ᠬᠥᠬᠡᠬᠤᠲᠠ ᠶᠢᠨ ᠬᠤᠲᠠ ᠶᠢᠨ ᠵᠢᠮᠲᠦ ᠵᠠᠮ ᠬᠠᠷᠢᠯᠴᠠᠭᠠᠨ ᠤ ᠡᠵᠡᠩᠨᠡᠯᠲᠡ ᠶᠢᠨ ᠬᠠᠮᠢᠶᠠᠷᠤᠯᠲᠠ ᠶᠢᠨ ᠠᠷᠭ᠎ᠠ
ᠨᠡᠶᠢᠲᠡᠯᠡᠭᠰᠡᠨ ᠴᠠᠭ᠄
2021/2/4
            ᠵᠠᠰᠠᠭ ᠤᠨ ᠤᠷᠳᠤᠨ ᠤ ᠵᠠᠷᠯᠢᠭ 16 ᠳ᠋ᠤᠭᠠᠷ ᠲᠤᠭᠠᠳᠤ              2020 ᠣᠨ ᠤ 11 ᠳ᠋ᠤᠭᠡᠷ ᠰᠠᠷ᠎ᠠ ᠶᠢᠨ19 ᠤ ᠡᠳᠦᠷ      ︽ᠬᠥᠬᠡᠬᠤᠲᠠ ᠶᠢᠨ ᠬᠤᠲᠠ ᠶᠢᠨ ᠵᠢᠮᠲᠦ ᠵᠠᠮ ᠬᠠᠷᠢᠯᠴᠠᠭᠠᠨ ᠤ ᠡᠵᠡᠩᠨᠡᠯᠲᠡ ᠶᠢᠨ ᠬᠠᠮᠢᠶᠠᠷᠤᠯᠲᠠ ᠶᠢᠨ ᠠᠷᠭ᠎ᠠ︾ ᠶᠢ 2020 ᠣᠨ ᠤ 10  ᠳ᠋ᠤᠭᠠᠷ ᠰᠠᠷ᠎ᠠ ᠶᠢᠨ 23 ᠤ ᠡᠳᠦᠷ ᠤᠨ ᠬᠤᠲᠠ ᠶᠢᠨ ᠠᠷᠠᠳ ᠤᠨ ᠵᠠᠰᠠᠭ ᠤᠨ ᠣᠷᠳᠣᠨ ᠤ 39 ᠳ᠋ᠤᠭᠡᠷ ᠤᠳᠠᠭ᠎ᠠ ᠶᠢᠨ ᠪᠠᠶᠢᠩᠭᠤ ᠶᠢᠨ ᠬᠤᠷᠠᠯ ᠢᠶᠠᠷ ᠬᠢᠨᠠᠨ ᠵᠥᠪᠯᠡᠵᠦ ᠪᠠᠲᠤᠯᠠᠭᠠᠳ᠂ ᠡᠳᠦᠭᠡ ᠨᠡᠶᠢᠳᠡᠯᠡᠪᠡ᠂ 2021 ᠣᠨ ᠤ 1 ᠳ᠋ᠤᠭᠡᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃                            ᠬᠤᠲᠠ ᠶᠢᠨ ᠳᠠᠷᠤᠭ᠎ᠠ ᠵᠠᠩ ᠪᠠᠢ ᠴᠧᠩ                            2020 ᠣᠨ ᠤ 11 ᠳ᠋ᠤᠭᠡᠷ ᠰᠠᠷ᠎ᠠ ᠶᠢᠨ 19 ᠤ ᠡᠳᠦᠷ          ᠬᠥᠬᠡᠬᠤᠲᠠ ᠶᠢᠨ ᠬᠤᠲᠠ ᠶᠢᠨ ᠵᠢᠮᠲᠦ ᠵᠠᠮ ᠬᠠᠷᠢᠯᠴᠠᠭᠠᠨ ᠤ ᠡᠵᠡᠩᠨᠡᠯᠲᠡ ᠶᠢᠨ ᠬᠠᠮᠢᠶᠠᠷᠤᠯᠲᠠ ᠶᠢᠨ ᠠᠷᠭ᠎ᠠ      ᠨᠢᠭᠡᠳᠦᠭᠡᠷ ᠪᠦᠯᠦᠭ ᠶᠡᠷᠦᠩᠬᠡᠶ ᠲᠦᠷᠢᠮ      ᠨᠢᠭᠡᠳᠦᠭᠡᠷ ᠵᠦᠢᠯ ᠬᠤᠲᠠ ᠶᠢᠨ ᠵᠢᠮᠲᠦ ᠵᠠᠮ ᠬᠠᠷᠢᠯᠴᠠᠭᠠᠨ ᠤ ᠡᠵᠡᠩᠨᠡᠯᠲᠡ ᠬᠠᠮᠢᠶᠠᠷᠤᠯᠲᠠ ᠶᠢ  ᠵᠢᠷᠤᠮᠵᠢᠭᠤᠯᠵᠤ᠂ ᠡᠵᠡᠩᠨᠡᠯᠲᠡ ᠶᠢᠨ ᠡᠮᠬᠢ ᠳᠢᠭᠯᠢᠮ ᠪᠣᠯᠤᠨ ᠡᠵᠡᠩᠨᠡᠯᠲᠡ ᠶᠢᠨ ᠠᠮᠤᠷ ᠲᠦᠪᠰᠢᠨ ᠢ ᠪᠠᠲᠤᠯᠠᠵᠤ᠂ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ᠂ ᠬᠤᠲᠠ ᠶᠢᠨ ᠵᠢᠮᠲᠦ ᠵᠠᠮ ᠬᠠᠷᠢᠯᠴᠠᠭᠠᠨ ᠤ ᠡᠯ᠎ᠡ ᠲᠠᠯ᠎ᠠ ᠶᠢᠨ ᠭᠤᠤᠯ ᠴᠣᠭᠴᠠ ᠶᠢᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠵᠤ᠂ ᠬᠤᠲᠠ ᠶᠢᠨ ᠵᠢᠮᠲᠦ ᠵᠠᠮ ᠬᠠᠷᠢᠯᠴᠠᠭᠠᠨ ᠤ ᠠᠵᠢᠯ ᠲᠥᠷᠥᠯ ᠤᠨ ᠦᠷᠭᠦᠯᠵᠢᠯᠡᠨ ᠡᠷᠡᠭᠦᠯ ᠢᠶᠠᠷ ᠬᠥᠭᠵᠢᠬᠦ ᠶᠢ ᠠᠬᠢᠭᠤᠯᠬᠤ ᠶᠢᠨ ᠲᠦᠯᠦᠭᠡ᠂ ᠬᠤᠯᠪᠤᠭᠳᠠᠯ ᠪᠥᠬᠦᠶ ᠬᠠᠤᠯᠢ ᠴᠠᠭᠠᠵᠠ᠂ ᠬᠠᠤᠯᠢ ᠲᠣᠭᠲᠠᠭᠠᠯ ᠢ ᠦᠨᠳᠦᠰᠦᠯᠡᠨ᠂ ᠲᠣᠰ ᠬᠤᠲᠠ ᠶᠢᠨ ᠪᠣᠳᠠᠲᠠᠶ ᠲᠠᠢ ᠪᠠᠨ ᠤᠶᠠᠯᠳᠤᠭᠤᠯᠵᠤ ᠂ ᠲᠣᠰ ᠠᠷᠭ᠎ᠠ ᠶᠢ ᠲᠣᠭᠲᠠᠭᠠᠪᠠ᠃      ᠬᠤᠶᠠᠳᠤᠭᠠᠷ ᠵᠦᠢᠯ ᠲᠣᠰ ᠠᠷᠭ᠎ᠠ ᠨᠢ ᠲᠣᠰ ᠬᠤᠲᠠ ᠶᠢᠨ ᠵᠠᠰᠠᠭ ᠵᠠᠬᠢᠷᠭᠠᠨ ᠤ ᠣᠷᠣᠨ ᠤ ᠲᠤᠳᠤᠷ᠎ᠠ ᠭᠠᠵᠠᠷ ᠳᠣᠤᠷᠠᠬᠢ ᠲᠡᠮᠦᠷ ᠵᠠᠮ᠂ ᠬᠥᠩᠭᠡᠨ ᠵᠠᠮ ᠵᠡᠷᠭᠡ ᠬᠤᠲᠠ ᠶᠢᠨ ᠵᠢᠮᠲᠦ ᠵᠠᠮ ᠬᠠᠷᠢᠯᠴᠠᠭ᠎ᠠ ᠶᠢᠨ ᠡᠵᠡᠩᠨᠡᠯᠲᠡ ᠵᠢᠴᠢ ᠬᠤᠯᠪᠤᠭᠳᠠᠯ ᠪᠦᠬᠦᠢ ᠬᠠᠮᠢᠶᠠᠷᠤᠯᠲᠠ ᠶᠢᠨ ᠠᠵᠢᠯᠯᠠᠭ᠎ᠠ ᠶᠠᠪᠤᠭᠤᠯᠬᠤ ᠳᠤ ᠲᠣᠬᠢᠷᠠᠨ᠎ᠠ᠃      ᠭᠤᠷᠪᠠᠳᠤᠭᠠᠷ ᠵᠦᠢᠯ ᠬᠤᠳᠠ ᠶᠢᠨ ᠵᠢᠮᠳᠤ ᠵᠠᠮ ᠬᠠᠷᠢᠯᠴᠠᠭᠠᠨ ᠤ ᠡᠵᠡᠩᠨᠡᠯᠲᠡ ᠶᠢᠨ ᠬᠠᠮᠢᠶᠠᠷᠤᠯᠲᠠ ᠨᠢ ᠠᠷᠠᠳ ᠲᠦᠮᠡᠨ ᠢᠶᠠᠷ ᠭᠤᠤᠯ ᠪᠣᠯᠭᠠᠵᠤ᠂ ᠠᠮᠤᠷ ᠲᠦᠪᠰᠢᠨ ᠪᠥᠭᠡᠳ ᠨᠠᠶᠢᠳᠠᠪᠤᠷᠢᠲᠠᠶ᠂ ᠳᠥᠭᠦᠮ ᠳᠥᠲᠡ ᠪᠥᠭᠡᠳ ᠥᠨᠳᠥᠷ ᠪᠦᠲᠦᠮᠵᠢᠲᠡᠢ᠂ ᠬᠢᠮᠲᠠ ᠪᠦᠭᠡᠳ ᠲᠠᠭᠠᠯᠠᠮᠵᠢᠲᠠᠶ᠂ ᠡᠨᠧᠷᠭᠢ ᠠᠷᠪᠢᠯᠠᠵᠤ ᠣᠷᠴᠢᠨ ᠠᠬᠤᠶ ᠶᠢ ᠬᠠᠮᠠᠭᠠᠯᠠᠬᠤ ᠪᠠ ᠦᠢᠯᠡᠴᠢᠯᠡᠭᠡ ᠵᠢᠷᠤᠮᠵᠢᠭᠤᠨ ᠪᠠᠶᠢᠬᠤ ᠵᠠᠷᠴᠢᠮ ᠢ ᠵᠢᠷᠤᠮᠯᠠᠬᠤ ᠬᠡᠷᠡᠭᠲᠡᠶ᠃      ᠳᠥᠷᠪᠡᠳᠦᠭᠡᠷ ᠵᠦᠢᠯ ᠬᠤᠲᠠ ᠶᠢᠨ ᠠᠷᠠᠳ ᠤᠨ ᠵᠠᠰᠠᠭ ᠤᠨ ᠣᠷᠳᠣᠨ ᠲᠣᠰ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠬᠤᠲᠠ ᠶᠢᠨ ᠵᠢᠮᠲᠦ ᠵᠠᠮ ᠬᠠᠷᠢᠯᠴᠠᠭᠠᠨ ᠤ ᠡᠵᠡᠩᠨᠡᠯᠲᠡ ᠳᠤ ᠬᠢᠨᠠᠯᠲᠠ ᠲᠠᠯᠪᠢᠵᠤ ᠬᠠᠮᠢᠶᠠᠷᠬᠤ ᠠᠵᠢᠯ ᠤᠨ ᠤᠳᠤᠷᠢᠳᠤᠯᠭ᠎ᠠ ᠪᠠᠨ ᠴᠢᠩᠭᠠᠳᠬᠠᠵᠤ᠂ ᠬᠤᠳᠠ ᠶᠢᠨ ᠵᠢᠮᠳᠤ ᠵᠠᠮ ᠬᠠᠷᠢᠯᠴᠠᠭᠠᠨ ᠤ ᠡᠵᠡᠩᠨᠡᠯᠲᠡ ᠶᠢᠨ ᠠᠮᠤᠷ ᠲᠦᠪᠰᠢᠨ ᠤ ᠶᠡᠷᠦᠩᠬᠡᠶᠢᠯᠡᠨ ᠵᠣᠬᠢᠴᠠᠭᠤᠯᠬᠤ ᠲᠣᠭᠲᠠᠴᠠ ᠶᠢ ᠪᠠᠶᠢᠭᠤᠯᠵᠤ᠂ ᠬᠤᠳᠠ ᠶᠢᠨ ᠵᠢᠮᠳᠤ ᠵᠠᠮ ᠬᠠᠷᠢᠯᠴᠠᠭᠠᠨ ᠤ ᠠᠮᠤᠷ ᠲᠦᠪᠰᠢᠨ ᠢᠶᠠᠷ ᠡᠵᠡᠩᠨᠡᠬᠦ ᠪᠠ ᠬᠠᠮᠢᠶᠠᠷᠬᠤ ᠳᠤ ᠬᠤᠯᠪᠣᠭᠳᠠᠬᠤ ᠴᠢᠬᠤᠯᠠ ᠶᠡᠭᠡ ᠤᠴᠢᠷ ᠶᠠᠪᠤᠳᠠᠯ ᠢ ᠨᠢᠭᠡᠳᠦᠯᠲᠡᠶ ᠲᠥᠯᠥᠪᠯᠡᠨ ᠵᠤᠬᠢᠴᠠᠭᠤᠯᠬᠤ ᠬᠡᠷᠡᠭᠲᠡᠢ᠃      ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ︵ᠳᠣᠷᠣᠭᠰᠢ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠭᠡᠵᠦ ᠲᠣᠪᠴᠢᠯᠠᠨ᠎ᠠ︶ ᠪᠣᠯ ᠬᠤᠲᠠ ᠶᠢᠨ ᠵᠢᠮᠲᠦ ᠵᠠᠮ ᠬᠠᠷᠢᠯᠴᠠᠭᠠᠨ ᠤ ᠡᠵᠡᠩᠨᠡᠯᠲᠡ ᠶᠢ ᠬᠢᠨᠠᠵᠤ ᠬᠠᠮᠢᠶᠠᠷᠬᠤ ᠨᠢᠭᠡᠴᠡ ᠪᠣᠯᠤᠨ᠎ᠠ᠂ ᠲᠤᠰ ᠠᠷᠭ᠎ᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠪᠠ ᠲᠤᠰ ᠬᠤᠲᠠ ᠶᠢᠨ ᠵᠠᠰᠠᠭ ᠵᠠᠬᠢᠷᠭᠠᠨ ᠤ ᠣᠷᠣᠨ ᠤ ᠳᠣᠲᠣᠷᠠᠬᠢ ᠬᠤᠲᠠ ᠶᠢᠨ ᠵᠢᠮᠲᠦ ᠵᠠᠮ ᠬᠠᠷᠢᠯᠴᠠᠭᠠᠨ ᠤ ᠡᠵᠡᠩᠨᠡᠯᠲᠡ ᠳᠤ ᠬᠢᠨᠠᠯᠲᠠ ᠲᠠᠯᠪᠢᠵᠤ ᠬᠠᠮᠢᠶᠠᠷᠬᠤ ᠠᠵᠢᠯ ᠢ ᠪᠣᠳᠠᠲᠠᠶ ᠬᠠᠷᠢᠭᠤᠴᠠᠨ᠎ᠠ᠃      ᠬᠤᠲᠠ ᠶᠢᠨ ᠬᠦᠭᠵᠢᠬᠦᠯᠦᠯᠲᠡ ᠥᠭᠡᠷᠡᠴᠢᠯᠡᠯᠲᠡ᠂ ᠪᠠᠶᠢᠭᠠᠯᠢ ᠶᠢᠨ ᠡᠬᠢ ᠪᠠᠶᠠᠯᠢᠭ᠂ ᠣᠷᠣᠨ ᠰᠠᠭᠤᠴᠠ ᠪᠠ ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ᠂ ᠡᠳ᠋ ᠤᠨ ᠵᠠᠰᠠᠭ᠂ ᠬᠢᠨᠠᠨ ᠪᠣᠳᠣᠬᠤ᠂ ᠤᠯᠤᠰ ᠤᠨ ᠥᠮᠴᠢᠯᠡᠯᠲᠦ ᠡᠳ᠋ ᠬᠥᠷᠥᠩᠭᠡ᠂ ᠳᠣᠲᠣᠭᠠᠳᠤ ᠶᠢ ᠬᠠᠮᠠᠭᠠᠯᠠᠬᠤ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ᠂ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠦᠯᠲᠡ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠠᠮᠢ ᠠᠬᠤᠶ ᠣᠷᠴᠢᠨ ᠲᠣᠭᠤᠷᠢᠨ᠂ ᠴᠡᠴᠡᠷᠯᠢᠭ ᠨᠣᠭᠤᠭᠠᠷᠠᠭᠤᠯᠤᠯᠲᠠ᠂ ᠤᠰᠤᠨ ᠤ ᠶᠠᠪᠤᠳᠠᠯ᠂ ᠠᠷᠠᠳ ᠤᠨ ᠠᠭᠠᠷ ᠤᠨ ᠰᠡᠷᠭᠡᠶᠢᠯᠡᠯᠲᠡ ᠵᠡᠷᠭᠡ ᠬᠤᠯᠪᠤᠭᠳᠠᠯ ᠪᠦᠬᠦᠢ ᠰᠠᠯᠠᠭ᠎ᠠ ᠮᠥᠴᠢᠷ ᠤᠳ ᠲᠤᠰ ᠲᠤᠰ ᠤᠨ ᠡᠭᠦᠷᠭᠡ ᠬᠠᠷᠢᠭᠤᠴᠠᠯᠭ᠎ᠠ ᠶᠢᠨ ᠬᠡᠪᠴᠢᠶᠡᠨ ᠳᠣᠲᠣᠷ᠎ᠠ ᠪᠠᠨ ᠬᠤᠲᠠ ᠶᠢᠨ ᠵᠢᠮᠲᠦ ᠵᠠᠮ ᠬᠠᠷᠢᠯᠴᠠᠭ᠎ᠠ ᠳᠤ ᠬᠢᠨᠠᠯᠲᠠ ᠲᠠᠯᠪᠢᠬᠤ᠂ ᠵᠢᠯᠣᠭᠤᠳᠬᠤ ᠪᠠ ᠬᠠᠮᠢᠶᠠᠷᠬᠤ ᠬᠤᠯᠪᠤᠭᠳᠠᠯ ᠪᠦᠬᠦᠢ ᠠᠵᠢᠯ ᠢ ᠵᠣᠬᠢᠴᠠᠭᠤᠯᠤᠨ ᠰᠠᠶᠢᠲᠤᠷ ᠬᠢᠬᠦ ᠬᠡᠷᠡᠭᠲᠡᠶ᠃      ᠬᠤᠲᠠ ᠶᠢᠨ ᠵᠢᠮᠳᠤ ᠵᠠᠮ ᠬᠠᠷᠢᠯᠴᠠᠭ᠎ᠠ ᠳᠠᠭᠠᠤ ᠶᠢᠨ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ︵ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠪᠠᠭᠲᠠᠨ᠎ᠠ︶ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠠᠢ ᠬᠠᠮᠵᠢᠯᠴᠠᠨ ᠲᠣᠰ ᠠᠷᠭ᠎ᠠ ᠶᠢ ᠬᠡᠷᠡᠭᠵᠢᠬᠦᠯᠵᠦ᠂ ᠬᠠᠷᠢᠶ᠎ᠠ ᠣᠷᠣᠨ ᠤ ᠪᠠᠨ ᠳᠣᠲᠣᠷᠠᠬᠢ ᠬᠤᠲᠠ ᠶᠢᠨ ᠵᠢᠮᠲᠦ ᠵᠠᠮ ᠬᠠᠷᠢᠯᠴᠠᠭᠠᠨ ᠤ ᠬᠠᠮᠠᠭᠠᠯᠠᠯᠲᠠ ᠶᠢᠨ ᠣᠷᠣᠨ ᠤ ᠬᠠᠮᠢᠶᠠᠷᠤᠯᠲᠠ᠂ ᠲᠡᠷᠭᠡᠨ ᠥᠷᠲᠡᠭᠡ ᠶᠢᠨ ᠡᠷᠭᠢᠨ ᠲᠣᠭᠤᠷᠢᠨ ᠢ ᠶᠡᠷᠦᠩᠬᠡᠶᠢᠯᠡᠨ ᠵᠠᠰᠠᠬᠤ ᠪᠠ ᠭᠡᠨᠡᠳᠲᠡ ᠡᠭᠦᠰᠬᠦ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠵᠡᠷᠭᠡ ᠬᠤᠲᠠ ᠶᠢᠨ ᠵᠢᠮᠲᠦ ᠵᠠᠮ ᠬᠠᠷᠢᠯᠴᠠᠭᠠᠨ ᠤ ᠡᠵᠡᠩᠨᠡᠯᠲᠡ ᠶᠢᠨ ᠠᠮᠤᠷ ᠲᠦᠪᠰᠢᠨ ᠤ ᠪᠠᠲᠤᠯᠠᠭ᠎ᠠ ᠶᠢᠨ ᠠᠵᠢᠯ ᠢ ᠰᠠᠶᠢᠲᠤᠷ ᠬᠢᠬᠦ ᠬᠡᠷᠡᠭᠲᠡᠶ᠃      ᠬᠤᠲᠠ ᠶᠢᠨ ᠠᠷᠠᠳ ᠤᠨ ᠵᠠᠰᠠᠭ ᠤᠨ ᠣᠷᠳᠣᠨ ᠬᠠᠤᠯᠢ ᠶᠣᠰᠣᠭᠠᠷ ᠲᠣᠭᠲᠠᠭᠠᠭᠰᠠᠨ ᠬᠤᠲᠠ ᠶᠢᠨ ᠵᠢᠮᠲᠦ ᠵᠠᠮ ᠬᠠᠷᠢᠯᠴᠠᠭᠠᠨ ᠤ ᠡᠵᠡᠩᠨᠡᠯᠲᠡ ᠶᠢᠨ ᠨᠢᠭᠡᠴᠡ ︵ᠳᠣᠷᠣᠭᠰᠢ ᠡᠵᠡᠩᠨᠡᠯᠲᠡ ᠶᠢᠨ ᠨᠢᠭᠡᠴᠡ ᠭᠡᠵᠦ ᠲᠣᠪᠴᠢᠯᠠᠨ᠎ᠠ︶ ᠬᠤᠲᠠ ᠶᠢᠨ ᠵᠢᠮᠲᠦ ᠵᠠᠮ ᠬᠠᠷᠢᠯᠴᠠᠭᠠᠨ ᠤ ᠡᠵᠡᠩᠨᠡᠯᠲᠡ ᠶᠢᠨ ᠬᠠᠮᠢᠶᠠᠷᠤᠯᠲᠠ ᠶᠢᠨ ᠠᠵᠢᠯ ᠢ  ᠬᠠᠷᠢᠭᠤᠴᠠᠵᠤ᠂ ᠬᠤᠲᠠ ᠶᠢᠨ ᠵᠠᠰᠠᠭ ᠤᠨ ᠣᠷᠳᠣᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠢᠨᠠᠯᠲᠠ ᠬᠠᠮᠢᠶᠠᠷᠤᠯᠲᠠ ᠶᠢ ᠬᠦᠯᠢᠶᠡᠨ᠎ᠡ᠃      ᠲᠠᠪᠤᠳᠤᠭᠠᠷ ᠵᠦᠢᠯ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠡᠵᠡᠩᠨᠡᠯᠲᠡ ᠶᠢᠨ ᠨᠢᠭᠡᠴᠡ ᠨᠢ ᠪᠣᠯᠪᠠᠰᠤᠨ ᠢᠶᠠᠷ ᠶᠠᠪᠤᠵᠤ ᠰᠠᠭᠤᠬᠤ᠂ ᠠᠮᠤᠷ ᠲᠦᠪᠰᠢᠨ ᠢᠶᠠᠷ ᠲᠡᠷᠭᠡᠨ ᠳᠤ ᠰᠠᠭᠤᠬᠤ ᠣᠶᠢᠯᠠᠭᠠᠭᠳᠠᠬᠤᠨ ᠪᠣᠯᠤᠨ ᠭᠡᠨᠡᠳᠲᠡ ᠶᠢᠨ ᠬᠡᠷᠡᠭ ᠢ ᠠᠷᠭᠠᠴᠠᠭᠠᠬᠤ ᠮᠡᠳᠡᠯᠭᠡ ᠶᠢ ᠣᠯᠠᠨ ᠵᠦᠢᠯ ᠤᠨ ᠬᠡᠯᠪᠡᠷᠢ ᠪᠠᠷ ᠤᠬᠠᠭᠤᠯᠵᠤ᠂ ᠠᠶᠠᠨᠴᠢᠳ  ᠤᠨ ᠲᠡᠷᠭᠡᠨ ᠳᠤ ᠰᠠᠭᠤᠬᠤ ᠰᠠᠶᠢᠨ ᠰᠠᠶᠢᠬᠠᠨ ᠳᠠᠳᠬᠠᠯ ᠪᠠ ᠣᠯᠠᠨ ᠨᠡᠶᠢᠲᠡ ᠶᠢᠨ ᠠᠮᠤᠷ ᠲᠦᠪᠰᠢᠨ ᠤ ᠰᠡᠷᠭᠡᠶᠢᠯᠡᠯᠲᠡ ᠶᠢᠨ ᠦᠵᠡᠯ ᠤᠬᠠᠮᠰᠠᠷ ᠲᠠᠢ ᠪᠣᠯᠬᠤ ᠶᠢ ᠬᠦᠳᠦᠯᠦᠨ ᠵᠢᠯᠤᠭᠤᠳᠴᠤ᠂ ᠭᠡᠨᠡᠳᠲᠡ ᠶᠢᠨ ᠬᠡᠷᠡᠭ ᠢ ᠣᠶᠤᠨᠴᠢ ᠪᠠᠷ ᠠᠷᠭᠠᠴᠠᠭᠠᠬᠤ ᠶᠢ ᠬᠥᠲᠥᠯᠥᠨ ᠵᠢᠯᠣᠭᠤᠳᠤᠨ᠎ᠠ᠃      ᠷᠠᠳᠢᠣ᠋ ᠨᠡᠪᠲᠡᠷᠡᠭᠦᠯᠭᠡ᠂ ᠲᠧᠯᠸᠢᠰ᠂ ᠰᠣᠨᠢᠨ ᠮᠡᠳᠡᠭᠡ᠂ ᠬᠡᠪᠯᠡᠯ᠂ ᠰᠣᠨᠢᠨ ᠰᠡᠳᠬᠦᠯ᠂ ᠲᠣᠤᠷ ᠰᠦᠯᠵᠢᠶ᠎ᠡ ᠵᠡᠷᠭᠡ ᠵᠠᠭᠤᠴᠢᠯᠠᠭᠤᠷ ᠨᠢ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠡᠵᠡᠩᠨᠡᠯᠲᠡ ᠶᠢᠨ ᠨᠢᠭᠡᠴᠡ ᠲᠠᠢ ᠬᠠᠮᠵᠢᠯᠴᠠᠨ ᠬᠤᠳᠠ ᠶᠢᠨ ᠵᠢᠮᠳᠤ ᠵᠠᠮ ᠬᠠᠷᠢᠯᠴᠠᠭᠠᠨ ᠤ ᠡᠵᠡᠩᠨᠡᠯᠲᠡ ᠶᠢᠨ ᠠᠮᠤᠷ ᠲᠦᠪᠰᠢᠨ ᠪᠠ ᠡᠵᠡᠩᠨᠡᠯᠲᠡ ᠶᠢᠨ ᠡᠮᠬᠢ ᠵᠢᠷᠤᠮ ᠤᠨ ᠶᠠᠷᠢᠶ᠎ᠠ ᠬᠡᠯᠡᠯᠴᠡᠭᠡ ᠶᠢ ᠬᠥᠲᠥᠯᠥᠨ ᠵᠢᠯᠣᠭᠤᠳᠬᠤ᠂ ᠬᠥᠮᠦᠵᠢᠭᠦᠯᠬᠦ ᠪᠠ ᠤᠬᠠᠭᠤᠯᠬᠤ ᠶᠢ ᠰᠠᠶᠢᠲᠤᠷ ᠬᠢᠬᠦ ᠬᠡᠷᠡᠭᠲᠡᠶ᠃      ᠬᠤᠶᠠᠳᠤᠭᠠᠷ ᠪᠦᠯᠦᠭ ᠡᠵᠡᠩᠨᠡᠯᠲᠡ ᠶᠢᠨ ᠦᠢᠯᠡᠴᠢᠯᠡᠭᠡ      ᠵᠢᠷᠭᠤᠳᠤᠭᠠᠷ ᠵᠦᠢᠯ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠬᠤᠲᠠ ᠶᠢᠨ ᠵᠢᠮᠲᠦ ᠵᠠᠮ ᠬᠠᠷᠢᠯᠴᠠᠭᠠᠨ ᠤ ᠡᠵᠡᠩᠨᠡᠯᠲᠡ ᠶᠢᠨ ᠦᠢᠯᠡᠴᠢᠯᠡᠭᠡᠨ ᠤ ᠵᠢᠷᠤᠮᠵᠢᠯ ᠢ ᠵᠣᠬᠢᠶᠠᠨ ᠪᠠᠶᠢᠭᠤᠯᠤᠨ ᠲᠣᠭᠲᠠᠭᠠᠬᠤ ᠶᠢᠨ ᠬᠠᠮᠲᠤ ᠨᠡᠶᠢᠭᠡᠮ ᠳᠤ ᠨᠡᠶᠢᠲᠡᠯᠡᠬᠦ ᠬᠡᠷᠡᠭᠲᠡᠶ᠃      ᠡᠵᠡᠩᠨᠡᠯᠲᠡ ᠶᠢᠨ ᠨᠢᠭᠡᠴᠡ ᠨᠢ ᠤᠯᠤᠰ ᠪᠣᠯᠤᠨ ᠣᠷᠣᠨ ᠨᠤᠲᠤᠭ ᠤᠨ ᠬᠠᠮᠢᠶ᠎ᠠ ᠪᠦᠬᠦᠢ ᠪᠠᠷᠢᠮᠵᠢᠶ᠎ᠠ ᠶᠣᠰᠣᠭᠠᠷ ᠠᠶᠠᠨᠴᠢᠳ ᠲᠤ ᠠᠮᠤᠷ ᠲᠦᠪᠰᠢᠨ᠂ ᠨᠠᠶᠢᠳᠠᠪᠤᠷᠢᠲᠠᠶ᠂ ᠳᠥᠭᠦᠮ ᠳᠥᠲᠡ᠂ ᠲᠠᠭᠠᠯᠠᠮᠵᠢᠳᠠᠢ᠂ ᠥᠨᠳᠥᠷ ᠪᠦᠲᠦᠮᠵᠢᠲᠡᠶ ᠂ ᠬᠢᠮᠳᠠ ᠦᠢᠯᠡᠴᠢᠯᠡᠭᠡ ᠬᠠᠩᠭᠠᠵᠤ᠂ ᠦᠢᠯᠡᠴᠢᠯᠡᠭᠡᠨ ᠤ ᠶᠠᠰᠤ ᠴᠢᠨᠠᠷ ᠢ ᠪᠠᠳᠤᠯᠠᠬᠤ ᠬᠡᠷᠡᠭᠲᠡᠢ᠃      ᠡᠵᠡᠩᠨᠡᠯᠲᠡ ᠶᠢᠨ ᠨᠢᠭᠡᠴᠡ ᠨᠢ ᠡᠵᠡᠩᠨᠡᠯᠲᠡ ᠶᠢᠨ ᠦᠢᠯᠡᠴᠢᠯᠡᠭᠡᠨ ᠤ ᠶᠠᠰᠤ ᠴᠢᠨᠠᠷ ᠤᠨ ᠠᠮᠠᠯᠠᠯᠲᠠ ᠪᠠᠨ ᠨᠡᠶᠢᠭᠡᠮ ᠳᠤ ᠨᠡᠶᠢᠲᠡᠯᠡᠵᠦ᠂ ᠬᠤᠲᠠ ᠶᠢᠨ ᠵᠢᠮᠲᠦ ᠵᠠᠮ ᠬᠠᠷᠢᠯᠴᠠᠭᠠᠨ ᠤ ᠡᠵᠡᠩᠨᠡᠯᠲᠡ ᠶᠢᠨ  ᠦᠢᠯᠡᠴᠢᠯᠡᠭᠡᠨ ᠤ ᠬᠢᠷᠢ ᠲᠥᠪᠰᠢᠨ ᠢᠶᠠᠨ ᠲᠠᠰᠤᠷᠠᠯᠲᠠ ᠦᠭᠡᠶ ᠳᠡᠭᠡᠭᠰᠢᠯᠡᠭᠦᠯᠬᠦ ᠶᠢᠨ ᠬᠠᠮᠲᠤ ᠨᠡᠶᠢᠭᠡᠮ ᠳᠤ ᠨᠡᠶᠢᠲᠡᠯᠡᠵᠦ᠂ ᠨᠡᠶᠢᠭᠡᠮ ᠤᠨ ᠬᠢᠨᠠᠯᠲᠠ ᠶᠢ ᠬᠦᠯᠢᠶᠡᠬᠦ ᠬᠡᠷᠡᠭᠲᠡᠢ᠃      ᠳᠣᠯᠣᠳᠤᠭᠠᠷ ᠵᠦᠢᠯ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠬᠤᠲᠠ ᠶᠢᠨ ᠵᠢᠮᠲᠦ ᠵᠠᠮ ᠬᠠᠷᠢᠯᠴᠠᠭᠠᠨ ᠤ ᠲᠡᠷᠭᠡᠨ ᠳᠤ ᠰᠠᠭᠤᠬᠤ ᠵᠢᠷᠤᠮᠵᠢᠯ ᠢ ᠲᠣᠭᠲᠠᠭᠠᠬᠤ ᠬᠡᠷᠡᠭᠲᠡᠶ᠃ ᠠᠶᠠᠨᠴᠢᠳ ᠬᠤᠲᠠ ᠶᠢᠨ ᠵᠢᠮᠳᠤ ᠵᠠᠮ ᠬᠠᠷᠢᠯᠴᠠᠭᠠᠨ ᠤ ᠲᠡᠷᠭᠡᠨ ᠳᠤ ᠰᠠᠭᠤᠬᠤ ᠳᠦᠷᠢᠮ ᠪᠠ ᠨᠡᠶᠢᠭᠡᠮ ᠨᠡᠶᠢᠲᠡ ᠶᠢᠨ ᠶᠣᠰᠣ ᠮᠣᠷᠠᠯ ᠢ ᠵᠢᠷᠤᠮᠯᠠᠵᠤ᠂ ᠡᠵᠡᠩᠨᠡᠯᠲᠡ ᠶᠢᠨ ᠨᠢᠭᠡᠴᠡ ᠶᠢᠨ ᠠᠵᠢᠯᠲᠠᠨ ᠤ ᠵᠦᠶ ᠶᠤᠰᠤᠨ ᠤ ᠵᠢᠭᠠᠪᠤᠷᠢ ᠵᠢᠴᠢ ᠱᠠᠭᠠᠷᠳᠠᠯᠭ᠎ᠠ ᠶᠢ ᠰᠣᠨᠣᠰᠴᠤ᠂ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠪᠡᠯᠡᠳᠬᠡᠮᠵᠢ ᠪᠣᠯᠤᠨ ᠣᠯᠠᠨ ᠨᠡᠶᠢᠲᠡ ᠶᠢᠨ ᠣᠷᠴᠢᠨ ᠲᠣᠭᠤᠷᠢᠨ ᠤ ᠠᠷᠢᠭᠤᠨ ᠴᠡᠪᠡᠷ ᠢ ᠬᠠᠶᠢᠷᠠᠯᠠᠵᠤ ᠬᠠᠮᠠᠭᠠᠯᠠᠬᠤ ᠬᠡᠷᠡᠭᠲᠡᠶ᠃ ᠵᠢᠷᠤᠮᠯᠠᠬᠤ ᠶᠢ ᠲᠡᠪᠴᠢᠭᠰᠡᠨ ᠪᠠᠶᠢᠪᠠᠯ᠂ ᠡᠵᠡᠩᠨᠡᠯᠲᠡ ᠶᠢᠨ ᠨᠢᠭᠡᠴᠡ ᠨᠢ ᠢᠳᠬᠠᠨ ᠬᠤᠷᠢᠭᠯᠠᠬᠤ ᠪᠠ ᠬᠤᠷᠢᠭᠯᠠᠨ ᠵᠣᠭᠰᠣᠭᠠᠬᠤ ᠡᠷᠬᠡ ᠲᠠᠢ᠃ ᠬᠤᠷᠢᠭᠯᠠᠨ ᠵᠣᠭᠰᠣᠭᠠᠵᠤ ᠲᠤᠰᠠ ᠭᠠᠷᠬᠤ ᠦᠭᠡᠢ ᠪᠣᠯ᠂ ᠢᠳᠬᠠᠵᠤ ᠶᠠᠪᠤᠭᠤᠯᠬᠤ ᠪᠤᠶᠤ ᠦᠢᠯᠡᠴᠢᠯᠡᠭᠡ ᠬᠠᠩᠭᠠᠬᠤ ᠶᠢ ᠲᠡᠪᠴᠢᠬᠦ ᠵᠡᠷᠭᠡ ᠠᠷᠭ᠎ᠠ ᠬᠡᠮᠵᠢᠶ᠎ᠡ ᠠᠪᠴᠤ ᠪᠣᠯᠬᠤ ᠪᠦᠭᠡᠳ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠬᠠᠤᠯᠢ ᠲᠣᠭᠲᠠᠭᠠᠯ ᠶᠣᠰᠣᠭᠠᠷ ᠰᠢᠢᠳᠪᠦᠷᠢᠯᠡᠨ᠎ᠡ᠃ᠠᠶᠠᠨᠴᠢᠳ ᠵᠢᠴᠢ ᠪᠤᠰᠤᠳ ᠬᠥᠮᠦᠰ ᠬᠤᠲᠠ ᠶᠢᠨ ᠵᠢᠮᠲᠦ ᠵᠠᠮ ᠬᠠᠷᠢᠯᠴᠠᠭᠠᠨ ᠤ ᠲᠡᠷᠭᠡᠨ ᠳᠤ ᠰᠠᠭᠤᠬᠤ  ᠵᠢᠷᠤᠮᠵᠢᠯ  ᠢ ᠵᠥᠷᠢᠴᠡᠭᠰᠡᠨ ᠠᠴᠠ ᠬᠤᠲᠠ ᠶᠢᠨ ᠵᠢᠮᠲᠦ ᠵᠠᠮ ᠬᠠᠷᠢᠯᠴᠠᠭᠠᠨ ᠤ ᠡᠵᠡᠩᠨᠡᠯᠲᠡ ᠳᠤ ᠬᠦᠨᠳᠦ ᠨᠣᠴᠢᠲᠠᠶ ᠨᠦᠯᠦᠭᠡ ᠦᠵᠡᠭᠦᠯᠦᠭᠰᠡᠨ ᠪᠣᠯ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠬᠠᠤᠯᠢ ᠶᠣᠰᠣᠭᠠᠷ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ᠃      ᠨᠠᠢᠮᠠᠳᠤᠭᠠᠷ ᠵᠦᠢᠯ ᠬᠥᠳᠡᠯᠵᠦ ᠪᠠᠷᠢᠬᠤ ᠳᠤ ᠳᠥᠭᠦᠮ ᠦᠭᠡᠢ ᠬᠥᠮᠦᠰ ᠪᠠᠷ᠎ᠠ ᠪᠣᠯᠬᠤ ᠬᠥᠮᠦᠨ ᠦᠭᠡᠢ  ᠪᠠᠶᠢᠳᠠᠯ ᠲᠤᠤᠷ᠎ᠠ᠂ ᠡᠵᠡᠩᠨᠡᠯᠲᠡ ᠶᠢᠨ ᠨᠢᠭᠡᠴᠡ ᠶᠢᠨ ᠠᠵᠢᠯᠲᠠᠨ ᠲᠡᠭᠦᠨ ᠳᠤ ᠥᠷᠲᠡᠭᠡ ᠪᠠᠷ ᠤᠷᠤᠭᠤᠯᠵᠤ ᠭᠠᠷᠭᠠᠬᠤ᠂ ᠲᠡᠷᠭᠡᠨ ᠳᠤ ᠭᠠᠷᠭᠠᠵᠤ ᠲᠡᠷᠭᠡᠨ ᠠᠴᠠ ᠪᠠᠭᠤᠯᠭᠠᠬᠤ ᠵᠡᠷᠭᠡ ᠦᠢᠯᠡᠴᠢᠯᠡᠭᠡ ᠬᠠᠩᠭᠠᠬᠤ ᠬᠡᠷᠡᠭᠲᠡᠶ᠃      ᠬᠠᠷᠠᠭ᠎ᠠ ᠵᠡᠮᠳᠡᠭ ᠬᠥᠮᠦᠰ ᠵᠠᠮᠴᠢ ᠨᠣᠬᠠᠶ ᠠᠪᠴᠤ ᠥᠷᠲᠡᠭᠡᠨ ᠳᠤ ᠣᠷᠣᠵᠤ ᠲᠡᠷᠭᠡᠨ ᠳᠤ ᠰᠠᠭᠤᠬᠤ ᠳᠤ᠂ ᠬᠠᠷᠠᠭ᠎ᠠ ᠵᠡᠮᠳᠡᠭ ᠦᠨᠡᠮᠯᠡᠯ ᠪᠠ ᠵᠠᠮᠴᠢ ᠨᠣᠬᠠᠶ ᠶᠢᠨ ᠢᠶᠠᠨ ᠦᠨᠡᠮᠯᠡᠯ ᠢ ᠭᠠᠷᠭᠠᠵᠤ ᠦᠵᠡᠭᠦᠯᠬᠦ ᠬᠡᠷᠡᠭᠲᠡᠶ᠃      ᠶᠢᠰᠦᠳᠦᠭᠡᠷ ᠵᠦᠢᠯ ᠡᠵᠡᠩᠨᠡᠯᠲᠡ ᠶᠢᠨ ᠨᠢᠭᠡᠴᠡ ᠭᠠᠯᠲᠤ ᠲᠡᠷᠭᠡᠨ ᠤ ᠠᠵᠢᠯᠯᠠᠭᠠᠨ ᠤ ᠲᠥᠯᠥᠪᠯᠡᠭᠡ ᠪᠠᠨ ᠵᠦᠶ ᠵᠣᠬᠢᠰᠲᠠᠶ ᠨᠠᠶᠢᠷᠠᠭᠤᠯᠤᠨ ᠵᠤᠬᠢᠶᠠᠵᠤ᠂ ᠴᠠᠭ ᠲᠤᠬᠠᠶ ᠳᠤᠨᠢ ᠵᠠᠰᠠᠪᠤᠷᠢ ᠣᠷᠣᠭᠤᠯᠬᠤ ᠶᠢᠨ ᠬᠠᠮᠲᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠦᠨ ᠳᠠᠩᠰᠠᠯᠠᠭᠤᠯᠬᠤ ᠬᠡᠷᠡᠭᠲᠡᠶ᠃ᠡᠵᠡᠩᠨᠡᠯᠲᠡ ᠶᠢᠨ ᠨᠢᠭᠡᠴᠡ ᠠᠵᠢᠯᠯᠠᠭᠠᠨ ᠤ ᠵᠢᠷᠤᠭ ᠲᠤ ᠳᠤᠷ᠎ᠠ ᠪᠠᠷ ᠢᠶᠠᠨ ᠲᠣᠬᠢᠷᠠᠭᠤᠯᠤᠯᠲᠠ ᠬᠢᠵᠦ ᠪᠣᠯᠬᠤ ᠥᠬᠡᠶ᠂ ᠦᠨᠡᠨᠬᠦ ᠲᠣᠬᠢᠷᠠᠭᠤᠯᠤᠯᠲᠠ ᠬᠢᠬᠦ ᠴᠢᠬᠤᠯᠠ ᠲᠠᠢ ᠪᠣᠯ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠤᠴᠢᠷ ᠰᠢᠯᠲᠠᠭᠠᠨ ᠢᠶᠠᠨ ᠲᠣᠳᠣᠷᠬᠠᠶᠢᠯᠠᠬᠤ ᠬᠡᠷᠡᠭᠲᠡᠶ᠃      ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠡᠶᠢᠲᠡ ᠶᠢᠨ ᠮᠠᠰᠢᠨ ᠲᠡᠷᠭᠡᠨ ᠤ ᠵᠠᠮ ᠱᠤᠭᠤᠮ ᠢ ᠵᠦᠶ ᠵᠣᠬᠢᠰᠲᠠᠢ ᠪᠠᠶᠢᠷᠢᠯᠠᠭᠤᠯᠵᠤ ᠲᠤᠬᠢᠷᠠᠭᠤᠯᠤᠨ᠂ ᠨᠡᠶᠢᠲᠡ ᠶᠢᠨ ᠮᠠᠰᠢᠨ ᠲᠡᠷᠭᠡᠨ ᠤ ᠲᠡᠭᠡᠭᠡᠪᠦᠷᠢ ᠬᠢᠭᠡᠳ ᠬᠤᠲᠠ ᠶᠢᠨ ᠵᠢᠮᠳᠤ ᠵᠠᠮ ᠬᠠᠷᠢᠯᠴᠠᠭ᠎ᠠ ᠶᠢ ᠣᠷᠭᠠᠨᠢᠭ ᠢᠶᠠᠷ ᠵᠣᠯᠭᠠᠭᠤᠯᠬᠤ ᠪᠠ ᠴᠢᠳᠠᠮᠵᠢ ᠶᠢ ᠨᠢ ᠬᠠᠷᠢᠯᠴᠠᠨ ᠲᠣᠬᠢᠷᠠᠯᠴᠠᠭᠤᠯᠬᠤ ᠶᠢ ᠪᠡᠶᠡᠯᠡᠭᠦᠯᠬᠦ ᠬᠡᠷᠡᠭᠲᠡᠶ᠃      ᠠᠷᠪᠠᠳᠤᠭᠠᠷ ᠵᠦᠢᠯ ᠡᠵᠡᠩᠨᠡᠯᠲᠡ ᠶᠢᠨ ᠨᠢᠭᠡᠴᠡ ᠨᠢ ᠲᠡᠮᠳᠡᠭ᠂ ᠷᠠᠳᠢᠣ᠋ ᠨᠡᠪᠲᠡᠷᠡᠭᠦᠯᠭᠡ᠂ ᠸᠢᠳᠢᠣ᠋ ᠲᠥᠬᠦᠭᠡᠷᠦᠮᠵᠢ᠂ ᠰᠦᠯᠵᠢᠶ᠎ᠡ᠂ ᠯᠠᠪᠯᠠᠬᠤ ᠠᠵᠢᠯᠲᠠᠨ ᠲᠣᠬᠢᠷᠠᠭᠤᠯᠬᠤ ᠵᠡᠷᠭᠡ ᠣᠯᠠᠨ ᠵᠦᠢᠯ ᠤᠨ ᠠᠷᠭ᠎ᠠ ᠬᠡᠯᠪᠡᠷᠢ ᠪᠠᠷ ᠠᠶᠠᠨᠴᠢᠳ ᠲᠤ ᠡᠵᠡᠩᠨᠡᠯᠲᠡ ᠶᠢᠨ ᠦᠢᠯᠡᠴᠢᠯᠡᠭᠡ ᠪᠠ ᠠᠮᠤᠷ ᠲᠦᠪᠰᠢᠨ ᠤ ᠪᠠᠴᠢᠮ ᠪᠠᠶᠢᠳᠠᠯ ᠢ  ᠠᠷᠭᠠᠴᠠᠭᠠᠬᠤ ᠵᠡᠷᠭᠡ ᠮᠡᠳᠡᠭᠡ ᠵᠠᠩᠭᠢ ᠬᠠᠩᠭᠠᠵᠤ᠂ ᠲᠡᠮᠳᠡᠭ᠂ ᠸᠢᠳᠢᠣ᠋ ᠲᠥᠬᠦᠭᠡᠷᠦᠮᠵᠢ᠂ ᠷᠠᠳᠢᠣ᠋ ᠨᠡᠪᠲᠡᠷᠡᠭᠦᠯᠭᠡ ᠳᠤ ᠬᠢᠲᠠᠳ ᠬᠡᠯᠡ᠂ ᠮᠣᠩᠭᠤᠯ ᠬᠡᠯᠡ᠂ ᠠᠩᠭ᠍ᠯᠢ ᠬᠡᠯᠡ ᠪᠠᠷ ᠵᠡᠷᠭᠡᠪᠡᠷ ᠮᠡᠳᠡᠭᠡᠯᠡᠵᠦ ᠨᠡᠪᠳᠡᠷᠡᠭᠦᠯᠬᠦ ᠬᠡᠷᠡᠭᠲᠡᠶ᠄      ︵ᠨᠢᠭᠡ︶ ᠲᠡᠷᠭᠡᠨ ᠥᠷᠲᠡᠭᠡᠨ ᠤ ᠢᠯᠡ ᠪᠠᠶᠢᠷᠢᠨ ᠳᠤ ᠲᠦᠷᠦᠭᠦᠤ ᠰᠡᠭᠦᠯᠴᠢ ᠶᠢᠨ ᠡᠭᠡᠯᠵᠢ ᠶᠢᠨ ᠲᠡᠷᠭᠡᠨ ᠤ ᠴᠠᠭ᠂ ᠬᠤᠲᠠ ᠶᠢᠨ ᠵᠢᠮᠲᠦ ᠵᠠᠮ ᠬᠠᠷᠢᠯᠴᠠᠭᠠᠨ ᠤ ᠱᠤᠭᠤᠮ ᠤᠨ ᠲᠤᠤᠷ ᠤᠨ ᠲᠠᠶᠢᠯᠪᠤᠷᠢ ᠵᠢᠷᠤᠭ᠂  ᠥᠷᠲᠡᠭᠡ ᠪᠠᠷ ᠤᠷᠤᠵᠤ ᠭᠠᠷᠬᠤ ᠲᠡᠮᠳᠡᠭ᠂ ᠲᠡᠷᠭᠡ ᠰᠣᠯᠢᠬᠤ ᠲᠡᠮᠳᠡᠭ ᠪᠠ ᠪᠢᠯᠧᠲ ᠤᠨ ᠦᠨ᠎ᠡ ᠶᠢᠨ ᠮᠡᠳᠡᠭᠡ ᠵᠠᠩᠭᠢ ᠶᠢ ᠨᠡᠶᠢᠳᠡᠯᠡᠨ᠎ᠡ ᠃      ︵ᠬᠤᠶᠠᠷ︶ ᠥᠷᠲᠡᠭᠡᠨ ᠲᠢᠩᠬᠢᠮ ᠪᠤᠶᠤ ᠥᠷᠲᠡᠭᠡᠨ ᠲᠠᠪᠴᠠᠩ ᠳᠤ ᠭᠠᠯᠲᠤ ᠲᠡᠷᠭᠡ ᠬᠦᠷᠬᠦ᠂ ᠠᠯᠤᠰᠯᠠᠬᠤ ᠴᠠᠭ᠂ ᠴᠢᠭᠯᠡᠯ ᠤᠨ ᠰᠠᠨᠠᠭᠤᠯᠤᠮᠵᠢ᠂ ᠠᠮᠤᠷ ᠲᠦᠪᠰᠢᠨ ᠤ ᠰᠠᠨᠠᠭᠤᠯᠤᠮᠵᠢ᠂ ᠰᠠᠭᠠᠳ ᠥᠬᠡᠶ ᠶᠠᠪᠤᠵᠤ ᠰᠠᠭᠤᠬᠤ ᠵᠡᠷᠭᠡ ᠮᠡᠳᠡᠭᠡ ᠵᠠᠩᠭᠢ ᠶᠢ ᠬᠠᠩᠭᠠᠨ᠎ᠠ᠃      ︵ᠭᠤᠷᠪᠠ︶ ᠭᠠᠯᠲᠤ ᠲᠡᠷᠭᠡᠨ ᠤ ᠸᠠᠭᠤᠨ ᠳᠤ ᠬᠤᠲᠠ ᠶᠢᠨ ᠵᠢᠮᠳᠤ ᠵᠠᠮ ᠬᠠᠷᠢᠯᠴᠠᠭᠠᠨ ᠤ ᠱᠤᠭᠤᠮ ᠤᠨ ᠲᠣᠤᠷ ᠤᠨ ᠲᠠᠶᠢᠯᠪᠤᠷᠢ ᠵᠢᠷᠤᠭ᠂ ᠭᠠᠯᠲᠤ ᠲᠡᠷᠭᠡᠨ ᠤ ᠠᠶᠠᠯᠠᠯ ᠤᠨ ᠴᠢᠭᠯᠡᠯ᠂ ᠥᠷᠲᠡᠭᠡᠨ ᠳᠤ ᠬᠦᠷᠬᠦ᠂ ᠰᠣᠯᠢᠵᠤ ᠰᠠᠭᠤᠬᠤ᠂ ᠲᠡᠷᠭᠡᠨ ᠤ ᠡᠭᠦᠳᠡ ᠶᠢ ᠨᠡᠭᠡᠭᠡᠵᠦ ᠬᠠᠭᠠᠬᠤ ᠰᠠᠨᠠᠭᠤᠯᠤᠮᠵᠢ ᠵᠡᠷᠭᠡ ᠶᠢᠨ ᠷᠠᠳᠢᠣ᠋ ᠨᠡᠪᠲᠡᠷᠡᠭᠦᠯᠭᠡ ᠪᠤᠶᠤ ᠵᠢᠷᠤᠭ ᠥᠰᠥᠭ ᠤᠨ ᠮᠡᠳᠡᠭᠡ ᠵᠠᠩᠭᠢ ᠶᠢ ᠬᠠᠩᠭᠠᠨ᠎ᠠ᠃      ︵ᠳᠥᠷᠪᠡ︶ ᠲᠦᠷᠦᠭᠦᠤ ᠰᠡᠭᠦᠯᠴᠢ ᠶᠢᠨ ᠡᠭᠡᠯᠵᠢ ᠶᠢᠨ ᠲᠡᠷᠭᠡ ᠶᠢᠨ ᠴᠠᠭ ᠢ ᠳᠣᠭᠢᠷᠠᠭᠤᠯᠬᠤ᠂ ᠲᠡᠷᠭᠡᠨ ᠥᠷᠲᠡᠭᠡᠨ ᠤ ᠣᠷᠣᠵᠤ ᠭᠠᠷᠬᠤ ᠡᠭᠦᠳᠡ ᠶᠢ ᠪᠢᠲᠡᠭᠦᠮᠵᠢᠯᠡᠬᠦ᠂ ᠪᠡᠯᠡᠳᠬᠡᠮᠵᠢ ᠲᠥᠬᠦᠭᠡᠷᠦᠮᠵᠢ ᠶᠢᠨ ᠰᠠᠭᠠᠳ᠂ ᠠᠶᠠᠨᠴᠢᠳ ᠤᠨ ᠲᠤᠭ᠎ᠠ ᠶᠢ ᠬᠢᠵᠠᠭᠠᠷᠯᠠᠬᠤ᠂ ᠥᠷᠲᠡᠭᠡ ᠶᠢ ᠪᠢᠲᠡᠭᠦᠮᠵᠢᠯᠡᠬᠦ᠂ ᠥᠷᠲᠡᠭᠡ ᠠᠯᠭᠠᠰᠠᠬᠤ  ᠂ ᠡᠵᠡᠩᠨᠡᠯᠲᠡ ᠶᠢ ᠲᠦᠷ ᠵᠣᠭᠰᠣᠭᠠᠬᠤ ᠵᠡᠷᠭᠡ ᠬᠡᠪ ᠤᠨ ᠪᠤᠰᠤ ᠡᠵᠡᠩᠨᠡᠯᠲᠡ ᠶᠢᠨ ᠮᠡᠳᠡᠭᠡ ᠵᠠᠩᠭᠢ᠃      ︵ᠲᠠᠪᠤ︶ ᠲᠡᠷᠭᠡᠨ ᠥᠷᠲᠡᠭᠡ ᠶᠢᠨ ᠢᠯᠡ ᠪᠠᠶᠢᠷᠢᠨ ᠳᠤ ᠲᠡᠷᠭᠡᠨ ᠥᠷᠲᠡᠭᠡ ᠶᠢᠨ ᠡᠷᠬᠢᠨ ᠲᠣᠭᠤᠷᠢᠨ ᠤ ᠵᠠᠮ ᠬᠠᠷᠢᠯᠴᠠᠭᠠᠨ ᠤ ᠠᠷᠭ᠎ᠠ ᠮᠠᠶ᠋ᠢᠭ ᠤᠨ ᠲᠡᠷᠭᠡ ᠰᠣᠯᠢᠬᠤ ᠮᠡᠳᠡᠭᠡ ᠵᠠᠩᠭᠢ ᠶᠢ ᠨᠡᠶᠢᠳᠡᠯᠡᠬᠦ ᠬᠡᠷᠡᠭᠲᠡᠢ ᠃      ︵ᠵᠢᠷᠭᠤᠭ᠎ᠠ︶ ᠲᠡᠷᠭᠡᠨ ᠥᠷᠲᠡᠭᠡᠨ ᠳᠤ ᠠᠰᠠᠭᠤᠨ ᠯᠠᠪᠯᠠᠬᠤ ᠦᠢᠯᠡᠴᠢᠯᠡᠭᠡ ᠬᠠᠩᠭᠠᠬᠤ᠃      ︵ᠳᠣᠯᠤᠭ᠎ᠠ︶ ᠲᠤᠰ ᠬᠤᠲᠠ ᠶᠢᠨ ᠬᠤᠲᠠ ᠶᠢᠨ ᠵᠢᠮᠲᠦ ᠵᠠᠮ ᠬᠠᠷᠢᠯᠴᠠᠭᠠᠨ ᠤ APP᠂ ᠰᠦᠯᠵᠢᠶᠡᠨ ᠥᠷᠲᠡᠭᠡ᠂ ᠪᠢᠴᠢᠯ ᠪᠦᠷᠭᠡ ᠪᠠ ᠸᠢᠴᠠᠲ ᠵᠡᠷᠭᠡ ᠲᠠᠪᠴᠠᠩ ᠢᠶᠠᠷ ᠳᠠᠮᠵᠢᠭᠤᠯᠤᠨ ᠬᠤᠲᠠ ᠶᠢᠨ ᠵᠢᠮᠲᠣ ᠵᠠᠮ ᠬᠠᠷᠢᠯᠴᠠᠭᠠᠨ ᠤ ᠲᠤᠬᠠᠶ ᠶᠢᠨ ᠴᠠᠭ ᠤᠨ ᠠᠶᠠᠨᠴᠢᠳ ᠤᠨ ᠲᠤᠭ᠎ᠠ ᠶᠢᠨ ᠲᠥᠰᠦᠭᠡᠯᠡᠯ ᠵᠢᠴᠢ ᠰᠢᠬᠠᠯᠳᠤᠬᠤ ᠬᠡᠮᠵᠢᠶᠡᠨ ᠤ ᠮᠡᠳᠡᠭᠡ ᠵᠠᠩᠭᠢ ᠶᠢ ᠨᠡᠶᠢᠲᠡᠯᠡᠵᠦ᠂ ᠥᠷᠭᠡᠨ ᠣᠯᠠᠨ ᠠᠶᠠᠨᠴᠢᠳ ᠲᠤ ᠣᠯᠠᠨ ᠨᠡᠶᠢᠲᠡ ᠶᠢᠨ ᠵᠠᠮ ᠬᠠᠷᠢᠯᠴᠠᠭᠠᠨ ᠤ ᠭᠠᠳᠠᠭᠰᠢ ᠭᠠᠷᠬᠤ ᠶᠢ ᠬᠥᠲᠥᠯᠥᠨ  ᠵᠢᠯᠤᠭᠤᠳᠬᠤ ᠦᠢᠯᠡᠴᠢᠯᠡᠭᠡ ᠬᠠᠩᠭᠠᠨ᠎ᠠ᠃      ᠠᠷᠪᠠᠨ ᠨᠢᠭᠡᠳᠦᠭᠡᠷ ᠵᠦᠢᠯ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠡᠵᠡᠩᠨᠡᠯᠲᠡ ᠶᠢᠨ ᠨᠢᠭᠡᠴᠡ ᠵᠠᠭᠠᠯᠳᠤᠯᠭ᠎ᠠ ᠶᠢ ᠬᠦᠯᠢᠶᠡᠨ ᠠᠪᠴᠤ ᠰᠢᠢᠳᠪᠦᠷᠢᠯᠡᠬᠦ ᠳᠦᠷᠢᠮ ᠢ ᠪᠠᠶᠢᠭᠤᠯᠵᠤ᠂ ᠵᠠᠭᠠᠯᠳᠤᠬᠤ ᠪᠠ ᠢᠯᠡᠴᠢᠯᠡᠨ ᠮᠡᠳᠡᠭᠦᠯᠬᠦ ᠠᠷᠭ᠎ᠠ ᠮᠠᠶ᠋ᠢᠭ ᠢ ᠨᠡᠶᠢᠲᠡᠯᠡᠬᠦ ᠶᠢᠨ ᠬᠠᠮᠲᠤ ᠵᠠᠭᠠᠯᠳᠤᠯᠭ᠎ᠠ ᠶᠢ ᠰᠢᠢᠳᠪᠦᠷᠢᠯᠡᠬᠦ ᠶᠢ ᠵᠣᠯᠭᠠᠭᠤᠯᠬᠤ ᠲᠣᠭᠲᠠᠴᠠ ᠶᠢ ᠪᠠᠶᠢᠭᠤᠯᠬᠤ ᠬᠡᠷᠡᠭᠲᠡᠢ᠃ ᠠᠶᠠᠨᠴᠢᠳ ᠤᠨ ᠵᠠᠭᠠᠯᠳᠤᠯᠭ᠎ᠠ ᠶᠢ ᠲᠤᠰᠤᠭᠰᠠᠨ ᠤ ᠳᠠᠷᠠᠭ᠎ᠠ᠂ ᠵᠠᠭᠠᠯᠳᠤᠯᠭ᠎ᠠ᠂ ᠢᠯᠡᠴᠢᠯᠡᠨ ᠮᠡᠳᠡᠭᠦᠯᠦᠯᠲᠡ ᠶᠢ ᠴᠠᠭ ᠲᠤᠬᠠᠶ ᠳᠤᠨᠢ ᠰᠢᠢᠳᠪᠦᠷᠢᠯᠡᠬᠦ ᠶᠢᠨ ᠬᠠᠮᠲᠤ ᠰᠢᠢᠳᠪᠦᠷᠢᠯᠡᠭᠰᠡᠨ ᠦᠷ᠎ᠡ ᠳ᠋ᠦᠩ ᠢᠶᠠᠨ ᠠᠶᠠᠨᠴᠢᠳ ᠲᠤ ᠮᠡᠳᠡᠭᠳᠡᠬᠦ ᠬᠡᠷᠡᠭᠲᠡᠶ᠃      ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠶᠠᠨᠴᠢᠳ ᠤᠨ ᠵᠠᠭᠠᠯᠳᠤᠯᠭ᠎ᠠ ᠶᠢ ᠬᠦᠯᠢᠶᠡᠨ ᠠᠪᠤᠭᠰᠠᠨ ᠡᠳᠦᠷ ᠠᠴᠠ ᠡᠬᠢᠯᠡᠨ 15 ᠠᠵᠢᠯᠯᠠᠬᠤ ᠡᠳᠦᠷ ᠤᠨ ᠳᠣᠲᠣᠷ᠎ᠠ ᠰᠢᠢᠳᠪᠦᠷᠢᠯᠡᠭᠰᠡᠨ ᠦᠷ᠎ᠡ ᠳ᠋ᠦᠩ ᠢᠶᠠᠨ ᠠᠶᠠᠨᠴᠢᠳ ᠲᠤ ᠮᠡᠳᠡᠭᠳᠡᠬᠦ ᠬᠡᠷᠡᠭᠲᠡᠶ᠃ ᠡᠵᠡᠩᠨᠡᠯᠲᠡ ᠶᠢᠨ ᠨᠢᠭᠡᠴᠡ ᠬᠦᠯᠢᠶᠡᠨ ᠠᠪᠤᠭᠰᠠᠨ ᠠᠶᠠᠨᠴᠢᠳ ᠤᠨ ᠵᠠᠭᠠᠯᠳᠤᠯᠭ᠎ᠠ ᠶᠢ 7 ᠠᠵᠢᠯᠯᠠᠬᠤ ᠡᠳᠦᠷ ᠤᠨ ᠳᠣᠲᠣᠷ᠎ᠠ ᠰᠢᠢᠳᠪᠦᠷᠢᠯᠡᠵᠦ ᠳᠠᠭᠤᠰᠬᠠᠬᠤ ᠶᠢᠨ ᠬᠠᠮᠲᠤ ᠰᠢᠢᠳᠪᠦᠷᠢᠯᠡᠭᠰᠡᠨ ᠦᠷ᠎ᠡ ᠳ᠋ᠦᠩ ᠢᠶᠠᠨ ᠠᠶᠠᠨᠴᠢᠳ ᠲᠤ ᠮᠡᠳᠡᠭᠳᠡᠬᠦ ᠬᠡᠷᠡᠭᠲᠡᠶ᠃      ᠠᠷᠪᠠᠨ ᠬᠤᠶᠠᠳᠤᠭᠠᠷ ᠵᠦᠢᠯ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠠᠶᠠᠨᠴᠢᠳ ᠤᠨ ᠬᠠᠨᠤᠮᠵᠢ ᠶᠢᠨ ᠬᠡᠮᠵᠢᠶ᠎ᠡ ᠶᠢᠨ ᠪᠠᠶᠢᠴᠠᠭᠠᠯᠲᠠ᠂ ᠨᠡᠶᠢᠭᠡᠮ ᠤᠨ ᠭᠤᠷᠪᠠᠳᠠᠬᠢ ᠡᠲᠡᠭᠡᠳ ᠤᠨ ᠦᠨᠡᠯᠡᠨ ᠵᠢᠱᠢᠯᠲᠡ ᠵᠡᠷᠭᠡ ᠣᠯᠠᠨ ᠵᠦᠢᠯ ᠤᠨ ᠠᠷᠭ᠎ᠠ ᠮᠠᠶ᠋ᠢᠭ ᠢᠶᠠᠷ ᠳᠠᠮᠵᠢᠭᠤᠯᠤᠨ ᠡᠵᠡᠩᠨᠡᠯᠲᠡ ᠶᠢᠨ ᠨᠢᠭᠡᠴᠡ ᠶᠢᠨ ᠦᠢᠯᠡᠴᠢᠯᠡᠭᠡᠨ ᠤ ᠶᠠᠰᠤ ᠴᠢᠨᠠᠷ ᠲᠤ ᠲᠣᠭᠲᠠᠮᠠᠯ ᠬᠤᠭᠤᠴᠠᠭ᠎ᠠ ᠲᠠᠢ ᠪᠠᠷ ᠬᠢᠨᠠᠯᠲᠠ ᠲᠠᠯᠪᠢᠬᠤ ᠪᠠ ᠦᠨᠡᠯᠡᠨ ᠰᠢᠯᠭᠠᠵᠤ᠂ ᠦᠨᠡᠯᠡᠨ ᠰᠢᠯᠭᠠᠭᠰᠠᠨ ᠦᠷ᠎ᠡ ᠳ᠋ᠦᠩ ᠢ ᠨᠡᠶᠢᠭᠡᠮ ᠳᠤ ᠨᠡᠶᠢᠲᠡᠯᠡᠬᠦ ᠬᠡᠷᠡᠭᠲᠡᠶ᠃      ᠠᠷᠪᠠᠨ ᠭᠤᠷᠪᠠᠳᠤᠭᠠᠷ ᠵᠦᠢᠯ ᠬᠤᠲᠠ ᠶᠢᠨ ᠵᠢᠮᠲᠦ ᠵᠠᠮ ᠬᠠᠷᠢᠯᠴᠠᠭᠠᠨ ᠤ ᠪᠢᠯᠧᠲ ᠤᠨ ᠦᠨ᠎ᠡ ᠳᠤ ᠬᠤᠲᠠ ᠶᠢᠨ ᠵᠠᠰᠠᠭ ᠤᠨ ᠣᠷᠳᠣᠨ ᠠᠴᠠ ᠵᠥᠪᠰᠢᠶᠡᠷᠡᠭᠰᠡᠨ ᠪᠢᠯᠧᠲ ᠤᠨ ᠦᠨ᠎ᠡ ᠶᠢ ᠬᠡᠷᠡᠭᠵᠢᠭᠦᠯᠬᠦ ᠶᠢᠨ ᠬᠠᠮᠲᠤ ᠢᠯᠡ ᠨᠡᠶᠢᠲᠡᠯᠡᠬᠦ ᠬᠡᠷᠡᠭᠲᠡᠶ᠂ ᠡᠵᠡᠩᠨᠡᠯᠲᠡ ᠶᠢᠨ ᠨᠢᠭᠡᠴᠡ ᠨᠢ ᠬᠤᠲᠠ ᠶᠢᠨ ᠦᠨ᠎ᠡ ᠬᠠᠩᠰᠢ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠬᠠᠤᠯᠢ ᠶᠣᠰᠣᠭᠠᠷ ᠲᠣᠭᠲᠠᠭᠠᠭᠰᠠᠨ ᠪᠢᠯᠧᠲ ᠤᠨ ᠦᠨ᠎ᠡ ᠶᠢ ᠴᠢᠩᠭ᠎ᠠ ᠬᠡᠷᠡᠭᠵᠢᠭᠦᠯᠬᠦ ᠬᠡᠷᠡᠭᠲᠡᠢ᠂ ᠳᠤᠷ᠎ᠠ ᠪᠠᠷ ᠢᠶᠠᠨ ᠲᠣᠬᠢᠷᠠᠭᠤᠯᠤᠯᠲᠠ ᠬᠢᠵᠦ ᠪᠣᠯᠬᠤ ᠦᠭᠡᠢ᠃ ᠡᠵᠡᠩᠨᠡᠯᠲᠡ ᠶᠢᠨ ᠨᠢᠭᠡᠴᠡ ᠨᠢ ᠬᠤᠲᠠ ᠶᠢᠨ ᠵᠠᠮ ᠲᠡᠭᠡᠭᠡᠪᠦᠷᠢ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠨ ᠵᠢᠯᠤᠭᠤᠳᠤᠯᠭ᠎ᠠ ᠳᠣᠤᠷ᠎ᠠ ᠪᠢᠯᠧᠲ ᠤᠨ ᠦᠨ᠎ᠡ ᠶᠢ ᠲᠣᠭᠲᠠᠮᠠᠯ ᠬᠤᠭᠤᠴᠠᠭ᠎ᠠ ᠲᠠᠢ ᠪᠠᠷ ᠦᠨᠡᠯᠡᠨ ᠵᠢᠱᠢᠬᠦ ᠬᠡᠷᠡᠭᠲᠡᠶ᠃ ᠦᠨᠡᠯᠡᠨ ᠵᠢᠱᠢᠭᠰᠡᠨ ᠤ ᠳᠠᠷᠠᠭ᠎ᠠ ᠪᠢᠯᠧᠲ ᠤᠨ ᠦᠨ᠎ᠡ ᠳᠤ ᠲᠣᠬᠢᠷᠠᠭᠤᠯᠤᠯᠲᠠ ᠬᠢᠬᠦ ᠴᠢᠬᠤᠯᠠᠲᠠᠶ ᠭᠡᠵᠦ ᠦᠵᠡᠪᠡᠯ᠂ ᠡᠵᠡᠩᠨᠡᠯᠲᠡ ᠶᠢᠨ ᠨᠢᠭᠡᠴᠡ ᠨᠢ ᠬᠤᠲᠠ ᠶᠢᠨ ᠦᠨ᠎ᠡ ᠬᠠᠩᠰᠢ ᠶᠢᠨ  ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠪᠢᠯᠧᠲ ᠤᠨ ᠦᠨ᠎ᠡ ᠶᠢ ᠲᠣᠬᠢᠷᠠᠭᠤᠯᠬᠤ ᠰᠠᠨᠠᠭᠤᠯᠭ᠎ᠠ ᠳᠤᠷᠠᠳᠴᠤ ᠪᠣᠯᠤᠨ᠎ᠠ᠂ ᠬᠤᠲᠠ ᠶᠢᠨ ᠦᠨ᠎ᠡ ᠬᠠᠩᠰᠢ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠥᠪᠡᠷ ᠤᠨ ᠦᠷᠲᠡᠭ ᠢ ᠬᠢᠨᠠᠨ ᠪᠠᠶᠢᠴᠠᠭᠠᠭᠰᠠᠨ ᠤ ᠳᠠᠷᠠᠭ᠎ᠠ ᠪᠣᠳᠠᠲᠠᠶ ᠦᠨ᠎ᠡ ᠲᠣᠬᠢᠷᠠᠭᠤᠯᠬᠤ ᠰᠠᠨᠠᠯ ᠳᠤᠷᠠᠳᠴᠤ ᠬᠤᠲᠠ ᠶᠢᠨ ᠵᠠᠰᠠᠭ ᠤᠨ ᠣᠷᠳᠣᠨ ᠳᠤ ᠮᠡᠳᠡᠭᠦᠯᠵᠦ ᠰᠤᠳᠤᠯᠤᠨ ᠬᠢᠨᠠᠨ ᠲᠤᠭᠲᠠᠭᠠᠯᠭᠠᠨ᠎ᠠ᠃      ᠡᠵᠡᠩᠨᠡᠯᠲᠡ ᠶᠢᠨ ᠨᠢᠭᠡᠴᠡ ᠪᠢᠯᠧᠲ ᠬᠤᠳᠠᠯᠳᠤᠨ ᠠᠪᠬᠤ ᠤᠯᠠᠨ ᠵᠦᠢᠯ ᠤᠨ ᠠᠷᠭ᠎ᠠ ᠵᠠᠮ ᠭᠠᠷᠭᠠᠵᠤ ᠠᠶᠠᠨᠴᠢᠳ ᠤᠨ ᠪᠢᠯᠧᠲ ᠤᠨ ᠵᠣᠭᠤᠰ ᠢᠶᠠᠨ ᠥᠭᠬᠦ ᠳᠤ ᠲᠦᠬᠦᠮ ᠦᠵᠡᠭᠦᠯᠬᠦ ᠬᠡᠷᠡᠭᠲᠡᠶ᠃      ᠠᠷᠪᠠᠨ ᠳᠥᠷᠪᠡᠳᠦᠭᠡᠷ ᠵᠦᠢᠯ ᠠᠶᠠᠨᠴᠢᠳ ᠬᠦᠴᠦᠨ ᠪᠦᠬᠦᠢ ᠲᠡᠷᠭᠡᠨ ᠳᠤ ᠰᠠᠭᠤᠬᠤ ᠭᠡᠷᠡᠴᠢ ᠪᠠᠷᠢᠮᠲᠠ ᠪᠠᠨ ᠠᠪᠴᠤ ᠲᠡᠷᠭᠡᠨ ᠳᠤ ᠰᠠᠭᠤᠬᠤ ᠬᠡᠷᠡᠭᠲᠡᠶ᠂ ᠬᠦᠴᠦᠨ ᠦᠭᠡᠢ᠂ ᠬᠠᠭᠤᠷᠮᠠᠭᠯᠠᠨ ᠵᠣᠬᠢᠶᠠᠭᠰᠠᠨ᠂ ᠬᠤᠪᠢᠷᠠᠭᠤᠯᠤᠨ ᠵᠣᠬᠢᠶᠠᠭᠰᠠᠨ ᠵᠡᠷᠭᠡ ᠲᠡᠷᠭᠡᠨ ᠳᠤ ᠰᠠᠭᠤᠬᠤ ᠭᠡᠷᠡᠴᠢ ᠪᠠᠷᠢᠮᠲᠠ ᠶᠢ ᠬᠡᠷᠡᠭᠯᠡᠵᠦ ᠪᠣᠯᠬᠤ ᠦᠭᠡᠢ᠃ ᠡᠵᠡᠩᠨᠡᠯᠲᠡ ᠶᠢᠨ ᠨᠢᠭᠡᠴᠡ ᠨᠢ ᠠᠶᠠᠨᠴᠢᠳ ᠤᠨ ᠲᠡᠷᠭᠡᠨ ᠳᠤ ᠰᠠᠭᠤᠬᠤ ᠭᠡᠷᠡᠴᠢ ᠪᠠᠷᠢᠮᠲᠠ ᠶᠢ ᠪᠠᠶᠢᠴᠠᠭᠠᠨ ᠰᠢᠯᠭᠠᠬᠤ ᠡᠷᠬᠡ ᠲᠠᠢ᠃      ᠠᠷᠪᠠᠨ ᠲᠠᠪᠤᠳᠤᠭᠠᠷ ᠵᠦᠢᠯ ᠡᠵᠡᠩᠨᠡᠯᠲᠡ ᠶᠢᠨ ᠨᠢᠭᠡᠴᠡ ᠲᠣᠮᠣ ᠳ᠋ᠠᠶᠢᠲ᠋ᠠ ᠶᠢᠨ ᠵᠠᠳᠠᠯᠤᠯᠲᠠ᠂ ᠡᠭᠦᠯᠡᠨ  ᠪᠣᠳᠤᠯᠲᠠ᠂ ᠰᠢᠯᠵᠢᠮᠡᠯ ᠢᠨᠲ᠋ᠧᠷ ᠰᠦᠯᠵᠢᠶ᠎ᠡ ᠵᠡᠷᠭᠡ ᠲᠡᠷᠢᠭᠦᠨ ᠤ ᠮᠡᠷᠭᠡᠵᠢᠯ ᠵᠢᠴᠢ ᠬᠠᠮᠢᠶ᠎ᠠ ᠪᠦᠬᠦᠢ ᠲᠥᠬᠦᠭᠡᠷᠦᠮᠵᠢ ᠪᠡᠯᠡᠳᠭᠡᠮᠵᠢ ᠶᠢ ᠬᠡᠷᠡᠭᠯᠡᠵᠦ᠂ ᠦᠢᠯᠡᠴᠢᠯᠡᠭᠡᠨ ᠤ ᠶᠠᠰᠤ ᠴᠢᠨᠠᠷ ᠢᠶᠠᠨ ᠳᠡᠭᠡᠭᠰᠢᠯᠡᠭᠦᠯᠬᠦ ᠶᠢᠨ ᠬᠠᠮᠲᠤ ᠠᠶᠠᠨᠴᠢᠳ ᠤᠨ ᠬᠤᠪᠢ ᠬᠥᠮᠦᠨ ᠤ ᠮᠡᠳᠡᠭᠡ ᠵᠠᠩᠭᠢ ᠶᠢ ᠴᠤᠭᠯᠠᠭᠤᠯᠬᠤ ᠪᠠ ᠬᠡᠷᠡᠭᠯᠡᠬᠦ ᠨᠢ ᠤᠯᠤᠰ ᠤᠨ ᠲᠣᠤᠷ ᠰᠦᠯᠵᠢᠶ᠎ᠡ ᠪᠣᠯᠤᠨ ᠮᠡᠳᠡᠭᠡ ᠵᠠᠩᠭᠢ ᠶᠢᠨ ᠠᠮᠤᠷ ᠲᠥᠪᠰᠢᠨ ᠤ ᠬᠠᠮᠢᠶ᠎ᠠ ᠪᠦᠬᠦᠢ ᠲᠣᠭᠲᠠᠭᠠᠯ ᠳᠤ ᠨᠡᠶᠢᠴᠡᠬᠦ ᠶᠢ ᠪᠠᠲᠤᠯᠠᠬᠤ ᠬᠡᠷᠡᠭᠲᠡᠶ᠃      ᠭᠤᠷᠪᠠᠳᠤᠭᠠᠷ ᠪᠦᠯᠦᠭ ᠠᠮᠤᠷ ᠲᠦᠪᠰᠢᠨ ᠤ ᠪᠠᠲᠤᠯᠠᠭ᠎ᠠ      ᠠᠷᠪᠠᠨ ᠵᠢᠷᠭᠤᠳᠤᠭᠠᠷ ᠵᠦᠢᠯ ᠡᠵᠡᠩᠨᠡᠯᠲᠡ ᠶᠢᠨ ᠨᠢᠭᠡᠴᠡ ᠨᠢ ᠡᠵᠡᠩᠨᠡᠯᠲᠡ ᠶᠢᠨ ᠠᠶᠤᠯᠬᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠠᠶᠤᠯᠬᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ ᠪᠠᠶᠢᠭᠤᠯᠵᠤ᠂ ᠠᠶᠤᠯᠬᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠪᠠᠶᠢᠭᠤᠯᠤᠮᠵᠢ ᠭᠠᠷᠭᠠᠵᠤ᠂ ᠠᠶᠤᠯᠬᠦᠢ ᠦᠢᠯᠡᠳᠪᠦᠷᠢᠯᠡᠯ ᠤᠨ ᠬᠠᠮᠢᠶᠠᠷᠤᠯᠲᠠ ᠶᠢᠨ ᠲᠤᠰᠬᠠᠶ ᠠᠵᠢᠯᠲᠠᠨ ᠲᠣᠬᠢᠷᠠᠭᠤᠯᠬᠤ ᠬᠡᠷᠡᠭᠲᠡᠶ᠃ ᠡᠵᠡᠩᠨᠡᠯᠲᠡ ᠶᠢᠨ ᠨᠢᠭᠡᠴᠡ ᠶᠢᠨ ᠳᠣᠲᠣᠭᠠᠳᠤ ᠳᠠᠭᠠᠨ ᠪᠠᠶᠢᠭᠤᠯᠤᠭᠰᠠᠨ ᠲᠤᠬᠠᠶᠢᠯᠠᠭᠰᠠᠨ ᠠᠵᠢᠯ ᠤᠨ ᠰᠠᠯᠠᠭ᠎ᠠ ᠮᠥᠴᠢᠷ ᠵᠢᠴᠢ ᠲᠡᠭᠦᠨ ᠤ ᠬᠠᠷᠢᠭᠤᠴᠠᠯᠭᠠᠲᠠᠨ ᠨᠢ ᠬᠤᠪᠢᠳᠠᠨ ᠬᠠᠮᠢᠶᠠᠷᠬᠤ ᠠᠵᠢᠯ ᠤᠨ ᠬᠡᠪᠴᠢᠶᠡᠨ ᠳᠠᠬᠢ ᠠᠶᠤᠯᠭᠦᠶ ᠦᠢᠯᠡᠳᠪᠦᠷᠢᠯᠡᠯ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠬᠡᠷᠡᠭᠲᠡᠶ᠃ ᠠᠶᠤᠯᠬᠦᠢ ᠡᠵᠡᠩᠨᠡᠬᠦ ᠠᠵᠢᠯ ᠢ ᠪᠠᠳᠤᠯᠠᠬᠤ ᠵᠠᠷᠤᠳᠠᠯ ᠢ ᠴᠠᠭ ᠲᠤᠬᠠᠶ ᠳᠤᠨᠢ ᠭᠠᠷᠭᠠᠬᠤ ᠬᠡᠷᠡᠭᠲᠡᠶ᠃      ᠠᠷᠪᠠᠨ ᠳᠣᠯᠣᠳᠤᠭᠠᠷ ᠵᠦᠢᠯ ᠡᠵᠡᠩᠨᠡᠯᠲᠡ ᠶᠢᠨ ᠨᠢᠭᠡᠴᠡ ᠬᠠᠮᠢᠶ᠎ᠠ ᠪᠦᠬᠦᠢ ᠲᠣᠭᠲᠠᠭᠠᠯ ᠶᠣᠰᠣᠭᠠᠷ᠂ ᠲᠦᠭᠰᠢᠭᠦᠷᠢ ᠶᠢ ᠱᠠᠲᠤ ᠬᠤᠪᠢᠶᠠᠨ ᠬᠠᠮᠢᠶᠠᠷᠤᠨ ᠡᠵᠡᠮᠳᠡᠬᠦ ᠪᠠ ᠳᠠᠯᠳᠠ ᠭᠡᠮ ᠢ ᠵᠢᠭᠰᠠᠭᠠᠨ ᠪᠠᠶᠢᠴᠠᠭᠠᠵᠤ ᠵᠠᠰᠠᠬᠤ ᠳᠠᠪᠬᠤᠷ ᠤᠷᠢᠳᠴᠢᠯᠠᠨ ᠰᠡᠷᠭᠡᠶᠢᠯᠡᠬᠦ ᠳᠦᠷᠢᠮ ᠢ ᠲᠡᠭᠦᠯᠳᠡᠷᠵᠢᠭᠦᠯᠵᠦ᠂ ᠲᠦᠭᠰᠢᠭᠦᠷᠢ ᠶᠢᠨ ᠳ᠋ᠠᠶᠢᠲ᠋ᠠ ᠬᠥᠮᠥᠷᠭᠡ ᠪᠠ ᠳᠠᠯᠳᠠ ᠭᠡᠮ ᠢ ᠵᠢᠭᠰᠠᠭᠠᠨ ᠪᠠᠶᠢᠴᠠᠭᠠᠬᠤ ᠭᠠᠷ ᠳᠡᠪᠲᠡᠷ ᠢ ᠪᠠᠶᠢᠭᠤᠯᠵᠤ᠂ ᠠᠶᠤᠯᠬᠦᠢ ᠡᠵᠡᠩᠨᠡᠬᠦ ᠶᠢ ᠨᠥᠯᠥᠭᠡᠯᠡᠵᠦ ᠮᠡᠳᠡᠬᠦ ᠠᠶᠤᠯ ᠲᠦᠭᠰᠢᠭᠦᠷᠢ ᠶᠢᠨ ᠳᠠᠯᠳᠠ ᠭᠡᠮ ᠢ ᠴᠠᠭ ᠲᠤᠬᠠᠶ ᠳᠤᠨᠢ ᠴᠡᠭᠴᠡᠯᠡᠨ ᠵᠠᠰᠠᠬᠤ ᠶᠢᠨ ᠬᠠᠮᠲᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠬᠦ ᠬᠡᠷᠡᠭᠲᠡᠶ᠃      ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠡᠵᠡᠩᠨᠡᠯᠲᠡ ᠶᠢᠨ ᠬᠦᠨᠳᠦ ᠶᠡᠭᠡ ᠳᠠᠯᠳᠠ ᠭᠡᠮ ᠢ ᠵᠠᠰᠠᠬᠤ ᠶᠢ ᠰᠢᠮᠳᠠᠭᠤᠯᠤᠨ ᠰᠢᠢᠳᠪᠦᠷᠢᠯᠡᠭᠦᠯᠬᠦ ᠳᠦᠷᠢᠮ ᠢ ᠪᠠᠶᠢᠭᠤᠯᠵᠤ᠂ ᠡᠵᠡᠩᠨᠡᠯᠲᠡ ᠶᠢᠨ ᠨᠢᠭᠡᠴᠡ ᠶᠢ ᠰᠢᠮᠳᠠᠭᠤᠯᠤᠨ ᠠᠮᠤᠷ ᠲᠦᠪᠰᠢᠨ ᠤ ᠰᠡᠷᠭᠡᠶᠢᠯᠡᠨ ᠬᠠᠮᠠᠭᠠᠯᠠᠬᠤ ᠠᠷᠭ᠎ᠠ ᠠᠪᠤᠭᠤᠯᠵᠤ᠂ ᠬᠦᠨᠳᠦ ᠶᠡᠭᠡ ᠳᠠᠯᠳᠠ ᠭᠡᠮ ᠢ ᠴᠠᠭ ᠲᠤᠬᠠᠶ ᠳᠤᠨᠢ ᠠᠷᠢᠯᠭᠠᠵᠤ᠂ ᠠᠮᠤᠷ ᠲᠦᠪᠰᠢᠨ ᠵᠢᠷᠤᠮᠵᠢᠭᠤᠨ ᠡᠵᠡᠩᠨᠡᠬᠦ ᠶᠢ ᠦᠨᠡᠨᠬᠦ ᠪᠠᠲᠤᠯᠠᠬᠤ ᠬᠡᠷᠡᠭᠲᠡᠶ᠃      ᠠᠷᠪᠠᠨ ᠨᠠᠢᠮᠠᠳᠤᠭᠠᠷ ᠵᠦᠢᠯ ᠡᠵᠡᠩᠨᠡᠯᠲᠡ ᠶᠢᠨ ᠨᠢᠭᠡᠴᠡ ᠨᠢ ᠬᠤᠲᠠ ᠶᠢᠨ ᠵᠢᠮᠲᠦ ᠵᠠᠮ ᠬᠠᠷᠢᠯᠴᠠᠭᠠᠨ ᠤ ᠡᠵᠡᠩᠨᠡᠯᠲᠡ ᠶᠢᠨ ᠪᠡᠯᠡᠳᠬᠡᠮᠵᠢ ᠲᠥᠬᠦᠭᠡᠷᠦᠮᠵᠢ ᠶᠢᠨ ᠡᠵᠡᠩᠨᠡᠯᠲᠡ ᠶᠢᠨ ᠪᠠᠶᠢᠳᠠᠯ ᠢ ᠬᠢᠨᠠᠨ ᠡᠵᠡᠮᠳᠡᠬᠦ᠂ ᠲᠤᠭᠲᠠᠮᠠᠯ ᠬᠤᠭᠤᠴᠠᠭ᠎ᠠ ᠲᠠᠢ ᠪᠠᠶᠢᠴᠠᠭᠠᠬᠤ᠂ ᠪᠠᠶᠢᠴᠠᠭᠠᠨ ᠬᠡᠮᠵᠢᠵᠦ ᠦᠨᠡᠯᠡᠨ ᠵᠢᠱᠢᠬᠦ᠂ ᠠᠷᠠᠴᠢᠯᠠᠵᠤ ᠬᠠᠮᠠᠭᠠᠯᠠᠨ ᠰᠡᠯᠪᠢᠨ ᠵᠠᠰᠠᠬᠤ᠂ ᠰᠢᠨᠡᠳᠬᠡᠨ ᠥᠭᠡᠷᠡᠴᠢᠯᠡᠬᠦ ᠳᠦᠷᠢᠮ ᠪᠣᠯᠤᠨ ᠮᠡᠷᠭᠡᠵᠢᠯ ᠤᠨ ᠬᠠᠮᠢᠶᠠᠷᠤᠯᠲᠠ ᠶᠢᠨ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠬᠦ ᠶᠢᠨ ᠬᠠᠮᠳᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠦᠨ ᠳᠠᠩᠰᠠᠯᠠᠭᠤᠯᠬᠤ ᠬᠡᠷᠡᠭᠲᠡᠶ᠃      ᠡᠵᠡᠩᠨᠡᠯᠲᠡ ᠶᠢᠨ ᠨᠢᠭᠡᠴᠡ ᠨᠢ ᠪᠡᠯᠡᠳᠬᠡᠮᠵᠢ ᠲᠥᠬᠦᠭᠡᠷᠦᠮᠵᠢ ᠶᠢᠨ ᠡᠵᠡᠩᠨᠡᠯᠲᠡ ᠶᠢᠨ ᠪᠠᠶᠢᠳᠠᠯ ᠢ ᠬᠢᠨᠠᠨ ᠡᠵᠡᠮᠳᠡᠵᠦ᠂ ᠲᠣᠭᠲᠠᠮᠠᠯ ᠬᠤᠭᠤᠴᠠᠭ᠎ᠠ ᠲᠠᠢ ᠪᠠᠶᠢᠴᠠᠭᠠᠵᠤ᠂ ᠪᠠᠶᠢᠴᠠᠭᠠᠨ ᠰᠢᠯᠭᠠᠵᠤ ᠦᠨᠡᠯᠡᠨ ᠵᠢᠱᠢᠵᠦ᠂ ᠴᠠᠭ ᠲᠤᠬᠠᠶ ᠳᠤᠨᠢ ᠠᠷᠠᠴᠢᠯᠠᠨ ᠬᠠᠮᠠᠭᠠᠯᠠᠵᠤ ᠰᠡᠯᠪᠢᠨ ᠵᠠᠰᠠᠬᠤ ᠪᠠ ᠰᠢᠨᠡᠳᠬᠡᠨ ᠥᠭᠡᠷᠡᠴᠢᠯᠡᠵᠦ᠂ ᠬᠠᠷᠠᠭᠠᠯᠵᠠᠭᠰᠠᠨ ᠠᠵᠢᠯ ᠤᠨ ᠲᠡᠮᠳᠡᠭᠯᠡᠯ ᠤᠨ ᠮᠠᠲ᠋ᠧᠷᠢᠶᠠᠯ ᠢ ᠬᠠᠳᠠᠭᠠᠯᠠᠬᠤ ᠬᠡᠷᠡᠭᠲᠡᠶ᠃      ᠠᠷᠪᠠ ᠶᠢᠰᠦᠳᠦᠭᠡᠷ ᠵᠦᠢᠯ ᠬᠤᠳᠠ ᠶᠢᠨ ᠵᠠᠮ ᠲᠡᠭᠡᠭᠡᠪᠦᠷᠢ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯ ᠬᠤᠳᠠ ᠶᠢᠨ ᠵᠢᠮᠳᠤ ᠵᠠᠮ ᠬᠠᠷᠢᠯᠴᠠᠭᠠᠨ ᠤ ᠬᠠᠮᠠᠭᠠᠯᠠᠯᠲᠠ ᠶᠢᠨ ᠣᠷᠣᠨ ᠤ ᠭᠤᠤᠯᠴᠢᠯᠠᠨ ᠬᠠᠮᠢᠶᠠᠷᠬᠤ ᠨᠢᠭᠡᠴᠡ ᠮᠥᠨ᠃ ᠬᠤᠲᠠ ᠶᠢᠨ ᠵᠢᠮᠲᠦ ᠵᠠᠮ ᠬᠠᠷᠢᠯᠴᠠᠭᠠᠨ ᠤ ᠬᠠᠮᠠᠭᠠᠯᠠᠯᠲᠠ ᠶᠢᠨ ᠣᠷᠣᠨ ᠤ ᠬᠡᠪᠴᠢᠶ᠎ᠡ ᠨᠢ᠄      ︵ᠨᠢᠭᠡ︶ ᠭᠠᠵᠠᠷ ᠳᠣᠤᠷᠠᠬᠢ ᠲᠡᠷᠭᠡᠨ ᠥᠷᠲᠡᠭᠡ ᠬᠢᠭᠡᠳ ᠨᠦᠬᠡᠨ ᠵᠠᠮ ᠤᠨ ᠡᠷᠬᠢᠨ ᠲᠣᠭᠤᠷᠢᠨ ᠤ ᠭᠠᠳᠠᠷ ᠲᠠᠯ᠎ᠠ ᠶᠢᠨ ᠲᠠᠪᠢᠨ ᠮᠧᠲᠷ ᠤᠨ ᠳᠣᠲᠣᠷ᠎ᠠ︔      ︵ᠬᠤᠶᠠᠷ︶ ᠭᠠᠵᠠᠷ ᠳᠡᠭᠡᠷᠡᠬᠢ ᠪᠠ ᠥᠨᠳᠥᠷ ᠵᠢᠶᠠᠰᠠ ᠲᠠᠢ ᠲᠡᠷᠭᠡᠨ ᠥᠷᠲᠡᠭᠡ ᠵᠢᠴᠢ ᠵᠠᠮ ᠱᠤᠭᠤᠮ ᠤᠨ ᠭᠠᠳᠠᠷ ᠱᠤᠭᠤᠮ ᠤᠨ ᠭᠠᠳᠠᠷ ᠲᠠᠯ᠎ᠠ ᠶᠢᠨ ᠭᠤᠴᠢᠨ ᠮᠧᠲᠷ ᠤᠨ ᠳᠣᠲᠣᠷ᠎ᠠ︔      ︵ᠭᠤᠷᠪᠠ︶ ᠣᠷᠣᠵᠤ ᠭᠠᠷᠬᠤ ᠡᠭᠦᠳᠡ᠂ ᠰᠠᠯᠬᠢ ᠨᠡᠪᠲᠡᠷᠡᠭᠦᠯᠬᠦ ᠲᠢᠩᠰᠡ᠂ ᠬᠦᠴᠦᠳᠡᠯ ᠥᠭᠡᠷᠡᠴᠢᠯᠡᠬᠦ ᠥᠷᠲᠡᠭᠡ ᠵᠡᠷᠭᠡ ᠪᠠᠷᠢᠯᠭ᠎ᠠ᠂ ᠪᠠᠷᠢᠮᠠᠯ ᠤᠨ ᠭᠠᠳᠠᠷ ᠱᠤᠭᠤᠮ ᠤᠨ ᠭᠠᠳᠠᠷ ᠲᠠᠯ᠎ᠠ ᠶᠢᠨ ᠠᠷᠪᠠᠨ ᠮᠧᠲᠷ ᠤᠨ ᠳᠤᠲᠤᠷ᠎ᠠ᠃      ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ᠂ ᠣᠷᠣᠨ ᠰᠠᠭᠤᠴᠠ ᠪᠠ ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ ᠵᠡᠷᠭᠡ ᠬᠤᠯᠪᠤᠭᠳᠠᠯ ᠪᠦᠬᠦᠢ ᠰᠠᠯᠠᠭ᠎ᠠ ᠮᠥᠴᠢᠷ ᠬᠤᠲᠠ ᠶᠢᠨ ᠵᠢᠮᠲᠦ ᠵᠠᠮ ᠬᠠᠷᠢᠯᠴᠠᠭᠠᠨ ᠤ ᠬᠠᠮᠠᠭᠠᠯᠠᠯᠲᠠ ᠶᠢᠨ ᠣᠷᠣᠨ ᠤ ᠬᠡᠪᠴᠢᠶᠡᠨ ᠳᠤ ᠬᠤᠯᠪᠣᠭᠳᠠᠭᠰᠠᠨ ᠤᠴᠢᠷ ᠶᠠᠪᠤᠳᠠᠯ ᠢ ᠬᠢᠨᠠᠨ ᠵᠥᠪᠰᠢᠶᠡᠷᠡᠬᠦ ᠳ᠋ᠡᠬᠡᠨ‌ᠡᠵᠡᠩᠨᠡᠯᠲᠡ ᠶᠢᠨ ᠨᠢᠭᠡᠴᠡ ᠶᠢᠨ ᠰᠠᠨᠠᠯ ᠢ ᠬᠤᠷᠢᠶᠠᠬᠤ ᠬᠡᠷᠡᠭᠲᠡᠶ᠃      ᠡᠵᠡᠩᠨᠡᠯᠲᠡ ᠶᠢᠨ ᠨᠢᠭᠡᠴᠡ ᠬᠤᠲᠠ ᠶᠢᠨ ᠵᠢᠮᠲᠦ ᠵᠠᠮ ᠬᠠᠷᠢᠯᠴᠠᠭᠠᠨ ᠤ ᠬᠠᠮᠠᠭᠠᠯᠠᠯᠲᠠ ᠶᠢᠨ ᠣᠷᠣᠨ ᠢ ᠲᠣᠭᠤᠷᠢᠨ ᠪᠠᠶᠢᠴᠠᠭᠠᠵᠤ ᠬᠠᠮᠢᠶᠠᠷᠬᠤ ᠳᠦᠷᠢᠮ ᠢ ᠪᠠᠶᠢᠭᠤᠯᠵᠤ᠂ ᠡᠵᠡᠩᠨᠡᠯᠲᠡ ᠶᠢᠨ ᠬᠤᠭᠤᠴᠠᠭᠠᠨ ᠳᠤ ᠬᠠᠮᠠᠭᠠᠯᠠᠯᠲᠠ ᠶᠢᠨ ᠣᠷᠣᠨ ᠤ ᠬᠦᠷᠢᠶ᠎ᠡ ᠬᠡᠪᠴᠢᠶ᠎ᠡ ᠳᠤ ᠦᠨᠡᠨᠬᠦ ᠵᠠᠰᠠᠪᠤᠷᠢ ᠣᠷᠣᠭᠤᠯᠬᠤ ᠴᠢᠬᠤᠯᠠᠲᠠᠶ ᠪᠠᠶᠢᠪᠠᠯ᠂  ᠬᠤᠯᠪᠤᠭᠳᠠᠯ ᠪᠦᠬᠦᠢ ᠨᠢᠭᠡᠴᠡ ᠠᠴᠠ ᠳᠤᠷᠠᠳᠴᠤ᠂ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ᠂ ᠣᠷᠣᠨ ᠰᠠᠭᠤᠴᠠ  ᠪᠠ ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠢᠶᠠᠷ ᠬᠢᠨᠠᠭᠤᠯᠤᠭᠰᠠᠨ ᠤ ᠳᠠᠷᠠᠭ᠎ᠠ᠂ ᠳᠡᠰ ᠳᠠᠷᠠᠭᠠᠯᠠᠯ ᠶᠣᠰᠣᠭᠠᠷ ᠬᠤᠲᠠ ᠶᠢᠨ ᠠᠷᠠᠳ ᠤᠨ ᠵᠠᠰᠠᠭ ᠤᠨ ᠣᠷᠳᠣᠨ ᠳᠤ ᠮᠡᠳᠡᠭᠦᠯᠦᠨ ᠲᠣᠭᠲᠠᠭᠠᠯᠭᠠᠨ᠎ᠠ᠃      ᠬᠤᠷᠢᠳᠤᠭᠠᠷ ᠵᠦᠢᠯ ᠬᠤᠲᠠ ᠶᠢᠨ ᠵᠢᠮᠲᠦ ᠵᠠᠮ ᠬᠠᠷᠢᠯᠴᠠᠭᠠᠨ ᠤ ᠬᠠᠮᠠᠭᠠᠯᠠᠯᠲᠠ ᠶᠢᠨ ᠣᠷᠣᠨ ᠳᠤ ᠳᠣᠣᠷᠠᠬᠢ ᠮᠡᠲᠦ ᠠᠵᠢᠯ ᠢ ᠬᠢᠬᠦ ᠳᠤ᠂ ᠠᠵᠢᠯᠯᠠᠬᠤ ᠨᠢᠭᠡᠴᠡ ᠨᠢ ᠬᠠᠮᠢᠶ᠎ᠠ ᠪᠦᠬᠦᠢ ᠲᠣᠭᠲᠠᠭᠠᠯ ᠶᠣᠰᠣᠭᠠᠷ ᠠᠮᠤᠷ ᠲᠦᠪᠰᠢᠨ ᠤ ᠰᠡᠷᠭᠡᠶᠢᠯᠡᠨ ᠬᠠᠮᠠᠭᠠᠯᠠᠬᠤ ᠲᠥᠰᠥᠯ ᠲᠣᠭᠲᠠᠭᠠᠵᠤ᠂ ᠡᠵᠡᠩᠨᠡᠯᠲᠡ ᠶᠢᠨ ᠨᠢᠭᠡᠴᠡ ᠪᠠᠷ ᠵᠥᠪᠰᠢᠶᠡᠷᠡᠭᠦᠯᠦᠭᠰᠡᠨ ᠤ ᠳᠠᠷᠠᠭ᠎ᠠ᠂ ᠬᠤᠯᠪᠤᠭᠳᠠᠯ ᠪᠥᠬᠦᠶ ᠭᠠᠷᠳᠠᠮ ᠢ ᠬᠠᠤᠯᠢ ᠶᠣᠰᠣᠭᠠᠷ ᠬᠦᠢᠴᠡᠳᠭᠡᠬᠦ ᠶᠢᠨ ᠬᠠᠮᠲᠤ᠂ ᠠᠵᠢᠯ ᠤᠨ ᠨᠥᠯᠥᠭᠡᠯᠡᠬᠦ ᠣᠷᠣᠨ ᠪᠦᠰᠡ ᠳᠤ ᠬᠥᠳᠡᠯᠦᠩᠭᠦᠶ ᠬᠢᠨᠠᠨ ᠬᠡᠮᠵᠢᠯᠲᠡ ᠬᠢᠨ᠎ᠠ᠄      ︵ᠨᠢᠭᠡ︶  ᠪᠠᠷᠢᠯᠭ᠎ᠠ ︵ᠪᠠᠷᠢᠮᠠᠯ︶ ᠢ ᠰᠢᠨ᠎ᠡ ᠪᠠᠷ ᠪᠠᠶᠢᠭᠤᠯᠬᠤ᠂ ᠥᠭᠡᠷᠡᠴᠢᠯᠡᠨ ᠪᠠᠶᠢᠭᠤᠯᠬᠤ᠂ ᠥᠷᠭᠡᠳᠬᠡᠨ ᠪᠠᠶᠢᠭᠤᠯᠬᠤ ᠪᠤᠶᠤ ᠨᠤᠷᠠᠭᠠᠬᠤ᠃      ︵ᠬᠤᠶᠠᠷ︶ ᠮᠠᠯᠲᠠᠬᠤ᠂ ᠳᠡᠯᠪᠡᠴᠢᠬᠦ᠂ ᠭᠠᠵᠠᠷ ᠤᠨ ᠰᠠᠭᠤᠷᠢ ᠶᠢ ᠪᠠᠬᠢᠯᠡᠬᠦ᠂ ᠬᠤᠳᠳᠤᠭ ᠮᠠᠯᠲᠠᠬᠤ᠂ ᠰᠠᠭᠤᠷᠢ ᠨᠦᠭᠡ ᠶᠢᠨ ᠪᠠᠷᠢᠯᠭ᠎ᠠ ᠪᠠᠷᠢᠬᠤ᠂ ᠱᠤᠩ ᠪᠠᠭᠠᠨ᠎ᠠ ᠶᠢᠨ ᠰᠠᠭᠤᠷᠢ ᠪᠠᠷᠢᠯᠭ᠎ᠠ᠂ ᠥᠷᠥᠮᠳᠡᠨ ᠬᠠᠶᠢᠬᠤ᠂ ᠰᠢᠪᠠᠷ ᠴᠢᠳᠬᠤᠬᠤ᠂ ᠪᠧᠲ᠋ᠤᠨ ᠰᠦᠷᠴᠢᠬᠦ  ᠂ ᠭᠠᠵᠠᠷ ᠳᠣᠣᠷ᠎ᠠ ᠲᠤᠯᠵᠤ ᠣᠷᠣᠬᠤ ᠠᠵᠢᠯ᠃ ᡾      ︵ᠭᠤᠷᠪᠠ︶ ᠬᠤᠭᠤᠯᠠᠶ ᠤᠲᠠᠰᠤ ᠲᠡᠪᠢᠰᠬᠦ ᠪᠤᠶᠤ ᠡᠯᠭᠦᠬᠦ᠂ ᠳᠡᠭᠦᠵᠢᠯᠡᠵᠦ ᠤᠭᠰᠠᠷᠠᠬᠤ ᠵᠡᠷᠭᠡ ᠲᠡᠭᠦᠵᠢᠩ ᠠᠵᠢᠯ᠃      ︵ᠲᠦᠷᠪᠡ︶ ᠰᠢᠷᠣᠶ ᠠᠪᠬᠤ᠂ ᠴᠢᠯᠠᠭᠤ ᠭᠠᠷᠭᠠᠬᠤ᠂ ᠡᠯᠡᠰᠦ ᠮᠠᠯᠲᠠᠬᠤ᠂ ᠭᠤᠤᠯ ᠤᠨ ᠵᠡᠮ ᠢ ᠯᠠᠶᠢᠳᠠᠬᠤ᠃      ︵ᠲᠠᠪᠤ︶ ᠪᠠᠷᠢᠯᠭ᠎ᠠ ᠶᠢᠨ ᠠᠴᠢᠶ᠎ᠠ ᠶᠢ ᠶᠡᠭᠡ ᠬᠡᠪᠴᠢᠶ᠎ᠡ ᠪᠠᠷ ᠨᠡᠮᠡᠭᠳᠡᠭᠦᠯᠬᠦ ᠪᠤᠶᠤ ᠪᠠᠭᠠᠰᠬᠠᠬᠤ ᠠᠵᠢᠯᠯᠠᠭ᠎ᠠ᠃      ︵ᠵᠢᠷᠭᠤᠭ᠎ᠠ︶ ᠴᠠᠬᠢᠯᠭᠠᠨ ᠢᠶᠠᠷ ᠭᠠᠩᠨᠠᠬᠤ᠂ ᠬᠡᠢ ᠪᠠᠷ ᠭᠠᠩᠨᠠᠬᠤ ᠪᠠ ᠢᠯᠡ ᠭᠠᠯ ᠬᠡᠷᠡᠭᠯᠡᠬᠦ ᠵᠡᠷᠭᠡ ᠭᠠᠯ ᠤᠨ ᠠᠶᠤᠯ ᠲᠠᠢ ᠠᠵᠢᠯ᠃      ︵ᠲᠤᠯᠤᠭ᠎ᠠ︶ ᠬᠤᠳᠠ ᠶᠢᠨ ᠵᠢᠮᠳᠤ ᠵᠠᠮ ᠬᠠᠷᠢᠯᠴᠠᠭᠠᠨ ᠤ ᠪᠡᠯᠡᠳᠭᠡᠮᠵᠢ ᠶᠢ ᠰᠢᠯᠵᠢᠭᠦᠯᠬᠦ᠂ ᠨᠤᠷᠠᠭᠠᠬᠤ ᠪᠤᠶᠤ ᠨᠡᠭᠦᠯᠭᠡᠬᠦ ᠴᠢᠬᠤᠯᠠᠲᠠᠶ ᠠᠵᠢᠯ᠃      ︵ᠨᠠᠢᠮᠠ︶ ᠬᠤᠳᠠ ᠶᠢᠨ ᠵᠢᠮᠳᠤ ᠵᠠᠮ ᠬᠠᠷᠢᠯᠴᠠᠭ᠎ᠠ ᠳᠤ ᠬᠤᠤᠷ ᠬᠥᠨᠥᠭᠡᠯ ᠤᠴᠠᠷᠠᠭᠤᠯᠵᠤ ᠮᠡᠳᠡᠬᠦ ᠪᠤᠰᠤᠳ ᠠᠵᠢᠯ᠃      ᠬᠤᠷᠢᠨ ᠨᠢᠭᠡᠳᠦᠭᠡᠷ ᠵᠦᠢᠯ ᠡᠵᠡᠩᠨᠡᠯᠲᠡ ᠶᠢᠨ ᠨᠢᠭᠡᠴᠡ ᠠᠵᠢᠯ ᠤᠨ ᠠᠬᠤᠢ ᠲᠠᠯᠠᠪᠠᠢ ᠳᠤ ᠣᠷᠣᠵᠤ ᠲᠣᠭᠤᠷᠢᠨ ᠪᠠᠶᠢᠴᠠᠭᠠᠵᠤ᠂ ᠬᠤᠳᠠ ᠶᠢᠨ ᠵᠢᠮᠳᠤ ᠵᠠᠮ ᠬᠠᠷᠢᠯᠴᠠᠭᠠᠨ ᠤ ᠡᠵᠡᠩᠨᠡᠯᠲᠡ ᠶᠢᠨ ᠠᠮᠤᠷ ᠲᠦᠪᠰᠢᠨ ᠳᠤ ᠠᠶᠤᠯ ᠪᠤᠯᠬᠤ ᠪᠣᠶᠤ ᠠᠶᠤᠯ ᠬᠥᠨᠥᠭᠡᠯ ᠤᠴᠠᠷᠠᠭᠤᠯᠵᠤ ᠮᠡᠳᠡᠬᠦ ᠪᠠᠶᠢᠳᠠᠯ ᠢ ᠣᠯᠵᠤ ᠮᠡᠳᠡᠪᠡᠯ᠂ ᠡᠵᠡᠩᠨᠡᠯᠲᠡ ᠶᠢᠨ ᠨᠢᠭᠡᠴᠡ ᠬᠤᠷᠢᠭᠯᠠᠨ ᠵᠤᠭᠰᠤᠭᠠᠬᠤ ᠶᠢᠨ ᠬᠠᠮᠳᠤ ᠬᠤᠯᠪᠣᠭᠳᠠᠯ ᠪᠦᠬᠦᠢ ᠬᠠᠷᠢᠭᠤᠴᠠᠯᠭᠠᠲᠤ ᠨᠢᠭᠡᠴᠡ ᠪᠤᠶᠤ ᠬᠤᠪᠢ ᠬᠥᠮᠦᠨ ᠢ ᠠᠷᠭ᠎ᠠ ᠬᠡᠮᠵᠢᠶ᠎ᠡ ᠠᠪᠴᠤ ᠬᠠᠷᠰᠢ ᠰᠠᠭᠠᠳ ᠢ ᠠᠷᠢᠯᠭᠠᠬᠤ ᠶᠢ ᠱᠠᠭᠠᠷᠳᠠᠬᠤ ᠡᠷᠬᠡ ᠲᠠᠢ᠃ ᠬᠤᠭᠤᠴᠠᠭ᠎ᠠ ᠬᠡᠲᠦᠷᠡᠲᠡᠯ᠎ᠡ ᠵᠠᠯᠠᠷᠠᠭᠤᠯᠤᠭᠰᠠᠨ ᠦᠭᠡᠢ ᠪᠠᠶᠢᠪᠠᠯ᠂ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠴᠠᠭ ᠲᠤᠬᠠᠶ ᠳᠤᠨᠢ ᠮᠡᠳᠡᠭᠦᠯᠬᠦ ᠬᠡᠷᠡᠭᠲᠡᠶ᠃      ᠬᠤᠷᠢᠨ ᠬᠤᠶᠠᠳᠤᠭᠠᠷ ᠵᠦᠢᠯ ᠬᠤᠲᠠ ᠶᠢᠨ ᠵᠢᠮᠲᠦ ᠵᠠᠮ ᠬᠠᠷᠢᠯᠴᠠᠭᠠᠨ ᠤ ᠬᠠᠮᠠᠭᠠᠯᠠᠯᠲᠠ ᠶᠢᠨ ᠣᠷᠣᠨ ᠤ ᠲᠤᠳᠤᠷ᠎ᠠ ᠳᠡᠪᠢᠰᠦᠭᠰᠡᠨ ᠭᠠᠵᠠᠷ ᠳᠣᠣᠷᠠᠬᠢ ᠬᠤᠭᠤᠯᠠᠶ ᠱᠤᠭᠤᠮ ᠤᠨ ᠥᠮᠴᠢᠯᠡᠭᠴᠢ ᠪᠤᠶᠤ ᠬᠠᠮᠢᠶᠠᠷᠤᠭᠴᠢ ᠨᠢ ᠬᠤᠭᠤᠯᠠᠶ ᠱᠤᠭᠤᠮ ᠢ ᠲᠣᠭᠲᠠᠮᠠᠯ ᠬᠤᠭᠤᠴᠠᠭ᠎ᠠ ᠲᠠᠢ ᠪᠠᠷ ᠲᠤᠭᠤᠷᠢᠨ ᠪᠠᠶᠢᠴᠠᠭᠠᠬᠤ ᠪᠠ ᠬᠠᠮᠠᠭᠠᠯᠠᠬᠤ ᠶᠢᠨ ᠬᠠᠮᠲᠤ ᠡᠵᠡᠩᠨᠡᠯᠲᠡ ᠶᠢᠨ ᠨᠢᠭᠡᠴᠡ ᠲᠠᠢ ᠬᠤᠭᠤᠯᠠᠶ ᠱᠤᠭᠤᠮ ᠤᠨ ᠦᠨᠳᠦᠰᠦᠨ ᠮᠡᠳᠡᠭᠡ ᠵᠠᠩᠭᠢ ᠶᠢ ᠬᠠᠮᠲᠤ ᠪᠠᠷ ᠡᠳ᠋ᠯᠡᠬᠦ ᠪᠠ ᠠᠵᠢᠯᠯᠠᠭᠠᠨ ᠤ ᠪᠠᠶᠢᠳᠠᠯ ᠢ ᠮᠡᠳᠡᠭᠳᠡᠬᠦ ᠲᠦᠷᠢᠮ ᠢ ᠪᠠᠶᠢᠭᠤᠯᠬᠤ ᠬᠡᠷᠡᠭᠲᠡᠢ᠃      ᠬᠤᠷᠢᠨ ᠭᠤᠷᠪᠠᠳᠤᠭᠠᠷ ᠵᠦᠢᠯ ᠶᠠᠮᠠᠷᠪᠠ ᠨᠢᠭᠡᠴᠡ ᠪᠣᠯᠤᠨ ᠬᠤᠪᠢ ᠬᠥᠮᠦᠨ ᠵᠠᠮ ᠱᠤᠭᠤᠮ ᠤᠨ ᠬᠥᠭᠦᠷᠭᠡ ᠶᠢᠨ ᠲᠤᠤᠷᠠᠬᠢ ᠣᠷᠣᠨ ᠵᠠᠶ ᠶᠢ ᠬᠡᠷᠡᠭᠯᠡᠬᠦ ᠳᠡᠭᠡᠨ ᠬᠤᠲᠠ ᠶᠢᠨ ᠵᠢᠮᠲᠦ ᠵᠠᠮ ᠬᠠᠷᠢᠯᠴᠠᠭᠠᠨ ᠤ ᠡᠵᠡᠩᠨᠡᠯᠲᠡ ᠶᠢᠨ ᠠᠮᠤᠷ ᠲᠥᠪᠰᠢᠨ ᠢ ᠬᠤᠬᠢᠷᠠᠭᠤᠯᠵᠤ ᠪᠣᠯᠬᠤ ᠦᠭᠡᠶ᠂ ᠡᠭᠦᠨ ᠤ ᠬᠠᠮᠲᠤ ᠥᠨᠳᠥᠷ ᠵᠢᠶᠠᠰᠠ ᠲᠠᠢ ᠵᠠᠮ ᠱᠤᠭᠤᠮ ᠤᠨ ᠬᠥᠭᠦᠷᠭᠡ ᠶᠢᠨ ᠪᠡᠯᠡᠳᠬᠡᠮᠵᠢ ᠶᠢ ᠡᠳᠦᠷ ᠲᠤᠲᠤᠮ ᠪᠠᠶᠢᠴᠠᠭᠠᠬᠤ᠂ ᠪᠠᠶᠢᠴᠠᠭᠠᠨ ᠬᠡᠮᠵᠢᠬᠦ᠂ ᠬᠢᠨᠠᠨ ᠬᠡᠮᠵᠢᠬᠦ ᠪᠠ ᠠᠷᠠᠴᠢᠯᠠᠨ ᠬᠠᠮᠠᠭᠠᠯᠠᠵᠤ ᠰᠡᠯᠪᠢᠨ ᠵᠠᠰᠠᠬᠤ ᠨᠥᠬᠦᠴᠡᠯ ᠢ ᠤᠷᠢᠳᠴᠢᠯᠠᠨ ᠦᠯᠡᠳᠡᠭᠡᠬᠦ ᠬᠡᠷᠡᠭᠲᠡᠶ᠃      ᠬᠤᠷᠢᠨ ᠳᠥᠷᠪᠡᠳᠦᠭᠡᠷ ᠵᠦᠢᠯ ᠭᠠᠵᠠᠷ ᠳᠡᠭᠡᠷᠡᠬᠢ᠂ ᠥᠨᠳᠥᠷ ᠵᠢᠶᠠᠰᠠ ᠲᠠᠢ ᠵᠠᠮ ᠳᠠᠭᠠᠤ ᠪᠠᠷᠢᠯᠭ᠎ᠠ ᠪᠤᠶᠤ ᠤᠷᠭᠤᠮᠠᠯ ᠲᠡᠷᠭᠡᠨ ᠠᠴᠠ ᠬᠠᠷᠠᠬᠤ ᠶᠢ ᠬᠠᠷᠰᠢᠯᠠᠵᠤ ᠪᠣᠯᠬᠤ ᠦᠭᠡᠢ᠂ ᠬᠤᠲᠠ ᠶᠢᠨ ᠵᠢᠮᠲᠦ ᠵᠠᠮ ᠬᠠᠷᠢᠯᠴᠠᠭᠠᠨ ᠤ ᠱᠤᠭᠤᠮ ᠤᠨ ᠬᠢᠵᠠᠭᠠᠷ ᠲᠤ ᠲᠦᠷᠢᠨ ᠣᠷᠣᠵᠤ ᠪᠣᠯᠬᠤ ᠦᠭᠡᠢ᠃ ᠵᠠᠮ ᠳᠠᠭᠠᠤ ᠪᠠᠷᠢᠯᠭ᠎ᠠ ︵ᠪᠠᠷᠢᠮᠠᠯ︶᠂ ᠤᠷᠭᠤᠮᠠᠯ ᠨᠢ ᠲᠡᠷᠭᠡᠨ ᠠᠴᠠ ᠬᠠᠷᠠᠬᠤ ᠶᠢ ᠬᠠᠷᠰᠢᠯᠠᠬᠤ ᠪᠤᠶᠤ ᠵᠠᠮ ᠱᠤᠭᠤᠮ ᠤᠨ ᠬᠢᠵᠠᠭᠠᠷ ᠲᠤ ᠲᠦᠷᠢᠨ ᠤᠷᠤᠬᠤ ᠪᠤᠯᠤᠯᠴᠠᠭ᠎ᠠ ᠲᠠᠢ ᠪᠣᠯ ᠬᠠᠷᠢᠭᠤᠴᠠᠯᠭᠠᠲᠤ ᠨᠢᠭᠡᠴᠡ ᠴᠠᠭ ᠲᠤᠬᠠᠶ ᠳᠤᠨᠢ ᠠᠷᠭ᠎ᠠ ᠬᠡᠮᠵᠢᠶ᠎ᠡ ᠠᠪᠴᠤ ᠨᠥᠯᠥᠭᠡ ᠶᠢ ᠠᠷᠢᠯᠭᠠᠬᠤ ᠬᠡᠷᠡᠭᠲᠡᠶ᠃ ᠬᠠᠷᠢᠭᠤᠴᠠᠯᠭᠠᠲᠤ ᠨᠢᠭᠡᠴᠡ ᠨᠥᠯᠥᠭᠡ ᠶᠢ ᠠᠷᠢᠯᠭᠠᠵᠤ ᠴᠢᠳᠠᠬᠤ ᠦᠭᠡᠢ᠂ ᠬᠤᠲᠠ ᠶᠢᠨ ᠵᠢᠮᠲᠦ ᠵᠠᠮ ᠬᠠᠷᠢᠯᠴᠠᠭᠠᠨ ᠤ ᠡᠵᠡᠩᠨᠡᠯᠲᠡ ᠶᠢᠨ ᠠᠮᠤᠷ ᠲᠦᠪᠰᠢᠨ ᠳᠤ ᠠᠶᠤᠯ ᠪᠤᠯᠵᠤ᠂ ᠪᠠᠶᠢᠳᠠᠯ ᠪᠠᠴᠢᠮ ᠪᠠᠶᠢᠪᠠᠯ᠂ ᠡᠵᠡᠩᠨᠡᠯᠲᠡ ᠶᠢᠨ ᠨᠢᠭᠡᠴᠡ ᠤᠷᠢᠳᠠᠪᠠᠷ ᠰᠢᠢᠳᠪᠦᠷᠢᠯᠡᠵᠦ ᠪᠣᠯᠬᠤ ᠪᠦᠭᠡᠳ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠴᠠᠭ ᠲᠤᠬᠠᠶ ᠳᠤᠨᠢ ᠮᠡᠳᠡᠭᠦᠯᠵᠦ ᠬᠠᠤᠯᠢ ᠶᠣᠰᠣᠭᠠᠷ ᠰᠢᠢᠳᠪᠦᠷᠢᠯᠡᠭᠦᠯᠦᠨ᠎ᠡ᠃      ᠬᠤᠷᠢᠨ ᠲᠠᠪᠤᠳᠤᠭᠠᠷ ᠵᠦᠢᠯ ᠡᠵᠡᠩᠨᠡᠯᠲᠡ ᠶᠢᠨ ᠨᠢᠭᠡᠴᠡ ᠬᠤᠲᠠ ᠶᠢᠨ ᠵᠢᠮᠲᠦ ᠵᠠᠮ ᠬᠠᠷᠢᠯᠴᠠᠭᠠᠨ ᠤ ᠣᠶᠤᠨᠴᠢ ᠬᠠᠮᠢᠶᠠᠷᠤᠯᠲᠠ ᠶᠢᠨ ᠰᠢᠰᠲ᠋ᠧᠮᠵᠢ ᠶᠢ ᠪᠠᠶᠢᠭᠤᠯᠵᠤ᠂ ᠪᠣᠢ ᠪᠦᠬᠦᠢ ᠡᠵᠡᠩᠨᠡᠯᠲᠡ ᠶᠢᠨ ᠶᠠᠪᠤᠴᠠ᠂ ᠣᠷᠣᠨ ᠪᠦᠰᠡ ᠪᠠ ᠵᠠᠩᠭᠢᠯᠠᠭ᠎ᠠ ᠶᠢᠨ ᠪᠡᠯᠡᠳᠬᠡᠮᠵᠢ ᠲᠥᠬᠦᠭᠡᠷᠦᠮᠵᠢ ᠶᠢ ᠬᠢᠨᠠᠨ ᠬᠠᠮᠢᠶᠠᠷᠴᠤ᠂ ᠠᠵᠢᠯᠯᠠᠭᠠᠨ ᠢ ᠡᠵᠡᠮᠳᠡᠬᠦ᠂ ᠵᠠᠩᠭᠢᠯᠠᠭ᠎ᠠ ᠶᠢᠨ ᠪᠡᠯᠡᠳᠬᠡᠮᠵᠢ ᠪᠠ ᠵᠠᠩᠭᠢᠯᠠᠭ᠎ᠠ ᠶᠢᠨ ᠬᠡᠰᠡᠭ ᠢ ᠬᠢᠨᠠᠨ ᠬᠡᠮᠵᠢᠬᠦ᠂ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠪᠠ ᠳᠠᠯᠳᠠ ᠭᠡᠮ ᠢ ᠵᠢᠭᠰᠠᠭᠠᠨ ᠪᠠᠶᠢᠴᠠᠭᠠᠬᠤ᠂ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ᠂ ᠠᠮᠤᠷ ᠲᠦᠪᠰᠢᠨ ᠢ ᠬᠢᠨᠠᠨ ᠡᠵᠡᠮᠳᠡᠬᠦ ᠵᠡᠷᠭᠡ ᠴᠢᠳᠠᠮᠵᠢ ᠶᠢ ᠪᠦᠷᠢᠯᠳᠦᠭᠦᠯᠬᠦ ᠬᠡᠷᠡᠭᠲᠡᠶ᠂ ᠡᠵᠡᠩᠨᠡᠯᠲᠡ ᠶᠢᠨ ᠨᠢᠭᠡᠴᠡ ᠪᠣᠯᠤᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠬᠤᠭᠤᠷᠤᠨᠳᠤ ᠪᠠᠨ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ ᠶᠢ ᠪᠡᠶᠡᠯᠡᠭᠦᠯᠬᠦ ᠬᠡᠷᠡᠭᠲᠡᠶ᠃      ᠬᠤᠷᠢᠨ ᠵᠢᠷᠭᠤᠳᠤᠭᠠᠷ ᠵᠦᠢᠯ ᠡᠵᠡᠩᠨᠡᠯᠲᠡ ᠶᠢᠨ ᠨᠢᠭᠡᠴᠡ ᠰᠦᠯᠵᠢᠶᠡᠨ ᠤ ᠠᠮᠤᠷ ᠲᠦᠪᠰᠢᠨ ᠤ ᠬᠠᠮᠢᠶᠠᠷᠤᠯᠲᠠ ᠶᠢᠨ ᠳᠦᠷᠢᠮ ᠢ ᠪᠠᠶᠢᠭᠤᠯᠵᠤ᠂ ᠰᠦᠯᠵᠢᠶᠡᠨ ᠤ ᠠᠮᠤᠷ ᠲᠦᠪᠰᠢᠨ ᠤ ᠬᠠᠮᠢᠶ᠎ᠠ ᠪᠦᠬᠦᠢ ᠲᠣᠭᠲᠠᠭᠠᠯ ᠪᠣᠯᠤᠨ ᠳᠡᠰ ᠵᠡᠷᠭᠡ ᠪᠠᠷ ᠬᠠᠮᠠᠭᠠᠯᠠᠬᠤ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠭᠠᠯᠲᠤ ᠲᠡᠷᠭᠡᠨ ᠤ ᠠᠶᠠᠯᠠᠯ ᠢ ᠡᠵᠡᠮᠳᠡᠬᠦ ᠵᠡᠷᠭᠡ ᠵᠠᠩᠭᠢᠯᠠᠭ᠎ᠠ ᠶᠢᠨ ᠰᠢᠰᠲ᠋ᠧᠮ ᠤᠨ ᠮᠡᠳᠡᠭᠡ ᠵᠠᠩᠭᠢ ᠶᠢᠨ ᠠᠮᠤᠷ ᠲᠦᠪᠰᠢᠨ ᠤ ᠬᠠᠮᠠᠭᠠᠯᠠᠯᠲᠠ ᠶᠢ ᠴᠢᠩᠭᠠᠳᠬᠠᠬᠤ ᠬᠡᠷᠡᠭᠲᠡᠢ᠃      ᠬᠤᠷᠢᠨ ᠳᠣᠯᠣᠳᠤᠭᠠᠷ ᠵᠦᠢᠯ ᠡᠵᠡᠩᠨᠡᠯᠲᠡ ᠶᠢᠨ ᠨᠢᠭᠡᠴᠡ ᠨᠢ ᠡᠵᠡᠩᠨᠡᠯᠲᠡ ᠶᠢᠨ ᠬᠡᠷᠡᠭᠴᠡᠭᠡ ᠱᠠᠭᠠᠷᠳᠠᠯᠭ᠎ᠠ ᠶᠢ ᠬᠠᠩᠭᠠᠬᠤ ᠠᠵᠢᠯᠯᠠᠬᠤ ᠬᠦᠮᠦᠨ ᠲᠣᠬᠢᠷᠠᠭᠤᠯᠵᠤ᠂ ᠬᠤᠯᠪᠤᠭᠳᠠᠯ ᠪᠦᠬᠦᠢ ᠪᠠᠷᠢᠮᠵᠢᠶ᠎ᠠ ᠶᠣᠰᠣᠭᠠᠷ ᠠᠮᠤᠷ ᠲᠦᠪᠰᠢᠨ ᠪᠣᠯᠤᠨ ᠮᠡᠷᠭᠡᠵᠢᠯ ᠤᠨ ᠴᠢᠳᠠᠪᠤᠷᠢ ᠶᠢᠨ ᠪᠣᠯᠪᠠᠰᠤᠷᠠᠭᠤᠯᠤᠯ ᠬᠥᠮᠦᠵᠢᠯ ᠬᠢᠬᠦ ᠶᠢᠨ ᠬᠠᠮᠲᠤ ᠬᠤᠲᠠ ᠶᠢᠨ ᠵᠢᠮᠲᠦ ᠵᠠᠮ ᠬᠠᠷᠢᠯᠴᠠᠭᠠᠨ ᠤ ᠭᠠᠯᠲᠤ ᠲᠡᠷᠭᠡᠨ ᠤ ᠵᠢᠯᠣᠭᠤᠴᠢ᠂ ᠲᠡᠷᠭᠡ ᠲᠣᠬᠢᠷᠠᠭᠤᠯᠤᠭᠴᠢ᠂ ᠲᠡᠷᠭᠡᠨ ᠤ ᠵᠢᠵᠢᠭᠦᠷᠯᠡᠭᠴᠢ᠂ ᠳᠣᠬᠢᠶᠠᠨ ᠤ ᠠᠵᠢᠯᠴᠢᠨ᠂ ᠴᠢᠮᠡᠭᠡ ᠬᠤᠯᠪᠣᠭᠠᠨ ᠤ ᠠᠵᠢᠯᠴᠢᠨ ᠵᠡᠷᠭᠡ ᠭᠤᠤᠯᠳᠠᠯᠭ᠎ᠠ ᠲᠠᠢ ᠠᠵᠢᠯ ᠤᠨ ᠪᠠᠶᠢᠷᠢ ᠶᠢᠨ ᠠᠵᠢᠯᠲᠠᠨ ᠢ ᠬᠢᠨᠠᠨ ᠰᠢᠯᠭᠠᠵᠤ᠂ ᠬᠢᠨᠠᠨ ᠰᠢᠯᠭᠠᠭᠠᠳ ᠬᠢᠷᠢ ᠲᠡᠩᠴᠡᠭᠰᠡᠨ ᠦᠭᠡᠢ ᠪᠣᠯ ᠬᠠᠷᠠᠭᠠᠯᠵᠠᠭᠰᠠᠨ ᠠᠵᠢᠯ ᠤᠨ ᠪᠠᠶᠢᠷᠢ ᠶᠢᠨ ᠠᠵᠢᠯ ᠢ ᠬᠢᠵᠦ ᠪᠣᠯᠬᠤ ᠦᠭᠡᠢ᠃ ᠡᠵᠡᠩᠨᠡᠯᠲᠡ ᠶᠢᠨ ᠨᠢᠭᠡᠴᠡ ᠭᠤᠤᠯᠳᠠᠯᠭ᠎ᠠ ᠲᠠᠢ ᠠᠵᠢᠯ ᠤᠨ ᠪᠠᠶᠢᠷᠢ ᠶᠢᠨ ᠠᠵᠢᠯᠲᠠᠨ ᠳᠤ ᠠᠮᠤᠷ ᠲᠦᠪᠰᠢᠨ ᠤ  ᠴᠠᠭᠠᠨᠠᠬᠢ ᠪᠠᠶᠢᠳᠠᠯ ᠳᠤ ᠬᠢᠨᠠᠨ ᠪᠠᠶᠢᠴᠠᠭᠠᠯᠲᠠ ᠬᠢᠬᠦ ᠬᠡᠷᠡᠭᠲᠡᠶ᠃      ᠬᠤᠲᠠ ᠶᠢᠨ ᠵᠢᠮᠲᠦ ᠵᠠᠮ ᠬᠠᠷᠢᠯᠴᠠᠭᠠᠨ ᠤ ᠭᠠᠯᠲᠤ ᠲᠡᠷᠭᠡᠨ ᠤ ᠵᠢᠯᠣᠭᠤᠴᠢ ᠬᠠᠤᠯᠢ ᠴᠠᠭᠠᠵᠠ ᠬᠠᠤᠯᠢ ᠲᠤᠭᠲᠠᠭᠠᠯ ᠤᠨ ᠲᠣᠭᠲᠠᠭᠠᠯ ᠶᠤᠰᠤᠭᠠᠷ ᠵᠢᠯᠣᠭᠤᠴᠢ ᠶᠢᠨ ᠠᠵᠢᠯ ᠳᠤ ᠭᠠᠷᠬᠤ ᠶᠢ ᠵᠦᠪᠰᠢᠶᠡᠷᠡᠭᠰᠡᠨ ᠬᠢᠷᠢ ᠬᠡᠮ ᠢ ᠣᠯᠤᠭᠰᠠᠨ ᠪᠠᠶᠢᠬᠤ ᠬᠡᠷᠡᠭᠲᠡᠶ᠃      ᠡᠵᠡᠩᠨᠡᠯᠲᠡ ᠶᠢᠨ ᠨᠢᠭᠡᠴᠡ ᠨᠢ ᠭᠠᠯᠲᠤ ᠲᠡᠷᠭᠡᠨ ᠤ ᠵᠢᠯᠣᠭᠤᠴᠢ ᠳᠤ ᠲᠣᠭᠲᠠᠮᠠᠯ ᠬᠤᠭᠤᠴᠠᠭ᠎ᠠ ᠲᠠᠢ ᠪᠠᠷ ᠰᠡᠳᠬᠢᠴᠡ ᠶᠢᠨ ᠰᠢᠯᠭᠠᠯᠲᠠ ᠬᠢᠵᠦ᠂ ᠱᠠᠭᠠᠷᠳᠠᠯᠭ᠎ᠠ ᠳᠤ ᠨᠡᠶᠢᠴᠡᠬᠦ ᠦᠭᠡᠢ ᠪᠣᠯ ᠴᠠᠭ ᠲᠤᠬᠠᠶ ᠳᠤᠨᠢ ᠠᠵᠢᠯ ᠤᠨ ᠪᠠᠶᠢᠷᠢ ᠳᠤᠨᠢ ᠲᠣᠬᠢᠷᠠᠭᠤᠯᠤᠯᠲᠠ ᠬᠢᠬᠦ ᠬᠡᠷᠡᠭᠲᠡᠶ᠃      ᠬᠤᠷᠢᠨ ᠨᠠᠢᠮᠠᠳᠤᠭᠠᠷ ᠵᠦᠢᠯ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠨᠢ ᠡᠵᠡᠩᠨᠡᠯᠲᠡ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠠᠵᠢᠯ ᠤᠨ ᠡᠳᠦᠷ ᠲᠤᠲᠤᠮ ᠤᠨ ᠬᠢᠨᠠᠯᠲᠠ ᠪᠠᠶᠢᠴᠠᠭᠠᠯᠲᠠ ᠪᠠᠨ ᠴᠢᠩᠭᠠᠳᠬᠠᠵᠤ᠂ ᠬᠤᠲᠠ ᠶᠢᠨ ᠵᠢᠮᠲᠦ ᠵᠠᠮ ᠬᠠᠷᠢᠯᠴᠠᠭᠠᠨ ᠤ ᠡᠵᠡᠩᠨᠡᠯᠲᠡ ᠶᠢᠨ ᠠᠮᠤᠷ ᠲᠦᠪᠰᠢᠨ ᠤ ᠭᠤᠷᠪᠠᠳᠠᠬᠢ ᠡᠲᠡᠭᠡᠳ ᠤᠨ ᠦᠨᠡᠯᠡᠨ ᠵᠢᠱᠢᠬᠦ ᠳᠦᠷᠢᠮ ᠢ ᠪᠠᠶᠢᠭᠤᠯᠵᠤ᠂ 3 ᠵᠢᠯ ᠳᠤ ᠨᠢᠭᠡ ᠤᠳᠠᠭᠠᠨ ᠤ ᠡᠵᠡᠩᠨᠡᠯᠲᠡ ᠶᠢᠨ ᠠᠮᠤᠷ ᠲᠦᠪᠰᠢᠨ ᠤ ᠭᠤᠷᠪᠠᠳᠡᠬᠢ ᠡᠲᠡᠭᠡᠳ ᠤᠨ ᠦᠨᠡᠯᠡᠨ ᠵᠢᠱᠢᠯᠲᠡ ᠶᠢ ᠵᠣᠬᠢᠶᠠᠨ ᠪᠠᠶᠢᠭᠤᠯᠤᠨ ᠥᠷᠨᠢᠭᠦᠯᠬᠦ ᠬᠡᠷᠡᠭᠲᠡᠢ᠃ ᠡᠵᠡᠩᠨᠡᠯᠲᠡ ᠶᠢᠨ ᠨᠢᠭᠡᠴᠡ ᠨᠢ ᠵᠢᠯ ᠳᠤ ᠨᠢᠭᠡ ᠤᠳᠠᠭ᠎ᠠ ᠡᠵᠡᠩᠨᠡᠯᠲᠡ ᠶᠢᠨ ᠠᠮᠤᠷ ᠲᠦᠪᠰᠢᠨ ᠤ ᠦᠪᠡᠷ ᠤᠨ ᠦᠨᠡᠯᠡᠨ ᠵᠢᠱᠢᠯᠲᠡ ᠬᠢᠬᠦ ᠬᠡᠷᠡᠭᠲᠡᠶ᠃      ᠬᠤᠲᠠ ᠶᠢᠨ ᠳᠣᠲᠣᠭᠠᠳᠤ ᠶᠢ ᠬᠠᠮᠠᠭᠠᠯᠠᠬᠤ ᠰᠠᠯᠠᠭ᠎ᠠ ᠮᠥᠴᠢᠷ ᠰᠦᠷᠳᠡᠭᠦᠯᠦᠯ ᠢ ᠡᠰᠡᠷᠭᠦᠴᠡᠬᠦ ᠰᠡᠷᠭᠡᠶᠢᠯᠡᠯᠲᠡ᠂ ᠠᠮᠤᠷ ᠲᠦᠪᠰᠢᠨ ᠤ ᠪᠠᠶᠢᠴᠠᠭᠠᠯᠲᠠ᠂ ᠠᠮᠤᠷ ᠢ ᠬᠠᠮᠠᠭᠠᠯᠠᠬᠤ ᠰᠡᠷᠭᠡᠶᠢᠯᠡᠯᠲᠡ ᠵᠡᠷᠭᠡ ᠣᠯᠠᠨ ᠨᠡᠶᠢᠲᠡ ᠶᠢᠨ ᠠᠮᠤᠷ ᠲᠥᠪᠰᠢᠨ ᠤ ᠬᠠᠮᠢᠶᠠᠷᠤᠯᠲᠠ ᠶᠢᠨ ᠲᠠᠯ᠎ᠠ ᠪᠠᠷ ᠬᠢ ᠳᠦᠷᠢᠮ ᠤᠨ ᠪᠠᠶᠢᠭᠤᠯᠤᠯᠲᠠ ᠵᠢᠴᠢ ᠬᠢᠨᠠᠯᠲᠠ ᠪᠠᠶᠢᠴᠠᠭᠠᠯᠲᠠ ᠪᠠᠨ ᠴᠢᠩᠭᠠᠳᠬᠠᠬᠤ ᠬᠡᠷᠡᠭᠲᠡᠢ᠃      ᠬᠤᠷᠢ ᠶᠢᠰᠦᠳᠦᠭᠡᠷ ᠵᠦᠢᠯ ᠡᠵᠡᠩᠨᠡᠯᠲᠡ ᠶᠢᠨ ᠨᠢᠭᠡᠴᠡ ᠨᠢ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠭᠰᠡᠨ ᠬᠤᠲᠠ ᠶᠢᠨ ᠵᠢᠮᠲᠦ ᠵᠠᠮ ᠬᠠᠷᠢᠯᠴᠠᠭᠠᠨ ᠤ ᠠᠮᠤᠷ ᠲᠦᠪᠰᠢᠨ ᠤ ᠪᠠᠶᠢᠴᠠᠭᠠᠯᠲᠠ ᠶᠢᠨ ᠮᠡᠳᠡᠭᠡ ᠵᠠᠩᠭᠢᠵᠢᠭᠰᠠᠨ ᠰᠢᠰᠲ᠋ᠧᠮ ᠢ ᠪᠠᠶᠢᠭᠤᠯᠵᠤ᠂ ᠬᠤᠲᠠ ᠶᠢᠨ ᠵᠢᠮᠳᠤ ᠵᠠᠮ ᠬᠠᠷᠢᠯᠴᠠᠭᠠᠨ ᠤ ᠲᠠᠯᠠᠪᠤᠷ ᠥᠷᠲᠡᠭᠡ ᠳᠤ ᠣᠷᠣᠬᠤ ᠬᠦᠮᠦᠨ᠂ ᠡᠳ᠋ ᠪᠣᠳᠠᠰ ᠲᠤ ᠬᠠᠤᠯᠢ ᠶᠤᠰᠤᠭᠠᠷ ᠠᠮᠤᠷ ᠲᠦᠪᠰᠢᠨ ᠤ ᠪᠠᠶᠢᠴᠠᠭᠠᠯᠲᠠ ᠬᠢᠬᠦ ᠬᠡᠷᠡᠭᠲᠡᠶ᠃ ᠠᠮᠤᠷ ᠲᠦᠪᠰᠢᠨ ᠤ ᠪᠠᠶᠢᠴᠠᠭᠠᠯᠲᠠ ᠶᠢ ᠬᠦᠯᠢᠶᠡᠬᠦ ᠦᠭᠡᠢ ᠪᠠᠶᠢᠪᠠᠯ᠂ ᠠᠮᠤᠷ ᠲᠦᠪᠰᠢᠨ ᠤ ᠪᠠᠶᠢᠴᠠᠭᠠᠯᠲᠠ ᠶᠢᠨ ᠠᠵᠢᠯᠳᠠᠨ ᠲᠡᠭᠦᠨ ᠤ ᠥᠷᠲᠡᠭᠡᠨ ᠳᠤ ᠣᠷᠣᠵᠤ ᠲᠡᠷᠭᠡᠨ ᠳᠤ ᠰᠠᠭᠤᠬᠤ ᠶᠢ ᠨᠢ ᠲᠡᠪᠴᠢᠬᠦ ᠬᠡᠷᠡᠭᠲᠡᠶ᠃ ᠠᠮᠤᠷ ᠲᠦᠪᠰᠢᠨ ᠤ ᠪᠠᠶᠢᠴᠠᠭᠠᠯᠲᠠ ᠶᠢ ᠬᠦᠯᠢᠶᠡᠬᠦ ᠦᠭᠡᠢ ᠮᠥᠷᠲᠡᠭᠡᠨ ᠲᠡᠷᠭᠡᠨ ᠥᠷᠲᠡᠭᠡᠨ ᠳᠤ ᠠᠯᠪᠠ ᠪᠠᠷ ᠤᠷᠤᠭᠰᠠᠨ ᠪᠤᠶᠤ ᠲᠤᠬᠠᠶ ᠶᠢᠨ ᠲᠠᠯᠠᠪᠤᠷ ᠤᠨ ᠡᠮᠬᠢ ᠵᠢᠷᠤᠮ ᠢ ᠰᠠᠮᠠᠭᠤᠷᠠᠭᠤᠯᠤᠭᠰᠠᠨ ᠪᠣᠯ ᠠᠮᠤᠷ ᠲᠦᠪᠰᠢᠨ ᠤ ᠪᠠᠶᠢᠴᠠᠭᠠᠯᠲᠠ ᠶᠢᠨ ᠠᠵᠢᠯᠳᠠᠨ ᠬᠤᠷᠢᠭᠯᠠᠨ ᠵᠣᠭᠰᠣᠭᠠᠬᠤ ᠬᠡᠷᠡᠭᠲᠡᠶ ᠪᠥᠭᠡᠳ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠳᠤ ᠮᠡᠳᠡᠭᠦᠯᠵᠦ ᠬᠠᠤᠯᠢ ᠶᠣᠰᠣᠭᠠᠷ ᠰᠢᠢᠳᠪᠦᠷᠢᠯᠡᠭᠦᠯᠬᠦ ᠬᠡᠷᠡᠭᠲᠡᠶ᠃      ᠠᠮᠤᠷ ᠲᠦᠪᠰᠢᠨ ᠤ ᠪᠠᠶᠢᠴᠠᠭᠠᠯᠲᠠ ᠶᠢᠨ ᠰᠢᠨ᠎ᠡ ᠮᠡᠷᠭᠡᠵᠢᠯ᠂ ᠰᠢᠨ᠎ᠡ ᠦᠢᠯᠡᠳᠬᠦᠨ ᠢ ᠳᠡᠯᠭᠡᠷᠡᠭᠦᠯᠦᠨ ᠬᠡᠷᠡᠭᠯᠡᠬᠦ ᠶᠢ ᠵᠣᠷᠢᠭᠵᠢᠭᠤᠯᠵᠤ᠂ ᠠᠮᠤᠷ ᠲᠦᠪᠰᠢᠨ ᠤ ᠪᠠᠶᠢᠴᠠᠭᠠᠯᠲᠠ ᠶᠢᠨ ᠰᠢᠨ᠎ᠡ ᠬᠡᠪ ᠵᠠᠭᠪᠤᠷ ᠢ ᠬᠡᠷᠡᠭᠵᠢᠭᠦᠯᠬᠦ ᠶᠢ ᠲᠦᠯᠬᠢᠨ ᠠᠬᠢᠭᠤᠯᠵᠤ᠂  ᠠᠮᠤᠷ ᠲᠦᠪᠰᠢᠨ ᠤ ᠪᠠᠶᠢᠴᠠᠭᠠᠯᠲᠠ ᠶᠢᠨ ᠶᠠᠰᠤ ᠴᠢᠨᠠᠷ ᠪᠣᠯᠤᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃      ᠭᠤᠴᠢᠳᠤᠭᠠᠷ ᠵᠦᠢᠯ ᠬᠤᠲᠠ ᠶᠢᠨ ᠵᠢᠮᠲᠦ ᠵᠠᠮ ᠬᠠᠷᠢᠯᠴᠠᠭ᠎ᠠ ᠶᠢ ᠦᠷᠭᠦᠯᠵᠢ ᠠᠰᠢᠭᠯᠠᠳᠠᠭ ᠠᠶᠠᠨᠴᠢᠳ ᠤᠨ ᠰᠠᠶᠢᠨ ᠲᠤᠷᠠᠴᠢᠨ ᠪᠣᠯᠵᠤ᠂ ᠬᠤᠲᠠ ᠶᠢᠨ ᠵᠢᠮᠲᠦ ᠵᠠᠮ ᠬᠠᠷᠢᠯᠴᠠᠭᠠᠨ ᠤ ᠡᠵᠡᠩᠨᠡᠯᠲᠡ ᠶᠢᠨ ᠠᠮᠤᠷ ᠲᠦᠪᠰᠢᠨ ᠤ ᠠᠰᠠᠭᠤᠳᠠᠯ ᠪᠣᠯᠤᠨ ᠳᠠᠯᠳᠠ ᠭᠡᠮ ᠢ ᠴᠠᠭ ᠲᠤᠬᠠᠶ ᠳᠤᠨᠢ ᠮᠡᠳᠡᠭᠦᠯᠵᠦ᠂ ᠬᠤᠲᠠ ᠶᠢᠨ ᠵᠢᠮᠲᠦ ᠵᠠᠮ ᠬᠠᠷᠢᠯᠴᠠᠭᠠᠨ ᠤ ᠡᠵᠡᠩᠨᠡᠯᠲᠡ ᠶᠢᠨ ᠠᠮᠤᠷ ᠲᠦᠪᠰᠢᠨ ᠳᠤ ᠬᠥᠨᠥᠭᠡᠯ ᠤᠴᠠᠷᠠᠭᠤᠯᠤᠭᠰᠠᠨ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠢᠯᠡᠴᠢᠯᠡᠨ ᠮᠡᠳᠡᠭᠦᠯᠬᠦ ᠶᠢ ᠨᠢ ᠵᠣᠷᠢᠭᠵᠢᠭᠤᠯᠤᠨ᠎ᠠ᠃ ᠡᠵᠡᠩᠨᠡᠯᠲᠡ ᠶᠢᠨ ᠨᠢᠭᠡᠴᠡ ᠨᠢ ᠰᠠᠶᠢᠨ ᠲᠤᠷᠠᠴᠢᠨ ᠳᠤ ᠲᠣᠭᠲᠠᠮᠠᠯ ᠬᠤᠭᠤᠴᠠᠭ᠎ᠠ ᠲᠠᠢ ᠪᠠᠷ ᠪᠣᠯᠪᠠᠰᠤᠷᠠᠭᠤᠯᠤᠯ ᠬᠦᠷᠳᠡᠭᠡᠬᠦ ᠬᠡᠷᠡᠭᠲᠡᠶ᠃      ᠭᠤᠴᠢᠨ ᠨᠢᠭᠡᠳᠦᠭᠡᠷ ᠵᠦᠢᠯ ᠬᠤᠳᠠ ᠶᠢᠨ ᠵᠢᠮᠳᠤ ᠵᠠᠮ ᠬᠠᠷᠢᠯᠴᠠᠭᠠᠨ ᠤ ᠡᠵᠡᠩᠨᠡᠯᠲᠡ ᠶᠢᠨ ᠪᠡᠯᠡᠳᠭᠡᠮᠵᠢ ᠲᠥᠬᠦᠭᠡᠷᠦᠮᠵᠢ ᠶᠢᠨ ᠠᠮᠤᠷ ᠲᠦᠪᠰᠢᠨ ᠳᠤ ᠬᠤᠤᠷ ᠬᠥᠨᠥᠭᠡᠯ ᠤᠴᠠᠷᠠᠭᠤᠯᠬᠤ ᠳᠣᠤᠷ᠎ᠠ ᠵᠢᠭᠰᠠᠭᠠᠭᠰᠠᠨ ᠦᠢᠯᠡ ᠠᠵᠢᠯᠯᠠᠭ᠎ᠠ ᠶᠢ ᠴᠠᠭᠠᠵᠠᠯᠠᠨ᠎ᠠ᠄      ︵ᠨᠢᠭᠡ︶ ᠨᠦᠬᠡᠨ ᠵᠠᠮ᠂ ᠲᠡᠮᠦᠷ ᠵᠠᠮ᠂ ᠵᠠᠮ ᠤᠨ ᠰᠠᠭᠤᠷᠢ᠂ ᠥᠨᠳᠥᠷ ᠵᠢᠶᠠᠰᠠ᠂ ᠲᠡᠷᠭᠡᠨ ᠥᠷᠲᠡᠭᠡ᠂ ᠰᠠᠯᠬᠢ ᠨᠡᠪᠲᠡᠷᠡᠭᠦᠯᠬᠦ ᠲᠢᠩᠰᠡ᠂ ᠬᠦᠷᠦᠭᠡᠬᠦ ᠰᠤᠪᠤᠷᠭ᠎ᠠ᠂ ᠬᠦᠴᠦᠳᠡᠯ ᠥᠭᠡᠷᠡᠴᠢᠯᠡᠬᠦ ᠥᠷᠲᠡᠭᠡ᠂ ᠬᠤᠭᠤᠯᠠᠶ ᠱᠤᠭᠤᠮ᠂ ᠬᠠᠮᠠᠭᠠᠯᠠᠯᠲᠠ ᠶᠢᠨ ᠲᠣᠤᠷ ᠵᠡᠷᠭᠡ ᠪᠡᠯᠡᠳᠬᠡᠮᠵᠢ ᠶᠢ ᠡᠪᠳᠡᠬᠦ᠃      ︵ᠬᠤᠶᠠᠷ︶ ᠲᠡᠷᠭᠡ ᠤᠨᠤᠭ᠎ᠠ᠂ ᠮᠠᠰᠢᠨ ᠴᠠᠬᠢᠯᠭᠠᠨ᠂ ᠴᠠᠬᠢᠯᠭᠠᠨ ᠤᠳᠠᠰᠤ᠂ ᠪᠢᠯᠧᠲ ᠢ ᠠᠦ᠋ᠲ᠋ᠣ᠋ ᠬᠤᠳᠠᠯᠳᠤᠬᠤ ᠪᠠᠶᠢᠴᠠᠭᠠᠬᠤ ᠵᠡᠷᠭᠡ ᠲᠥᠬᠦᠭᠡᠷᠦᠮᠵᠢ ᠶᠢ ᠡᠪᠳᠡᠬᠦ᠂ ᠴᠢᠮᠡᠭᠡ ᠬᠤᠯᠪᠣᠭᠠᠨ ᠤ ᠳᠣᠬᠢᠶ᠎ᠠ᠂ ᠬᠠᠷᠠᠭᠠᠨ ᠳᠠᠪᠲᠠᠮᠵᠢ ᠪᠠᠷ ᠬᠢᠨᠠᠨ ᠡᠵᠡᠮᠳᠡᠬᠦ ᠲᠥᠬᠦᠭᠡᠷᠦᠮᠵᠢ ᠵᠡᠷᠭᠡ ᠰᠢᠰᠲ᠋ᠧᠮ ᠢ ᠬᠠᠷᠰᠢᠯᠠᠬᠤ᠃      ︵ᠭᠤᠷᠪᠠ︶ ᠥᠨᠳᠥᠷ ᠵᠢᠶᠠᠰᠠᠨ ᠬᠥᠭᠦᠷᠭᠡ ᠵᠢᠴᠢ ᠳᠠᠭᠠᠯᠲᠠ ᠪᠦᠲᠦᠴᠡ ᠳᠡᠭᠡᠷ᠎ᠡ ᠳᠤᠷ᠎ᠠ ᠪᠠᠷ ᠢᠶᠠᠨ ᠨᠦᠬᠡ ᠴᠣᠭᠤᠯᠵᠤ᠂ ᠴᠠᠬᠢᠯᠭᠠᠨ ᠤᠲᠠᠰᠤ ᠪᠤᠶᠤ ᠪᠤᠰᠤᠳ ᠳᠠᠭᠠᠭᠠᠴᠠ ᠶᠢᠨ ᠳᠡᠭᠡᠰᠦ ᠲᠠᠲᠠᠬᠤ᠂ ᠳᠠᠭᠠᠯᠲᠠ ᠪᠣᠳᠠᠰ ᠲᠠᠯᠪᠢᠬᠤ᠃      ︵ᠲᠦᠷᠪᠡ︶  ᠠᠮᠤᠷ ᠲᠦᠪᠰᠢᠨ ᠤ ᠲᠡᠮᠳᠡᠭ᠂ ᠬᠢᠨᠠᠨ ᠬᠡᠮᠵᠢᠬᠦ ᠪᠡᠯᠡᠳᠬᠡᠮᠵᠢ ᠵᠢᠴᠢ ᠠᠮᠤᠷ ᠲᠦᠪᠰᠢᠨ ᠤ ᠰᠡᠷᠭᠡᠶᠢᠯᠡᠨ ᠬᠠᠮᠠᠭᠠᠯᠠᠬᠤ ᠲᠥᠬᠦᠭᠡᠷᠦᠮᠵᠢ ᠶᠢ ᠡᠪᠳᠡᠬᠦ᠂ ᠰᠢᠯᠵᠢᠭᠦᠯᠬᠦ᠂ ᠪᠦᠳᠡᠭᠡᠵᠦ ᠬᠠᠯᠬᠠᠯᠠᠬᠤ᠃      ︵ᠲᠠᠪᠤ︶ ᠬᠤᠳᠠ ᠶᠢᠨ ᠵᠢᠮᠳᠤ ᠵᠠᠮ ᠬᠠᠷᠢᠯᠴᠠᠭᠠᠨ ᠤ ᠪᠡᠯᠡᠳᠭᠡᠮᠵᠢ ᠶᠢᠨ ᠠᠮᠤᠷ ᠲᠦᠪᠰᠢᠨ ᠳᠤ ᠬᠤᠤᠷ ᠬᠥᠨᠥᠭᠡᠯ ᠤᠴᠠᠷᠠᠭᠤᠯᠬᠤ ᠪᠤᠰᠤᠳ ᠦᠢᠯᠡ ᠠᠵᠢᠯᠯᠠᠭ᠎ᠠ᠃      ᠭᠤᠴᠢᠨ ᠬᠤᠶᠠᠳᠤᠭᠠᠷ ᠵᠦᠢᠯ ᠬᠤᠳᠠ ᠶᠢᠨ ᠵᠢᠮᠳᠤ ᠵᠠᠮ ᠬᠠᠷᠢᠯᠴᠠᠭᠠᠨ ᠤ ᠡᠵᠡᠩᠨᠡᠯᠲᠡ ᠶᠢᠨ ᠠᠮᠤᠷ ᠲᠦᠪᠰᠢᠨ ᠪᠠ ᠡᠮᠬᠢ ᠵᠢᠷᠤᠮ ᠳᠤ ᠬᠤᠤᠷ ᠬᠥᠨᠥᠭᠡᠯ ᠤᠴᠠᠷᠠᠭᠤᠯᠬᠤ ᠪᠤᠶᠤ ᠬᠤᠤᠷ ᠬᠥᠨᠥᠭᠡᠯ ᠤᠴᠠᠷᠠᠭᠤᠯᠵᠤ ᠮᠡᠳᠡᠬᠦ ᠳᠣᠤᠷ᠎ᠠ ᠵᠢᠭᠰᠠᠭᠠᠭᠰᠠᠨ ᠦᠢᠯᠡ ᠠᠵᠢᠯᠯᠠᠭ᠎ᠠ ᠶᠢ ᠴᠠᠭᠠᠵᠠᠯᠠᠨ᠎ᠠ᠄      ︵ᠨᠢᠭᠡ︶ ᠭᠠᠯᠲᠤ ᠲᠡᠷᠭᠡ ᠶᠢ ᠬᠠᠰᠢᠵᠤ ᠬᠤᠷᠢᠭᠯᠠᠬᠤ ᠪᠤᠶᠤ ᠭᠠᠯᠲᠤ ᠲᠡᠷᠭᠡᠨ ᠤ ᠠᠶᠠᠯᠠᠬᠤ ᠶᠢ ᠬᠤᠷᠢᠭᠯᠠᠬᠤ      ︵ᠬᠤᠶᠠᠷ︶ ᠠᠯᠪᠠ ᠪᠠᠷ ᠲᠡᠷᠭᠡᠨ ᠳᠤ ᠭᠠᠷᠴᠤ ᠲᠡᠷᠭᠡᠨ ᠠᠴᠠ ᠪᠠᠭᠤᠬᠤ᠃      ︵ᠭᠤᠷᠪᠠ︶ ᠨᠦᠬᠡᠨ ᠵᠠᠮ᠂ ᠵᠢᠮ ᠪᠤᠶᠤ ᠣᠷᠣᠬᠤ ᠶᠢ ᠴᠠᠭᠠᠵᠠᠯᠠᠬᠤ ᠪᠤᠰᠤᠳ ᠣᠷᠣᠨ ᠳᠤ ᠳᠤᠷ᠎ᠠ ᠪᠠᠷ ᠢᠶᠠᠨ ᠣᠷᠣᠬᠤ᠃      ︵ᠳᠥᠷᠪᠡ︶ ᠬᠦᠷᠢᠶ᠎ᠡ ᠬᠠᠰᠢᠶ᠎ᠠ᠂ ᠬᠠᠯᠬᠠᠪᠴᠢ ᠬᠡᠷᠡᠰᠬᠡ᠂ ᠬᠠᠮᠠᠭᠠᠯᠠᠯᠲᠠ ᠶᠢᠨ ᠲᠤᠤᠷ᠂ ᠥᠷᠲᠡᠭᠡᠨ ᠲᠠᠪᠴᠠᠩ ᠤᠨ ᠡᠭᠦᠳᠡ ᠵᠡᠷᠭᠡ ᠪᠠᠷ ᠠᠪᠠᠷᠢᠬᠤ ᠪᠤᠶᠤ ᠳᠠᠪᠠᠭ᠋ᠤ᠃ ᡾      ︵ᠲᠠᠪᠤ︶ ᠰᠡᠷᠡᠮᠵᠢᠯᠡᠭᠦᠯᠬᠦ ᠲᠡᠮᠳᠡᠭ ᠲᠠᠢ ᠳᠠᠷᠤᠭᠤᠯ ᠪᠠ ᠨᠡᠭᠡᠭᠡᠯᠭᠡ ᠶᠢᠨ ᠲᠣᠨᠣᠭᠯᠠᠯ ᠢ ᠳᠤᠷ᠎ᠠ ᠪᠠᠷ ᠢᠶᠠᠨ ᠠᠵᠢᠯᠯᠠᠭᠤᠯᠵᠤ᠂ ᠪᠠᠴᠢᠮ ᠪᠤᠰᠤ ᠪᠠᠶᠢᠳᠠᠯ ᠤᠨ ᠳᠣᠤᠷ᠎ᠠ ᠪᠠᠴᠢᠮ ᠪᠤᠶᠤ ᠠᠮᠤᠷ ᠲᠦᠪᠰᠢᠨ ᠤ ᠲᠤᠨᠤᠭᠯᠠᠯ ᠢ ᠬᠡᠷᠡᠭᠯᠡᠬᠦ      ︵ᠵᠢᠷᠭᠤᠭ᠎ᠠ︶ ᠬᠤᠲᠠ ᠶᠢᠨ ᠵᠢᠮᠲᠦ ᠵᠠᠮ ᠬᠠᠷᠢᠯᠴᠠᠭᠠᠨ ᠤ ᠲᠡᠷᠭᠡᠨ ᠥᠷᠲᠡᠭᠡ ᠶᠢᠨ ᠣᠷᠣᠵᠤ ᠭᠠᠷᠬᠤ ᠡᠭᠦᠳᠡ ᠶᠢᠨ 5 ᠮᠧᠲᠷ ᠤᠨ ᠬᠡᠪᠴᠢᠶᠡᠨ ᠳᠣᠲᠣᠷ᠎ᠠ ᠲᠡᠷᠭᠡ ᠤᠨᠤᠭ᠎ᠠ ᠵᠣᠭᠰᠣᠭᠠᠬᠤ᠂ ᠳᠤᠷ᠎ᠠ ᠪᠠᠷ ᠢᠶᠠᠨ ᠳᠡᠯᠭᠡᠭᠦᠷ ᠤᠨ ᠴᠡᠭ ᠭᠠᠷᠭᠠᠬᠤ ᠵᠡᠷᠭᠡ᠂ ᠠᠶᠠᠨᠴᠢᠳ ᠨᠡᠪᠲᠡᠷᠡᠬᠦ ᠪᠠ ᠠᠪᠤᠷᠠᠨ ᠲᠤᠰᠠᠯᠠᠵᠤ ᠲᠠᠷᠬᠠᠭᠠᠨ ᠵᠠᠶᠢᠯᠠᠭᠤᠯᠬᠤ ᠶᠢ ᠬᠠᠷᠰᠢᠯᠠᠬᠤ᠃      ︵ᠳᠣᠯᠤᠭ᠎ᠠ︶ ᠭᠠᠵᠠᠷ ᠳᠣᠤᠷᠠᠬᠢ ᠲᠡᠮᠦᠷ ᠵᠠᠮ ᠤᠨ ᠣᠷᠣᠵᠤ ᠭᠠᠷᠬᠤ ᠡᠭᠦᠳᠡ᠂ ᠨᠡᠪᠲᠡᠷᠡᠬᠦ ᠵᠠᠮ ᠪᠠ ᠰᠠᠯᠬᠢ ᠨᠡᠪᠳᠡᠷᠡᠭᠦᠯᠬᠦ ᠪᠡᠯᠡᠳᠬᠡᠮᠵᠢ ᠶᠢ ᠪᠥᠭᠯᠡᠵᠦ᠂ ᠰᠠᠯᠬᠢ ᠨᠡᠪᠲᠡᠷᠡᠭᠦᠯᠬᠦ ᠠᠮᠠᠰᠠᠷ᠂ ᠲᠡᠷᠭᠡᠨ ᠥᠷᠲᠡᠭᠡ ᠶᠢᠨ ᠣᠷᠣᠵᠤ ᠭᠠᠷᠬᠤ ᠡᠭᠦᠳᠡ ᠶᠢᠨ 50 ᠮᠧᠲᠷ ᠤᠨ ᠬᠡᠪᠴᠢᠶᠡᠨ ᠳᠣᠲᠣᠷ᠎ᠠ ᠬᠤᠤᠷᠲᠠᠶ᠂ ᠬᠥᠨᠥᠭᠡᠯ ᠲᠠᠢ᠂ ᠨᠣᠴᠣᠮᠠᠲᠠᠭᠠᠶ᠂ ᠳᠡᠯᠪᠡᠷᠡᠮᠡᠲᠡᠭᠡᠶ᠂ ᠰᠠᠴᠤᠷᠠᠭ ᠴᠢᠨᠠᠷᠲᠠᠶ ᠪᠠ ᠢᠳᠡᠮᠡᠬᠡᠶ ᠴᠢᠨᠠᠷᠲᠠᠶ ᠵᠡᠷᠭᠡ ᠡᠳ᠋ ᠪᠣᠳᠠᠰ ᠢ  ᠬᠠᠳᠠᠭᠠᠯᠠᠵᠤ ᠲᠠᠯᠪᠢᠬᠤ᠃      ︵ᠨᠠᠢᠮᠠ︶ ᠣᠷᠣᠵᠤ ᠭᠠᠷᠬᠤ ᠡᠭᠦᠳᠡ᠂ ᠰᠠᠯᠬᠢ ᠨᠡᠪᠲᠡᠷᠡᠭᠦᠯᠬᠦ ᠲᠢᠩᠰᠡ᠂ ᠬᠦᠴᠦᠳᠡᠯ ᠥᠭᠡᠷᠡᠴᠢᠯᠡᠬᠦ ᠤᠢᠷᠳᠡᠭᠡ᠂ ᠬᠦᠷᠦᠭᠡᠬᠦ ᠰᠤᠪᠤᠷᠭ᠎ᠠ ᠶᠢᠨ ᠡᠷᠬᠢᠨ ᠲᠣᠭᠤᠷᠢᠨ ᠳᠤ ᠬᠡᠪᠲᠡᠬᠦ᠂ ᠬᠤᠨᠣᠬᠤ᠂ ᠡᠳ᠋ ᠪᠤᠳᠠᠰ ᠣᠪᠣᠭᠠᠯᠠᠵᠤ ᠲᠠᠯᠪᠢᠬᠤ ᠪᠠ ᠬᠠᠲᠠᠭᠠᠬᠤ᠃      ︵ᠶᠢᠰᠦ︶ ᠭᠠᠵᠠᠷ ᠳᠡᠭᠡᠷᠡᠬᠢ ᠪᠤᠶᠤ ᠥᠨᠳᠥᠷ ᠵᠢᠶᠠᠰᠠ ᠲᠠᠢ ᠵᠠᠮ ᠱᠤᠭᠤᠮ ᠤᠨ ᠬᠤᠶᠠᠷ ᠲᠠᠯ᠎ᠠ ᠶᠢᠨ ᠲᠤᠰ ᠪᠦᠷᠢ 100 ᠮᠧᠲᠷ ᠤᠨ ᠬᠡᠪᠴᠢᠶᠡᠨ ᠳᠣᠲᠣᠷ᠎ᠠ ᠴᠠᠭᠠᠰᠤᠨ ᠰᠢᠪᠠᠭᠤ᠂ ᠬᠡᠶᠢᠲᠦ ᠪᠥᠮᠪᠦᠭᠡ ᠵᠡᠷᠭᠡ ᠳᠣᠤᠷ᠎ᠠ ᠣᠭᠲᠠᠷᠭᠤᠶ ᠳᠤ ᠬᠥᠪᠬᠦ ᠪᠣᠳᠠᠰ ᠪᠠ ᠵᠢᠯᠣᠭᠤᠴᠢ ᠦᠭᠡᠢ ᠨᠢᠰᠬᠡᠯ ᠵᠡᠷᠭᠡ ᠳᠣᠤᠷ᠎ᠠ ᠠᠭᠠᠷ ᠤᠨ ᠨᠢᠰᠦᠭᠦᠷ ᠢ  ᠲᠡᠭᠳᠡᠭᠡᠬᠦ᠃      ︵ᠠᠷᠪᠠ︶ ᠠᠵᠢᠯᠯᠠᠵᠤ ᠪᠠᠶᠢᠭ᠎ᠠ ᠠᠦ᠋ᠲ᠋ᠣ᠋ ᠲᠦᠰᠢᠭᠦᠷ ᠱᠠᠲᠤᠨ ᠳᠡᠭᠡᠷ᠎ᠡ ᠰᠥᠷᠴᠦ ᠶᠠᠪᠤᠬᠤ᠃      ︵ᠠᠷᠪᠠᠨ ᠨᠢᠭᠡ︶ ᠲᠡᠷᠭᠡᠨ ᠤᠢᠷᠳᠡᠭᠡ᠂ ᠲᠡᠷᠭᠡᠨ ᠸᠠᠭᠤᠨ ᠳᠤ ᠲᠠᠭᠤᠯᠴᠠᠬᠤ᠂ ᠨᠤᠴᠤᠯᠳᠤᠬᠤ ᠪᠤᠶᠤ ᠭᠤᠯᠭᠤᠭᠤᠷ ᠬᠠᠪᠲᠠᠰᠤ᠂ ᠬᠦᠷᠳᠦᠲᠦ ᠲᠡᠰᠢᠯᠳᠠ᠂ ᠳᠤᠭᠤᠶ ᠲᠡᠷᠭᠡ ᠵᠡᠷᠭᠡ ᠶᠢᠨ ᠬᠥᠳᠡᠯᠭᠡᠭᠡᠨ ᠬᠢᠬᠦ᠃      ︵ᠠᠷᠪᠠᠨ ᠬᠤᠶᠠᠷ︶ ᠲᠡᠷᠭᠡᠨ ᠦᠷᠳᠡᠭᠡ᠂ ᠲᠡᠷᠭᠡᠨ ᠲᠠᠰᠤᠯᠭ᠎ᠠ ᠳᠤ ᠭᠤᠶᠢᠷᠠᠨᠴᠢᠯᠠᠬᠤ᠂ ᠲᠤᠭᠯᠠᠯᠲᠠ ᠭᠠᠷᠭᠠᠵᠤ ᠵᠤᠭᠤᠰ ᠣᠯᠬᠤ᠃      ︵ᠠᠷᠪᠠᠨ ᠭᠤᠷᠪᠠ︶ ᠬᠤᠳᠠ ᠶᠢᠨ ᠵᠢᠮᠳᠤ ᠵᠠᠮ ᠬᠠᠷᠢᠯᠴᠠᠭᠠᠨ ᠤ ᠡᠵᠡᠩᠨᠡᠯᠲᠡ ᠶᠢᠨ ᠠᠮᠤᠷ ᠲᠦᠪᠰᠢᠨ ᠪᠠ ᠡᠮᠬᠢ ᠵᠢᠷᠤᠮ ᠳᠤ ᠬᠤᠤᠷ ᠬᠥᠨᠥᠭᠡᠯ ᠤᠴᠠᠷᠠᠭᠤᠯᠬᠤ ᠪᠤᠰᠤᠳ ᠠᠵᠢᠯᠯᠠᠭ᠎ᠠ ᠨᠤᠭᠤᠳ᠃      ᠭᠤᠴᠢᠨ ᠭᠤᠷᠪᠠᠳᠤᠭᠠᠷ ᠵᠦᠢᠯ ᠬᠤᠳᠠ ᠶᠢᠨ ᠵᠢᠮᠳᠤ ᠵᠠᠮ ᠬᠠᠷᠢᠯᠴᠠᠭᠠᠨ ᠤ ᠲᠡᠷᠭᠡᠨ ᠦᠷᠳᠡᠭᠡ᠂ ᠸᠠᠭᠤᠨ᠂ ᠨᠡᠪᠲᠡᠷᠡᠬᠦ ᠵᠠᠮ᠂ ᠨᠦᠭᠡᠠ ᠵᠡᠮ᠂ ᠤᠢᠷᠳᠡᠭᠡ ᠶᠢᠨ ᠡᠮᠦᠨᠡᠬᠢ ᠠᠭᠤᠳᠠᠮ ᠲᠡᠯᠡᠪᠡᠢ ᠵᠡᠷᠭᠡ ᠬᠡᠪᠴᠢᠶᠡᠨ ᠳᠣᠲᠣᠷ᠎ᠠ ᠵᠡᠷ᠂ ᠬᠤᠳᠠᠯᠳᠤᠭᠠᠨ ᠤ  ᠪᠡᠯᠡᠳᠭᠡᠮᠵᠢ ᠲᠣᠬᠢᠷᠠᠭᠤᠯᠤᠭᠰᠠᠨ ᠨᠢ ᠬᠤᠲᠠ ᠶᠢᠨ ᠵᠢᠮᠲᠦ ᠵᠠᠮ ᠬᠠᠷᠢᠯᠴᠠᠭᠠᠨ ᠤ ᠬᠡᠪ ᠤᠨ ᠡᠵᠡᠩᠨᠡᠯᠲᠡ ᠶᠢ ᠨᠥᠯᠥᠭᠡᠯᠡᠵᠦ ᠪᠣᠯᠬᠤ ᠦᠭᠡᠢ᠂ ᠤᠳᠤᠷᠢᠳᠤᠮᠵᠢ᠂ ᠰᠠᠨᠠᠭᠤᠯᠤᠮᠵᠢ᠂ ᠰᠡᠷᠡᠮᠵᠢᠯᠡᠭᠦᠯᠦᠯ᠂ ᠡᠵᠡᠩᠨᠡᠯᠲᠡ ᠶᠢᠨ ᠦᠢᠯᠡᠴᠢᠯᠡᠭᠡ ᠵᠡᠷᠭᠡ ᠲᠡᠮᠳᠡᠭ ᠢ ᠢᠯᠭᠠᠨ ᠲᠠᠨᠢᠬᠤ᠂ ᠪᠡᠯᠡᠳᠬᠡᠮᠵᠢ ᠲᠥᠬᠦᠭᠡᠷᠦᠮᠵᠢ ᠶᠢ ᠬᠡᠷᠡᠭᠯᠡᠬᠦ ᠪᠠ ᠪᠠᠶᠢᠴᠠᠭᠠᠨ ᠵᠠᠰᠠᠬᠤ ᠶᠢ ᠨᠥᠯᠥᠭᠡᠯᠡᠵᠦ ᠪᠣᠯᠬᠤ ᠥᠬᠡᠶ᠂ ᠣᠷᠣᠵᠤ ᠭᠠᠷᠬᠤ ᠭᠠᠵᠠᠷ᠂ ᠨᠡᠪᠲᠡᠷᠡᠬᠦ ᠵᠠᠮ᠂ ᠪᠠᠴᠢᠮ ᠪᠠᠶᠢᠳᠠᠯ ᠢ ᠠᠷᠭᠠᠴᠠᠭᠠᠵᠤ ᠲᠠᠷᠬᠠᠭᠠᠨ ᠵᠠᠶᠢᠯᠠᠭᠤᠯᠬᠤ ᠪᠡᠯᠡᠳᠬᠡᠮᠵᠢ ᠶᠢᠨ ᠣᠷᠣᠨ ᠵᠠᠶ ᠪᠣᠯᠤᠨ ᠭᠠᠯ ᠰᠡᠷᠭᠡᠶᠢᠯᠡᠬᠦ ᠵᠠᠶ ᠶᠢ ᠰᠢᠬᠠᠨ ᠡᠵᠡᠯᠡᠵᠦ ᠪᠣᠯᠬᠤ ᠥᠬᠡᠶ᠃ ᠬᠤᠲᠠ ᠶᠢᠨ ᠵᠢᠮᠳᠤ ᠵᠠᠮ ᠬᠠᠷᠢᠯᠴᠠᠭᠠᠨ ᠤ ᠲᠡᠷᠭᠡᠨ ᠥᠷᠲᠡᠭᠡᠨ ᠤ ᠥᠷᠲᠡᠭᠡᠨ ᠲᠠᠪᠴᠠᠩ᠂ ᠥᠷᠲᠡᠭᠡᠨ ᠲᠢᠩᠬᠢᠮ ᠤᠨ ᠳᠠᠪᠬᠤᠷᠭ᠎ᠠ ᠳᠤ ᠠᠮᠤᠷ ᠲᠦᠪᠰᠢᠨ ᠢᠶᠠᠷ ᠲᠠᠷᠬᠠᠭᠠᠨ ᠵᠠᠶᠢᠯᠠᠭᠤᠯᠬᠤ ᠶᠢ ᠬᠠᠷᠰᠢᠯᠠᠬᠤ ᠡᠵᠡᠩᠨᠡᠯᠲᠡ ᠶᠢᠨ ᠪᠤᠰᠤ ᠪᠡᠯᠡᠳᠬᠡᠮᠵᠢ ᠲᠣᠬᠢᠷᠠᠭᠤᠯᠵᠤ ᠪᠣᠯᠬᠤ ᠦᠭᠡᠢ᠃      ᠭᠤᠴᠢᠨ ᠳᠥᠷᠪᠡᠳᠦᠭᠡᠷ ᠵᠦᠢᠯ ᠠᠶᠠᠨᠴᠢᠳ ᠬᠤᠤᠷᠲᠠᠶ᠂ ᠬᠥᠨᠥᠭᠡᠯ ᠲᠠᠢ᠂ ᠨᠣᠴᠣᠮᠠᠲᠠᠭᠠᠶ᠂ ᠳᠡᠯᠪᠡᠷᠡᠮᠡᠲᠡᠭᠡᠶ᠂ ᠰᠠᠴᠤᠷᠠᠭ ᠴᠢᠨᠠᠷᠳᠠᠢ᠂ ᠢᠳᠡᠮᠡᠬᠡᠶ ᠴᠢᠨᠠᠷᠲᠠᠢ ᠵᠢᠴᠢ ᠬᠥᠮᠦᠨ ᠤ ᠪᠡᠶ᠎ᠡ ᠮᠠᠬᠠᠪᠣᠳ ᠪᠠ ᠡᠳ᠋ ᠬᠥᠷᠥᠩᠭᠡ ᠶᠢᠨ ᠠᠮᠤᠷ ᠲᠦᠪᠰᠢᠨ ᠳᠤ ᠬᠤᠤᠷ ᠬᠥᠨᠥᠭᠡᠯ ᠤᠴᠠᠷᠠᠭᠤᠯᠵᠤ ᠮᠡᠳᠡᠬᠦ ᠪᠤᠰᠤᠳ ᠠᠶᠤᠯᠲᠠᠶ ᠡᠳ᠋ ᠪᠤᠳᠠᠰ ᠢ ᠠᠪᠴᠤ ᠥᠷᠲᠡᠭᠡᠨ ᠳᠤ ᠣᠷᠣᠬᠤ᠂ ᠲᠡᠷᠭᠡᠨ ᠳᠤ ᠰᠠᠭᠤᠬᠤ ᠶᠢ ᠴᠠᠭᠠᠵᠠᠯᠠᠨ᠎ᠠ᠃ ᠡᠵᠡᠩᠨᠡᠯᠲᠡ ᠶᠢᠨ ᠨᠢᠭᠡᠴᠡ ᠲᠣᠭᠲᠠᠭᠠᠯ ᠶᠣᠰᠣᠭᠠᠷ ᠲᠡᠷᠭᠡᠨ ᠥᠷᠲᠡᠭᠡᠨ ᠤ ᠢᠯᠡ ᠪᠠᠶᠢᠷᠢᠨ ᠳᠤ ᠬᠤᠲᠠ ᠶᠢᠨ ᠵᠢᠮᠲᠦ ᠵᠠᠮ ᠬᠠᠷᠢᠯᠴᠠᠭ᠎ᠠ ᠶᠢᠨ ᠴᠠᠭᠠᠵᠠᠯᠠᠬᠤ᠂ ᠠᠪᠴᠤ ᠶᠠᠪᠤᠬᠤ ᠶᠢ ᠬᠢᠵᠠᠭᠠᠷᠯᠠᠬᠤ ᠡᠳ᠋ ᠪᠣᠳᠠᠰ ᠤᠨ ᠭᠠᠷᠴᠠᠭ ᠢ ᠵᠠᠷᠯᠠᠨ ᠨᠡᠶᠢᠲᠡᠯᠡᠬᠦ ᠬᠡᠷᠡᠭᠲᠡᠶ᠃      ᠳᠥᠷᠪᠡᠳᠦᠭᠡᠷ ᠪᠦᠯᠦᠭ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ      ᠭᠤᠴᠢᠨ ᠲᠠᠪᠤᠳᠤᠭᠠᠷ ᠵᠦᠢᠯ ᠬᠤᠲᠠ ᠶᠢᠨ ᠠᠷᠠᠳ ᠤᠨ ᠵᠠᠰᠠᠭ ᠤᠨ ᠣᠷᠳᠣᠨ ᠡᠵᠡᠩᠨᠡᠯᠲᠡ ᠶᠢᠨ ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠠᠵᠢᠯ ᠤᠨ ᠲᠣᠭᠲᠠᠴᠠ ᠶᠢ ᠪᠠᠶᠢᠭᠤᠯᠵᠤ᠂ ᠬᠤᠯᠪᠤᠭᠳᠠᠯ ᠪᠦᠬᠦᠢ ᠰᠠᠯᠠᠭ᠎ᠠ ᠮᠥᠴᠢᠷ ᠪᠣᠯᠤᠨ ᠨᠢᠭᠡᠴᠡ ᠶᠢᠨ ᠡᠭᠦᠷᠭᠡ ᠬᠠᠷᠢᠭᠤᠴᠠᠯᠭ᠎ᠠ ᠶᠢᠨ ᠬᠤᠪᠢᠶᠠᠷᠢᠯᠠᠯ᠂ ᠠᠵᠢᠯ ᠤᠨ ᠲᠣᠭᠲᠠᠴᠠ ᠪᠣᠯᠤᠨ ᠰᠢᠢᠳᠪᠦᠷᠢᠯᠡᠬᠦ ᠱᠠᠭᠠᠷᠳᠠᠯᠭ᠎ᠠ ᠶᠢ ᠲᠣᠳᠣᠷᠬᠠᠶᠢᠯᠠᠵᠤ᠂ ᠡᠵᠡᠩᠨᠡᠯᠲᠡ ᠶᠢᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠢ ᠲᠣᠭᠲᠠᠭᠠᠨ ᠲᠡᠭᠦᠯᠳᠡᠷᠵᠢᠬᠦᠯᠬᠦ ᠬᠡᠷᠡᠭᠲᠡᠢ᠃ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠳᠣᠲᠣᠭᠠᠳᠤ ᠶᠢ ᠬᠠᠮᠠᠭᠠᠯᠠᠬᠤ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠵᠡᠷᠭᠡ ᠵᠠᠰᠠᠭ ᠵᠠᠬᠢᠷᠭᠠᠨ ᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ᠂ ᠨᠢᠭᠲᠠ ᠬᠠᠮᠵᠢᠯᠴᠠᠵᠤ᠂ ᠡᠵᠡᠩᠨᠡᠯᠲᠡ ᠶᠢᠨ ᠭᠡᠨᠡᠳᠲᠡ ᠶᠢᠨ ᠬᠡᠷᠡᠭ ᠢ ᠠᠷᠭᠠᠴᠠᠭᠠᠬᠤ ᠠᠵᠢᠯ ᠢ ᠬᠠᠮᠲᠤᠪᠠᠷ ᠰᠠᠶᠢᠲᠤᠷ ᠬᠢᠬᠦ ᠬᠡᠷᠡᠭᠲᠡᠶ᠃      ᠡᠵᠡᠩᠨᠡᠯᠲᠡ ᠶᠢᠨ ᠨᠢᠭᠡᠴᠡ ᠨᠢ ᠬᠠᠮᠢᠶ᠎ᠠ ᠪᠦᠬᠦᠢ ᠬᠠᠤᠯᠢ ᠲᠣᠭᠲᠠᠭᠠᠯ ᠤᠨ ᠱᠠᠭᠠᠷᠳᠠᠯᠭ᠎ᠠ ᠶᠣᠰᠣᠭᠠᠷ ᠡᠵᠡᠩᠨᠡᠯᠲᠡ ᠶᠢᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠤᠨ ᠰᠢᠰᠲ᠋ᠧᠮᠵᠢ ᠶᠢ ᠪᠠᠶᠢᠭᠤᠯᠵᠤ᠂ ᠶᠡᠷᠦᠩᠬᠡᠶᠢᠯᠡᠭᠰᠡᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ᠂ ᠲᠤᠰᠬᠠᠶ ᠲᠦᠷᠦᠯ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠪᠠ ᠲᠤᠬᠠᠶ ᠶᠢᠨ ᠲᠠᠯᠠᠪᠤᠷ ᠲᠤᠨᠢ ᠰᠢᠢᠳᠪᠦᠷᠢᠯᠡᠬᠦ ᠲᠥᠰᠦᠯ ᠢ ᠲᠣᠭᠲᠠᠭᠠᠬᠤ ᠬᠡᠷᠡᠭᠲᠡᠶ᠃ ᠡᠵᠡᠩᠨᠡᠯᠲᠡ ᠶᠢᠨ ᠨᠢᠭᠡᠴᠡ ᠲᠤᠰᠬᠠᠶ ᠮᠡᠷᠭᠡᠵᠢᠯᠲᠡᠨ ᠢ ᠵᠣᠬᠢᠶᠠᠨ ᠪᠠᠶᠢᠭᠤᠯᠤᠨ ᠲᠤᠰᠬᠠᠶ ᠲᠦᠷᠦᠯ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠳᠤ ᠦᠨᠡᠯᠡᠯᠲᠡ ᠬᠢᠬᠦ ᠬᠡᠷᠡᠭᠲᠡᠶ᠃ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠢ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠤᠨ ᠬᠤᠲᠠ ᠶᠢᠨ ᠵᠠᠮ ᠬᠠᠷᠢᠯᠴᠠᠭ᠎ᠠ ᠲᠡᠭᠡᠭᠡᠪᠦᠷᠢ ᠶᠢᠨ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠦᠨ ᠳᠠᠩᠰᠠᠯᠠᠭᠤᠯᠬᠤ ᠬᠡᠷᠡᠭᠲᠡᠶ᠃      ᠭᠤᠴᠢᠨ ᠵᠢᠷᠭᠤᠳᠤᠭᠠᠷ ᠵᠦᠢᠯ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤᠰ ᠵᠠᠰᠠᠭ ᠵᠠᠬᠢᠷᠭᠠᠨ ᠤ ᠣᠷᠣᠨ ᠤ ᠪᠠᠨ ᠳᠣᠲᠣᠷᠠᠬᠢ ᠬᠤᠲᠠ ᠶᠢᠨ ᠵᠢᠮᠲᠦ ᠵᠠᠮ ᠬᠠᠷᠢᠯᠴᠠᠭᠠᠨ ᠤ ᠠᠮᠤᠷ ᠲᠦᠪᠰᠢᠨ ᠡᠵᠡᠩᠨᠡᠯᠲᠡ ᠶᠢᠨ ᠪᠠᠶᠢᠳᠠᠯ ᠤᠨ ᠡᠳᠦᠷ ᠲᠤᠲᠤᠮ ᠤᠨ ᠬᠢᠨᠠᠨ ᠬᠡᠮᠵᠢᠯᠲᠡ ᠪᠠᠨ ᠴᠢᠩᠭᠠᠳᠬᠠᠵᠤ᠂ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ᠂ ᠳᠣᠲᠣᠭᠠᠳᠤ ᠶᠢ ᠬᠠᠮᠠᠭᠠᠯᠠᠬᠤ ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠤᠰᠤᠨ ᠤ ᠶᠠᠪᠤᠳᠠᠯ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ᠂ ᠴᠠᠭ ᠠᠭᠤᠷ᠂ ᠲᠡᠮᠦᠷ ᠵᠠᠮ᠂ ᠵᠡᠪᠰᠡᠭᠲᠦ ᠴᠠᠭᠳᠠᠭ᠎ᠠ ᠵᠡᠷᠭᠡ ᠰᠠᠯᠠᠭ᠎ᠠ ᠮᠥᠴᠢᠷ ︵ᠨᠢᠭᠡᠴᠡ︶ ᠪᠣᠯᠤᠨ ᠡᠵᠡᠩᠨᠡᠯᠲᠡ ᠶᠢᠨ ᠨᠢᠭᠡᠴᠡ ᠲᠠᠢ ᠬᠠᠮᠲᠤᠷᠠᠨ ᠲᠣᠭᠲᠠᠮᠠᠯ ᠬᠤᠭᠤᠴᠠᠭ᠎ᠠ ᠲᠠᠢ ᠪᠠᠷ ᠵᠥᠪᠳᠡᠯᠴᠡᠬᠦ ᠪᠠ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠭᠡᠨᠡᠳᠲᠡ ᠡᠭᠦᠰᠬᠦ ᠠᠶᠠᠨᠴᠢᠳ ᠤᠨ ᠤᠷᠤᠰᠬᠠᠯ ᠪᠣᠯᠤᠨ ᠦᠶᠡᠷ ᠤᠰᠤᠲᠤᠯ᠂ ᠭᠠᠵᠠᠷ ᠬᠥᠳᠡᠯᠦᠯᠲᠡ ᠵᠡᠷᠭᠡ ᠪᠠᠶᠢᠭᠠᠯᠢ ᠶᠢᠨ ᠭᠠᠮᠰᠢᠭ ᠤᠨ ᠮᠡᠳᠡᠭᠡ ᠵᠠᠩᠭᠢ ᠶᠢ ᠴᠤᠭᠯᠠᠭᠤᠯᠬᠤ ᠶᠢ ᠴᠢᠩᠭᠠᠳᠬᠠᠵᠤ᠂ ᠡᠯ᠎ᠡ ᠲᠥᠷᠥᠯ ᠤᠨ ᠲᠦᠭᠰᠢᠭᠦᠷᠢ ᠶᠢᠨ ᠮᠡᠳᠡᠭᠡ ᠵᠠᠩᠭᠢ ᠶᠢ ᠵᠠᠳᠠᠯᠤᠨ ᠰᠤᠳᠤᠯᠵᠤ ᠮᠠᠭᠠᠳᠯᠠᠬᠤ ᠶᠢᠨ ᠬᠠᠮᠲᠤ ᠡᠵᠡᠩᠨᠡᠯᠲᠡ ᠶᠢᠨ ᠭᠡᠨᠡᠳᠲᠡ ᠶᠢᠨ ᠬᠡᠷᠡᠭ ᠢ ᠡᠭᠦᠰᠭᠡᠵᠦ ᠮᠡᠳᠡᠬᠦ ᠮᠡᠳᠡᠭᠡ ᠵᠠᠩᠭᠢ ᠶᠢ ᠡᠵᠡᠩᠨᠡᠯᠲᠡ ᠶᠢᠨ ᠨᠢᠭᠡᠴᠡ ᠳᠤ ᠴᠠᠭ ᠲᠤᠬᠠᠶ ᠳᠤᠨᠢ ᠮᠡᠳᠡᠭᠳᠡᠬᠦ ᠬᠡᠷᠡᠭᠲᠡᠶ᠃      ᠡᠵᠡᠩᠨᠡᠯᠲᠡ ᠶᠢᠨ ᠨᠢᠭᠡᠴᠡ ᠵᠢᠮᠳᠤ ᠵᠠᠮ ᠬᠠᠷᠢᠯᠴᠠᠭᠠᠨ ᠤ ᠡᠵᠡᠩᠨᠡᠯᠲᠡ ᠶᠢᠨ ᠠᠮᠤᠷ ᠲᠦᠪᠰᠢᠨ ᠢ ᠬᠢᠨᠠᠨ ᠬᠡᠮᠵᠢᠬᠦ ᠰᠢᠰᠲ᠋ᠧᠮᠵᠢ ᠶᠢ ᠪᠠᠶᠢᠭᠤᠯᠤᠨ ᠲᠡᠭᠦᠯᠳᠡᠷᠵᠢᠭᠦᠯᠬᠦ ᠬᠡᠷᠡᠭᠲᠡᠶ᠃      ᠭᠤᠴᠢᠨ ᠳᠣᠯᠣᠳᠤᠭᠠᠷ ᠵᠦᠢᠯ ᠡᠵᠡᠩᠨᠡᠯᠲᠡ ᠶᠢᠨ ᠨᠢᠭᠡᠴᠡ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠶᠢ ᠲᠣᠭᠲᠠᠮᠠᠯ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠵᠤ᠂ ᠶᠡᠷᠦᠩᠬᠡᠶᠢᠯᠡᠭᠰᠡᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠤᠨ ᠰᠣᠷᠢᠯᠲᠠ ᠶᠢ ᠬᠠᠭᠠᠰ ᠵᠢᠯ ᠪᠦᠷᠢ ᠠᠳᠠᠭ ᠲᠠᠭᠠᠨ ᠨᠢᠭᠡ ᠤᠳᠠᠭ᠎ᠠ ᠵᠣᠬᠢᠶᠠᠨ ᠪᠠᠶᠢᠭᠤᠯᠵᠤ᠂ ᠲᠤᠰᠬᠠᠶ ᠲᠦᠷᠦᠯ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠭᠡᠯ ᠲᠥᠰᠦᠯ ᠤᠨ ᠰᠣᠷᠢᠯᠲᠠ ᠶᠢ ᠤᠯᠠᠷᠢᠯ ᠪᠦᠷᠢ ᠠᠳᠠᠭ ᠲᠠᠭᠠᠨ ᠨᠢᠭᠡ ᠤᠳᠠᠭ᠎ᠠ ᠵᠣᠬᠢᠶᠠᠨ ᠪᠠᠶᠢᠭᠤᠯᠬᠤ ᠬᠡᠷᠡᠭᠲᠡᠶ᠃ ᠲᠤᠬᠠᠶ ᠶᠢᠨ ᠲᠠᠯᠠᠪᠤᠷ ᠲᠤᠨᠢ ᠰᠢᠢᠳᠪᠦᠷᠢᠯᠡᠬᠦ ᠲᠥᠰᠦᠯ ᠤᠨ ᠰᠣᠷᠢᠯᠲᠠ ᠶᠢ ᠡᠳᠦᠷ ᠲᠤᠲᠤᠮ ᠤᠨ ᠠᠵᠢᠯ ᠳᠤ ᠣᠷᠣᠭᠤᠯᠵᠤ᠂ ᠬᠡᠪᠰᠢᠭᠰᠡᠨ ᠰᠣᠷᠢᠯᠲᠠ ᠶᠢ ᠥᠷᠨᠢᠭᠦᠯᠬᠦ ᠬᠡᠷᠡᠭᠲᠡᠶ᠃      ᠡᠵᠡᠩᠨᠡᠯᠲᠡ ᠶᠢᠨ ᠨᠢᠭᠡᠴᠡ ᠨᠡᠶᠢᠭᠡᠮ ᠨᠡᠶᠢᠲᠡ ᠶᠢ ᠵᠣᠬᠢᠶᠠᠨ ᠪᠠᠶᠢᠭᠤᠯᠤᠨ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠳᠤ ᠣᠷᠣᠯᠴᠠᠭᠤᠯᠵᠤ᠂ ᠨᠡᠶᠢᠭᠡᠮ ᠨᠡᠶᠢᠲᠡ ᠶᠢᠨ ᠭᠡᠨᠡᠳᠲᠡ ᠶᠢᠨ ᠬᠡᠷᠡᠭ ᠢ ᠵᠥᠪ  ᠠᠷᠭᠠᠴᠠᠭᠠᠬᠤ ᠶᠢ ᠨᠢ ᠬᠦᠳᠦᠯᠦᠨ ᠵᠢᠯᠤᠭᠤᠳᠴᠤ ᠪᠤᠯᠤᠨ᠎ᠠ᠃      ᠭᠤᠴᠢᠨ ᠨᠠᠢᠮᠠᠳᠤᠭᠠᠷ ᠵᠦᠢᠯ ᠡᠵᠡᠩᠨᠡᠯᠲᠡ ᠶᠢᠨ ᠨᠢᠭᠡᠴᠡ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠣᠳᠠᠰ ᠨᠦᠭᠡᠴᠡᠯᠡᠵᠦ᠂ ᠪᠠᠴᠢᠮ ᠪᠠᠶᠢᠳᠠᠯ ᠢ ᠠᠷᠭᠠᠴᠠᠭᠠᠬᠤ ᠲᠤᠰᠬᠠᠢ ᠠᠪᠤᠷᠠᠨ ᠲᠤᠰᠠᠯᠠᠬᠤ ᠲᠣᠨᠤᠭ ᠲᠥᠬᠦᠭᠡᠷᠦᠮᠵᠢ ᠲᠣᠬᠢᠷᠠᠭᠤᠯᠵᠤ᠂ ᠪᠠᠴᠢᠮ ᠪᠠᠶᠢᠳᠠᠯ ᠢ ᠠᠷᠭᠠᠴᠠᠭᠠᠬᠤ ᠠᠪᠤᠷᠠᠨ ᠲᠤᠰᠠᠯᠠᠬᠤ ᠡᠩᠨᠡᠭᠡ ᠶᠢ ᠪᠠᠶᠢᠭᠤᠯᠵᠤ᠂ ᠪᠠᠴᠢᠮ ᠪᠠᠶᠢᠳᠠᠯ ᠢ ᠠᠷᠭᠠᠴᠠᠭᠠᠬᠤ ᠬᠥᠮᠦᠰ ᠢ ᠪᠦᠷᠢᠨ ᠲᠣᠬᠢᠷᠠᠭᠤᠯᠵᠤ᠂ ᠪᠠᠴᠢᠮ ᠪᠠᠶᠢᠳᠠᠯ ᠢ ᠠᠷᠭᠠᠴᠠᠭᠠᠬᠤ ᠵᠢᠵᠢᠭᠦᠷᠯᠡᠨ ᠰᠠᠬᠢᠬᠤ ᠪᠠ ᠮᠡᠳᠡᠭᠦᠯᠬᠦ ᠳᠦᠷᠢᠮ ᠢ ᠲᠡᠭᠦᠯᠳᠡᠷᠵᠢᠭᠦᠯᠵᠦ᠂ ᠪᠠᠴᠢᠮ ᠪᠠᠶᠢᠳᠠᠯ ᠢ ᠠᠷᠭᠠᠴᠠᠭᠠᠬᠤ ᠪᠣᠯᠪᠠᠰᠤᠷᠠᠭᠤᠯᠤᠯ ᠢ ᠴᠢᠩᠭᠠᠳᠬᠠᠨ᠂ ᠪᠠᠴᠢᠮ ᠪᠠᠶᠢᠳᠠᠯ ᠢ ᠠᠷᠭᠠᠴᠠᠭᠠᠬᠤ ᠠᠪᠤᠷᠠᠨ ᠲᠤᠰᠠᠯᠠᠬᠤ ᠴᠢᠳᠠᠪᠤᠷᠢ ᠶᠢ ᠲᠡᠭᠡᠭᠰᠢᠯᠡᠭᠦᠯᠬᠦ ᠬᠡᠷᠡᠭᠲᠡᠢ᠃      ᠡᠵᠡᠩᠨᠡᠯᠲᠡ ᠶᠢᠨ ᠨᠢᠭᠡᠴᠡ ᠨᠢ ᠬᠤᠲᠠ ᠶᠢᠨ ᠵᠢᠮᠲᠦ ᠵᠠᠮ ᠬᠠᠷᠢᠯᠴᠠᠭᠠᠨ ᠤ ᠲᠡᠷᠭᠡᠨ ᠥᠷᠲᠡᠭᠡ᠂ ᠲᠡᠷᠭᠡ ᠤᠨᠤᠭ᠎ᠠ᠂ ᠭᠠᠵᠠᠷ ᠳᠡᠭᠡᠷᠡᠬᠢ ᠪᠠ ᠥᠨᠳᠥᠷ ᠵᠢᠶᠠᠰᠠ ᠲᠠᠢ ᠵᠠᠮ ᠱᠤᠭᠤᠮ ᠵᠡᠷᠭᠡ ᠣᠷᠣᠨ ᠪᠦᠰᠡ ᠶᠢᠨ ᠢᠯᠡ ᠭᠠᠵᠠᠷ ᠲᠤ ᠠᠮᠤᠷ ᠲᠦᠪᠰᠢᠨ ᠤ ᠰᠡᠷᠡᠮᠵᠢᠯᠡᠭᠦᠯᠦᠯ ᠤᠨ ᠲᠡᠮᠳᠡᠭ ᠲᠠᠯᠪᠢᠵᠤ᠂ ᠲᠣᠭᠲᠠᠭᠠᠯ ᠶᠣᠰᠣᠭᠠᠷ ᠲᠡᠷᠭᠡᠨ ᠥᠷᠲᠡᠭᠡ᠂ ᠲᠡᠷᠭᠡ ᠤᠨᠤᠭ᠎ᠠ ᠳᠤ ᠭᠠᠯ ᠤᠨᠲᠠᠷᠠᠭᠠᠭᠤᠷ᠂ ᠲᠦᠭᠰᠢᠭᠦᠷᠢ ᠮᠡᠳᠡᠭᠡᠯᠡᠬᠦ ᠲᠣᠨᠣᠭᠯᠠᠯ ᠪᠠ ᠴᠢᠬᠤᠯᠠ ᠪᠦᠬᠦᠢ ᠠᠪᠤᠷᠠᠯᠲᠠ ᠶᠢᠨ ᠪᠠᠭᠠᠵᠢ ᠬᠡᠷᠡᠭᠰᠡᠯ ᠲᠣᠬᠢᠷᠠᠭᠤᠯᠬᠤ ᠶᠢᠨ ᠬᠠᠮᠳᠤ ᠬᠡᠪ ᠤᠨ ᠪᠠᠶᠢᠳᠠᠯ ᠢᠶᠠᠷ ᠬᠡᠷᠡᠭᠯᠡᠬᠦ ᠶᠢ ᠪᠠᠲᠤᠯᠠᠬᠤ ᠬᠡᠷᠡᠭᠲᠡᠶ᠃      ᠭᠤᠴᠢ ᠶᠢᠰᠦᠳᠦᠭᠡᠷ ᠵᠦᠢᠯ ᠬᠤᠳᠠ ᠶᠢᠨ ᠵᠢᠮᠳᠤ ᠵᠠᠮ ᠬᠠᠷᠢᠯᠴᠠᠭᠠᠨ ᠤ ᠡᠵᠡᠩᠨᠡᠯᠲᠡ ᠶᠢᠨ ᠭᠡᠨᠡᠳᠲᠡ ᠶᠢᠨ ᠬᠡᠷᠡᠭ ᠭᠠᠷᠪᠠᠯ ᠡᠵᠡᠩᠨᠡᠯᠲᠡ ᠶᠢᠨ ᠨᠢᠭᠡᠴᠡ ᠬᠠᠮᠢᠶ᠎ᠠ ᠪᠦᠬᠦᠢ ᠲᠣᠭᠲᠠᠭᠠᠯ ᠶᠣᠰᠣᠭᠠᠷ ᠬᠠᠷᠠᠭᠠᠯᠵᠠᠭᠰᠠᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠢ ᠴᠠᠭ ᠲᠤᠬᠠᠶ ᠳᠤᠨᠢ ᠡᠬᠢᠯᠡᠭᠦᠯᠬᠦ ᠬᠡᠷᠡᠭᠲᠡᠶ᠃ᠲᠤᠬᠠᠶ ᠶᠢᠨ ᠲᠠᠯᠠᠪᠤᠷ ᠤᠨ ᠠᠵᠢᠯᠲᠠᠨ ᠲᠣᠰ ᠲᠣᠰ ᠤᠨ ᠠᠵᠢᠯ ᠤᠨ ᠪᠠᠶᠢᠷᠢ ᠶᠢᠨ ᠡᠭᠦᠷᠭᠡ ᠬᠠᠷᠢᠭᠤᠴᠠᠯᠭ᠎ᠠ ᠶᠢᠨ ᠱᠠᠭᠠᠷᠳᠠᠯᠭ᠎ᠠ ᠶᠣᠰᠣᠭᠠᠷ ᠲᠤᠬᠠᠶ ᠶᠢᠨ ᠲᠠᠯᠠᠪᠤᠷ ᠲᠤ ᠰᠢᠢᠳᠪᠦᠷᠢᠯᠡᠵᠦ᠂ ᠷᠠᠳᠢᠣ᠋ ᠨᠡᠪᠲᠡᠷᠡᠭᠦᠯᠭᠡ ᠶᠢᠨ ᠰᠢᠰᠲ᠋ᠧᠮ᠂ ᠠᠶᠠᠨᠴᠢᠳ ᠤᠨ ᠮᠡᠳᠡᠭᠡ ᠵᠠᠩᠭᠢ ᠶᠢᠨ ᠰᠢᠰᠲ᠋ᠧᠮ ᠪᠠ ᠬᠥᠮᠦᠨ ᠤ ᠬᠦᠴᠦ ᠪᠠᠷ ᠵᠢᠭᠠᠨ ᠵᠢᠯᠣᠭᠤᠳᠬᠤ ᠵᠡᠷᠭᠡ ᠠᠷᠭ᠎ᠠ ᠮᠠᠶ᠋ᠢᠭ ᠢᠶᠠᠷ ᠠᠶᠠᠨᠴᠢᠳ ᠲᠦᠷᠭᠡᠨ ᠲᠠᠷᠬᠠᠵᠤ ᠵᠠᠶᠢᠯᠠᠬᠤ ᠶᠢ ᠬᠥᠲᠥᠯᠥᠨ ᠵᠢᠯᠤᠭᠤᠳᠬᠤ ᠬᠡᠷᠡᠭᠲᠡᠢ᠃      ᠳᠥᠴᠢᠳᠦᠭᠡᠷ ᠵᠦᠢᠯ ᠡᠵᠡᠩᠨᠡᠯᠲᠡ ᠶᠢᠨ ᠨᠢᠭᠡᠴᠡ ᠨᠢ ᠬᠤᠲᠠ ᠶᠢᠨ ᠵᠢᠮᠲᠦ ᠵᠠᠮ ᠬᠠᠷᠢᠯᠴᠠᠭᠠᠨ ᠤ ᠠᠶᠠᠨᠴᠢᠳ ᠤᠨ ᠤᠷᠤᠰᠬᠠᠯ ᠢ ᠬᠢᠨᠠᠨ ᠬᠡᠮᠵᠢᠬᠦ ᠪᠠᠨ ᠴᠢᠩᠭᠠᠳᠬᠠᠬᠤ ᠬᠡᠷᠡᠭᠲᠡᠶ᠃ ᠠᠶᠠᠨᠴᠢᠳ ᠤᠨ ᠶᠡᠭᠡ ᠤᠷᠤᠰᠬᠠᠯ ᠨᠢ ᠡᠵᠡᠩᠨᠡᠯᠲᠡ ᠶᠢᠨ ᠠᠮᠤᠷ ᠲᠥᠪᠰᠢᠨ ᠢ ᠨᠥᠯᠥᠭᠡᠯᠡᠵᠦ ᠮᠡᠳᠡᠬᠦ ᠦᠶ᠎ᠡ ᠳᠤ᠂ ᠡᠵᠡᠩᠨᠡᠯᠲᠡ ᠶᠢᠨ ᠨᠢᠭᠡᠴᠡ ᠨᠢ ᠤᠷᠤᠰᠬᠠᠯ ᠢ ᠬᠢᠵᠠᠭᠠᠷᠯᠠᠬᠤ᠂ ᠥᠷᠲᠡᠭᠡ ᠶᠢ ᠪᠢᠲᠡᠭᠦᠮᠵᠢᠯᠡᠬᠦ᠂ ᠥᠷᠲᠡᠭᠡ ᠠᠯᠭᠠᠰᠠᠬᠤ ᠵᠡᠷᠭᠡ ᠠᠷᠭ᠎ᠠ ᠬᠡᠮᠵᠢᠶ᠎ᠡ ᠠᠪᠴᠤ ᠪᠣᠯᠤᠨ᠎ᠠ᠃      ᠠᠶᠠᠨᠴᠢᠳ ᠤᠨ ᠶᠡᠭᠡ ᠤᠷᠤᠰᠬᠠᠯ ᠤᠨ ᠪᠠᠶᠢᠳᠠᠯ ᠭᠠᠷᠤᠭᠰᠠᠨ ᠦᠶ᠎ᠡ ᠳᠤ᠂ ᠲᠥᠰᠦᠯ ᠤᠨ ᠱᠠᠭᠠᠷᠳᠠᠯᠭ᠎ᠠ ᠶᠣᠰᠣᠭᠠᠷ ᠲᠡᠭᠡᠭᠡᠪᠦᠷᠢ ᠶᠢᠨ ᠬᠦᠴᠦᠨ ᠢ ᠴᠠᠭ ᠲᠤᠬᠠᠶ ᠳᠤᠨᠢ ᠨᠡᠮᠡᠭᠳᠡᠭᠦᠯᠬᠦ ᠬᠡᠷᠡᠭᠲᠡᠶ᠃ᠡᠵᠡᠩᠨᠡᠯᠲᠡ ᠶᠢᠨ ᠭᠡᠨᠡᠳᠲᠡ ᠶᠢᠨ ᠬᠡᠷᠡᠭ᠂ ᠪᠠᠶᠢᠭᠠᠯᠢ ᠶᠢᠨ ᠭᠠᠮᠰᠢᠭ᠂ ᠨᠡᠶᠢᠭᠡᠮ ᠤᠨ ᠠᠮᠤᠷ ᠲᠦᠪᠰᠢᠨ ᠤ ᠬᠡᠷᠡᠭ ᠵᠢᠴᠢ ᠪᠤᠰᠤᠳ ᠰᠢᠯᠲᠠᠭᠠᠨ ᠠᠴᠠ ᠪᠣᠯᠵᠤ ᠡᠵᠡᠩᠨᠡᠯᠲᠡ ᠶᠢᠨ ᠠᠮᠤᠷ ᠲᠦᠪᠰᠢᠨ ᠢ ᠰᠦᠷᠳᠡᠭᠦᠯᠦᠭᠰᠡᠨ ᠥᠶ᠎ᠡ ᠳᠤ᠂ ᠬᠡᠷᠡᠭᠴᠡᠭᠡ ᠪᠠᠨ ᠦᠨᠳᠦᠰᠦᠯᠡᠨ ᠪᠠᠴᠢᠮ ᠪᠠᠶᠢᠳᠠᠯ ᠢ ᠠᠷᠭᠠᠴᠠᠭᠠᠬᠤ ᠵᠣᠬᠢᠴᠠᠯᠳᠤᠬᠤ ᠪᠠᠲᠤᠯᠠᠭ᠎ᠠ ᠶᠢᠨ ᠲᠥᠰᠦᠯ ᠢ ᠴᠠᠭ ᠲᠤᠬᠠᠶ ᠳᠤᠨᠢ ᠡᠬᠢᠯᠡᠭᠦᠯᠵᠦ᠂ ᠡᠵᠡᠩᠨᠡᠯᠲᠡ ᠶᠢᠨ ᠨᠢᠭᠡᠴᠡ ᠬᠡᠰᠡᠭ ᠭᠠᠵᠠᠷ ᠪᠤᠶᠤ ᠪᠦᠬᠦ ᠱᠤᠭᠤᠮ ᠤᠨ ᠡᠵᠡᠩᠨᠡᠯᠲᠡ ᠶᠢ ᠲᠦᠷ ᠵᠣᠭᠰᠤᠭᠠᠵᠤ᠂ ᠠᠶᠠᠨᠴᠢᠳ ᠤᠨ ᠤᠷᠤᠰᠬᠠᠯ ᠢ ᠨᠡᠪᠲᠡᠷᠡᠭᠦᠯᠬᠦ ᠪᠠ ᠲᠤᠬᠠᠶ ᠶᠢᠨ ᠲᠠᠯᠠᠪᠤᠷ ᠤᠨ ᠡᠮᠬᠢ ᠵᠢᠷᠤᠮ ᠢ ᠬᠠᠮᠠᠭᠠᠯᠠᠬᠤ ᠠᠵᠢᠯ ᠢ ᠰᠠᠶᠢᠲᠤᠷ ᠬᠢᠵᠦ  ᠪᠣᠯᠤᠨ᠎ᠠ᠂ ᠡᠭᠦᠨ ᠤ ᠬᠠᠮᠲᠤ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠦᠨ᠎ᠡ᠃      ᠡᠵᠡᠩᠨᠡᠯᠲᠡ ᠶᠢᠨ ᠨᠢᠭᠡᠴᠡ ᠤᠷᠤᠰᠬᠠᠯ ᠢ ᠬᠢᠵᠠᠭᠠᠷᠯᠠᠬᠤ᠂ ᠥᠷᠲᠡᠭᠡ ᠠᠯᠭᠠᠰᠠᠬᠤ᠂ ᠥᠷᠲᠡᠭᠡ ᠶᠢ ᠪᠢᠲᠡᠭᠦᠮᠵᠢᠯᠡᠬᠦ᠂ ᠡᠵᠡᠩᠨᠡᠯᠲᠡ ᠪᠠᠨ ᠲᠦᠷ ᠵᠣᠭᠰᠣᠭᠠᠬᠤ ᠠᠷᠭ᠎ᠠ ᠬᠡᠮᠵᠢᠶ᠎ᠡ ᠠᠪᠬᠤ ᠳᠠᠭᠠᠨ ᠴᠠᠭ ᠲᠤᠬᠠᠶ ᠳᠤᠨᠢ ᠤᠯᠠᠨ ᠨᠡᠶᠢᠲᠡ ᠳᠤ ᠮᠡᠳᠡᠭᠳᠡᠬᠦ ᠬᠡᠷᠡᠭᠲᠡᠶ᠂ ᠡᠭᠦᠨ ᠳᠤ ᠥᠷᠲᠡᠭᠡ ᠶᠢ ᠪᠢᠲᠡᠭᠦᠮᠵᠢᠯᠡᠬᠦ᠂ ᠡᠵᠡᠩᠨᠡᠯᠲᠡ ᠶᠢᠨ ᠠᠷᠭ᠎ᠠ ᠬᠡᠮᠵᠢᠶ᠎ᠡ ᠶᠢ ᠲᠦᠷ ᠵᠣᠭᠰᠣᠭᠠᠬᠤ ᠳᠤ ᠪᠠᠰᠠ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠬᠦ ᠬᠡᠷᠡᠭᠲᠡᠶ᠃      ᠳᠥᠴᠢᠨ ᠨᠢᠭᠡᠳᠦᠭᠡᠷ ᠵᠦᠢᠯ ᠡᠵᠡᠩᠨᠡᠯᠲᠡ ᠶᠢᠨ ᠨᠢᠭᠡᠴᠡ ᠨᠢ ᠬᠤᠲᠠ ᠶᠢᠨ ᠵᠢᠮᠲᠦ ᠵᠠᠮ ᠬᠠᠷᠢᠯᠴᠠᠭ᠎ᠠ ᠶᠢᠨ ᠬᠡᠪ ᠤᠨ᠂ ᠬᠡᠪ ᠤᠨ ᠪᠤᠰᠤ᠂ ᠪᠠᠴᠢᠮ ᠡᠵᠡᠩᠨᠡᠯᠲᠡ ᠶᠢᠨ ᠠᠮᠤᠷ ᠲᠦᠪᠰᠢᠨ ᠤ ᠮᠡᠳᠡᠭᠡ ᠵᠠᠩᠭᠢ ᠶᠢ ᠪᠦᠷᠢᠳᠬᠡᠨ ᠵᠠᠳᠠᠯᠬᠤ ᠳᠦᠷᠢᠮ ᠢ ᠪᠠᠶᠢᠭᠤᠯᠬᠤ ᠶᠢᠨ ᠬᠠᠮᠳᠤ ᠬᠠᠮᠢᠶ᠎ᠠ ᠪᠦᠬᠦᠢ ᠲᠣᠭᠲᠠᠭᠠᠯ ᠶᠣᠰᠣᠭᠠᠷ ᠬᠤᠯᠪᠤᠭᠳᠠᠯ ᠪᠦᠬᠦᠢ ᠮᠡᠳᠡᠭᠡ ᠵᠠᠩᠭᠢ ᠶᠢ ᠴᠠᠭ ᠲᠤᠬᠠᠶ ᠳᠤᠨᠢ ᠮᠡᠳᠡᠭᠦᠯᠦᠨ ᠬᠦᠷᠭᠡᠬᠦ ᠬᠡᠷᠡᠭᠲᠡᠶ᠃ᠡᠵᠡᠩᠨᠡᠯᠲᠡ ᠶᠢᠨ ᠨᠢᠭᠡᠴᠡ ᠨᠢ ᠬᠦᠨᠳᠦ ᠶᠡᠭᠡ ᠭᠡᠮ ᠰᠣᠭᠤᠭ ᠪᠣᠯᠤᠨ ᠠᠳᠡᠯ ᠤᠨ ᠰᠢᠯᠲᠠᠭᠠᠨ ᠳᠤ ᠵᠠᠳᠠᠯᠤᠯᠲᠠ ᠬᠢᠬᠦ ᠶᠢ ᠵᠣᠬᠢᠶᠠᠨ ᠪᠠᠶᠢᠭᠤᠯᠤᠨ᠂ ᠬᠤᠲᠠ ᠶᠢᠨ ᠵᠢᠮᠲᠦ ᠵᠠᠮ ᠬᠠᠷᠢᠯᠴᠠᠭᠠᠨ ᠤ ᠡᠵᠡᠩᠨᠡᠯᠲᠡ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠳᠦᠷᠢᠮ ᠵᠢᠴᠢ ᠠᠮᠤᠷ ᠲᠥᠪᠰᠢᠨ ᠤ ᠰᠡᠷᠭᠡᠶᠢᠯᠡᠯᠲᠡ ᠪᠣᠯᠤᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠲᠠᠰᠤᠷᠠᠯᠲᠠ ᠤᠢᠭᠡᠢ ᠲᠡᠭᠦᠯᠳᠡᠷᠵᠢᠭᠦᠯᠬᠦ ᠬᠡᠷᠡᠭᠲᠡᠶ᠃      ᠲᠠᠪᠤᠳᠤᠭᠠᠷ ᠪᠦᠯᠦᠭ ᠬᠠᠤᠯᠢ ᠶᠢᠨ ᠬᠠᠷᠢᠭᠤᠴᠠᠯᠭ᠎ᠠ      ᠳᠥᠴᠢᠨ ᠬᠤᠶᠠᠳᠤᠭᠠᠷ ᠵᠦᠢᠯ ᠡᠵᠡᠩᠨᠡᠯᠲᠡ ᠶᠢᠨ ᠨᠢᠭᠡᠴᠡ ᠳᠣᠤᠷ᠎ᠠ ᠵᠢᠭᠰᠠᠭᠠᠭᠰᠠᠨ ᠦᠢᠯᠡ ᠠᠵᠢᠯᠯᠠᠭ᠎ᠠ ᠶᠢᠨ ᠨᠢᠭᠡ ᠶᠢ ᠬᠢᠭᠰᠡᠨ ᠪᠠᠶᠢᠪᠠᠯ᠂ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠵᠠᠷᠯᠢᠭᠳᠠᠵᠤ ᠪᠠᠶᠢᠭᠠᠳ ᠬᠤᠭᠤᠴᠠᠭ᠎ᠠ ᠲᠣᠭᠲᠠᠭᠠᠨ ᠵᠠᠯᠠᠷᠠᠭᠤᠯᠤᠭᠤᠯᠤᠨ᠎ᠠ᠃ ᠵᠠᠯᠠᠷᠠᠭᠤᠯᠤᠭᠰᠠᠨ ᠦᠭᠡᠢ ᠪᠠᠶᠢᠪᠠᠯ᠂ 5000 ᠲᠥᠭᠦᠷᠢᠭ ᠠᠴᠠ ᠳᠡᠭᠡᠭᠰᠢ 1 ᠲᠦᠮᠡᠨ ᠲᠥᠭᠦᠷᠢᠭ ᠠᠴᠠ ᠳᠣᠷᠣᠭᠰᠢ ᠵᠤᠭᠤᠰ ᠢᠶᠠᠷ ᠲᠤᠷᠭᠠᠬᠤ ᠶᠢᠨ ᠬᠠᠮᠳᠤ ᠭᠤᠣᠯ ᠬᠠᠷᠢᠭᠤᠴᠠᠯᠭᠠᠳᠠᠨ ᠢ ᠨᠢ 1 ᠲᠦᠮᠡᠨ ᠲᠦᠭᠦᠷᠢᠭ ᠠᠴᠠ ᠲᠤᠷᠤᠭᠰᠢ ᠵᠤᠭᠤᠰ ᠢᠶᠠᠷ ᠲᠣᠷᠭᠠᠵᠤ ᠪᠣᠯᠤᠨ᠎ᠠ᠃      ︵ᠨᠢᠭᠡ︶ ᠬᠤᠯᠪᠤᠭᠳᠠᠯ ᠪᠥᠬᠦᠢ ᠪᠠᠷᠢᠮᠵᠢᠶ᠎ᠠ ᠶᠣᠰᠣᠭᠠᠷ ᠠᠵᠢᠯᠯᠠᠵᠤ ᠪᠠᠶᠢᠭ᠎ᠠ ᠬᠥᠮᠦᠰ ᠲᠤ ᠮᠡᠷᠭᠡᠵᠢᠯ ᠤᠨ ᠴᠢᠳᠠᠪᠤᠷᠢ ᠶᠢᠨ ᠪᠣᠯᠪᠠᠰᠤᠷᠠᠭᠤᠯᠤᠯ ᠬᠦᠷᠳᠡᠭᠡᠭᠰᠡᠨ ᠦᠭᠡᠢ᠃      ︵ᠬᠤᠶᠠᠷ︶ ᠭᠠᠯᠲᠤ ᠲᠡᠷᠭᠡᠨ ᠤ ᠵᠢᠯᠣᠭᠤᠴᠢ ᠬᠠᠤᠯᠢ ᠴᠠᠭᠠᠵᠠ ᠬᠠᠤᠯᠢ ᠲᠣᠭᠲᠠᠭᠠᠯ ᠳᠤ ᠲᠤᠭᠲᠠᠭᠠᠭᠰᠠᠨ ᠶᠣᠰᠣᠭᠠᠷ ᠠᠵᠢᠯ ᠳᠤ ᠭᠠᠷᠬᠤ ᠶᠢ ᠵᠦᠪᠰᠢᠶᠡᠷᠡᠭᠰᠡᠨ ᠬᠢᠷᠢ ᠬᠡᠮ ᠣᠯᠤᠭᠰᠠᠨ ᠥᠭᠡᠢ᠃ ᡾      ︵ᠭᠤᠷᠪᠠ︶ ᠭᠠᠯᠲᠤ ᠲᠡᠷᠭᠡᠨ ᠤ ᠵᠢᠯᠣᠭᠤᠴᠢ᠂ ᠲᠡᠷᠭᠡ ᠲᠣᠬᠢᠷᠠᠭᠤᠯᠤᠭᠴᠢ᠂ ᠲᠡᠷᠭᠡᠨ ᠤ ᠵᠢᠵᠢᠭᠦᠷᠯᠡᠭᠴᠢ᠂ ᠳᠣᠬᠢᠶᠠᠨ ᠤ ᠠᠵᠢᠯᠴᠢᠨ᠂ ᠴᠢᠮᠡᠭᠡ ᠬᠤᠯᠪᠣᠭᠠᠨ ᠤ ᠠᠵᠢᠯᠴᠢᠨ ᠵᠡᠷᠭᠡ ᠭᠤᠤᠯᠳᠠᠯᠭ᠎ᠠ ᠲᠠᠢ ᠠᠵᠢᠯ ᠤᠨ ᠪᠠᠶᠢᠷᠢ ᠶᠢᠨ ᠠᠵᠢᠯᠯᠠᠭᠰᠠᠳ ᠬᠢᠨᠠᠨ ᠰᠢᠯᠭᠠᠯᠲᠠ ᠶᠢ ᠦᠩᠭᠡᠷᠡᠭᠰᠡᠨ ᠦᠭᠡᠢ ᠪᠠᠷ ᠠᠵᠢᠯ ᠤᠨ ᠪᠠᠶᠢᠷᠢ ᠳᠤ ᠭᠠᠷᠬᠤ᠃      ︵ᠳᠥᠷᠪᠡ︶ ᠬᠠᠮᠠᠭᠠᠯᠠᠯᠲᠠ ᠶᠢᠨ ᠣᠷᠣᠨ ᠢ ᠲᠣᠭᠤᠷᠢᠨ ᠪᠠᠶᠢᠴᠠᠭᠠᠬᠤ ᠲᠦᠷᠢᠮ ᠪᠠᠶᠢᠭᠤᠯᠤᠭᠰᠠᠨ ᠥᠬᠡᠶ᠃      ︵ᠲᠠᠪᠤ︶ ᠬᠠᠮᠢᠶ᠎ᠠ ᠪᠥᠬᠦᠶ ᠲᠣᠭᠲᠠᠭᠠᠯ ᠶᠣᠰᠣᠭᠠᠷ ᠲᠦᠭᠰᠢᠭᠦᠷᠢ ᠶᠢ ᠱᠠᠲᠤ ᠬᠤᠪᠢᠶᠠᠨ ᠬᠠᠮᠢᠶᠠᠷᠤᠨ ᠡᠵᠡᠮᠳᠡᠬᠦ ᠪᠠ ᠳᠠᠯᠳᠠ ᠬᠡᠮ ᠢ ᠵᠢᠭᠰᠠᠭᠠᠨ ᠪᠠᠶᠢᠴᠠᠭᠠᠵᠤ ᠵᠠᠰᠠᠬᠤ ᠳᠠᠪᠬᠤᠷ ᠤᠷᠢᠳᠴᠢᠯᠠᠨ ᠰᠡᠷᠭᠡᠶᠢᠯᠡᠬᠦ ᠲᠦᠷᠢᠮ ᠢ ᠲᠡᠭᠦᠯᠳᠡᠷᠵᠢᠬᠦᠯᠦᠭᠰᠡᠨ ᠥᠬᠡᠶ᠃      ︵ᠵᠢᠷᠭᠤᠭ᠎ᠠ︶ ᠲᠦᠭᠰᠢᠭᠦᠷᠢ ᠶᠢᠨ ᠳ᠋ᠠᠶᠢᠲ᠋ᠠ ᠬᠥᠮᠥᠷᠭᠡ ᠪᠣᠯᠤᠨ ᠳᠠᠯᠳᠠ ᠬᠡᠮ ᠢ ᠵᠢᠭᠰᠠᠭᠠᠨ ᠪᠠᠶᠢᠴᠠᠭᠠᠬᠤ ᠭᠠᠷ ᠳᠡᠪᠲᠡᠷ ᠪᠠᠶᠢᠭᠤᠯᠤᠭᠰᠠᠨ ᠥᠬᠡᠶ᠃᡾      ︵ᠳᠣᠯᠤᠭ᠎ᠠ︶ ᠡᠵᠡᠩᠨᠡᠯᠲᠡ ᠶᠢᠨ ᠠᠮᠤᠷ ᠲᠦᠪᠰᠢᠨ ᠤ ᠲᠦᠭᠰᠢᠭᠦᠷᠢ ᠶᠢᠨ ᠳᠠᠯᠳᠠ ᠬᠡᠮ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢᠶᠠᠨ ᠱᠠᠭᠠᠷᠳᠠᠯᠭ᠎ᠠ ᠶᠣᠰᠣᠭᠠᠷ ᠮᠡᠳᠡᠭᠦᠯᠦᠭᠰᠡᠨ ᠥᠬᠡᠶ᠃      ︵ᠨᠠᠢᠮᠠ︶ ᠪᠡᠯᠡᠳᠬᠡᠮᠵᠢ ᠲᠥᠬᠦᠭᠡᠷᠦᠮᠵᠢ ᠶᠢ ᠪᠠᠶᠢᠴᠠᠭᠠᠬᠤ᠂ ᠪᠠᠶᠢᠴᠠᠭᠠᠨ ᠬᠡᠮᠵᠢᠵᠦ ᠦᠨᠡᠯᠡᠨ ᠵᠢᠱᠢᠬᠦ᠂  ᠠᠷᠠᠴᠢᠯᠠᠨ ᠬᠠᠮᠠᠭᠠᠯᠠᠵᠤ ᠰᠡᠯᠪᠢᠨ ᠵᠠᠰᠠᠬᠤ᠂ ᠰᠢᠨᠡᠳᠬᠡᠨ ᠥᠭᠡᠷᠡᠴᠢᠯᠡᠬᠦ ᠲᠦᠷᠢᠮ ᠪᠠ ᠮᠡᠷᠭᠡᠵᠢᠯ ᠤᠨ ᠬᠠᠮᠢᠶᠠᠷᠤᠯᠲᠠ  ᠶᠢᠨ ᠰᠢᠰᠲ᠋ᠧᠮᠵᠢ ᠶᠢ ᠪᠠᠶᠢᠭᠤᠯᠤᠭᠰᠠᠨ ᠥᠬᠡᠶ᠃      ︵ᠶᠢᠰᠦ︶ ᠪᠡᠯᠡᠳᠬᠡᠮᠵᠢ ᠲᠥᠬᠦᠭᠡᠷᠦᠮᠵᠢ ᠶᠢ ᠲᠣᠭᠲᠠᠮᠠᠯ ᠬᠤᠭᠤᠴᠠᠭ᠎ᠠ ᠲᠠᠢ ᠪᠠᠷ ᠪᠠᠶᠢᠴᠠᠭᠠᠵᠤ᠂ ᠪᠠᠶᠢᠴᠠᠭᠠᠨ ᠬᠡᠮᠵᠢᠵᠦ ᠦᠨᠡᠯᠡᠨ ᠵᠢᠱᠢᠬᠦ ᠪᠠ ᠴᠠᠭ ᠲᠤᠬᠠᠶ ᠳᠤᠨᠢ ᠠᠷᠠᠴᠢᠯᠠᠨ ᠬᠠᠮᠠᠭᠠᠯᠠᠵᠤ ᠰᠡᠯᠪᠢᠨ ᠵᠠᠰᠠᠬᠤ᠂ ᠰᠢᠨᠡᠳᠬᠡᠨ ᠥᠭᠡᠷᠡᠴᠢᠯᠡᠭᠰᠡᠨ ᠥᠬᠡᠶ᠃ ᡾      ︵ᠠᠷᠪᠠ︶ ᠬᠠᠮᠢᠶ᠎ᠠ ᠪᠥᠬᠦᠶ ᠲᠣᠭᠲᠠᠭᠠᠯ ᠶᠣᠰᠣᠭᠠᠷ ᠡᠵᠡᠩᠨᠡᠯᠲᠡ ᠶᠢᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠲᠥᠰᠦᠯ ᠤᠨ ᠰᠢᠰᠲ᠋ᠧᠮᠵᠢ ᠶᠢ ᠪᠠᠶᠢᠭᠤᠯᠤᠭᠰᠠᠨ ᠥᠬᠡᠶ᠃      ︵ᠠᠷᠪᠠᠨ ᠨᠢᠭᠡ︶ ᠨᠥᠭᠡᠴᠡᠯᠡᠭᠰᠡᠨ ᠪᠠᠴᠢᠮ ᠪᠠᠶᠢᠳᠠᠯ ᠢ ᠠᠷᠭᠠᠴᠠᠭᠠᠬᠤ ᠡᠳ᠋ ᠪᠣᠳᠠᠰ ᠨᠢ ᠬᠡᠷᠡᠭᠴᠡᠭᠡ ᠶᠢ ᠬᠠᠩᠭᠠᠬᠤ ᠦᠭᠡᠢ᠂ ᠲᠤᠰᠬᠠᠶ ᠪᠠᠴᠢᠮ ᠪᠠᠶᠢᠳᠠᠯ ᠢ ᠠᠷᠭᠠᠴᠠᠭᠠᠬᠤ ᠠᠪᠤᠷᠠᠨ ᠲᠤᠰᠠᠯᠠᠬᠤ ᠲᠣᠨᠤᠭᠯᠠᠯ ᠲᠣᠬᠢᠷᠠᠭᠤᠯᠤᠭᠰᠠᠨ ᠥᠬᠡᠶ ᠪᠤᠶᠤ ᠪᠠᠴᠢᠮ ᠪᠠᠶᠢᠳᠠᠯ ᠢ ᠠᠷᠭᠠᠴᠠᠭᠠᠬᠤ ᠠᠪᠤᠷᠠᠨ ᠲᠤᠰᠠᠯᠠᠬᠤ ᠡᠩᠨᠡᠭᠡ ᠪᠠᠶᠢᠭᠤᠯᠤᠭᠰᠠᠨ ᠥᠬᠡᠶ᠂ ᠪᠠᠴᠢᠮ ᠪᠠᠶᠢᠳᠠᠯ ᠢ ᠠᠷᠭᠠᠴᠠᠭᠠᠬᠤ ᠠᠵᠢᠯᠲᠠᠨ ᠢ ᠪᠦᠷᠢᠨ ᠲᠣᠬᠢᠷᠠᠭᠤᠯᠤᠭᠰᠠᠨ ᠥᠬᠡᠶ᠃      ︵ᠠᠷᠪᠠᠨ ᠬᠤᠶᠠᠷ︶ ᠡᠵᠡᠩᠨᠡᠯᠲᠡ ᠶᠢᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠭᠠᠬᠤ ᠰᠣᠷᠢᠯᠲᠠ ᠶᠢ ᠴᠠᠭ ᠲᠤᠬᠠᠶ ᠳᠤᠨᠢ ᠵᠣᠬᠢᠶᠠᠨ ᠪᠠᠶᠢᠭᠤᠯᠤᠭᠰᠠᠨ ᠥᠬᠡᠶ᠃      ︵ᠠᠷᠪᠠᠨ ᠭᠤᠷᠪᠠ︶ ᠡᠵᠡᠩᠨᠡᠯᠲᠡ ᠶᠢᠨ ᠠᠮᠤᠷ ᠲᠦᠪᠰᠢᠨ ᠤ ᠬᠤᠯᠪᠤᠭᠳᠠᠯ ᠪᠥᠬᠦᠶ ᠮᠡᠳᠡᠭᠡ ᠵᠠᠩᠭᠢ ᠪᠠᠨ ᠬᠠᠮᠢᠶ᠎ᠠ ᠪᠥᠬᠦᠶ ᠲᠣᠭᠲᠠᠭᠠᠯ ᠶᠣᠰᠣᠭᠠᠷ ᠴᠠᠭ ᠲᠤᠬᠠᠶ ᠳᠤᠨᠢ ᠮᠡᠳᠡᠭᠦᠯᠦᠨ ᠬᠦᠷᠭᠡᠭᠰᠡᠨ ᠥᠬᠡᠶ᠃ᠳᠥᠴᠢᠨ ᠭᠤᠷᠪᠠᠳᠤᠭᠠᠷ ᠵᠦᠢᠯ ᠡᠵᠡᠩᠨᠡᠯᠲᠡ ᠶᠢᠨ ᠨᠢᠭᠡᠴᠡ ᠳᠣᠤᠷ᠎ᠠ ᠵᠢᠭᠰᠠᠭᠠᠭᠰᠠᠨ ᠦᠢᠯᠡ ᠠᠵᠢᠯᠯᠠᠭ᠎ᠠ ᠶᠢᠨ ᠨᠢᠭᠡ  ᠶᠢ ᠬᠢᠭᠰᠡᠨ ᠪᠠᠶᠢᠪᠠᠯ᠂ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠵᠠᠷᠯᠢᠭᠳᠠᠵᠤ ᠪᠠᠶᠢᠭᠠᠳ ᠬᠤᠭᠤᠴᠠᠭ᠎ᠠ ᠲᠣᠭᠲᠠᠭᠠᠨ ᠵᠠᠯᠠᠷᠠᠭᠤᠯᠤᠭᠤᠯᠤᠨ᠎ᠠ᠃ ᠬᠤᠭᠤᠴᠠᠭ᠎ᠠ ᠬᠡᠲᠦᠷᠡᠲᠡᠯ᠎ᠡ ᠵᠠᠯᠠᠷᠠᠭᠤᠯᠤᠭᠰᠠᠨ ᠦᠭᠡᠢ ᠪᠠᠶᠢᠪᠠᠯ᠂ 1 ᠲᠦᠮᠡᠨ ᠲᠥᠭᠦᠷᠢᠭ ᠠᠴᠠ ᠲᠤᠷᠤᠭᠰᠢ ᠵᠣᠭᠤᠰ ᠢᠶᠠᠷ ᠲᠣᠷᠭᠠᠬᠤ ᠪᠠᠷ ᠰᠢᠢᠳᠬᠡᠨ᠎ᠡ᠄      ︵ᠨᠢᠭᠡ︶ ᠡᠵᠡᠩᠨᠡᠯᠲᠡ ᠶᠢᠨ ᠦᠢᠯᠡᠴᠢᠯᠡᠭᠡᠨ ᠤ ᠶᠠᠰᠤ ᠴᠢᠨᠠᠷ ᠤᠨ ᠠᠮᠠᠯᠠᠯᠲᠠ ᠪᠠᠨ ᠨᠡᠶᠢᠭᠡᠮ ᠳᠤ ᠨᠡᠶᠢᠲᠡᠯᠡᠭᠰᠡᠨ ᠦᠭᠡᠢ ᠪᠤᠶᠤ ᠬᠦᠢᠴᠡᠳᠬᠡᠭᠰᠡᠨ ᠪᠠᠶᠢᠳᠠᠯ ᠢᠶᠠᠨ ᠲᠣᠭᠲᠠᠮᠠᠯ ᠬᠤᠭᠤᠴᠠᠭ᠎ᠠ ᠲᠠᠢ ᠪᠠᠷ ᠮᠡᠳᠡᠭᠦᠯᠦᠭᠰᠡᠨ ᠦᠭᠡᠢ᠃      ︵ᠬᠤᠶᠠᠷ︶ ᠭᠠᠯᠲᠤ ᠲᠡᠷᠭᠡᠨ ᠤ ᠠᠵᠢᠯᠯᠠᠭᠠᠨ ᠤ ᠲᠥᠯᠥᠪᠯᠡᠭᠡ ᠶᠢ ᠭᠤᠣᠯᠴᠢᠯᠠᠨ ᠬᠠᠮᠢᠶᠠᠷᠬᠤ ᠰᠠᠯᠠᠭ᠎ᠠ ᠮᠦᠴᠢᠷ ᠲᠤ ᠮᠡᠳᠡᠭᠦᠯᠵᠦ ᠳᠠᠩᠰᠠᠯᠠᠭᠤᠯᠤᠭᠰᠠᠨ ᠦᠭᠡᠢ ᠪᠤᠶᠤ ᠠᠵᠢᠯᠯᠠᠭᠠᠨ ᠤ ᠵᠢᠷᠤᠭ ᠲᠤ ᠲᠤᠬᠢᠷᠠᠭᠤᠯᠤᠯᠲᠠ ᠬᠢᠭᠡᠳ ᠦᠢᠯᠡᠴᠢᠯᠡᠭᠡᠨ ᠤ ᠶᠠᠰᠤ  ᠴᠢᠨᠠᠷ ᠢ ᠬᠦᠨᠳᠦ ᠨᠣᠴᠢᠲᠠᠢ ᠨᠥᠯᠥᠭᠡᠯᠡᠭᠰᠡᠨ ᠪᠥᠭᠡᠳ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠤᠴᠢᠷ ᠰᠢᠯᠲᠠᠭᠠᠨ ᠢ ᠨᠢ ᠲᠣᠳᠣᠷᠬᠠᠶᠢᠯᠠᠭᠰᠠᠨ ᠥᠭᠡᠢ᠃      ︵ᠭᠤᠷᠪᠠ︶ ᠲᠣᠭᠲᠠᠭᠠᠯ ᠶᠣᠰᠣᠭᠠᠷ ᠠᠶᠠᠨᠴᠢᠳ ᠲᠤ ᠡᠵᠡᠩᠨᠡᠯᠲᠡ ᠶᠢᠨ ᠦᠢᠯᠡᠴᠢᠯᠡᠭᠡ ᠪᠠ ᠠᠮᠤᠷ ᠲᠦᠪᠰᠢᠨ ᠤ ᠪᠠᠴᠢᠮ ᠪᠠᠶᠢᠳᠠᠯ ᠢ ᠠᠷᠭᠠᠴᠠᠭᠠᠬᠤ ᠵᠡᠷᠭᠡ ᠮᠡᠳᠡᠭᠡ ᠵᠠᠩᠭᠢ ᠶᠢ ᠬᠠᠩᠭᠠᠭᠰᠠᠨ ᠦᠭᠡᠢ᠃      ︵ᠳᠦᠷᠪᠡ︶ ᠵᠠᠭᠠᠯᠳᠤᠯᠭ᠎ᠠ ᠶᠢ ᠬᠦᠯᠢᠶᠡᠨ ᠠᠪᠴᠤ ᠰᠢᠢᠳᠪᠦᠷᠢᠯᠡᠬᠦ ᠳᠦᠷᠢᠮ ᠪᠠᠶᠢᠭᠤᠯᠤᠭᠰᠠᠨ ᠦᠭᠡᠢ᠂ ᠡᠰᠡᠬᠦᠯ᠎ᠡ ᠠᠶᠠᠨᠴᠢᠳ ᠤᠨ ᠵᠠᠭᠠᠯᠳᠤᠯᠭ᠎ᠠ ᠶᠢ ᠴᠠᠭ ᠲᠤᠬᠠᠶ ᠳᠤᠨᠢ ᠰᠢᠢᠳᠪᠦᠷᠢᠯᠡᠭᠰᠡᠨ ᠦᠭᠡᠢ ᠪᠦᠭᠡᠳ ᠰᠢᠢᠳᠪᠦᠷᠢᠯᠡᠭᠰᠡᠨ ᠦᠷ᠎ᠡ ᠳ᠋ᠦᠩ ᠢᠶᠠᠨ ᠠᠶᠠᠨᠴᠢᠳ ᠲᠤ ᠮᠡᠳᠡᠭᠳᠡᠭᠰᠡᠨ ᠦᠭᠡᠢ᠃      ︵ᠲᠠᠪᠤ︶ ᠠᠪᠤᠭᠰᠠᠨ ᠤᠷᠤᠰᠬᠠᠯ ᠢ ᠬᠢᠵᠠᠭᠠᠷᠯᠠᠬᠤ᠂ ᠥᠷᠲᠡᠭᠡ ᠠᠯᠭᠠᠰᠠᠬᠤ᠂ ᠥᠷᠲᠡᠭᠡ ᠶᠢ ᠪᠢᠲᠡᠭᠦᠮᠵᠢᠯᠡᠬᠦ᠂ ᠡᠵᠡᠩᠨᠡᠯᠲᠡ ᠪᠠᠨ ᠲᠦᠷ ᠵᠣᠭᠰᠣᠭᠠᠬᠤ ᠵᠡᠷᠭᠡ ᠠᠷᠭ᠎ᠠ ᠬᠡᠮᠵᠢᠶ᠎ᠡ ᠶᠢ ᠣᠯᠠᠨ ᠨᠡᠶᠢᠲᠡ ᠳᠤ ᠴᠠᠭ ᠲᠤᠬᠠᠶ ᠳᠤᠨᠢ ᠮᠡᠳᠡᠭᠳᠡᠭᠰᠡᠨ ᠥᠬᠡᠶ ᠪᠤᠶᠤ ᠥᠷᠲᠡᠭᠡ ᠪᠢᠲᠡᠭᠦᠮᠵᠢᠯᠡᠭᠰᠡᠨ᠂ ᠡᠵᠡᠩᠨᠡᠯᠲᠡ ᠪᠠᠨ ᠲᠦᠷ ᠵᠣᠭᠰᠣᠭᠠᠭᠰᠠᠨ ᠵᠡᠷᠭᠡ ᠠᠷᠭ᠎ᠠ ᠬᠡᠮᠵᠢᠶ᠎ᠡ ᠶᠢ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠲᠤ ᠮᠡᠳᠡᠭᠦᠯᠦᠭᠰᠡᠨ ᠥᠬᠡᠶ᠃      ᠳᠥᠴᠢᠨ ᠳᠥᠷᠪᠡᠳᠦᠭᠡᠷ ᠵᠦᠢᠯ ᠲᠣᠰ ᠠᠷᠭ᠎ᠠ ᠶᠢᠨ ᠬᠤᠷᠢᠳᠤᠭᠠᠷ ᠵᠦᠢᠯ᠂ ᠬᠤᠷᠢᠨ ᠭᠤᠷᠪᠠᠳᠤᠭᠠᠷ ᠵᠦᠢᠯ ᠪᠠ ᠬᠤᠷᠢᠨ ᠳᠥᠷᠪᠡᠳᠦᠭᠡᠷ ᠵᠦᠢᠯ ᠠᠴᠠ ᠵᠥᠷᠢᠴᠡᠵᠦ᠂ ᠳᠣᠤᠷ᠎ᠠ ᠵᠢᠭᠰᠠᠭᠠᠭᠰᠠᠨ ᠦᠢᠯᠡ ᠠᠵᠢᠯᠯᠠᠭ᠎ᠠ ᠶᠢᠨ ᠨᠢᠭᠡ ᠶᠢ ᠬᠢᠭᠰᠡᠨ ᠪᠠᠶᠢᠪᠠᠯ᠂ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠤᠯᠪᠣᠭᠳᠠᠯ ᠪᠦᠬᠦᠢ ᠬᠠᠷᠢᠭᠤᠴᠠᠯᠭ᠎ᠠ ᠲᠠᠢ ᠬᠥᠮᠦᠨ ᠪᠠ ᠨᠢᠭᠡᠴᠡ ᠶᠢ ᠵᠠᠷᠯᠢᠭᠳᠠᠵᠤ ᠪᠠᠶᠢᠭᠠᠳ ᠬᠤᠭᠤᠴᠠᠭ᠎ᠠ ᠲᠣᠭᠲᠠᠭᠠᠨ ᠵᠠᠯᠠᠷᠠᠭᠤᠯᠤᠭᠤᠯᠵᠤ᠂ ᠨᠥᠯᠥᠭᠡ ᠶᠢ ᠨᠢ ᠠᠷᠢᠯᠭᠠᠭᠤᠯᠤᠨ᠎ᠠ᠃ ᠬᠤᠭᠤᠴᠠᠭ᠎ᠠ ᠬᠡᠲᠦᠷᠡᠲᠡᠯ᠎ᠡ ᠵᠠᠯᠠᠷᠠᠭᠤᠯᠤᠭᠰᠠᠨ ᠦᠭᠡᠢ ᠪᠠᠶᠢᠪᠠᠯ᠂ ᠬᠤᠪᠢ ᠬᠥᠮᠦᠨ ᠢ 5000 ᠲᠥᠭᠦᠷᠢᠭ ᠠᠴᠠ ᠲᠤᠷᠤᠭᠰᠢ ᠵᠣᠭᠤᠰ ᠢᠶᠠᠷ ᠲᠣᠷᠭᠠᠬᠤ ᠪᠠᠷ ᠰᠢᠢᠳᠬᠡᠵᠦ᠂ ᠨᠢᠭᠡᠴᠡ ᠶᠢ 3 ᠲᠦᠮᠡᠨ ᠲᠥᠭᠦᠷᠢᠭ ᠠᠴᠠ ᠲᠤᠷᠤᠭᠰᠢ ᠵᠣᠭᠤᠰ ᠢᠶᠠᠷ ᠲᠣᠷᠭᠠᠬᠤ ᠪᠠᠷ ᠰᠢᠢᠳᠭᠡᠵᠦ ᠪᠣᠯᠤᠨ᠎ᠠ᠃ ᠬᠤᠬᠢᠷᠠᠯ ᠤᠴᠠᠷᠠᠭᠤᠯᠤᠭᠰᠠᠨ ᠪᠠᠶᠢᠪᠠᠯ᠂ ᠬᠠᠤᠯᠢ ᠶᠣᠰᠣᠭᠠᠷ ᠲᠦᠯᠦᠬᠦ ᠬᠠᠷᠢᠭᠤᠴᠠᠯᠭ᠎ᠠ ᠡᠭᠦᠷᠭᠡᠯᠡᠨ᠎ᠡ᠃ ᠤᠢᠢᠯᠠ ᠪᠠᠶᠢᠳᠠᠯ ᠨᠢ ᠬᠦᠨᠳᠦ ᠨᠣᠴᠢᠲᠠᠶ ᠪᠠᠶᠢᠵᠤ ᠶᠠᠯ᠎ᠠ ᠪᠤᠯᠵᠦ ᠪᠦᠷᠢᠯᠳᠦᠭᠰᠡᠨ ᠪᠠᠶᠢᠪᠠᠯ᠂ ᠬᠠᠤᠯᠢ ᠶᠣᠰᠣᠭᠠᠷ ᠡᠷᠡᠭᠦᠤ ᠶᠢᠨ ᠬᠠᠷᠢᠭᠤᠴᠠᠯᠭ᠎ᠠ ᠨᠡᠬᠡᠮᠵᠢᠯᠡᠨ᠎ᠡ᠄      ︵ᠨᠢᠭᠡ︶ ᠬᠠᠮᠠᠭᠠᠯᠠᠯᠲᠠ ᠶᠢᠨ ᠣᠷᠣᠨ ᠳᠤ ᠬᠠᠤᠯᠢ ᠶᠢ ᠵᠥᠷᠢᠴᠡᠨ ᠪᠠᠷᠢᠯᠭ᠎ᠠ ᠶᠢᠨ ᠠᠵᠢᠯ ᠬᠢᠭᠰᠡᠨ᠃      ︵ᠬᠤᠶᠠᠷ︶ ᠥᠨᠳᠥᠷ ᠵᠢᠶᠠᠰᠠ ᠲᠠᠢ ᠵᠠᠮ ᠱᠤᠭᠤᠮ ᠤᠨ ᠬᠥᠭᠦᠷᠭᠡᠨ ᠳᠣᠤᠷᠠᠬᠢ ᠣᠷᠣᠨ ᠵᠠᠶ ᠶᠢ ᠬᠡᠷᠡᠭᠯᠡᠬᠦ ᠨᠢ ᠡᠵᠡᠩᠨᠡᠯᠲᠡ ᠶᠢᠨ ᠠᠮᠤᠷ ᠲᠦᠪᠰᠢᠨ ᠳᠤ ᠬᠤᠤᠷ ᠬᠥᠨᠥᠭᠡᠯ ᠤᠴᠠᠷᠠᠭᠤᠯᠵᠤ ᠮᠡᠳᠡᠬᠦ᠃      ︵ᠭᠤᠷᠪᠠ︶ ᠭᠠᠵᠠᠷ ᠳᠡᠭᠡᠷᠡᠬᠢ᠂ ᠥᠨᠳᠥᠷ ᠵᠢᠶᠠᠰᠠ ᠲᠠᠢ ᠵᠠᠮ ᠱᠤᠭᠤᠮ ᠳᠠᠭᠠᠤ ᠪᠠᠷᠢᠯᠭ᠎ᠠ ︵ᠪᠠᠷᠢᠮᠠᠯ︶ ᠪᠤᠶᠤ ᠤᠷᠭᠤᠮᠠᠯ ᠲᠡᠷᠭᠡᠨ ᠠᠴᠠ ᠬᠠᠷᠠᠬᠤ ᠶᠢ ᠬᠠᠷᠰᠢᠯᠠᠭᠰᠠᠨ᠂ ᠬᠢᠵᠠᠭᠠᠷ ᠲᠤ ᠣᠷᠣᠵᠤ ᠢᠷᠡᠭᠰᠡᠨ᠃      ᠳᠥᠴᠢᠨ ᠲᠠᠪᠤᠳᠤᠭᠠᠷ ᠵᠦᠢᠯ ᠲᠣᠰ ᠠᠷᠭ᠎ᠠ ᠶᠢᠨ ᠭᠤᠴᠢᠨ ᠨᠢᠭᠡᠳᠦᠭᠡᠷ ᠵᠦᠢᠯ᠂ ᠭᠤᠴᠢᠨ ᠬᠤᠶᠠᠳᠤᠭᠠᠷ ᠵᠦᠢᠯ ᠤᠨ ᠨᠢᠭᠡᠳᠦᠭᠡᠷ ᠵᠤᠷᠪᠤᠰ ᠠᠴᠠ ᠲᠠᠪᠤᠳᠤᠭᠠᠷ ᠵᠤᠷᠪᠤᠰ ᠬᠦᠷᠲᠡᠯᠡᠬᠢ ᠲᠣᠭᠲᠠᠭᠠᠯ ᠠᠴᠠ ᠵᠥᠷᠢᠴᠡᠭᠰᠡᠨ ᠪᠠᠶᠢᠪᠠᠯ᠂ ᠡᠵᠡᠩᠨᠡᠯᠲᠡ ᠶᠢᠨ ᠨᠢᠭᠡᠴᠡ ᠬᠤᠷᠢᠭᠯᠠᠨ ᠵᠣᠭᠰᠣᠭᠠᠬᠤ ᠡᠷᠬᠡ ᠲᠠᠢ᠂ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠵᠠᠷᠯᠢᠭᠳᠠᠨ  ᠵᠠᠯᠠᠷᠠᠭᠤᠯᠤᠭᠤᠯᠤᠨ᠎ᠠ᠂ ᠬᠤᠪᠢ ᠬᠥᠮᠦᠨ ᠢ 5000 ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠵᠤ᠂ ᠨᠢᠭᠡᠴᠡ ᠶᠢ 3 ᠲᠦᠮᠡᠨ ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠵᠤ ᠪᠣᠯᠤᠨ᠎ᠠ᠃ ᠠᠮᠤᠷ ᠢ ᠬᠠᠮᠠᠭᠠᠯᠠᠬᠤ ᠬᠠᠮᠢᠶᠠᠷᠤᠯᠲᠠ ᠶᠢ ᠵᠥᠷᠢᠴᠡᠭᠰᠡᠨ ᠪᠠᠶᠢᠪᠠᠯ᠂ ᠳᠣᠲᠣᠭᠠᠳᠤ ᠶᠢ ᠬᠠᠮᠠᠭᠠᠯᠠᠬᠤ ᠪᠠᠶᠢᠭᠤᠯᠭ᠎ᠠ ᠠᠴᠠ ᠬᠠᠤᠯᠢ ᠶᠣᠰᠣᠭᠠᠷ ᠰᠢᠢᠳᠪᠦᠷᠢᠯᠡᠨ᠎ᠡ᠃ ᠶᠠᠯ᠎ᠠ ᠪᠤᠯᠵᠦ ᠪᠦᠷᠢᠯᠳᠦᠭᠰᠡᠨ ᠪᠠᠶᠢᠪᠠᠯ ᠬᠠᠤᠯᠢ ᠶᠣᠰᠣᠭᠠᠷ ᠡᠷᠡᠭᠦᠤ ᠶᠢᠨ ᠬᠠᠷᠢᠭᠤᠴᠠᠯᠭ᠎ᠠ ᠨᠡᠬᠡᠮᠵᠢᠯᠡᠨ᠎ᠡ᠃      ᠭᠤᠴᠢᠨ ᠬᠤᠶᠠᠳᠤᠭᠠᠷ ᠵᠦᠢᠯ ᠤᠨ ᠵᠢᠷᠭᠤᠳᠤᠭᠠᠷ ᠵᠤᠷᠪᠤᠰ ᠠᠴᠠ ᠠᠷᠪᠠᠨ ᠭᠤᠷᠪᠠᠳᠤᠭᠠᠷ ᠵᠤᠷᠪᠤᠰ ᠬᠦᠷᠳᠡᠯᠡᠬᠢ ᠲᠣᠭᠲᠠᠭᠠᠯ ᠢ ᠵᠦᠷᠢᠴᠡᠭᠰᠡᠨ ᠪᠣᠯ ᠡᠵᠡᠩᠨᠡᠯᠲᠡ ᠶᠢᠨ ᠨᠢᠭᠡᠴᠡ ᠬᠤᠷᠢᠭᠯᠠᠨ ᠵᠣᠭᠰᠣᠭᠠᠬᠤ ᠡᠷᠬᠡ ᠲᠠᠢ᠂ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠰᠡᠷᠡᠮᠵᠢᠯᠡᠭᠦᠯᠬᠦ ᠶᠢᠨ ᠬᠠᠮᠲᠤ ᠬᠤᠪᠢ ᠬᠥᠮᠦᠨ ᠢ 3000 ᠲᠥᠭᠦᠷᠢᠭ ᠠᠴᠠ ᠳᠣᠷᠣᠭᠰᠢ ᠵᠣᠭᠤᠰ ᠢᠶᠠᠷ ᠲᠣᠷᠭᠠᠵᠤ ᠪᠣᠯᠤᠨ᠎ᠠ᠃      ᠳᠥᠴᠢᠨ ᠵᠢᠷᠭᠤᠳᠤᠭᠠᠷ ᠵᠦᠢᠯ ᠵᠠᠮ ᠬᠠᠷᠢᠯᠴᠠᠭ᠎ᠠ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ᠂ ᠳᠣᠲᠣᠭᠠᠳᠤ ᠶᠢ ᠬᠠᠮᠠᠭᠠᠯᠠᠬᠤ ᠪᠠ ᠡᠵᠡᠩᠨᠡᠯᠲᠡ ᠶᠢᠨ ᠠᠮᠤᠷ ᠲᠦᠪᠰᠢᠨ ᠳᠤ ᠡᠭᠦᠷᠭᠡ ᠬᠠᠷᠢᠭᠤᠴᠠᠯᠭ᠎ᠠ ᠲᠠᠢ ᠵᠠᠰᠠᠭ ᠵᠠᠬᠢᠷᠭᠠᠨ ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠤᠳ ᠵᠢᠮᠲᠦ ᠵᠠᠮ ᠬᠠᠷᠢᠯᠴᠠᠭᠠᠨ ᠤ ᠡᠵᠡᠩᠨᠡᠯᠲᠡ ᠶᠢᠨ ᠠᠮᠤᠷ ᠲᠦᠪᠰᠢᠨ ᠢ ᠶᠡᠷᠦᠩᠬᠡᠶᠢᠯᠡᠨ ᠵᠣᠬᠢᠴᠠᠭᠤᠯᠬᠤ ᠲᠣᠭᠲᠠᠴᠠ ᠶᠢ ᠦᠨᠡᠨᠬᠦ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠶ᠂ ᠲᠤᠰ ᠲᠣᠭᠲᠠᠭᠠᠯ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠦᠭᠡᠢ ᠠᠴᠠ ᠪᠣᠯᠵᠤ ᠬᠦᠨᠳᠦ ᠨᠣᠴᠢᠲᠠᠶ ᠥᠷ᠎ᠡ ᠳ᠋ᠦᠩ ᠭᠠᠷᠭᠠᠭᠰᠠᠨ᠂ ᠡᠰᠡᠬᠦᠯ᠎ᠡ ᠡᠷᠬᠡ ᠲᠤᠰᠢᠶᠠᠯ ᠢᠶᠠᠨ ᠳᠤᠷ᠎ᠠ ᠪᠠᠷ ᠢᠶᠠᠨ ᠬᠡᠷᠡᠭᠯᠡᠭᠰᠡᠨ᠂ ᠡᠭᠦᠷᠭᠡ ᠲᠤᠰᠢᠶᠠᠯ ᠳᠠᠭᠠᠨ ᠣᠰᠣᠯᠳᠠᠭᠰᠠᠨ᠂ ᠬᠤᠪᠢ ᠶᠢᠨ ᠨᠠᠶᠢᠷ ᠬᠠᠷᠠᠵᠤ ᠬᠠᠤᠯᠢ ᠶᠣᠰᠣ ᠶᠢ ᠵᠥᠷᠢᠴᠡᠭᠰᠡᠨ ᠪᠤᠰᠤᠳ ᠦᠢᠯᠡ ᠠᠵᠢᠯᠯᠠᠭ᠎ᠠ ᠲᠠᠢ ᠪᠠᠶᠢᠪᠠᠯ᠂ ᠬᠠᠷᠢᠭᠤᠴᠠᠯᠭ᠎ᠠ ᠲᠠᠢ ᠤᠳᠤᠷᠢᠳᠤᠯᠭ᠎ᠠ ᠪᠠ ᠰᠢᠭᠤᠳ ᠬᠠᠷᠢᠭᠤᠴᠠᠯᠭ᠎ᠠ ᠲᠠᠢ ᠬᠥᠮᠦᠨ ᠳᠤ ᠬᠠᠤᠯᠢ ᠶᠣᠰᠣᠭᠠᠷ ᠰᠢᠢᠳᠭᠡᠯ ᠦᠭᠭᠦᠨ᠎ᠡ᠃ ᠶᠠᠯ᠎ᠠ ᠪᠤᠯᠵᠦ ᠪᠦᠷᠢᠯᠳᠦᠭᠰᠡᠨ ᠪᠠᠶᠢᠪᠠᠯ ᠬᠠᠤᠯᠢ ᠶᠣᠰᠣᠭᠠᠷ ᠡᠷᠡᠭᠦᠤ ᠶᠢᠨ ᠬᠠᠷᠢᠭᠤᠴᠠᠯᠭ᠎ᠠ ᠨᠡᠬᠡᠮᠵᠢᠯᠡᠨ᠎ᠡ᠃      ᠳᠥᠴᠢᠨ ᠳᠣᠯᠣᠳᠤᠭᠠᠷ ᠵᠦᠢᠯ ᠲᠤᠰ ᠠᠷᠭ᠎ᠠ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢᠨ ᠲᠤᠬᠠᠶ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠠᠰᠲᠠᠭᠠᠨ ᠲᠣᠭᠲᠠᠭᠠᠯ ᠲᠠᠢ ᠪᠣᠯ ᠲᠡᠷᠡ ᠲᠣᠭᠲᠠᠭᠠᠯ ᠢ ᠵᠢᠷᠤᠮᠯᠠᠨ᠎ᠠ᠃      ᠵᠢᠷᠭᠤᠳᠤᠭᠠᠷ ᠪᠦᠯᠦᠭ ᠳᠠᠭᠠᠯᠳᠤᠭᠤᠯᠤᠭᠰᠠᠨ ᠲᠦᠷᠢᠮ      ᠳᠥᠴᠢᠨ ᠨᠠᠢᠮᠠᠳᠤᠭᠠᠷ ᠵᠦᠢᠯ ᠲᠣᠰ ᠠᠷᠭ᠎ᠠ ᠶᠢ 2021 ᠣᠨ ᠤ 1 ᠳ᠋ᠤᠭᠡᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号