ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ ᠤᠨ 2020 ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠤᠰᠬᠠᠶ ᠲᠣᠭᠤᠷᠢᠨ ᠪᠠᠶᠢᠴᠠᠭᠠᠯᠲᠠ ᠶᠢᠨ ᠴᠡᠭᠴᠡᠯᠡᠨ ᠰᠠᠶᠢᠵᠢᠷᠠᠭᠤᠯᠬᠤ ᠲᠤᠰᠬᠠᠶ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/2/4
          ᠸᠠᠩ ᠯᠢ ᠰᠢᠶᠠ ᠬᠤᠷᠠᠯ ᠢ ᠡᠷᠬᠢᠯᠡᠭᠰᠡᠨ ᠪᠥᠭᠡᠳ ᠳ᠋ᠦᠩᠨᠡᠯᠲᠡ ᠶᠢᠨ ᠶᠠᠷᠢᠶ᠎ᠠ ᠲᠠᠯᠪᠢᠪᠠ      ᠨᠠᠮ ᠤᠨ ᠲᠥᠪ ᠬᠤᠷᠢᠶ᠎ᠠ ᠪᠣᠯᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠣᠰᠣᠭᠠᠷ᠂ 2 ᠳ᠋ᠤᠭᠠᠷ ᠰᠠᠷ᠎ᠠ ᠶᠢᠨ 3 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ ᠤᠨ 2020 ᠣᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠵᠢᠴᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠬᠤᠳᠠᠯᠳᠤᠭ᠎ᠠ ᠡᠷᠬᠢᠯᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ ᠲᠤᠰᠬᠠᠢ ᠲᠣᠭᠤᠷᠢᠨ ᠪᠠᠶᠢᠴᠠᠭᠠᠯᠲᠠ ᠶᠢᠨ ᠴᠡᠭᠴᠡᠯᠡᠨ ᠰᠠᠶᠢᠵᠢᠷᠠᠭᠤᠯᠬᠤ ᠲᠤᠰᠬᠠᠢ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠬᠤᠷᠠᠯᠳᠤᠵᠤ᠂ ᠲᠥᠪ ᠤᠨ ᠤᠯᠤᠰ ᠲᠦᠷᠦ ᠶᠢᠨ ᠲᠣᠪᠴᠢᠶᠠᠨ ᠤ ᠠᠷᠠᠳᠴᠢᠯᠠᠯ ᠤᠨ ᠠᠮᠢᠳᠤᠷᠠᠯ ᠤᠨ ᠬᠤᠷᠠᠯ ᠲᠠᠢ ᠪᠠᠷᠢᠮᠵᠢᠶᠠᠯᠠᠵᠤ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ ᠤᠨ ᠠᠵᠢᠯ ᠲᠠᠢ ᠨᠢᠭᠲᠠ ᠤᠶᠠᠯᠳᠤᠭᠤᠯᠵᠤ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠬᠤᠪᠢ ᠬᠥᠮᠦᠨ ᠤ ᠦᠵᠡᠯ ᠰᠠᠨᠠᠭ᠎ᠠ ᠪᠣᠯᠤᠨ ᠠᠵᠢᠯ ᠤᠨ ᠪᠣᠳᠠᠲᠠᠢ ᠲᠠᠢ ᠤᠶᠠᠯᠳᠤᠭᠤᠯᠵᠤ᠂ ᠭᠦᠨᠵᠡᠭᠡᠢ ᠪᠠᠶᠢᠴᠠᠭᠠᠨ ᠳᠡᠯᠭᠡᠵᠦ᠂ ᠭᠦᠨᠵᠡᠭᠡᠢ ᠵᠠᠳᠠᠯᠵᠤ᠂ ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠢ ᠲᠥᠪ ᠴᠢᠩᠭ᠎ᠠ ᠨᠠᠷᠢᠨ ᠬᠢᠨᠠᠮᠠᠭᠠᠢ ᠥᠷᠨᠢᠭᠦᠯᠵᠦ᠂ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ ᠤᠨ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠣᠶᠢᠯᠠᠭᠠᠬᠤ ᠴᠢᠳᠠᠪᠤᠷᠢ᠂ ᠬᠡᠷᠡᠭᠵᠢᠭᠦᠯᠬᠦ ᠴᠢᠳᠠᠪᠤᠷᠢ ᠶᠢ ᠦᠨᠡᠨ ᠬᠦ ᠳᠡᠭᠡᠭᠰᠢᠯᠡᠭᠦᠯᠪᠡ᠃     ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶᠠᠨ ᠤ ᠱᠦᠵᠢ ᠸᠠᠩ ᠯᠢ ᠰᠢᠶᠠ ᠬᠤᠷᠠᠯ ᠢ ᠡᠷᠭᠢᠯᠡᠭᠰᠡᠨ ᠪᠥᠭᠡᠳ ᠳ᠋ᠦᠩᠨᠡᠯᠲᠡ ᠶᠢᠨ ᠶᠠᠷᠢᠶ᠎ᠠ ᠲᠠᠯᠪᠢᠪᠠ᠃ ᠥᠪᠡᠷᠲᠡᠭᠡᠨ ᠵᠠᠰᠠᠬᠤ ᠣᠷᠣᠨ ᠤ ᠨᠢᠭᠡᠳᠦᠭᠡᠷ ᠰᠢᠮᠳᠠᠭᠤᠯᠤᠨ ᠵᠢᠯᠣᠭᠤᠳᠬᠤ ᠳᠤᠭᠤᠶᠢᠯᠠᠩ ᠤᠨ ᠳᠠᠷᠤᠭ᠎ᠠ ᠂ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠬᠤᠶᠠᠳᠤᠭᠠᠷ ᠳᠡᠰ ᠤᠨ ᠲᠣᠭᠤᠷᠢᠨ ᠪᠠᠶᠢᠴᠠᠭᠠᠭᠴᠢ ᠯᠢ ᠵᠢᠶᠦ᠋ᠨ ᠬᠠᠢ ᠬᠤᠷᠠᠯ ᠳᠤ ᠣᠷᠣᠯᠴᠠᠵᠤ ᠵᠢᠭᠠᠨ ᠵᠢᠯᠣᠭᠤᠳᠤᠭᠰᠠᠨ ᠪᠥᠭᠡᠳ ᠦᠨᠡᠯᠡᠯᠲᠡ ᠬᠢᠪᠡ᠃      ᠬᠤᠷᠠᠯ ᠠᠴᠠ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ ᠤᠨ ᠦᠨᠳᠦᠰᠦᠲᠡᠨ ᠤ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠰᠬᠠᠶ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠲᠤᠰᠬᠠᠶ ᠲᠣᠭᠤᠷᠢᠨ ᠪᠠᠶᠢᠴᠠᠭᠠᠯᠲᠠ ᠶᠢᠨ ︽ᠡᠷᠬᠢᠨ ᠬᠠᠷᠠᠬᠤ︾ ᠰᠠᠨᠠᠯ ᠢᠶᠠᠷ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠠᠵᠢᠯ ᠤᠨ ᠲᠤᠰᠬᠠᠶ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ᠂ ︽ᠣᠭ ᠰᠠᠨᠠᠭ᠎ᠠ ᠪᠠᠨ ᠥᠯᠥ ᠮᠠᠷᠲᠠᠵᠤ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠬᠦ︾ ᠭᠤᠤᠯ ᠰᠡᠳᠦᠪᠲᠦ ᠬᠥᠮᠦᠵᠢᠯ ᠤᠨ ᠲᠤᠰᠬᠠᠶ ᠰᠡᠳᠦᠪᠲᠦ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠠᠰᠠᠭᠤᠳᠠᠯ ᠢ ᠪᠠᠶᠢᠴᠠᠭᠠᠨ ᠳᠡᠯᠭᠡᠵᠦ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠤᠭᠰᠠᠨ ᠪᠠᠶᠢᠳᠠᠯ ᠪᠣᠯᠤᠨ ᠲᠣᠰ ᠤᠳᠠᠭ᠎ᠠ ᠶᠢᠨ ᠠᠷᠠᠳᠴᠢᠯᠠᠯ ᠤᠨ ᠠᠮᠢᠳᠤᠷᠠᠯ ᠤᠨ ᠬᠤᠷᠠᠯ ᠤᠨ ᠰᠠᠨᠠᠯ ᠬᠤᠷᠢᠶᠠᠭᠰᠠᠨ ᠪᠠᠶᠢᠳᠠᠯ ᠢ ᠵᠠᠷᠯᠠᠨ ᠮᠡᠳᠡᠭᠳᠡᠪᠡ᠃ ᠸᠠᠩ ᠯᠢ ᠰᠢᠶᠠ ᠬᠤᠲᠠ ᠶᠢᠨ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠤᠳᠤᠷᠢᠳᠬᠤ ᠪᠠᠭ ᠢ ᠲᠥᠯᠥᠭᠡᠯᠡᠨ  ᠬᠠᠷᠭᠤᠭᠤᠯᠤᠨ ᠪᠠᠶᠢᠴᠠᠭᠠᠨᠰᠠᠨ ᠪᠥᠭᠡᠳ ᠲᠦᠷᠦᠭᠦᠯᠡᠨ ᠬᠤᠪᠢ ᠬᠥᠮᠦᠨ ᠤ ᠬᠠᠷᠭᠤᠭᠤᠯᠤᠨ ᠪᠠᠶᠢᠴᠠᠭᠠᠯᠲᠠ ᠬᠢᠪᠠ᠃ ᠲᠠᠷᠠᠭ᠎ᠠ ᠪᠠᠷ ᠨᠢ ᠪᠠᠶᠢᠩᠭᠤ ᠶᠢᠨ ᠭᠡᠰᠢᠭᠦᠳ ᠲᠡᠰ ᠳᠠᠷᠠᠭᠠᠯᠠᠨ ᠬᠠᠷᠭᠤᠭᠤᠯᠤᠨ ᠪᠠᠶᠢᠴᠠᠭᠠᠭᠰᠠᠨ ᠪᠥᠭᠡᠳ ᠰᠢᠭᠦᠮᠵᠢᠯᠡᠯ ᠪᠠ ᠥᠪᠡᠷ ᠤᠨ ᠰᠢᠭᠦᠮᠵᠢᠯᠡᠯ ᠢ ᠨᠢᠭᠡᠳ ᠨᠢᠭᠡ ᠪᠠᠷ ᠥᠷᠨᠢᠭᠦᠯᠵᠦ᠂ ᠦᠵᠡᠯ ᠰᠠᠨᠠᠭ᠎ᠠ ᠪᠠᠨ ᠨᠢᠭᠡᠳᠬᠡᠬᠦ᠂ ᠬᠦᠴᠦᠨ ᠴᠢᠳᠠᠯ ᠢᠶᠠᠨ ᠨᠢᠭᠲᠠᠷᠠᠭᠤᠯᠬᠤ᠂ ᠪᠦᠯᠬᠦᠮᠳᠡᠯ ᠢᠶᠠᠨ ᠨᠡᠮᠡᠭᠳᠡᠭᠦᠯᠬᠦ᠂ ᠲᠡᠮᠡᠴᠡᠯ ᠤᠨ ᠵᠣᠷᠢᠭ ᠢᠶᠠᠨ ᠬᠥᠪᠴᠢᠯᠡᠬᠦ ᠵᠣᠷᠢᠯᠭ᠎ᠠ ᠳᠠᠭᠠᠨ ᠬᠦᠷᠴᠡᠢ᠃      ᠬᠤᠷᠠᠯ ᠠᠴᠠ ᠵᠢᠭᠠᠭᠰᠠᠨ ᠨᠢ᠂ 2021 ᠣᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠡᠬᠢᠯᠡᠯᠲᠡ ᠶᠢᠨ ᠣᠨ᠂ ᠨᠠᠮ ᠪᠠᠶᠢᠭᠤᠯᠤᠭᠳᠠᠭᠰᠠᠨ 100 ᠵᠢᠯ ᠤᠨ ᠣᠶ ᠪᠣᠯᠤᠨ᠎ᠠ᠂  ᠲᠥᠪ ᠬᠤᠲᠠ ᠶᠢᠨ ︽ᠠᠷᠪᠠᠨ ᠳᠥᠷᠪᠡᠳᠦᠭᠡᠷ ᠲᠠᠪᠤᠨ ᠵᠢᠯ︾ ᠰᠠᠶᠢᠨ ᠡᠬᠢᠯᠡᠯᠲᠡ ᠲᠠᠢ᠂ ᠰᠠᠶᠢᠨ  ᠭᠠᠷᠤᠭ᠎ᠠ ᠲᠠᠢ ᠪᠣᠯᠬᠤ ᠶᠢ ᠠᠬᠢᠭᠤᠯᠬᠤ ᠪᠣᠯ ᠬᠤᠲᠠ ᠶᠢᠨ ᠨᠠᠮ ᠤᠨ ᠬᠤᠷᠢᠶᠠᠨ ᠤ ᠤᠳᠤᠷᠢᠳᠬᠤ ᠪᠠᠭ ᠤᠨ ᠡᠭᠦᠷᠭᠡ ᠬᠠᠷᠢᠭᠤᠴᠠᠯᠭ᠎ᠠ ᠪᠠᠨ  ᠬᠦᠢᠴᠡᠳᠭᠡᠬᠦ ᠴᠢᠳᠠᠪᠤᠷᠢ ᠪᠠ ᠬᠠᠷᠢᠭᠤᠴᠠᠯᠭ᠎ᠠ ᠡᠭᠦᠷᠭᠡᠯᠡᠯ ᠤᠨ ᠴᠢᠬᠤᠯᠠ ᠶᠡᠭᠡ ᠰᠢᠯᠭᠠᠯᠲᠠ ᠪᠣᠯᠤᠨ᠎ᠠ᠃ ᠡᠯ᠎ᠡ ᠪᠠᠭ ᠤᠨ ᠪᠦᠷᠢᠯᠳᠦᠬᠦᠨ ᠤᠯᠤᠰ ᠲᠥᠷᠥ ᠶᠢᠨ ᠵᠣᠭᠰᠣᠴᠠ ᠪᠠᠨ ᠤᠯᠠᠮ ᠴᠢᠨᠠᠭᠰᠢᠳᠠ ᠳᠡᠭᠡᠭᠰᠢᠯᠡᠭᠦᠯᠵᠦ᠂ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠪᠠᠲᠤ ᠴᠢᠩᠭ᠎ᠠ ᠤᠯᠤᠰ ᠲᠥᠷᠥ ᠶᠢᠨ ᠴᠢᠳᠠᠪᠤᠷᠢ ᠪᠠᠷ ︽ᠡᠮᠦᠨ᠎ᠡ ᠨᠢ ᠶᠠᠪᠤᠵᠤ᠂ ᠥᠯᠢᠭᠡᠷ ᠳᠠᠭᠤᠷᠢᠶᠠᠯ ᠪᠣᠯᠬᠤ︾ ᠣᠷᠣᠨ ᠤ ᠲᠥᠪ ᠬᠤᠲᠠ ᠶᠢᠨ ᠡᠭᠦᠷᠭᠡᠯᠡᠯ ᠢ ᠡᠷᠡᠰ ᠡᠭᠦᠷᠭᠡᠯᠡᠵᠦ᠂ ᠣᠷᠣᠨ ᠤ ᠲᠥᠪ ᠤᠨ ᠣᠳᠣᠬᠢᠴᠢᠯᠠᠯᠲᠠ ᠶᠢᠨ ᠪᠥᠲᠥᠭᠡᠨ ᠪᠠᠶᠢᠭᠤᠯᠤᠯᠲᠠ ᠶᠢᠨ ᠰᠢᠨ᠎ᠡ ᠠᠶᠠᠨ ᠢᠶᠠᠨ ᠴᠢᠷᠮᠠᠶᠢᠨ ᠡᠬᠢᠯᠡᠭᠦᠯᠬᠦ ᠬᠡᠷᠡᠭᠲᠡᠶ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠤᠯᠤᠰ ᠲᠦᠷᠦ ᠶᠢᠨ ᠮᠠᠭᠠᠳᠯᠠᠬᠤ ᠴᠢᠳᠠᠪᠤᠷᠢ᠂ ᠤᠯᠤᠰ ᠲᠦᠷᠦ ᠶᠢᠨ ᠣᠶᠢᠯᠠᠭᠠᠬᠤ ᠴᠢᠳᠠᠪᠤᠷᠢ᠂ ᠤᠯᠤᠰ ᠲᠦᠷᠦ ᠶᠢᠨ ᠬᠡᠷᠡᠭᠵᠢᠭᠦᠯᠬᠦ ᠴᠢᠳᠠᠪᠤᠷᠢ ᠪᠠᠨ ᠲᠠᠰᠤᠷᠠᠯᠲᠠ ᠦᠭᠡᠢ ᠴᠢᠩᠭᠠᠳᠬᠠᠵᠤ᠂ ᠦᠵᠡᠯ ᠰᠠᠨᠠᠭ᠎ᠠ ᠤᠯᠤᠰ ᠲᠦᠷᠦ ᠦᠢᠯᠡ ᠠᠵᠢᠯᠯᠠᠭ᠎ᠠ ᠶᠢᠨ ᠲᠠᠯ᠎ᠠ ᠪᠠᠷ ᠢᠮᠠᠭᠲᠠ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶ᠎ᠠ ᠲᠠᠢ ᠳᠡᠭᠡᠳᠦ ᠬᠡᠮᠵᠢᠶ᠎ᠡ ᠪᠠᠷ ᠨᠢᠭᠡᠳᠦᠯᠲᠡᠢ ᠪᠠᠶᠢᠬᠤ ᠬᠡᠷᠡᠭᠲᠡᠢ᠃ ᠲᠠᠰᠤᠷᠠᠯᠳᠠ ᠦᠭᠡᠢ ᠰᠤᠷᠤᠯᠴᠠᠵᠤ᠂ ᠲᠠᠰᠤᠷᠠᠯᠳᠠ ᠦᠭᠡᠢ ᠦᠢᠯᠡᠳᠦᠯᠭᠡᠵᠢᠭᠦᠯᠦᠨ᠂ ᠲᠠᠰᠤᠷᠠᠯᠳᠠ ᠦᠭᠡᠢ ᠣᠶᠢᠯᠠᠭᠠᠵᠤ᠂ ᠨᠢᠭᠡ ᠰᠡᠳᠬᠢᠯ ᠢᠶᠠᠷ ᠰᠤᠷᠤᠯᠴᠠᠬᠤ ᠶᠢ ᠦᠨᠡᠨ ᠬᠦ ᠤᠯᠤᠰ ᠲᠦᠷᠦ ᠶᠢᠨ ᠤᠬᠠᠮᠰᠠᠷ ᠢᠶᠠᠨ ᠳᠡᠭᠡᠭᠰᠢᠯᠡᠭᠦᠯᠬᠦ᠂ ᠨᠠᠮᠴᠢ ᠴᠢᠨᠠᠷ ᠤᠨ ᠪᠣᠯᠪᠠᠰᠤᠷᠠᠯ ᠢᠶᠠᠨ ᠴᠢᠩᠭᠠᠳᠬᠠᠬᠤ ᠶᠢᠨ ᠪᠣᠳᠠᠲᠤ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠬᠡᠷᠡᠭᠲᠡᠢ᠃ ᠬᠠᠷᠢᠭᠤᠴᠠᠯᠭ᠎ᠠ ᠪᠠᠨ ᠮᠡᠳᠡᠬᠦ᠂ ᠬᠠᠷᠢᠭᠤᠴᠠᠯᠭ᠎ᠠ ᠪᠠᠨ ᠡᠭᠦᠷᠭᠡᠯᠡᠬᠦ᠂ ᠬᠠᠷᠢᠭᠤᠴᠠᠯᠭ᠎ᠠ ᠪᠠᠨ ᠭᠦᠢᠴᠡᠳᠬᠡᠬᠦ ᠶᠢ ᠢᠮᠠᠭᠲᠠ ᠪᠡᠶᠡᠯᠡᠭᠦᠯᠵᠦ᠂ ᠨᠠᠮ ᠤᠨ ᠲᠥᠪ ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠶᠢ ᠲᠥᠪ ᠬᠤᠲᠠ ᠳᠤ ᠪᠣᠳᠠᠲᠠᠢ ᠨᠠᠶᠢᠳᠠᠪᠤᠷᠢᠵᠢᠭᠤᠯᠬᠤ ᠶᠢ ᠠᠬᠢᠭᠤᠯᠬᠤ ᠬᠡᠷᠡᠭᠲᠡᠢ᠃ ᠨᠠᠮ ᠢ ᠴᠢᠩᠭ᠎ᠠ ᠵᠠᠰᠠᠬᠤ ᠤᠯᠤᠰ ᠲᠦᠷᠦ ᠶᠢᠨ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠡᠭᠦᠷᠭᠡᠯᠡᠵᠦ᠂ ᠦᠨᠡᠨ ᠬᠦ ᠴᠢᠩᠭ᠎ᠠ ᠶᠡᠷᠦᠩᠬᠡᠢ ᠬᠦᠭ ᠠᠶᠠᠰ ᠢ ᠤᠷᠳᠤ ᠬᠤᠭᠤᠴᠠᠭ᠎ᠠ ᠪᠠᠷ ᠪᠠᠷᠢᠮᠲᠠᠯᠠᠵᠤ᠂ ᠰᠤᠷᠲᠠᠯ ᠴᠢᠬᠡᠴᠢ ᠣᠪᠣᠷ ᠲᠥᠪ ᠤᠯᠤᠰ ᠲᠦᠷᠦ ᠶᠢᠨ ᠠᠮᠢ ᠠᠬᠤᠢ ᠶᠢ ᠪᠦᠬᠦ ᠬᠦᠴᠦ ᠪᠠᠷ ᠢᠶᠠᠨ ᠪᠤᠢ ᠪᠣᠯᠭᠠᠵᠤ᠂ ᠪᠦᠬᠦ ᠬᠤᠳᠠ ᠶᠢᠨ ᠥᠷᠭᠡᠨ ᠤᠯᠠᠨ ᠨᠠᠮ ᠤᠨ ᠭᠡᠰᠢᠭᠦᠨ ᠺᠠᠳ᠋ᠷ ᠤᠨ ᠴᠤᠭ ᠪᠠᠳᠠᠷᠠᠩᠭᠤᠢ ᠥᠭᠡᠳᠡᠯᠡᠨ ᠲᠠᠪᠰᠢᠬᠤ ᠤᠶᠤᠨ ᠰᠠᠨᠠᠭᠠᠨ ᠤ ᠳᠦᠷᠰᠦ ᠪᠠᠶᠢᠳᠠᠯ ᠢᠶᠠᠷ᠂ ᠣᠳᠣᠬᠢᠴᠢᠯᠠᠭᠰᠠᠨ ᠲᠥᠪ  ᠬᠤᠲᠠ ᠶᠢᠨ ᠪᠦᠳᠦᠭᠡᠨ ᠪᠠᠶᠢᠭᠤᠯᠤᠯᠲᠠ ᠶᠢᠨ ᠰᠢᠨ᠎ᠡ ᠪᠠᠶᠢᠳᠠᠯ ᠢ ᠴᠢᠷᠮᠠᠶᠢᠨ ᠡᠭᠦᠳᠴᠦ᠂ ᠰᠢᠯᠢᠳᠡᠭ ᠠᠮᠵᠢᠯᠲᠠ ᠪᠠᠷ ᠢᠶᠠᠨ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠶᠢ ᠬᠦᠳᠦᠯᠦᠨ ᠵᠢᠯᠣᠭᠤᠳᠬᠤ ᠬᠡᠷᠡᠭᠲᠡᠢ ᠭᠡᠵᠡᠢ᠃  ︵ ᠯᠢ ᠬᠠᠢ ᠵᠧᠨ  ︶
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号