ᠬᠥᠬᠡᠬᠤᠲᠠ ᠶᠢᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠮᠢᠶᠣᠣ ᠴᠢᠩ︶ 2 ᠰᠠᠷ᠎ᠠ ᠶᠢᠨ | 1 ᠤ ᠡᠳᠦᠷ ᠰᠤᠷᠪᠤᠯᠵᠢᠯᠠᠭᠴᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ | ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠠᠴᠠ ᠣᠶᠢᠯᠠᠭᠠᠭᠰᠠᠨ ᠢᠶᠠᠷ᠂ 2020 ᠣᠨ ᠤ | ᠡᠴᠦᠰ ᠪᠣᠯᠲᠠᠯ᠎ᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠨᠡᠶᠢᠲᠡ 274 ᠪᠦᠲᠦᠭᠡᠭᠳᠡᠬᠦᠨ ᠢ | ᠪᠥᠬᠦ ᠤᠯᠤᠰ ᠤᠨ ᠨᠠᠷᠠᠲᠤ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠤ ᠨᠡᠷᠡᠰ ᠤᠨ | ᠵᠢᠭᠰᠠᠭᠠᠯᠲᠠ ᠳᠤ ᠣᠷᠣᠭᠤᠯᠵᠤ᠂ ᠶᠡᠷᠦᠩᠬᠡᠶ ᠲᠤᠭ᠎ᠠ ᠨᠢ ᠪᠥᠬᠦ ᠤᠯᠤᠰ ᠤᠨ ᠲᠡᠷᠢᠭᠦᠨ ᠳᠤ ᠣᠷᠣᠪᠠ᠃ | ᠣᠶᠢᠷ᠎ᠠ ᠶᠢᠨ ᠵᠢᠯ ᠤᠨ ᠲᠤᠷᠰᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠨᠠᠷᠠᠲᠤ ᠣᠨᠴᠠ | ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠢ ᠬᠥᠭᠵᠢᠭᠦᠯᠬᠦ ᠪᠠᠷ ᠥᠪᠡᠷᠲᠡᠭᠡᠨ ᠵᠠᠰᠠᠬᠤ ᠣᠷᠣᠨ ᠤ | ᠲᠠᠷᠢᠶᠠᠯᠠᠩ ᠮᠠᠯ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ | ᠪᠣᠯᠭᠠᠪᠠ᠃ 2020 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 1 ᠳ᠋ᠤᠭᠡᠷ ᠲᠣᠭᠠᠲᠤ ᠪᠢᠴᠢᠭ | ᠮᠠᠲ᠋ᠧᠷᠢᠶᠠᠯ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠢᠴᠢ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ︽ᠲᠠᠷᠢᠶᠠᠯᠠᠩ ᠮᠠᠯ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ | ᠲᠦᠷᠭᠡᠳᠬᠡᠨ ᠠᠬᠢᠭᠤᠯᠬᠤ ᠲᠤᠬᠠᠶ ᠰᠠᠨᠠᠯ︾ ᠳᠤ ᠨᠠᠷᠠᠲᠤ ᠣᠨᠴᠠ ᠰᠢᠯᠢᠳᠡᠭ ᠰᠢᠨ᠎ᠡ ᠲᠠᠷᠢᠶᠠᠯᠠᠩ ᠤᠨ | ᠪᠦᠲᠦᠭᠡᠭᠳᠡᠬᠦᠨ ᠤ ᠠᠵᠢᠯ ᠳᠤ ᠲᠣᠳᠣᠷᠬᠠᠶ ᠱᠠᠭᠠᠷᠳᠠᠯᠭ᠎ᠠ ᠳᠤᠷᠠᠳᠴᠤ᠂ ᠣᠶᠢᠷ᠎ᠠ ᠶᠢᠨ ᠭᠤᠷᠪᠠᠨ ᠵᠢᠯ ᠳᠤ | ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ | ᠲᠢᠩᠬᠢᠮ ᠠᠴᠠ ᠳᠠᠷᠤᠮᠠᠯᠯᠠᠨ ᠲᠠᠷᠬᠠᠭᠠᠭᠰᠠᠨ ︽ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠶ ᠶᠢᠨ ᠴᠢᠨᠠᠷ | ᠰᠠᠶᠢᠲᠠᠶ ᠬᠥᠭᠵᠢᠯᠲᠡ ᠶᠢᠨ ᠠᠷᠪᠠᠨ ᠶᠡᠭᠡ ᠠᠵᠢᠯᠯᠠᠭᠠᠨ ᠤ ᠲᠥᠯᠥᠪᠯᠡᠭᠡ︾ ᠵᠢᠴᠢ ︽ᠨᠠᠷᠠᠲᠤ ᠲᠥᠷᠥᠯ | ᠲᠡᠮᠳᠡᠭᠲᠦ ᠶᠢᠨ ᠠᠵᠢᠯᠯᠠᠭᠠᠨ ᠤ ᠭᠤᠷᠪᠠᠨ ᠵᠢᠯ ᠤᠨ ᠲᠥᠯᠥᠪᠯᠡᠭᠡ︾ ᠵᠡᠷᠭᠡ ᠪᠢᠴᠢᠭ ᠮᠠᠲ᠋ᠧᠷᠢᠶᠠᠯ ᠳᠤ ᠨᠠᠷᠠᠲᠤ ᠣᠨᠴᠠ | ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠤ ᠬᠥᠭᠵᠢᠯᠲᠡ ᠳᠤ ᠴᠢᠬᠤᠯᠠ ᠪᠠᠶᠢᠷᠢᠯᠠᠭᠤᠯᠤᠯᠲᠠ ᠬᠢᠵᠦ᠂ | ᠴᠢᠨᠠᠷ ᠰᠠᠶᠢᠲᠠᠶ ᠲᠠᠷᠢᠶᠠᠯᠠᠩ ᠤᠨ ᠪᠦᠲᠦᠭᠡᠭᠳᠡᠬᠦᠨ ᠤ ᠪᠥᠲᠥᠭᠡᠨ ᠪᠠᠶᠢᠭᠤᠯᠤᠯᠲᠠ ᠶᠢᠨ ᠰᠢᠨ᠎ᠡ ᠳᠡᠭᠲᠡᠷ ᠲᠤ ᠭᠠᠷᠬᠤ ᠶᠢ | ᠠᠬᠢᠭᠤᠯᠪᠠ᠃ | ᠡᠭᠦᠨ ᠤ ᠬᠠᠮᠲᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠨᠠᠷᠠᠲᠤ ᠣᠨᠴᠠ ᠰᠢᠯᠢᠳᠡᠭ | ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠤ ᠠᠵᠢᠯ ᠢ ᠰᠢᠯᠭᠠᠨ ᠬᠢᠨᠠᠵᠤ ᠰᠢᠪᠠᠳᠠᠨ ᠪᠠᠶᠢᠴᠠᠭᠠᠬᠤ ᠬᠡᠪᠴᠢᠶᠡᠨ ᠳᠤ | ᠣᠷᠣᠭᠤᠯᠵᠤ᠂ ᠨᠠᠷᠠᠲᠤ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠤ ᠠᠵᠢᠯ ᠢ ᠰᠢᠯᠭᠠᠨ | ᠦᠨᠡᠯᠡᠭᠦ ᠲᠠᠢ ᠨᠢᠭᠲᠠ ᠤᠶᠠᠯᠳᠤᠭᠤᠯᠤᠨ᠂ ᠵᠢᠯ ᠤᠨ ᠡᠬᠢᠨ ᠳᠤ ᠡᠯ᠎ᠡ ᠠᠶᠢᠮᠠᠭ ᠬᠤᠲᠠ ᠶᠢᠨ ᠨᠠᠷᠠᠲᠤ ᠣᠨᠴᠠ | ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠢ ᠡᠷᠡᠮᠡᠯᠵᠡᠨ ᠮᠡᠳᠡᠭᠦᠯᠭᠦ ᠬᠠᠷᠠᠯᠲᠠᠲᠤ ᠡᠭᠦᠷᠭᠡ ᠶᠢᠨ ᠲᠤᠭ᠎ᠠ ᠶᠢ | ᠲᠣᠭᠲᠠᠭᠠᠬᠤ ᠶᠢᠨ ᠬᠠᠮᠲᠤ ᠥᠷᠨᠢᠭᠦᠯᠦᠭᠰᠡᠨ ᠪᠠᠶᠢᠳᠠᠯ ᠢ ︽2020 ᠣᠨ ᠤ ᠮᠠᠯ ᠲᠠᠷᠢᠶᠠᠯᠠᠩ ᠮᠠᠯᠵᠢᠬᠤ | ᠲᠠᠷᠢᠶᠠᠯᠠᠬᠤ ᠣᠷᠣᠨ ᠤ ᠴᠢᠨᠠᠷ ᠰᠠᠶᠢᠲᠠᠶ ᠬᠥᠭᠵᠢᠯᠲᠡ ᠶᠢᠨ 10 ᠶᠡᠭᠡ ᠠᠵᠢᠯᠯᠠᠭᠠᠨ ᠤ ᠲᠥᠯᠥᠪᠯᠡᠭᠡ ᠶᠢᠨ | ᠭᠤᠤᠯᠳᠠᠯᠭ᠎ᠠ ᠲᠠᠢ ᠰᠢᠪᠠᠳᠠᠨ ᠪᠠᠶᠢᠴᠠᠭᠠᠬᠤ ᠠᠭᠤᠯᠭ᠎ᠠ︾ ᠳᠤ ᠣᠷᠣᠭᠤᠯᠵᠤ᠂ ᠵᠢᠯ ᠤᠨ ᠡᠴᠦᠰ ᠲᠤ ᠡᠯ᠎ᠡ ᠠᠶᠢᠮᠠᠭ | ᠬᠤᠲᠠ ᠶᠢᠨ ᠪᠡᠶᠡᠯᠡᠭᠦᠯᠦᠭᠰᠡᠨ ᠪᠠᠶᠢᠳᠠᠯ ᠢ ᠰᠢᠯᠭᠠᠨ ᠬᠢᠨᠠᠪᠠ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠨᠡᠷᠡᠲᠦ ᠣᠨᠴᠠ ᠰᠢᠯᠢᠳᠡᠭ ᠰᠢᠨ᠎ᠡ ᠲᠠᠷᠢᠶᠠᠯᠠᠩ ᠤᠨ | ᠪᠦᠲᠦᠭᠡᠭᠳᠡᠬᠦᠨ ᠢ ᠬᠥᠭᠵᠢᠭᠦᠯᠬᠦ ᠶᠢ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠳᠤ ᠲᠤᠰᠠᠯᠠᠬᠤ ᠯᠤᠭ᠎ᠠ ᠬᠠᠷᠢᠯᠴᠠᠨ | ᠤᠶᠠᠯᠳᠤᠭᠤᠯᠵᠤ᠂ ᠲᠤᠰᠬᠠᠶ ᠵᠠᠷᠤᠳᠠᠯ ᠢ ᠤᠠᠴᠠᠭᠠᠢᠢᠯᠠᠨ ᠭᠠᠷᠭᠠᠵᠤ ᠨᠡᠷᠡᠲᠦ ᠣᠨᠴᠠ ᠰᠢᠯᠢᠳᠡᠭ ᠰᠢᠨ᠎ᠡ | ᠲᠠᠷᠢᠶᠠᠯᠠᠩ ᠤᠨ ᠪᠦᠲᠦᠭᠡᠭᠳᠡᠬᠦᠨ ᠤ ᠰᠢᠮ᠎ᠡ ᠲᠡᠵᠢᠭᠡᠯ ᠤᠨ ᠴᠢᠨᠠᠷ ᠴᠢᠠᠰᠠᠭ᠎ᠠ ᠶᠢ ᠬᠢᠨᠠᠨ ᠲᠣᠭᠲᠠᠭᠠᠬᠤ ᠳᠤ ᠬᠡᠷᠡᠭᠯᠡᠵᠦ᠂ | ᠨᠡᠷᠡᠲᠦ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠢᠶᠠᠷ ᠡᠷᠡᠮᠡᠯᠵᠡᠨ ᠮᠡᠳᠡᠭᠦᠯᠦᠭᠰᠡᠨ ᠪᠦᠬᠦᠨ ᠢ | ᠴᠥᠮ ᠢᠯᠡ ᠪᠠᠷ ᠳᠠᠭᠠᠭᠠᠴᠢᠯᠠᠯᠲᠠ ᠵᠠᠷᠯᠠᠬᠤ ᠳᠤ ᠰᠣᠩᠭᠤᠨ ᠲᠣᠭᠲᠠᠭᠠᠭᠰᠠᠨ ᠪᠠᠶᠢᠭᠤᠯᠤᠮᠵᠢ ᠳᠤ ᠦᠨ᠎ᠡ | ᠲᠥᠯᠥᠪᠦᠷᠢ ᠦᠭᠡᠶ ᠪᠠᠷ ᠬᠢᠨᠠᠨ ᠲᠤᠬᠳᠠᠭᠠᠯᠳᠠ ᠬᠢᠯᠭᠡᠵᠦ ᠪᠤᠯᠤᠨ᠎ᠠ᠂ ᠡᠨᠡ ᠨᠢ ᠡᠷᠡᠮᠡᠯᠵᠡᠨ ᠮᠡᠳᠡᠭᠦᠯᠭᠦ ᠠᠵᠤ | ᠠᠬᠤᠶᠢᠯᠠᠯ ᠤᠨ ᠳᠠᠷᠤᠭᠠᠰᠤ ᠶᠢ ᠬᠥᠩᠭᠡᠷᠡᠭᠦᠯᠦᠭᠰᠡᠨ ᠢᠶᠠᠷ ᠪᠠᠷᠠᠬᠤ ᠦᠭᠡᠢ ᠪᠠᠰᠠ ᠭᠠᠵᠠᠷ ᠣᠷᠣᠨ ᠤ ᠣᠷᠣᠨ | ᠪᠦᠰᠡ ᠶᠢᠨ ᠨᠡᠷᠡᠲᠦ ᠲᠥᠷᠥᠯ ᠲᠡᠮᠳᠡᠭᠲᠦ ᠶᠢ ᠲᠡᠳᠭᠦᠨ ᠲᠡᠮᠵᠢᠭᠦ ᠶᠢ ᠴᠢᠩᠭᠠᠳᠬᠠᠭᠰᠠᠨ ᠪᠠᠶᠢᠨ᠎ᠠ᠃ ᠡᠭᠦᠨ ᠠᠴᠠ | ᠭᠠᠳᠠᠨ᠎ᠠ᠂ ᠪᠠᠰᠠ ︽ᠨᠠᠷᠠᠲᠤ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠢ ᠳᠠᠩᠰᠠᠯᠠᠬᠤ | ᠲᠤᠷᠰᠢᠯᠲᠠ ᠪᠠ ᠳᠡᠯᠭᠡᠷᠡᠭᠦᠯᠬᠦ ᠲᠥᠷᠥᠯ ᠵᠦᠢᠯ︾ ᠢ ᠬᠡᠷᠡᠭᠵᠢᠭᠦᠯᠵᠦ᠂ ᠬᠡᠰᠡᠭ ᠨᠠᠷᠠᠲᠤ ᠣᠨᠴᠠ ᠰᠢᠯᠢᠳᠡᠭ ᠰᠢᠨ᠎ᠡ | ᠲᠠᠷᠢᠶᠠᠯᠠᠩ ᠤᠨ ᠪᠦᠲᠦᠭᠡᠭᠳᠡᠬᠦᠨ ᠳᠤ ᠰᠤᠩᠭᠤᠬᠳᠠᠠ ᠤᠷᠤᠬᠰᠠᠨ ᠠᠵᠤ ᠠᠬᠤᠶᠢᠯᠠᠯ ᠢ ᠲᠡᠳᠬᠦᠨ ᠳᠡᠮᠵᠢᠵᠦ᠂ ᠪᠥᠬᠦ | ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ | ᠥᠭᠡᠷᠡᠴᠢᠯᠡᠯᠲᠡ ᠶᠢᠨ ᠠᠯᠬᠤᠭ᠎ᠠ ᠶᠢ ᠤᠯᠠᠮ ᠨᠢᠭᠡ ᠠᠯᠬᠤᠮ ᠲᠦᠷᠭᠡᠳᠬᠡᠨ᠂ ᠥᠷᠭᠡᠨ ᠣᠯᠠᠨ ᠮᠠᠯᠴᠢᠨ ᠲᠠᠷᠢᠶᠠᠴᠢᠨ | ᠡᠷᠦᠬᠡ ᠶᠢ ᠳᠠᠶᠢᠴᠢᠯᠠᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠳᠠᠷᠢᠵᠤ ᠲᠡᠵᠢᠭᠡᠨ | ᠦᠷᠡᠵᠢᠭᠦᠯᠬᠦ ᠦᠢᠯᠡᠰ ᠢ ᠬᠥᠭᠵᠢᠭᠦᠯᠵᠦ᠂ ᠮᠠᠯᠴᠢᠨ ᠲᠠᠷᠢᠶᠠᠴᠢᠨ ᠡᠷᠦᠬᠡ ᠶᠢᠨ ᠣᠷᠣᠯᠭ᠎ᠠ ᠪᠠᠨ ᠨᠡᠮᠡᠭᠳᠡᠭᠦᠯᠬᠦ ᠠᠷᠭ᠎ᠠ | ᠵᠠᠮ ᠢ ᠥᠷᠭᠡᠳᠬᠡᠨ᠂ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠳᠤ ᠬᠦᠴᠦᠨ ᠨᠡᠮᠡᠷᠢᠯᠡᠪᠡ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠪᠠᠰᠠ ᠤᠬᠠᠭᠤᠯᠭ᠎ᠠ ᠪᠣᠯᠪᠠᠰᠤᠷᠠᠭᠤᠯᠤᠯ ᠢ | ᠴᠢᠩᠭᠠᠳᠬᠠᠵᠤ ᠨᠠᠷᠠᠲᠤ ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢ ᠠᠬᠢᠭᠤᠯᠪᠠ᠃ ᠨᠡᠷᠡᠲᠦ ᠣᠨᠴᠠ ᠰᠢᠯᠢᠳᠡᠭ | ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠦᠢᠯᠡᠳᠪᠦᠷᠢᠯᠡᠬᠦ ᠠᠵᠤ ᠠᠬᠤᠶᠢᠯᠠᠯ ᠵᠢᠴᠢ ᠲᠠᠷᠢᠶᠠᠯᠠᠬᠤ ᠡᠷᠦᠬᠡ ᠳᠤ | ᠤᠬᠠᠭᠤᠯᠭ᠎ᠠ ᠶᠢᠨ ᠳᠣᠲᠣᠭᠠᠳᠤ ᠬᠠᠭᠤᠳᠠᠰᠤ ᠲᠠᠢ ᠦᠢᠯᠡᠳᠪᠦᠷᠢᠯᠡᠯ ᠤᠨ ᠲᠦᠷᠢᠮᠵᠢᠯ ᠤᠨ ᠲᠡᠮᠳᠡᠭᠯᠡᠯ ᠤᠨ ᠳᠡᠪᠲᠡᠷ | ᠵᠣᠬᠢᠶᠠᠵᠤ᠂ ᠨᠡᠷᠡᠲᠦ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠤ ᠨᠡᠷᠡᠰ ᠲᠤ ᠵᠢᠭᠰᠠᠭᠠᠭᠳᠠᠭᠰᠠᠨ | ᠠᠵᠤ ᠠᠬᠤᠶᠢᠯᠠᠯ ᠳᠤ ᠲᠡᠮᠳᠡᠭ ᠫᠠᠶᠢᠰᠠ ᠵᠣᠬᠢᠶᠠᠵᠤ᠂ ᠨᠡᠷᠡᠲᠦ ᠣᠨᠴᠠ ᠰᠢᠯᠢᠳᠡᠭ ᠰᠢᠨ᠎ᠡ ᠲᠠᠷᠢᠶᠠᠯᠠᠩ ᠤᠨ | ᠪᠦᠲᠦᠭᠡᠭᠳᠡᠬᠦᠨ ᠤ ᠲᠦᠷᠦᠯ ᠲᠡᠮᠳᠡᠭ ᠢ ᠬᠥᠮᠦᠰ ᠤᠨ ᠰᠡᠳᠬᠢᠯ ᠳᠤ ᠬᠠᠳᠠᠩᠰᠢᠭᠤᠯᠵᠤ᠂ ᠢᠯᠡ ᠲᠣᠳᠣ ᠣᠷᠣᠨ | ᠪᠦᠰᠡ ᠶᠢᠨ ᠣᠨᠴᠠᠯᠢᠭ ᠪᠦᠬᠦᠢ ᠰᠢᠶᠠᠨ ᠤ ᠬᠡᠪᠴᠢᠶᠡᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ | ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠦᠷᠦᠯ ᠲᠡᠮᠳᠡᠭ ᠢ ᠡᠭᠦᠳᠴᠦ᠂ ᠲᠠᠷᠢᠶᠠᠯᠠᠩ ᠢ | ᠴᠢᠨᠠᠷᠯᠢᠬ ᠬᠥᠭᠵᠢᠭᠦᠯᠬᠦ᠂ ᠲᠠᠷᠢᠶᠠᠯᠠᠩ ᠢ ᠪᠣᠬᠢᠷᠲᠤᠯ ᠦᠭᠡᠶ ᠬᠥᠭᠵᠢᠭᠦᠯᠬᠦ᠂ ᠲᠠᠷᠢᠶᠠᠯᠠᠩ ᠢ ᠲᠦᠷᠦᠯ | ᠲᠡᠮᠳᠡᠭᠵᠢᠭᠦᠯᠦᠨ ᠬᠦᠴᠦᠷᠬᠡᠭᠵᠢᠭᠦᠯᠬᠦ ᠶᠢ ᠲᠦᠯᠬᠢᠨ ᠠᠬᠢᠭᠤᠯᠪᠠ᠃ | http://mongol.people.com.cn/15836941.html |