ᠲᠠᠷᠢᠶᠠᠨ ᠭᠠᠵᠠᠷ ᠤᠨ ︽ᠲᠠᠷᠢᠶᠠᠯᠠᠩ ᠤᠨ ᠪᠤᠰᠤ︾ ᠠᠵᠢᠯᠯᠠᠭ᠎ᠠ ᠶᠢ ᠡᠷᠡᠰ ᠬᠤᠷᠢᠭᠯᠠᠬᠤ ᠲᠤᠬᠠᠶ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2021/2/4
             ᠬᠥᠬᠡᠬᠤᠲᠠ ᠵᠠᠰᠠᠭ ᠠᠯᠪᠠᠨ ᠲᠠᠷᠬᠠᠭᠠᠭᠰᠠᠨ ﹇2020﹈ 24 ᠳ᠋ᠦ᠋ᠭᠡᠷ ᠲᠣᠭᠠᠲᠤ             2020 ᠣᠨ ᠤ 11 ᠳ᠋ᠦ᠋ᠭᠡᠷ ᠰᠠᠷ᠎ᠠ ᠶᠢᠨ 10 ᠤ ᠡᠳᠦᠷᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠥᠪᠥᠷ ᠮᠣᠩᠭᠤᠯ ᠤᠨ ᠬᠤᠷᠢᠨᠭᠡᠷ ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ᠄      ︽ᠲᠠᠷᠢᠶᠠᠨ ᠭᠠᠵᠠᠷ ᠤᠨ ︿ᠲᠠᠷᠢᠶᠠᠯᠠᠩ ᠤᠨ ᠪᠤᠰᠤ﹀ ᠠᠵᠢᠯᠯᠠᠭ᠎ᠠ ᠶᠢ ᠡᠷᠡᠰ ᠬᠤᠷᠢᠭᠯᠠᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠮᠡᠳᠡᠭᠳᠡᠯ︾ ︵ᠲᠥᠷᠥ ᠠᠯᠪᠠᠨ ᠲᠠᠷᠬᠠᠭᠠᠭᠰᠠᠨ ᠢᠯᠡ ᠴᠠᠬᠢᠯᠭᠠᠨ ﹇2020﹈ 24 ᠳ᠋ᠦ᠋ᠭᠡᠷ ᠲᠣᠭᠠᠲᠤ᠂ ᠳᠣᠷᠣᠭᠰᠢ ︽ᠮᠡᠳᠡᠭᠳᠡᠯ︾ ᠭᠡᠵᠦ ᠲᠣᠪᠴᠢᠯᠠᠨ᠎ᠠ︶ ︽ᠲᠠᠷᠢᠶᠠᠨ ᠭᠠᠵᠠᠷ ᠤᠨ ︿ᠲᠠᠷᠢᠶᠠᠯᠠᠩ ᠤᠨ ᠪᠤᠰᠤ﹀ ᠶᠢ ᠡᠷᠡᠰ ᠬᠤᠷᠢᠭᠯᠠᠬᠤ ᠬᠡᠷᠡᠭᠵᠢᠭᠦᠯᠬᠦ ᠲᠥᠰᠥᠯ ᠢ ᠳᠠᠷᠤᠮᠠᠯᠯᠠᠨ ᠶᠠᠪᠤᠭᠤᠯᠬᠤ ᠲᠤᠬᠠᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2020﹈ 36 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠰᠤᠳᠤᠯᠤᠭᠠᠳ ᠡᠳᠦᠭᠡ ᠬᠤᠯᠪᠣᠭᠳᠠᠯ ᠪᠦᠬᠦᠢ ᠤᠴᠢᠷ ᠢ ᠳᠣᠣᠷᠠᠬᠢ ᠮᠡᠲᠦ ᠮᠡᠳᠡᠭᠳᠡᠶ᠎ᠡ᠄      ᠨᠢᠭᠡ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠲᠠᠷᠢᠶᠠᠨ ᠭᠠᠵᠠᠷ ᠢ ᠬᠠᠮᠠᠭᠠᠯᠠᠬᠤ ᠤᠯᠠᠭᠠᠨ ᠱᠤᠭᠤᠮ ᠢ ᠪᠠᠲᠤ ᠰᠠᠬᠢᠬᠤ ᠬᠡᠷᠡᠭᠲᠡᠢ      ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠲᠠᠷᠢᠶᠠᠨ ᠭᠠᠵᠠᠷ ᠢ ᠬᠠᠮᠠᠭᠠᠯᠠᠬᠤ ᠶᠢᠨ ᠲᠦᠢᠯ ᠤᠨ ᠴᠢᠬᠤᠯᠠ ᠴᠢᠨᠠᠷ ᠢ ᠭᠦᠨᠵᠡᠭᠡᠶ ᠲᠠᠨᠢᠵᠤ᠂ ᠬᠢᠵᠠᠭᠠᠷ ᠱᠤᠭᠤᠮ ᠤᠨ ᠰᠡᠳᠬᠢᠬᠦᠶ ᠶᠢ ᠴᠢᠩᠭᠠᠳᠬᠠᠵᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠳᠣᠪᠤᠶᠢᠯᠭᠠᠵᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠪᠠᠷᠢᠮᠲᠠᠯᠠᠵᠤ᠂ ᠲᠠᠷᠢᠶᠠᠨ ᠭᠠᠵᠠᠷ ᠤᠨ ᠲᠤᠭ᠎ᠠ ᠬᠡᠮᠵᠢᠶ᠎ᠡ ᠂ ᠶᠠᠰᠤ ᠴᠢᠨᠠᠷ᠂ ᠠᠮᠢ ᠠᠬᠤᠶ ︽ᠭᠤᠷᠪᠠ ᠶᠢ ᠨᠢᠭᠡ ᠴᠣᠭᠴᠠᠵᠢᠭᠤᠯᠤᠭᠰᠠᠨ︾ ᠬᠠᠮᠠᠭᠠᠯᠠᠯᠲᠠ ᠪᠠ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠤᠨ ᠣᠨᠴᠠᠭᠠᠢ ᠬᠠᠮᠠᠭᠠᠯᠠᠯᠲᠠ ᠶᠢ ᠬᠦᠴᠦᠯᠡᠨ ᠴᠢᠩᠭᠠᠳᠬᠠᠵᠤ᠂ ᠡᠯ᠎ᠡ ᠲᠥᠷᠥᠯ ᠤᠨ ᠲᠠᠷᠢᠶᠠᠨ ᠭᠠᠵᠠᠷ ᠤᠨ ︽ᠲᠠᠷᠢᠶᠠᠯᠠᠩ ᠤᠨ ᠪᠤᠰᠤ︾ ᠠᠵᠢᠯᠯᠠᠭ᠎ᠠ ᠶᠢ ᠡᠷᠡᠰ ᠬᠤᠷᠢᠭᠯᠠᠨ᠂ ᠲᠠᠷᠢᠶᠠᠨ ᠭᠠᠵᠠᠷ ᠢ ᠬᠠᠮᠠᠭᠠᠯᠠᠬᠤ ᠤᠯᠠᠭᠠᠨ ᠱᠤᠭᠤᠮ ᠢ ᠪᠠᠲᠤ ᠰᠠᠬᠢᠵᠤ᠂ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ᠂ ᠮᠠᠨ ᠤ ᠬᠤᠲᠠ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠪᠠᠲᠤ ᠪᠠᠬᠢ ᠰᠠᠭᠤᠷᠢ ᠶᠢ ᠪᠠᠶᠢᠭᠤᠯᠬᠤ ᠬᠡᠷᠡᠭᠲᠡᠢ᠃      ᠬᠤᠶᠠᠷ᠂ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠡᠯ᠎ᠡ ᠵᠦᠢᠯ ᠤᠨ ᠡᠭᠦᠷᠭᠡ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ      ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠠᠴᠠ ᠲᠦᠷᠦᠭᠦᠯᠡᠨ᠂ ᠪᠥᠬᠦ ᠬᠤᠲᠠ ᠶᠢᠨ ᠲᠠᠷᠢᠶᠠᠨ ᠭᠠᠵᠠᠷ ᠤᠨ ︽ᠲᠠᠷᠢᠶᠠᠯᠠᠩ ᠤᠨ ᠪᠤᠰᠤ︾ ᠠᠵᠢᠯᠯᠠᠭ᠎ᠠ ᠶᠢ ᠡᠷᠡᠰ ᠬᠤᠷᠢᠭᠯᠠᠬᠤ ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ᠃ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠲᠠᠷᠢᠶᠠᠨ ᠭᠠᠵᠠᠷ ᠢ ᠬᠠᠮᠠᠭᠠᠯᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠦᠨᠡᠨᠬᠦ ᠭᠦᠢᠴᠡᠳᠬᠡᠵᠦ᠂ ᠲᠣᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠲᠠᠷᠢᠶᠠᠨ ᠭᠠᠵᠠᠷ ᠤᠨ ᠬᠠᠳᠠᠭᠠᠯᠠᠯᠲᠠ ᠶᠢᠨ ᠬᠡᠮᠵᠢᠶ᠎ᠡ ᠪᠣᠯᠤᠨ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠤᠨ ᠬᠠᠮᠠᠭᠠᠯᠠᠯᠲᠠ ᠶᠢᠨ ᠲᠠᠯᠠᠪᠠᠶ ᠵᠢᠴᠢ ᠣᠨ ᠤ ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠳᠤ ᠶᠡᠷᠦᠩᠬᠡᠶ ᠬᠠᠷᠢᠭᠤᠴᠠᠯᠭ᠎ᠠ ᠡᠭᠦᠷᠭᠡᠯᠡᠵᠦ᠂ ᠲᠠᠷᠢᠶᠠᠨ ᠭᠠᠵᠠᠷ ᠤᠨ ᠬᠠᠮᠤᠭ ᠤᠨ ᠴᠢᠩᠭ᠎ᠠ ᠬᠠᠮᠠᠭᠠᠯᠠᠯᠲᠠ ᠶᠢᠨ ᠲᠦᠷᠢᠮ ᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ᠃ ᠠᠵᠢᠯ ᠢ ᠠᠬᠢᠭᠤᠯᠬᠤ ᠶᠠᠪᠤᠴᠠ ᠳᠤ᠂ ᠡᠯ᠎ᠡ ᠭᠠᠵᠠᠷ ᠣᠷᠣᠨ ᠤ ᠬᠢᠨ ᠬᠢᠨᠠᠯᠲᠠ ᠬᠠᠮᠢᠶᠠᠷᠤᠯᠲᠠ ᠪᠠᠨ ᠦᠷᠭᠦᠯᠵᠢᠯᠡᠨ ᠴᠢᠩᠭᠠᠳᠬᠠᠵᠤ᠂ ᠪᠡᠯᠡ ᠮᠥᠩᠭᠦ ᠶᠢᠨ ᠪᠠᠲᠤᠯᠠᠭ᠎ᠠ ᠶᠢᠨ ᠠᠵᠢᠯ ᠢ ᠰᠠᠶᠢᠲᠤᠷ ᠬᠢᠵᠦ᠂ ᠬᠢᠷᠢ ᠬᠡᠮ ᠢᠶᠠᠷ ᠨᠡᠯᠢᠶᠡᠳ ᠰᠠᠶᠢᠨ ᠮᠡᠷᠭᠡᠵᠢᠯ ᠤᠨ ᠠᠵᠢᠯ ᠬᠢᠬᠦ ᠨᠢᠭᠡᠴᠡ ᠶᠢ ᠢᠯᠡ ᠪᠠᠷ ᠰᠣᠩᠭᠤᠨ ᠤᠷᠢᠬᠤ ᠬᠡᠷᠡᠭᠲᠡᠶ᠃      ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠪᠦᠬᠦ ᠬᠤᠲᠠ ᠶᠢᠨ ᠲᠠᠷᠢᠶᠠᠨ ᠭᠠᠵᠠᠷ ᠢ ᠬᠠᠮᠠᠭᠠᠯᠠᠬᠤ ᠠᠵᠢᠯ ᠢ ᠬᠠᠮᠲᠤᠪᠠᠷ ᠬᠠᠷᠢᠭᠤᠴᠠᠨ᠎ᠠ᠃ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ᠂ ᠡᠳ᠋ ᠤᠨ ᠵᠠᠰᠠᠭ᠂ ᠠᠮᠢ ᠠᠬᠤᠢ ᠶᠢᠨ ᠣᠷᠴᠢᠨ ᠲᠣᠭᠤᠷᠢᠨ᠂ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ᠂ ᠵᠠᠮ ᠲᠡᠭᠡᠭᠡᠪᠦᠷᠢ᠂ ᠤᠰᠤᠨ ᠤ ᠶᠠᠪᠤᠳᠠᠯ᠂ ᠣᠢ ᠰᠢᠭᠤᠢ ᠡᠪᠡᠰᠦ ᠵᠢᠴᠢ ᠲᠡᠮᠦᠷ ᠵᠠᠮ ᠵᠡᠷᠭᠡ ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ᠂ ᠲᠠᠷᠢᠶᠠᠨ ᠭᠠᠵᠠᠷ ᠢ ᠬᠠᠮᠠᠭᠠᠯᠠᠬᠤ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ ᠭᠠᠵᠠᠷ ᠰᠢᠷᠣᠶ ᠶᠢ ᠬᠠᠤᠯᠢ ᠲᠣᠭᠲᠠᠭᠠᠯ ᠶᠣᠰᠣᠭᠠᠷ ᠠᠷᠪᠢᠯᠠᠨ ᠡᠷᠴᠢᠮᠵᠢᠭᠦᠯᠦᠨ ᠬᠡᠷᠡᠭᠯᠡᠬᠦ ᠬᠡᠷᠡᠭᠲᠡᠢ᠃      ᠭᠤᠷᠪᠠ᠂ ᠵᠣᠬᠢᠶᠠᠨ ᠪᠠᠶᠢᠭᠤᠯᠤᠯᠲᠠ ᠤᠳᠤᠷᠢᠳᠤᠯᠭ᠎ᠠ ᠪᠠᠨ ᠴᠢᠩᠭᠠᠳᠬᠠᠵᠤ᠂ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠣᠳᠣᠷᠬᠠᠶᠢᠯᠠᠬᠤ ᠬᠡᠷᠡᠭᠲᠡᠶ      ᠠᠵᠢᠯ ᠤᠨ ᠬᠡᠷᠡᠭᠴᠡᠭᠡ ᠪᠠᠨ ᠦᠨᠳᠦᠰᠦᠯᠡᠨ᠂ ᠬᠤᠲᠠ ᠶᠢᠨ ᠵᠠᠰᠠᠭ ᠤᠨ ᠣᠷᠳᠣᠨ ᠠᠴᠠ ᠬᠥᠬᠡᠬᠤᠲᠠ ᠶᠢᠨ ᠲᠠᠷᠢᠶᠠᠨ ᠭᠠᠵᠠᠷ ᠤᠨ ︽ᠲᠠᠷᠢᠶᠠᠯᠠᠩ ᠤᠨ ᠪᠤᠰᠤ︾ ᠠᠵᠢᠯᠯᠠᠭ᠎ᠠ ᠶᠢ ᠬᠤᠷᠢᠭᠯᠠᠬᠤ ᠲᠤᠰᠬᠠᠶ ᠠᠵᠢᠯ ᠤᠨ ᠤᠳᠤᠷᠢᠳᠬᠤ ᠳᠤᠭᠤᠶᠢᠯᠠᠩ ᠪᠠᠶᠢᠭᠤᠯᠬᠤ ᠪᠠᠷ ᠲᠣᠭᠲᠠᠪᠠ᠃ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ ᠳᠣᠤᠷᠠᠬᠢ ᠮᠡᠲᠦ᠄      ᠳᠤᠭᠤᠶᠢᠯᠠᠩ ᠤᠨ ᠳᠠᠷᠤᠭ᠎ᠠ᠄ ᠵᠠᠩ ᠪᠠᠢ ᠴᠧᠩ   ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ᠂ ᠥᠪᠥᠷ ᠮᠣᠩᠭᠤᠯ ᠤᠨ ᠬᠤᠷᠢᠨᠭᠡᠷ ᠰᠢᠨ᠎ᠡ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ      ᠳᠤᠭᠤᠶᠢᠯᠠᠩ ᠤᠨ ᠳᠡᠳ᠋ ᠳᠠᠷᠤᠭ᠎ᠠ᠄ ᠯᠢᠦ ᠴᠧᠩ ᠮᠢᠨ    ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠪᠠᠶᠢᠩᠭᠤ ᠶᠢᠨ ᠳᠡᠳ᠋ ᠳᠠᠷᠤᠭ᠎ᠠ              ᠶᠦᠨ ᠰᠢᠨ ᠮᠢᠩ    ᠬᠤᠲᠠ ᠶᠢᠨ ᠳᠡᠳ᠋ ᠳᠠᠷᠤᠭ᠎ᠠ      ᠭᠡᠰᠢᠭᠦᠨ᠄ ᠱᠢ ᠸᠧᠨ ᠢᠦᠶ    ᠬᠤᠷᠢᠨᠭᠡᠷ ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠳᠡᠳ᠋ ᠡᠷᠬᠢᠯᠡᠭᠴᠢ               ᠶᠠᠨ ᠯᠢᠨ    ᠬᠤᠲᠠ ᠶᠢᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠡᠳ᠋ ᠳᠠᠷᠤᠭ᠎ᠠ               ᠳ᠋ᠤᠸᠠᠨ ᠯᠢ ᠪᠢᠨ    ᠬᠤᠲᠠ ᠶᠢᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠡᠳ᠋ ᠳᠠᠷᠤᠭ᠎ᠠ               ᠯᠢ ᠰᠢᠨ ᠳ᠋ᠡ    ᠬᠤᠲᠠ ᠶᠢᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠡᠳ᠋ ᠳᠠᠷᠤᠭ᠎ᠠ               ᠰᠡᠴᠡᠨ    ᠬᠤᠲᠠ ᠶᠢᠨ ᠳᠤᠮᠳᠠ ᠵᠡᠷᠭᠡ ᠶᠢᠨ ᠰᠢᠭᠦᠬᠦ ᠬᠤᠷᠢᠶ᠎ᠠ ᠶᠢᠨ ᠳᠡᠳ᠋ ᠳᠠᠷᠤᠭ᠎ᠠ               ᠯᠢ ᠶᠦᠩ ᠰᠢᠶᠠᠩ    ᠬᠤᠲᠠ ᠶᠢᠨ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠬᠤ ᠳᠡᠳ᠋ ᠳᠠᠷᠤᠭ᠎ᠠ               ᠸᠠᠩ ᠪᠢᠨ    ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ               ᠵᠣᠣ ᠶᠢᠩ ᠵᠢᠶᠧ    ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠶᠢᠨ ᠳᠠᠷᠤᠭ᠎ᠠ               ᠵᠠᠩ ᠸᠧᠶ    ᠬᠤᠲᠠ ᠶᠢᠨ ᠣᠷᠣᠨ ᠰᠠᠭᠤᠴᠠ ᠪᠠ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠳᠠᠷᠤᠭ᠎ᠠ               ᠸᠠᠩ ᠶᠦᠩ ᠯᠢᠶᠠᠩ    ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠳᠠᠷᠤᠭ᠎ᠠ               ᠯᠢᠦ ᠶᠤᠸᠠᠢ ᠫᠢᠩ    ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ᠳᠠᠷᠤᠭ᠎ᠠ               ᠶᠠᠩ ᠰᠢᠩ ᠱᠧᠩ   ᠬᠤᠲᠠ ᠶᠢᠨ ᠣᠢ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ ᠶᠢᠨ ᠳᠡᠳ᠋ ᠳᠠᠷᠤᠭ᠎ᠠ               ᠰᠦᠨ ᠳ᠋ᠧ    ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠳᠠᠷᠤᠭ᠎ᠠ               ᠳ᠋ᠦᠩ ᠱᠧᠩ    ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ ᠶᠢᠨ ᠳᠠᠷᠤᠭ᠎ᠠ               ᠵᠢᠶᠤᠤ ᠬᠤᠩ     ᠬᠤᠲᠠ ᠶᠢᠨ ᠵᠠᠮ ᠲᠡᠭᠡᠭᠡᠪᠦᠷᠢ ᠶᠢᠨ ᠲᠣᠪᠴᠢᠶ᠎ᠠ ᠶᠢᠨ ᠳᠠᠷᠤᠭ᠎ᠠ               ᠵᠣᠣ ᠶᠦᠩ ᠹᠦ᠋    ᠬᠤᠲᠠ ᠶᠢᠨ ᠤᠰᠤᠨ ᠤ ᠶᠠᠪᠤᠳᠠᠯ ᠤᠨ ᠲᠣᠪᠴᠢᠶ᠎ᠠ ᠶᠢᠨ ᠳᠠᠷᠤᠭ᠎ᠠ               ᠰᠢᠨ ᠱᠣ᠋ ᠭᠤᠸᠠᠩ    ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠡᠳ᠋ ᠳᠠᠷᠤᠭ᠎ᠠ               ᠡᠤ ᠴᠠᠩ ᠴᠦᠨ    ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ ᠶᠢᠨ ᠳᠠᠷᠤᠭ᠎ᠠ               ᠸᠠᠩ ᠹᠧᠩ    ᠬᠤᠲᠠ ᠶᠢᠨ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠳᠠᠷᠤᠭ᠎ᠠ               ᠯᠢ ᠰᠢᠶᠣᠤ ᠶᠠᠨ    ᠬᠤᠲᠠ ᠶᠢᠨ ᠶᠠᠳᠠᠭᠤ ᠶᠢ ᠲᠡᠳᠬᠦᠬᠦ ᠠᠯᠪᠠᠨ ᠭᠡᠷ ᠤᠨ ᠡᠷᠬᠢᠯᠡᠭᠴᠢ               ᠯᠢᠦ ᠵᠢᠶᠠᠨ ᠭᠦᠸᠧ    ᠬᠤᠲᠠ ᠶᠢᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢᠨ ᠦᠢᠯᠡᠴᠢᠯᠡᠭᠡᠨ ᠤ ᠲᠥᠪ ᠤᠨ ᠡᠷᠬᠢᠯᠡᠭᠴᠢ               ᠯᠢ ᠬᠤᠤ ᠱᠦ    ᠲᠦᠮᠡᠳ ᠵᠡᠭᠦᠨ ᠬᠤᠰᠢᠭᠤᠨ ᠤ ᠳᠠᠷᠤᠭ᠎ᠠ               ᠯᠢᠦ ᠵᠢᠶ ᠶᠢᠩ    ᠲᠣᠭᠲᠠᠬᠤ ᠰᠢᠶᠠᠨ ᠤ ᠣᠷᠣᠯᠠᠭᠴᠢ ᠳᠠᠷᠤᠭ᠎ᠠ               ᠾᠧ ᠹᠧᠩ    ᠬᠤᠷᠢᠨᠭᠡᠷ ᠰᠢᠶᠠᠨ ᠤ ᠳᠡᠳ᠋ ᠳᠠᠷᠤᠭ᠎ᠠ               ᠺᠠᠩ ᠶᠦᠩ ᠴᠢᠶᠠᠩ    ᠴᠢᠩ ᠱᠦᠶ ᠾᠧ ᠰᠢᠶᠠᠨ ᠤ ᠳᠠᠷᠤᠭ᠎ᠠ               ᠶᠢᠨ ᠴᠦᠨ ᠯᠢᠶᠠᠩ    ᠦᠴᠤᠸᠠᠨ ᠰᠢᠶᠠᠨ ᠤ ᠳᠠᠷᠤᠭ᠎ᠠ               ᠹᠠᠨ ᡁᠢ ᠵᠥᠩ    ᠰᠢᠨ᠎ᠡ ᠬᠤᠲᠠ ᠲᠣᠭᠤᠷᠢᠭ ᠤᠨ ᠳᠠᠷᠤᠭ᠎ᠠ               ᠯᠢ ᠢᠦᠶ ᠵᠢᠶᠤᠤ    ᠬᠤᠲᠣᠩ ᠠᠷᠠᠳ ᠤᠨ ᠲᠣᠭᠤᠷᠢᠭ ᠤᠨ ᠳᠠᠷᠤᠭ᠎ᠠ               ᠶᠦᠨ ᠵᠢᠶᠠᠨ    ᠢᠦᠶ ᠴᠢᠤᠸᠠᠨ ᠲᠣᠭᠤᠷᠢᠭ ᠤᠨ ᠳᠠᠷᠤᠭ᠎ᠠ               ᠴᠧᠩ ᠵᠦᠩ ᠵᠦᠩ    ᠰᠠᠶᠢᠬᠠᠨ ᠲᠣᠭᠤᠷᠢᠭ ᠤᠨ ᠣᠷᠣᠯᠠᠭᠴᠢ ᠳᠠᠷᠤᠭ᠎ᠠ               ᠷᠧᠨ ᠭᠤᠸᠠᠩ ᠬᠤᠩ    ᠠᠵᠤ ᠠᠬᠤᠶ ᠮᠡᠷᠭᠡᠵᠢᠯ ᠤᠨ ᠨᠡᠭᠡᠭᠡᠨ ᠬᠥᠭᠵᠢᠭᠦᠯᠬᠦ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠳᠡᠳ᠋ ᠡᠷᠬᠢᠯᠡᠭᠴᠢ      ᠤᠳᠤᠷᠢᠳᠬᠤ ᠳᠤᠭᠤᠶᠢᠯᠠᠩ ᠤᠨ ᠳᠣᠤᠷ᠎ᠠ ᠠᠯᠪᠠᠨ ᠭᠡᠷ ᠭᠠᠷᠭᠠᠵᠤ᠂ ᠠᠯᠪᠠᠨ ᠭᠡᠷ ᠢ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠳᠤ ᠭᠠᠷᠭᠠᠨ᠎ᠠ᠃ ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ ᠸᠠᠩ ᠶᠦᠩ ᠯᠢᠶᠠᠩ ᠠᠴᠠ ᠬᠠᠪᠰᠤᠷᠭᠠᠨ ᠬᠠᠷᠢᠭᠤᠴᠠᠵᠤ᠂ ᠠᠯᠪᠠᠨ ᠭᠡᠷ ᠤᠨ ᠳᠡᠳ᠋ ᠡᠷᠬᠢᠯᠡᠭᠴᠢ ᠶᠢ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠳᠡᠳ᠋ ᠳᠠᠷᠤᠭ᠎ᠠ ᠶᠦᠨ ᠰᠢᠩ ᡁᠢ᠂ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠶᠢᠨ ᠳᠡᠳ᠋ ᠳᠠᠷᠤᠭ᠎ᠠ ᠬᠤᠤ ᡁᠢ ᠰᠢᠶᠦ᠋ᠨ᠂ ᠣᠢ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ ᠶᠢᠨ ᠳᠡᠳ᠋ ᠳᠠᠷᠤᠭ᠎ᠠ ᠵᠠᠩ ᠹᠧᠩ᠂ ᠳᠤᠮᠳᠠ ᠵᠡᠷᠭᠡ ᠶᠢᠨ ᠰᠢᠭᠦᠬᠦ ᠬᠤᠷᠢᠶ᠎ᠠ ᠶᠢᠨ ᠳᠡᠳ᠋ ᠳᠠᠷᠤᠭ᠎ᠠ ᠰᠡᠴᠡᠨ ᠠᠴᠠ ᠡᠭᠦᠷᠭᠡᠯᠡᠵᠦ᠂ ᠠᠯᠪᠠᠨ ᠭᠡᠷ ᠤᠨ ᠠᠵᠢᠯᠲᠠᠨ ᠢ ᠬᠠᠮᠢᠶ᠎ᠠ ᠪᠦᠬᠦᠢ ᠰᠠᠯᠠᠭ᠎ᠠ ᠮᠥᠴᠢᠷ ᠠᠴᠠ ᠰᠢᠯᠵᠢᠭᠦᠯᠦᠨ ᠬᠡᠷᠡᠭᠯᠡᠨ᠎ᠡ᠃      ᠠᠯᠪᠠᠨ ᠭᠡᠷ ᠨᠢ ᠲᠠᠷᠢᠶᠠᠨ ᠭᠠᠵᠠᠷ ᠤᠨ ︽ᠲᠠᠷᠢᠶᠠᠯᠠᠩ ᠤᠨ ᠪᠤᠰᠤ︾ ᠠᠵᠢᠯᠯᠠᠭ᠎ᠠ ᠶᠢ ᠬᠤᠷᠢᠭᠯᠠᠨ ᠵᠣᠭᠰᠣᠭᠠᠬᠤ ᠡᠳᠦᠷ ᠲᠤᠲᠤᠮ ᠤᠨ ᠠᠵᠢᠯ ᠢ ᠬᠠᠷᠢᠭᠤᠴᠠᠵᠤ᠂ ᠠᠵᠢᠯ ᠤᠨ ᠲᠥᠰᠦᠯ᠂ ᠠᠵᠢᠯ ᠤᠨ ᠴᠤᠪᠤᠷᠠᠯ ᠢ ᠲᠣᠭᠲᠠᠭᠠᠵᠤ᠂ ᠡᠯ᠎ᠡ ᠭᠠᠵᠠᠷ ᠣᠷᠣᠨ ᠤ ᠠᠵᠢᠯ ᠢᠶᠠᠨ ᠥᠷᠨᠢᠭᠦᠯᠬᠦ ᠶᠢ ᠵᠢᠯᠣᠭᠤᠳᠴᠤ᠂ ᠡᠯ᠎ᠡ ᠵᠦᠢᠯ ᠤᠨ ᠰᠠᠭᠤᠷᠢ ᠮᠠᠲ᠋ᠧᠷᠢᠶᠠᠯ ᠢ ᠨᠢᠭᠡᠳᠦᠯᠲᠡᠶ ᠲᠥᠯᠥᠪᠯᠡᠵᠦ᠂ ᠦᠷ᠎ᠡ ᠪᠦᠲᠦᠭᠡᠯ ᠢ ᠬᠢᠨᠠᠨ ᠬᠠᠷᠭᠤᠭᠤᠯᠬᠤ᠂ ᠲᠤᠭ᠎ᠠ ᠪᠠᠷᠢᠮᠲᠠ ᠶᠢ ᠬᠤᠷᠢᠶᠠᠩᠭᠤᠶᠢᠯᠠᠨ ᠲᠤᠰᠢᠶᠠᠬᠤ ᠪᠠ ᠳᠡᠭᠡᠭᠰᠢ ᠮᠡᠳᠡᠭᠦᠯᠬᠦ ᠠᠵᠢᠯ ᠢ ᠵᠣᠬᠢᠶᠠᠨ ᠪᠠᠶᠢᠭᠤᠯᠵᠤ᠂ ᠪᠦᠷᠢᠯᠳᠦᠬᠦᠨ ᠨᠢᠭᠡᠴᠡ ᠶᠢᠨ ᠠᠵᠢᠯ ᠢ ᠵᠣᠬᠢᠴᠠᠭᠤᠯᠵᠤ᠂ ᠬᠢᠨᠠᠨ ᠪᠠᠶᠢᠴᠠᠭᠠᠵᠤ ᠬᠢᠨᠠᠨ ᠵᠢᠯᠣᠭᠤᠳᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠤᠳᠤᠷᠢᠳᠬᠤ ᠳᠤᠭᠤᠶᠢᠯᠠᠩ ᠤᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃      ᠳᠥᠷᠪᠡ᠂ ᠳᠠᠷᠤᠢ ᠨᠢ ᠬᠡᠷᠡᠭᠵᠢᠭᠦᠯᠵᠦ ᠳᠠᠷᠤᠢ ᠨᠢ ᠥᠭᠡᠷᠡᠴᠢᠯᠡᠬᠦ ᠶᠢ ᠪᠠᠷᠢᠮᠲᠠᠯᠠᠵᠤ᠂ ᠲᠠᠷᠢᠶᠠᠨ ᠭᠠᠵᠠᠷ ᠢ ᠬᠠᠮᠠᠭᠠᠯᠠᠬᠤ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ ᠬᠡᠷᠡᠭᠲᠡᠢ      ︵ᠨᠢᠭᠡ︶ ᠥᠪᠡᠰᠦᠪᠡᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠱᠠᠲᠤ ᠦᠶ᠎ᠡ ︵2020 ᠣᠨ ᠤ 10 ᠳ᠋ᠤᠭᠠᠷ ᠰᠠᠷ᠎ᠠ ᠶᠢᠨ 10 ᠤ ᠡᠳᠦᠷ — 11 ᠳ᠋ᠦ᠋ᠭᠡᠷ ᠰᠠᠷ᠎ᠠ ᠶᠢᠨ 15 ᠤ ᠡᠳᠦᠷ︶᠃ ᠡᠯ᠎ᠡ ᠬᠤᠰᠢᠭᠤ ᠰᠢᠶᠠᠨ ᠲᠣᠭᠤᠷᠢᠭ ᠤᠨ ᠵᠠᠰᠠᠭ ᠤᠨ ᠣᠷᠳᠣᠨ᠂ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠥᠪᠡᠰᠦᠪᠡᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠥᠷᠨᠢᠭᠦᠯᠵᠦ᠂ 11 ᠳ᠋ᠦ᠋ᠭᠡᠷ ᠰᠠᠷ᠎ᠠ ᠶᠢᠨ 15 ᠤ ᠡᠳᠦᠷ ᠠᠴᠠ ᠡᠮᠦᠨ᠎ᠡ ᠥᠪᠡᠰᠦᠪᠡᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢᠶᠠᠨ ᠲᠣᠰ ᠲᠣᠰ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠣᠶ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ ᠳᠤ ᠮᠡᠳᠡᠭᠦᠯᠬᠦ ᠬᠡᠷᠡᠭᠲᠡᠶ᠃ ᠥᠪᠡᠰᠦᠪᠡᠨ ᠪᠠᠶᠢᠴᠠᠭᠠᠵᠤ ᠢᠯᠡᠷᠡᠭᠦᠯᠦᠭᠰᠡᠨ ᠠᠰᠠᠭᠤᠳᠠᠯ ᠢ ᠪᠦᠬᠦᠨ ᠢ ᠴᠡᠭᠴᠡᠯᠡᠨ ᠰᠠᠶᠢᠵᠢᠷᠠᠭᠤᠯᠬᠤ ᠡᠬᠡ ᠲᠠᠩᠰᠠᠨ ᠳᠤ ᠣᠷᠣᠭᠤᠯᠬᠤ ᠬᠡᠷᠡᠭᠲᠡᠢ᠃      ︵ᠬᠤᠶᠠᠷ︶ ᠬᠠᠷᠭᠤᠭᠤᠯᠤᠨ ᠪᠠᠶᠢᠴᠠᠭᠠᠵᠤ ᠪᠦᠷᠢᠨᠰᠢᠭᠦᠯᠬᠦ ᠱᠠᠲᠤ ᠦᠶ᠎ᠡ ︵2020 ᠣᠨ ᠤ 11 ᠳ᠋ᠦ᠋ᠭᠡᠷ ᠰᠠᠷ᠎ᠠ ᠶᠢᠨ 15 ᠤ ᠡᠳᠦᠷ — 11 ᠳ᠋ᠦ᠋ᠭᠡᠷ ᠰᠠᠷ᠎ᠠ ᠶᠢᠨ 30 ᠤ ᠡᠳᠦᠷ︶᠃ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠣᠶ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠠᠴᠠ ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠥᠪᠡᠷ ᠢᠶᠠᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠳᠠᠬᠢᠨ ᠬᠢᠨᠠᠬᠤ ᠪᠠ ᠰᠤᠭᠤᠴᠢᠨ ᠪᠠᠶᠢᠴᠠᠭᠠᠨ᠎ᠠ᠃ ᠬᠠᠮᠢᠶ᠎ᠠ ᠪᠥᠬᠦᠶ ᠰᠠᠯᠠᠭ᠎ᠠ ᠮᠥᠴᠢᠷ ᠡᠬᠡ ᠲᠠᠩᠰᠠ ᠲᠠᠢ ᠬᠠᠷᠢᠴᠠᠭᠤᠯᠤᠨ ᠴᠡᠭᠴᠡᠯᠡᠨ ᠰᠠᠶᠢᠵᠢᠷᠠᠭᠤᠯᠬᠤ ᠶᠢ ᠰᠢᠮᠳᠠᠭᠤᠯᠤᠨ ᠨᠠᠶᠢᠳᠠᠪᠤᠷᠢᠵᠢᠭᠤᠯᠤᠨ᠎ᠠ᠃ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠣᠢ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠵᠡᠷᠭᠡ ᠰᠠᠯᠠᠭ᠎ᠠ ᠮᠥᠴᠢᠷ ᠲᠠᠷᠢᠶᠠᠨ ᠭᠠᠵᠠᠷ ᠢ ᠬᠠᠮᠠᠭᠠᠯᠠᠬᠤ ᠠᠵᠢᠯ ᠤᠨ ᠰᠢᠨ᠎ᠡ ᠱᠠᠭᠠᠷᠳᠠᠯᠭ᠎ᠠ ᠶᠢ ᠦᠨᠳᠦᠰᠦᠯᠡᠨ᠂ ᠲᠠᠷᠢᠶᠠᠨ ᠭᠠᠵᠠᠷ ᠢ ᠬᠠᠮᠠᠭᠠᠯᠠᠬᠤ ᠠᠵᠢᠯ ᠤᠨ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠬᠡᠷᠡᠭᠲᠡᠶ᠃ ᠳᠠᠭᠠᠯᠳᠤᠭᠤᠯᠤᠯ᠄ 1. ᠡᠭᠦᠷᠭᠡ ᠶᠢᠨ ᠬᠤᠪᠢᠶᠠᠷᠢᠯᠠᠯ ᠤᠨ ᠬᠦᠰᠦᠨᠦᠭᠲᠦ               2. ᠬᠥᠬᠡᠬᠤᠲᠠ ᠶᠢᠨ ᠲᠠᠷᠢᠶᠠᠨ ᠭᠠᠵᠠᠷ ᠤᠨ ︽ᠲᠠᠷᠢᠶᠠᠯᠠᠩ ᠤᠨ ᠪᠤᠰᠤ︾ ᠪᠠᠶᠢᠳᠠᠯ ᠢ ᠪᠦᠷᠢᠳᠬᠡᠬᠦ ᠬᠦᠰᠦᠨᠦᠭᠲᠦ               3. ᠰᠠᠭᠠᠳ ᠦᠭᠡᠢ ᠵᠠᠮ ᠤᠨ ᠲᠠᠷᠢᠶᠠᠨ ᠭᠠᠵᠠᠷ ᠢ ᠡᠵᠡᠯᠡᠨ ᠬᠡᠷᠡᠭᠯᠡᠭᠰᠡᠨ ᠪᠠᠶᠢᠳᠠᠯ ᠤᠨ ᠪᠦᠷᠢᠳᠬᠡᠯ ᠤᠨ ᠬᠦᠰᠦᠨᠦᠭᠲᠦ
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号