ᠬᠥᠬᠡᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠠᠵᠤ ᠦᠢᠯᠡᠰ ᠤᠨ ᠬᠦᠷᠢᠶᠡᠯᠡᠩ ᠤᠨ ᠡᠷᠡᠭᠦᠯ ᠬᠥᠭᠵᠢᠯᠲᠡ ᠶᠢᠨ ᠨᠠᠢᠮᠠᠨ ᠵᠣᠷᠪᠤᠰ ᠠᠷᠭ᠎ᠠ ᠬᠡᠮᠵᠢᠶ᠎ᠡ ︵ᠲᠤᠰᠢᠨ ᠬᠡᠷᠡᠭᠵᠢᠭᠦᠯᠬᠦ︶ ᠶᠢ ᠳᠠᠷᠤᠮᠠᠯᠯᠠᠨ ᠶᠠᠪᠤᠭᠤᠯᠬᠤ ᠲᠤᠬᠠᠢ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠤᠨ ᠤ ᠮᠡᠳᠡᠭᠳᠡᠯ
ᠨᠡᠶᠢᠲᠡᠯᠡᠭᠰᠡᠨ ᠴᠠᠭ᠄
2021/2/4
            ᠬᠦᠬᠡᠬᠤᠲᠠ ᠵᠠᠰᠠᠭ ᠦᠰᠦᠭ〔2020〕251ᠳ᠋ᠦ᠋ᠭᠡᠷ ᠲᠣᠭᠠᠲᠤ            2020ᠣᠨ ᠤ11ᠳ᠋ᠦ᠋ᠭᠡᠷ ᠰᠠᠷ᠎ᠠ ᠶᠢᠨ27 ᠤ ᠡᠳᠦᠷᠡᠯ᠎ᠡ ᠬᠤᠰᠢᠭᠤ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ᠄      ᠣᠳᠣ ︽ᠬᠥᠬᠡᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠠᠵᠤ ᠦᠢᠯᠡᠰ ᠤᠨ ᠬᠦᠷᠢᠶᠡᠯᠡᠩ ᠤᠨ ᠡᠷᠡᠭᠦᠯ ᠬᠥᠭᠵᠢᠯᠲᠡ ᠶᠢᠨ ᠨᠠᠢᠮᠠᠨ ᠵᠣᠷᠪᠤᠰ ᠠᠷᠭ᠎ᠠ ᠬᠡᠮᠵᠢᠶ᠎ᠡ ︵ᠲᠤᠷᠰᠢᠨ ᠬᠡᠷᠡᠭᠵᠢᠭᠦᠯᠬᠦ︶︾ ᠶᠢ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠃ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠲᠤᠭᠤᠰᠢᠯᠠᠭᠤᠯᠤᠨ  ᠨᠠᠶᠢᠳᠠᠪᠤᠷᠢᠵᠢᠭᠤᠯᠲᠤᠭᠠᠢ᠃            ᠬᠥᠬᠡᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠠᠵᠤ ᠦᠢᠯᠡᠰ ‍ᠤᠨ‌‍ᠬᠦ᠋ᠷᠢᠶᠡᠯᠡᠩ ᠤᠨ            ᠡᠷᠡᠭᠦᠯ ᠬᠥᠭᠵᠢᠯᠲᠡ ᠶᠢᠨ ᠨᠠᠢᠮᠠᠨ ᠵᠣᠷᠪᠤᠰ ᠠᠷᠭ᠎ᠠ ᠬᠡᠮᠵᠢᠶ᠎ᠡ ︵ᠲᠤᠷᠰᠢᠨ ᠬᠡᠷᠡᠭᠵᠢᠭᠦᠯᠬᠦ︶      ᠬᠥᠬᠡᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠠᠵᠤ ᠦᠢᠯᠡᠰ ᠤᠨ ᠬᠦᠷᠢᠶᠡᠯᠡᠩ ᠢ ᠲᠦᠷᠭᠡᠳᠬᠡᠨ ᠪᠦᠲᠦᠭᠡᠨ ᠪᠠᠶᠢᠭᠤᠯᠵᠤ ︵ᠳᠣᠷᠣᠭᠰᠢ ︽ᠠᠵᠤ ᠦᠢᠯᠡᠰ ᠤᠨ ᠬᠦᠷᠢᠶᠡᠯᠡᠩ︾ ᠭᠡᠵᠦ ᠲᠣᠪᠴᠢᠯᠠᠨ᠎ᠠ︶ ᠂ ᠲᠥᠪ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠤᠨ ᠲᠣᠬᠢᠷᠠᠭᠤᠯᠤᠯᠲᠠ ᠶᠢᠨ ᠴᠢᠳᠠᠪᠤᠷᠢ ᠪᠣᠯᠤᠨ ᠬᠢᠷᠢ ᠲᠦᠪᠰᠢᠨ ᠢ ᠳᠡᠭᠡᠭᠰᠢᠯᠡᠭᠦᠯᠵᠦ᠂ ᠮᠠᠨ ᠤ ᠬᠤᠲᠠ ᠪᠣᠯᠤᠨ ᠪᠦᠬᠦ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠦᠢᠯᠡᠴᠢᠯᠡᠬᠦ ᠶᠢᠨ ᠲᠤᠰᠠᠲᠠ᠂ ︽ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠤ ᠳᠠᠷᠤᠮᠠᠯᠯᠠᠨ ᠶᠠᠪᠤᠭᠤᠯᠤᠭᠰᠠᠨ ︿ᠤᠯᠤᠰ ᠤᠨ ᠲᠠᠰ ᠤᠨ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠠᠵᠤ ᠦᠢᠯᠡᠰ ᠤᠨ ᠬᠦᠷᠢᠶᠡᠯᠡᠩ ᠤᠨ ᠬᠠᠮᠢᠶᠠᠷᠤᠯᠲᠠ ᠶᠢᠨ ᠠᠷᠭ᠎ᠠ ︵ᠲᠤᠷᠰᠢᠨ ᠬᠡᠷᠡᠭᠵᠢᠭᠦᠯᠬᠦ︶﹀ ᠶᠢᠨ ᠮᠡᠳᠡᠭᠳᠡᠯ︾ ︵ᠬᠥᠮᠦᠨ ᠬᠦᠴᠦᠨ ᠶᠠᠮᠤᠨ ᠲᠠᠷᠬᠠᠭᠠᠭᠰᠠᠨ ︹ 2019 ︺ 86 ᠳ᠋ᠤᠭᠠᠷ ᠲᠣᠭᠠᠲᠤ︶ ᠪᠠ ︽︿ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠠᠵᠤ ᠦᠢᠯᠡᠰ ᠤᠨ ᠬᠥᠭᠵᠢᠯᠲᠡ ᠶᠢᠨ ᠠᠵᠢᠯᠯᠠᠭᠠᠨ ᠤ ᠲᠥᠯᠥᠪᠯᠡᠭᠡ﹀ ᠶᠢ ᠳᠠᠷᠤᠮᠠᠯᠯᠠᠨ ᠶᠠᠪᠤᠭᠤᠯᠬᠤ ᠲᠤᠬᠠᠶ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠤ ᠮᠡᠳᠡᠭᠳᠡᠯ︾ ︵ᠬᠥᠮᠦᠨ ᠬᠦᠴᠦᠨ ᠶᠠᠮᠤᠨ ᠲᠠᠷᠬᠠᠭᠠᠭᠰᠠᠨ ︹ 2017 ︺ 74 ᠳ᠋ᠦ᠋ᠭᠡᠷ ᠲᠣᠭᠠᠲᠤ︶ ᠵᠡᠷᠭᠡ ᠵᠣᠷᠢᠭ ᠰᠠᠨᠠᠭ᠎ᠠ ᠶᠢ ᠦᠨᠳᠦᠰᠦᠯᠡᠨ᠂ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠲᠣᠰ ᠠᠷᠭ᠎ᠠ ᠬᠡᠮᠵᠢᠶ᠎ᠡ ᠶᠢ ᠲᠣᠭᠲᠠᠭᠠᠪᠠ᠃      ᠨᠢᠭᠡ᠂ ᠠᠵᠤ ᠠᠬᠤᠶᠢᠯᠠᠯ ᠤᠨ ᠠᠵᠤ ᠠᠬᠤᠢ ᠶᠢᠨ ᠬᠥᠭᠵᠢᠯᠲᠡ ᠶᠢᠨ ᠬᠤᠪᠢ ᠨᠡᠮᠡᠷᠢ ᠶᠢᠨ ᠱᠠᠩᠨᠠᠯ᠃ ᠠᠵᠤ ᠦᠢᠯᠡᠰ ᠤᠨ ᠬᠦᠷᠢᠶᠡᠯᠡᠩ ᠳᠤ ᠣᠷᠣᠵᠤ ᠰᠠᠭᠤᠭ᠎ᠠ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠣᠨ ᠤ ᠦᠢᠯᠡᠴᠢᠯᠡᠭᠡᠨ ᠤ ᠦᠢᠯᠡᠳᠬᠦᠨ ᠤ ᠥᠷᠲᠡᠭ ᠨᠡᠮᠡᠭᠳᠡᠭᠰᠡᠨ ᠬᠡᠰᠡᠭ ᠪᠠ ᠦᠢᠯᠡᠳᠪᠦᠷᠢᠯᠡᠯ  ᠡᠵᠡᠩᠨᠡᠯᠲᠡ ᠶᠢᠨ ᠠᠰᠢᠭ ᠣᠷᠣᠯᠭ᠎ᠠ ᠶᠢᠨ ᠣᠷᠣᠨ ᠨᠤᠲᠤᠭ ︵ᠬᠥᠬᠡᠬᠤᠲᠠ︶ ᠤᠨ ᠠᠵᠤ ᠠᠬᠤᠶ ᠶᠢᠨ ᠬᠥᠭᠵᠢᠯᠲᠡ ᠳᠤ ᠦᠵᠡᠭᠦᠯᠦᠭᠰᠡᠨ ᠬᠤᠪᠢ ᠨᠡᠮᠡᠷᠢ ᠶᠢ ᠦᠨᠳᠦᠰᠦᠯᠡᠨ᠂ ᠣᠨ ᠤ ᠬᠢᠨᠠᠨ ᠰᠢᠯᠭᠠᠯᠲᠠ ᠪᠠᠷ ᠳᠡᠮᠵᠢᠨ ᠲᠣᠰ ᠲᠣᠰ 2021 ᠣᠨ — 2023 ᠣᠨ ᠳᠤ ᠬᠠᠮᠤᠭ ᠥᠨᠳᠥᠷ ᠲᠡᠭᠡᠨ 100%᠂ 2024 ᠣᠨ ᠪᠠ 2025 ᠣᠨ ᠳᠤ ᠬᠠᠮᠤᠭ ᠥᠨᠳᠥᠷ ᠲᠡᠭᠡᠨ 50% ᠶᠢᠨ ᠬᠠᠷᠢᠴᠠᠯ ᠢᠶᠠᠷ ᠱᠠᠩᠨᠠᠨ ᠬᠥᠬᠢᠭᠦᠯᠵᠦ᠂ ᠱᠠᠩᠨᠠᠯ ᠤᠨ ᠪᠡᠯᠡ ᠮᠥᠩᠭᠦ ᠶᠢ ᠳᠠᠷᠠᠭ᠎ᠠ ᠵᠢᠯ ᠤᠨ ᠨᠢᠭᠡᠳᠦᠭᠡᠷ ᠤᠯᠠᠷᠢᠯ ᠳᠤ ᠪᠤᠲᠠᠲᠠᠶᠢᠵᠢᠭᠤᠯᠤᠨ᠎ᠠ᠃ ︵ᠬᠠᠷᠢᠭᠤᠴᠠᠯᠭᠠᠲᠤ ᠨᠢᠭᠡᠴᠡ᠄  ᠬᠦᠬᠡᠬᠤᠲᠠ ᠶᠢᠨ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠵᠢᠨᠴᠤᠸᠠᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ᠂ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠨᠢᠭᠡᠳᠦᠭᠡᠷ ᠲᠤ ᠵᠢᠭᠰᠠᠭᠠᠭᠰᠠᠨ ᠨᠢ ᠲᠦᠷᠦᠭᠦᠯᠡᠬᠦ  ᠨᠢᠭᠡᠴᠡ ᠪᠣᠯᠤᠨ᠎ᠠ᠂ ᠳᠣᠷᠣᠭᠰᠢ ᠠᠳᠠᠯᠢ︶      ᠬᠤᠶᠠᠷ᠂ ᠳᠡᠭᠡᠳᠦ ᠵᠡᠷᠭᠡ ᠶᠢᠨ ᠬᠠᠮᠢᠶᠠᠷᠤᠯᠲᠠ ᠶᠢᠨ ᠠᠵᠢᠯᠲᠠᠨ ᠤ ᠱᠠᠩᠨᠠᠯ᠃ ᠠᠵᠤ ᠠᠬᠤᠶᠢᠯᠠᠯ ᠤᠨ ᠠᠵᠤ ᠠᠬᠤᠢ ᠶᠢᠨ ᠬᠤᠪᠢ ᠨᠡᠮᠡᠷᠢ ᠶᠢᠨ ᠱᠠᠩᠨᠠᠯ ᠢ ᠬᠦᠷᠲᠡᠵᠤ᠂ ᠡᠵᠡᠩᠨᠡᠯᠲᠡ ᠶᠢᠨ ᠣᠷᠣᠯᠭ᠎ᠠ ᠨᠢ 500 ᠲᠦᠮᠡᠨ ᠲᠥᠭᠦᠷᠢᠭ ᠠᠴᠠ ᠳᠡᠭᠡᠭᠰᠢᠬᠢ ᠠᠵᠤ ᠠᠬᠤᠶᠢᠯᠠᠯ ᠤᠨ ᠳᠡᠭᠡᠳᠦ ᠲᠡᠰ ᠤᠨ ᠬᠠᠮᠢᠶᠠᠷᠤᠯᠲᠠ ᠶᠢᠨ ᠠᠵᠢᠯᠲᠠᠨ᠂ ᠲᠡᠷᠡ ᠮᠥᠷᠲᠡᠭᠡᠨ ᠵᠢᠯ ᠤᠨ ᠴᠠᠯᠢᠩ ᠨᠢ 30 ᠲᠦᠮᠡᠨ ᠲᠥᠭᠦᠷᠢᠭ ︵ᠭᠠᠶᠢᠯᠢ ᠲᠤᠰᠢᠶᠠᠬᠤ ᠠᠴᠠ ᠡᠮᠦᠨ᠎ᠡ︶ ᠠᠴᠠ ᠳᠡᠭᠡᠭᠰᠢ ᠳᠤ ᠣᠷᠣᠨ ᠨᠤᠲᠤᠭ ᠤᠨ ᠡᠳ᠋ ᠤᠨ ᠵᠠᠰᠠᠭ ᠠᠴᠠ 2021 ᠣᠨ — 2025 ᠣᠨ ᠤ ᠴᠢᠳᠠᠪᠤᠷᠢᠲᠠᠨ ᠤ ᠱᠠᠩᠨᠠᠯ ᠣᠯᠭᠤᠵᠤ᠂ ᠱᠠᠩᠨᠠᠯ ᠤᠨ ᠲᠤᠭ᠎ᠠ ᠬᠡᠮᠵᠢᠶ᠎ᠡ ᠶᠢ ᠲᠤᠬᠠᠶ ᠶᠢᠨ ᠵᠢᠯ ᠤᠨ ᠬᠤᠪᠢ ᠬᠥᠮᠦᠨ ᠤ ᠴᠠᠯᠢᠩ ᠬᠥᠯᠥᠰᠥᠨ ᠤ ᠠᠰᠢᠭ ᠣᠷᠣᠯᠭ᠎ᠠ ᠶᠢᠨ ᠣᠷᠣᠨ ᠨᠤᠲᠤᠭ ︵ᠬᠥᠬᠡᠬᠤᠲᠠ︶ ᠤᠨ ᠠᠵᠤ ᠠᠬᠤᠶ ᠶᠢᠨ ᠬᠥᠭᠵᠢᠯᠲᠡ ᠳᠤ ᠦᠵᠡᠭᠦᠯᠦᠭᠰᠡᠨ ᠬᠤᠪᠢ ᠨᠡᠮᠡᠷᠢ ᠶᠢᠨ 100% ᠶᠢᠨ ᠬᠠᠷᠢᠴᠠᠯ ᠢᠶᠠᠷ  ᠲᠣᠭᠲᠠᠭᠠᠵᠤ᠂ ᠱᠠᠩᠨᠠᠯ ᠤᠨ ᠪᠡᠯᠡ ᠮᠥᠩᠭᠦ ᠶᠢ ᠳᠠᠷᠠᠭ᠎ᠠ ᠵᠢᠯ ᠤᠨ ᠨᠢᠭᠡᠳᠦᠭᠡᠷ ᠤᠯᠠᠷᠢᠯ ᠳᠤ ᠪᠤᠲᠠᠲᠠᠶᠢᠵᠢᠭᠤᠯᠤᠨ᠎ᠠ᠃ ︵ᠬᠠᠷᠢᠭᠤᠴᠠᠯᠭᠠᠲᠤ ᠨᠢᠭᠡᠴᠡ᠄ ᠬᠥᠬᠡᠬᠤᠲᠠ ᠶᠢᠨ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠵᠢᠨᠴᠤᠸᠠᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ᠂ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ︶      ᠭᠤᠷᠪᠠ᠂ ᠭᠠᠶᠢᠯᠢ ᠲᠠᠲᠠᠪᠤᠷᠢ ᠶᠢ ᠬᠢᠨᠠᠨ ᠲᠣᠭᠲᠠᠭᠠᠵᠤ ᠲᠠᠲᠠᠪᠤᠷᠢᠯᠠᠬᠤ ᠶᠢ ᠬᠡᠷᠡᠭᠵᠢᠭᠦᠯᠦᠨ᠎ᠡ᠃ ᠤᠯᠤᠰ ᠤᠨ ᠲᠥᠷᠥ ᠶᠢᠨ ᠪᠣᠳᠣᠯᠭ᠎ᠠ ᠶᠢᠨ ᠪᠠᠶᠢᠳᠠᠯ ᠤᠨ ᠱᠠᠭᠠᠷᠳᠠᠯᠭ᠎ᠠ ᠳᠤ ᠨᠡᠶᠢᠴᠡᠭᠦᠯᠬᠦ ᠶᠢᠨ ᠲᠥᠯᠥᠭᠡ᠂ ᠰᠢᠨ᠎ᠡ ᠠᠵᠤ ᠠᠬᠤᠶ᠂ ᠰᠢᠨ᠎ᠡ ᠡᠵᠡᠩᠨᠡᠯᠲᠡ ᠶᠢᠨ ᠬᠡᠯᠪᠡᠷᠢ ᠳᠣᠤᠷᠠᠬᠢ ᠴᠢᠯᠥᠭᠡᠲᠦ ᠠᠵᠢᠯᠲᠠᠨ᠂ ᠠᠮᠢᠳᠤᠯᠢᠭ ᠬᠦᠳᠡᠯᠮᠦᠷᠢ ᠬᠦᠴᠦ ᠪᠠ ᠲᠠᠪᠴᠠᠩ ᠤᠨ ᠠᠵᠢᠯ ᠣᠯᠭᠤᠯᠲᠠ ᠶᠢᠨ ᠬᠠᠮᠲᠤᠯᠢᠭ ᠵᠢᠴᠢ ᠪᠠᠶᠢᠭᠠᠯᠢ ᠬᠥᠮᠦᠨ᠂ ᠬᠤᠪᠢ ᠶᠢᠨ ᠦᠢᠯᠡᠳᠪᠦᠷᠢ ᠬᠤᠳᠠᠯᠳᠤᠭᠠᠨ ᠤ ᠡᠷᠦᠬᠡ᠂ ᠬᠤᠪᠢ ᠬᠥᠮᠦᠨ ᠤ ᠲᠤᠰᠠᠭᠠᠷ ᠪᠡᠯᠡ ᠣᠷᠣᠭᠤᠯᠤᠭᠰᠠᠨ ᠠᠵᠤ ᠠᠬᠤᠶᠢᠯᠠᠯ ᠪᠠ ᠬᠢᠵᠠᠭᠠᠷᠲᠤ ᠬᠤᠷᠰᠢᠭᠰᠠᠨ ᠠᠵᠤ ᠠᠬᠤᠶᠢᠯᠠᠯ ᠳᠤ ᠴᠢᠭᠯᠡᠭᠦᠯᠦᠨ᠂ ᠤᠷᠢᠳᠠᠪᠠᠷ ᠲᠤᠷᠰᠢᠨ ᠬᠡᠷᠡᠭᠵᠢᠭᠦᠯᠬᠦ ᠭᠠᠶᠢᠯᠢ ᠶᠢᠨ ᠶᠠᠪᠤᠳᠠᠯ ᠢ ᠬᠢᠨᠠᠨ ᠲᠣᠭᠲᠠᠭᠠᠨ ᠲᠠᠲᠠᠪᠤᠷᠢᠯᠠᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠨ᠎ᠡ᠃ ︵ᠬᠠᠷᠢᠭᠤᠴᠠᠯᠭᠠᠲᠤ ᠨᠢᠭᠡᠴᠡ᠄ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠬᠥᠬᠡᠬᠤᠲᠠ  ᠶᠢᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠬᠥᠬᠡᠬᠤᠲᠠ ᠶᠢᠨ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠵᠢᠨᠴᠤᠸᠠᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ ᠵᠡᠷᠭᠡ︶       ᠳᠥᠷᠪᠡ᠂ ᠨᠡᠷᠡᠲᠦ ᠲᠥᠷᠥᠯ ᠲᠡᠮᠳᠡᠭᠲᠦ ᠶᠢᠨ ᠠᠵᠤ ᠠᠬᠤᠶᠢᠯᠠᠯ ᠤᠨ ᠨᠢᠭᠡ ᠯᠡ ᠤᠳᠠᠭᠠᠨ ᠤ ᠱᠠᠩᠨᠠᠯ᠃ ᠪᠦᠬᠦ ᠪᠥᠮᠪᠥᠷᠴᠡᠭ ᠤᠨ 50 ᠬᠦᠴᠦᠷᠬᠡᠭ ᠳᠤ ᠣᠷᠤᠭᠰᠠᠨ᠂ ᠤᠯᠤᠰ ᠤᠨ ᠳᠣᠲᠣᠭᠠᠳᠤ ᠶᠢᠨ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠡᠯ᠎ᠡ ᠡᠵᠡᠩᠨᠡᠯᠲᠡ ᠶᠢᠨ ᠬᠡᠯᠪᠡᠷᠢ ᠶᠢᠨ 30 ᠬᠦᠴᠦᠷᠬᠡᠭ ᠲᠤ  ᠵᠢᠭᠰᠠᠭᠠᠭᠳᠠᠭᠰᠠᠨ ᠠᠵᠤ ᠠᠬᠤᠶᠢᠯᠠᠯ᠂ ᠤᠯᠤᠰ ᠤᠨ ᠲᠡᠰ ᠤᠨ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠦᠨᠡᠨᠴᠢ ᠢᠲᠡᠭᠡᠮᠵᠢ ᠶᠢᠨ ᠵᠢᠱᠢᠶ᠎ᠡ ᠦᠵᠡᠭᠦᠯᠬᠦ ᠠᠵᠤ ᠠᠬᠤᠶᠢᠯᠠᠯ ᠤᠨ ᠣᠷᠣᠨ ᠪᠦᠰᠡ ᠶᠢᠨ ᠶᠡᠷᠦᠩᠬᠡᠢ ᠵᠠᠬᠢᠷᠭ᠎ᠠ ᠶᠢᠨ ᠠᠵᠤ ᠦᠢᠯᠡᠰ ᠤᠨ ᠬᠦᠷᠢᠶᠡᠯᠡᠩ ᠳᠤ ᠣᠷᠣᠵᠤ ᠰᠠᠭᠤᠭᠰᠠᠳ ᠲᠤ ᠠᠵᠤ ᠠᠬᠤᠶᠢᠯᠠᠯ ᠤᠨ ᠠᠵᠤ ᠠᠬᠤᠢ ᠶᠢᠨ ᠬᠥᠭᠵᠢᠯᠲᠡ ᠶᠢᠨ ᠬᠤᠪᠢ ᠨᠡᠮᠡᠷᠢ ᠶᠢᠨ ᠱᠠᠩᠨᠠᠯ ᠢ ᠬᠦᠷᠲᠡᠭᠰᠡᠨ ᠪᠠᠶᠢᠪᠠᠯ ᠨᠢᠭᠡ ᠤᠳᠠᠭ᠎ᠠ ᠶᠢᠨ ᠴᠢᠨᠠᠷᠲᠠᠶ 30 ᠲᠦᠮᠡᠨ ᠲᠥᠭᠦᠷᠢᠭ ᠤᠨ ᠱᠠᠩᠨᠠᠯ ᠣᠯᠭᠤᠨ᠎ᠠ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠂ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ︶      ᠲᠠᠪᠤ᠂ ᠠᠵᠤ ᠠᠬᠤᠶᠢᠯᠠᠯ ᠤᠨ ᠰᠢᠨ᠎ᠡ ᠶᠢ ᠡᠭᠦᠳᠦᠨ ᠬᠥᠭᠵᠢᠬᠦ ᠶᠢ ᠵᠣᠷᠢᠭᠵᠢᠭᠤᠯᠤᠨ᠎ᠠ᠃ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ︽ᠢᠨᠲ᠋ᠧᠷ ᠰᠦᠯᠵᠢᠶ᠎ᠡ +︾᠂ ᠬᠥᠮᠦᠨ ᠤ ᠬᠦᠴᠦᠨ ᠤ ᠡᠬᠢ ᠪᠠᠶᠠᠯᠢᠭ ᠤᠨ ᠲᠣᠮᠣ ᠳ᠋ᠠᠶᠢᠲ᠋ᠠ ᠪᠠ ︽ᠲᠤᠰᠬᠠᠶ᠂ ᠨᠠᠷᠢᠯᠢᠭ᠂ ᠭᠦᠨ︾ ᠵᠡᠷᠭᠡ ᠰᠢᠨ᠎ᠡ ᠪᠠᠷ ᠬᠥᠭᠵᠢᠭᠰᠡᠨ ᠲᠤᠬᠠᠶᠢᠯᠠᠭᠰᠠᠨ ᠠᠵᠢᠯ ᠪᠠ ᠦᠢᠯᠡᠳᠬᠦᠨ ᠢ ᠬᠥᠭᠵᠢᠭᠦᠯᠬᠦ ᠶᠢ ᠵᠣᠷᠢᠭᠵᠢᠭᠤᠯᠤᠨ᠎ᠠ᠃ ᠤᠯᠤᠰ ᠤᠨ ᠰᠢᠨᠵᠢᠯᠡᠬᠦ ᠤᠬᠠᠭᠠᠨ ᠮᠡᠷᠭᠡᠵᠢᠯ ᠤᠨ ᠱᠠᠩᠨᠠᠯ ᠣᠯᠤᠭᠰᠠᠨ ᠦᠷ᠎ᠡ ᠪᠦᠲᠦᠭᠡᠯ ᠳᠤ᠂ ᠨᠢᠭᠡᠳᠦᠭᠡᠷ ᠪᠡᠶᠡᠯᠡᠭᠦᠯᠦᠭᠰᠡᠨ ᠨᠢᠭᠡᠴᠡ ᠪᠠ ᠣᠷᠣᠯᠴᠠᠭᠰᠠᠨ ᠨᠢᠭᠡᠴᠡ ᠳᠤ ᠲᠣᠰᠪᠣᠷᠢ 10 — 50 ᠲᠦᠮᠡᠨ ᠲᠥᠭᠦᠷᠢᠭ ᠤᠨ ᠢᠵᠢ ᠪᠦᠷᠢᠳᠦᠭᠰᠡᠨ ᠱᠠᠩᠨᠠᠯ ᠣᠯᠭᠤᠵᠤ᠂ ᠮᠠᠨ ᠤ ᠬᠤᠲᠠ ᠠᠴᠠ ᠨᠡᠷ᠎ᠡ ᠳᠤᠷᠠᠳᠤᠨ ᠰᠤᠩᠭᠤᠨ ᠭᠠᠷᠭᠠᠭᠰᠠᠨ ᠪᠥᠭᠡᠳ ᠥᠪᠡᠷᠲᠡᠭᠡᠨ ᠵᠠᠰᠠᠬᠤ ᠣᠷᠣᠨ ᠤ ᠰᠢᠨᠵᠢᠯᠡᠬᠦ ᠤᠬᠠᠭᠠᠨ ᠮᠡᠷᠭᠡᠵᠢᠯ ᠤᠨ ᠱᠠᠩᠨᠠᠯ ᠢ ᠣᠯᠤᠭᠰᠠᠨ ᠦᠷ᠎ᠡ ᠪᠦᠲᠦᠭᠡᠯ ᠢ ᠨᠢᠭᠡᠳᠦᠭᠡᠷ ᠪᠡᠶᠡᠯᠡᠭᠦᠯᠦᠭᠰᠡᠨ ᠨᠢᠭᠡᠴᠡ ᠳᠤ 5 — 20 ᠲᠦᠮᠡᠨ ᠲᠥᠭᠦᠷᠢᠭ ᠤᠨ ᠢᠵᠢ ᠪᠦᠷᠢᠳᠦᠭᠰᠡᠨ ᠱᠠᠩᠨᠠᠯ ᠣᠯᠭᠤᠨ᠎ᠠ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠂ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ︶      ᠵᠢᠷᠭᠤᠭ᠎ᠠ᠂ ᠠᠵᠤ ᠠᠬᠤᠶᠢᠯᠠᠯ ᠤᠨ ᠲᠥᠪᠯᠡᠷᠡᠨ ᠬᠥᠭᠵᠢᠬᠦ ᠶᠢ ᠳᠡᠮᠵᠢᠨ᠎ᠡ᠃ ᠠᠵᠤ ᠦᠢᠯᠡᠰ ᠤᠨ ᠬᠦᠷᠢᠶᠡᠯᠡᠩ ᠪᠠᠶᠢᠭᠤᠯᠤᠭᠳᠠᠭᠰᠠᠨ ᠡᠳᠦᠷ ᠠᠴᠠ ᠡᠬᠢᠯᠡᠨ᠂ ᠡᠮᠦᠨ᠎ᠡ 3 ᠵᠢᠯ ᠤᠨ ᠲᠦᠷᠢᠶᠡᠰᠦᠨ ᠮᠥᠩᠭᠦ ᠶᠢ100% ᠪᠠᠷ᠂ 4 ᠳ᠋ᠦ᠋ᠭᠡᠷ ᠵᠢᠯ ᠠᠴᠠ 5 ᠳ᠋ᠤᠭᠠᠷ ᠵᠢᠯ ᠬᠦᠷᠲᠡᠯᠡᠬᠢ ᠲᠦᠷᠢᠶᠡᠰᠦᠨ ᠮᠥᠩᠭᠦ ᠶᠢ 50% ᠶᠢᠨ ᠬᠠᠷᠢᠴᠠᠯ ᠢᠶᠠᠷ ᠬᠠᠰᠤᠵᠤ  ᠬᠡᠯᠲᠦᠷᠢᠭᠦᠯᠦᠨ᠎ᠡ᠂ ᠣᠷᠣᠵᠤ ᠰᠠᠭᠤᠭᠰᠠᠨ ᠠᠵᠤ ᠠᠬᠤᠶᠢᠯᠠᠯ ᠤᠨ ᠭᠤᠶᠤᠴᠢᠯᠠᠭᠰᠠᠨ ᠲᠠᠯᠠᠪᠠᠶ ᠶᠢ ᠵᠠᠷᠴᠢᠮ ᠳᠡᠭᠡᠷ᠎ᠡ ᠪᠠᠨ 12m2/ ᠬᠥᠮᠦᠨ ︵ᠠᠵᠤ ᠠᠬᠤᠶᠢᠯᠠᠯ ᠯᠤᠭ᠎ᠠ ᠬᠥᠳᠡᠯᠮᠦᠷᠢ ᠶᠢᠨ ᠭᠡᠷ᠎ᠡ ᠲᠣᠭᠲᠠᠭᠠᠬᠤ ᠶᠢᠨ ᠬᠠᠮᠲᠤ ᠨᠡᠶᠢᠭᠡᠮ ᠤᠨ ᠳᠠᠭᠠᠳᠬᠠᠯ ᠲᠤᠰᠢᠶᠠᠭᠰᠠᠨ ᠬᠥᠮᠦᠨ ᠤ ᠲᠤᠭ᠎ᠠ ᠪᠠᠷ ᠪᠠᠷᠢᠮᠵᠢᠶ᠎ᠠ ᠪᠣᠯᠭᠠᠨ᠎ᠠ︶ ᠠᠴᠠ ᠬᠡᠲᠦᠷᠡᠭᠦᠯᠵᠦ ᠪᠣᠯᠬᠤ ᠥᠬᠡᠶ᠃ ᠣᠷᠣᠵᠤ ᠰᠠᠭᠤᠭᠰᠠᠨ ᠪᠥᠬᠦ ᠳᠡᠯᠡᠬᠡᠶ ᠶᠢᠨ ᠪᠠ ᠪᠥᠬᠦ ᠤᠯᠤᠰ ᠤᠨ ᠨᠠᠷᠠᠲᠤ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠬᠥᠮᠦᠨ ᠳᠤᠮᠳᠠᠴᠢ ᠶᠢᠨ ᠠᠯᠪᠠᠯᠠᠬᠤ ᠲᠠᠯᠠᠪᠠᠶ ᠶᠢ ᠠᠰ ᠠᠰ ᠢᠶᠠᠷ ᠨᠢ ᠵᠥᠪᠯᠡᠵᠤ ᠪᠣᠯᠤᠨ᠎ᠠ᠃ ᠬᠤᠶᠠᠷ ᠵᠢᠯ ᠳᠠᠷᠠᠭᠠᠯᠠᠨ ᠠᠵᠤ ᠠᠬᠤᠶᠢᠯᠠᠯ ᠤᠨ ᠠᠵᠤ ᠠᠬᠤᠢ ᠶᠢᠨ ᠬᠤᠪᠢ ᠨᠡᠮᠡᠷᠢ ᠶᠢᠨ ᠱᠠᠩᠨᠠᠯ ᠣᠯᠤᠭᠰᠠᠨ ᠦᠭᠡᠢ ᠪᠤᠶᠤ ᠬᠠᠤᠯᠢ ᠴᠠᠭᠠᠵᠠ ᠬᠠᠤᠯᠢ ᠲᠣᠭᠲᠠᠭᠠᠯ ᠠᠴᠠ ᠵᠥᠷᠢᠴᠡᠨ ᠬᠦᠨᠳᠦ ᠨᠣᠴᠢᠲᠠᠶ ᠦᠷ᠎ᠡ ᠳ᠋ᠦᠩ ᠭᠠᠷᠭᠠᠭᠰᠠᠨ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠪᠠᠶᠢᠭᠤᠯᠤᠮᠵᠢ ᠶᠢ ᠢᠯᠭᠠᠷᠠᠭᠤᠯᠤᠨ ᠪᠤᠴᠠᠭᠠᠬᠤ ᠬᠡᠷᠡᠭᠲᠡᠶ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ᠂ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ︶      ᠳᠣᠯᠤᠭ᠎ᠠ᠂ ᠣᠯᠠᠨ ᠨᠡᠶᠢᠲᠡ ᠶᠢᠨ ᠦᠢᠯᠡᠴᠢᠯᠡᠭᠡᠨ ᠤ ᠵᠦᠢᠯᠡᠰ ᠢ ᠲᠡᠭᠦᠯᠳᠡᠷᠵᠢᠭᠦᠯᠦᠨ᠎ᠡ᠃ ᠠᠵᠤ ᠦᠢᠯᠡᠰ ᠤᠨ ᠬᠦᠷᠢᠶᠡᠯᠡᠩ ᠨᠢ ᠦᠢᠯᠡᠴᠢᠯᠡᠭᠡᠨ ᠤ ᠴᠣᠩᠬᠤᠪᠴᠢ ᠨᠡᠭᠡᠭᠡᠵᠦ᠂ ᠣᠷᠣᠵᠤ ᠰᠠᠭᠤᠭᠰᠠᠨ ᠠᠵᠤ ᠠᠬᠤᠶᠢᠯᠠᠯ ᠳᠤ ︽ᠰᠠᠭᠠᠳ ᠥᠬᠡᠶ ᠨᠡᠪᠲᠡᠷᠡᠬᠦ ᠵᠠᠮ︾ ᠢ ᠨᠡᠭᠡᠭᠡᠵᠦ᠂ ᠬᠥᠮᠦᠨ ᠤ ᠬᠦᠴᠦᠨ ᠤ ᠡᠬᠢ ᠪᠠᠶᠠᠯᠢᠭ ᠤᠷᠢᠬᠤ᠂ ᠠᠵᠢᠯᠲᠠᠨ ᠤ ᠶᠠᠪᠤᠳᠠᠯ ᠤᠨ ᠴᠢᠳᠠᠪᠤᠷᠢᠲᠠᠨ ᠤ ᠦᠢᠯᠡᠴᠢᠯᠡᠭᠡ᠂ ᠠᠵᠢᠯ ᠣᠯᠵᠤ ᠠᠳᠠᠯ ᠦᠢᠯᠡᠰ ᠴᠣᠭᠴᠠᠯᠠᠬᠤ ᠦᠢᠯᠡᠴᠢᠯᠡᠭᠡ᠂ ᠨᠡᠶᠢᠭᠡᠮ ᠤᠨ ᠳᠠᠭᠠᠳᠬᠠᠯ ᠤᠨ ᠦᠢᠯᠡᠴᠢᠯᠡᠭᠡ᠂ ᠨᠠᠶᠢᠳᠠᠨ ᠣᠷᠣᠯᠠᠨ ᠲᠠᠲᠠᠪᠤᠷᠢᠯᠠᠬᠤ᠂ ᠬᠢᠨᠠᠨ ᠲᠣᠭᠲᠠᠭᠠᠵᠤ ᠲᠠᠲᠠᠪᠤᠷᠢᠯᠠᠬᠤ᠂ ᠳᠡᠩᠰᠡᠯᠡᠨ ᠲᠡᠮᠳᠡᠭᠯᠡᠬᠦ ᠵᠡᠷᠭᠡ ︽ᠬᠡᠯᠬᠢᠶ᠎ᠡ︾ ︽ᠨᠢᠭᠡ ᠥᠷᠲᠡᠭᠡ ᠮᠠᠶ᠋ᠢᠭ︾ ᠤᠨ ᠣᠯᠠᠨ ᠨᠡᠶᠢᠲᠡ ᠶᠢᠨ  ᠦᠢᠯᠡᠴᠢᠯᠡᠭᠡ ᠬᠠᠩᠭᠠᠨ᠎ᠠ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠤᠯᠤᠰ ᠤᠨ ᠭᠠᠶᠢᠯᠢ ᠶᠢᠨ ᠶᠠᠪᠤᠳᠠᠯ ᠤᠨ ᠶᠡᠷᠦᠩᠬᠡᠶ ᠲᠣᠪᠴᠢᠶ᠎ᠠ ᠶᠢᠨ ᠬᠥᠬᠡᠬᠤᠲᠠ ᠶᠢᠨ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠥᠬᠡᠬᠤᠲᠠ ᠶᠢᠨ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ᠂ ᠵᠢᠨᠴᠤᠸᠠᠨ ᠠᠵᠤ ᠦᠢᠯᠡᠳᠪᠦᠷᠢ ᠶᠢᠨ ᠬᠦᠷᠢᠶᠡᠯᠡᠩ ᠲᠣᠭᠤᠷᠢᠭ︶      ᠨᠠᠢᠮᠠ᠂ ᠬᠥᠮᠦᠨ ᠤ ᠬᠦᠴᠦᠨ ᠤ ᠡᠬᠢ ᠪᠠᠶᠠᠯᠢᠭ ᠢ ᠵᠣᠯᠭᠠᠭᠤᠯᠬᠤ ᠦᠢᠯᠡᠴᠢᠯᠡᠭᠡᠨ ᠤ ᠲᠠᠪᠴᠠᠩ ᠢ ᠪᠠᠶᠢᠭᠤᠯᠤᠨ᠎ᠠ᠃ ᠠᠵᠤ ᠦᠢᠯᠡᠰ ᠤᠨ ᠬᠦᠷᠢᠶᠡᠯᠡᠩ ᠨᠢ ᠤᠯᠤᠰ ᠤᠨ ᠳᠣᠲᠣᠭᠠᠳᠤ ᠶᠢᠨ ᠨᠡᠷᠡᠲᠦ ᠬᠥᠮᠦᠨ ᠤ ᠬᠦᠴᠦᠨ ᠤ ᠡᠬᠢ ᠪᠠᠶᠠᠯᠢᠭ ᠤᠨ ᠮᠡᠳᠡᠭᠡ ᠵᠠᠩᠭᠢᠵᠢᠯᠲᠠ ᠪᠠ ᠵᠣᠬᠢᠶᠠᠮᠠᠯ ᠣᠶᠤᠨ ᠴᠢᠳᠠᠪᠤᠷᠢ ᠶᠢᠨ ᠠᠵᠤ ᠠᠬᠤᠶᠢᠯᠠᠯ ᠢ ᠵᠣᠯᠭᠠᠭᠤᠯᠵᠤ᠂ ᠰᠦᠯᠵᠢᠶᠡᠨ ᠳᠡᠭᠡᠷᠡᠬᠢ ᠬᠥᠮᠦᠨ ᠤ ᠬᠦᠴᠦᠨ ᠤ ᠡᠬᠢ ᠪᠠᠶᠠᠯᠢᠭ ᠤᠨ ᠰᠣᠯᠢᠯᠴᠠᠭᠠᠨ ᠤ ᠦᠢᠯᠡᠴᠢᠯᠡᠭᠡ ᠶᠢ ᠵᠣᠯᠭᠠᠭᠤᠯᠬᠤ ᠲᠠᠪᠴᠠᠩ ᠢ ᠪᠠᠶᠢᠭᠤᠯᠵᠤ᠂ ᠣᠷᠣᠵᠤ ᠰᠠᠭᠤᠭ᠎ᠠ ᠠᠵᠤ ᠠᠬᠤᠶᠢᠯᠠᠯ ᠵᠢᠴᠢ ᠬᠡᠷᠡᠭᠯᠡᠭᠴᠢᠳ ᠲᠤ ᠲᠥᠷᠥ ᠶᠢᠨ ᠪᠣᠳᠤᠯᠭ᠎ᠠ ᠶᠢᠨ ᠯᠠᠪᠯᠠᠯᠭ᠎ᠠ᠂ ᠬᠤᠳᠠᠯᠳᠤᠭᠠᠨ ᠤ ᠠᠵᠠ ᠲᠣᠬᠢᠶᠠᠯ ᠤᠨ ᠵᠥᠪᠳᠡᠯᠴᠡᠭᠡ ᠂ ᠲᠥᠷᠥᠯ ᠵᠦᠢᠯ ᠤᠨ ᠲᠠᠨᠢᠯᠴᠠᠭᠤᠯᠭ᠎ᠠ᠂ ᠬᠤᠳᠠᠯᠳᠤᠭᠠᠨ ᠤ ᠶᠠᠪᠤᠳᠠᠯ ᠤᠨ ᠡᠵᠡᠩᠨᠡᠯᠲᠡ᠂ ᠴᠢᠳᠠᠪᠤᠷᠢᠲᠠᠨ ᠬᠥᠮᠦᠵᠢᠭᠦᠯᠬᠦ ᠵᠢᠴᠢ ᠵᠣᠯᠭᠠᠭᠤᠯᠬᠤ᠂ ᠠᠯᠤᠰ ᠠᠴᠠ ᠨᠢᠭᠤᠷᠲᠠᠨ ᠰᠢᠯᠭᠠᠬᠤ᠂ ᠦᠷ᠎ᠡ ᠪᠦᠲᠦᠭᠡᠯ ᠤᠨ ᠰᠣᠯᠢᠯᠴᠠᠭ᠎ᠠ ᠵᠡᠷᠭᠡ ᠠᠭᠤᠯᠭ᠎ᠠ ᠶᠢ ᠬᠠᠩᠭᠠᠵᠤ᠂ ᠬᠠᠩᠭᠠᠯᠭ᠎ᠠ ᠬᠡᠷᠡᠭᠴᠡᠭᠡᠨ ᠤ ᠬᠤᠶᠠᠷ ᠡᠲᠡᠬᠡᠳ ᠲᠤ ᠪᠥᠬᠦ ᠲᠠᠯ᠎ᠠ ᠶᠢᠨ᠂ ᠥᠪᠡᠷ ᠤᠨ ᠥᠷᠲᠡᠭ ᠢᠶᠠᠷ ᠳᠣᠣᠷ᠎ᠠ᠂ ᠳᠥᠭᠦᠮ ᠳᠥᠲᠡ᠂ ᠨᠡᠭᠡᠭᠡᠯᠲᠡᠲᠦ ᠮᠠᠶ᠋ᠢᠭ ᠤᠨ ᠰᠦᠯᠵᠢᠶᠡᠨ ᠳᠡᠭᠡᠷᠡᠬᠢ ᠲᠠᠪᠴᠠᠩ ᠢ ᠪᠣᠶ ᠪᠤᠯᠭᠠᠨ᠎ᠠ᠃ ︵ᠬᠠᠷᠢᠭᠤᠴᠠᠯᠭᠠᠲᠤ ᠨᠢᠭᠡᠴᠡ᠄ ᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ  ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠬᠤᠲᠠ ᠶᠢᠨ ᠬᠠᠷᠢᠶ᠎ᠠ ᠬᠠᠮᠢᠶ᠎ᠠ ᠪᠦᠬᠦᠢ ᠰᠠᠯᠠᠭ᠎ᠠ ᠮᠥᠴᠢᠷ︶      ᠡᠯ᠎ᠡ ᠬᠠᠷᠢᠭᠤᠴᠠᠯᠭᠠᠲᠤ ᠨᠢᠭᠡᠴᠡ᠂ ᠠᠵᠤ ᠦᠢᠯᠡᠰ ᠤᠨ ᠬᠦᠷᠢᠶᠡᠯᠡᠩ ᠤᠨ ᠪᠠᠶᠢᠭ᠎ᠠ ᠭᠠᠵᠠᠷ ᠤᠨ ᠨᠡᠭᠡᠭᠡᠯᠲᠡ ᠶᠢᠨ ᠣᠷᠣᠨ ᠪᠤᠶᠤ ᠵᠠᠰᠠᠭ ᠤᠨ ᠣᠷᠳᠣᠨ ᠲᠤᠰ ᠠᠷᠭ᠎ᠠ ᠬᠡᠮᠵᠢᠶ᠎ᠡ ᠶᠢᠨ ᠲᠣᠭᠲᠠᠭᠠᠯ ᠶᠣᠰᠣᠭᠠᠷ᠂ ᠪᠣᠳᠠᠲᠠᠶ ᠠᠵᠢᠯᠯᠠᠬᠤ ᠠᠷᠭ᠎ᠠ ᠪᠠ ᠬᠡᠷᠡᠭᠵᠢᠭᠦᠯᠬᠦ ᠨᠠᠷᠢᠨ ᠳᠦᠷᠢᠮ ᠲᠣᠭᠲᠠᠭᠠᠵᠤ᠂ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠪᠣᠳᠠᠲᠠᠶᠢᠵᠢᠭᠤᠯᠬᠤ ᠪᠠ ᠦᠢᠯᠡᠴᠢᠯᠡᠭᠡᠨ ᠤ ᠠᠷᠭ᠎ᠠ ᠬᠡᠮᠵᠢᠶ᠎ᠡ ᠶᠢ ᠪᠣᠳᠠᠲᠠᠶᠢᠵᠢᠭᠤᠯᠬᠤ ᠶᠢ ᠪᠠᠲᠤᠯᠠᠨ᠎ᠠ᠃ ᠵᠢᠱᠢᠶᠡᠯᠡᠪᠡᠯ ᠠᠵᠤ ᠦᠢᠯᠡᠰ ᠤᠨ ᠬᠦᠷᠢᠶᠡᠯᠡᠩ ᠤᠨ ᠵᠠᠰᠠᠭ ᠵᠠᠬᠢᠷᠭᠠᠨ ᠤ ᠬᠠᠷᠢᠶᠠᠯᠠᠯ ᠤᠨ ᠡᠷᠬᠡ ᠳᠤ ᠬᠤᠪᠢᠷᠠᠯᠲᠠ ᠭᠠᠷᠪᠠᠯ᠂ ᠲᠣᠬᠢᠷᠠᠭᠤᠯᠤᠯᠲᠠ ᠬᠢᠭᠰᠡᠨ ᠤ ᠳᠠᠷᠠᠭᠠᠬᠢ ᠨᠡᠭᠡᠭᠡᠯᠲᠡ ᠶᠢᠨ ᠲᠣᠭᠤᠷᠢᠭ ᠪᠤᠶᠤ ᠵᠠᠰᠠᠭ ᠤᠨ ᠣᠷᠳᠣᠨ ᠠᠴᠠ ᠴᠠᠭ ᠲᠤᠬᠠᠶ ᠳᠤᠨᠢ ᠲᠤᠰ ᠠᠷᠭ᠎ᠠ ᠬᠡᠮᠵᠢᠶ᠎ᠡ ᠶᠢ ᠬᠦᠯᠢᠶᠡᠨ ᠠᠪᠬᠤ ᠠᠵᠢᠯ ᠢ ᠰᠠᠶᠢᠲᠤᠷ ᠬᠢᠵᠦ᠂ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠦᠷᠭᠦᠯᠵᠢᠯᠡᠭᠦᠯᠬᠦ ᠪᠠ ᠪᠣᠳᠠᠲᠠᠶᠢᠵᠢᠭᠤᠯᠬᠤ ᠶᠢ ᠦᠨᠡᠨᠬᠦ ᠪᠠᠲᠤᠯᠠᠬᠤ ᠬᠡᠷᠡᠭᠲᠡᠶ᠃ ᠲᠣᠰ ᠠᠷᠭ᠎ᠠ ᠬᠡᠮᠵᠢᠶ᠎ᠡ ᠶᠢ ᠨᠡᠶᠢᠲᠡᠯᠡᠭᠰᠡᠨ ᠡᠳᠦᠷ ᠠᠴᠠ ᠡᠬᠢᠯᠡᠨ 30 ᠡᠳᠦᠷ ᠤᠨ ᠳᠠᠷᠠᠭ᠎ᠠ ᠬᠡᠷᠡᠭᠵᠢᠭᠦᠯᠦᠨ᠎ᠡ᠃ᠳᠠᠭᠠᠯᠳᠤᠭᠤᠯᠤᠯ᠄ ᠬᠥᠬᠡᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠠᠵᠤ ᠦᠢᠯᠡᠰ ᠤᠨ ᠬᠦᠷᠢᠶᠡᠯᠡᠩ ᠤᠨ ᠠᠵᠤ ᠠᠬᠤᠶᠢᠯᠠᠯ ᠤᠨ ᠣᠷᠣᠵᠤ ᠰᠠᠭᠤᠬᠤ ᠬᠡᠪᠴᠢᠶ᠎ᠡ ᠪᠠ ᠨᠥᠬᠦᠴᠡᠯᠳᠠᠭᠠᠯᠳᠤᠭᠤᠯᠤᠯᠬᠥᠬᠡᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠠᠵᠤ ᠦᠢᠯᠡᠰ ᠤᠨ ᠬᠦᠷᠢᠶᠡᠯᠡᠩ ᠤᠨ ᠠᠵᠤ ᠠᠬᠤᠶᠢᠯᠠᠯ ᠤᠨ ᠣᠷᠣᠵᠤ ᠰᠠᠭᠤᠬᠤ ᠬᠡᠪᠴᠢᠶ᠎ᠡ ᠪᠠ ᠨᠥᠬᠦᠴᠡᠯ      ︽ᠬᠥᠬᠡᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠠᠵᠤ ᠦᠢᠯᠡᠰ ᠤᠨ ᠬᠦᠷᠢᠶᠡᠯᠡᠩ ᠤᠨ ᠣᠷᠣᠵᠤ ᠰᠠᠭᠤᠬᠤ ᠬᠡᠪᠴᠢᠶ᠎ᠡ ᠪᠠ ᠨᠥᠬᠦᠴᠡᠯ︾ ᠳᠤ ᠨᠡᠶᠢᠴᠡᠭᠰᠡᠨ ᠠᠵᠤ ᠠᠬᠤᠶᠢᠯᠠᠯ ᠢ A ᠲᠥᠷᠥᠯ᠂ B ᠲᠥᠷᠥᠯ᠂ C ᠲᠥᠷᠥᠯ᠂ D ᠲᠥᠷᠥᠯ᠂ E ᠲᠥᠷᠥᠯ ᠭᠡᠵᠦ ᠬᠤᠪᠢᠶᠠᠨ᠎ᠠ᠃ ᠡᠭᠦᠨ ᠳᠤ A ᠲᠥᠷᠥᠯ᠂ B ᠲᠥᠷᠥᠯ ᠨᠢ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠪᠠᠶᠢᠭᠤᠯᠤᠮᠵᠢ ᠳᠤ ᠣᠷᠣᠵᠤ ᠰᠠᠭᠤᠭᠰᠠᠨ ᠶᠡᠷᠦᠩᠬᠡᠶ ᠲᠣᠭᠠᠨ ᠤ 60% ᠠᠴᠠ ᠳᠡᠭᠡᠭᠰᠢᠬᠢ ᠶᠢ ᠡᠵᠡᠯᠡᠨ᠎ᠡ᠃      ᠨᠢᠭᠡ᠂ A ᠲᠥᠷᠥᠯ᠄ ᠠᠵᠢᠯ ᠲᠥᠷᠥᠯ ᠤᠨ ᠳᠣᠲᠣᠷᠠᠬᠢ ᠡᠷᠬᠡ ᠰᠦᠷᠲᠦ ᠪᠠᠶᠢᠭᠤᠯᠤᠮᠵᠢ ᠶᠢᠨ ᠰᠢᠨ᠎ᠡ ᠪᠠᠷ ᠨᠡᠶᠢᠲᠡᠯᠡᠭᠰᠡᠨ ᠢᠲᠡᠭᠡᠭᠦᠯᠬᠦ ᠬᠦᠴᠦᠨ ᠪᠥᠬᠦᠢ ︽ᠪᠥᠬᠦ ᠪᠥᠮᠪᠥᠷᠴᠡᠭ ᠤᠨ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠪᠠᠶᠢᠭᠤᠯᠤᠮᠵᠢ ᠶᠢᠨ 50 ᠬᠦᠴᠦᠷᠬᠡᠭ ᠤᠨ ᠨᠡᠷᠡᠰ︾᠂ ︽ᠶᠡᠭᠡ ᠳᠤᠮᠳᠠᠳᠤ ᠶᠢᠨ ᠭᠠᠵᠠᠷ ᠣᠷᠤᠨ ᠤ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠨᠠᠷᠠᠲᠤ ᠲᠡᠮᠳᠡᠭ ᠤᠨ 100 ᠬᠦᠴᠦᠷᠬᠡᠭ ᠤᠨ ᠨᠡᠷᠡᠰ︾᠂ ᠳᠤᠮᠳᠠᠳᠤ ᠤᠯᠤᠰ ᠤᠨ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠪᠠᠶᠢᠭᠤᠯᠤᠮᠵᠢ ᠶᠢᠨ 100 ᠬᠦᠴᠦᠷᠬᠡᠭ ᠤᠨ ᠨᠡᠷᠡᠰ︾ ᠵᠡᠷᠭᠡ ᠵᠢᠴᠢ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠶᠠᠮᠤᠨ ᠤ ᠰᠢᠯᠭᠠᠷᠠᠭᠤᠯᠤᠨ ᠲᠣᠭᠲᠠᠭᠠᠭᠰᠠᠨ ᠤᠯᠤᠰ ᠤᠨ ᠲᠠᠰ ᠤᠨ ᠬᠥᠮᠦᠨ ᠤ ᠬᠦᠴᠦᠨ ᠤ ᠡᠬᠢ ᠪᠠᠶᠠᠯᠢᠭ ᠤᠨ ᠦᠨᠡᠨᠴᠢ ᠢᠲᠡᠭᠡᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ ᠨᠢ ᠪᠥᠬᠦ ᠳᠡᠯᠡᠬᠡᠶ᠂ ᠤᠯᠤᠰ ᠤᠨ ᠳᠣᠲᠣᠭᠠᠳᠤ ᠶᠢᠨ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠡᠯ᠎ᠡ ᠡᠵᠡᠩᠨᠡᠯᠲᠡ ᠶᠢᠨ ᠬᠡᠯᠪᠡᠷᠢ ᠶᠢᠨ 30 ᠬᠦᠴᠦᠷᠬᠡᠭ ᠲᠤ ᠵᠢᠭᠰᠠᠭᠠᠭᠳᠠᠭᠰᠠᠨ ᠠᠵᠤ ᠠᠬᠤᠶᠢᠯᠠᠯ ᠤᠨ ᠮᠤᠵᠢ ᠶᠢᠨ ᠱᠠᠲᠤᠨ ᠠᠴᠠ ᠳᠡᠭᠡᠭᠰᠢᠬᠢ ᠣᠷᠣᠨ ᠪᠦᠰᠡ ᠶᠢᠨ ᠶᠡᠷᠦᠩᠬᠡᠶ ᠬᠡᠯᠲᠡᠰ ᠪᠠᠶᠢᠭᠤᠯᠤᠭᠰᠠᠨ ᠨᠢ ᠤᠷᠢᠳ ᠢᠶᠠᠷ ᠣᠷᠣᠵᠤ ᠰᠠᠭᠤᠨ᠎ᠠ᠃      ᠬᠤᠶᠠᠷ᠂ B ᠲᠥᠷᠥᠯ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠢᠩᠬᠢᠮ᠂ ᠥᠪᠥᠷ ᠮᠣᠩᠭᠤᠯ ᠤᠨ ᠬᠥᠮᠦᠨ ᠤ ᠬᠦᠴᠦᠨ ᠤ ᠡᠬᠢ ᠪᠠᠶᠠᠯᠢᠭ ᠤᠨ ᠨᠡᠶᠢᠭᠡᠮᠯᠢᠭ ᠢᠶᠠᠷ ᠰᠢᠯᠭᠠᠷᠠᠭᠤᠯᠤᠨ ᠲᠣᠭᠲᠠᠭᠠᠭᠰᠠᠨ ᠥᠪᠡᠷᠲᠡᠭᠡᠨ ᠵᠠᠰᠠᠬᠤ ᠣᠷᠣᠨ ᠤ ᠱᠠᠲᠤᠨ ᠤ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠦᠢᠯᠡᠰ ᠤᠨ ᠳᠠᠭᠠᠭᠤᠯᠤᠭᠴᠢ ᠠᠵᠤ ᠠᠬᠤᠶᠢᠯᠠᠯ ᠪᠤᠶᠤ ᠬᠥᠮᠦᠨ ᠤ ᠬᠦᠴᠦᠨ ᠤ ᠡᠬᠢ ᠪᠠᠶᠠᠯᠢᠭ ᠤᠨ ᠦᠨᠡᠨᠴᠢ ᠢᠲᠡᠭᠡᠮᠵᠢ ᠶᠢᠨ  ᠦᠢᠯᠡᠴᠢᠯᠡᠭᠡᠨ ᠤ ᠪᠠᠶᠢᠭᠤᠯᠤᠮᠵᠢ︔ ᠪᠤᠰᠤᠳ ᠮᠤᠵᠢ ᠣᠷᠣᠨ ᠤ ᠲᠠᠰ ᠤᠨ ᠰᠢᠯᠭᠠᠷᠠᠭᠤᠯᠤᠨ ᠲᠣᠭᠲᠠᠭᠠᠭᠰᠠᠨ ᠮᠤᠵᠢ ᠶᠢᠨ ᠱᠠᠲᠤᠨ ᠤ ᠬᠥᠮᠦᠨ ᠤ ᠬᠦᠴᠦᠨ ᠤ ᠡᠬᠢ ᠪᠠᠶᠠᠯᠢᠭ ᠤᠨ ᠦᠨᠡᠨᠴᠢ ᠢᠲᠡᠬᠡᠮᠵᠢᠲᠠᠢ ᠪᠤᠶᠤ ᠰᠢᠯᠢᠳᠡᠭ ᠦᠢᠯᠡᠴᠢᠯᠡᠭᠡᠨ ᠤ ᠪᠠᠶᠢᠭᠤᠯᠤᠮᠵᠢ︔ ᠡᠰᠡᠬᠦᠯ᠎ᠡ ᠳᠡᠭᠡᠷ᠎ᠡ ᠵᠢᠯ ᠤᠨ ᠡᠵᠡᠩᠨᠡᠯᠲᠡ ᠶᠢᠨ ᠣᠷᠣᠯᠭ᠎ᠠ ᠨᠢ 2 ᠳ᠋ᠦᠩᠰᠢᠭᠤᠷ ᠲᠥᠭᠦᠷᠢᠭ ᠠᠴᠠ ᠳᠡᠭᠡᠭᠰᠢᠬᠢ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠪᠠᠶᠢᠭᠤᠯᠤᠮᠵᠢ᠃ ᠳᠡᠭᠡᠷᠡᠬᠢ ᠬᠦᠬᠡᠬᠤᠲᠠ ᠶᠢᠨ ᠳᠠᠩᠰᠠᠯᠠᠭᠤᠯᠤᠭᠰᠠᠨ ᠪᠤᠰᠤ ᠪᠠᠶᠢᠭᠤᠯᠤᠮᠵᠢ ᠨᠢ ᠶᠡᠷᠦᠩᠬᠡᠶ ᠬᠡᠯᠲᠡᠰ ᠪᠤᠶᠤ ᠰᠢᠨ᠎ᠡ ᠪᠠᠷ ᠪᠠᠶᠢᠭᠤᠯᠤᠮᠵᠢ ᠪᠠᠶᠢᠭᠤᠯᠤᠭᠰᠠᠨ ᠪᠣᠯ ᠤᠷᠢᠳ ᠢᠶᠠᠷ ᠣᠷᠣᠵᠤ ᠰᠠᠭᠤᠨ᠎ᠠ᠃      ᠭᠤᠷᠪᠠ᠂ C ᠲᠥᠷᠥᠯ᠄ ᠲᠣᠰ ᠭᠠᠵᠠᠷ ᠣᠷᠣᠨ ᠤ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠪᠠᠶᠢᠭᠤᠯᠤᠮᠵᠢ ᠪᠣᠯᠤᠨ ᠪᠥᠬᠦ ᠤᠯᠤᠰ ᠤᠨ 100 ᠬᠦᠴᠦᠷᠬᠡᠭ ᠪᠠᠯᠠ ᠨᠡᠶᠢᠯᠡᠭᠦᠯᠦᠨ ᠬᠠᠮᠲᠤᠷᠠᠯᠴᠠᠭᠰᠠᠨ ᠺᠣᠮᠫᠠᠨᠢ ᠤᠷᠢᠳᠠᠪᠠᠷ ᠣᠷᠣᠵᠤ ᠰᠠᠭᠤᠨ᠎ᠠ︔ ᠬᠦᠬᠡᠬᠤᠲᠠ ᠳᠤ ᠳᠠᠩᠰᠠᠯᠠᠭᠤᠯᠤᠭᠰᠠᠨ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠪᠠᠶᠢᠭᠤᠯᠤᠮᠵᠢ᠂ ᠵᠢᠯ ᠤᠨ ᠡᠵᠡᠩᠨᠡᠯᠲᠡ ᠶᠢᠨ ᠣᠷᠣᠯᠭ᠎ᠠ ᠨᠢ 3000 ᠲᠦᠮᠡᠨ ᠲᠥᠭᠦᠷᠢᠭ ᠠᠴᠠ ᠳᠡᠭᠡᠭᠰᠢᠬᠢ ᠴᠢᠳᠠᠪᠤᠷᠢᠲᠠᠨ ᠲᠣᠮᠢᠯᠠᠬᠤ ᠲᠥᠷᠥᠯ ᠤᠨ᠂  ᠦᠢᠯᠡᠴᠢᠯᠡᠭᠡ ᠶᠢ ᠭᠠᠳᠠᠭᠰᠢ ᠳᠠᠭᠠᠭᠠᠴᠢᠯᠠᠭᠤᠯᠬᠤ ᠲᠥᠷᠥᠯ ᠤᠨ᠂ ᠣᠨ ᠤ ᠡᠵᠡᠩᠨᠡᠯᠲᠡ ᠶᠢᠨ ᠣᠷᠣᠯᠭ᠎ᠠ ᠨᠢ 100 ᠲᠦᠮᠡᠨ ᠲᠥᠭᠦᠷᠢᠭ ᠠᠴᠠ ᠳᠡᠭᠡᠭᠰᠢᠬᠢ ᠢᠨᠲ᠋ᠧᠷ ᠰᠦᠯᠵᠢᠶ᠎ᠡ ᠪᠠᠷ ᠤᠷᠢᠬᠤ᠂ ᠳᠤᠮᠳᠠ ᠳᠡᠭᠡᠳᠦ ᠲᠠᠰ ᠤᠨ ᠴᠢᠳᠠᠪᠤᠷᠢᠲᠠᠨ ᠤ ᠰᠣᠷᠪᠤᠯᠵᠢᠯᠠᠭ᠎ᠠ᠂ ᠬᠠᠮᠢᠶᠠᠷᠤᠯᠲᠠ ᠶᠢᠨ ᠵᠥᠪᠯᠡᠯᠭᠡ᠂ ᠴᠠᠯᠢᠩ ᠭᠠᠶᠢᠯᠢ ᠶᠢᠨ ᠦᠢᠯᠡᠴᠢᠯᠡᠭᠡ᠂ ᠴᠢᠳᠠᠪᠤᠷᠢᠲᠠ ᠢ ᠦᠨᠡᠯᠡᠨ ᠲᠣᠭᠲᠠᠭᠠᠬᠤ ᠪᠠ ᠬᠥᠮᠦᠨ ᠤ ᠬᠦᠴᠦᠨ ᠤ ᠡᠬᠢ ᠪᠠᠶᠠᠯᠢᠭ ᠤᠨ ᠮᠡᠳᠡᠭᠡ ᠵᠠᠩᠭᠢᠵᠢᠯᠲᠠ ᠶᠢᠨ ᠵᠥᠭᠡᠯᠡᠨ ᠲᠣᠨᠤᠭ ᠵᠡᠷᠭᠡ ᠳᠡᠭᠡᠳᠦ ᠲᠠᠰ ᠤᠨ ᠡᠵᠡᠩᠨᠡᠯᠲᠡ ᠶᠢᠨ ᠬᠡᠯᠪᠡᠷᠢ ᠪᠠᠶᠢᠳᠠᠯ︔ ᠬᠥᠬᠡᠬᠤᠲᠠ ᠶᠢᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠠᠴᠠ ᠰᠢᠯᠭᠠᠷᠠᠭᠤᠯᠤᠨ ᠲᠣᠭᠲᠠᠭᠠᠭᠰᠠᠨ ᠬᠤᠲᠠ ᠶᠢᠨ ᠱᠠᠲᠤᠨ ᠤ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠦᠢᠯᠡᠰ ᠤᠨ ᠳᠠᠭᠠᠭᠤᠯᠤᠭᠴᠢ ᠠᠵᠤ ᠠᠬᠤᠶᠢᠯᠠᠯ ᠪᠤᠶᠤ ᠦᠨᠡᠨᠴᠢ ᠢᠲᠡᠭᠡᠮᠵᠢᠲᠡᠶ ᠬᠥᠮᠦᠨ ᠤ ᠬᠦᠴᠦᠨ ᠤ ᠡᠬᠢ ᠪᠠᠶᠠᠯᠢᠭ ᠤᠨ ᠦᠨᠡᠨᠴᠢ ᠢᠲᠡᠭᠡᠮᠵᠢ ᠶᠢᠨ ᠦᠢᠯᠡᠴᠢᠯᠡᠭᠡᠨ ᠤ ᠪᠠᠶᠢᠭᠤᠯᠤᠮᠵᠢ᠃ ᠰᠢᠨ᠎ᠡ ᠪᠠᠷ ᠨᠡᠮᠡᠭᠳᠡᠭᠰᠡᠨ ᠲᠤᠬᠠᠶᠢᠯᠠᠭᠰᠠᠨ ᠠᠵᠢᠯ ᠢ  ᠪᠠᠶᠢᠭᠤᠯᠤᠭᠰᠠᠨ ᠺᠣᠮᠫᠠᠨᠢ ᠤᠷᠢᠳ ᠢᠶᠠᠷ ᠣᠷᠤᠵᠤ ᠰᠠᠭᠤᠨ᠎ᠠ᠃      ᠳᠥᠷᠪᠡ᠂ D ᠲᠥᠷᠥᠯ᠄ ᠵᠢᠯ ᠤᠨ ᠡᠵᠡᠩᠨᠡᠯᠲᠡ ᠶᠢᠨ ᠣᠷᠣᠯᠭ᠎ᠠ ᠨᠢ 5000 ᠲᠦᠮᠡᠨ ᠲᠥᠭᠦᠷᠢᠭ ᠠᠴᠠ ᠳᠡᠭᠡᠭᠰᠢᠬᠢ ᠴᠢᠳᠠᠪᠤᠷᠢᠲᠠᠨ ᠲᠣᠮᠢᠯᠠᠬᠤ ᠲᠥᠷᠥᠯ ᠤᠨ᠂  ᠦᠢᠯᠡᠴᠢᠯᠡᠭᠡ ᠶᠢ ᠭᠠᠳᠠᠭᠰᠢ ᠳᠠᠭᠠᠭᠠᠴᠢᠯᠠᠬᠤ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠪᠠᠶᠢᠭᠤᠯᠤᠮᠵᠢ︔ ᠵᠢᠯ ᠤᠨ ᠡᠵᠡᠩᠨᠡᠯᠲᠡ ᠶᠢᠨ ᠣᠷᠣᠯᠭ᠎ᠠ ᠨᠢ 200 ᠲᠦᠮᠡᠨ ᠲᠥᠭᠦᠷᠢᠭ ᠠᠴᠠ ᠳᠡᠭᠡᠭᠰᠢᠬᠢ ᠢᠨᠲ᠋ᠧᠷ ᠰᠦᠯᠵᠢᠶ᠎ᠡ ᠪᠠᠷ ᠤᠷᠢᠬᠤ᠂ ᠳᠤᠮᠳᠠ ᠳᠡᠭᠡᠳᠦ ᠲᠠᠰ ᠤᠨ ᠴᠢᠳᠠᠪᠤᠷᠢᠲᠠᠨ ᠤ ᠰᠣᠷᠪᠤᠯᠵᠢᠯᠠᠭ᠎ᠠ᠂ ᠬᠠᠮᠢᠶᠠᠷᠤᠯᠲᠠ ᠶᠢᠨ ᠯᠠᠪᠯᠠᠯᠭ᠎ᠠ ᠥᠭᠬᠦ᠂ ᠴᠠᠯᠢᠩ ᠭᠠᠶᠢᠯᠢ ᠶᠢᠨ ᠦᠢᠯᠡᠴᠢᠯᠡᠭᠡ᠂ ᠴᠢᠳᠠᠪᠤᠷᠢᠲᠠᠨ ᠢ ᠦᠨᠡᠯᠡᠨ ᠲᠣᠭᠲᠠᠭᠠᠬᠤ ᠪᠠ ᠬᠥᠮᠦᠨ ᠤ ᠬᠦᠴᠦᠨ ᠤ ᠡᠬᠢ ᠪᠠᠶᠠᠯᠢᠭ ᠤᠨ ᠮᠡᠳᠡᠭᠡ ᠵᠠᠩᠭᠢᠵᠢᠯᠲᠠ ᠶᠢᠨ ᠵᠥᠭᠡᠯᠡᠨ ᠲᠣᠨᠤᠭ ᠵᠡᠷᠭᠡ ᠳᠡᠭᠡᠳᠦ ᠲᠠᠰ ᠤᠨ ᠡᠵᠡᠩᠨᠡᠯᠲᠡ ᠶᠢᠨ ᠬᠡᠯᠪᠡᠷᠢ ᠪᠠᠶᠢᠳᠠᠯ︔ ᠰᠢᠨ᠎ᠡ ᠮᠡᠷᠭᠡᠵᠢᠯ᠂ ᠰᠢᠨ᠎ᠡ ᠡᠵᠡᠩᠨᠡᠯᠲᠡ ᠶᠢᠨ ᠬᠡᠯᠪᠡᠷᠢ ᠪᠠᠶᠢᠳᠠᠯ᠂ ᠰᠢᠨ᠎ᠡ ᠦᠢᠯᠡᠳᠬᠦᠨ ᠤ ᠪᠤᠶᠢᠵᠢᠯᠲᠠ ᠶᠢᠨ ᠬᠡᠯᠪᠡᠷᠢ ᠲᠠᠢ ᠮᠥᠷᠲᠡᠭᠡᠨ ᠬᠥᠲᠥᠯᠦᠨ ᠳᠠᠭᠠᠭᠤᠯᠵᠤ ᠵᠢᠱᠢᠶ᠎ᠡ ᠦᠵᠡᠭᠦᠯᠬᠦ ᠦᠢᠯᠡᠳᠦᠯ ᠲᠠᠢ ᠭᠤᠤᠯᠳᠠᠯᠭ᠎ᠠ ᠲᠠᠢ ᠠᠵᠤ ᠠᠬᠤᠶᠢᠯᠠᠯ ︵ᠲᠥᠷᠥᠯ ᠵᠦᠢᠯ︶᠂ ᠶᠡᠷᠦᠩᠬᠡᠶ ᠬᠡᠯᠲᠡᠰ ᠤᠨ ᠠᠵᠤ ᠠᠬᠤᠶ᠂ ᠲᠠᠪᠴᠠᠩ ᠤᠨ ᠠᠵᠤ ᠠᠬᠤᠶ᠂ ᠤᠶᠤᠯᠢᠭ ᠠᠵᠤ ᠠᠬᠤᠶ ᠵᠡᠷᠭᠡ ᠠᠵᠤ ᠠᠬᠤᠶᠢᠯᠠᠯ ᠤᠨ ᠲᠠᠰ ᠤᠨ ᠲᠠᠪᠴᠠᠩ ᠤᠨ ᠦᠢᠯᠡᠴᠢᠯᠡᠭᠡᠨ ᠤ ᠪᠠᠶᠢᠭᠤᠯᠤᠮᠵᠢ︔ ᠰᠢᠯᠭᠠᠯᠲᠠ᠂ ᠤᠲᠠᠰᠤᠲᠤ ᠰᠤᠷᠭᠠᠨ ᠬᠥᠮᠦᠵᠢᠯ᠂ ᠠᠵᠢᠯ ᠮᠡᠷᠭᠡᠵᠢᠯ ᠤᠨ ᠪᠣᠯᠪᠠᠰᠤᠷᠠᠯ᠂ ᠵᠥᠭᠡᠯᠡᠨ ᠲᠣᠨᠤᠭ ᠢ ᠨᠡᠭᠡᠭᠡᠨ ᠬᠥᠭᠵᠢᠭᠦᠯᠬᠦ᠂ ᠲᠤᠭ᠎ᠠ ᠪᠠᠷᠢᠮᠲᠠ ᠶᠢᠨ ᠮᠡᠷᠭᠡᠵᠢᠯ ᠤᠨ ᠣᠶᠤᠨᠴᠢ ᠰᠢᠨᠵᠢᠯᠡᠬᠦ ᠤᠬᠠᠭᠠᠨ ᠮᠡᠷᠭᠡᠵᠢᠯ ᠵᠡᠷᠭᠡ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡᠨ ᠤ ᠬᠠᠮᠢᠶ᠎ᠠ ᠪᠥᠬᠦᠶ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠨᠠᠷᠠᠲᠤ ᠪᠠᠶᠢᠭᠤᠯᠤᠮᠵᠢ᠃ ᠳᠡᠭᠡᠷᠡᠬᠢ ᠪᠠᠶᠢᠭᠤᠯᠤᠮᠵᠢ ᠨᠤᠭᠤᠳ ᠤᠨ ᠰᠢᠯᠢᠳᠡᠭ ᠢ ᠨᠢ ᠰᠣᠩᠭᠤᠨ ᠤᠷᠢᠳ ᠢᠶᠠᠷ ᠣᠷᠤᠭᠤᠯᠵᠤ ᠰᠠᠭᠤᠯᠭᠠᠨ᠎ᠠ᠃      ᠲᠠᠪᠤ᠂ E ᠲᠥᠷᠥᠯ᠄ ᠡᠯ᠎ᠡ ᠲᠥᠷᠥᠯ ᠤᠨ ᠪᠠᠩᠬᠢ᠂ ᠳᠠᠭᠠᠳᠬᠠᠯ᠂ ᠬᠠᠤᠯᠢ ᠴᠠᠭᠠᠵᠠ ᠶᠢᠨ ᠦᠢᠯᠡᠴᠢᠯᠡᠭᠡ᠂ ᠡᠳ᠋ ᠤᠨ ᠵᠠᠰᠠᠭ ᠭᠠᠶᠢᠯᠢ ᠶᠢᠨ ᠦᠢᠯᠡᠴᠢᠯᠡᠭᠡ᠂ ᠮᠡᠳᠡᠯᠭᠡ ᠶᠢᠨ ᠪᠦᠲᠦᠭᠡᠭᠳᠡᠬᠦᠨ ᠤ ᠥᠮᠴᠢᠯᠡᠬᠦ ᠡᠷᠬᠡ᠂ ᠡᠷᠡᠭᠦᠯ ᠮᠡᠨᠳᠦ ᠶᠢᠨ ᠪᠡᠶ᠎ᠡ ᠶᠢᠨ ᠪᠠᠶᠢᠴᠠᠭᠠᠯᠲᠠ᠂ ᠨᠡᠷᠡᠲᠦ ᠲᠥᠷᠥᠯ ᠲᠡᠮᠳᠡᠭᠲᠦ ᠶᠢ ᠵᠣᠬᠢᠶᠠᠨ ᠲᠥᠯᠦᠪᠯᠡᠬᠦ ᠵᠡᠷᠭᠡ ᠬᠥᠮᠦᠨ ᠤ ᠬᠦᠴᠦᠨ ᠤ ᠡᠬᠢ ᠪᠠᠶᠠᠯᠢᠭ ᠤᠨ ᠠᠵᠤ ᠦᠢᠯᠡᠰ ᠤᠨ ᠬᠡᠯᠬᠢᠶ᠎ᠡ ᠶᠢᠨ ᠳᠡᠭᠡᠳᠦ ᠳᠣᠣᠷᠠᠳᠤ ᠤᠷᠤᠰᠬᠠᠯ ᠤᠨ ᠴᠢᠨᠠᠷ ᠰᠠᠶᠢᠲᠠᠢ ᠠᠵᠤ ᠠᠬᠤᠶᠢᠯᠠᠯ ᠢ ᠵᠣᠷᠢᠭᠵᠢᠭᠤᠯᠤᠨ᠎ᠠ᠂ ᠡᠯ᠎ᠡ ᠲᠥᠷᠥᠯ ᠤᠨ ᠨᠡᠷᠡᠲᠦ ᠬᠥᠮᠦᠨ ᠤ ᠬᠦᠴᠦᠨ ᠤ ᠡᠬᠢ ᠪᠠᠶᠠᠯᠢᠭ ᠤᠨ ᠨᠡᠶᠢᠭᠡᠮᠯᠢᠭ ︵ᠨᠡᠶᠢᠭᠡᠮ ᠤᠨ ᠬᠠᠮᠲᠤᠯᠢᠭ︶ ᠵᠢᠴᠢ ᠥᠪᠥᠷ ᠮᠣᠩᠭᠤᠯ ᠣᠷᠣᠨ ᠤ ᠡᠯ᠎ᠡ ᠲᠥᠷᠥᠯ ᠤᠨ ᠬᠤᠳᠠᠯᠳᠤᠭ᠎ᠠ ︵ᠨᠡᠶᠢᠭᠡᠮᠯᠢᠭ︶ ᠤᠨ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠶᠢ ᠳᠡᠮᠵᠢᠨ᠎ᠡ᠃ ᠳᠡᠭᠡᠷᠡᠬᠢ ᠡᠨᠧᠷᠭᠢ ᠣᠯᠭᠤᠬᠤ ᠪᠠᠶᠢᠭᠤᠯᠤᠮᠵᠢ ᠶᠢ ᠬᠢᠵᠠᠭᠠᠷᠯᠠᠭᠰᠠᠨ ᠲᠤᠭ᠎ᠠ ᠪᠠᠷ ᠣᠷᠣᠭᠤᠯᠵᠤ ᠰᠠᠭᠤᠯᠭᠠᠨ᠎ᠠ᠃      ᠭᠤᠶᠤᠴᠢᠯᠠᠭᠰᠠᠨ ᠨᠢᠭᠡᠴᠡ ᠨᠢ ᠡᠷᠬᠡᠪᠰᠢ ᠳᠡᠭᠡᠷ᠎ᠡ ᠳᠤᠷᠠᠳᠤᠭᠰᠠᠨ ᠨᠥᠬᠦᠴᠡᠯ ᠤᠨ ᠨᠢᠭᠡ ᠳᠤᠨᠢ ᠨᠡᠶᠢᠴᠡᠭᠰᠡᠨ ᠪᠠᠶᠢᠬᠤ ᠬᠡᠷᠡᠭᠲᠡᠶ᠂ ᠲᠡᠷᠡ ᠮᠥᠷᠲᠡᠭᠡᠨ ᠬᠠᠤᠯᠢ ᠴᠠᠭᠠᠵᠠ ᠠᠴᠠ ᠵᠥᠷᠢᠴᠡᠭᠰᠡᠨ᠂ ᠢᠲᠡᠭᠡᠮᠵᠢ ᠮᠠᠭᠤᠲᠠᠶ ᠲᠡᠮᠳᠡᠭᠯᠡᠯ ᠦᠭᠡᠢ ᠪᠠᠶᠢᠵᠤ᠂ ︽ᠣᠷᠤᠵᠤ ᠰᠠᠭᠤᠬᠤ ᠭᠤᠶᠤᠴᠢᠯᠠᠯ ᠤᠨ ᠪᠢᠴᠢᠭ︾ ᠵᠡᠷᠭᠡ ᠬᠢᠷᠢ ᠬᠡᠮ ᠤᠨ ᠮᠠᠲ᠋ᠧᠷᠢᠶᠠᠯ ᠢ ᠲᠤᠰᠢᠶᠠᠵᠤ᠂ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠲᠤᠰᠬᠠᠶ ᠮᠡᠷᠭᠡᠵᠢᠯᠲᠡᠨ ᠤ ᠳᠤᠭᠤᠶᠢᠯᠠᠩ ᠵᠢᠴᠢ ᠬᠠᠮᠢᠶᠠᠷᠤᠯᠲᠠ ᠶᠢᠨ ᠪᠠᠶᠢᠭᠤᠯᠤᠮᠵᠢ ᠠᠴᠠ ᠲᠤᠬᠠᠶᠢᠯᠠᠭᠰᠠᠨ ᠠᠵᠢᠯ ᠤᠨ ᠬᠡᠪᠴᠢᠶ᠎ᠡ᠂ ᠪᠤᠶᠢᠵᠢᠯᠲᠠ ᠶᠢᠨ ᠳᠠᠯᠳᠠ ᠬᠦᠴᠦᠨ᠂ ᠰᠢᠨ᠎ᠡ ᠶᠢ ᠡᠭᠦᠳᠬᠦ ᠴᠢᠳᠠᠪᠤᠷᠢ᠂ ᠡᠵᠡᠩᠨᠡᠯᠲᠡ ᠶᠢᠨ ᠬᠡᠯᠪᠡᠷᠢ ᠪᠠᠶᠢᠳᠠᠯ ᠤᠨ ᠪᠠᠶᠢᠷᠢᠯᠠᠭᠤᠯᠤᠯᠲᠠ ᠵᠢᠴᠢ ᠣᠷᠣᠨ ᠨᠤᠲᠤᠭ ᠤᠨ ᠰᠢᠨ᠎ᠡ ᠪᠠᠷ ᠨᠡᠮᠡᠭᠳᠡᠭᠰᠡᠨ ᠠᠵᠤ ᠠᠬᠤᠢ ᠶᠢᠨ ᠬᠥᠭᠵᠢᠯᠲᠡ ᠳᠤ ᠬᠤᠪᠢ ᠨᠡᠮᠡᠷᠢ ᠦᠵᠡᠭᠦᠯᠬᠦ ᠬᠡᠮᠵᠢᠶ᠎ᠡ ᠵᠡᠷᠭᠡ ᠭᠦᠢᠴᠡᠳᠬᠡᠯ ᠲᠤᠭ᠎ᠠ ᠶᠢ ᠦᠨᠳᠦᠰᠦᠯᠡᠨ ᠶᠡᠷᠦᠩᠬᠡᠶᠢᠯᠡᠨ ᠬᠢᠨᠠᠨ ᠪᠠᠶᠢᠴᠠᠭᠠᠵᠤ ᠦᠨᠡᠯᠡᠨ ᠵᠢᠱᠢᠭᠰᠡᠨ ᠤ ᠳᠠᠷᠠᠭ᠎ᠠ᠂ ᠰᠠᠶ᠋ᠢ ᠣᠷᠣᠵᠤ ᠰᠠᠭᠤᠵᠤ ᠪᠣᠯᠤᠨ᠎ᠠ᠃
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号