ᠬᠥᠬᠡᠬᠤᠲᠠ ᠵᠠᠰᠠᠭ ᠠᠯᠪᠠᠨ ᠦᠰᠦᠭ ﹇2020﹈73 ᠳ᠋ᠤᠭᠠᠷ ᠲᠣᠭᠠᠲᠤ | 2020ᠣᠨ ᠤ12 ᠳ᠋ᠤᠭᠠᠷ ᠰᠠᠷ᠎ᠠ ᠶᠢᠨ3 ᠤ ᠡᠳᠦᠷ | ᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠶ ᠮᠡᠷᠭᠡᠵᠢᠯ ᠤᠨ | ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠬᠤᠯᠪᠣᠭᠳᠠᠯ ᠪᠦᠬᠦᠢ ᠵᠥᠪᠯᠡᠯ ᠠᠯᠪᠠᠨ | ᠭᠡᠷ ᠲᠣᠪᠴᠢᠶ᠎ᠠ᠂ ᠡᠯ᠎ᠡ ᠬᠤᠯᠪᠣᠭᠳᠠᠯ ᠪᠦᠬᠦᠢ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠡ ᠳᠤ᠄ | ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠵᠥᠪᠰᠢᠶᠡᠷᠡᠯ ᠢᠶᠠᠷ᠂ ︽ᠬᠥᠬᠡᠬᠤᠲᠠ ᠶᠢᠨ ᠰᠠᠭᠠᠯᠢ ᠶᠢᠨ | ᠦᠨᠢᠶᠡᠨ ᠤ ᠰᠠᠶᠢᠨ ᠡᠭᠦᠯᠳᠡᠷ ᠢ ᠪᠤᠶᠢᠵᠢᠭᠤᠯᠬᠤ ᠰᠢᠰᠲ᠋ᠧᠮᠵᠢ ᠶᠢᠨ ᠪᠠᠶᠢᠭᠤᠯᠤᠯᠲᠠ ᠶᠢᠨ ᠬᠡᠷᠡᠭᠵᠢᠭᠦᠯᠬᠦ ᠲᠥᠰᠦᠯ ︵ | 2020 — 2025 ᠣᠨ︶︾ ᠢ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭᠠᠶ | ᠲᠣᠭᠤᠰᠢᠯᠠᠭᠤᠯᠣᠨ ᠨᠠᠶᠢᠳᠠᠪᠤᠷᠢᠵᠢᠭᠤᠯᠲᠤᠭᠠᠶ᠃ | ᠬᠥᠬᠡᠬᠤᠲᠠ ᠶᠢᠨ ᠰᠠᠭᠠᠯᠢ ᠶᠢᠨ ᠦᠨᠢᠶᠡᠨ ᠤ ᠰᠠᠶᠢᠨ ᠡᠭᠦᠯᠳᠡᠷ ᠢ ᠪᠤᠶᠢᠵᠢᠭᠤᠯᠬᠤ ᠰᠢᠰᠲ᠋ᠧᠮᠵᠢ ᠶᠢᠨ | ᠪᠠᠶᠢᠭᠤᠯᠣᠯᠳᠠ ᠶᠢᠨ ᠬᠡᠷᠡᠭᠵᠢᠭᠦᠯᠬᠦ ᠲᠥᠰᠦᠯ ︵2020 — 2025 ᠣᠨ︶ | ᠰᠦ ᠶᠢᠨ ᠦᠢᠯᠡᠰ ᠢ ᠬᠦᠭᠵᠢᠭᠦᠯᠦᠨ ᠮᠠᠨᠳᠣᠭᠤᠯᠬᠤ ᠶᠢ ᠤᠷᠢᠳᠠᠪᠠᠷ ᠪᠡᠶᠡᠯᠡᠭᠦᠯᠵᠦ᠂ ︽ᠳᠤᠮᠳᠠᠳᠤ | ᠤᠯᠤᠰ ᠤᠨ ᠰᠦ ᠶᠢᠨ ᠬᠤᠲᠠ︾ ᠶᠢᠨ ᠪᠠᠶᠢᠷᠢ ᠰᠠᠭᠤᠷᠢ ᠶᠢ ᠪᠠᠬᠢᠵᠢᠭᠦᠯᠵᠦ᠂ ᠴᠢᠨᠠᠷ ᠰᠠᠶᠢᠲᠠᠶ ᠰᠦ ᠰᠠᠶᠢᠲᠠᠢ | ᠰᠠᠭᠠᠯᠢ ᠶᠢᠨ ᠦᠨᠢᠶᠡᠨ ᠤ ᠭᠤᠤᠯᠯᠠᠬᠤ ᠡᠭᠦᠯᠳᠡᠷ ᠪᠤᠶᠢᠵᠢᠭᠤᠯᠬᠤ ᠰᠦᠷᠦᠭ ᠢ ᠲᠦᠷᠭᠡᠳᠬᠡᠨ ᠪᠤᠶᠢᠵᠢᠭᠤᠯᠵᠤ᠂ | ᠬᠦᠬᠡᠬᠤᠲᠠ ᠶᠢᠨ ᠴᠢᠨᠠᠷ ᠰᠠᠶᠢᠲᠠᠶ ᠰᠠᠭᠠᠯᠢ ᠶᠢᠨ ᠦᠨᠢᠶᠡᠨ ᠤ ᠡᠭᠦᠯᠳᠡᠷ ᠤᠨ ᠢᠷᠡᠯᠳᠡ ᠶᠢᠨ ᠦᠪᠡᠷ ᠢ ᠪᠠᠨ | ᠬᠠᠩᠭᠠᠬᠤ ᠶᠢ ᠳᠡᠭᠡᠭᠰᠢᠯᠡᠭᠦᠯᠬᠦ ᠶᠢᠨ ᠳᠦᠯᠦᠭᠡ᠂ ᠬᠥᠬᠡᠬᠤᠲᠠ ᠶᠢᠨ ᠰᠠᠭᠠᠯᠢ ᠶᠢᠨ ᠦᠨᠢᠶ᠎ᠡ ᠲᠡᠵᠢᠭᠡᠨ ᠦᠷᠡᠵᠢᠭᠦᠯᠬᠦ | ᠦᠢᠯᠡᠰ ᠤᠨ ᠣᠳᠣᠬᠢ ᠪᠠᠶᠢᠳᠠᠯ ᠲᠠᠢ ᠣᠶᠠᠯᠳᠤᠭᠤᠯᠣᠨ᠂ ᠲᠤᠰ ᠲᠥᠰᠦᠯ ᠢ ᠣᠨᠴᠠᠭᠠᠶᠢᠯᠠᠨ ᠲᠣᠭᠲᠠᠭᠠᠪᠠ᠃ | ᠨᠢᠭᠡ᠂ ᠵᠢᠯᠣᠭᠤᠳᠬᠤ ᠦᠵᠡᠯ ᠰᠠᠨᠠᠭ᠎ᠠ | ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠂ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ | ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠣᠳᠣᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠪᠠ ︽ | ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠶᠢ ᠠᠬᠢᠭᠤᠯᠵᠤ ᠴᠠᠭᠠᠨ ᠢᠳᠡᠭᠡᠨ ᠤ ᠶᠠᠰᠤ ᠴᠢᠨᠠᠷ ᠤᠨ ᠠᠮᠤᠷ | ᠲᠦᠪᠰᠢᠨ ᠢ ᠪᠠᠲᠤᠯᠠᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠠᠯᠪᠠᠨ ᠲᠢᠩᠬᠢᠮ ᠤᠨ ᠰᠠᠨᠠᠯ︾ ︵ᠲᠥᠷᠥ | ᠠᠯᠪᠠᠨ ᠲᠠᠷᠬᠠᠭᠠᠭᠰᠠᠨ ︹ 2018 ︺ 43 ᠳ᠋ᠤᠭᠠᠷ ᠲᠣᠭᠠᠲᠤ︶ ᠪᠠ ︽ ᠰᠦ ᠶᠢᠨ ᠦᠢᠯᠡᠰ ᠢ ᠬᠥᠭᠵᠢᠭᠦᠯᠦᠨ | ᠮᠠᠨᠳᠤᠭᠤᠯᠬᠤ ᠶᠢ ᠠᠬᠢᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ | ᠵᠠᠰᠠᠭ ᠤᠨ ᠣᠷᠳᠣᠨ ᠤ ᠠᠯᠪᠠᠨ ᠲᠢᠩᠬᠢᠮ ᠤᠨ ᠬᠡᠷᠡᠭᠵᠢᠭᠦᠯᠬᠦ ᠰᠠᠨᠠᠯ︾ ︵ᠥᠪᠥᠷ ᠵᠠᠰᠠᠭ ᠠᠯᠪᠠᠨ ᠲᠠᠷᠬᠠᠭᠠᠭᠰᠠᠨ | ︹ 2019 ︺ 20 ᠳ᠋ᠤᠭᠠᠷ ᠲᠣᠭᠠᠲᠤ︶᠂ ︽ ᠬᠦᠬᠡᠬᠤᠲᠠ ᠶᠢᠨ ︿ᠳᠤᠮᠳᠠᠳᠤ ᠤᠯᠤᠰ ᠤᠨ ᠰᠦ ᠶᠢᠨ ᠬᠤᠲᠠ﹀ | ᠶᠢᠨ ᠳᠡᠰ ᠳᠠᠪᠰᠢᠭᠰᠠᠨ ᠬᠡᠪ ᠢ ᠴᠣᠭᠴᠠᠯᠠᠬᠤ ᠲᠤᠬᠠᠶ ᠰᠠᠨᠠᠯ ᠤᠳ︾ ︵ᠬᠥᠬᠡᠬᠤᠲᠠ ᠵᠠᠰᠠᠭ ᠲᠠᠷᠬᠠᠭᠠᠭᠰᠠᠨ ︹ | 2018 ︺ 2 ᠳ᠋ᠤᠭᠠᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠢ | ᠲᠣᠭᠤᠰᠢᠯᠠᠭᠤᠯᠣᠨ ᠨᠠᠶᠢᠳᠠᠪᠣᠷᠢᠵᠢᠭᠤᠯᠵᠤ᠂ ᠤᠯᠤᠰ ᠤᠨ ᠰᠠᠭᠠᠯᠢ ᠶᠢᠨ ᠦᠨᠢᠶᠡᠨ ᠤ ᠭᠤᠣᠯᠯᠠᠬᠤ ᠡᠭᠦᠯᠳᠡᠷ | ᠪᠤᠶᠢᠵᠢᠭᠤᠯᠬᠤ ᠲᠠᠯᠠᠪᠠᠢ ᠪᠠᠷ ᠲᠥᠪ ᠪᠣᠯᠭᠠᠵᠤ᠂ ᠪᠦᠬᠦ ᠬᠤᠲᠠ ᠶᠢᠨ ᠰᠠᠭᠠᠯᠢ ᠶᠢᠨ ᠦᠨᠢᠶᠡᠨ ᠤ ᠰᠠᠶᠢᠨ | ᠡᠭᠦᠯᠳᠡᠷ ᠢ ᠪᠤᠶᠢᠵᠢᠭᠤᠯᠬᠤ ᠰᠢᠰᠲ᠋ᠧᠮᠵᠢ ᠶᠢ ᠪᠠᠶᠢᠭᠤᠯᠵᠣ᠂ ᠰᠠᠶᠢᠨ ᠡᠭᠦᠯᠳᠡᠷ ᠤᠨ ᠰᠠᠭᠠᠯᠢ ᠶᠢᠨ ᠦᠨᠢᠶ᠎ᠡ ᠶᠢ | ᠪᠦᠢᠵᠢᠭᠤᠯᠵᠦ᠂ ᠠᠰᠢᠭᠯᠠᠨ᠂ ᠳᠡᠯᠭᠡᠷᠡᠭᠦᠯᠵᠦ᠂ ᠦᠬᠡᠷ ᠤᠨ ᠰᠦᠷᠦᠭ ᠤᠨ ᠪᠦᠲᠦᠴᠡ ᠶᠢ ᠰᠢᠯᠢᠳᠡᠭᠵᠢᠭᠦᠯᠵᠦ᠂ | ᠡᠭᠦᠯᠳᠡᠷ ᠢ ᠤᠯᠠᠮ ᠨᠢᠭᠡ ᠠᠯᠬᠤᠮ ᠰᠠᠶᠢᠵᠢᠷᠠᠭᠤᠯᠵᠣ᠂ ᠬᠦᠬᠡᠬᠤᠳᠠ ᠶᠢ ᠤᠯᠤᠰ ᠤᠨ ᠰᠠᠭᠠᠯᠢ ᠶᠢᠨ ᠦᠨᠢᠶ᠎ᠡ | ᠦᠷᠡᠵᠢᠭᠦᠯᠦᠨ ᠪᠤᠶᠢᠵᠢᠭᠤᠯᠬᠤ ᠰᠠᠭᠤᠷᠢᠨ ᠭᠠᠵᠠᠷ ᠪᠣᠯᠭᠠᠨ ᠪᠠᠶᠢᠭᠤᠯᠬᠤ ᠪᠠᠷ ᠴᠢᠷᠮᠠᠶᠢᠵᠤ᠂ ᠬᠦᠬᠡᠬᠤᠳᠠ ᠶᠢᠨ | ᠰᠦ ᠶᠢᠨ ᠦᠢᠯᠡᠰ ᠤᠨ ᠰᠠᠶᠢᠨ ᠡᠭᠦᠯᠳᠡᠷ ᠢ ᠠᠵᠤ ᠦᠢᠯᠡᠰᠵᠢᠭᠦᠯᠬᠦ ᠠᠬᠢᠴᠠ ᠶᠢ ᠠᠬᠢᠭᠤᠯᠵᠤ᠂ ︽ᠳᠤᠮᠳᠠᠳᠤ | ᠤᠯᠤᠰ ᠤᠨ ᠰᠦ ᠶᠢᠨ ᠬᠤᠲᠠ︾ ᠶᠢᠨ ᠰᠦ ᠶᠢᠨ ᠦᠢᠯᠡᠰ ᠤᠨ ᠪᠦᠬᠦ ᠠᠵᠤ ᠦᠢᠯᠡᠰ ᠤᠨ ᠬᠡᠯᠬᠢᠶ᠎ᠡ ᠶᠢᠨ | ᠳᠠᠪᠠᠭᠤᠯᠢᠭ ᠨᠥᠯᠥᠭᠡᠯᠡᠯ ᠤᠨ ᠵᠢᠱᠢᠶ᠎ᠡ ᠦᠵᠡᠭᠦᠯᠵᠦ ᠬᠥᠲᠥᠯᠥᠨ ᠳᠠᠭᠠᠭᠤᠯᠬᠤ ᠦᠢᠯᠡᠳᠦᠯ ᠢ ᠪᠠᠳᠠᠷᠠᠭᠤᠯᠵᠤ᠂ | ᠳᠡᠯᠡᠬᠡᠶ ᠶᠢᠨ ᠥᠷᠢᠰᠥᠯᠳᠦᠬᠦ ᠬᠦᠴᠦᠨ ᠪᠦᠬᠦᠢ ᠦᠨᠳᠦᠰᠦᠲᠡᠨ ᠤ ᠰᠠᠭᠠᠯᠢ ᠶᠢᠨ ᠦᠨᠢᠶᠡᠨ ᠤ ᠦᠷ᠎ᠡ ᠶᠢᠨ ᠦᠢᠯᠡᠰ | ᠤᠨ ᠨᠢᠰᠬᠡᠯ ᠤᠨ ᠰᠠᠭᠤᠷᠢ ᠣᠩᠭᠤᠴᠠ ᠶᠢ ᠪᠤᠶᠢᠵᠢᠭᠤᠯᠵᠤ᠂ ᠳᠡᠯᠡᠬᠡᠶ ᠳᠡᠭᠡᠷᠡᠬᠢ ᠥᠷᠢᠰᠥᠯᠳᠦᠬᠦ ᠬᠦᠴᠦᠨ ᠢ | ᠳᠡᠭᠡᠭᠰᠢᠯᠡᠭᠦᠯᠦᠨ᠎ᠡ᠃ | ᠬᠤᠶᠠᠷ᠂ ᠦᠨᠳᠦᠰᠦᠨ ᠵᠠᠷᠴᠢᠮ | 1.ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠬᠦ ᠵᠠᠷᠴᠢᠮ ᠢ ᠪᠠᠷᠢᠮᠲᠠᠯᠠᠨ᠎ᠠ᠃ ᠰᠢᠨᠵᠢᠯᠡᠬᠦ ᠤᠬᠠᠭᠠᠨᠴᠢ ᠪᠠᠷ | ᠲᠥᠯᠥᠪᠵᠢᠭᠦᠯᠦᠨ ᠪᠠᠶᠢᠷᠢᠯᠠᠭᠤᠯᠬᠤ ᠪᠠᠷ ᠳᠠᠮᠵᠢᠭᠤᠯᠤᠨ᠂ ᠬᠦᠬᠡᠬᠤᠳᠠ ᠶᠢᠨ ᠣᠳᠣ ᠪᠠᠶᠢᠭ᠎ᠠ ᠡᠬᠢ ᠪᠠᠶᠠᠯᠢᠭ ᠢ | ᠪᠦᠲᠦᠮᠵᠢᠲᠡᠶ ᠠᠰᠢᠭᠯᠠᠵᠤ᠂ ᠬᠥᠭᠵᠢᠯᠲᠡ ᠶᠢᠨ ᠴᠢᠭᠯᠡᠯ ᠢ ᠲᠣᠳᠣᠷᠬᠠᠶᠢᠯᠠᠵᠤ᠂ ᠤᠯᠤᠰ ᠤᠨ ᠭᠤᠤᠯᠯᠠᠬᠤ ᠡᠭᠦᠯᠳᠡᠷ | ᠪᠤᠶᠢᠵᠢᠭᠤᠯᠬᠤ ᠲᠠᠯᠠᠪᠠᠶ ᠶᠢᠨ ᠲᠥᠷᠥᠯ ᠵᠦᠢᠯ ᠤᠨ ᠲᠣᠭᠤᠷᠢᠨ ᠳᠤ ᠰᠠᠭᠠᠯᠢ ᠶᠢᠨ ᠦᠨᠢᠶ᠎ᠡ ᠶᠢᠨ ᠡᠭᠦᠯᠳᠡᠷ ᠤᠨ | ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠵᠠᠬ᠎ᠠ ᠳᠡᠯᠭᠡᠭᠦᠷ ᠤᠨ ᠬᠡᠷᠡᠭᠴᠡᠭᠡ | ᠱᠠᠭᠠᠷᠳᠠᠯᠭ᠎ᠠ ᠶᠢ ᠦᠨᠳᠦᠰᠦᠯᠡᠨ ᠰᠠᠭᠠᠯᠢ ᠶᠢᠨ ᠦᠨᠢᠶᠡᠨ ᠤ ᠭᠤᠤᠯᠯᠠᠬᠤ ᠰᠦᠷᠥᠭ ᠢ ᠬᠠᠨᠳᠣᠯᠭᠠᠳᠣ ᠴᠢᠨᠠᠷ᠂ | ᠴᠢᠭᠯᠡᠯᠳᠦ ᠴᠢᠨᠠᠷ ᠲᠠᠢ ᠪᠠᠷ ᠥᠷᠭᠡᠳᠬᠡᠬᠦ ᠬᠡᠷᠡᠭᠲᠡᠶ᠃ | 2. ᠪᠤᠶᠢᠵᠢᠭᠤᠯᠬᠤ᠂ ᠦᠷᠡᠵᠢᠭᠦᠯᠬᠦ᠂ ᠳᠡᠯᠭᠡᠷᠡᠭᠦᠯᠬᠦ ᠶᠢ ᠨᠢᠭᠡ ᠴᠣᠭᠴᠠᠵᠢᠭᠤᠯᠬᠤ ᠵᠠᠷᠴᠢᠮ ᠢ ᠪᠠᠷᠢᠮᠳᠠᠯᠠᠨ᠎ᠠ᠃ | ᠲᠥᠪ ᠬᠤᠲᠠ ᠶᠢᠨ ᠶᠡᠭᠡ ᠳᠡᠭᠡᠳᠦ ᠰᠤᠷᠭᠠᠭᠤᠯᠢ ᠲᠣᠰᠬᠠᠢ ᠮᠡᠷᠭᠡᠵᠢᠯ ᠤᠨ ᠰᠣᠷᠭᠠᠭᠤᠯᠢ᠂ ᠰᠢᠨᠵᠢᠯᠡᠬᠦ ᠤᠬᠠᠭᠠᠨ ᠤ | ᠰᠤᠳᠤᠯᠭᠠᠨ ᠤ ᠨᠢᠭᠡᠴᠡ ᠲᠦᠪᠯᠡᠷᠡᠭᠰᠡᠨ ᠳᠠᠪᠠᠭᠤᠯᠢᠭ ᠢ ᠭᠦᠢᠴᠡᠳ ᠠᠰᠢᠭᠯᠠᠵᠤ᠂ ᠢᠯᠠᠩᠭᠤᠶ᠎ᠠ ᠤᠯᠤᠰ ᠤᠨ | ᠰᠠᠭᠠᠯᠢ ᠶᠢᠨ ᠦᠨᠢᠶᠡᠨ ᠤ ᠭᠤᠣᠯᠯᠠᠬᠤ ᠡᠭᠦᠯᠳᠡᠷ ᠪᠤᠶᠢᠵᠢᠭᠤᠯᠬᠤ ᠲᠠᠯᠠᠪᠠᠢ ᠶᠢᠨ ᠦᠢᠯᠡᠳᠦᠯ ᠢ ᠭᠦᠢᠴᠡᠳ | ᠪᠠᠳᠠᠷᠠᠭᠤᠯᠵᠤ᠂ ᠰᠢᠨᠵᠢᠯᠡᠬᠦ ᠤᠬᠠᠭᠠᠨ ᠤ ᠰᠤᠳᠤᠯᠭᠠᠨ᠂ ᠦᠷᠡᠵᠢᠭᠦᠯᠦᠨ ᠪᠤᠶᠢᠵᠢᠭᠤᠯᠬᠤ᠂ ᠳᠡᠯᠭᠡᠷᠡᠭᠦᠯᠬᠦ ᠶᠢ ᠨᠢᠭᠡ | ᠴᠣᠭᠴᠠᠷᠠᠭᠤᠯᠣᠨ᠂ ᠰᠠᠭᠠᠯᠢ ᠶᠢᠨ ᠦᠨᠢᠶᠡᠨ ᠤ ᠰᠠᠶᠢᠨ ᠡᠭᠦᠯᠳᠡᠷ ᠢ ᠦᠷᠡᠵᠢᠭᠦᠯᠦᠨ ᠪᠤᠶᠢᠵᠢᠭᠤᠯᠬᠤ | ᠰᠢᠰᠲ᠋ᠧᠮᠵᠢ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ | ᠭᠤᠷᠪᠠ᠂ ᠬᠥᠭᠵᠢᠯᠲᠡ ᠶᠢᠨ ᠬᠠᠷᠠᠯᠲᠠ | ᠥᠪᠡᠷᠲᠡᠭᠡᠨ ᠵᠠᠰᠠᠬᠤ ᠣᠷᠣᠨ ᠤ ︽ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ︾ ᠬᠥᠭᠵᠢᠯᠲᠡ ᠶᠢᠨ | ᠬᠠᠷᠠᠯᠲᠠ ᠵᠢᠴᠢ ᠬᠥᠬᠡᠬᠤᠲᠠ ᠶᠢᠨ ᠰᠦ ᠶᠢᠨ ᠦᠢᠯᠡᠰ ᠢ ᠬᠥᠭᠵᠢᠭᠦᠯᠦᠨ ᠮᠠᠨᠳᠤᠭᠤᠯᠬᠤ ᠬᠡᠷᠡᠭᠵᠢᠭᠦᠯᠬᠦ ᠪᠠᠶᠢᠯᠳᠤᠬᠤ | ᠪᠣᠳᠣᠯᠭ᠎ᠠ ᠶᠢᠨ ᠪᠠᠶᠢᠷᠢ ᠲᠣᠭᠲᠠᠭᠠᠯᠲᠠ ᠳᠤ ᠰᠠᠭᠤᠷᠢᠯᠠᠵᠤ᠂ ᠮᠠᠨ ᠤ ᠬᠤᠲᠠ ᠶᠢᠨ ᠰᠠᠭᠠᠯᠢ ᠶᠢᠨ ᠦᠨᠢᠶᠡᠨ ᠤ | ᠡᠭᠦᠯᠳᠡᠷ ᠪᠤᠶᠢᠵᠢᠭᠤᠯᠬᠤ᠂ ᠦᠷᠡᠵᠢᠭᠦᠯᠬᠦ᠂ ᠳᠡᠯᠭᠡᠷᠡᠭᠦᠯᠬᠦ ᠵᠠᠩᠭᠢᠯᠠᠭ᠎ᠠ ᠶᠢᠨ ᠭᠤᠤᠯᠯᠠᠬᠤ ᠮᠡᠷᠭᠡᠵᠢᠯ ᠪᠠ | ᠰᠢᠰᠲ᠋ᠧᠮᠵᠢ ᠶᠢᠨ ᠪᠠᠶᠢᠭᠤᠯᠤᠯᠲᠠ ᠶᠢᠨ ᠲᠠᠯ᠎ᠠ ᠪᠠᠷ ᠣᠷᠣᠰᠢᠵᠤ ᠪᠠᠶᠢᠭ᠎ᠠ ᠲᠣᠳᠠᠭᠤᠳᠠᠯ ᠳᠤ ᠴᠢᠭᠯᠡᠭᠦᠯᠦᠨ᠂ ᠣᠳᠣ | ᠪᠠᠶᠢᠭ᠎ᠠ ᠴᠢᠳᠠᠪᠤᠷᠢᠲᠠᠨ ᠤ ᠪᠣᠳᠠᠲᠤ ᠬᠦᠴᠦᠨ ᠪᠠ ᠰᠤᠳᠤᠯᠤᠨ ᠨᠡᠭᠡᠭᠡᠬᠦ ᠪᠦᠯᠬᠦᠮ ᠤᠨ ᠳᠠᠪᠠᠭᠤᠯᠢᠭ ᠲᠤ ᠳᠦᠰᠢᠭᠯᠡᠵᠦ | ᠂ ᠲᠡᠷᠢᠭᠦᠨ ᠤ ᠥᠨᠳᠥᠷ ᠪᠠᠷᠢᠮᠵᠢᠶᠠᠲᠤ ᠰᠠᠭᠠᠯᠢ ᠶᠢᠨ ᠦᠨᠢᠶᠡᠨ ᠤ ᠰᠠᠶᠢᠨ ᠡᠭᠦᠯᠳᠡᠷ ᠢ ᠪᠤᠶᠢᠵᠢᠭᠤᠯᠬᠤ ᠰᠢᠰᠲ᠋ᠧᠮᠵᠢ | ᠪᠣᠯᠤᠨ ᠲᠠᠪᠴᠠᠩ ᠢ ᠪᠠᠶᠢᠭᠤᠯᠵᠤ᠂ ᠡᠭᠦᠯᠳᠡᠷ ᠪᠤᠶᠢᠵᠢᠭᠤᠯᠬᠤ ᠰᠢᠨᠵᠢᠯᠡᠬᠦ ᠤᠬᠠᠭᠠᠨ ᠤ ᠰᠣᠳᠤᠯᠭᠠᠨ ᠤ ᠰᠢᠨ᠎ᠡ ᠶᠢ | ᠡᠭᠦᠳᠬᠦ᠂ ᠰᠠᠶᠢᠨ ᠡᠭᠦᠯᠳᠡᠷ ᠢ ᠦᠢᠯᠡᠳᠪᠦᠷᠢᠯᠡᠵᠦ ᠡᠳ᠋ᠰᠢᠭᠦᠯᠬᠦ᠂ ᠳᠡᠯᠭᠡᠷᠡᠭᠦᠯᠬᠦ ᠦᠢᠯᠡᠴᠢᠯᠡᠭᠡ ᠵᠡᠷᠭᠡ | ᠴᠢᠳᠠᠪᠤᠷᠢ ᠶᠢ ᠳᠡᠭᠡᠭᠰᠢᠯᠡᠭᠦᠯᠦᠨ᠎ᠡ᠃ | ᠬᠥᠬᠡᠬᠤᠲᠠ ᠳᠤ ᠣᠳᠣ ᠪᠠᠶᠢᠭ᠎ᠠ 1ᠤᠯᠤᠰ ᠤᠨ ᠰᠠᠭᠠᠯᠢ ᠶᠢᠨ ᠦᠨᠢᠶᠡᠨ ᠤ ᠭᠤᠤᠯᠯᠠᠬᠤ ᠡᠭᠦᠯᠳᠡᠷ | ᠪᠤᠶᠢᠵᠢᠭᠤᠯᠬᠤ ᠳᠠᠯᠠᠪᠠᠢ ᠪᠠ 1ᠪᠤᠬ᠎ᠠ ᠶᠢᠨ ᠥᠷᠲᠡᠭᠡ ᠶᠢᠨ ᠲᠣᠭᠤᠷᠢᠨ ᠳᠤ᠂ ᠬᠤᠯᠰᠲᠸᠢᠢᠨ ᠰᠠᠭᠠᠯᠢ ᠶᠢᠨ | ᠦᠨᠢᠶᠡᠨ ᠤ ᠰᠠᠶᠢᠨ ᠡᠭᠦᠯᠳᠡᠷ ᠪᠤᠶᠢᠵᠢᠭᠤᠯᠬᠤ ᠲᠠᠯᠠᠪᠠᠢ ᠶᠢ 6 ᠶᠢ ᠰᠢᠭᠰᠢᠨ ᠰᠣᠩᠭᠤᠵᠤ᠂ ᠬᠠᠮᠲᠤᠷᠠᠨ ᠡᠭᠦᠯᠳᠡᠷ | ᠪᠤᠶᠢᠵᠢᠭᠤᠯᠬᠤ ᠵᠠᠭᠪᠤᠷ ᠢᠶᠠᠷ ᠳᠠᠮᠵᠢᠭᠤᠯᠤᠨ᠂ ᠳᠡᠯᠡᠬᠡᠶ ᠶᠢᠨ ᠲᠡᠷᠢᠭᠦᠨ ᠵᠡᠷᠭᠡ ᠶᠢᠨ ᠰᠢᠯᠢᠳᠡᠭ ᠡᠭᠦᠯᠳᠡᠷ ᠤᠨ ᠪᠤᠬ᠎ᠠ | ᠪᠣᠯᠤᠨ ᠭᠤᠤᠯᠯᠠᠬᠤ ᠰᠦ ᠰᠠᠶᠢᠲᠠᠢ ᠦᠨᠢᠶ᠎ᠡ ᠪᠤᠶᠢᠵᠢᠭᠤᠯᠤᠨ᠎ᠠ᠃ ᠪᠤᠬ᠎ᠠ ᠶᠢᠨ ᠥᠷᠲᠡᠭᠡ ᠨᠢ ᠤᠯᠤᠰ ᠤᠨ | ᠳᠣᠲᠣᠭᠠᠳᠤ ᠪᠠ ᠳᠡᠯᠡᠬᠡᠶ ᠳᠡᠭᠡᠷ᠎ᠡ ᠡᠮᠦᠨ᠎ᠡ 100 ᠨᠡᠷᠡᠰ ᠲᠤ ᠵᠢᠭᠰᠠᠭᠠᠭᠳᠠᠬᠤ ᠰᠢᠯᠢᠳᠡᠭ ᠪᠤᠬ᠎ᠠ ᠶᠢ ᠪᠦᠢᠵᠢᠭᠤᠯᠵᠤ | ᠂ ᠡᠭᠦᠨ ᠳᠤ ᠪᠦᠬᠦ ᠤᠯᠤᠰ ᠲᠤ ᠡᠮᠦᠨ᠎ᠡ 100 ᠨᠡᠷᠡᠰ ᠲᠤ ᠵᠢᠭᠰᠠᠭᠠᠭᠳᠠᠬᠤ ᠪᠡᠯᠡᠳᠬᠡᠯ ᠪᠤᠬ᠎ᠠ 30᠂ ᠳᠡᠯᠡᠬᠡᠢ | ᠳᠡᠭᠡᠷ᠎ᠡ ᠡᠮᠦᠨ᠎ᠡ 100 ᠨᠡᠷᠡᠰ ᠲᠤ ᠵᠢᠭᠰᠠᠭᠠᠭᠳᠠᠬᠤ ᠪᠤᠬ᠎ᠠ 2 ᠢ ᠪᠦᠢᠵᠢᠭᠤᠯᠵᠤ᠂ ᠭᠠᠷᠣᠯᠳᠠ ᠪᠣᠷᠣᠯᠠᠭᠤᠯᠭ᠎ᠠ ᠶᠢᠨ | ᠪᠦᠬᠦ ᠤᠯᠤᠰ ᠤᠨ ᠵᠠᠬ᠎ᠠ ᠳᠡᠯᠭᠡᠭᠦᠷ ᠲᠤ ᠡᠵᠡᠯᠡᠬᠦ ᠨᠤᠷᠮ᠎ᠠ ᠦᠷᠭᠦᠯᠵᠢᠯᠡᠨ ᠨᠢᠭᠡᠳᠦᠭᠡᠷ ᠢᠶᠠᠨ ᠪᠠᠳᠣᠯᠠᠵᠤ ᠂ | ᠳᠡᠯᠡᠬᠡᠢ ᠶᠢᠨ ᠡᠭᠦᠯᠳᠡᠷ ᠪᠤᠶᠢᠵᠢᠭᠤᠯᠬᠤ ᠠᠵᠤ ᠠᠬᠤᠶᠢᠯᠠᠯ ᠤᠨ ᠨᠢᠭᠡᠳᠦᠭᠡᠷ ᠡᠩᠨᠡᠭᠡᠨ ᠳᠤ ᠣᠷᠣᠨ᠎ᠠ᠃ ᠥᠨᠳᠥᠷ ᠬᠢᠷᠢ | ᠲᠦᠪᠰᠢᠨ ᠪᠦᠬᠦᠢ ᠮᠡᠷᠭᠡᠵᠢᠯ ᠤᠨ ᠰᠢᠨ᠎ᠡ ᠶᠢ ᠡᠭᠦᠳᠬᠦ ᠪᠦᠯᠬᠦᠮ ᠨᠡᠶᠢᠲᠡ ᠪᠣᠯᠤᠨ ᠲᠤᠰᠬᠠᠢ ᠮᠡᠷᠭᠡᠵᠢᠯ ᠤᠨ | ᠴᠢᠳᠠᠪᠤᠷᠢᠲᠠᠨ ᠢ ᠬᠥᠮᠦᠵᠢᠭᠦᠯᠵᠦ᠂ ᠡᠭᠦᠯᠳᠡᠷ ᠪᠤᠶᠢᠵᠢᠭᠤᠯᠬᠤ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ | ᠪᠦᠳᠦᠭᠡᠯ ᠤᠨ ᠱᠠᠩᠨᠠᠯ 2-3 ᠶᠢ ᠬᠦᠷᠳᠡᠨ᠎ᠡ᠃ | 1 ᠤᠯᠤᠰ ᠤᠨ ᠲᠡᠰ ᠤᠨ ᠰᠠᠭᠠᠯᠢ ᠶᠢᠨ ᠦᠨᠢᠶᠡᠨ ᠤ ᠭᠤᠤᠯᠯᠠᠬᠤ ᠡᠭᠦᠯᠳᠡᠷ ᠪᠤᠶᠢᠵᠢᠭᠤᠯᠬᠤ ᠲᠠᠯᠠᠪᠠᠢ ᠪᠠ 6 | ᠰᠠᠶᠢᠨ ᠡᠭᠦᠯᠳᠡᠷ ᠪᠤᠶᠢᠵᠢᠭᠤᠯᠬᠤ ᠲᠠᠯᠠᠪᠠᠢ᠂ ᠰᠠᠶᠢᠨ ᠡᠭᠦᠯᠳᠡᠷ ᠤᠨ ᠰᠦ ᠰᠠᠶᠢᠲᠠᠢ ᠦᠨᠢᠶ᠎ᠡ ᠶᠢᠨ ᠬᠦᠪᠦᠷᠡᠯ ᠢ ᠠᠵᠤ | ᠦᠢᠯᠡᠰᠵᠢᠭᠦᠯᠦᠨ ᠬᠡᠷᠡᠭᠯᠡᠬᠦ ᠪᠠᠷ ᠳᠠᠮᠵᠢᠭᠤᠯᠤᠨ᠂ ᠲᠥᠷᠥᠯ ᠵᠦᠢᠯ ᠤᠨ ᠬᠤᠭᠤᠴᠠᠭᠠᠨ ᠳᠤ ᠦᠷ᠎ᠡ ᠶᠢᠨ ᠬᠦᠪᠦᠷᠡᠯ | ᠪᠠ ᠪᠡᠯᠭᠡ ᠶᠢᠨ ᠡᠵᠡᠮᠰᠢᠯᠲᠦ ᠬᠦᠪᠦᠷᠡᠯ ᠢ ᠨᠡᠶᠢᠲᠡ 20000 ᠰᠢᠯᠵᠢᠭᠦᠯᠦᠨ᠂ ᠪᠡᠯᠡᠳᠬᠡᠯ ᠰᠢᠯᠢᠳᠡᠭ ᠡᠭᠦᠯᠳᠡᠷ ᠤᠨ | ᠪᠤᠬ᠎ᠠ ᠪᠠ ᠭᠤᠤᠯᠯᠠᠬᠤ ᠡᠭᠦᠯᠳᠡᠷ ᠤᠨ ᠦᠨᠢᠶ᠎ᠡ ᠶᠢ ᠪᠠᠷᠤᠭ 8000 ᠲᠣᠯᠣᠭᠠᠶ ᠠᠴᠠ ᠳᠡᠭᠡᠭᠰᠢ ᠪᠤᠶᠢᠵᠢᠭᠤᠯᠵᠤ᠂ | ᠪᠠᠰᠠ ᠪᠦᠬᠦ ᠭᠧᠨ ᠤ ᠪᠦᠯᠦᠭ ᠢ ᠪᠠᠶᠢᠴᠠᠭᠠᠨ ᠰᠢᠯᠭᠠᠬᠤ ᠮᠡᠷᠭᠡᠵᠢᠯ ᠢᠶᠠᠷ ᠪᠡᠯᠡᠳᠬᠡᠯ ᠦᠷ᠎ᠡ ᠶᠢᠨ ᠪᠤᠬ᠎ᠠ ᠶᠢ ᠦᠨᠡᠯᠡᠨ | ᠵᠢᠱᠢᠬᠦ ᠪᠠ ᠰᠣᠩᠭᠤᠨ ᠪᠤᠶᠢᠵᠢᠭᠤᠯᠵᠤ᠂ ᠭᠤᠤᠯᠯᠠᠬᠤ ᠰᠦᠷᠦᠭ ᠤᠨ ᠪᠦᠯᠦᠭ ᠤᠨ ᠤᠳᠤᠮᠰᠢᠯ ᠤᠨ ᠠᠬᠢᠴᠠ ᠶᠢ | ᠦᠳᠲᠡᠷ ᠲᠦᠷᠭᠡᠨ ᠳᠡᠭᠡᠭᠰᠢᠯᠡᠭᠦᠯᠦᠨ᠎ᠡ᠃ ᠡᠭᠦᠨ ᠤ ᠬᠠᠮᠳᠣ ᠰᠠᠶᠢᠨ ᠡᠭᠦᠯᠳᠡᠷ ᠪᠤᠶᠢᠵᠢᠭᠤᠯᠬᠤ 6 ᠲᠠᠯᠠᠪᠠᠢ ᠶᠢᠨ ᠪᠤᠢ | ᠪᠦᠬᠦᠢ ᠰᠦ ᠭᠠᠷᠬᠤ ᠦᠨᠢᠶ᠎ᠡ ᠳᠤ ᠵᠢᠷᠤᠮᠵᠢᠭᠤᠨ᠂ ᠰᠢᠰᠲ᠋ᠧᠮ ᠲᠠᠢ ᠪᠣᠳᠠᠭᠠᠯᠢ ᠪᠡᠶ᠎ᠡ ᠶᠢᠨ ᠰᠦ ᠭᠠᠷᠬᠤ | ᠴᠢᠳᠠᠪᠬᠢ ᠶᠢᠨ ᠰᠢᠯᠭᠠᠨ ᠲᠣᠭᠲᠠᠭᠠᠯᠳᠠ ᠬᠢᠵᠦ ︵DHI︶ ᠂ 2025 ᠣᠨ ᠪᠣᠯᠬᠤ ᠳᠤ ᠰᠦᠨ ᠲᠣᠰᠣ ᠶᠢᠨ | ᠬᠡᠮᠵᠢᠶ᠎ᠡ 3.6% ᠠᠴᠠ ᠳᠡᠭᠡᠭᠰᠢ᠂ ᠰᠦᠨ ᠤ ᠤᠭᠤᠷᠠᠭ ᠤᠨ ᠬᠡᠮᠵᠢᠶ᠎ᠡ 3.2% ᠠᠴᠠ ᠳᠡᠭᠡᠭᠰᠢ᠂ ᠨᠢᠭᠡᠴᠢ | ᠭᠠᠷᠣᠯᠳᠠ 10000kg ᠠᠴᠠ ᠳᠡᠭᠡᠭᠰᠢᠬᠢ ᠰᠠᠭᠠᠯᠢ ᠶᠢᠨ ᠦᠨᠢᠶᠡᠨ ᠤ ᠭᠤᠤᠯᠯᠠᠬᠤ ᠰᠦᠷᠦᠭ ᠤᠨ ᠲᠤᠭ᠎ᠠ | ᠬᠡᠮᠵᠢᠶ᠎ᠡ ᠶᠢ 3 ᠲᠦᠮᠡᠨ ᠲᠣᠯᠣᠭᠠᠶ ᠠᠴᠠ ᠳᠡᠭᠡᠭᠰᠢ ᠳᠤ ᠬᠦᠷᠦᠭᠦᠯᠦᠨ᠎ᠡ᠃ ᠬᠥᠬᠡᠬᠤᠲᠠ ᠶᠢᠨ ᠡᠭᠦᠯᠳᠡᠷ ᠤᠨ | ᠢᠷᠡᠯᠲᠡ ᠶᠢᠨ ᠳᠤᠲᠠᠭᠤᠳᠠᠯ ᠢ ᠨᠥᠬᠦᠪᠥᠷᠢᠯᠡᠵᠦ᠂ ᠶᠠᠰᠤ ᠴᠢᠨᠠᠷ ᠢ ᠳᠡᠭᠡᠭᠰᠢᠯᠡᠭᠦᠯᠬᠦ᠂ ᠰᠠᠶᠢᠨ ᠡᠭᠦᠯᠳᠡᠷ ᠢ | ᠪᠤᠶᠢᠵᠢᠭᠤᠯᠬᠤ᠂ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠬᠥᠭᠵᠢᠯᠲᠡ ᠶᠢᠨ ᠬᠠᠷᠠᠯᠲᠠ ᠶᠢ | ᠪᠡᠶᠡᠯᠡᠭᠦᠯᠬᠦ ᠳᠤ ᠰᠠᠭᠤᠷᠢ ᠶᠢ ᠪᠠᠬᠢᠵᠢᠭᠦᠯᠦᠨ᠎ᠡ᠃ | ᠳᠥᠷᠪᠡ᠂ ᠠᠵᠢᠯ ᠤᠨ ᠠᠷᠭ᠎ᠠ ᠬᠡᠮᠵᠢᠶ᠎ᠡ | ︵ᠨᠢᠭᠡ︶ ᠤᠯᠤᠰ ᠤᠨ ᠲᠡᠰ ᠤᠨ ᠰᠠᠭᠠᠯᠢ ᠶᠢᠨ ᠦᠨᠢᠶᠡᠨ ᠤ ᠭᠤᠤᠯᠯᠠᠬᠤ ᠡᠭᠦᠯᠳᠡᠷ ᠪᠤᠶᠢᠵᠢᠭᠤᠯᠬᠤ | ᠲᠠᠯᠠᠪᠠᠢ ᠶᠢᠨ ᠲᠣᠭᠤᠷᠢᠨ ᠳᠤ᠂ ᠳᠡᠯᠡᠬᠡᠶ ᠶᠢᠨ ᠲᠡᠷᠢᠭᠦᠨ ᠤ ᠡᠭᠦᠯᠳᠡᠷ ᠪᠤᠶᠢᠵᠢᠭᠤᠯᠬᠤ ᠠᠵᠤ ᠠᠬᠤᠶᠢᠯᠠᠯ ᠢ | ᠪᠠᠶᠢᠭᠤᠯᠤᠨ᠎ᠠ | ᠵᠢᠯ ᠪᠦᠷᠢ ᠭᠠᠳᠠᠭᠠᠳᠤ ᠠᠴᠠ ᠥᠨᠳᠥᠷ ᠢᠯᠡᠳᠭᠡᠭᠴᠢ ᠪᠦᠬᠦᠢ ᠬᠤᠯᠰᠲᠸᠢᠢᠨ ᠦᠬᠡᠷ ᠤᠨ ᠦᠷ᠎ᠡ ᠶᠢᠨ | ᠬᠦᠪᠦᠷᠡᠯ 500 ᠶᠢ ᠣᠷᠣᠭᠤᠯᠵᠣ᠂ ᠠᠮᠢᠳᠤ ᠪᠡᠶ᠎ᠡ ᠠᠴᠠ ᠥᠨᠳᠡᠭᠡ ᠭᠠᠷᠭᠠᠵᠤ ᠠᠪᠬᠤ — ᠪᠡᠶ᠎ᠡ ᠶᠢᠨ ᠭᠠᠳᠠᠨ᠎ᠠ | ᠦᠷ᠎ᠡ ᠲᠣᠭᠲᠠᠭᠠᠬᠤ ︵OPU-IVF︶ ᠮᠡᠷᠭᠡᠵᠢᠯ ᠪᠠ ᠬᠡᠲᠦ ᠲᠣᠭᠠᠨ ᠤ ᠦᠨᠳᠡᠭᠡᠨ ᠡᠰ ᠢᠯᠭᠠᠷᠠᠭᠤᠯᠬᠤ — | ᠬᠦᠪᠦᠷᠡᠯ ᠰᠢᠯᠵᠢᠭᠦᠯᠬᠦ ︵MOET︶ ᠮᠡᠷᠭᠡᠵᠢᠯ ᠢᠶᠠᠷ 500 ᠦᠷ᠎ᠡ ᠶᠢᠨ ᠬᠦᠪᠦᠷᠡᠯ ᠪᠦᠢᠵᠢᠭᠤᠯᠤᠨ᠂ | ᠤᠯᠤᠰ ᠤᠨ ᠳᠡᠰ ᠤᠨ ᠰᠠᠭᠠᠯᠢ ᠶᠢᠨ ᠦᠨᠢᠶᠡᠨ ᠤ ᠭᠤᠤᠯᠯᠠᠬᠤ ᠡᠭᠦᠯᠳᠡᠷ ᠪᠤᠶᠢᠵᠢᠭᠤᠯᠬᠤ ᠲᠠᠯᠠᠪᠠᠢ ᠳᠤ ᠬᠦᠪᠦᠷᠡᠯ | ᠰᠢᠯᠵᠢᠭᠦᠯᠦᠨ᠂ ᠵᠢᠯ ᠪᠦᠷᠢ ᠰᠢᠯᠢᠳᠡᠭ ᠡᠭᠦᠯᠳᠡᠷ ᠤᠨ ᠪᠡᠯᠡᠳᠭᠡᠯ 240 ᠣᠷᠴᠢᠮ ᠲᠣᠯᠣᠭᠠᠢ᠂ ᠭᠤᠤᠯᠯᠠᠬᠤ | ᠡᠭᠦᠯᠳᠡᠷ ᠤᠨ ᠦᠨᠢᠶ᠎ᠡ 250 ᠲᠣᠯᠣᠭᠠᠶ ᠣᠷᠴᠢᠮ ᠢ ᠪᠦᠢᠵᠢᠭᠤᠯᠵᠣ᠂ ᠪᠥᠬᠦ ᠭᠧᠨ ᠤ ᠪᠦᠯᠦᠭ ᠢ ᠰᠣᠩᠭᠤᠬᠤ | ᠮᠡᠷᠭᠡᠵᠢᠯ ᠢᠶᠠᠷ 50-60 ᠲᠣᠯᠣᠭᠠᠶ ᠶᠢ ᠰᠣᠩᠭᠤᠨ ᠪᠤᠶᠢᠵᠢᠭᠤᠯᠵᠤ ᠪᠡᠯᠡᠳᠬᠡᠯ ᠦᠷ᠎ᠡ ᠶᠢᠨ ᠪᠤᠬ᠎ᠠ ᠳᠤ | ᠣᠷᠣᠭᠤᠯᠤᠨ᠎ᠠ︔ ᠵᠢᠯ ᠪᠦᠷᠢ ᠰᠠᠭᠠᠯᠢ ᠶᠢᠨ ᠦᠨᠢᠶ᠎ᠡ ᠶᠢᠨ ᠦᠷ᠎ᠡ ᠶᠢᠨ ᠬᠦᠪᠦᠷᠡᠯ ᠪᠠ ᠪᠡᠯᠭᠡ ᠶᠢᠨ ᠡᠵᠡᠮᠰᠢᠯᠲᠦ | ᠬᠦᠪᠦᠷᠡᠯ ᠢ ᠲᠤᠰ ᠪᠦᠷᠢ 3000 ᠪᠣᠶᠢᠵᠢᠭᠤᠯᠣᠨ᠎ᠠ᠃ | ︵ᠬᠤᠶᠠᠷ︶ ᠰᠠᠶᠢᠨ ᠡᠭᠦᠯᠳᠡᠷ ᠪᠤᠶᠢᠵᠢᠭᠤᠯᠬᠤ ᠲᠠᠯᠠᠪᠠᠢ ᠶᠢ ᠰᠢᠭᠰᠢᠨ ᠰᠣᠩᠭᠤᠵᠤ᠂ ᠰᠦ ᠰᠠᠶᠢᠲᠠᠢ | ᠰᠠᠭᠠᠯᠢ ᠶᠢᠨ ᠦᠨᠢᠶᠡᠨ ᠤ ᠭᠤᠤᠯᠯᠠᠬᠤ ᠰᠦᠷᠦᠭ ᠢ ᠪᠤᠶᠢᠵᠢᠭᠤᠯᠤᠨ᠎ᠠ | ᠭᠤᠤᠯᠯᠠᠬᠤ ᠡᠭᠦᠯᠳᠡᠷ ᠪᠤᠶᠢᠵᠢᠭᠤᠯᠬᠤ ᠲᠠᠯᠠᠪᠠᠶ ᠳᠤ ᠵᠢᠯ ᠪᠦᠷᠢ ᠦᠷ᠎ᠡ ᠶᠢᠨ ᠬᠦᠪᠦᠷᠡᠯ ᠪᠣᠯᠤᠨ ᠰᠦ | ᠰᠠᠶᠢᠲᠠᠢ ᠰᠠᠭᠠᠯᠢ ᠶᠢᠨ ᠦᠨᠢᠶ᠎ᠡ ᠶᠢᠨ ᠪᠡᠯᠭᠡ ᠶᠢᠨ ᠡᠵᠡᠮᠰᠢᠯᠳᠦ ᠬᠦᠪᠦᠷᠡᠯ ᠢ ᠰᠢᠯᠵᠢᠭᠦᠯᠦᠨ᠂ ᠰᠠᠶᠢᠨ ᠡᠭᠦᠯᠳᠡᠷ ᠤᠨ | ᠰᠠᠭᠠᠯᠢ ᠶᠢᠨ ᠦᠨᠢᠶ᠎ᠡ ᠶᠢ ᠪᠤᠶᠢᠵᠢᠭᠤᠯᠬᠤ ᠶᠢᠨ ᠬᠠᠮᠲᠤ ᠪᠦᠬᠦ ᠭᠧᠨ ᠤ ᠪᠦᠯᠦᠭ ᠢ ᠰᠢᠯᠭᠠᠨ ᠪᠠᠶᠢᠴᠠᠭᠠᠬᠤ ᠪᠠ | ᠤᠳᠤᠮᠰᠢᠯ ᠤᠨ ᠦᠨᠡᠯᠡᠨ ᠵᠢᠱᠢᠯᠲᠡ ᠬᠢᠵᠦ᠂ ᠭᠤᠤᠯᠯᠠᠬᠤ ᠡᠭᠦᠯᠳᠡᠷ ᠤᠨ ᠦᠨᠢᠶᠡᠨ ᠤ ᠰᠦᠷᠦᠭ ᠢ ᠪᠤᠶᠢᠵᠢᠭᠤᠯᠵᠤ᠂ | 6 ᠰᠠᠶᠢᠨ ᠡᠭᠦᠯᠳᠡᠷ ᠤᠨ ᠰᠠᠭᠠᠯᠢ ᠶᠢᠨ ᠦᠨᠢᠶ᠎ᠡ ᠦᠷᠡᠵᠢᠭᠦᠯᠬᠦ ᠲᠠᠯᠠᠪᠠᠢ ᠬᠦᠷᠲᠡᠯ᠎ᠡ ᠨᠥᠯᠥᠭᠡᠯᠡᠨ᠂ DHI ᠰᠢᠯᠭᠠᠨ | ᠪᠠᠶᠢᠴᠠᠭᠠᠯᠲᠠ ᠪᠠ ᠪᠦᠬᠦ ᠭᠧᠨ ᠤ ᠪᠦᠯᠦᠭ ᠤᠨ ᠰᠢᠯᠭᠠᠨ ᠪᠠᠶᠢᠴᠠᠭᠠᠯᠲᠠ ᠪᠠᠷ ᠳᠠᠮᠵᠢᠭᠤᠯᠤᠨ᠂ ᠰᠠᠭᠠᠯᠢ ᠶᠢᠨ | ᠦᠨᠢᠶᠡᠨ ᠤ ᠭᠠᠷᠣᠯᠳᠠ ᠰᠠᠶᠢᠲᠠᠢ ᠵᠢᠱᠢᠶ᠎ᠡ ᠦᠵᠡᠭᠦᠯᠬᠦ ᠭᠤᠤᠯ ᠰᠦᠷᠦᠭ ᠢ ᠪᠠᠶᠢᠭᠤᠯᠤᠨ᠎ᠠ᠃ | ︵ᠭᠤᠷᠪᠠ︶ ᠰᠠᠭᠠᠯᠢ ᠶᠢᠨ ᠦᠨᠢᠶᠡᠨ ᠤ ᠰᠠᠶᠢᠨ ᠡᠭᠦᠯᠳᠡᠷ ᠢ ᠪᠤᠶᠢᠵᠢᠭᠤᠯᠬᠤ ᠮᠡᠷᠭᠡᠵᠢᠯ ᠤᠨ ᠪᠦᠯᠬᠦᠮ ᠢ | ᠵᠣᠬᠢᠶᠠᠨ ᠪᠠᠶᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ | ᠬᠤᠪᠢᠷᠠᠭᠤᠯᠤᠯᠲᠠ ᠶᠢ ᠲᠦᠷᠭᠡᠳᠭᠡᠨ᠎ᠡ | ᠰᠠᠭᠠᠯᠢ ᠶᠢᠨ ᠦᠨᠢᠶᠡᠨ ᠤ ᠰᠠᠶᠢᠨ ᠡᠭᠦᠯᠳᠡᠷ ᠢ ᠪᠤᠶᠢᠵᠢᠭᠤᠯᠬᠤ ᠮᠡᠷᠭᠡᠵᠢᠯ ᠤᠨ ᠪᠦᠯᠬᠦᠮ ᠢ ᠵᠣᠬᠢᠶᠠᠨ | ᠪᠠᠶᠢᠭᠤᠯᠵᠤ᠂ ᠬᠡᠲᠦ ᠲᠣᠭᠠᠨ ᠤ ᠦᠨᠳᠡᠭᠡᠨ ᠡᠰ ᠢᠯᠭᠠᠷᠠᠭᠤᠯᠬᠤ — ᠬᠦᠪᠦᠷᠡᠯ ᠰᠢᠯᠵᠢᠭᠦᠯᠬᠦ᠂ ᠠᠮᠢᠳᠤ | ᠪᠡᠶ᠎ᠡ ᠠᠴᠠ ᠥᠨᠳᠡᠭᠡ ᠲᠡᠭᠦᠬᠦ — ᠪᠡᠶ᠎ᠡ ᠶᠢᠨ ᠭᠠᠳᠠᠨ᠎ᠠ ᠦᠷ᠎ᠡ ᠲᠣᠭᠲᠠᠬᠤ ᠮᠡᠷᠭᠡᠵᠢᠯ ᠢ ᠠᠵᠤ ᠦᠢᠯᠡᠰᠵᠢᠭᠦᠯᠬᠦ | ᠠᠵᠢᠯ ᠢ ᠥᠷᠨᠢᠭᠦᠯᠬᠦ ᠬᠡᠷᠡᠭᠲᠡᠶ᠃ ᠠᠮᠢᠳᠤ ᠪᠡᠶᠡᠲᠦ ᠠᠴᠠ ᠥᠨᠳᠡᠭᠡ ᠭᠠᠷᠭᠠᠨ ᠠᠪᠬᠤ — ᠪᠡᠶ᠎ᠡ ᠶᠢᠨ ᠭᠠᠳᠠᠨ᠎ᠠ | ᠦᠷ᠎ᠡ ᠲᠣᠭᠳᠠᠭᠠᠬᠤ ︵OUP-IVF︶ ᠮᠡᠷᠭᠡᠵᠢᠯ ᠢ ᠠᠰᠢᠭᠯᠠ ᠤᠯᠤᠰ ᠤᠨ ᠭᠤᠤᠯᠯᠠᠬᠤ ᠡᠭᠦᠯᠳᠡᠷ | ᠪᠤᠶᠢᠵᠢᠭᠤᠯᠬᠤ ᠲᠠᠯᠠᠪᠠᠢ ᠶᠢᠨ ᠭᠤᠤᠯᠯᠠᠬᠤ ᠰᠦ ᠰᠠᠶᠢᠲᠠᠢ ᠡᠭᠦᠯᠳᠡᠷ ᠤᠨ ᠦᠨᠢᠶᠡᠨ ᠤ ᠤᠳᠤᠮᠰᠢᠯ ᠤᠨ ᠳᠠᠯᠳᠠ | ᠬᠦᠴᠦᠨ ᠢ ᠠᠭᠤᠳᠠᠯᠵᠤ ᠂ ᠵᠢᠯ ᠪᠦᠷᠢ ᠰᠠᠭᠠᠯᠢ ᠶᠢᠨ ᠦᠨᠢᠶ᠎ᠡ ᠶᠢᠨ ᠦᠷ᠎ᠡ ᠶᠢᠨ ᠬᠦᠪᠦᠷᠡᠯ ᠪᠠ ᠰᠦ ᠰᠠᠶᠢᠲᠠᠢ | ᠦᠨᠢᠶ᠎ᠡ ᠶᠢᠨ ᠪᠡᠯᠭᠡ ᠶᠢᠨ ᠡᠵᠡᠮᠰᠢᠯᠳᠦ ᠬᠦᠪᠦᠷᠡᠯ᠂ ᠰᠢᠯᠢᠳᠡᠭ ᠡᠭᠦᠯᠳᠡᠷ ᠤᠨ ᠡᠬᠢ ᠪᠠᠶᠠᠯᠢᠭ ᠢ 6 ᠰᠠᠶᠢᠨ | ᠡᠭᠦᠯᠳᠡᠷ ᠪᠤᠶᠢᠵᠢᠭᠤᠯᠬᠤ ᠲᠠᠯᠠᠪᠠᠢ ᠬᠦᠷᠲᠡᠯ᠎ᠡ ᠳᠡᠯᠭᠡᠷᠡᠭᠦᠯᠵᠦ᠂ ᠪᠦᠬᠦ ᠭᠧᠨ ᠤ ᠪᠦᠯᠦᠭ ᠢᠶᠠᠷ ᠰᠣᠩᠭᠤᠭᠰᠠᠨ | ᠦᠨᠢᠶ᠎ᠡ ᠶᠢᠨ ᠰᠦ ᠪᠠᠭ᠎ᠠ ᠪᠡᠯᠡᠳᠭᠡᠯ ᠬᠦᠪᠦᠷᠡᠯ ᠬᠦᠯᠢᠶᠡᠭᠴᠢ ᠶᠢ ᠠᠰᠢᠭᠯᠠ᠂ ᠬᠦᠪᠦᠷᠡᠯ ᠰᠢᠯᠵᠢᠭᠦᠯᠬᠦ ᠪᠠᠷ | ᠳᠠᠮᠵᠢᠭᠤᠯᠬᠤ ᠰᠢᠯᠢᠳᠡᠭ ᠰᠠᠶᠢᠨ ᠭᠤᠤᠯᠯᠠᠬᠤ ᠰᠦ ᠰᠠᠶᠢᠲᠠᠢ ᠦᠨᠢᠶ᠎ᠡ ᠶᠢ ᠪᠦᠢᠵᠢᠭᠤᠯᠵᠣ᠂ ᠦᠬᠡᠷ ᠤᠨ | ᠰᠦᠷᠦᠭ ᠤᠨ ᠪᠦᠬᠦᠯᠢ ᠴᠣᠭᠴᠠ ᠶᠢᠨ ᠣᠳᠣᠮᠰᠢᠯ ᠤᠨ ᠲᠦᠪᠰᠢᠨ ᠢ ᠳᠡᠭᠡᠭᠰᠢᠯᠡᠭᠦᠯᠦᠨ᠎ᠡ᠃ | ︵ ᠳᠥᠷᠪᠡ︶ ᠰᠠᠭᠠᠯᠢ ᠶᠢᠨ ᠦᠨᠢᠶᠡᠨ ᠤ ᠡᠭᠦᠯᠳᠡᠷ ᠪᠤᠶᠢᠵᠢᠭᠤᠯᠬᠤ ᠲᠣᠮᠣ ᠳ᠋ᠠᠶᠢᠲ᠋ᠠ ᠲᠠᠪᠴᠠᠩ ᠢ | ᠪᠠᠶᠢᠭᠤᠯᠤᠨ᠎ᠠ | ᠠᠵᠤ ᠠᠬᠤᠶᠢᠯᠠᠯ ᠲᠦᠷᠦᠭᠦᠯᠡᠨ᠂ ᠵᠠᠰᠠᠭ ᠤᠨ ᠣᠷᠳᠣᠨ ᠠᠴᠠ ᠬᠢᠨᠠᠨ ᠬᠠᠮᠢᠶᠠᠷᠠᠭᠰᠠᠨ ᠰᠠᠭᠠᠯᠢ ᠶᠢᠨ | ᠦᠨᠢᠶᠡᠨ ᠤ ᠡᠭᠦᠯᠳᠡᠷ ᠪᠤᠶᠢᠵᠢᠭᠤᠯᠬᠤ ᠲᠣᠮᠣ ᠳ᠋ᠠᠶᠢᠲ᠋ᠠ ᠲᠠᠪᠴᠠᠩ ᠢ ᠪᠠᠶᠢᠭᠤᠯᠤᠨ᠎ᠠ᠃ ᠰᠦ ᠭᠠᠷᠬᠤ ᠴᠢᠳᠠᠪᠬᠢ ᠶᠢ | ᠬᠡᠮᠵᠢᠨ ᠲᠣᠭᠲᠠᠭᠠᠬᠤ ᠂ ᠪᠦᠬᠦ ᠭᠧᠨ ᠤ ᠪᠦᠯᠦᠭ ᠤᠨ ᠰᠢᠯᠭᠠᠨ ᠪᠠᠶᠢᠴᠠᠭᠠᠯᠲᠠ ᠳᠤ ᠣᠷᠣᠯᠴᠠᠬᠤ ᠰᠠᠭᠠᠯᠢ ᠶᠢᠨ | ᠦᠨᠢᠶᠡᠨ ᠤ ᠲᠤᠭ᠎ᠠ ᠶᠢ ᠠᠯᠬᠤᠮ ᠠᠯᠬᠤᠮ ᠢᠶᠠᠷ ᠥᠷᠭᠡᠳᠬᠡᠵᠦ᠂ ᠮᠠᠯᠵᠢᠯ ᠤᠨ ᠲᠠᠯᠠᠪᠠᠢ ᠳᠤ ᠨᠢᠭᠡ | ᠴᠣᠭᠴᠠᠵᠢᠭᠤᠯᠤᠭᠰᠠᠨ ᠦᠢᠯᠡᠴᠢᠯᠡᠭᠡ ᠬᠠᠩᠭᠠᠵᠤ ᠴᠢᠳᠠᠬᠤ ᠰᠢᠯᠭᠠᠨ ᠪᠠᠶᠢᠴᠠᠭᠠᠬᠤ ᠲᠥᠪ ᠢ ᠪᠦᠷᠢᠯᠳᠦᠭᠦᠯᠦᠨ᠎ᠠ᠃ 1 | ᠭᠤᠤᠯᠯᠠᠬᠤ ᠡᠭᠦᠯᠳᠡᠷ ᠪᠤᠶᠢᠵᠢᠭᠤᠯᠬᠤ ᠲᠠᠯᠠᠪᠠᠶ ᠪᠠ 6 ᠰᠠᠶᠢᠨ ᠡᠭᠦᠯᠳᠡᠷ ᠪᠤᠶᠢᠵᠢᠭᠤᠯᠬᠤ ᠲᠠᠯᠠᠪᠠᠶ ᠳᠤ ᠴᠥᠮ | ᠵᠢᠷᠤᠮᠵᠢᠯ ᠲᠠᠢ᠂ ᠰᠢᠰᠲ᠋ᠧᠮ ᠲᠠᠢ ᠪᠣᠳᠠᠭᠠᠯᠢ ᠪᠡᠶ᠎ᠡ ᠶᠢᠨ ᠰᠦ ᠭᠠᠷᠬᠤ ᠴᠢᠳᠠᠪᠬᠢ ᠶᠢ ᠬᠡᠮᠵᠢᠨ ᠲᠣᠭᠲᠠᠭᠠᠬᠤ ︵ | DHI︶ ᠶᠢ ᠬᠡᠷᠡᠭᠵᠢᠭᠦᠯᠵᠦ᠂ ᠵᠥᠪ ᠣᠨᠣᠪᠴᠢᠲᠠᠶ᠂ ᠪᠦᠷᠢᠨ ᠪᠦᠳᠦᠨ᠂ ᠨᠠᠶᠢᠳᠠᠪᠤᠷᠢᠲᠠᠶ ᠰᠦ ᠭᠠᠷᠬᠤ ᠴᠢᠳᠠᠪᠬᠢ | ᠶᠢᠨ ᠲᠤᠭ᠎ᠠ ᠪᠠᠷᠢᠮᠲᠠ ᠶᠢᠨ ᠲᠡᠮᠳᠡᠭᠯᠡᠯ ᠢ ᠣᠯᠵᠤ᠂ ᠪᠣᠳᠠᠭᠠᠯᠢ ᠪᠡᠶ᠎ᠡ ᠶᠢᠨ ᠤᠳᠤᠮᠰᠢᠯ ᠤᠨ ᠦᠨᠡᠯᠡᠨ ᠲᠣᠭᠲᠠᠭᠠᠯᠲᠠ | ᠪᠠ ᠪᠡᠶ᠎ᠡ ᠶᠢᠨ ᠬᠡᠯᠪᠡᠷᠢ ᠶᠢᠨ ᠬᠢᠨᠠᠨ ᠲᠣᠭᠲᠠᠭᠠᠯᠲᠠ ᠪᠠᠷ ᠳᠠᠮᠵᠢᠭᠤᠯᠤᠨ ᠰᠠᠶᠢᠨ ᠡᠭᠦᠯᠳᠡᠷ ᠢ ᠳᠠᠩᠰᠠᠯᠠᠬᠤ᠂ ᠡᠭᠦᠯᠳᠡᠷ | ᠰᠣᠩᠭᠤᠵᠤ ᠲᠣᠬᠢᠷᠠᠭᠤᠯᠬᠤ ᠵᠡᠷᠭᠡ ᠠᠵᠢᠯ ᠢ ᠬᠢᠨ᠎ᠡ᠃ ᠰᠦ ᠭᠠᠷᠬᠤ ᠬᠡᠮᠵᠢᠶ᠎ᠡ᠂ ᠰᠦᠨ ᠲᠣᠰᠣᠨ ᠤ ᠬᠡᠮᠵᠢᠶ᠎ᠡ᠂ | ᠰᠦᠨ ᠤ ᠤᠭᠤᠷᠠᠭ ᠤᠨ ᠬᠡᠮᠵᠢᠶ᠎ᠡ᠂ ᠪᠡᠶ᠎ᠡ ᠶᠢᠨ ᠱᠣᠭᠤᠮᠣᠨ ᠬᠡᠯᠪᠡᠷᠢ ᠭᠠᠳᠠᠷ ᠪᠠᠶᠢᠳᠠᠯ ᠤᠨ ᠦᠨᠡᠯᠡᠯᠳᠡ ᠶᠢᠨ | ᠬᠤᠪᠢ ᠪᠠᠷ ᠭᠤᠣᠯ ᠲᠤᠭ᠎ᠠ ᠪᠠᠷᠢᠮᠲᠠ ᠪᠣᠯᠭᠠᠨ ᠵᠠᠳᠠᠯᠤᠯᠲᠠ ᠬᠢᠵᠦ᠂ ᠡᠭᠦᠨ ᠤ ᠬᠠᠮᠲᠤ ᠬᠦᠪᠦᠷᠡᠯ ᠰᠢᠯᠵᠢᠭᠦᠯᠬᠦ | ᠮᠡᠷᠭᠡᠵᠢᠯ ᠪᠠ ᠨᠠᠷᠢᠯᠢᠭᠵᠢᠭᠤᠯᠤᠭᠰᠠᠨ ᠡᠭᠦᠯᠳᠡᠷ ᠰᠣᠩᠭᠤᠨ ᠲᠤᠬᠢᠷᠠᠭᠤᠯᠬᠤ ᠦᠢᠯᠡᠴᠢᠯᠡᠭᠡ ᠲᠠᠢ ᠤᠶᠠᠯᠳᠤᠭᠤᠯᠤᠨ᠂ | ᠰᠠᠭᠠᠯᠢ ᠶᠢᠨ ᠦᠨᠢᠶᠡᠨ ᠤ ᠡᠭᠦᠯᠳᠡᠷ ᠪᠤᠶᠢᠵᠢᠭᠤᠯᠬᠤ ᠶᠢ ᠣᠯᠠᠨ ᠤᠯᠤᠰ ᠯᠤᠭ᠎ᠠ ᠵᠣᠯᠭᠠᠭᠤᠯᠵᠤ᠂ ᠰᠠᠶᠢᠨ ᠡᠭᠦᠯᠳᠡᠷ | ᠪᠤᠶᠢᠵᠢᠭᠤᠯᠬᠤ ᠲᠠᠯᠠᠪᠠᠢ ᠶᠢᠨ ᠪᠡᠯᠡᠳᠬᠡᠯ ᠦᠨᠢᠶ᠎ᠡ ᠶᠢᠨ ᠤᠳᠤᠮᠰᠢᠯ ᠤᠨ ᠠᠬᠢᠴᠠ ᠶᠢ ᠳᠡᠭᠡᠭᠰᠢᠯᠡᠭᠦᠯᠦᠨ᠎ᠡ᠃ | ᠲᠠᠪᠤ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ︵ᠨᠢᠭᠡ︶ ᠬᠥᠭᠵᠢᠯᠲᠡ ᠶᠢᠨ ᠴᠢᠭᠯᠡᠯ ᠢ ᠲᠣᠳᠣᠷᠬᠠᠶᠢᠯᠠᠨ᠎ᠠ᠃ ᠣᠳᠣ ᠦᠶ᠎ᠡ ᠶᠢᠨ ᠰᠦ ᠶᠢᠨ ᠦᠢᠯᠡᠰ ᠤᠨ | ᠬᠥᠭᠵᠢᠯᠲᠡ ᠶᠢᠨ ᠱᠠᠭᠠᠷᠳᠠᠯᠭ᠎ᠠ ᠶᠣᠰᠣᠭᠠᠷ᠂ ᠭᠤᠤᠯᠳᠠᠯᠭ᠎ᠠ ᠪᠠᠨ ᠳᠣᠪᠣᠶᠢᠯᠭᠠᠨ᠂ ᠵᠦᠶ ᠵᠣᠬᠢᠰᠲᠠᠶ | ᠲᠥᠯᠥᠪᠵᠢᠭᠦᠯᠦᠨ᠎ᠡ᠃ ᠲᠤᠰᠬᠠᠶ ᠮᠡᠷᠭᠡᠵᠢᠯ ᠤᠨ ᠠᠵᠢᠯᠲᠠᠨ ᠢ ᠵᠣᠬᠢᠶᠠᠨ ᠪᠠᠶᠢᠭᠤᠯᠤᠨ ᠦᠨᠳᠦᠰᠦᠨ ᠱᠠᠲᠤᠨ ᠳᠤ | ᠭᠦᠨᠵᠡᠭᠡᠶᠢᠷᠡᠨ᠂ ᠰᠠᠭᠤᠷᠢ ᠲᠤᠭ᠎ᠠ ᠶᠢ ᠲᠣᠳᠣᠷᠬᠠᠶ ᠣᠶᠢᠯᠠᠭᠠᠵᠤ᠂ ᠣᠳᠣ ᠶᠢᠨ ᠪᠠᠶᠢᠭ᠎ᠠ ᠰᠠᠭᠤᠷᠢᠨ ᠳᠡᠭᠡᠷ᠎ᠡ | ᠴᠡᠭᠴᠡᠯᠡᠵᠦ᠂ ᠲᠡᠭᠦᠯᠳᠡᠷᠵᠢᠭᠦᠯᠵᠦ᠂ ᠬᠥᠭᠵᠢᠭᠦᠯᠵᠦ᠂ ᠰᠠᠭᠠᠯᠢ ᠶᠢᠨ ᠦᠨᠢᠶᠡᠨ ᠤ ᠰᠠᠶᠢᠨ ᠡᠭᠦᠯᠳᠡᠷ ᠢ ᠪᠤᠶᠢᠵᠢᠭᠤᠯᠬᠤ | ᠰᠧᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠶᠢᠨ ᠬᠥᠭᠵᠢᠯᠲᠡ ᠶᠢᠨ ᠴᠢᠭᠯᠡᠯ ᠢ ᠲᠣᠳᠣᠷᠬᠠᠶᠢᠯᠠᠨ᠎ᠠ᠃ | ︵ᠬᠤᠶᠠᠷ︶ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠴᠢᠩᠭᠠᠳᠬᠠᠨ᠎ᠠ᠃ ᠦᠷ᠎ᠡ ᠶᠢᠨ ᠮᠠᠯ ᠤᠨ | ᠦᠢᠯᠡᠳᠪᠦᠷᠢᠯᠡᠯ ᠤᠨ ᠪᠦᠲᠦᠮᠵᠢᠲᠡᠶ ᠬᠠᠮᠢᠶᠠᠷᠤᠯᠲᠠ ᠶᠢ ᠴᠢᠩᠭᠠᠳᠬᠠᠵᠤ᠂ ᠤᠳᠤᠷᠢᠳᠤᠯᠭ᠎ᠠ ᠪᠠᠨ ᠴᠢᠩᠭᠠᠳᠬᠠᠵᠤ᠂ | ᠥᠨᠳᠥᠷ ᠭᠠᠷᠣᠯᠳᠠ ᠲᠠᠢ ᠭᠤᠤᠯᠯᠠᠬᠤ ᠰᠦᠷᠦᠭ ᠤᠨ ᠪᠠᠶᠢᠭᠤᠯᠤᠯᠲᠠ ᠶᠢᠨ ᠤᠳᠤᠷᠢᠳᠬᠤ ᠳᠣᠭᠤᠶᠢᠯᠠᠩ ᠢ | ᠪᠠᠶᠢᠭᠤᠯᠤᠨ᠎ᠠ᠃ ᠬᠤᠪᠢᠳᠠᠨ ᠬᠠᠮᠢᠶᠠᠷᠴᠤ ᠪᠦᠬᠦᠢ ᠬᠤᠲᠠ ᠶᠢᠨ ᠳᠠᠷᠤᠭ᠎ᠠ ᠪᠠᠷ ᠳᠤᠭᠤᠶᠢᠯᠠᠩ ᠤᠨ ᠳᠠᠷᠤᠭ᠎ᠠ ᠪᠣᠯᠭᠠᠵᠤ | ᠂ ᠠᠯᠪᠠᠨ ᠭᠡᠷ ᠢ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠳᠤ ᠭᠠᠷᠭᠠᠵᠤ᠂ ᠠᠯᠪᠠᠨ ᠭᠡᠷ ᠨᠢ | ᠬᠤᠲᠠ ᠶᠢᠨ ᠱᠠᠲᠤᠨ ᠤ ᠮᠠᠯ ᠵᠢᠭᠦᠷᠲᠡᠨ ᠤ ᠰᠠᠶᠢᠨ ᠡᠭᠦᠯᠳᠡᠷ ᠢ ᠪᠤᠶᠢᠵᠢᠭᠤᠯᠬᠤ ᠰᠧᠰᠲ᠋ᠧᠮᠵᠢ ᠶᠢᠨ | ᠪᠠᠶᠢᠭᠤᠯᠤᠯᠲᠠ ᠶᠢᠨ ᠶᠡᠷᠦᠩᠬᠡᠶ ᠮᠡᠷᠭᠡᠵᠢᠯ ᠤᠨ ᠱᠤᠭᠤᠮ ᠢ ᠲᠣᠭᠲᠠᠭᠠᠬᠤ᠂ ᠬᠤᠲᠠ ᠶᠢᠨ ᠳᠡᠰ ᠤᠨ ᠡᠭᠦᠯᠳᠡᠷ ᠤᠨ | ᠮᠠᠯ ᠤᠨ ᠲᠠᠯᠠᠪᠠᠶ ᠶᠢᠨ ᠪᠦᠲᠦᠭᠡᠨ ᠪᠠᠶᠢᠭᠤᠯᠤᠯᠳᠠ ᠶᠢ ᠳᠦᠯᠤᠪᠵᠢᠭᠦᠯᠬᠦ ᠬᠢᠭᠡᠳ ᠬᠢᠨᠠᠨ ᠬᠠᠮᠢᠶᠠᠷᠬᠤ ᠠᠵᠢᠯ ᠢ | ᠬᠠᠷᠢᠭᠤᠴᠠᠨ᠎ᠠ᠃ ᠡᠯ᠎ᠡ ᠬᠤᠰᠢᠭᠤ ᠰᠢᠶᠠᠨ ᠲᠣᠭᠤᠷᠢᠭ ᠤᠨ ᠮᠠᠯ ᠠᠵᠤ ᠠᠬᠤᠶ ᠮᠠᠯ ᠡᠮᠨᠡᠯᠭᠡ ᠶᠢᠨ ᠭᠤᠣᠯᠯᠠᠨ | ᠬᠠᠮᠢᠶᠠᠷᠬᠤ ᠰᠠᠯᠠᠭ᠎ᠠ ᠮᠦᠴᠢᠷ ᠤᠳ ᠪᠦᠬᠦ ᠬᠤᠲᠠ ᠶᠢᠨ ᠨᠢᠭᠡᠳᠦᠯᠲᠡᠢ ᠲᠥᠯᠥᠪᠵᠢᠭᠦᠯᠭᠡ ᠶᠢᠨ ᠱᠠᠭᠠᠷᠳᠠᠯᠭ᠎ᠠ | ᠶᠣᠰᠣᠭᠠᠷ᠂ ᠲᠣᠰ ᠬᠠᠷᠢᠶ᠎ᠠ ᠣᠷᠣᠨ ᠤ ᠪᠠᠨ ᠰᠠᠭᠠᠯᠢ ᠶᠢᠨ ᠦᠨᠢᠶᠡᠨ ᠤ ᠰᠠᠶᠢᠨ ᠡᠭᠦᠯᠳᠡᠷ ᠢ ᠪᠤᠶᠢᠵᠢᠭᠤᠯᠬᠤ | ᠰᠧᠰᠲ᠋ᠧᠮᠵᠢ ᠶᠢᠨ ᠪᠠᠶᠢᠭᠤᠯᠤᠯᠲᠠ ᠶᠢᠨ ᠲᠥᠯᠥᠪᠵᠢᠭᠦᠯᠭᠡ ᠶᠢ ᠬᠢᠨᠠᠮᠠᠭᠠᠶ ᠰᠠᠶᠢᠲᠤᠷ ᠬᠢᠵᠦ᠂ ᠬᠠᠷᠠᠭᠠᠯᠵᠠᠭᠰᠠᠨ | ᠤᠳᠤᠷᠢᠳᠬᠤ ᠳᠤᠭᠤᠶᠢᠯᠠᠩ ᠪᠠᠶᠢᠭᠤᠯᠬᠤ ᠬᠡᠷᠡᠭᠲᠡᠶ᠃ ᠰᠢᠶᠠᠨ ᠤ ᠱᠠᠲᠤᠨ ᠤ ᠮᠠᠯ ᠡᠮᠨᠡᠯᠭᠡ ᠶᠢᠨ ᠭᠤᠤᠯᠯᠠᠨ | ᠬᠠᠮᠢᠶᠠᠷᠬᠤ ᠰᠠᠯᠠᠭ᠎ᠠ ᠮᠥᠴᠢᠷ ᠬᠠᠷᠢᠶ᠎ᠠ ᠣᠷᠣᠨ ᠤ ᠪᠠᠨ ᠳᠣᠲᠣᠷᠠᠬᠢ ᠡᠭᠦᠯᠳᠡᠷ ᠤᠨ ᠮᠠᠯ ᠤᠨ ᠲᠠᠯᠠᠪᠠᠶ ᠶᠢᠨ ᠬᠢᠨᠠᠯᠲᠠ | ᠬᠠᠮᠢᠶᠠᠷᠤᠯᠲᠠ ᠵᠢᠴᠢ ᠵᠤᠬᠢᠶᠠᠮᠠᠯ ᠭᠡᠭᠡᠯᠳᠦᠭᠦᠯᠦᠯᠭᠡ ᠶᠢᠨ ᠥᠷᠲᠡᠭᠡ ᠶᠢᠨ ᠪᠦᠲᠦᠭᠡᠨ ᠪᠠᠶᠢᠭᠤᠯᠤᠯᠳᠠ ᠶᠢᠨ | ᠲᠥᠯᠥᠪᠵᠢᠭᠦᠯᠭᠡ ᠬᠢᠭᠡᠳ ᠬᠢᠨᠠᠯᠲᠠ ᠬᠠᠮᠢᠶᠠᠷᠣᠯᠳᠠ ᠶᠢᠨ ᠠᠵᠢᠯ ᠢ ᠬᠠᠷᠢᠭᠤᠴᠠᠨ᠎ᠠ᠃ | ︵ᠭᠤᠷᠪᠠ︶ ᠣᠷᠣᠭᠤᠯᠤᠯᠲᠠ ᠶᠢᠨ ᠡᠷᠴᠢᠮ ᠢᠶᠠᠨ ᠨᠡᠮᠡᠭᠳᠡᠭᠦᠯᠬᠦ ᠬᠡᠷᠡᠭᠲᠡᠶ᠃ ᠡᠯ᠎ᠡ ᠱᠠᠲᠤᠨ ᠤ ᠡᠳ᠋ ᠤᠨ | ᠵᠠᠰᠠᠭ ᠤᠨ ᠰᠦ ᠰᠠᠶᠢᠲᠠᠢ ᠰᠠᠭᠠᠯᠢ ᠶᠢᠨ ᠦᠨᠢᠶᠡᠨ ᠤ ᠰᠠᠶᠢᠨ ᠡᠭᠦᠯᠳᠡᠷ ᠢ ᠪᠦᠢᠵᠢᠭᠤᠯᠬᠤ ᠰᠧᠰᠲ᠋ᠧᠮᠵᠢ ᠶᠢᠨ | ᠪᠦᠳᠦᠭᠡᠨ ᠪᠠᠶᠢᠭᠤᠯᠤᠯᠲᠠ ᠳᠠᠬᠢ ᠣᠷᠣᠭᠤᠯᠤᠯᠲᠠ ᠪᠠᠨ ᠨᠡᠮᠡᠭᠳᠡᠭᠦᠯᠬᠦ ᠪᠠᠷ ᠴᠢᠷᠮᠠᠶᠢᠵᠤ᠂ ᠲᠥᠷᠥᠯ ᠵᠦᠢᠯ ᠤᠨ | ᠬᠠᠮᠢᠶᠠᠷᠤᠯᠲᠠ ᠶᠢ ᠴᠢᠩᠭᠠᠷᠠᠭᠤᠯᠵᠤ᠂ ᠲᠥᠷᠥᠯ ᠵᠦᠢᠯ ᠤᠨ ᠤᠷᠤᠭᠰᠢᠲᠠᠶ ᠬᠡᠷᠡᠭᠵᠢᠭᠦᠯᠦᠭᠳᠡᠬᠦ ᠶᠢ ᠦᠨᠡᠨᠬᠦ | ᠪᠠᠲᠤᠯᠠᠵᠤ᠂ ᠰᠠᠶᠢᠨ ᠡᠭᠦᠯᠳᠡᠷ ᠢ ᠪᠤᠶᠢᠵᠢᠭᠤᠯᠬᠤ ᠰᠧᠰᠲ᠋ᠧᠮᠵᠢ ᠶᠢᠨ ᠪᠠᠶᠢᠭᠤᠯᠤᠯᠲᠠ ᠶᠢ ᠬᠥᠲᠥᠯᠥᠨ ᠵᠢᠯᠣᠭᠤᠳᠬᠤ | ᠴᠢᠨᠠᠷᠲᠠᠶ ᠬᠥᠭᠵᠢᠭᠦᠯᠦᠨ᠎ᠡ᠃ ᠨᠡᠶᠢᠭᠡᠮ ᠤᠨ ᠪᠡᠯᠡ ᠮᠥᠩᠭᠦ ᠶᠢ ᠰᠠᠶᠢᠨ ᠡᠭᠦᠯᠳᠡᠷ ᠪᠤᠶᠢᠵᠢᠭᠤᠯᠬᠤ ᠰᠧᠰᠲ᠋ᠧᠮᠵᠢ ᠶᠢᠨ | ᠪᠠᠶᠢᠭᠤᠯᠤᠯᠲᠠ ᠳᠤ ᠣᠷᠣᠭᠤᠯᠬᠤ ᠶᠢ ᠵᠣᠷᠢᠭᠵᠢᠭᠤᠯᠬᠤ ᠪᠠ ᠬᠥᠲᠥᠯᠥᠨ ᠵᠢᠯᠣᠭᠤᠳᠴᠤ᠂ ᠣᠯᠠᠨ ᠠᠷᠭ᠎ᠠ ᠵᠠᠮ ᠢᠶᠠᠷ | ᠪᠡᠯᠡ ᠣᠷᠣᠭᠤᠯᠤᠯᠲᠠ ᠶᠢ ᠲᠣᠬᠢᠷᠠᠭᠤᠯᠤᠨ᠂ ᠰᠠᠶᠢᠨ ᠡᠭᠦᠯᠳᠡᠷ ᠢ ᠪᠤᠶᠢᠵᠢᠭᠤᠯᠬᠤ ᠰᠧᠰᠲ᠋ᠧᠮᠵᠢ ᠶᠢᠨ | ᠪᠠᠶᠢᠭᠤᠯᠤᠯᠲᠠ ᠶᠢ ᠲᠦᠷᠭᠡᠳᠬᠡᠨ᠎ᠡ᠃ | ︵ᠳᠥᠷᠪᠡ︶ ᠦᠷ᠎ᠡ ᠶᠢᠨ ᠮᠠᠯ ᠵᠢᠭᠦᠷᠲᠡᠨ ᠤ ᠬᠠᠮᠢᠶᠠᠷᠤᠯᠲᠠ ᠶᠢᠨ ᠠᠵᠢᠯ ᠤᠨ ᠲᠣᠭᠲᠠᠴᠠ ᠳᠤ ᠰᠢᠨ᠎ᠡ ᠶᠢ | ᠡᠭᠦᠳᠦᠨ᠎ᠡ᠃ ᠬᠦᠳᠡᠭᠡ ᠠᠵᠦ ᠠᠬᠤᠢ ᠶᠢᠨ ᠶᠠᠮᠤᠨ ᠤ ︽ᠰᠢᠯᠢᠳᠡᠭ ᠰᠠᠶᠢᠨ ᠡᠭᠦᠯᠳᠡᠷ ᠤᠨ ᠮᠠᠯ ᠢ ᠳᠠᠩᠰᠠᠯᠠᠬᠤ | ᠳᠦᠷᠢᠮ︾ ᠢ ᠦᠨᠳᠦᠰᠦᠯᠡᠨ᠂ ᠰᠠᠭᠠᠯᠢ ᠶᠢᠨ ᠦᠨᠢᠶᠡᠨ ᠤ ᠲᠣᠤᠷ ᠰᠦᠯᠵᠢᠶ᠎ᠡ ᠶᠢᠨ ᠮᠡᠳᠡᠭᠡ ᠵᠠᠩᠭᠢᠵᠢᠯᠲᠠ ᠶᠢᠨ | ᠲᠠᠪᠴᠠᠩ ᠢ ᠪᠠᠶᠢᠭᠤᠯᠵᠤ᠂ ᠰᠦ ᠰᠠᠶᠢᠲᠠᠢ ᠰᠠᠭᠠᠯᠢ ᠶᠢᠨ ᠦᠨᠢᠶᠡᠨ ᠤ ᠰᠢᠯᠢᠳᠡᠭ ᠪᠣᠳᠠᠭᠠᠯᠢ ᠪᠡᠶ᠎ᠡ ᠶᠢᠨ ᠳᠠᠩᠰᠠᠯᠠᠯ ᠢ | ᠵᠣᠬᠢᠶᠠᠨ ᠪᠠᠶᠢᠭᠤᠯᠣᠨ ᠥᠷᠨᠢᠭᠦᠯᠵᠦ᠂ ᠦᠷᠭᠦᠯᠵᠢᠯᠡᠭᠰᠡᠨ ᠪᠦᠷᠢᠨ ᠪᠦᠲᠦᠨ ᠦᠷ᠎ᠡ ᠶᠢᠨ ᠮᠠᠯ ᠤᠨ ᠤᠳᠤᠮ ᠤᠨ | ᠳᠠᠩᠰᠠ ᠡᠪᠬᠡᠮᠡᠯ ᠢ ᠠᠯᠬᠤᠮ ᠠᠯᠬᠤᠮ ᠢᠶᠠᠷ ᠪᠦᠷᠢᠯᠳᠦᠭᠦᠯᠬᠦ ᠬᠡᠷᠡᠭᠲᠡᠶ᠃ ᠰᠠᠭᠠᠯᠢ ᠶᠢᠨ ᠦᠨᠢᠶᠡᠨ ᠤ DHI ᠶᠢ | ᠬᠡᠮᠵᠢᠨ ᠲᠣᠭᠲᠠᠭᠠᠬᠤ ᠠᠵᠢᠯ ᠢ ᠢᠳᠡᠪᠬᠢᠲᠡᠶ ᠪᠠᠷ ᠲᠦᠯᠬᠢᠨ ᠠᠬᠢᠭᠤᠯᠵᠤ᠂ ᠰᠦ ᠭᠠᠷᠬᠤ ᠴᠢᠳᠡᠪᠬᠢ ᠶᠢ ᠬᠡᠮᠵᠢᠨ | ᠲᠣᠭᠲᠠᠭᠠᠬᠤ ᠠᠵᠢᠯ ᠢ ᠪᠦᠬᠦ ᠲᠠᠯ᠎ᠠ ᠪᠠᠷ ᠥᠷᠨᠢᠭᠦᠯᠵᠦ᠂ ᠰᠠᠭᠠᠯᠢ ᠶᠢᠨ ᠦᠨᠢᠶᠡᠨ ᠤ ᠡᠭᠦᠯᠳᠡᠷ ᠪᠤᠶᠢᠵᠢᠭᠤᠯᠤᠯᠳᠠ ᠶᠢ | ᠴᠢᠨᠠᠷ ᠰᠠᠶᠢᠲᠠᠶ᠂ ᠥᠨᠳᠥᠷ ᠬᠢᠷᠢ ᠲᠦᠪᠰᠢᠨ ᠲᠡᠰᠢ ᠬᠦᠭᠵᠢᠭᠦᠯᠬᠦ ᠶᠢ ᠲᠦᠯᠬᠢᠨ ᠠᠬᠢᠭᠤᠯᠤᠨ᠎ᠠ᠃ | ︵ᠲᠠᠪᠤ︶ ᠦᠷ᠎ᠡ ᠶᠢᠨ ᠮᠠᠯ ᠵᠢᠭᠦᠷᠲᠡᠨ ᠤ ᠦᠢᠯᠡᠳᠪᠦᠷᠢᠯᠡᠯ ᠡᠵᠡᠩᠨᠡᠯᠲᠡ ᠬᠠᠮᠢᠶᠠᠷᠤᠯᠲᠠ ᠶᠢ ᠴᠢᠩᠭᠠᠷᠠᠭᠤᠯᠬᠤ | ᠬᠡᠷᠡᠭᠲᠡᠢ᠃ ᠦᠷ᠎ᠡ ᠶᠢᠨ ᠮᠠᠯ ᠤᠨ ᠬᠠᠮᠢᠶᠠᠷᠤᠯᠲᠠ ᠶᠢ ᠦᠨᠡᠨᠬᠦ ᠴᠢᠩᠭᠠᠳᠬᠠᠬᠤ ᠬᠡᠷᠡᠭᠲᠡᠶ᠃ ᠥᠪᠡᠷᠲᠡᠭᠡᠨ ᠵᠠᠰᠠᠬᠤ | ᠣᠷᠣᠨ ᠤ ᠵᠠᠰᠠᠭ ᠤᠨ ᠣᠷᠳᠣᠨ ᠤ ᠨᠡᠶᠢᠲᠡᠯᠡᠭᠰᠡᠨ ︽ᠦᠷ᠎ᠡ ᠶᠢᠨ ᠮᠠᠯ ᠵᠢᠭᠦᠷᠲᠡᠨ ᠢ ᠦᠢᠯᠡᠳᠪᠦᠷᠢᠯᠡᠵᠦ ᠡᠵᠡᠩᠨᠡᠬᠦ | ᠵᠥᠪᠰᠢᠶᠡᠷᠡᠯ ᠤᠨ ᠦᠨᠡᠮᠯᠡᠯ︾ ᠶᠣᠰᠣᠭᠠᠷ ᠬᠠᠮᠢᠶᠠᠷᠤᠯᠲᠠ ᠶᠢᠨ ᠡᠷᠬᠡ ᠮᠡᠳᠡᠯ ᠢ ᠣᠯᠭᠤᠵᠤ᠂ ᠱᠠᠲᠤ ᠬᠤᠪᠢᠶᠠᠨ | ᠬᠠᠮᠢᠶᠠᠷᠴᠤ ᠬᠠᠷᠢᠭᠤᠴᠠᠬᠤ᠂ ᠰᠦᠯᠵᠢᠶᠡᠨ ᠳᠡᠭᠡᠷ᠎ᠡ ᠨᠡᠶᠢᠲᠡᠯᠡᠬᠦ᠂ ᠰᠦᠯᠵᠢᠶᠡᠨ ᠳᠡᠭᠡᠷ᠎ᠡ ᠯᠠᠪᠯᠠᠬᠤ᠂ | ᠵᠠᠭᠤᠴᠢᠯᠠᠭᠤᠷ ᠢᠶᠠᠷ ᠵᠠᠷᠯᠠᠨ ᠨᠡᠶᠢᠲᠡᠯᠡᠬᠦ ᠵᠡᠷᠭᠡ ᠬᠠᠮᠢᠶ᠎ᠠ ᠪᠦᠬᠦᠢ ᠳᠦᠷᠢᠮ ᠢ ᠨᠠᠷᠢᠨ ᠬᠢᠨᠠᠮᠠᠭᠠᠢ | ᠨᠠᠶᠢᠳᠠᠪᠦᠷᠢᠵᠢᠭᠤᠯᠵᠤ᠂ ᠰᠢᠯᠭᠠᠨ ᠠᠪᠬᠤ ᠳᠡᠰ ᠳᠠᠷᠠᠭᠠᠯᠠᠯ ᠢ ᠨᠢᠭᠡᠳᠦᠯᠲᠡᠶ ᠪᠣᠯᠭᠠᠵᠤ᠂ ᠨᠢᠭᠡᠳᠦᠯᠲᠡᠶ ᠬᠢᠨᠠᠨ | ᠵᠥᠪᠰᠢᠶᠡᠷᠡᠵᠦ ᠦᠨᠡᠮᠯᠡᠯ ᠣᠯᠭᠤᠨ᠂ ᠡᠭᠦᠯᠳᠡᠷ ᠤᠨ ᠮᠠᠯ ᠤᠨ ᠲᠠᠯᠠᠪᠠᠢ ᠶᠢᠨ ᠬᠦᠴᠦᠨ ᠪᠦᠬᠦᠢ ᠦᠨᠡᠮᠯᠡᠯ ᠲᠠᠢ | ᠪᠠᠶᠢᠬᠤ ᠨᠣᠷᠮ᠎ᠠ ᠶᠢ 100% ᠳᠤ ᠬᠦᠷᠦᠭᠦᠯᠬᠦ ᠶᠢ ᠦᠨᠡᠨᠬᠦ ᠪᠠᠲᠤᠯᠠᠬᠤ ᠬᠡᠷᠡᠭᠲᠡᠶ᠃ ᠬᠠᠤᠯᠢ ᠬᠡᠷᠡᠭᠵᠢᠭᠦᠯᠬᠦ | ᠡᠷᠴᠢᠮ ᠢᠶᠠᠨ ᠴᠢᠩᠭᠠᠷᠠᠭᠤᠯᠵᠤ᠂ ᠬᠤᠲᠠ᠂ ᠰᠢᠶᠠᠨ ᠤ ᠬᠠᠮᠲᠤᠷᠠᠨ ᠬᠠᠤᠯᠢ ᠬᠡᠷᠡᠭᠵᠢᠭᠦᠯᠬᠦ ᠶᠡᠭᠡ ᠪᠠᠶᠢᠴᠠᠭᠠᠯᠲᠠ ᠶᠢᠨ | ᠠᠵᠢᠯ ᠤᠨ ᠲᠣᠭᠲᠠᠴᠠ ᠶᠢ ᠡᠬᠢᠯᠡᠭᠦᠯᠵᠦ᠂ ᠦᠷ᠎ᠡ ᠶᠢᠨ ᠮᠠᠯ ᠵᠢᠭᠦᠷᠲᠡᠨ ᠤ ᠦᠢᠯᠡᠳᠪᠦᠷᠢᠯᠡᠯ ᠡᠵᠡᠩᠨᠡᠯᠲᠡ ᠶᠢᠨ | ᠲᠤᠰᠬᠠᠶ ᠵᠦᠢᠯ ᠤᠨ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ ᠲᠣᠭᠲᠠᠮᠠᠯ ᠬᠤᠭᠤᠴᠠᠭ᠎ᠠ ᠲᠠᠢ ᠪᠠᠷ | ᠵᠣᠬᠢᠶᠠᠨ ᠪᠠᠶᠢᠭᠤᠯᠤᠨ ᠥᠷᠨᠢᠭᠦᠯᠵᠦ᠂ ᠬᠤᠳᠠᠯ ᠬᠠᠭᠤᠷᠮᠠᠭ ᠴᠢᠨᠠᠷ ᠮᠠᠭᠤ ᠦᠷ᠎ᠡ ᠶᠢᠨ ᠮᠠᠯ ᠤᠨ ᠬᠡᠷᠡᠭ ᠢ ᠡᠷᠡᠰ | ᠪᠠᠶᠢᠴᠠᠭᠠᠨ ᠰᠢᠢᠳᠪᠦᠷᠢᠯᠡᠨ᠎ᠡ᠃ ᠦᠷ᠎ᠡ ᠶᠢᠨ ᠮᠠᠯ ᠤᠨ ᠦᠢᠯᠡᠳᠪᠦᠷᠢᠯᠡᠨ ᠡᠵᠡᠩᠨᠡᠯᠳᠡ ᠪᠠ ᠭᠠᠳᠠᠭᠠᠳᠤ ᠠᠴᠠ | ᠣᠷᠣᠭᠤᠯᠵᠤ ᠭᠠᠳᠠᠭᠠᠳᠤ ᠳᠤ ᠭᠠᠷᠭᠠᠬᠤ ᠶᠢ ᠬᠢᠨᠠᠨ ᠵᠥᠪᠰᠢᠶᠡᠷᠡᠬᠦ ᠵᠥᠪᠰᠢᠶᠡᠷᠡᠯ ᠢ ᠴᠢᠩᠳᠠᠯᠠᠵᠤ᠂ ᠳᠣᠷᠣᠢ ᠦᠶ᠎ᠡ | ᠪᠦᠯᠦᠭ ᠤᠨ ᠪᠠ ᠡᠷᠯᠢᠰᠡᠵᠢᠭᠦᠯᠦᠭᠰᠡᠨ ᠡᠭᠦᠯᠳᠡᠷ ᠤᠨ ᠮᠠᠯ ᠣᠷᠣᠭᠤᠯᠬᠤ ᠶᠢ ᠡᠷᠡᠰ ᠬᠤᠷᠢᠭᠯᠠᠬᠤ ᠬᠡᠷᠡᠭᠲᠡᠶ᠃ | ᠡᠭᠦᠯᠳᠡᠷ ᠤᠨ ᠮᠠᠯ ᠤᠨ ᠶᠠᠰᠤ ᠴᠢᠨᠠᠷ ᠢ ᠬᠢᠨᠠᠨ ᠬᠡᠮᠵᠢᠬᠦ ᠲᠥᠯᠥᠪᠯᠡᠭᠡ ᠶᠢ ᠲᠣᠭᠲᠠᠭᠠᠵᠤ᠂ ᠮᠡᠷᠭᠡᠵᠢᠯ ᠤᠨ | ᠠᠵᠢᠯᠳᠠᠨ ᠤ ᠪᠣᠯᠪᠠᠰᠤᠷᠠᠭᠤᠯᠤᠯ ᠢ ᠦᠨᠡᠨᠬᠦ ᠰᠠᠶᠢᠲᠤᠷ ᠠᠳᠬᠤᠵᠤ᠂ ᠦᠷ᠎ᠡ ᠶᠢᠨ ᠮᠠᠯ ᠤᠨ ᠲᠠᠯᠠᠪᠠᠢ ᠶᠢᠨ ᠮᠡᠳᠡᠭᠡ | ᠵᠠᠩᠭᠢ ᠶᠢᠨ ᠬᠠᠮᠢᠶᠠᠷᠤᠯᠲᠠ ᠶᠢᠨ ᠲᠠᠪᠴᠠᠩ ᠢ ᠪᠠᠶᠢᠭᠤᠯᠤᠨ ᠲᠡᠭᠦᠯᠳᠡᠷᠵᠢᠭᠦᠯᠵᠦ᠂ ᠤᠤᠯ ᠦᠷ᠎ᠡ ᠶᠢᠨ ᠮᠠᠯ ᠤᠨ | ᠲᠠᠯᠠᠪᠠᠢ᠂ ᠥᠷᠭᠡᠳᠬᠡᠨ ᠦᠷᠡᠵᠢᠭᠦᠯᠬᠦ ᠲᠠᠯᠠᠪᠠᠢ ᠵᠡᠷᠭᠡ ᠦᠷ᠎ᠡ ᠶᠢᠨ ᠮᠠᠯ ᠤᠨ ᠲᠠᠯᠠᠪᠠᠢ ᠶᠢᠨ ᠬᠤᠭᠤᠷᠣᠨᠳᠣᠬᠢ ᠮᠡᠳᠡᠭᠡ | ᠵᠠᠩᠭᠢ ᠶᠢᠨ ᠰᠣᠯᠢᠯᠴᠠᠭ᠎ᠠ ᠶᠢ ᠴᠢᠩᠭᠠᠳᠬᠠᠵᠤ᠂ ᠦᠷ᠎ᠡ ᠶᠢᠨ ᠮᠠᠯ ᠤᠨ ᠲᠠᠯᠠᠪᠠᠶ ᠶᠢᠨ ᠦᠢᠯᠡᠳᠪᠦᠷᠢᠯᠡᠯ | ᠡᠵᠡᠩᠨᠡᠯᠲᠡ ᠶᠢᠨ ᠬᠥᠳᠡᠯᠦᠩᠭᠦᠶ ᠬᠤᠪᠢᠷᠠᠯᠲᠠ ᠶᠢᠨ ᠪᠠᠶᠢᠳᠠᠯ ᠢ ᠴᠠᠭ ᠲᠤᠬᠠᠶ ᠳᠤᠨᠢ ᠡᠵᠡᠮᠰᠢᠵᠦ᠂ ᠦᠷ᠎ᠡ ᠶᠢᠨ ᠮᠠᠯ | ᠵᠢᠭᠦᠷᠲᠡᠨ ᠤ ᠦᠢᠯᠡᠳᠪᠦᠷᠢᠯᠡᠯ ᠢ ᠰᠢᠨᠵᠢᠯᠡᠬᠦ ᠤᠬᠠᠭᠠᠨᠴᠢ ᠪᠠᠷ ᠵᠢᠯᠣᠭᠤᠳᠬᠤ ᠬᠡᠷᠡᠭᠲᠡᠶ᠃ | ︵ᠵᠢᠷᠭᠤᠭ᠎ᠠ︶ ᠦᠷ᠎ᠡ ᠶᠢᠨ ᠮᠠᠯ ᠵᠢᠭᠦᠷᠲᠡᠨ ᠤ ᠬᠢᠵᠢᠭ ᠡᠪᠡᠳᠴᠢᠨ ᠢ ᠴᠡᠪᠡᠷᠰᠢᠭᠦᠯᠬᠦ ᠠᠵᠢᠯ ᠢ ᠢᠳᠡᠪᠬᠢᠲᠡᠢ | ᠦᠷᠨᠢᠭᠦᠯᠬᠦ ᠬᠡᠷᠡᠭᠲᠡᠶ᠃ ᠦᠷ᠎ᠡ ᠶᠢᠨ ᠮᠠᠯ ᠤᠨ ᠲᠠᠯᠠᠪᠠᠢ ᠶᠢᠨ ᠬᠢᠵᠢᠭ ᠡᠪᠡᠳᠴᠢᠨ ᠡᠭᠦᠰᠬᠦ ᠲᠥᠷᠥᠯ ᠵᠦᠢᠯ ᠪᠠ | ᠳᠡᠯᠭᠡᠷᠡᠬᠦ ᠵᠢᠮ᠎ᠡ ᠶᠣᠰᠣ ᠶᠢ ᠲᠣᠳᠣᠷᠬᠠᠶ ᠤᠶᠢᠯᠠᠭᠠᠭᠰᠠᠨ ᠰᠠᠭᠤᠷᠢᠨ ᠳᠡᠭᠡᠷ᠎ᠡ᠂ ᠦᠷ᠎ᠡ ᠶᠢᠨ ᠮᠠᠯ ᠤᠨ ᠬᠢᠵᠢᠭ | ᠡᠪᠡᠳᠴᠢᠨ ᠢ ᠴᠡᠪᠡᠷᠰᠢᠭᠦᠯᠬᠦ ᠠᠵᠢᠯ ᠤᠨ ᠲᠥᠰᠦᠯ ᠢ ᠳᠤᠷᠠᠳᠤᠨ ᠭᠠᠷᠭᠠᠬᠤ ᠬᠡᠷᠡᠭᠲᠡᠶ᠃ ᠤᠯᠤᠰ ᠤᠨ ᠦᠷ᠎ᠡ ᠶᠢᠨ | ᠮᠠᠯ ᠵᠢᠭᠦᠷᠲᠡᠨ ᠤ ᠡᠷᠡᠭᠦᠯ ᠮᠡᠨᠳᠦ ᠶᠢᠨ ᠪᠠᠷᠢᠮᠵᠢᠶ᠎ᠠ ᠪᠣᠯᠤᠨ ᠤᠯᠤᠰ ᠤᠨ ᠠᠮᠢᠲᠠᠨ ᠤ ᠬᠢᠵᠢᠭ ᠤᠨ ᠪᠠᠶᠢᠳᠠᠯ ᠢ ᠬᠢᠨᠠᠨ | ᠬᠡᠮᠵᠢᠬᠦ ᠲᠥᠯᠥᠪᠯᠡᠭᠡ ᠲᠠᠢ ᠤᠶᠠᠯᠳᠤᠭᠤᠯᠤᠨ᠂ ᠦᠷ᠎ᠡ ᠶᠢᠨ ᠮᠠᠯ ᠤᠨ ᠲᠠᠯᠠᠪᠠᠢ ᠶᠢ ᠬᠢᠨᠠᠨ ᠬᠡᠮᠵᠢᠬᠦ ᠲᠥᠯᠥᠪᠯᠡᠭᠡ ᠶᠢ | ᠴᠠᠭ ᠲᠤᠬᠠᠶ ᠳᠤᠨᠢ ᠨᠡᠶᠢᠲᠡᠯᠡᠬᠦ ᠶᠢᠨ ᠬᠠᠮᠲᠤ ᠦᠷ᠎ᠡ ᠶᠢᠨ ᠮᠠᠯ ᠤᠨ ᠲᠠᠯᠠᠪᠠᠢ ᠶᠢᠨ ᠠᠮᠢᠲᠠᠨ ᠤ ᠴᠢᠬᠤᠯᠠ ᠬᠢᠵᠢᠭ | ᠡᠪᠡᠳᠴᠢᠨ ᠳᠤ ᠤᠷᠢᠳᠴᠢᠯᠠᠨ ᠰᠡᠷᠡᠮᠵᠢᠯᠡᠵᠦ ᠬᠢᠨᠠᠨ ᠬᠡᠮᠵᠢᠯᠲᠡ ᠬᠢᠬᠦ ᠬᠡᠷᠡᠭᠲᠡᠶ᠃ ᠬᠢᠵᠢᠭ ᠡᠪᠡᠳᠴᠢᠨ ᠢ ᠰᠡᠷᠭᠡᠶᠢᠯᠡᠨ | ᠵᠠᠰᠠᠬᠤ ᠳᠡᠰ ᠳᠠᠷᠠᠭᠠᠯᠠᠯ ᠵᠡᠷᠭᠡ ᠢᠵᠢ ᠪᠦᠷᠢᠳᠦᠭᠦᠯᠬᠦ ᠮᠡᠷᠭᠡᠵᠢᠯ ᠤᠨ ᠪᠣᠯᠪᠠᠰᠤᠷᠠᠭᠤᠯᠤᠯ ᠪᠠ ᠵᠢᠯᠣᠭᠤᠳᠣᠯᠭ᠎ᠠ ᠶᠢ | ᠴᠢᠩᠭᠠᠳᠬᠠᠵᠤ᠂ ᠬᠢᠵᠢᠭ ᠡᠪᠡᠳᠴᠢᠨ ᠢ ᠪᠠᠶᠢᠴᠠᠭᠠᠨ ᠰᠢᠯᠭᠠᠬᠤ ᠠᠷᠭ᠎ᠠ ᠪᠠᠷᠢᠯ ᠪᠠ ᠣᠨᠣᠰᠢᠯᠠᠨ ᠡᠮᠨᠡᠬᠦ ᠠᠷᠭ᠎ᠠ | ᠪᠠᠷᠢᠯ ᠢ ᠴᠢᠩᠭᠠᠷᠠᠭᠤᠯᠵᠣ᠂ ᠦᠷ᠎ᠡ ᠶᠢᠨ ᠮᠠᠯ ᠤᠨ ᠡᠷᠡᠭᠦᠯ ᠮᠡᠨᠳᠦ ᠶᠢᠨ ᠠᠮᠤᠷ ᠲᠦᠪᠰᠢᠨ ᠤ ᠬᠢᠷᠢ ᠳᠦᠪᠰᠢᠨ ᠢ | ᠦᠢᠯᠡᠳᠪᠦᠷᠢᠯᠡᠯ ᠤᠨ ᠡᠬᠢ ᠡᠭᠦᠰᠦᠯ ᠠᠴᠠ ᠨᠢ ᠳᠡᠭᠡᠭᠰᠢᠯᠡᠭᠦᠯᠦᠨ᠎ᠡ᠃ |