ᠯᠢ ᠯᠢᠦ ᠰᠢᠶᠤᠤ ᠴᠠᠭᠠᠨ ᠰᠠᠷ᠎ᠠ ᠠᠴᠠ ᠡᠮᠦᠨᠡᠬᠢ ᠲᠣᠬᠤᠨᠢᠭᠤᠯᠭ᠎ᠠ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2021/2/4
     2 ᠳ᠋ᠤᠭᠠᠷ ᠰᠠᠷ᠎ᠠ ᠶᠢᠨ 3 ᠤ ᠡᠳᠦᠷ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠣᠷᠣᠯᠠᠭᠴᠢ ᠰᠢᠶᠠᠨ ᠤ ᠳᠠᠷᠤᠭ᠎ᠠ ᠯᠢ ᠯᠢᠦ ᠰᠢᠶᠤᠤ ᠮᠠᠨ ᠤ ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠳ᠋ᠠ ᠵᠥᠩ ᠢᠯᠴᠢ ᠶᠢᠨ ᠬᠦᠴᠦᠨ ᠤ ᠺᠣᠮᠫᠠᠨᠢ᠂ ᠮᠣᠩᠭᠤᠯ ᠬᠢᠲᠠᠳ ᠡᠮᠨᠡᠯᠭᠡ ᠶᠢᠨ ᠬᠤᠷᠢᠶ᠎ᠠ᠂ ᠰᠢᠶᠠᠨ ᠳᠤ ᠰᠠᠭᠤᠭ᠎ᠠ ᠴᠡᠷᠢᠭ ᠠᠩᠭᠢ ᠵᠢᠴᠢ ᠠᠮᠢᠳᠤᠷᠠᠯ ᠨᠢ ᠬᠦᠴᠢᠷᠳᠡᠯᠲᠡᠶ ᠴᠡᠷᠢᠭ ᠠᠴᠠ ᠬᠠᠯᠠᠭᠳᠠᠭᠰᠠᠳ᠂ ᠬᠤᠲᠠ ᠶᠢᠨ ᠲᠠᠰ ᠤᠨ ᠬᠥᠳᠡᠯᠮᠦᠷᠢ ᠶᠢᠨ ᠵᠢᠱᠢᠶᠡᠴᠢ᠂ ᠬᠤᠪᠸᠢ ᠶᠢ ᠲᠤᠰᠠᠯᠠᠬᠤ ᠡᠮᠴᠢᠯᠡᠭᠡᠨ ᠤ ᠠᠩᠭᠢ ᠶᠢᠨ ᠭᠡᠰᠢᠭᠦᠨ᠂ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠭᠥᠷᠳᠡᠵᠦ ᠪᠠᠶᠢᠭ᠎ᠠ ᠡᠷᠦᠬᠡ᠂ ᠠᠵᠢᠯ ᠠᠴᠠ ᠪᠠᠨ ᠳᠠᠷᠬᠠᠯᠠᠭᠳᠠᠵᠤ ᠠᠵᠢᠯ ᠠᠴᠠ ᠪᠠᠨ ᠠᠮᠠᠷᠠᠭᠰᠠᠨ ᠠᠬᠠᠮᠠᠳ ᠺᠠᠳ᠋ᠷᠴᠤᠳ ᠤᠨ ᠬᠡᠷ ᠲᠤ ᠭᠦᠨᠵᠡᠭᠡᠶᠢᠷᠡᠵᠦ᠂ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠢ ᠲᠥᠯᠥᠭᠡᠯᠡᠨ ᠲᠡᠳᠡᠨ ᠳᠤ ᠴᠠᠭᠠᠨ ᠰᠠᠷ᠎ᠠ ᠶᠢᠨ ᠮᠡᠨᠳᠦᠴᠢᠯᠡᠯ ᠳᠡᠪᠰᠢᠭᠦᠯᠦᠭᠰᠡᠨ ᠪᠥᠭᠡᠳ ᠲᠡᠳᠡᠨ ᠤ ᠪᠡᠶ᠎ᠡ ᠮᠠᠬᠠᠪᠣᠳ ᠡᠷᠡᠭᠦᠯ ᠴᠢᠭᠢᠷᠠᠭ᠂ ᠬᠡᠷ ᠪᠦᠯᠢ ᠵᠣᠯ ᠵᠢᠷᠭᠠᠯ ᠲᠠᠢ ᠪᠠᠶᠢᠬᠤ ᠶᠢ ᠵᠥᠩᠨᠡᠪᠡ᠃      ᠠᠵᠢᠯ ᠠᠴᠠ ᠪᠠᠨ ᠠᠮᠠᠷᠠᠭᠰᠠᠨ ᠠᠬᠠᠮᠠᠳ ᠺᠠᠳ᠋ᠷ ᠹᠠᠩ ᠱᠢ ᠰᠢᠨ᠂ ᠢ ᠮᠢᠩ ᠱᠢ᠂ ᠶᠦᠨ ᠫᠧᠩ ᠤᠨ ᠭᠡᠷ ᠲᠤ ᠂ ᠯᠢ ᠯᠢᠦ ᠰᠢᠶᠤᠤ ᠳᠡᠳᠡᠨ ᠲᠠᠢ ᠳᠣᠲᠣᠨᠣ ᠪᠠᠷ ᠵᠣᠭᠤᠭᠳᠠᠵᠤ᠂ ᠢᠷᠡᠭᠡᠳᠦᠢ ᠶᠢᠨ ᠲᠤᠬᠠᠢ ᠶᠠᠷᠢᠯᠴᠠᠵᠤ᠂ ᠳᠡᠳᠡᠨ ᠤ ᠪᠡᠶ᠎ᠡ ᠮᠠᠬᠠᠪᠣᠳ ᠤᠨ ᠡᠷᠡᠭᠦᠯ ᠮᠡᠨᠳᠦ ᠶᠢᠨ ᠪᠠᠶᠢᠳᠠᠯ ᠪᠣᠯᠤᠨ ᠭᠡᠷ ᠪᠦᠯᠢ ᠶᠢᠨ ᠠᠮᠢᠳᠤᠷᠠᠯ ᠤᠨ ᠪᠠᠶᠢᠳᠠᠯ ᠢ ᠨᠠᠷᠢᠨ ᠠᠰᠠᠭᠤᠵᠤ᠂ ᠳᠡᠳᠡᠨ ᠤ ᠤᠷᠳᠤ ᠬᠤᠭᠤᠴᠠᠭᠠᠨ ᠤ ᠲᠤᠷᠰᠢ ᠪᠦᠬᠦ ᠰᠢᠶᠠᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠦᠵᠡᠭᠦᠯᠦᠭᠰᠡᠨ ᠬᠤᠪᠢ ᠨᠡᠮᠡᠷᠢ ᠳᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠵᠦ᠂ ᠳᠡᠳᠡᠨ ᠤ ᠪᠡᠶ᠎ᠡ ᠮᠠᠬᠠᠪᠣᠳ ᠤᠨ ᠡᠷᠡᠭᠦᠯ ᠴᠢᠭᠢᠷᠠᠭ᠂ ᠲᠦᠮᠡᠨ ᠶᠠᠪᠤᠳᠠᠯ ᠲᠡᠭᠦᠰ ᠪᠦᠲᠦᠬᠦ ᠶᠢ ᠵᠥᠩᠨᠡᠭᠰᠡᠨ ᠪᠥᠭᠡᠳ ᠳᠡᠳᠡᠨ ᠤ ᠦᠷᠭᠦᠯᠵᠢᠯᠡᠨ ᠪᠦᠬᠦ ᠰᠢᠶᠠᠨ ᠤ ᠬᠥᠭᠵᠢᠯᠲᠡ ᠳᠤ ᠡᠷᠬᠢᠮ ᠨᠠᠨᠳᠢᠨ ᠰᠠᠨᠠᠯ ᠬᠠᠩᠭᠠᠬᠤ ᠶᠢ ᠬᠦᠰᠡᠪᠡ᠃      ᠰᠢᠶᠠᠨ ᠤ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠳ᠋ᠠ ᠵᠦᠩ ᠢᠯᠴᠢ ᠶᠢᠨ ᠬᠦᠴᠦᠨ ᠤ ᠺᠣᠮᠫᠠᠨᠢ᠂ ᠮᠣᠩᠭᠤᠯ ᠬᠢᠲᠠᠳ ᠡᠮᠨᠡᠯᠭᠡ ᠶᠢᠨ ᠬᠤᠷᠢᠶ᠎ᠠ ᠪᠣᠯᠤᠨ ᠰᠢᠶᠠᠨ ᠳᠤ ᠰᠠᠭᠤᠭ᠎ᠠ ᠴᠡᠷᠢᠭ ᠠᠩᠬᠢ ᠳᠤ᠂ ᠯᠢ ᠯᠢᠦ ᠰᠢᠶᠤᠤ ᠠᠵᠢᠯᠲᠠᠳ ᠲᠤ ᠴᠠᠭᠠᠨ ᠰᠠᠷ᠎ᠠ ᠶᠢᠨ ᠵᠥᠩᠨᠡᠯ ᠳᠡᠪᠰᠢᠭᠦᠯᠵᠦ᠂ ᠲᠡᠷᠡ ᠬᠦᠷᠦᠭᠰᠡᠨ ᠭᠠᠵᠠᠷ ᠪᠣᠯᠭᠠᠨ ᠳᠠᠭᠠᠨ ᠡᠯ᠎ᠡ ᠨᠢᠭᠡᠴᠡ ᠶᠢᠨ ᠠᠵᠢᠯ ᠢᠶᠠᠨ ᠥᠷᠨᠢᠭᠦᠯᠵᠦ ᠪᠠᠶᠢᠬᠤ᠂ ᠬᠦᠴᠢᠷᠳᠡᠯ ᠣᠷᠣᠰᠢᠵᠤ ᠪᠠᠶᠢᠬᠤ᠂ ᠴᠠᠭᠠᠨ ᠰᠠᠷ᠎ᠠ ᠶᠢᠨ ᠵᠢᠵᠢᠭᠦᠷ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠲᠡᠳᠡᠨ ᠤ ᠴᠠᠭᠠᠨ ᠰᠠᠷ᠎ᠠ ᠶᠢᠨ ᠬᠤᠭᠤᠴᠠᠭᠠᠨ ᠳᠤ ᠮᠥᠨ ᠬᠦ ᠠᠵᠢᠯ ᠤᠨ ᠪᠠᠶᠢᠷᠢ ᠪᠠᠨ ᠪᠠᠲᠤ ᠰᠠᠬᠢᠵᠤ᠂ ᠪᠠᠭ᠎ᠠ ᠭᠡᠷ ᠢᠶᠠᠨ ᠤᠷᠬᠢᠵᠦ᠂ ᠶᠡᠭᠡ ᠲᠠᠯ᠎ᠠ ᠶᠢ ᠬᠠᠷᠠᠭᠠᠯᠵᠠᠭᠰᠠᠨ ᠳᠤ ᠲᠠᠯᠠᠷᠬᠠᠬᠤ ᠶᠢᠨ ᠬᠠᠮᠲᠤ ᠲᠡᠳᠡᠨ ᠢ ᠪᠠᠶᠠᠷ ᠤᠨ ᠡᠳᠦᠷ ᠤᠨ ᠬᠤᠭᠤᠴᠠᠭᠠᠨ ᠤ ᠡᠯ᠎ᠡ ᠵᠦᠢᠯ ᠤᠨ ᠠᠵᠢᠯ ᠢᠶᠠᠨ ᠦᠨᠡᠨ ᠬᠦ ᠰᠠᠶᠢᠲᠤᠷ ᠬᠢᠵᠦ᠂ ᠠᠷᠠᠳ ᠤᠯᠠᠨ ᠢ ᠠᠮᠤᠷ ᠠᠮᠤᠭᠤᠯᠠᠩ᠂ ᠪᠠᠶᠠᠷ ᠬᠦᠷ ᠲᠠᠢ ᠡᠶ᠎ᠡ ᠨᠠᠶᠢᠷᠲᠠᠢ ᠰᠢᠨᠡᠯᠡᠭᠦᠯᠵᠦ᠂ ᠦᠷᠭᠦᠯᠵᠢᠯᠡᠨ ᠪᠦᠬᠦ ᠰᠢᠶᠠᠨ ᠤ ᠠᠵᠤ ᠠᠬᠤᠢ ᠨᠡᠶᠢᠭᠡᠮ ᠤᠨ ᠬᠥᠭᠵᠢᠯᠲᠡ ᠳᠤ ᠬᠦᠴᠦᠨ ᠴᠢᠳᠠᠯ ᠢᠶᠠᠨ ᠡᠷᠭᠦᠭᠡᠷᠡᠢ ᠭᠡᠵᠦ ᠵᠠᠬᠢᠪᠠ᠃      ᠬᠤᠲᠠ ᠶᠢᠨ ᠳᠡᠰ ᠤᠨ ᠬᠥᠳᠡᠯᠮᠦᠷᠢ ᠶᠢᠨ ᠵᠢᠱᠢᠶᠡᠴᠢ ᠸᠠᠩ ᠢᠦᠢ ᠨᠢᠤᠢ ᠶᠢᠨ ᠭᠡᠷ ᠲᠤ᠂ ᠯᠢ ᠯᠢᠦ ᠰᠢᠶᠤᠤ ᠲᠡᠭᠦᠨ ᠤ ᠡᠯ᠎ᠡ ᠵᠦᠢᠯ ᠤᠨ ᠢᠷᠠᠭᠤ ᠠᠯᠳᠠᠷ ᠤᠨ ᠦᠨᠡᠮᠯᠡᠯ ᠢ ᠨᠠᠷᠢᠨ ᠬᠢᠨᠠᠮᠠᠭᠠᠢ ᠦᠵᠡᠪᠡ᠃ ᠯᠢ ᠯᠢᠦ ᠰᠢᠶᠤᠤ᠂ ᠬᠥᠳᠡᠯᠮᠦᠷᠢ ᠶᠢᠨ ᠵᠢᠱᠢᠶᠡᠴᠢ ᠪᠣᠯ ᠤᠷᠳᠤ ᠬᠤᠭᠤᠴᠠᠭ᠎ᠠ ᠪᠠᠷ ᠡᠮᠦᠨ᠎ᠡ ᠹᠷᠣᠨᠲ ᠲᠤ ᠦᠨᠳᠦᠰᠦᠯᠡᠵᠦ᠂ ᠠᠵᠢᠯ ᠤᠨ ᠪᠠᠶᠢᠷᠢ ᠪᠠᠨ ᠬᠠᠶᠢᠷᠠᠯᠠᠨ ᠦᠢᠯᠡᠰ ᠢᠶᠠᠨ ᠳᠡᠭᠡᠳᠦᠯᠡᠵᠦ᠂ ᠬᠠᠷᠠᠮ ᠦᠭᠡᠢ ᠵᠣᠷᠢᠭᠤᠯᠵᠤ ᠪᠠᠶᠢᠭᠠᠳ ᠬᠢᠵᠦ ᠪᠦᠲᠦᠭᠡᠭᠰᠡᠨ ᠶᠤᠮ᠂ ᠰᠢᠶᠠᠨ ᠤ ᠠᠵᠢᠯᠴᠢᠨ ᠤ ᠶᠡᠷᠦᠩᠬᠡᠢ ᠡᠪᠯᠡᠯ ᠬᠥᠳᠡᠯᠮᠦᠷᠢ ᠶᠢᠨ ᠵᠢᠱᠢᠶᠡᠴᠢ ᠶᠢ ᠬᠠᠯᠠᠮᠵᠢᠯᠠᠨ ᠬᠠᠶᠢᠷᠠᠯᠠᠵᠤ᠂ ᠲᠡᠳᠡᠨ ᠤ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠪᠠᠲᠤᠯᠠᠵᠤ᠂ ᠬᠥᠳᠡᠯᠮᠦᠷᠢ ᠶᠢᠨ ᠵᠢᠱᠢᠶᠡᠴᠢ ᠶᠢ ᠨᠡᠩ ᠢᠷᠠᠭᠤ ᠠᠯᠳᠠᠷᠲᠤ ᠲᠦᠷᠦᠭᠳᠡᠯ ᠲᠠᠢ ᠪᠣᠯᠭᠠᠵᠤ᠂ ᠪᠦᠬᠦ ᠰᠢᠶᠠᠨ ᠳᠤ ᠬᠥᠳᠡᠯᠮᠦᠷᠢ ᠶᠢᠨ ᠵᠢᠱᠢᠶᠡᠴᠢ ᠶᠢ ᠬᠦᠨᠳᠦᠳᠬᠡᠬᠦ᠂ ᠬᠥᠳᠡᠯᠮᠦᠷᠢ ᠶᠢᠨ ᠵᠢᠱᠢᠶᠡᠴᠢ ᠠᠴᠠ ᠰᠤᠷᠤᠯᠴᠠᠬᠤ ᠥᠳᠬᠡᠨ ᠵᠤᠵᠠᠭᠠᠨ ᠠᠭᠤᠷ ᠠᠮᠢᠰᠬᠤᠯ ᠢ ᠪᠤᠢ ᠪᠣᠯᠭᠠᠵᠤ᠂ ᠠᠵᠢᠯ ᠤᠨ ᠪᠠᠶᠢᠷᠢ ᠪᠠᠨ ᠬᠠᠶᠢᠷᠠᠯᠠᠨ ᠦᠢᠯᠡᠰ ᠢᠶᠠᠨ ᠳᠡᠭᠡᠳᠦᠯᠡᠬᠦ᠂ ᠰᠢᠨ᠎ᠡ ᠶᠢ ᠡᠭᠦᠳᠦᠨ ᠪᠦᠲᠦᠭᠡᠬᠦ ᠬᠥᠳᠡᠯᠮᠦᠷᠢ ᠶᠢᠨ ᠵᠢᠱᠢᠶᠡᠴᠢ ᠶᠢᠨ ᠵᠣᠷᠢᠭ ᠰᠠᠨᠠᠭ᠎ᠠ ᠶᠢ ᠪᠠᠳᠠᠷᠠᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠬᠤᠪᠸᠢ ᠶᠢ ᠲᠤᠰᠠᠯᠠᠬᠤ ᠡᠮᠴᠢᠯᠡᠭᠡᠨ ᠤ ᠠᠩᠬᠢ ᠶᠢᠨ ᠭᠡᠰᠢᠭᠦᠨ ᠯᠢᠦ ᠯᠢ ᠶᠢᠨ ᠭᠡᠷ ᠲᠤ᠂ ᠯᠢ ᠯᠢᠦ ᠰᠢᠶᠤᠤ ᠠᠴᠠ ᠯᠢᠦ ᠯᠢ ᠶᠢᠨ ᠭᠡᠷ ᠪᠦᠯᠢ ᠶᠢᠨ ᠠᠮᠢᠳᠤᠷᠠᠯ ᠤᠨ ᠪᠠᠶᠢᠳᠠᠯ ᠢ ᠳᠣᠲᠣᠨᠣ ᠪᠠᠷ ᠯᠠᠪᠯᠠᠨ ᠠᠰᠠᠭᠤᠪᠠ᠂ ᠲᠡᠷᠡ᠂ ᠨᠢᠳᠤᠨᠤᠨ ᠤ ᠲᠡᠶᠢᠮᠦ ᠬᠦᠨᠳᠦ ᠨᠣᠴᠢᠲᠠᠢ ᠪᠠᠶᠢᠳᠠᠯ ᠳᠣᠣᠷ᠎ᠠ᠂ ᠡᠮᠴᠢᠯᠡᠭᠡᠨ ᠤ ᠠᠩᠬᠢ ᠶᠢᠨ ᠭᠡᠰᠢᠭᠦᠳ ᠢᠳᠡᠪᠬᠢᠲᠡᠢ ᠰᠠᠨᠠᠭᠠᠴᠢᠯᠠᠭ᠎ᠠ ᠠᠴᠠ ᠪᠠᠨ ᠬᠤᠪᠸᠢ ᠶᠢ ᠲᠤᠰᠠᠯᠠᠬᠤ ᠪᠠᠷ ᠣᠴᠢᠭᠰᠠᠨ ᠨᠢ ᠬᠥᠮᠦᠰ ᠤᠨ ᠰᠡᠳᠬᠢᠯ ᠢ ᠶᠡᠬᠡᠳᠡ ᠳᠣᠭᠳᠣᠯᠤᠭᠤᠯᠵᠠᠢ᠂ ᠬᠤᠶᠢᠰᠢᠳᠠ ᠡᠮᠴᠢᠯᠡᠭᠡᠨ ᠤ ᠠᠩᠬᠢ ᠶᠢᠨ ᠭᠡᠰᠢᠭᠦᠳ ᠬᠢᠵᠢᠭ ᠲᠠᠢ ᠲᠡᠮᠡᠴᠡᠬᠦ ᠵᠣᠷᠢᠭ ᠰᠠᠨᠠᠭ᠎ᠠ ᠶᠢ ᠦᠷᠭᠦᠯᠵᠢᠯᠡᠨ ᠪᠠᠳᠠᠷᠠᠭᠤᠯᠵᠤ᠂ ᠪᠣᠳᠠᠲᠤ ᠠᠵᠢᠯᠯᠠᠭ᠎ᠠ ᠪᠠᠷ ᠢᠶᠠᠨ ᠬᠠᠷᠢᠭᠤᠴᠠᠯᠭ᠎ᠠ ᠡᠭᠦᠷᠭᠡᠯᠡᠵᠦ᠂ ᠨᠤᠲᠤᠭ ᠤᠰᠤ ᠪᠣᠯᠤᠨ ᠠᠷᠠᠳ ᠲᠦᠮᠡᠨ ᠢᠶᠠᠨ ᠰᠠᠬᠢᠨ ᠬᠠᠮᠠᠭᠠᠯᠠᠬᠤ ᠶᠢ ᠬᠦᠰᠡᠵᠦ ᠪᠠᠶᠢᠨ᠎ᠠ ᠭᠡᠵᠦ ᠵᠢᠭᠠᠵᠤ ᠭᠠᠷᠭᠠᠪᠠ᠃      ᠵᠡᠮᠳᠡᠭ ᠴᠡᠷᠢᠭ ᠵᠤᠤ ᠵᠢᠶᠠᠨ ᠭᠦᠩ ᠪᠣᠯᠤᠨ ᠨᠠᠭᠠᠳᠤ ᠵᠠᠬ᠎ᠠ ᠶᠢᠨ ᠠᠮᠢᠳᠤᠷᠠᠯ ᠤᠨ ᠪᠠᠲᠣᠯᠠᠭ᠎ᠠ ᠲᠠᠢ ᠡᠷᠦᠬᠡ ᠨᠢᠶᠧ ᠫᠢᠩ ᠰᠢᠶᠤᠤ ᠶᠢᠨ ᠭᠡᠷ ᠲᠤ᠂ ᠯᠢ ᠯᠢᠦ ᠰᠢᠶᠤᠤ ᠳᠡᠳᠡᠨ ᠤ ᠪᠡᠶ᠎ᠡ ᠶᠢᠨ ᠪᠠᠶᠢᠳᠠᠯ ᠵᠢᠴᠢ ᠠᠮᠢᠳᠤᠷᠠᠯ ᠳᠤᠮᠳᠠ ᠲᠤᠯᠭᠠᠷᠠᠭᠰᠠᠨ ᠬᠦᠴᠢᠷᠳᠡᠯ ᠢ ᠨᠢ ᠳᠣᠲᠣᠨᠣ ᠪᠠᠷ ᠯᠠᠪᠯᠠᠨ ᠠᠰᠠᠭᠤᠵᠤ᠂ ᠳᠡᠳᠡᠨ ᠤ ᠬᠠᠯᠠᠭᠤᠨ ᠬᠦᠢᠳᠡᠨ ᠢ ᠨᠢ ᠠᠰᠠᠭᠤᠵᠤ᠂ ᠮᠠᠰᠢ ᠬᠠᠯᠠᠮᠵᠢᠯᠠᠵᠤ ᠪᠠᠶᠢᠯ᠎ᠠ᠃ ᠵᠣᠣ ᠵᠢᠶᠠᠨ ᠬᠥᠩ 1974 ᠣᠨ ᠳᠤ ᠠᠯᠪᠠᠨ ᠶᠠᠪᠤᠳᠠᠯ ᠢᠶᠠᠷ ᠰᠢᠷᠬᠠᠲᠤᠵᠤ ᠬᠥᠳᠡᠯᠮᠦᠷᠢᠯᠡᠬᠦ ᠴᠢᠳᠠᠪᠤᠷᠢ ᠪᠠᠨ ᠠᠯᠳᠠᠭᠰᠠᠨ ᠤ ᠳᠠᠷᠠᠭ᠎ᠠ᠂ ᠯᠢ ᠯᠢᠦ ᠰᠢᠶᠤᠤ ᠲᠡᠭᠦᠨ ᠢ ᠪᠠᠶᠠᠰᠤᠩᠭᠤᠶ ᠣᠪᠣᠷ ᠢᠶᠠᠷ ᠠᠮᠢᠳᠤᠷᠠᠯ ᠳᠤ ᠢᠳᠡᠪᠬᠢᠲᠡᠶ ᠬᠠᠨᠳᠤᠬᠤ ᠬᠡᠷᠡᠭᠲᠡᠶ ᠭᠡᠵᠦ ᠵᠣᠷᠢᠭᠵᠢᠭᠤᠯᠤᠭᠰᠠᠨ ᠤ ᠬᠠᠮᠲᠤ ᠬᠤᠯᠪᠣᠭᠳᠠᠯ ᠪᠥᠬᠦᠶ ᠰᠠᠯᠠᠭ᠎ᠠ ᠮᠥᠴᠢᠷ ᠲᠤ ᠠᠷᠭ᠎ᠠ ᠪᠦᠬᠦᠨ ᠢ ᠰᠦᠪᠡᠭᠴᠢᠯᠡᠨ ᠲᠡᠳᠡᠨ ᠤ ᠪᠣᠳᠠᠲᠠᠶ ᠬᠦᠴᠢᠷᠳᠡᠯ ᠢ ᠰᠢᠢᠳᠪᠦᠷᠢᠯᠡᠵᠦ ᠂ ᠲᠡᠳᠡᠨ ᠳᠤ ᠭᠦᠢᠴᠡᠳ ᠦᠢᠯᠡᠴᠢᠯᠡᠭᠡ ᠬᠠᠩᠭᠠᠵᠤ᠂ ᠪᠥᠬᠦ ᠰᠡᠳᠬᠢᠯ ᠪᠥᠬᠦ ᠴᠢᠳᠠᠯ ᠢᠶᠠᠷ ᠢᠶᠠᠨ ᠲᠡᠳᠡᠨ ᠤ ᠠᠮᠢᠳᠤᠷᠠᠯ ᠤᠨ ᠪᠠᠶᠢᠳᠠᠯ ᠢ ᠰᠠᠶᠢᠵᠢᠷᠠᠭᠤᠯᠵᠤ᠂ ᠲᠡᠳᠡᠨ ᠤ ᠠᠮᠢᠳᠤᠷᠠᠯ ᠤᠨ ᠴᠢᠨᠠᠷ ᠴᠢᠨᠰᠠᠭ᠎ᠠ ᠶᠢ ᠨᠠᠩ ᠥᠨᠳᠥᠷ᠂ ᠨᠠᠩ ᠨᠡᠷ᠎ᠡ ᠬᠦᠨᠳᠦ ᠲᠠᠢ ᠪᠣᠯᠭᠠᠵᠤ᠂ ᠨᠠᠮ ᠪᠠ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠦᠨᠡᠨ ᠬᠦ ᠪᠣᠳᠠᠲᠠᠶ ᠳᠤ ᠨᠠᠶᠢᠳᠠᠪᠤᠷᠢᠵᠢᠭᠤᠯᠬᠤ ᠬᠡᠷᠡᠭᠲᠡᠶ ᠭᠡᠵᠦ ᠵᠠᠬᠢᠪᠠ᠃      ᠰᠢᠶᠠᠨ ᠤ ᠤᠳᠤᠷᠢᠳᠤᠯᠭ᠎ᠠ ᠵᠠᠩ ᠴᠢᠣᠸᠠᠨ ᠱᠧᠩ᠂ ᠵᠠᠩ ᠵᠢᠶᠠᠨ ᠴᠢᠩ᠂ ᠬᠤᠯᠪᠣᠭᠳᠠᠯ ᠪᠦᠬᠦᠢ ᠰᠠᠯᠠᠭ᠎ᠠ ᠮᠥᠴᠢᠷ᠂ ᠰᠢᠶᠠᠩ ᠪᠠᠯᠭᠠᠰᠤᠨ ᠤ ᠬᠠᠷᠢᠭᠤᠴᠠᠯᠭᠠᠲᠠᠨ ᠲᠣᠬᠤᠨᠢᠭᠤᠯᠭ᠎ᠠ ᠳᠤ ᠣᠷᠣᠯᠴᠠᠪᠠ᠃
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号