱᠠᠨ ᠴᠧᠩ ᠬᠤᠷᠢᠶᠠᠯᠠᠯ ᠵᠡᠷᠭᠡ ᠭᠠᠵᠠᠷ ᠢᠶᠠᠷ ᠬᠦᠷᠴᠦ ᠪᠠᠶᠢᠴᠠᠭᠠᠨ ᠦᠵᠡᠪᠡ᠃      ᠰᠤᠷᠪᠤᠯᠵᠢᠯᠠᠭᠴᠢ ᠶᠢᠨ ᠣᠶᠢᠯᠠᠭᠠᠭᠰᠠᠨ ᠢᠶᠠᠷ᠂ ᠵᠠᠭᠠᠭᠯᠠᠨ ᠲᠣᠭᠲᠠᠭᠠᠭᠰᠠᠨ ᠴᠠᠭᠠᠵᠠᠯᠠᠬᠤ ᠣᠷᠣᠨ ᠪᠦᠰᠡ ᠳᠤ ᠂  ᠬᠤᠸᠠᠷ ᠫᠤᠤᠵᠢᠩ ᠵᠢᠵᠢᠭᠯᠡᠨ ᠬᠤᠳᠠᠯᠳᠤᠬᠤ ᠴᠡᠭ ᠪᠠᠶᠢᠭᠰᠠᠨ ᠥᠬᠡᠶ᠂ ᠰᠠᠭᠤᠭᠠᠯᠢ ᠠᠷᠠᠳ ᠤᠨ ᠲᠣᠭᠤᠷᠢᠭ ᠲᠤ ᠴᠥᠮ ︽ᠬᠤᠸᠠᠷ ᠫᠤᠤᠵᠢᠩ ᠲᠠᠯᠪᠢᠬᠤ᠂ ᠺᠦᠩ ᠮᠢᠩ ᠳ᠋ᠧᠩ ᠠᠰᠠᠭᠠᠬᠤ᠂ ᠲᠦᠳᠡᠭ ᠭᠠᠯ ᠨᠣᠴᠣᠭᠠᠬᠤ ᠶᠢ ᠴᠠᠭᠠᠵᠠᠯᠠᠬᠤ ᠠᠯᠪᠠᠨ ᠵᠠᠷ︾ ᠵᠢᠴᠢ ᠰᠠᠨᠠᠭᠠᠴᠢᠯᠠᠭ᠎ᠠ ᠶᠢᠨ ᠪᠢᠴᠢᠭ ᠨᠠᠭᠠᠵᠠᠶ᠃      ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠠᠴᠠ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠷᠭ᠎ᠠ ᠬᠡᠮᠵᠢᠶ᠎ᠡ ᠪᠠᠨ ᠴᠢᠩᠭᠠᠳᠬᠠᠨ᠂ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠫᠤᠤᠵᠢᠩ ᠲᠠᠯᠪᠢᠬᠤ ᠶᠢ ᠴᠠᠭᠠᠵᠠᠯᠠᠬᠤ ᠵᠡᠷᠭᠡ ᠠᠵᠢᠯ ᠤᠨ ᠬᠠᠮᠢᠶᠠᠷᠤᠯᠲᠠ ᠡᠵᠡᠮᠳᠡᠯ ᠢ ᠪᠣᠳᠠᠲᠠᠶᠢᠵᠢᠭᠤᠯᠬᠤ ᠬᠡᠷᠡᠭᠲᠡᠢ᠃ ︽ᠲᠠᠯᠪᠢᠬᠤ ᠶᠢ ᠴᠠᠭᠠᠵᠠᠯᠠᠬᠤ᠂ ᠠᠰᠠᠭᠠᠬᠤ ᠶᠢ ᠴᠠᠭᠠᠵᠠᠯᠠᠬᠤ᠂ ᠨᠤᠴᠤᠭᠠᠬᠤ ᠶᠢ ᠴᠠᠭᠠᠵᠠᠯᠠᠬᠤ︾ ᠠᠵᠢᠯ ᠤᠨ ᠬᠡᠷᠡᠭᠵᠢᠭᠦᠯᠬᠦ ᠲᠥᠰᠦᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠬᠠᠷᠢᠶ᠎ᠠ ᠭᠠᠵᠠᠷ ᠤᠨ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠦᠨᠡᠨ ᠬᠦ ᠬᠦᠢᠴᠡᠳᠭᠡᠵᠦ᠂ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠪᠠᠨ ᠨᠠᠷᠢᠯᠢᠬᠵᠢᠭᠤᠯᠤᠨ᠂ ᠰᠢᠮᠳᠠᠭᠤᠯᠤᠨ ᠪᠠᠶᠢᠴᠠᠭᠠᠵᠤ ᠰᠢᠮᠳᠠᠭᠤᠯᠤᠨ  ᠬᠦᠢᠴᠡᠳᠭᠡᠬᠦ ᠪᠠᠨ ᠴᠢᠩᠭᠠᠷᠠᠭᠤᠯᠵᠤ᠂ ᠬᠠᠷᠢᠭᠤᠴᠠᠯᠭ᠎ᠠ ᠶᠢ ᠬᠥᠮᠦᠨ ᠳᠤ ᠨᠠᠶᠢᠳᠠᠪᠤᠷᠢᠵᠢᠭᠤᠯᠬᠤ᠂ ᠬᠠᠮᠢᠶᠠᠷᠤᠨ ᠡᠵᠡᠮᠳᠡᠬᠦ ᠶᠢ ᠪᠣᠳᠠᠲᠠᠶᠢᠵᠢᠭᠤᠯᠬᠤ᠂ ᠥᠨᠴᠥᠭ ᠪᠤᠯᠤᠩ ᠦᠯᠡᠳᠡᠭᠡᠬᠦ ᠥᠬᠡᠶ ᠪᠠᠶᠢᠬᠤ ᠶᠢ ᠦᠨᠡᠨ ᠬᠦ ᠪᠠᠲᠤᠯᠠᠨ᠂ ︽ᠲᠠᠯᠪᠢᠬᠤ ᠶᠢ ᠴᠠᠭᠠᠵᠠᠯᠠᠬᠤ᠂ ᠠᠰᠠᠭᠠᠬᠤ ᠶᠢ ᠴᠠᠭᠠᠵᠠᠯᠠᠬᠤ ᠴᠡᠭ᠂ ᠨᠤᠴᠤᠭᠠᠬᠤ ᠶᠢ ᠴᠠᠭᠠᠵᠠᠯᠠᠬᠤ  ︾ ᠠᠵᠢᠯ ᠤᠨ ᠪᠣᠳᠠᠲᠤ ᠦᠷ᠎ᠡ ᠪᠦᠲᠦᠮᠵᠢ ᠤᠯᠬᠤ ᠶᠢ ᠪᠥᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠶ ᠭᠡᠵᠦ ᠱᠠᠭᠠᠷᠳᠠᠪᠠ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号