ᠬᠥᠬᠡᠬᠤᠲᠠ ᠵᠠᠰᠠᠭ ᠠᠯᠪᠠᠨ ᠥᠰᠥᠭ ﹇2020﹈ 72 ᠳ᠋ᠤᠭᠠᠷ ᠲᠣᠭᠠᠲᠤ | 2020 ᠣᠨ ᠤ 11 ᠳ᠋ᠤᠭᠡᠷ ᠰᠠᠷ᠎ᠠ ᠶᠢᠨ 30 ᠤ ᠡᠳᠦᠷ | ᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠬᠤᠲᠠ ᠶᠢᠨ ᠡᠯ᠎ᠡ ᠵᠥᠪᠯᠡᠯ᠂ | ᠠᠯᠪᠠᠨ ᠭᠡᠷ᠂ ᠲᠣᠪᠴᠢᠶ᠎ᠠ᠂ ᠡᠯ᠎ᠡ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠡ ᠳᠤ᠄ | ᠬᠤᠲᠠ ᠶᠢᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ︽ᠪᠥᠬᠦ ᠬᠤᠲᠠ ᠶᠢᠨ | ᠬᠤᠯᠤᠭᠠᠨ᠎ᠠ ᠬᠢᠵᠢᠭ ᠢ ᠰᠡᠷᠭᠡᠶᠢᠯᠡᠨ ᠡᠵᠡᠮᠳᠡᠬᠦ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠵᠢᠭᠦᠯᠬᠦ | ᠲᠥᠰᠦᠯ︾ ᠢ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠨᠠᠶᠢᠳᠠᠪᠤᠷᠢᠵᠢᠭᠤᠯᠤᠯᠲᠠ ᠶᠢ ᠬᠢᠨᠠᠮᠠᠭᠠᠶ ᠰᠠᠶᠢᠲᠤᠷ | ᠠᠳᠬᠤᠭᠠᠷᠠᠶ᠃ | ᠪᠦᠬᠦ ᠬᠤᠲᠠ ᠶᠢᠨ ᠬᠤᠯᠤᠭᠠᠨ᠎ᠠ ᠬᠢᠵᠢᠭ ᠢ ᠰᠡᠷᠭᠡᠶᠢᠯᠡᠨ ᠡᠵᠡᠮᠳᠡᠬᠦ | ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠬᠤ ᠬᠡᠷᠡᠭᠵᠢᠭᠦᠯᠬᠦ ᠲᠥᠰᠦᠯ | ᠪᠦᠬᠦ ᠬᠤᠲᠠ ᠶᠢᠨ ᠬᠤᠯᠤᠭᠠᠨ᠎ᠠ ᠬᠢᠵᠢᠭ ᠢ ᠰᠡᠷᠭᠡᠶᠢᠯᠡᠨ ᠡᠵᠡᠮᠳᠡᠬᠦ ᠴᠢᠳᠠᠪᠤᠷᠢ ᠶᠢ ᠤᠯᠠᠮ ᠨᠢᠭᠡ ᠠᠯᠬᠤᠮ | ᠳᠡᠭᠡᠭᠰᠢᠯᠡᠭᠦᠯᠵᠦ᠂ ᠬᠤᠯᠤᠭᠠᠨ᠎ᠠ ᠬᠢᠵᠢᠭ ᠤᠨ ᠰᠡᠷᠭᠡᠶᠢᠯᠡᠯᠲᠡ ᠶᠢᠨ ᠴᠢᠳᠠᠪᠤᠷᠢᠲᠠᠨ ᠵᠢᠴᠢ ᠲᠤᠰᠬᠠᠶ ᠮᠡᠷᠭᠡᠵᠢᠯ ᠤᠨ | ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠬᠤ ᠶᠢᠨ ᠲᠤᠰᠠᠳᠠ᠂ ︽ᠪᠦᠬᠦ ᠣᠷᠣᠨ ᠤ ᠬᠤᠯᠤᠭᠠᠨ᠎ᠠ ᠬᠢᠵᠢᠭ ᠢ | ᠰᠡᠷᠭᠡᠶᠢᠯᠡᠨ ᠡᠵᠡᠮᠳᠡᠬᠦ ᠴᠢᠳᠠᠪᠤᠷᠢ ᠶᠢᠨ ᠪᠠᠶᠢᠭᠤᠯᠣᠯᠲᠠ ᠶᠢ ᠴᠢᠩᠭᠠᠳᠬᠠᠬᠤ ᠲᠤᠬᠠᠶ ᠥᠪᠥᠷ ᠮᠣᠩᠭᠤᠯ ᠤᠨ | ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠵᠢᠯᠣᠭᠤᠳᠬᠤ ᠰᠠᠨᠠᠯ︾ ︵ᠥᠪᠥᠷ ᠵᠠᠰᠠᠭ | ᠲᠠᠷᠬᠠᠭᠠᠭᠰᠠᠨ ﹇2020﹈ 13 ᠳ᠋ᠤᠭᠠᠷ ᠲᠣᠭᠠᠲᠤ︶ ᠤᠨ ᠵᠣᠷᠢᠭ ᠰᠠᠨᠠᠭ᠎ᠠ ᠶᠣᠰᠣᠭᠠᠷ᠂ ᠮᠠᠨ ᠤ ᠬᠤᠲᠠ ᠶᠢᠨ | ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠲᠣᠰ ᠬᠡᠷᠡᠭᠵᠢᠭᠦᠯᠬᠦ ᠲᠥᠰᠦᠯ ᠢ ᠲᠣᠭᠲᠠᠭᠠᠪᠠ᠃ | ᠨᠢᠭᠡ᠂ ᠶᠡᠷᠦᠩᠬᠡᠶ ᠱᠠᠭᠠᠷᠳᠠᠯᠭ᠎ᠠ | ᠤᠯᠤᠰ᠂ ᠥᠪᠡᠷᠲᠡᠭᠡᠨ ᠵᠠᠰᠠᠬᠤ ᠣᠷᠣᠨ ᠪᠠ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ | ᠣᠷᠳᠣᠨ ᠤ ᠬᠤᠯᠤᠭᠠᠨ᠎ᠠ ᠬᠢᠵᠢᠭ ᠢ ᠰᠡᠷᠭᠡᠶᠢᠯᠡᠨ ᠡᠵᠡᠮᠳᠡᠬᠦ ᠲᠤᠬᠠᠶ ᠰᠢᠢᠳᠪᠦᠷᠢᠲᠦ ᠪᠣᠳᠣᠯᠭ᠎ᠠ ᠶᠢᠨ | ᠪᠠᠶᠢᠷᠢᠯᠠᠭᠤᠯᠣᠯᠲᠠ ᠶᠢ ᠪᠦᠬᠦ ᠲᠠᠯ᠎ᠠ ᠪᠠᠷ ᠲᠣᠭᠤᠰᠢᠯᠠᠭᠤᠯᠤᠨ ᠨᠠᠶᠢᠳᠠᠪᠣᠷᠢᠵᠢᠭᠤᠯᠵᠤ᠂ ᠤᠷᠢᠳᠴᠢᠯᠠᠨ ᠰᠡᠷᠭᠡᠶᠢᠯᠡᠬᠦ ᠪᠠᠷ | ᠭᠤᠣᠯ ᠪᠣᠯᠭᠠᠬᠤ ᠶᠢ ᠪᠠᠷᠢᠮᠲᠠᠯᠠᠵᠤ᠂ ᠬᠤᠯᠤᠭᠠᠨ᠎ᠠ ᠬᠢᠵᠢᠭ ᠢ ᠬᠢᠨᠠᠨ ᠬᠡᠮᠵᠢᠬᠦ ᠰᠢᠰᠲ᠋ᠧᠮᠵᠢ ᠶᠢ ᠲᠡᠭᠦᠯᠳᠡᠷᠵᠢᠭᠦᠯᠬᠦ᠂ | ᠬᠤᠯᠤᠭᠠᠨ᠎ᠠ ᠬᠢᠵᠢᠭ ᠤᠨ ᠰᠡᠷᠭᠡᠶᠢᠯᠡᠯᠲᠡ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠬᠤ᠂ ᠬᠤᠯᠤᠭᠠᠨ᠎ᠠ | ᠬᠢᠵᠢᠭ ᠤᠨ ᠰᠡᠷᠭᠡᠶᠢᠯᠡᠯᠲᠡ ᠶᠢᠨ ᠴᠢᠳᠠᠪᠤᠷᠢᠲᠠᠨ ᠢ ᠬᠦᠮᠦᠵᠢᠭᠦᠯᠬᠦ ᠶᠢ ᠴᠢᠩᠭᠠᠳᠬᠠᠬᠤ ᠪᠠᠷ ᠭᠤᠤᠯᠳᠠᠯᠭ᠎ᠠ ᠪᠣᠯᠭᠠᠵᠤ᠂ | ᠪᠣᠭᠤᠮᠲᠠ ᠶᠢ ᠤᠷᠤᠭᠰᠢ ᠰᠢᠯᠵᠢᠭᠦᠯᠬᠦ ᠶᠢ ᠨᠠᠶᠢᠳᠠᠪᠣᠷᠢᠵᠢᠭᠤᠯᠵᠤ᠂ ᠪᠦᠬᠦ ᠬᠤᠲᠠ ᠶᠢᠨ ᠪᠠᠴᠢᠮ ᠪᠠᠶᠢᠳᠠᠯ ᠢ | ᠠᠷᠭᠠᠴᠠᠭᠠᠬᠤ ᠰᠣᠷᠢᠯᠲᠠ ᠪᠣᠯᠪᠠᠰᠤᠷᠠᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠶᠡᠬᠡᠪᠡᠷ | ᠲᠡᠭᠦᠯᠳᠡᠷᠵᠢᠭᠦᠯᠵᠦ᠂ ᠬᠤᠯᠤᠭᠠᠨ᠎ᠠ ᠬᠢᠵᠢᠭ ᠤᠨ ᠰᠡᠷᠭᠡᠶᠢᠯᠡᠯᠲᠡ ᠶᠢᠨ ᠰᠢᠰᠲ᠋ᠧᠮᠵᠢ ᠶᠢᠨ ᠪᠠᠶᠢᠭᠤᠯᠤᠯᠲᠠ᠂ ᠡᠩᠨᠡᠭᠡᠨ ᠤ | ᠪᠠᠶᠢᠭᠤᠯᠤᠯᠲᠠ ᠪᠠ ᠴᠢᠳᠠᠪᠣᠷᠢᠲᠠᠨ ᠤ ᠬᠦᠮᠦᠵᠢᠭᠦᠯᠦᠯᠲᠡ ᠶᠢᠨ ᠤᠷᠲᠤ ᠬᠤᠭᠤᠴᠠᠭᠠᠨ ᠤ ᠪᠦᠲᠦᠮᠵᠢᠲᠡᠢ | ᠲᠣᠭᠲᠠᠴᠠ ᠶᠢ ᠠᠯᠬᠤᠮ ᠠᠯᠬᠤᠮ ᠢᠶᠠᠷ ᠪᠠᠶᠢᠭᠤᠯᠵᠤ᠂ ᠮᠠᠨ ᠤ ᠬᠤᠲᠠ ᠶᠢᠨ ᠬᠤᠯᠤᠭᠠᠨ᠎ᠠ ᠬᠢᠵᠢᠭ ᠢ ᠰᠡᠷᠭᠡᠶᠢᠯᠡᠨ | ᠡᠵᠡᠮᠳᠡᠬᠦ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠶᠢ ᠪᠦᠬᠦ ᠲᠠᠯ᠎ᠠ ᠪᠠᠷ ᠳᠡᠭᠡᠭᠰᠢᠯᠡᠭᠦᠯᠦᠨ᠂ | ᠣᠷᠣᠨ ᠤ ᠲᠥᠪ ᠬᠤᠲᠠ ᠶᠢᠨ ᠠᠷᠠᠳ ᠣᠯᠠᠨ ᠤ ᠪᠡᠶ᠎ᠡ ᠮᠠᠬᠠᠪᠣᠳ ᠤᠨ ᠡᠷᠡᠭᠦᠯ ᠮᠡᠨᠳᠦ ᠶᠢ ᠬᠠᠮᠠᠭᠠᠯᠠᠬᠤ ᠪᠠ ᠡᠷᠡᠭᠦᠯ | ᠮᠡᠨᠳᠦ ᠶᠢᠨ ᠲᠥᠪ ᠬᠤᠲᠠ ᠶᠢ ᠪᠠᠶᠢᠭᠤᠯᠬᠤ ᠳᠤ ᠪᠠᠲᠤ ᠪᠠᠬᠢ ᠪᠠᠲᠤᠯᠠᠭ᠎ᠠ ᠬᠠᠩᠭᠠᠬᠤ ᠬᠡᠷᠡᠭᠲᠡᠶ᠃ | ᠬᠤᠶᠠᠷ᠂ ᠠᠵᠢᠯ ᠤᠨ ᠬᠠᠷᠠᠯᠲᠠ | 2021 ᠣᠨ ᠤ ᠡᠴᠦᠰ ᠪᠣᠯᠬᠤ ᠳᠤ᠂ ᠣᠲᠣ ᠶᠢᠨ ᠪᠠᠶᠢᠭ᠎ᠠ ᠰᠠᠭᠤᠷᠢᠨ ᠳᠡᠭᠡᠷ᠎ᠡ᠂ ᠪᠥᠬᠦ ᠬᠤᠲᠠ ᠶᠢᠨ | ᠬᠤᠯᠤᠭᠠᠨ᠎ᠠ ᠬᠢᠵᠢᠭ ᠢ ᠬᠢᠨᠠᠨ ᠬᠡᠮᠵᠢᠬᠦ ᠰᠢᠰᠲ᠋ᠧᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠎ᠡ︔ ᠬᠤᠲᠠ᠂ | ᠬᠤᠰᠢᠭᠤ ᠰᠢᠶᠠᠨ ᠲᠣᠭᠤᠷᠢᠭ ᠬᠤᠶᠠᠷ ᠱᠠᠲᠤᠨ ᠤ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠤᠨ | ᠠᠵᠢᠯᠲᠠᠨ ᠤ ᠶᠡᠷᠦᠩᠬᠡᠶ ᠬᠡᠮᠵᠢᠶ᠎ᠡ ᠶᠢ ᠠᠵᠢᠯ ᠤᠨ ᠬᠡᠷᠡᠭᠴᠡᠭᠡ ᠳᠤ ᠦᠨᠳᠦᠰᠦᠨ ᠳᠡᠭᠡᠨ ᠵᠣᠬᠢᠴᠠᠭᠤᠯᠤᠨ᠎ᠠ︔ ᠪᠥᠬᠦ | ᠬᠤᠲᠠ ᠶᠢᠨ ᠬᠤᠯᠤᠭᠠᠨ᠎ᠠ ᠬᠢᠵᠢᠭ ᠤᠨ ᠰᠡᠷᠭᠡᠶᠢᠯᠡᠯᠲᠡ ᠶᠢᠨ ᠰᠠᠭᠤᠷᠢ ᠪᠡᠯᠡᠳᠬᠡᠮᠵᠢ ᠶᠢ ᠤᠯᠠᠮ ᠨᠢᠭᠡ ᠠᠯᠬᠤᠮ | ᠰᠠᠶᠢᠵᠢᠷᠠᠭᠤᠯᠵᠤ᠂ ᠬᠤᠲᠠ ᠶᠢᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ᠂ ᠬᠤᠲᠠ ᠶᠢᠨ ᠬᠤᠯᠤᠭᠠᠨ᠎ᠠ | ᠬᠢᠵᠢᠭ ᠤᠨ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠪᠣᠯᠪᠠᠰᠤᠷᠠᠯ ᠤᠨ ᠰᠠᠭᠤᠷᠢᠨ ᠭᠠᠵᠠᠷ ᠤᠨ ᠲᠤᠷᠰᠢᠯᠲᠠ ᠶᠢᠨ | ᠲᠠᠰᠤᠭ ᠤᠨ ᠪᠥᠲᠥᠭᠡᠨ ᠪᠠᠶᠢᠭᠤᠯᠤᠯᠲᠠ ᠶᠢ ᠥᠪᠡᠷᠲᠡᠭᠡᠨ ᠵᠠᠰᠠᠬᠤ ᠣᠷᠣᠨ ᠤ ᠪᠠᠷᠢᠮᠵᠢᠶ᠎ᠠ ᠪᠠ ᠠᠮᠢᠳᠤ ᠪᠣᠳᠠᠰ ᠤᠨ | ᠠᠮᠤᠷ ᠲᠦᠪᠰᠢᠨ ᠤ ᠬᠠᠮᠢᠶ᠎ᠠ ᠪᠥᠬᠦᠶ ᠱᠠᠭᠠᠷᠳᠠᠯᠭ᠎ᠠ ᠳᠤ ᠨᠡᠶᠢᠴᠡᠭᠦᠯᠦᠨ᠎ᠡ︔ ᠬᠤᠯᠤᠭᠠᠨ᠎ᠠ ᠬᠢᠵᠢᠭ ᠢ ᠰᠡᠷᠭᠡᠶᠢᠯᠡᠬᠦ | ᠠᠵᠢᠯ ᠳᠤ ᠬᠡᠷᠡᠭᠰᠡᠬᠦ ᠲᠥᠬᠦᠭᠡᠷᠦᠮᠵᠢ᠂ ᠬᠤᠪᠢ ᠬᠥᠮᠦᠨ ᠤ ᠲᠣᠨᠤᠭ ᠲᠥᠬᠦᠭᠡᠷᠦᠮᠵᠢ᠂ ᠰᠡᠷᠭᠡᠶᠢᠯᠡᠨ ᠬᠠᠮᠠᠭᠠᠯᠠᠬᠤ | ᠡᠳ᠋ ᠪᠣᠳᠠᠰ᠂ ᠠᠵᠢᠯᠯᠠᠬᠤ ᠲᠡᠷᠭᠡ ᠬᠥᠰᠬᠡ ᠵᠡᠷᠭᠡ ᠨᠢ ᠠᠵᠢᠯ ᠤᠨ ᠬᠡᠷᠡᠭᠴᠡᠭᠡ ᠶᠢ ᠬᠠᠩᠭᠠᠵᠤ᠂ ᠪᠥᠬᠦ ᠬᠤᠲᠠ ᠶᠢᠨ | ᠬᠤᠯᠤᠭᠠᠨ᠎ᠠ ᠬᠢᠵᠢᠭ ᠤᠨ ᠰᠡᠷᠭᠡᠶᠢᠯᠡᠯᠲᠡ ᠶᠢ ᠬᠢᠨᠠᠨ ᠬᠡᠮᠵᠢᠵᠦ ᠪᠠᠶᠢᠴᠠᠭᠠᠨ ᠬᠡᠮᠵᠢᠬᠦ ᠴᠢᠳᠠᠪᠤᠷᠢ ᠪᠠ ᠪᠠᠴᠢᠮ | ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠬᠢᠷᠢ ᠬᠡᠮᠵᠢᠶ᠎ᠡ ᠶᠢ ᠢᠯᠡᠳᠲᠡ ᠳᠡᠭᠡᠭᠰᠢᠯᠡᠭᠦᠯᠦᠨ᠎ᠡ᠃ | ᠭᠤᠷᠪᠠ᠂ ᠠᠵᠢᠯ ᠤᠨ ᠡᠭᠦᠷᠭᠡ ᠵᠢᠴᠢ ᠬᠡᠷᠡᠭᠵᠢᠭᠦᠯᠬᠦ ᠠᠯᠬᠤᠮ ᠳᠠᠷᠠᠭ᠎ᠠ | ︵ᠨᠢᠭᠡ︶ ᠬᠤᠯᠤᠭᠠᠨ᠎ᠠ ᠬᠢᠵᠢᠭ ᠢ ᠬᠢᠨᠠᠨ ᠬᠡᠮᠵᠢᠬᠦ ᠰᠢᠰᠲ᠋ᠧᠮᠵᠢ ᠶᠢ ᠲᠡᠭᠦᠯᠳᠡᠷᠵᠢᠭᠦᠯᠬᠦ ᠬᠡᠷᠡᠭᠲᠡᠢ᠃ 2021 | ᠣᠨ ᠤ 6 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ᠂ ᠬᠤᠲᠠ ᠶᠢᠨ ᠬᠤᠯᠤᠭᠠᠨ᠎ᠠ ᠬᠢᠵᠢᠭ ᠢ ᠬᠢᠨᠠᠨ ᠬᠡᠮᠵᠢᠵᠦ | ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠪᠣᠯᠪᠠᠰᠤᠷᠠᠯ ᠤᠨ ᠰᠠᠭᠤᠷᠢᠨ ᠭᠠᠵᠠᠷ ᠨᠢ ᠱᠠᠭᠠᠷᠳᠠᠯᠭ᠎ᠠ ᠶᠣᠰᠣᠭᠠᠷ | ᠲᠤᠷᠰᠢᠯᠲᠠ ᠶᠢᠨ ᠲᠠᠰᠤᠭ ᠤᠨ ᠪᠠᠶᠢᠴᠠᠭᠠᠨ ᠰᠢᠯᠭᠠᠬᠤ ᠲᠥᠬᠦᠭᠡᠷᠦᠮᠵᠢ᠂ ᠲᠤᠬᠠᠶ ᠶᠢᠨ ᠲᠠᠯᠠᠪᠤᠷ ᠤᠨ ᠪᠠᠴᠢᠮ | ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠲᠥᠬᠦᠭᠡᠷᠦᠮᠵᠢ᠂ ᠠᠵᠢᠯᠲᠠᠨ ᠤ ᠲᠣᠨᠤᠭ ᠲᠥᠬᠦᠭᠡᠷᠦᠮᠵᠢ᠂ ᠠᠯᠪᠠᠨ | ᠪᠡᠯᠡᠳᠬᠡᠮᠵᠢ ᠬᠡᠷᠡᠭᠰᠡᠯ᠂ ᠵᠠᠮ ᠬᠠᠷᠢᠯᠴᠠᠭᠠᠨ ᠤ ᠪᠠᠭᠠᠵᠢ ᠬᠡᠷᠡᠭᠰᠡᠯ ᠵᠡᠷᠭᠡ ᠶᠢ ᠭᠦᠢᠴᠡᠳ ᠲᠣᠬᠢᠷᠠᠭᠤᠯᠵᠤ᠂ ᠡᠳᠦᠷ | ᠲᠤᠲᠤᠮ ᠤᠨ ᠬᠢᠨᠠᠨ ᠬᠡᠮᠵᠢᠬᠦ ᠠᠵᠢᠯ ᠤᠨ ᠬᠡᠷᠡᠭᠴᠡᠭᠡ ᠶᠢ ᠬᠠᠩᠭᠠᠬᠤ ᠶᠢ ᠦᠨᠡᠨᠬᠦ ᠪᠠᠲᠣᠯᠠᠬᠤ ᠬᠡᠷᠡᠭᠲᠡᠢ ︵ | ᠳᠠᠭᠠᠯᠳᠤᠭᠤᠯᠤᠯ ᠳᠤ ᠨᠠᠷᠢᠪᠴᠢᠯᠠᠨ ᠦᠵᠡ︶᠃ | ︵ᠬᠤᠶᠠᠷ︶ ᠬᠤᠯᠤᠭᠠᠨ᠎ᠠ ᠬᠢᠵᠢᠭ ᠤᠨ ᠰᠡᠷᠭᠡᠶᠢᠯᠡᠯᠲᠡ ᠶᠢᠨ ᠲᠤᠰᠬᠠᠶ ᠪᠠᠶᠢᠭᠤᠯᠤᠮᠵᠢ ᠶᠢ ᠪᠦᠷᠢᠨᠰᠢᠭᠦᠯᠬᠦ | ᠬᠡᠷᠡᠭᠲᠡᠢ᠃ ᠬᠤᠲᠠ᠂ ᠬᠤᠰᠢᠭᠤ ᠰᠢᠶᠠᠨ ᠲᠣᠭᠤᠷᠢᠭ ᠤᠨ ᠬᠤᠶᠠᠷ ᠱᠠᠲᠤᠨ ᠤ ᠡᠪᠡᠳᠴᠢᠨ ᠡᠮᠭᠡᠭ ᠢ ᠰᠡᠷᠭᠡᠶᠢᠯᠡᠨ | ᠡᠵᠡᠮᠳᠡᠬᠦ ᠲᠥᠪ ᠨᠢ ᠬᠠᠷᠢᠶ᠎ᠠ ᠣᠷᠣᠨ ᠪᠠ ᠲᠣᠰ ᠨᠢᠭᠡᠴᠡ ᠶᠢᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ | ᠬᠤᠯᠤᠭᠠᠨ᠎ᠠ ᠬᠢᠵᠢᠭ ᠢ ᠰᠡᠷᠭᠡᠶᠢᠯᠡᠬᠦ ᠠᠵᠢᠯ ᠤᠨ ᠪᠠᠶᠢᠷᠢ ᠶᠢ ᠵᠣᠬᠢᠰᠲᠠᠶ ᠲᠣᠬᠢᠷᠠᠭᠤᠯᠵᠤ᠂ ᠬᠤᠲᠠ ᠶᠢᠨ ᠡᠪᠡᠳᠴᠢᠨ | ᠡᠮᠭᠡᠭ ᠢ ᠰᠡᠷᠭᠡᠶᠢᠯᠡᠨ ᠡᠵᠡᠮᠳᠡᠬᠦ ᠲᠥᠪ᠂ ᠦᠴᠤᠸᠠᠨ ᠰᠢᠶᠠᠨ ᠤ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ | ᠨᠢ ᠬᠤᠯᠤᠭᠠᠨ᠎ᠠ ᠬᠢᠵᠢᠭ ᠢ ᠰᠡᠷᠭᠡᠶᠢᠯᠡᠬᠦ ᠰᠠᠯᠠᠭ᠎ᠠ ᠲᠠᠰᠤᠭ ᠲᠠᠢ ᠪᠠᠶᠢᠵᠤ᠂ ᠪᠤᠰᠤᠳ ᠬᠤᠰᠢᠭᠤ ᠰᠢᠶᠠᠨ ᠲᠣᠭᠤᠷᠢᠭ | ᠨᠢ ᠵᠣᠬᠢᠴᠠᠩᠭᠤᠶ ᠰᠠᠯᠠᠭ᠎ᠠ ᠲᠠᠰᠤᠭ ᠲᠠᠢ ᠪᠠᠶᠢᠵᠤ᠂ ᠬᠤᠯᠤᠭᠠᠨ᠎ᠠ ᠬᠢᠵᠢᠭ ᠢ ᠰᠡᠷᠭᠡᠶᠢᠯᠡᠬᠦ ᠠᠵᠢᠯ ᠤᠨ ᠡᠭᠦᠷᠭᠡ | ᠴᠢᠳᠠᠪᠤᠷᠢ ᠶᠢ ᠲᠣᠳᠣᠷᠬᠠᠶᠢᠯᠠᠭᠰᠠᠨ ᠪᠠᠶᠢᠬᠤ ᠬᠡᠷᠡᠭᠲᠡᠢ᠃ | ︵ᠭᠤᠷᠪᠠ︶ ᠬᠤᠯᠤᠭᠠᠨ᠎ᠠ ᠬᠢᠵᠢᠭ ᠤᠨ ᠰᠡᠷᠭᠡᠶᠢᠯᠡᠯᠲᠡ ᠶᠢᠨ ᠲᠤᠰᠬᠠᠶ ᠡᠩᠨᠡᠭᠡ ᠶᠢ ᠪᠠᠶᠢᠭᠤᠯᠬᠤ ᠬᠡᠷᠡᠭᠲᠡᠶ᠃ | 2020 ᠣᠨ ᠤ ᠵᠢᠯ ᠤᠨ ᠰᠡᠭᠦᠯᠴᠢ ᠠᠴᠠ ᠡᠮᠦᠨ᠎ᠡ᠂ ᠬᠤᠲᠠ ᠶᠢᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ | ᠲᠥᠪ᠂ ᠦᠴᠤᠸᠠᠨ ᠰᠢᠶᠠᠨ ᠤ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠤᠨ ᠬᠤᠯᠤᠭᠠᠨ᠎ᠠ ᠬᠢᠵᠢᠭ ᠤᠨ | ᠰᠡᠷᠭᠡᠶᠢᠯᠡᠯᠲᠡ ᠶᠢᠨ ᠰᠠᠯᠠᠭ᠎ᠠ ᠲᠠᠰᠤᠭ ᠠᠵᠢᠯ ᠤᠨ ᠪᠤᠳᠠᠲᠤ ᠪᠠᠶᠢᠳᠠᠯ ᠢᠶᠠᠨ ᠦᠨᠳᠦᠰᠦᠯᠡᠨ᠂ 5 ᠬᠥᠮᠦᠨ ᠠᠴᠠ | ᠳᠣᠤᠷ᠎ᠠ ᠥᠬᠡᠶ ᠪᠠᠷᠢᠮᠵᠢᠶ᠎ᠠ ᠶᠣᠰᠣᠭᠠᠷ ᠬᠤᠯᠤᠭᠠᠨ᠎ᠠ ᠬᠢᠵᠢᠭ ᠤᠨ ᠰᠡᠷᠭᠡᠶᠢᠯᠡᠯᠲᠡ ᠶᠢᠨ ᠲᠤᠰᠬᠠᠶ ᠠᠵᠢᠯᠲᠠᠨ ᠢ | ᠲᠣᠬᠢᠷᠠᠭᠤᠯᠵᠤ᠂ ᠡᠭᠦᠨ ᠳᠤ ᠨᠠᠭᠠᠳᠤ ᠵᠠᠬ᠎ᠠ ᠨᠢ 2 ᠲᠤᠷᠰᠢᠯᠲᠠ ᠶᠢᠨ ᠲᠠᠰᠤᠭ ᠤᠨ ᠪᠠᠶᠢᠴᠠᠭᠠᠨ ᠰᠢᠯᠭᠠᠬᠤ | ᠠᠵᠢᠯᠲᠠᠨ᠂ 3 ᠬᠡᠭᠡᠷ᠎ᠡ ᠭᠠᠳᠠᠨ᠎ᠠ ᠬᠢᠨᠠᠨ ᠬᠡᠮᠵᠢᠬᠦ ᠠᠵᠢᠯᠲᠠᠨ ᠪᠠᠶᠢᠵᠤ᠂ ᠪᠤᠰᠤᠳ ᠬᠤᠰᠢᠭᠤ ᠰᠢᠶᠠᠨ | ᠲᠣᠭᠤᠷᠢᠭ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠨᠢ ᠠᠵᠢᠯ ᠤᠨ ᠬᠡᠷᠡᠭᠴᠡᠭᠡ ᠪᠠᠨ ᠦᠨᠳᠦᠰᠦᠯᠡᠨ᠂ | ᠬᠤᠯᠤᠭᠠᠨ᠎ᠠ ᠬᠢᠵᠢᠭ ᠤᠨ ᠰᠡᠷᠭᠡᠶᠢᠯᠡᠯᠲᠡ ᠶᠢᠨ 2 ᠠᠵᠢᠯᠲᠠᠨ ᠲᠣᠬᠢᠷᠠᠭᠤᠯᠬᠤ ᠬᠡᠷᠡᠭᠲᠡᠶ᠃ | 2020 ᠣᠨ ᠤ ᠵᠢᠯ ᠤᠨ ᠡᠴᠦᠰ ᠪᠣᠯᠬᠤ ᠠᠴᠠ ᠡᠮᠦᠨ᠎ᠡ᠂ ᠡᠯ᠎ᠡ ᠬᠤᠰᠢᠭᠤ ᠰᠢᠶᠠᠨ ᠲᠣᠭᠤᠷᠢᠭ ︽ᠥᠪᠥᠷ | ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠤᠨ | ᠪᠠᠶᠢᠭᠤᠯᠤᠮᠵᠢ ᠶᠢᠨ ᠣᠷᠣᠨ ᠲᠤᠭ᠎ᠠ ᠶᠢᠨ ᠬᠠᠮᠢᠶᠠᠷᠤᠯᠲᠠ ᠶᠢᠨ ᠠᠷᠭ᠎ᠠ︾ ︵ᠥᠪᠥᠷ ᠪᠠᠶᠢᠭᠤᠯᠣᠮᠵᠢ ᠣᠷᠣᠨ ᠠᠯᠪᠠᠨ | ᠲᠠᠷᠬᠠᠭᠠᠭᠰᠠᠨ ﹇2017﹈ 241 ᠳ᠋ᠦ᠋ᠭᠡᠷ ᠲᠣᠭᠠᠲᠤ︶ ᠶᠢᠨ ᠱᠠᠭᠠᠷᠳᠠᠯᠭ᠎ᠠ ᠶᠣᠰᠣᠭᠠᠷ᠂ ᠣᠳᠣ ᠶᠢᠨ ᠪᠠᠶᠢᠭ᠎ᠠ | ᠬᠢᠨᠠᠨ ᠲᠣᠭᠲᠠᠭᠠᠭᠰᠠᠨ ᠣᠷᠣᠨ ᠲᠤᠭ᠎ᠠ ᠶᠢᠨ ᠬᠤᠭᠤᠰᠣᠨ ᠣᠷᠣᠨ ᠲᠤᠭ᠎ᠠ ᠶᠢᠨ 60% ᠶᠢᠨ ᠶᠣᠰᠣᠭᠠᠷ᠂ ᠡᠯ᠎ᠡ | ᠬᠤᠰᠢᠭᠤ ᠰᠢᠶᠠᠨ ᠲᠣᠭᠤᠷᠢᠭ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠲᠤ ᠠᠵᠢᠯᠲᠠᠨ | ᠨᠦᠬᠦᠪᠦᠷᠢᠯᠡᠵᠦ ᠥᠭᠭᠦᠨ᠎ᠡ︔ 2021 ᠣᠨ ᠤ 6 ᠳ᠋ᠤᠭᠠᠷ ᠰᠠᠷ᠎ᠠ ᠶᠢᠨ ᠰᠡᠭᠦᠯᠴᠢ ᠠᠴᠠ ᠡᠮᠦᠨ᠎ᠡ᠂ ᠣᠷᠣᠨ | ᠲᠤᠭ᠎ᠠ ᠶᠢᠨ ᠠᠯᠪᠠᠨ ᠭᠡᠷ ᠤᠨ ᠬᠢᠨᠠᠨ ᠵᠥᠪᠰᠢᠶᠡᠷᠡᠭᠰᠡᠨ ᠬᠤᠭᠤᠰᠣᠨ ᠣᠷᠣᠨ ᠲᠤᠭ᠎ᠠ ᠶᠢ ᠬᠡᠷᠡᠭᠯᠡᠬᠦ ᠲᠦᠯᠦᠪᠯᠡᠭᠡ ᠶᠢᠨ | ᠳᠣᠲᠣᠷ᠎ᠠ ᠲᠤᠰᠬᠠᠶ ᠮᠡᠷᠭᠡᠵᠢᠯ ᠤᠨ ᠠᠵᠢᠯᠲᠠᠨ ᠢ ᠢᠯᠡ ᠪᠠᠷ ᠤᠷᠢᠨ ᠬᠡᠷᠡᠭᠯᠡᠬᠦ ᠪᠠ ᠳᠡᠭᠡᠳᠦ ᠳᠡᠰ ᠳᠠᠪᠬᠤᠷᠭ᠎ᠠ ᠶᠢᠨ | ᠲᠤᠰᠬᠠᠶ ᠮᠡᠷᠭᠡᠵᠢᠯ ᠤᠨ ᠠᠵᠢᠯᠲᠠᠨ ᠢ ᠣᠷᠣᠭᠤᠯᠤᠨ ᠠᠪᠴᠢᠷᠠᠬᠤ ᠶᠢ ᠤᠶᠠᠯᠳᠤᠭᠤᠯᠬᠤ ᠠᠷᠭ᠎ᠠ ᠮᠠᠶ᠋ᠢᠭ ᠢ ᠠᠪᠴᠤ᠂ | ᠬᠠᠷᠢᠶ᠎ᠠ ᠣᠷᠣᠨ ᠤ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠲᠤ ᠠᠵᠢᠯ ᠤᠨ ᠬᠡᠷᠡᠭᠴᠡᠭᠡ ᠱᠠᠭᠠᠷᠳᠠᠯᠭ᠎ᠠ | ᠶᠣᠰᠣᠭᠠᠷ ᠠᠵᠢᠯᠲᠠᠨ ᠲᠣᠬᠢᠷᠠᠭᠤᠯᠬᠤ ᠬᠡᠷᠡᠭᠲᠡᠶ᠃ | ︵ᠳᠥᠷᠪᠡ︶ ᠴᠢᠳᠠᠪᠤᠷᠢᠲᠠᠨ ᠢ ᠬᠥᠮᠦᠵᠢᠭᠦᠯᠬᠦ ᠲᠣᠭᠲᠠᠴᠠ ᠶᠢ ᠪᠦᠷᠢᠨᠰᠢᠭᠦᠯᠬᠦ ᠬᠡᠷᠡᠭᠲᠡᠢ᠃ ᠡᠯ᠎ᠡ ᠱᠠᠲᠤᠨ ᠤ | ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠨᠢ ᠪᠦᠬᠦ ᠠᠵᠢᠯᠲᠠᠨ ᠤ ᠬᠤᠯᠤᠭᠠᠨ᠎ᠠ ᠬᠢᠵᠢᠭ ᠤᠨ | ᠰᠡᠷᠭᠡᠶᠢᠯᠡᠯᠲᠡ ᠶᠢᠨ ᠪᠣᠯᠪᠠᠰᠤᠷᠠᠭᠤᠯᠤᠯ ᠤᠨ ᠲᠥᠯᠥᠪᠯᠡᠭᠡ ᠶᠢ ᠬᠡᠷᠡᠭᠵᠢᠭᠦᠯᠵᠦ᠂ ᠵᠢᠯ ᠪᠦᠷᠢ ᠠᠳᠠᠭ ᠲᠠᠭᠠᠨ ᠠᠵᠢᠯ ᠤᠨ | ᠪᠠᠶᠢᠷᠢ ᠳᠤ ᠪᠠᠶᠢᠭ᠎ᠠ ᠬᠥᠮᠦᠰ ᠢ ᠵᠣᠬᠢᠶᠠᠨ ᠪᠠᠶᠢᠭᠤᠯᠵᠤ᠂ ᠬᠤᠯᠤᠭᠠᠨ᠎ᠠ ᠬᠢᠵᠢᠭ ᠢ ᠰᠡᠷᠭᠡᠶᠢᠯᠡᠨ ᠵᠠᠰᠠᠬᠤ ᠮᠡᠳᠡᠯᠭᠡ ᠶᠢᠨ | ᠪᠣᠯᠪᠠᠰᠤᠷᠠᠭᠤᠯᠤᠯ ᠬᠢᠵᠦ᠂ ᠡᠭᠦᠨ ᠤ ᠬᠠᠮᠲᠤ ᠪᠣᠯᠪᠠᠰᠤᠷᠠᠭᠤᠯᠤᠯ ᠤᠨ ᠦᠷ᠎ᠡ ᠳ᠋ᠦᠩ ᠢ ᠠᠵᠢᠯ ᠤᠨ ᠪᠠᠶᠢᠷᠢ ᠳᠤ | ᠤᠷᠢᠨ ᠲᠣᠮᠢᠯᠠᠬᠤ᠂ ᠣᠨ ᠤ ᠬᠢᠨᠠᠨ ᠰᠢᠯᠭᠠᠯᠲᠠ ᠶᠢᠨ ᠴᠢᠬᠤᠯᠠ ᠦᠨᠳᠦᠰᠦᠯᠡᠯ ᠪᠣᠯᠭᠠᠵᠤ᠂ ᠪᠥᠬᠦ ᠬᠤᠲᠠ ᠶᠢᠨ | ᠬᠤᠯᠤᠭᠠᠨ᠎ᠠ ᠬᠢᠵᠢᠭ ᠤᠨ ᠰᠡᠷᠭᠡᠶᠢᠯᠡᠯᠲᠡ ᠶᠢᠨ ᠲᠤᠰᠬᠠᠶ ᠮᠡᠷᠭᠡᠵᠢᠯ ᠤᠨ ᠠᠵᠢᠯᠲᠠᠨ ᠤ ᠲᠤᠬᠠᠶᠢᠯᠠᠭᠰᠠᠨ ᠠᠵᠢᠯ ᠤᠨ | ᠴᠢᠳᠠᠪᠤᠷᠢ ᠪᠠ ᠬᠢᠷᠢ ᠲᠦᠪᠰᠢᠨ ᠢ ᠦᠨᠡᠨᠬᠦ ᠳᠡᠭᠡᠭᠰᠢᠯᠡᠭᠦᠯᠦᠨ᠎ᠡ︔ ᠬᠤᠲᠠ ᠶᠢᠨ ᠡᠪᠡᠳᠴᠢᠨ ᠡᠮᠭᠡᠭ ᠢ ᠰᠡᠷᠭᠡᠶᠢᠯᠡᠨ | ᠡᠵᠡᠮᠳᠡᠬᠦ ᠲᠥᠪ᠂ ᠡᠯ᠎ᠡ ᠬᠤᠰᠢᠭᠤ ᠰᠢᠶᠠᠨ ᠲᠣᠭᠤᠷᠢᠭ ᠤᠨ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠪ ᠨᠢ | ᠪᠣᠳᠠᠲᠤ ᠬᠡᠷᠡᠭᠴᠡᠭᠡ ᠪᠠᠨ ᠦᠨᠳᠦᠰᠦᠯᠡᠨ᠂ ᠠᠵᠢᠯ ᠠᠴᠠ ᠰᠠᠯᠵᠤ ᠳᠠᠪᠲᠠᠨ ᠪᠣᠯᠪᠠᠰᠤᠷᠠᠬᠤ ᠬᠡᠯᠪᠡᠷᠢ ᠪᠠᠷ᠂ ᠵᠢᠯ ᠪᠦᠷᠢ | 5 — 10 ᠬᠥᠮᠦᠨ ᠢ ᠳᠡᠭᠡᠳᠦ ᠱᠠᠲᠤᠨ ᠤ ᠬᠠᠮᠢᠶ᠎ᠠ ᠪᠦᠬᠦᠢ ᠲᠤᠰᠬᠠᠶ ᠪᠠᠶᠢᠭᠤᠯᠤᠮᠵᠢ ᠳᠤ ᠰᠣᠩᠭᠤᠨ ᠬᠦᠷᠭᠡᠬᠦ | ᠪᠤᠶᠤ ᠪᠤᠰᠤᠳ ᠬᠤᠯᠤᠭᠠᠨ᠎ᠠ ᠬᠢᠵᠢᠭ ᠢ ᠰᠡᠷᠭᠡᠶᠢᠯᠡᠬᠦ ᠠᠵᠢᠯ ᠤᠨ ᠲᠡᠷᠢᠭᠦᠨ ᠤ ᠭᠠᠵᠠᠷ ᠣᠷᠣᠨ ᠳᠤ ᠬᠦᠷᠭᠡᠵᠦ 3 | — 6 ᠰᠠᠷ᠎ᠠ ᠶᠢᠨ ᠲᠤᠬᠠᠶᠢᠯᠠᠭᠰᠠᠨ ᠠᠵᠢᠯ ᠤᠨ ᠰᠤᠷᠤᠯᠴᠠᠯᠭ᠎ᠠ ᠳᠤ ᠣᠷᠣᠯᠴᠠᠭᠤᠯᠵᠣ᠂ ᠬᠤᠯᠤᠭᠠᠨ᠎ᠠ ᠬᠢᠵᠢᠭ ᠤᠨ | ᠰᠡᠷᠭᠡᠶᠢᠯᠡᠯᠲᠡ ᠶᠢᠨ ᠲᠤᠰᠬᠠᠶ ᠡᠩᠨᠡᠭᠡ ᠶᠢᠨ ᠲᠤᠬᠠᠶᠢᠯᠠᠭᠰᠠᠨ ᠠᠵᠢᠯ ᠤᠨ ᠴᠢᠳᠠᠪᠤᠷᠢ ᠪᠣᠯᠤᠨ ᠲᠤᠰᠬᠠᠶ ᠮᠡᠷᠭᠡᠵᠢᠯ ᠤᠨ | ᠬᠢᠷᠢ ᠬᠡᠮᠵᠢᠶ᠎ᠡ ᠶᠢ ᠲᠠᠰᠤᠷᠠᠯᠲᠠ ᠤᠢᠭᠡᠢ ᠳᠡᠭᠡᠭᠰᠢᠯᠡᠭᠦᠯᠬᠦ ᠬᠡᠷᠡᠭᠲᠡᠶ᠃ | ︵ᠲᠠᠪᠤ︶ ᠠᠵᠢᠯ ᠤᠨ ᠤᠷᠮᠠᠰᠢᠭᠤᠯᠬᠤ ᠲᠣᠭᠲᠠᠴᠠ ᠶᠢ ᠲᠡᠭᠦᠯᠳᠡᠷᠵᠢᠭᠦᠯᠬᠦ ᠬᠡᠷᠡᠭᠲᠡᠢ᠃ ᠡᠯ᠎ᠡ ᠬᠤᠰᠢᠭᠤ | ᠰᠢᠶᠠᠨ ᠲᠣᠭᠤᠷᠢᠭ ᠬᠤᠯᠤᠭᠠᠨ᠎ᠠ ᠬᠢᠵᠢᠭ ᠤᠨ ᠰᠡᠷᠭᠡᠶᠢᠯᠡᠯᠲᠡ ᠶᠢᠨ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ | ᠬᠤᠯᠤᠭᠠᠨ᠎ᠠ ᠬᠢᠵᠢᠭ ᠤᠨ ᠰᠡᠷᠭᠡᠶᠢᠯᠡᠯᠲᠡ ᠶᠢᠨ ᠠᠵᠢᠯᠲᠠᠨ ᠢ ᠦᠨᠡᠨᠬᠦ ᠬᠠᠯᠠᠮᠵᠢᠯᠠᠵᠤ᠂ ᠡᠷᠡᠭᠦᠯ ᠬᠠᠮᠠᠭᠠᠯᠠᠯ ᠬᠢᠵᠢᠭ | ᠰᠡᠷᠭᠡᠶᠢᠯᠡᠯᠲᠡ ᠶᠢᠨ ᠨᠡᠮᠡᠭᠦᠷᠢ ᠪᠠ ᠠᠵᠢᠯ ᠤᠨ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ ᠴᠢᠩᠭ᠎ᠠ | ᠨᠠᠶᠢᠳᠠᠪᠣᠷᠢᠵᠢᠭᠤᠯᠵᠤ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠣᠯᠠᠭ᠎ᠠ ᠶᠢᠨ ᠶᠠᠮᠤᠨ᠂ | ᠡᠳ᠋ ᠤᠨ ᠵᠠᠰᠠᠭ ᠤᠨ ᠶᠠᠮᠤᠨ ᠤ ︽ᠡᠷᠡᠭᠦᠯ ᠬᠠᠮᠠᠭᠠᠯᠠᠯ ᠬᠢᠵᠢᠭ ᠰᠡᠷᠭᠡᠶᠢᠯᠡᠯᠲᠡ ᠶᠢᠨ ᠨᠡᠮᠡᠭᠦᠷᠢ ᠶᠢᠨ ᠪᠠᠷᠢᠮᠵᠢᠶ᠎ᠠ ᠳᠤ | ᠲᠣᠬᠢᠷᠠᠭᠤᠯᠤᠯᠲᠠ ᠬᠢᠬᠦ ᠲᠤᠬᠠᠶ ᠮᠡᠳᠡᠭᠳᠡᠯ︾ ︵ᠬᠥᠮᠦᠨ ᠨᠡᠶᠢᠭᠡᠮ ᠶᠠᠮᠤᠨ ᠲᠠᠷᠬᠠᠭᠠᠭᠰᠠᠨ ﹇2020﹈ 13 | ᠳ᠋ᠤᠭᠠᠷ ᠲᠣᠭᠠᠲᠤ︶ ᠪᠠ ︽ᠬᠠᠯᠳᠠᠪᠣᠷᠢᠲᠣ ᠡᠪᠡᠳᠴᠢᠨ ᠤ ᠬᠢᠵᠢᠭ ᠢ ᠰᠡᠷᠭᠡᠶᠢᠯᠡᠨ ᠵᠠᠰᠠᠬᠤ ᠠᠵᠢᠯᠲᠠᠨ ᠤ ᠲᠦᠷ ᠴᠠᠭ | ᠤᠨ ᠴᠢᠨᠠᠷᠲᠠᠶ ᠠᠵᠢᠯ ᠤᠨ ᠨᠦᠬᠦᠪᠦᠷᠢ ᠶᠢ ᠪᠠᠶᠢᠭᠤᠯᠬᠤ ᠲᠤᠬᠠᠶ ᠮᠡᠳᠡᠭᠳᠡᠯ︾ ︵ᠬᠥᠮᠦᠨ ᠨᠡᠶᠢᠭᠡᠮ ᠶᠠᠮᠤᠨ ᠲᠣᠭᠲᠠᠭᠠᠯ | ﹇2016﹈ 4 ᠳ᠋ᠤᠭᠡᠷ ᠲᠣᠭᠠᠲᠤ︶ ᠤᠨ ᠲᠣᠭᠲᠠᠭᠠᠯ ᠶᠣᠰᠣᠭᠠᠷ᠂ ᠬᠠᠮᠢᠶ᠎ᠠ ᠪᠦᠬᠦᠢ ᠨᠡᠮᠡᠭᠦᠷᠢ ᠶᠢ | ᠨᠠᠶᠢᠳᠠᠪᠤᠷᠢᠵᠢᠭᠤᠯᠤᠨ᠎ᠠ᠃ ᠬᠤᠯᠤᠭᠠᠨ᠎ᠠ ᠬᠢᠵᠢᠭ ᠤᠨ ᠰᠡᠷᠭᠡᠶᠢᠯᠡᠯᠲᠡ ᠶᠢᠨ ᠨᠢᠭᠡᠳᠦᠭᠡᠷ ᠹᠷᠣᠨᠲ ᠲᠤ ᠤᠷᠲᠤ | ᠬᠤᠭᠤᠴᠠᠭ᠎ᠠ ᠪᠠᠷ ᠠᠵᠢᠯᠯᠠᠵᠤ᠂ ᠳᠣᠪᠣᠶᠢᠮ᠎ᠠ ᠢᠯᠡᠷᠡᠯ ᠲᠠᠢ ᠠᠵᠢᠯᠲᠠᠨ ᠢ ᠲᠣᠭᠲᠠᠭᠠᠯ ᠶᠣᠰᠣᠭᠠᠷ ᠬᠥᠬᠢᠭᠦᠯᠦᠨ | ᠱᠠᠩᠨᠠᠵᠤ᠂ ᠰᠢᠨᠵᠢᠯᠡᠬᠦ ᠤᠬᠠᠭᠠᠨ ᠤ ᠰᠤᠳᠤᠯᠤᠯ ᠤᠨ ᠦᠷ᠎ᠡ ᠪᠦᠲᠦᠭᠡᠯ ᠣᠯᠤᠭᠰᠠᠨ᠂ ᠬᠠᠮᠢᠶ᠎ᠠ ᠪᠦᠬᠦᠢ ᠡᠷᠳᠡᠮ | ᠰᠢᠨᠵᠢᠯᠡᠭᠡᠨ ᠤ ᠥᠭᠦᠯᠡᠯ ᠨᠡᠶᠢᠲᠡᠯᠡᠭᠰᠡᠨ ᠠᠵᠢᠯᠲᠠᠨ ᠢ ᠱᠠᠩᠨᠠᠨ ᠬᠥᠬᠢᠭᠦᠯᠵᠦ᠂ ᠠᠳᠠᠯᠢ ᠨᠥᠬᠦᠴᠡᠯ ᠤᠨ ᠳᠣᠤᠷ᠎ᠠ | ᠲᠤᠰᠬᠠᠶ ᠮᠡᠷᠭᠡᠵᠢᠯ ᠤᠨ ᠲᠤᠰᠢᠶᠠᠯ ᠢ ᠡᠩ ᠲᠡᠷᠢᠭᠦᠨ ᠳᠤ ᠳᠡᠪᠰᠢᠭᠦᠯᠬᠦ ᠬᠡᠷᠡᠭᠲᠡᠶ᠃ | ᠳᠥᠷᠪᠡ᠂ ᠠᠵᠢᠯ ᠤᠨ ᠱᠠᠭᠠᠷᠳᠠᠯᠭ᠎ᠠ | ︵ᠨᠢᠭᠡ︶ ᠵᠣᠬᠢᠶᠠᠨ ᠪᠠᠶᠢᠭᠤᠯᠵᠤ ᠤᠳᠤᠷᠢᠳᠬᠤ ᠠᠵᠢᠯ ᠢ ᠴᠢᠩᠭᠠᠳᠬᠠᠨ᠎ᠠ᠃ ᠡᠯ᠎ᠡ ᠭᠠᠵᠠᠷ ᠤᠨ ᠬᠢᠨ | ᠬᠤᠯᠤᠭᠠᠨ᠎ᠠ ᠬᠢᠵᠢᠭ ᠢ ᠰᠡᠷᠭᠡᠶᠢᠯᠡᠨ ᠡᠵᠡᠮᠳᠡᠬᠦ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ | ᠤᠳᠤᠷᠢᠳᠤᠯᠭ᠎ᠠ ᠪᠠᠨ ᠦᠨᠡᠨᠬᠦ ᠴᠢᠩᠭᠠᠳᠬᠠᠵᠤ᠂ ᠬᠤᠯᠤᠭᠠᠨ᠎ᠠ ᠬᠢᠵᠢᠭ ᠤᠨ ᠰᠡᠷᠭᠡᠶᠢᠯᠡᠯᠲᠡ ᠶᠢᠨ ᠡᠩᠨᠡᠭᠡ ᠶᠢᠨ | ᠪᠠᠶᠢᠭᠤᠯᠤᠯᠲᠠ᠂ ᠴᠢᠳᠠᠪᠤᠷᠢᠲᠠᠨ ᠢ ᠬᠥᠮᠦᠵᠢᠭᠦᠯᠬᠦ᠂ ᠬᠤᠯᠤᠭᠠᠨ᠎ᠠ ᠬᠢᠵᠢᠭ ᠤᠨ ᠰᠡᠷᠭᠡᠶᠢᠯᠡᠯᠲᠡ ᠶᠢᠨ ᠴᠢᠳᠠᠪᠤᠷᠢ ᠶᠢ | ᠳᠡᠭᠡᠭᠰᠢᠯᠡᠭᠦᠯᠬᠦ ᠶᠢ ᠵᠠᠰᠠᠭ ᠤᠨ ᠣᠷᠳᠣᠨ ᠤ ᠡᠳᠦᠷ ᠲᠤᠲᠤᠮ ᠤᠨ ᠴᠢᠬᠤᠯᠠ ᠵᠥᠪᠯᠡᠬᠦ ᠵᠦᠢᠯ ᠳᠡᠭᠡᠨ ᠣᠷᠣᠭᠤᠯᠬᠤ | ᠬᠡᠷᠡᠭᠲᠡᠶ᠃ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠨᠢᠭᠲᠠ ᠬᠠᠮᠵᠢᠯᠴᠠᠵᠤ᠂ ᠬᠤᠯᠤᠭᠠᠨ᠎ᠠ ᠬᠢᠵᠢᠭ ᠠᠴᠠ | ᠰᠡᠷᠭᠡᠶᠢᠯᠡᠬᠦ ᠲᠤᠰᠬᠠᠶ ᠡᠩᠨᠡᠭᠡᠨ ᠤ ᠪᠠᠶᠢᠭᠤᠯᠤᠯᠲᠠ ᠪᠣᠯᠤᠨ ᠴᠢᠳᠠᠪᠤᠷᠢᠲᠠᠨ ᠬᠥᠮᠦᠵᠢᠭᠦᠯᠬᠦ ᠶᠢ ᠬᠢᠵᠠᠭᠠᠷᠯᠠᠵᠤ ᠪᠠᠶᠢᠭ᠎ᠠ | ᠪᠣᠭᠤᠮᠢ ᠠᠰᠠᠭᠤᠳᠠᠯ ᠢ ᠬᠠᠮᠲᠤᠪᠠᠷ ᠰᠤᠳᠤᠯᠤᠨ ᠰᠢᠢᠳᠪᠦᠷᠢᠯᠡᠵᠦ᠂ ᠬᠤᠯᠤᠭᠠᠨ᠎ᠠ ᠬᠢᠵᠢᠭ ᠤᠨ ᠰᠡᠷᠭᠡᠶᠢᠯᠡᠯᠲᠡ ᠶᠢᠨ | ᠴᠢᠳᠠᠪᠤᠷᠢ ᠶᠢᠨ ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠤᠨ ᠨᠠᠶᠢᠳᠠᠪᠤᠷᠢᠵᠢᠭᠤᠯᠤᠯᠲᠠ ᠶᠢ ᠬᠠᠮᠲᠤᠪᠠᠷ ᠲᠦᠯᠬᠢᠨ | ᠠᠬᠢᠭᠤᠯᠬᠤ ᠬᠡᠷᠡᠭᠲᠡᠶ᠃ | ︵ᠬᠤᠶᠠᠷ︶ ᠵᠠᠷᠤᠳᠠᠯ ᠤᠨ ᠪᠠᠲᠤᠯᠠᠭ᠎ᠠ ᠶᠢᠨ ᠡᠷᠴᠢᠮ ᠢ ᠴᠢᠩᠭᠠᠷᠠᠭᠤᠯᠤᠨ᠎ᠠ᠃ ᠬᠤᠲᠠ ᠶᠢᠨ ᠡᠳ᠋ ᠤᠨ ᠵᠠᠰᠠᠭ | ᠬᠤᠲᠠ ᠶᠢᠨ ᠱᠠᠲᠤᠨ ᠤ ᠬᠤᠯᠤᠭᠠᠨ᠎ᠠ ᠬᠢᠵᠢᠭ ᠤᠨ ᠰᠡᠷᠭᠡᠶᠢᠯᠡᠯᠲᠡ ᠶᠢᠨ ᠵᠠᠷᠤᠳᠠᠯ ᠢ ᠲᠥᠰᠦᠪ ᠲᠡᠭᠡᠨ ᠣᠷᠣᠭᠤᠯᠵᠤ᠂ | ᠮᠠᠨ ᠤ ᠬᠤᠲᠠ ᠶᠢᠨ ᠬᠤᠯᠤᠭᠠᠨ᠎ᠠ ᠬᠢᠵᠢᠭ ᠢ ᠬᠢᠨᠠᠨ ᠬᠡᠮᠵᠢᠬᠦ ᠪᠠ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ | ᠪᠣᠯᠪᠠᠰᠤᠷᠠᠯ ᠤᠨ ᠰᠠᠭᠤᠷᠢᠨ ᠭᠠᠵᠠᠷ ᠤᠨ ᠠᠵᠢᠯᠯᠠᠭᠠᠨ ᠢ ᠪᠠᠲᠤᠯᠠᠬᠤ ᠬᠡᠷᠡᠭᠲᠡᠢ᠃ ᠡᠯ᠎ᠡ ᠬᠤᠰᠢᠭᠤ ᠰᠢᠶᠠᠨ | ᠲᠣᠭᠤᠷᠢᠭ ᠨᠢ ︽ᠡᠮᠴᠢᠯᠡᠭᠡ ᠡᠷᠡᠭᠦᠯ ᠬᠠᠮᠠᠭᠠᠯᠠᠯ ᠤᠨ ᠬᠦᠷᠢᠶ᠎ᠡ ᠴᠠᠷᠠᠭ᠎ᠠ ᠶᠢᠨ ᠲᠥᠪ ᠪᠠ ᠣᠷᠣᠨ ᠨᠤᠲᠤᠭ ᠤᠨ | ᠡᠳ᠋ ᠤᠨ ᠵᠠᠰᠠᠭ ᠤᠨ ᠠᠵᠢᠯ ᠶᠠᠪᠤᠳᠠᠯ ᠤᠨ ᠡᠷᠬᠡ ᠪᠠ ᠵᠠᠷᠤᠯᠭ᠎ᠠ ᠶᠢᠨ ᠬᠠᠷᠢᠭᠤᠴᠠᠯᠭ᠎ᠠ ᠶᠢ ᠬᠤᠪᠢᠶᠠᠷᠢᠯᠠᠬᠤ | ᠥᠭᠡᠷᠡᠴᠢᠯᠡᠯᠲᠡ ᠶᠢᠨ ᠲᠥᠰᠦᠯ ᠢ ᠳᠠᠷᠤᠮᠠᠯᠯᠠᠨ ᠶᠠᠪᠤᠭᠤᠯᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ | ᠠᠯᠪᠠᠨ ᠲᠢᠩᠬᠢᠮ ᠤᠨ ᠮᠡᠳᠡᠭᠳᠡᠯ︾ ︵ᠲᠥᠷᠥ ᠠᠯᠪᠠᠨ ᠲᠠᠷᠬᠠᠭᠠᠭᠰᠠᠨ ﹇2018﹈ 67 ᠳ᠋ᠤᠭᠠᠷ ᠲᠣᠭᠠᠲᠤ︶ ᠪᠠ | ᠥᠪᠡᠷᠲᠡᠭᠡᠨ ᠵᠠᠰᠠᠬᠤ ᠣᠷᠣᠨ ᠤ ᠬᠤᠯᠪᠣᠭᠳᠠᠯ ᠪᠥᠬᠦᠶ ᠱᠠᠭᠠᠷᠳᠠᠯᠭ᠎ᠠ ᠶᠣᠰᠣᠭᠠᠷ᠂ ᠬᠤᠯᠤᠭᠠᠨ᠎ᠠ ᠬᠢᠵᠢᠭ ᠤᠨ | ᠰᠡᠷᠭᠡᠶᠢᠯᠡᠯᠲᠡ ᠶᠢᠨ ᠵᠠᠷᠤᠳᠠᠯ ᠤᠨ ᠤᠷᠲᠤ ᠬᠤᠭᠤᠴᠠᠭᠠᠨ ᠤ ᠪᠦᠲᠦᠮᠵᠢᠲᠡᠶ ᠣᠷᠣᠭᠤᠯᠤᠯᠲᠠ ᠶᠢᠨ ᠲᠣᠭᠲᠠᠴᠠ ᠶᠢ | ᠪᠠᠶᠢᠭᠤᠯᠤᠨ ᠲᠡᠭᠦᠯᠳᠡᠷᠵᠢᠭᠦᠯᠵᠦ᠂ ᠡᠯ᠎ᠡ ᠵᠦᠢᠯ ᠤᠨ ᠡᠷᠡᠭᠦᠯ ᠬᠠᠮᠠᠭᠠᠯᠠᠯ ᠬᠢᠵᠢᠭ ᠰᠡᠷᠭᠡᠶᠢᠯᠡᠬᠦ ᠨᠡᠮᠡᠭᠦᠷᠢ ᠪᠣᠯᠤᠨ | ᠲᠦᠷ ᠴᠠᠭ ᠤᠨ ᠴᠢᠨᠠᠷᠲᠠᠶ ᠠᠵᠢᠯ ᠤᠨ ᠲᠤᠰᠠᠯᠠᠮᠵᠢ ᠶᠢ ᠬᠠᠤᠯᠢ ᠶᠣᠰᠣᠭᠠᠷ ᠨᠠᠶᠢᠳᠠᠪᠤᠷᠢᠵᠢᠭᠤᠯᠵᠤ᠂ ᠬᠤᠯᠤᠭᠠᠨ᠎ᠠ | ᠬᠢᠵᠢᠭ ᠤᠨ ᠰᠡᠷᠭᠡᠶᠢᠯᠡᠯᠲᠡ ᠶᠢᠨ ᠠᠵᠢᠯᠲᠠᠨ ᠤ ᠣᠯᠭᠤᠮᠵᠢ ᠶᠢ ᠦᠨᠡᠨᠬᠦ ᠳᠡᠭᠡᠭᠰᠢᠯᠡᠭᠦᠯᠬᠦ ᠬᠡᠷᠡᠭᠲᠡᠶ᠃ | ︵ᠭᠤᠷᠪᠠ︶ ᠰᠢᠮᠳᠠᠭᠤᠯᠤᠨ ᠵᠢᠯᠣᠭᠤᠳᠬᠤ ᠶᠢ ᠴᠢᠩᠭᠠᠷᠠᠭᠤᠯᠤᠨ᠎ᠠ᠃ ᠡᠯ᠎ᠡ ᠬᠤᠰᠢᠭᠤ ᠰᠢᠶᠠᠨ ᠲᠣᠭᠤᠷᠢᠭ | ᠲᠤᠰ ᠲᠥᠰᠦᠯ ᠤᠨ ᠱᠠᠭᠠᠷᠳᠠᠯᠭ᠎ᠠ ᠶᠣᠰᠣᠭᠠᠷ᠂ ᠲᠣᠰ ᠭᠠᠵᠠᠷ ᠣᠷᠣᠨ ᠤ ᠪᠣᠳᠠᠲᠠᠶ ᠲᠠᠢ ᠪᠠᠨ ᠤᠶᠠᠯᠳᠤᠭᠤᠯᠤᠨ | ᠬᠤᠯᠤᠭᠠᠨ᠎ᠠ ᠬᠢᠵᠢᠭ ᠢ ᠰᠡᠷᠭᠡᠶᠢᠯᠡᠬᠦ ᠴᠢᠳᠠᠪᠤᠷᠢ ᠶᠢᠨ ᠪᠠᠶᠢᠭᠤᠯᠤᠯᠲᠠ ᠶᠢᠨ ᠲᠥᠯᠥᠪᠯᠡᠭᠡ ᠶᠢ ᠲᠣᠭᠲᠠᠭᠠᠵᠤ᠂ ᠡᠭᠦᠷᠭᠡ | ᠪᠠ ᠪᠡᠶᠡᠯᠡᠭᠦᠯᠬᠦ ᠴᠠᠭ ᠬᠤᠭᠤᠴᠠᠭ᠎ᠠ ᠶᠢ ᠲᠣᠳᠣᠷᠬᠠᠶᠢᠯᠠᠬᠤ ᠶᠢᠨ ᠬᠠᠮᠲᠤ ᠳᠠᠷᠦ᠋ᠢᠬᠠᠨ ᠵᠣᠬᠢᠶᠠᠨ ᠪᠠᠶᠢᠭᠤᠯᠤᠨ | ᠬᠡᠷᠡᠭᠵᠢᠭᠦᠯᠬᠦ ᠬᠡᠷᠡᠭᠲᠡᠶ᠃ | ᠳᠠᠭᠠᠯᠳᠤᠭᠤᠯᠤᠯ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠯᠤᠭᠠᠨ᠎ᠠ ᠬᠢᠵᠢᠭ ᠢ ᠬᠢᠨᠠᠨ ᠬᠡᠮᠵᠢᠬᠦ | ᠥᠷᠲᠡᠭᠡ ᠶᠢᠨ ᠪᠦᠲᠦᠭᠡᠨ ᠪᠠᠶᠢᠭᠤᠯᠬᠤ ᠪᠠᠷᠢᠮᠵᠢᠶ᠎ᠠ ︵ᠲᠤᠷᠰᠢᠨ ᠬᠡᠷᠡᠭᠵᠢᠭᠦᠯᠬᠦ︶ | | ᠳᠠᠭᠠᠯᠳᠤᠭᠤᠯᠤᠯ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠯᠤᠭᠠᠨ᠎ᠠ ᠬᠢᠵᠢᠭ ᠢ ᠬᠢᠨᠠᠨ | ᠬᠡᠮᠵᠢᠬᠦ ᠥᠷᠲᠡᠭᠡ ᠶᠢᠨ ᠪᠦᠲᠦᠭᠡᠨ ᠪᠠᠶᠢᠭᠤᠯᠬᠤ ᠪᠠᠷᠢᠮᠵᠢᠶ᠎ᠠ ︵ᠲᠤᠷᠰᠢᠨ ᠬᠡᠷᠡᠭᠵᠢᠭᠦᠯᠬᠦ︶ | ᠪᠦᠬᠦ ᠣᠷᠣᠨ ᠤ ᠬᠤᠯᠤᠭᠠᠨ᠎ᠠ ᠬᠢᠵᠢᠭ ᠢ ᠬᠢᠨᠠᠨ ᠬᠡᠮᠵᠢᠬᠦ ᠠᠵᠢᠯ ᠤᠨ ᠰᠠᠭᠤᠷᠢ ᠪᠡᠯᠡᠳᠬᠡᠮᠵᠢ ᠶᠢᠨ ᠪᠦᠲᠦᠭᠡᠨ | ᠪᠠᠶᠢᠭᠤᠯᠤᠯᠲᠠ ᠶᠢ ᠴᠢᠩᠭᠠᠳᠬᠠᠵᠤ᠂ ᠬᠤᠯᠤᠭᠠᠨ᠎ᠠ ᠬᠢᠵᠢᠭ ᠤᠨ ᠬᠡᠭᠡᠷ᠎ᠡ ᠭᠠᠳᠠᠨ᠎ᠠ ᠬᠢᠨᠠᠨ ᠬᠡᠮᠵᠢᠬᠦ ᠨᠥᠬᠦᠴᠡᠯ ᠢ | ᠰᠠᠶᠢᠵᠢᠷᠠᠭᠤᠯᠵᠤ᠂ ᠬᠤᠯᠤᠭᠠᠨ᠎ᠠ ᠬᠢᠵᠢᠭ ᠢ ᠬᠢᠨᠠᠨ ᠬᠡᠮᠵᠢᠬᠦ ᠴᠢᠳᠠᠪᠤᠷᠢ ᠪᠣᠯᠤᠨ ᠬᠢᠷᠢ ᠬᠡᠮᠵᠢᠶ᠎ᠡ ᠶᠢ | ᠳᠡᠭᠡᠭᠰᠢᠯᠡᠭᠦᠯᠬᠦ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠪᠣᠳᠠᠲᠤ ᠪᠠᠶᠢᠳᠠᠯ ᠲᠠᠢ ᠤᠶᠠᠯᠳᠤᠭᠤᠯᠤᠨ᠂ ᠲᠣᠰ | ᠪᠠᠷᠢᠮᠵᠢᠶ᠎ᠠ ᠶᠢ ᠲᠣᠭᠲᠠᠭᠠᠪᠠ᠃ | ᠨᠢᠭᠡ᠂ ᠭᠠᠵᠠᠷ ᠰᠣᠩᠭᠤᠬᠤ ᠱᠠᠭᠠᠷᠳᠠᠯᠭ᠎ᠠ | ︵ᠨᠢᠭᠡ︶ ᠥᠷᠲᠡᠭᠡ ᠪᠠᠶᠢᠭᠤᠯᠵᠤ ᠭᠠᠵᠠᠷ ᠰᠣᠩᠭᠤᠬᠤ ᠳᠤ ᠠᠮᠢᠳᠤ ᠪᠣᠳᠠᠰ ᠤᠨ ᠠᠮᠤᠷ ᠲᠦᠪᠰᠢᠨ ᠤ | ᠬᠡᠷᠡᠭᠴᠡᠭᠡ ᠶᠢ ᠬᠠᠩᠭᠠᠬᠤ ᠬᠡᠷᠡᠭᠲᠡᠶ᠃ ᠲᠤᠷᠰᠢᠯᠲᠠ ᠶᠢᠨ ᠲᠠᠰᠤᠭ ᠤᠨ ᠡᠷᠭᠢᠨ ᠲᠣᠭᠤᠷᠢᠨ ᠳᠤ ᠰᠠᠭᠤᠭᠠᠯᠢ | ᠠᠷᠠᠳ ᠤᠨ ᠲᠣᠭᠤᠷᠢᠭ᠂ ᠠᠵᠤ ᠦᠢᠯᠡᠳᠪᠦᠷᠢ ᠶᠢᠨ ᠦᠢᠯᠡᠳᠪᠦᠷᠢᠯᠡᠯ ᠶᠢᠨ ᠲᠣᠭᠤᠷᠢᠭ᠂ ᠬᠠᠭᠠᠯᠪᠤᠷᠢᠯᠠᠵᠤ | ᠲᠠᠷᠢᠶᠠᠯᠠᠬᠤ ᠭᠠᠵᠠᠷ ᠵᠡᠷᠭᠡ ᠣᠯᠠᠨ ᠲᠦᠮᠡᠨ ᠤ ᠦᠢᠯᠡᠳᠪᠦᠷᠢᠯᠡᠯ᠂ ᠠᠮᠢᠳᠤᠷᠠᠯ ᠤᠨ ᠠᠵᠢᠯᠯᠠᠭ᠎ᠠ ᠲᠥᠪᠯᠡᠷᠡᠭᠰᠡᠨ | ᠣᠷᠣᠨ ᠢ ᠲᠥᠯᠥᠪᠵᠢᠭᠦᠯᠦᠨ ᠪᠦᠲᠦᠭᠡᠨ ᠪᠠᠶᠢᠭᠤᠯᠬᠤ ᠦᠭᠡᠢ ᠪᠠᠶᠢᠬᠤ ᠬᠡᠷᠡᠭᠲᠡᠢ᠃ | ︵ᠬᠤᠶᠠᠷ︶ ᠥᠷᠲᠡᠭᠡ ᠪᠠᠶᠢᠭᠤᠯᠬᠤ ᠭᠠᠵᠠᠷ ᠨᠢ ᠬᠠᠮᠤᠭ ᠰᠠᠶᠢᠨ ᠨᠢ ᠬᠤᠯᠤᠭᠠᠨ᠎ᠠ ᠬᠢᠵᠢᠭ ᠢ ᠬᠢᠨᠠᠨ ᠬᠡᠮᠵᠢᠬᠦ | ᠣᠷᠣᠨ ᠤ ᠳᠣᠲᠣᠷ᠎ᠠ ᠪᠠᠶᠢᠵᠤ᠂ ᠬᠢᠨᠠᠨ ᠬᠡᠮᠵᠢᠬᠦ ᠠᠵᠢᠯ ᠤᠨ ᠬᠡᠷᠡᠭᠴᠡᠭᠡ ᠶᠢ ᠬᠠᠮᠤᠭ ᠤᠨ ᠶᠡᠭᠡ ᠬᠡᠮᠵᠢᠶ᠎ᠡ ᠪᠠᠷ | ᠬᠠᠩᠭᠠᠬᠤ ᠬᠡᠷᠡᠭᠲᠡᠶ᠃ ᠬᠡᠷᠪᠡ ᠬᠢᠨᠠᠨ ᠬᠡᠮᠵᠢᠬᠦ ᠣᠷᠣᠨ ᠪᠦᠰᠡ ᠶᠢᠨ ᠳᠣᠲᠣᠷ᠎ᠠ ᠥᠷᠲᠡᠭᠡ ᠪᠠᠶᠢᠭᠤᠯᠵᠤ ᠠᠵᠢᠯ | ᠠᠮᠢᠳᠤᠷᠠᠯ ᠤᠨ ᠬᠡᠷᠡᠭᠴᠡᠭᠡ ᠶᠢ ᠪᠠᠲᠤᠯᠠᠬᠤ ᠶᠢᠨ ᠠᠷᠭ᠎ᠠ ᠦᠭᠡᠶ ᠪᠣᠯ ᠥᠷᠲᠡᠭᠡ ᠪᠠᠶᠢᠭᠤᠯᠬᠤ ᠭᠠᠵᠠᠷ | ᠰᠣᠩᠭᠤᠬᠤ ᠳᠠᠭᠠᠨ ᠬᠢᠨᠠᠨ ᠬᠡᠮᠵᠢᠬᠦ ᠠᠵᠢᠯ ᠤᠨ ᠣᠷᠣᠨ ᠪᠦᠰᠡ ᠳᠤ ᠠᠯᠢ ᠪᠣᠯᠬᠤ ᠪᠠᠷ ᠣᠶᠢᠷᠠᠲᠤᠭᠤᠯᠬᠤ ᠬᠡᠷᠡᠭᠲᠡᠶ᠃ | ︵ᠭᠤᠷᠪᠠ︶ ᠥᠷᠲᠡᠭᠡ ᠪᠠᠶᠢᠭᠤᠯᠬᠤ ᠭᠠᠵᠠᠷ ᠰᠣᠩᠭᠤᠬᠤ ᠳᠤ ᠨᠠᠶᠢᠳᠠᠪᠤᠷᠢᠲᠠᠶ ᠠᠵᠢᠯ ᠠᠮᠢᠳᠤᠷᠠᠯ ᠤᠨ ᠠᠷᠤ | ᠲᠠᠯ᠎ᠠ ᠶᠢᠨ ᠦᠢᠯᠡᠴᠢᠯᠡᠭᠡᠨ ᠤ ᠪᠠᠲᠤᠯᠠᠭ᠎ᠠ ᠪᠠ ᠠᠮᠤᠷ ᠲᠦᠪᠰᠢᠨ ᠤ ᠪᠠᠲᠤᠯᠠᠭ᠎ᠠ ᠬᠠᠩᠭᠠᠬᠤ ᠬᠡᠷᠡᠭᠲᠡᠶ᠂ ᠴᠠᠬᠢᠯᠭᠠᠨ | ᠨᠡᠪᠲᠡᠷᠡᠭᠦᠯᠬᠦ ︵220v︶᠂ ᠤᠰᠤ ᠨᠡᠪᠲᠡᠷᠡᠭᠦᠯᠬᠦ᠂ ᠲᠣᠣᠷ ᠨᠡᠪᠲᠡᠷᠡᠭᠦᠯᠬᠦ ᠵᠡᠷᠭᠡ᠃ | ︵ᠳᠥᠷᠪᠡ︶ ᠪᠦᠬᠦ᠋ᠢᠯᠡ ᠬᠢᠨᠠᠨ ᠬᠡᠮᠵᠢᠬᠦ ᠥᠷᠲᠡᠭᠡ ᠨᠢ ᠰᠡᠷᠭᠡᠶᠢᠯᠡᠨ ᠬᠠᠮᠠᠭᠠᠯᠠᠬᠤ ᠬᠦᠷᠢᠶ᠎ᠡ ᠬᠡᠷᠡᠮ ᠪᠠᠷᠢᠵᠤ | ᠭᠠᠳᠠᠭᠠᠳᠤ ᠣᠷᠴᠢᠨ ᠠᠴᠠ ᠲᠤᠰᠠᠭᠠᠷᠯᠠᠬᠤ ᠬᠡᠷᠡᠭᠲᠡᠶ᠃ | ᠬᠤᠶᠠᠷ᠂ ᠰᠠᠭᠤᠷᠢ ᠪᠡᠯᠡᠳᠬᠡᠮᠵᠢ | ︵ᠨᠢᠭᠡ︶ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠪᠣᠯᠪᠠᠰᠤᠷᠠᠯ ᠤᠨ ᠰᠠᠭᠤᠷᠢᠨ ᠭᠠᠵᠠᠷ᠃ | 1. ᠠᠶᠢᠮᠠᠭ ᠬᠤᠲᠠ ᠶᠢᠨ ᠱᠠᠲᠤᠨ ᠤ ᠬᠤᠯᠤᠭᠠᠨ᠎ᠠ ᠬᠢᠵᠢᠭ ᠤᠨ ᠪᠠᠴᠢᠮ ᠪᠠᠶᠢᠳᠠᠯ ᠢ ᠠᠷᠭᠠᠴᠠᠭᠠᠬᠤ | ᠰᠣᠷᠢᠯᠲᠠ ᠪᠣᠯᠪᠠᠰᠣᠷᠠᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢᠨ ᠲᠠᠯᠠᠪᠠᠶ ᠨᠢ 650m2 ᠠᠴᠠ | ᠪᠠᠭ᠎ᠠ ᠪᠠᠶᠢᠵᠤ ᠪᠣᠯᠬᠤ ᠦᠭᠡᠶ᠃ | 2. ᠪᠠᠶᠢᠷᠢ᠄ 30 ᠠᠴᠠ ᠳᠡᠭᠡᠭᠰᠢ ᠬᠥᠮᠦᠨ ᠤ ᠬᠤᠨᠤᠭ ᠢ ᠬᠠᠩᠭᠠᠵᠤ᠂ ᠪᠡᠶ᠎ᠡ ᠵᠠᠰᠠᠬᠤ ᠭᠠᠵᠠᠷ᠂ ᠰᠦᠷᠴᠢᠮᠡᠯ | ᠤᠬᠢᠶᠠᠯ ᠤᠨ ᠪᠡᠯᠡᠳᠬᠡᠮᠵᠢ ᠵᠡᠷᠭᠡ ᠦᠨᠳᠦᠰᠦᠨ ᠠᠮᠢᠳᠤᠷᠠᠯ ᠤᠨ ᠪᠡᠯᠡᠳᠬᠡᠮᠵᠢ ᠶᠢ ᠪᠦᠷᠢᠯᠳᠦᠭᠦᠯᠦᠨ᠎ᠡ᠃ | 3. ᠲᠣᠭᠤᠭᠠᠨ ᠭᠡᠷ᠂ ᠬᠤᠭᠤᠯᠠᠨ ᠭᠡᠷ᠄ 40m2 ᠠᠴᠠ ᠳᠡᠭᠡᠭᠰᠢ ᠪᠠᠶᠢᠭᠤᠯᠵᠤ᠂ 50 ᠬᠥᠮᠦᠨ ᠬᠠᠮᠲᠤ | ᠬᠤᠭᠤᠯᠠᠯᠠᠬᠤ ᠨᠥᠬᠦᠴᠡᠯ ᠢ ᠪᠦᠷᠢᠯᠳᠦᠭᠦᠯᠦᠨ᠎ᠡ᠃ | 4. ᠠᠵᠢᠯᠯᠠᠬᠤ ᠲᠣᠭᠤᠷᠢᠭ᠄ ᠨᠠᠭᠠᠳᠤ ᠵᠠᠬ᠎ᠠ ᠳᠠᠭᠠᠨ 30m2 ᠠᠴᠠ ᠳᠡᠭᠡᠭᠰᠢ ᠪᠠᠶᠢᠵᠤ᠂ 6 ᠬᠥᠮᠦᠨ | ᠠᠵᠢᠯᠯᠠᠵᠤ ᠪᠣᠯᠬᠤ ᠨᠦᠬᠦᠴᠡᠯ ᠲᠠᠢ᠂ ᠰᠦᠯᠵᠢᠶ᠎ᠡ᠂ ᠺᠣᠮᠫᠢᠦ᠋ᠲ᠋ᠧᠷ᠂ ᠳᠠᠷᠤᠮᠠᠯᠯᠠᠬᠤ ᠮᠠᠰᠢᠨ ᠲᠠᠢ᠃ | 5. ᠬᠤᠷᠠᠯ ᠤᠨ ᠭᠡᠷ᠄ 100m2 ᠠᠴᠠ ᠳᠡᠭᠡᠭᠰᠢ ᠪᠠᠶᠢᠭᠤᠯᠵᠤ᠂ ᠠᠳᠠᠭ ᠲᠠᠭᠠᠨ 50 ᠬᠥᠮᠦᠨ ᠤ ᠬᠤᠷᠠᠯ | ᠬᠢᠬᠦ ᠶᠢ ᠬᠠᠩᠭᠠᠵᠤ᠂ ᠣᠯᠠᠨ ᠵᠠᠭᠤᠴᠢᠯᠠᠭᠤᠷ ᠵᠡᠷᠭᠡ ᠨᠥᠬᠦᠴᠡᠯ ᠢ ᠪᠦᠷᠢᠯᠳᠦᠭᠦᠯᠦᠨ᠎ᠡ᠃ | 6. ᠡᠳ᠋ ᠪᠣᠳᠠᠰ ᠨᠥᠭᠡᠴᠡᠯᠡᠬᠦ ᠲᠠᠰᠤᠭ᠄ ᠠᠳᠠᠭ ᠲᠠᠭᠠᠨ 30m2᠂ ᠬᠤᠯᠤᠭᠠᠨ᠎ᠠ ᠶᠢᠨ ᠬᠠᠪᠬ᠎ᠠ᠂ | ᠬᠤᠯᠤᠭᠠᠨ᠎ᠠ ᠶᠢᠨ ᠡᠮ ᠵᠡᠷᠭᠡ ᠡᠳ᠋ ᠪᠣᠳᠠᠰ ᠢ ᠬᠠᠳᠠᠭᠠᠯᠠᠨ᠎ᠠ᠃ | 7. ᠪᠣᠬᠢᠷ ᠤᠰᠤ ᠶᠢ ᠰᠢᠢᠳᠪᠦᠷᠢᠯᠡᠬᠦ ᠪᠦᠲᠦᠭᠡᠨ ᠪᠠᠶᠢᠭᠤᠯᠤᠯᠲᠠ᠄ ᠲᠤᠷᠰᠢᠯᠲᠠ ᠶᠢᠨ ᠲᠠᠰᠤᠭ ᠤᠨ | ᠣᠶᠢᠷᠠᠯᠴᠠᠭ᠎ᠠ ᠪᠣᠬᠢᠷ ᠤᠰᠤ ᠭᠠᠳᠠᠭᠰᠢᠯᠠᠭᠤᠯᠬᠤ ᠲᠤᠰᠬᠠᠶ ᠨᠡᠪᠴᠢᠯ ᠬᠤᠳᠳᠤᠭ ᠪᠠᠶᠢᠭᠤᠯᠵᠤ᠂ ᠲᠤᠷᠰᠢᠯᠲᠠ ᠶᠢᠨ | ᠲᠠᠰᠤᠭ ᠤᠨ ᠪᠣᠬᠢᠷ ᠤᠰᠤ ᠶᠢ ᠠᠷᠢᠭᠤᠳᠬᠠᠨ ᠰᠢᠢᠳᠪᠦᠷᠢᠯᠡᠭᠰᠡᠨ ᠤ ᠳᠠᠷᠠᠭ᠎ᠠ ᠰᠠᠶ᠋ᠢ ᠭᠠᠳᠠᠭᠰᠢᠯᠠᠭᠤᠯᠵᠤ᠂ | ᠠᠮᠢᠳᠤᠷᠠᠯ ᠤᠨ ᠪᠣᠬᠢᠷ ᠤᠰᠤᠨ ᠤ ᠬᠤᠭᠤᠯᠠᠢ ᠶᠢᠨ ᠲᠣᠣᠷ ᠲᠤ ᠣᠷᠣᠭᠤᠯᠵᠤ ᠪᠣᠯᠬᠤ ᠦᠭᠡᠢ᠃ | 8. ᠬᠤᠭ ᠨᠣᠪᠰᠢ ᠰᠢᠢᠳᠪᠦᠷᠢᠯᠡᠬᠦ ᠪᠦᠲᠦᠭᠡᠨ ᠪᠠᠶᠢᠭᠤᠯᠤᠯᠲᠠ᠄ ᠰᠢᠲᠠᠭᠠᠬᠤ ᠵᠤᠤᠬ᠎ᠠ᠂ ᠰᠢᠲᠠᠭᠠᠬᠤ ᠨᠦᠭᠡ᠂ | ᠪᠤᠯᠠᠬᠤ ᠨᠦᠬᠡ ᠶᠢ ᠰᠣᠩᠭᠤᠨ ᠪᠠᠶᠢᠭᠤᠯᠣᠨ᠎ᠠ᠃ | 9. ᠲᠤᠷᠰᠢᠯᠲᠠ ᠶᠢᠨ ᠲᠠᠰᠤᠭ᠄ 200m2 ᠠᠴᠠ ᠪᠠᠭ᠎ᠠ ᠪᠠᠶᠢᠵᠤ ᠪᠣᠯᠬᠤ ᠥᠬᠡᠶ᠂ ᠠᠮᠢᠳᠤ ᠪᠣᠳᠠᠰ ᠤᠨ | ᠠᠮᠤᠷ ᠲᠦᠪᠰᠢᠨ ᠤ ᠬᠤᠶᠠᠳᠤᠭᠠᠷ ᠳᠡᠰ ᠤᠨ ᠲᠤᠷᠰᠢᠯᠲᠠ ᠶᠢᠨ ᠲᠠᠰᠤᠭ᠂ ᠡᠭᠦᠨ ᠳᠤ ᠨᠣᠬᠠᠶ ᠶᠢᠨ ᠪᠥᠭᠡᠰᠦ ᠲᠡᠭᠦᠬᠦ | ᠲᠠᠰᠤᠭ᠂ ᠪᠠᠺᠲ᠋ᠧᠷᠢ ᠪᠣᠶᠢᠵᠢᠭᠤᠯᠬᠤ ᠲᠠᠰᠤᠭ᠂ ᠴᠢᠰᠤᠨ ᠴᠡᠶᠢᠪᠠᠨᠭ᠌ ᠤᠨ ᠲᠠᠰᠤᠭ᠂ ᠪᠥᠭᠡᠮ ᠬᠦᠴᠢᠯ ᠤᠨ | ᠪᠠᠶᠢᠴᠠᠭᠠᠨ ᠰᠢᠯᠭᠠᠬᠤ ᠲᠤᠷᠰᠢᠯᠲᠠ ᠶᠢᠨ ᠲᠠᠰᠤᠭ᠂ ᠡᠩ ᠤᠨ ᠲᠤᠷᠰᠢᠯᠲᠠ ᠶᠢᠨ ᠲᠠᠰᠤᠭ᠂ ᠥᠨᠳᠥᠷ ᠳᠠᠷᠤᠯᠲᠠᠲᠤ | ᠪᠠᠺᠲ᠋ᠧᠷᠢ ᠤᠰᠠᠳᠬᠠᠬᠤ ᠲᠠᠰᠤᠭ᠂ ᠦᠯᠢᠭᠡᠷ ᠬᠡᠪ ᠤᠨ ᠲᠠᠰᠤᠭ ᠵᠡᠷᠭᠡ ᠪᠠᠭᠲᠠᠨ᠎ᠠ᠃ ᠲᠤᠷᠰᠢᠯᠲᠠ ᠶᠢᠨ ᠲᠠᠰᠤᠭ ᠤᠨ | ᠳᠣᠲᠣᠭᠠᠳᠤ ᠪᠦᠲᠦᠴᠡ ᠶᠢᠨ ᠪᠡᠯᠡᠳᠬᠡᠮᠵᠢ ᠶᠢᠨ ᠪᠥᠲᠥᠭᠡᠨ ᠪᠠᠶᠢᠭᠤᠯᠤᠯᠲᠠ ᠶᠢ ︽ᠲᠤᠷᠰᠢᠯᠲᠠ ᠶᠢᠨ ᠲᠠᠰᠤᠭ ᠤᠨ | ᠠᠮᠢᠳᠤ ᠪᠣᠳᠠᠰ ᠤᠨ ᠠᠮᠤᠷ ᠲᠦᠪᠰᠢᠨ ᠤ ᠨᠡᠶᠢᠳᠡᠮ ᠬᠡᠷᠡᠭᠯᠡᠬᠦ ᠱᠠᠭᠠᠷᠳᠠᠯᠭ᠎ᠠ︾ ︵GB19489 — 2008︶ | ᠶᠢᠨ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃ | ︵ᠬᠤᠶᠠᠷ︶ ᠬᠡᠭᠡᠷ᠎ᠡ ᠭᠠᠳᠠᠨ᠎ᠠ ᠬᠢᠨᠠᠨ ᠬᠡᠮᠵᠢᠬᠦ ᠥᠷᠲᠡᠭᠡ᠃ | 1. ᠬᠤᠯᠤᠭᠠᠨ᠎ᠠ ᠬᠢᠵᠢᠭ ᠤᠨ ᠬᠡᠭᠡᠷ᠎ᠡ ᠭᠠᠳᠠᠨ᠎ᠠ ᠬᠢᠨᠠᠨ ᠬᠡᠮᠵᠢᠬᠦ ᠥᠷᠲᠡᠭᠡ ᠶᠢᠨ ᠪᠦᠲᠦᠭᠡᠨ | ᠪᠠᠶᠢᠭᠤᠯᠤᠯᠲᠠ ᠶᠢᠨ ᠲᠠᠯᠠᠪᠠᠶ ᠶᠢ 350m2 ᠠᠴᠠ ᠪᠠᠭ᠎ᠠ ᠪᠠᠶᠢᠯᠭᠠᠵᠤ ᠪᠣᠯᠬᠤ ᠦᠭᠡᠶ᠃ | 2. ᠪᠠᠶᠢᠷᠢ᠄ 10 ᠠᠴᠠ ᠳᠡᠭᠡᠭᠰᠢ ᠬᠥᠮᠦᠨ ᠤ ᠬᠤᠨᠤᠭ ᠢ ᠬᠠᠩᠭᠠᠵᠤ᠂ ᠠᠷᠢᠭᠤᠨ ᠴᠡᠪᠡᠷ ᠤᠨ ᠥᠷᠥᠭᠡ᠂ | ᠰᠦᠷᠴᠢᠮᠡᠯ ᠤᠬᠢᠶᠠᠯ ᠤᠨ ᠪᠡᠯᠡᠳᠬᠡᠮᠵᠢ ᠵᠡᠷᠭᠡ ᠦᠨᠳᠦᠰᠦᠨ ᠠᠮᠢᠳᠤᠷᠠᠯ ᠤᠨ ᠪᠡᠯᠡᠳᠬᠡᠮᠵᠢ ᠶᠢ ᠪᠦᠷᠢᠯᠳᠦᠭᠦᠯᠦᠨ᠎ᠡ᠃ | 3. ᠲᠣᠭᠤᠭᠠᠨ ᠭᠡᠷ᠂ ᠬᠤᠭᠤᠯᠠᠨ ᠭᠡᠷ᠄ 20m2 ᠠᠴᠠ ᠳᠡᠭᠡᠭᠰᠢ ᠪᠠᠶᠢᠭᠤᠯᠵᠤ᠂ 10 ᠬᠥᠮᠦᠨ ᠬᠠᠮᠲᠤ | ᠬᠤᠭᠤᠯᠠᠯᠠᠬᠤ ᠨᠥᠬᠦᠴᠡᠯ ᠢ ᠪᠦᠷᠢᠯᠳᠦᠭᠦᠯᠦᠨ᠎ᠡ᠃ | 4. ᠠᠵᠢᠯᠯᠠᠬᠤ ᠲᠣᠭᠤᠷᠢᠭ᠄ ᠨᠠᠭᠠᠳᠤ ᠵᠠᠬ᠎ᠠ ᠳᠠᠭᠠᠨ 30m2 ᠠᠴᠠ ᠳᠡᠭᠡᠭᠰᠢ ᠪᠠᠶᠢᠵᠤ᠂ 6 ᠬᠥᠮᠦᠨ | ᠠᠵᠢᠯᠯᠠᠵᠤ ᠪᠣᠯᠬᠤ ᠨᠦᠬᠦᠴᠡᠯ ᠲᠠᠢ᠂ ᠰᠦᠯᠵᠢᠶ᠎ᠡ᠂ ᠺᠣᠮᠫᠢᠦ᠋ᠲ᠋ᠧᠷ᠂ ᠳᠠᠷᠤᠮᠠᠯᠯᠠᠬᠤ ᠮᠠᠰᠢᠨ ᠲᠠᠢ᠃ | 5. ᠡᠳ᠋ ᠪᠣᠳᠠᠰ ᠨᠥᠭᠡᠴᠡᠯᠡᠬᠦ ᠲᠠᠰᠤᠭ᠄ ᠠᠳᠠᠭ ᠲᠠᠭᠠᠨ 30m2᠂ ᠬᠤᠯᠤᠭᠠᠨ᠎ᠠ ᠶᠢᠨ ᠬᠠᠪᠬ᠎ᠠ᠂ | ᠬᠤᠯᠤᠭᠠᠨ᠎ᠠ ᠶᠢᠨ ᠡᠮ ᠵᠡᠷᠭᠡ ᠡᠳ᠋ ᠪᠣᠳᠠᠰ ᠢ ᠬᠠᠳᠠᠭᠠᠯᠠᠨ᠎ᠠ᠃ | 6. ᠪᠣᠬᠢᠷ ᠤᠰᠤ ᠶᠢ ᠰᠢᠢᠳᠪᠦᠷᠢᠯᠡᠬᠦ ᠪᠦᠲᠦᠭᠡᠨ ᠪᠠᠶᠢᠭᠤᠯᠤᠯᠲᠠ᠄ ᠲᠤᠷᠰᠢᠯᠲᠠ ᠶᠢᠨ ᠲᠠᠰᠤᠭ ᠤᠨ | ᠣᠶᠢᠷᠠᠯᠴᠠᠭ᠎ᠠ ᠪᠣᠬᠢᠷ ᠤᠰᠤ ᠭᠠᠳᠠᠭᠰᠢᠯᠠᠭᠤᠯᠬᠤ ᠲᠤᠰᠬᠠᠶ ᠨᠡᠪᠴᠢᠯ ᠬᠤᠳᠳᠤᠭ ᠪᠠᠶᠢᠭᠤᠯᠵᠤ᠂ ᠲᠤᠷᠰᠢᠯᠲᠠ ᠶᠢᠨ | ᠲᠠᠰᠤᠭ ᠤᠨ ᠪᠣᠬᠢᠷ ᠤᠰᠤ ᠶᠢ ᠠᠷᠢᠭᠤᠳᠬᠠᠨ ᠰᠢᠢᠳᠪᠦᠷᠢᠯᠡᠭᠰᠡᠨ ᠤ ᠳᠠᠷᠠᠭ᠎ᠠ ᠰᠠᠶ᠋ᠢ ᠭᠠᠳᠠᠭᠰᠢᠯᠠᠭᠤᠯᠵᠤ᠂ | ᠠᠮᠢᠳᠤᠷᠠᠯ ᠤᠨ ᠪᠣᠬᠢᠷ ᠤᠰᠤᠨ ᠤ ᠬᠤᠭᠤᠯᠠᠢ ᠶᠢᠨ ᠲᠣᠣᠷ ᠲᠤ ᠣᠷᠣᠭᠤᠯᠵᠤ ᠪᠣᠯᠬᠤ ᠦᠭᠡᠢ᠃ | 7. ᠬᠤᠭ ᠨᠣᠪᠰᠢ ᠰᠢᠢᠳᠪᠦᠷᠢᠯᠡᠬᠦ ᠪᠦᠲᠦᠭᠡᠨ ᠪᠠᠶᠢᠭᠤᠯᠤᠯᠲᠠ᠄ ᠰᠢᠲᠠᠭᠠᠬᠤ ᠵᠤᠤᠬ᠎ᠠ ᠪᠠᠶᠢᠭᠤᠯᠬᠤ᠂ | ᠰᠢᠲᠠᠭᠠᠬᠤ ᠨᠦᠭᠡ᠂ ᠪᠤᠯᠠᠬᠤ ᠨᠦᠬᠡ ᠰᠣᠩᠭᠤᠨ ᠪᠠᠶᠢᠭᠤᠯᠣᠨ᠎ᠠ᠃ | 8. ᠲᠤᠷᠰᠢᠯᠲᠠ ᠶᠢᠨ ᠲᠠᠰᠤᠭ᠄ 150 m2 ᠠᠴᠠ ᠪᠠᠭ᠎ᠠ ᠪᠠᠶᠢᠵᠤ ᠪᠣᠯᠬᠤ ᠥᠬᠡᠶ᠂ ᠠᠮᠢᠳᠤ ᠪᠣᠳᠠᠰ ᠤᠨ | ᠠᠮᠤᠷ ᠲᠦᠪᠰᠢᠨ ᠤ ᠬᠤᠶᠠᠳᠤᠭᠠᠷ ᠳᠡᠰ ᠤᠨ ᠲᠤᠷᠰᠢᠯᠲᠠ ᠶᠢᠨ ᠲᠠᠰᠤᠭ᠂ ᠡᠭᠦᠨ ᠳᠤ ᠨᠣᠬᠠᠶ ᠶᠢᠨ ᠪᠥᠭᠡᠰᠦ ᠲᠡᠭᠦᠬᠦ | ᠲᠠᠰᠤᠭ᠂ ᠪᠠᠺᠲ᠋ᠧᠷᠢ ᠦᠷᠡᠵᠢᠭᠦᠯᠬᠦ ᠲᠠᠰᠤᠭ᠂ ᠴᠢᠰᠤᠨ ᠴᠡᠶᠢᠪᠠᠨᠭ᠌ ᠤᠨ ᠲᠠᠰᠤᠭ᠂ ᠡᠩ ᠤᠨ ᠲᠤᠷᠰᠢᠯᠲᠠ ᠶᠢᠨ | ᠲᠠᠰᠤᠭ᠂ ᠥᠨᠳᠥᠷ ᠳᠠᠷᠤᠯᠲᠠᠲᠤ ᠪᠠᠺᠲ᠋ᠧᠷᠢ ᠤᠰᠠᠳᠬᠠᠬᠤ ᠲᠠᠰᠤᠭ ᠵᠡᠷᠭᠡ ᠪᠠᠭᠲᠠᠨ᠎ᠠ᠃ ᠪᠥᠭᠡᠮ ᠬᠦᠴᠢᠯ | ᠪᠠᠶᠢᠴᠠᠭᠠᠨ ᠬᠡᠮᠵᠢᠬᠦ ᠲᠤᠷᠰᠢᠯᠲᠠ ᠶᠢᠨ ᠲᠠᠰᠤᠭ ᠬᠢᠭᠡᠳ ᠬᠠᠷᠢᠶ᠎ᠠ ᠭᠠᠵᠠᠷ ᠤᠨ ᠡᠪᠡᠳᠴᠢᠨ ᠡᠮᠭᠡᠭ ᠢ ᠰᠡᠷᠭᠡᠶᠢᠯᠡᠨ | ᠡᠵᠡᠮᠳᠡᠬᠦ ᠲᠥᠪ ᠤᠨ ᠪᠥᠭᠡᠮ ᠬᠦᠴᠢᠯ ᠪᠠᠶᠢᠴᠠᠭᠠᠨ ᠬᠡᠮᠵᠢᠬᠦ ᠲᠤᠷᠰᠢᠯᠲᠠ ᠶᠢᠨ ᠲᠠᠰᠤᠭ ᠢ ᠨᠢᠭᠡᠲᠦᠯᠲᠡᠢ ᠲᠥᠯᠥᠪᠯᠡᠨ | ᠬᠡᠷᠡᠭᠯᠡᠨ᠎ᠡ᠃ ᠲᠤᠷᠰᠢᠯᠲᠠ ᠶᠢᠨ ᠲᠠᠰᠤᠭ ᠤᠨ ᠳᠣᠲᠣᠭᠠᠳᠤ ᠪᠦᠲᠦᠴᠡ ᠶᠢᠨ ᠪᠡᠯᠡᠳᠬᠡᠮᠵᠢ ᠶᠢᠨ ᠪᠥᠲᠥᠭᠡᠨ | ᠪᠠᠶᠢᠭᠤᠯᠤᠯᠲᠠ ᠶᠢ ︽ᠲᠤᠷᠰᠢᠯᠲᠠ ᠶᠢᠨ ᠲᠠᠰᠤᠭ ᠤᠨ ᠠᠮᠢᠳᠤ ᠪᠣᠳᠠᠰ ᠤᠨ ᠠᠮᠤᠷ ᠲᠦᠪᠰᠢᠨ ᠤ ᠨᠡᠶᠢᠳᠡᠮ ᠬᠡᠷᠡᠭᠯᠡᠬᠦ | ᠱᠠᠭᠠᠷᠳᠠᠯᠭ᠎ᠠ︾ ︵GB19489 — 2008︶ ᠶᠢᠨ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃ | ᠭᠤᠷᠪᠠ᠂ ᠰᠠᠭᠤᠷᠢᠨ ᠭᠠᠵᠠᠷ ᠤᠨ ᠬᠢᠨᠠᠨ ᠬᠡᠮᠵᠢᠬᠦ ᠥᠷᠲᠡᠭᠡ ᠶᠢᠨ ᠲᠣᠨᠤᠭ ᠲᠥᠬᠦᠭᠡᠷᠦᠮᠵᠢ | ︵ᠨᠢᠭᠡ︶ ᠬᠢᠨᠠᠨ ᠬᠡᠮᠵᠢᠬᠦ ᠲᠣᠨᠤᠭ ᠲᠥᠬᠦᠭᠡᠷᠦᠮᠵᠢ᠄ ᠵᠢᠯᠣᠭᠤᠴᠢ ᠦᠭᠡᠢ ᠨᠢᠰᠬᠡᠯ 1᠂ ᠬᠤᠯᠤᠭᠠᠨ᠎ᠠ ᠶᠢᠨ | ᠲᠥᠷᠥᠯ᠂ ᠬᠤᠯᠤᠭᠠᠨ᠎ᠠ ᠶᠢᠨ ᠨᠦᠬᠡ ᠶᠢ ᠵᠢᠯᠣᠭᠤᠴᠢ ᠥᠬᠡᠶ ᠨᠢᠰᠬᠡᠯ ᠢᠶᠠᠷ ᠠᠦ᠋ᠲ᠋ᠣ᠋ ᠢᠯᠭᠠᠨ ᠲᠠᠨᠢᠬᠤ ᠰᠢᠰᠲ᠋ᠧᠮ᠂ | GPS ᠪᠠᠶᠢᠷᠢ ᠲᠣᠭᠲᠠᠭᠠᠬᠤ ᠬᠡᠮᠵᠢᠭᠦᠷᠯᠢᠭ 2᠂ ᠪᠠᠴᠢᠮ ᠭᠡᠷᠡᠯᠲᠦᠭᠦᠯᠭᠡ ᠶᠢᠨ ᠰᠢᠰᠲ᠋ᠧᠮ 1 ᠢᠵᠢ᠂ | ᠬᠤᠯᠤᠭᠠᠨ᠎ᠠ ᠶᠢᠨ ᠬᠠᠪᠬ᠎ᠠ᠃ | ︵ᠬᠤᠶᠠᠷ︶ ᠪᠠᠴᠢᠮ ᠪᠠᠶᠢᠳᠠᠯ ᠢ ᠠᠷᠭᠠᠴᠠᠭᠠᠬᠤ ᠲᠣᠨᠤᠭ ᠲᠥᠬᠦᠭᠡᠷᠦᠮᠵᠢ᠄ ᠤᠲᠣᠭᠤᠷ᠂ ᠬᠤᠯᠤᠭᠠᠨ᠎ᠠ | ᠤᠰᠠᠳᠬᠠᠬᠤ ᠡᠮ᠂ ᠨᠣᠬᠠᠢ ᠶᠢᠨ ᠪᠦᠭᠡᠰᠦ ᠤᠰᠠᠳᠬᠠᠬᠤ ᠡᠮ᠂ ᠴᠠᠬᠢᠯᠭᠠᠨ ᠭᠠᠷᠭᠠᠭᠤᠷ᠃ | ︵ᠭᠤᠷᠪᠠ︶ ᠲᠡᠷᠭᠡ ᠬᠥᠰᠬᠡ᠄ ᠬᠤᠯᠤᠭᠠᠨ᠎ᠠ ᠬᠢᠵᠢᠭ ᠢ ᠬᠢᠨᠠᠨ ᠬᠡᠮᠵᠢᠬᠦ ᠲᠡᠷᠭᠡ ᠬᠥᠰᠬᠡ ᠶᠢ ᠠᠳᠠᠭ ᠲᠠᠭᠠᠨ | 1 ᠲᠣᠬᠢᠷᠠᠭᠤᠯᠬᠤ ᠶᠢᠨ ᠬᠠᠮᠲᠤ ᠲᠡᠷᠭᠡ ᠬᠥᠰᠬᠡ ᠶᠢᠨ ᠬᠡᠷᠡᠭᠯᠡᠵᠦ ᠪᠠᠶᠢᠭ᠎ᠠ ᠪᠠᠶᠢᠳᠠᠯ ᠢ ᠦᠨᠳᠦᠰᠦᠯᠡᠨ ᠲᠣᠭᠲᠠᠮᠠᠯ | ᠬᠤᠭᠤᠴᠠᠭ᠎ᠠ ᠲᠠᠢ ᠪᠠᠷ ᠰᠣᠯᠢᠬᠤ ᠬᠡᠷᠡᠭᠲᠡᠶ᠃ | ᠳᠥᠷᠪᠡ᠂ ᠰᠠᠭᠤᠷᠢᠨ ᠭᠠᠵᠠᠷ ᠤᠨ ᠬᠢᠨᠠᠨ ᠬᠡᠮᠵᠢᠬᠦ ᠥᠷᠲᠡᠭᠡ ᠶᠢᠨ ᠲᠤᠷᠰᠢᠯᠲᠠ ᠶᠢᠨ ᠲᠥᠬᠦᠭᠡᠷᠦᠮᠵᠢ | ︵ᠨᠢᠭᠡ︶ ᠪᠠᠺᠲ᠋ᠧᠷᠢ ᠦᠷᠡᠵᠢᠭᠦᠯᠬᠦ ᠲᠤᠷᠰᠢᠯᠲᠠ ᠶᠢᠨ ᠲᠠᠰᠤᠭ᠃ ᠠᠮᠢᠳᠤ ᠪᠣᠳᠠᠰ ᠤᠨ ᠠᠶᠤᠯᠭᠦᠶ ᠬᠤᠷᠭᠤ | ︵2︶᠂ ᠮᠢᠺᠷᠣᠰᠺᠣᠫ ︵2 ᠰᠠᠭᠤᠷᠢ︶᠂ ᠪᠣᠰᠤᠭ᠎ᠠ ᠬᠡᠯᠪᠡᠷᠢ ᠶᠢᠨ ᠳᠠᠷᠤᠯᠲᠠᠲᠤ ᠠᠭᠤᠷ ᠤᠨ ᠪᠠᠺᠲ᠋ᠧᠷᠢ | ᠤᠰᠠᠳᠬᠠᠬᠤ ᠪᠠᠭᠠᠵᠢ᠂ ᠨᠡᠭᠦᠷᠡᠰᠦᠲᠥ᠋ᠷᠥᠭᠴᠢ ᠶᠢᠨ ᠳᠠᠪᠬᠤᠷ ᠢᠰᠦᠯ ᠤᠨ ᠪᠠᠺᠲ᠋ᠧᠷᠢ ᠦᠷᠡᠵᠢᠭᠦᠯᠬᠦ ᠬᠠᠶᠢᠷᠴᠠᠭ᠂ | ᠪᠣᠰᠤᠭ᠎ᠠ ᠬᠡᠯᠪᠡᠷᠢ ᠶᠢᠨ ᠪᠠᠺᠲ᠋ᠧᠷᠢ ᠤᠰᠠᠳᠬᠠᠬᠤ ᠰᠠᠪᠠ᠂ ᠪᠣᠰᠤᠭ᠎ᠠ ᠬᠡᠯᠪᠡᠷᠢ ᠶᠢᠨ ᠬᠥᠯᠳᠡᠭᠡᠬᠦ ᠬᠦᠯᠳᠡᠭᠡᠭᠦᠷ᠂ | PCR ᠪᠦᠭᠡᠮ ᠬᠦᠴᠢᠯ ᠤᠨ ᠥᠷᠭᠡᠳᠬᠡᠯ ᠬᠡᠮᠵᠢᠭᠦᠷᠯᠢᠭ᠂ ᠳᠣᠤᠷ᠎ᠠ ᠲᠣᠭᠲᠠᠮᠠᠯ ᠳᠤᠯᠠᠭᠠᠨᠲᠤ ᠦᠷᠡᠵᠢᠭᠦᠯᠬᠦ | ᠬᠠᠶᠢᠷᠴᠠᠭ᠂ ᠬᠠᠭᠰᠠᠭᠠᠭᠤᠷ᠂ ᠲᠣᠭᠲᠠᠮᠠᠯ ᠳᠤᠯᠠᠭᠠᠨᠲᠤ ᠬᠡᠯᠪᠡᠯᠵᠡᠭᠦᠯᠦᠭᠴᠢ᠂ ᠴᠠᠬᠢᠯᠭᠠᠨ ᠤᠮᠪᠠᠯᠲᠠ ᠶᠢᠨ ᠬᠡᠮᠵᠢᠭᠦᠷ᠂ | ᠴᠠᠬᠢᠯᠭᠠᠨ ᠤᠮᠪᠠᠯᠲᠠ ᠶᠢᠨ ᠰᠠᠪᠠ᠂ ᠪᠦᠷᠢᠨ ᠠᠦ᠋ᠲ᠋ᠣ᠋ ᠴᠠᠬᠢᠯᠭᠠᠨ ᠬᠠᠯᠠᠭᠤᠨ ᠠᠭᠤᠷ ᠤᠨ ᠪᠠᠺᠲ᠋ᠧᠷᠢ ᠤᠰᠠᠳᠬᠠᠬᠤ | ᠪᠠᠭᠠᠵᠢ ︵2 ᠰᠠᠭᠤᠷᠢ︶᠂ ᠴᠡᠭᠡᠨ ᠭᠡᠷᠡᠯ ᠤᠨ ᠮᠢᠺᠷᠣᠰᠺᠣᠫ᠂ ᠠᠮᠢᠳᠤ ᠪᠣᠳᠠᠰ ᠤᠨ ᠲᠣᠩᠭᠤᠷᠠᠭᠤ ᠮᠢᠺᠷᠣᠰᠺᠣᠫ᠂ | ᠢᠰᠬᠡᠭ ᠵᠠᠭᠪᠤᠷ ᠤᠨ ᠪᠠᠭᠠᠵᠢ᠂ ᠪᠢᠴᠢᠯ ᠭᠡᠷᠡᠯ ᠤᠨ ᠰᠢᠯ᠂ ᠬᠡᠲᠦ ᠳᠣᠣᠷ᠎ᠠ ᠡᠨᠧᠷᠭᠢᠲᠦ ᠮᠠᠨᠠᠨᠵᠢᠭᠤᠯᠣᠭᠴᠢ᠂ ᠬᠡᠲᠦ | ᠶᠠᠭᠠᠨ ᠤ ᠭᠡᠷᠡᠯ ᠵᠠᠳᠠᠯᠬᠤ ᠬᠡᠷᠡᠯᠲᠦᠴᠡ ᠶᠢᠨ ᠬᠡᠮᠵᠢᠭᠦᠷᠯᠢᠭ᠂ ᠭᠡᠷᠡᠯᠯᠢᠭ ᠵᠠᠳᠠᠯᠤᠯᠲᠠ ᠲᠡᠩᠨᠡᠭᠦᠷ᠃ | ︵ᠬᠤᠶᠠᠷ︶ PCR ᠲᠤᠷᠰᠢᠯᠲᠠ ᠶᠢᠨ ᠲᠠᠰᠤᠭ᠃ ᠠᠮᠢᠳᠤ ᠪᠣᠳᠠᠰ ᠤᠨ ᠠᠶᠣᠯᠭᠦᠢ ᠶᠢᠨ ᠬᠤᠷᠭᠤ ︵2 | ᠰᠠᠭᠤᠷᠢ︶᠂ ᠲᠠᠯᠪᠢᠭᠤᠷᠲᠤ ᠮᠠᠶ᠋ᠢᠭ ᠤᠨ ᠥᠨᠳᠥᠷ ᠬᠤᠷᠳᠤᠴᠠᠲᠤ ᠵᠢᠭᠤᠲᠠᠩᠭᠤᠶ ᠮᠠᠰᠢᠨ ︵2 ᠰᠠᠭᠤᠷᠢ︶᠂ ᠪᠥᠭᠡᠮ | ᠬᠦᠴᠢᠯ ᠠᠴᠠ ᠰᠠᠯᠭᠠᠨ ᠠᠪᠬᠤ ᠪᠠᠭᠠᠵᠢ ︵1 ᠰᠠᠭᠤᠷᠢ︶᠂ ᠴᠡᠭᠡᠨ ᠬᠡᠷᠡᠯ ᠤᠨ ᠲᠣᠭᠲᠠᠭᠰᠠᠨ ᠬᠡᠮᠵᠢᠶᠡᠨ ᠤ PCR | ᠬᠡᠮᠵᠢᠭᠦᠷᠯᠢᠭ ︵1 ᠰᠠᠭᠤᠷᠢ︶᠂ ᠡᠩ ᠤᠨ ᠬᠦᠯᠳᠡᠭᠡᠭᠦᠷ ︵2 ᠰᠠᠭᠤᠷᠢ︶᠂ ᠲᠡᠮᠦᠷᠯᠢᠭ ᠤᠬᠢᠶᠠᠯ ︵1 ᠰᠠᠭᠤᠷᠢ︶ | ᠂ ᠰᠢᠷᠡᠭᠡᠨ ᠨᠢᠭᠤᠷ ᠤᠨ ᠪᠢᠴᠢᠯ ᠵᠢᠭᠤᠲᠠᠩᠭᠤᠶ ᠮᠠᠰᠢᠨ ︵1 ᠰᠠᠭᠤᠷᠢ︶᠂ ᠵᠠᠢ ᠬᠡᠮᠵᠢᠶ᠎ᠡ ᠶᠢ ᠲᠣᠬᠢᠷᠠᠭᠤᠯᠵᠤ ᠪᠣᠯᠬᠤ | ᠳᠠᠩ ᠬᠤᠭᠤᠯᠠᠢ ᠶᠢᠨ ᠰᠢᠩᠭᠡᠨ ᠶᠡᠭᠦᠯᠡᠭᠦᠷ ︵3 ᠢᠵᠢ︶᠃ | ᠲᠠᠪᠤ᠂ ᠬᠤᠪᠢ ᠬᠥᠮᠦᠨ ᠤ ᠰᠡᠷᠭᠡᠶᠢᠯᠡᠨ ᠬᠠᠮᠠᠭᠠᠯᠠᠬᠤ ᠪᠠᠷᠢᠮᠵᠢᠶ᠎ᠠ | ︵ᠨᠢᠭᠡ︶ ᠬᠤᠪᠢ ᠬᠥᠮᠦᠨ ᠤ ᠰᠡᠷᠭᠡᠶᠢᠯᠡᠨ ᠬᠠᠮᠠᠭᠠᠯᠠᠬᠤ ᠲᠣᠨᠤᠭ ᠲᠥᠬᠦᠭᠡᠷᠦᠮᠵᠢ᠃ ᠨᠢᠭᠡᠯᠡ ᠤᠳᠠᠭᠠᠨ ᠤ | ᠴᠢᠨᠠᠷᠲᠠᠶ ᠨᠣᠬᠠᠢ ᠶᠢᠨ ᠪᠦᠭᠡᠰᠦ ᠶᠢ ᠰᠡᠷᠭᠡᠶᠢᠯᠡᠬᠦ ᠣᠶᠢᠮᠣᠰᠤ᠂ ᠨᠣᠬᠠᠶ ᠶᠢᠨ ᠪᠥᠭᠡᠰᠦ ᠰᠡᠷᠭᠡᠶᠢᠯᠡᠬᠦ ᠪᠡᠭᠡᠯᠡᠶ᠂ | ᠪᠠᠷᠢᠯᠭ᠎ᠠ ᠶᠢᠨ ᠴᠡᠷᠢᠭ ᠤᠨ ᠬᠤᠰᠤᠭᠤᠷ᠂ ᠨᠢᠳᠦ ᠬᠠᠮᠠᠭᠠᠯᠠᠬᠤ ᠰᠢᠯ᠂ ᠬᠠᠮᠠᠭᠠᠯᠠᠯᠲᠠ ᠬᠤᠪᠴᠠᠰᠤ᠂ N95 ᠠᠮᠠᠪᠴᠢ | ᠂ ᠪᠡᠭᠡᠯᠡᠶ᠂ ᠰᠡᠷᠭᠡᠶᠢᠯᠡᠬᠦ ᠴᠢᠨᠠᠷᠲᠠᠶ ᠡᠮ ᠤᠨ ᠵᠦᠢᠯ᠂ ᠬᠤᠷᠣᠬᠠᠢ ᠬᠥᠭᠡᠭᠡᠬᠦ ᠡᠮ᠃ | ︵ᠬᠤᠶᠠᠷ︶ ᠬᠤᠪᠢ ᠬᠥᠮᠦᠨ ᠤ ᠠᠵᠢᠯ ᠤᠨ ᠲᠣᠨᠤᠭ ᠲᠥᠬᠦᠭᠡᠷᠦᠮᠵᠢ᠃ | ᠵᠤᠨ ᠤ ᠤᠯᠠᠷᠢᠯ᠄ ᠣᠬᠤᠷ ᠬᠠᠨᠴᠤᠢ ᠲᠠᠢ ᠬᠠᠨᠲᠠᠭᠠᠰᠤ᠂ ᠤᠷᠲᠤ ᠬᠠᠨᠴᠤᠢ ᠲᠠᠢ ᠬᠠᠨᠲᠠᠭᠠᠰᠤ᠂ | ᠰᠢᠷᠠᠭᠳᠠᠬᠤ ᠠᠴᠠ ᠰᠡᠷᠭᠡᠶᠢᠯᠡᠬᠦ ᠬᠤᠪᠴᠠᠰᠤ᠂ ᠲᠦᠷᠭᠡᠨ ᠬᠠᠲᠠᠬᠤ ᠬᠤᠪᠴᠠᠰᠤ᠂ ᠵᠤᠨ ᠤ ᠤᠯᠠᠷᠢᠯ ᠳᠤ ᠭᠠᠳᠠᠭᠤᠷ | ᠡᠮᠦᠰᠬᠦ ᠱᠠᠬᠠᠢ᠂ ᠨᠡᠷᠡᠨ ᠰᠢᠯ᠂ ᠰᠢᠷᠠᠭᠳᠠᠬᠤ ᠠᠴᠠ ᠰᠡᠷᠭᠡᠶᠢᠯᠡᠬᠦ ᠮᠠᠯᠠᠭᠠᠢ᠂ ᠳᠤᠯᠠᠭᠠᠨ ᠬᠠᠳᠠᠭᠠᠯᠠᠬᠤ ᠴᠣᠮᠣ᠃ | ᠡᠪᠦᠯ ᠤᠨ ᠤᠯᠠᠷᠢᠯ᠄ ᠨᠣᠣᠷᠰᠤᠨ ᠴᠤᠪᠠᠨᠴᠢᠷ ︵1 ᠢᠵᠢ︶᠂ ᠳᠤᠯᠠᠭᠠᠯᠠᠬᠤ ᠥᠪᠴᠢ ᠬᠤᠪᠴᠠᠰᠤ ︵1 | ᠢᠵᠢ︶᠂ ᠴᠡᠷᠢᠭ ᠤᠨ ᠳ᠋ᠠᠴᠠᠩ ︵1 ᠵᠠᠬ᠎ᠠ︶᠂ ᠡᠪᠦᠯ ᠤᠨ ᠤᠯᠠᠷᠢᠯ ᠳᠤ ᠭᠠᠳᠠᠭᠤᠷ ᠡᠮᠦᠰᠬᠦ ᠱᠠᠬᠠᠶ᠂ ᠬᠥᠪᠥᠩ | ᠮᠠᠯᠠᠭᠠᠶ᠂ ᠬᠥᠪᠥᠩ ᠪᠡᠭᠡᠯᠡᠶ᠃ |