ᠵᠠᠬᠢᠳᠠᠯ ᠰᠤᠷᠪᠤᠯᠵᠢᠯᠠᠭ᠎ᠠ ᠶᠢᠨ ᠢᠯᠡᠴᠢᠯᠡᠨ ᠮᠡᠳᠡᠭᠦᠯᠦᠯᠲᠡ ᠶᠢ ᠭᠥᠯᠢᠶᠡᠨ ᠠᠪᠴᠤ ᠰᠢᠢᠳᠪᠦᠷᠢᠯᠡᠭᠰᠡᠨ ᠲᠤᠭ᠎ᠠ ᠠᠳᠠᠯᠢ ᠬᠤᠭᠤᠴᠠᠭᠠᠨ ᠤ ᠬᠢ ᠠᠴᠠ 28.9% ᠪᠠᠷ ᠪᠠᠭᠤᠷᠠᠪᠠ
ᠨᠡᠶᠢᠲᠡᠯᠡᠭᠰᠡᠨ ᠴᠠᠭ᠄
2021/2/4
       ᠥᠪᠥᠷ ᠮᠣᠩᠭᠤᠯ ᠤᠨ ᠡᠳᠦᠷ ᠤᠨ ᠰᠣᠨᠢᠨ ᠤ ᠬᠥᠬᠡᠬᠤᠲᠠ ᠶᠢᠨ 2 ᠰᠠᠷ᠎ᠠ ᠶᠢᠨ 2 ᠤᠨ ᠡᠳᠦᠷ ᠤᠨ ᠮᠡᠳᠡᠭᠡ ︵ᠰᠤᠷᠪᠤᠯᠵᠢᠯᠠᠭᠴᠢ ᠵᠧᠩ ᠰᠢᠦᠧᠠᠢ ᠯᠢᠶᠠᠩ᠂ ᠳᠠᠳᠤᠯᠭ᠎ᠠ ᠶᠢᠨ ᠰᠣᠷᠣᠭᠴᠢ ᠬᠤᠧᠠᠩ ᡁᠢ ᠬᠠᠶ᠂ ᠶᠠᠩ ᠫᠧᠡᠭ ᠵᠢᠶᠧ︶ ︽ᠪᠥᠬᠦ ᠵᠢᠯ ᠳᠤ ᠢᠷᠡᠭᠦᠯᠦᠭᠰᠡᠨ ᠵᠠᠬᠢᠳᠠᠯ ᠢ ᠨᠡᠶᠢᠲᠡ 2130 ᠬᠤᠪᠢ ᠰᠢᠢᠳᠪᠦᠷᠢᠯᠡᠵᠦ᠂ ᠣᠯᠠᠨ ᠲᠦᠮᠡᠨ ᠤ ᠰᠤᠷᠪᠤᠯᠵᠢᠯᠠᠭ᠎ᠠ ᠶᠢ 1434 ᠪᠦᠯᠦᠭ 2710 ᠬᠥᠮᠦᠨ ᠤᠳᠠᠭ᠎ᠠ ᠭᠥᠯᠢᠶᠡᠨ ᠠᠪᠴᠤ᠂ ᠰᠦᠯᠵᠢᠶᠡᠨ ᠤ ᠢᠯᠡᠴᠢᠯᠡᠨ ᠮᠡᠳᠡᠭᠦᠯᠦᠯᠲᠡ ᠶᠢ 1311 ᠬᠤᠪᠢ ᠰᠢᠢᠳᠪᠦᠷᠢᠯᠡᠵᠦ᠂ 12388 ᠢᠯᠡᠴᠢᠯᠡᠨ ᠮᠡᠳᠡᠭᠦᠯᠬᠦ ᠤᠲᠠᠰᠤ ᠶᠢ 6628 ᠪᠦᠯᠦᠭ ᠤᠳᠠᠭ᠎ᠠ ᠭᠥᠯᠢᠶᠡᠨ ᠠᠪᠴᠤ ᠰᠣᠨᠣᠰᠴᠤ᠂ ᠡᠯ᠎ᠡ ᠲᠥᠷᠥᠯ ᠤᠨ ᠵᠠᠬᠢᠳᠠᠯ ᠰᠤᠷᠪᠤᠯᠵᠢᠯᠠᠭ᠎ᠠ ᠶᠢᠨ ᠢᠯᠡᠴᠢᠯᠡᠨ ᠮᠡᠳᠡᠭᠦᠯᠦᠯᠲᠡ ᠶᠢ ᠨᠡᠶᠢᠲᠡ 11503 ᠬᠤᠪᠢ ᠰᠢᠢᠳᠪᠦᠷᠢᠯᠡᠵᠦ᠂ ᠨᠠᠷᠢᠨ ᠣᠨᠣᠪᠴᠢᠲᠠᠶ ᠰᠤᠳᠤᠯᠤᠨ ᠮᠠᠭᠠᠳᠯᠠᠬᠤ ᠪᠠᠷ ᠳᠡᠮᠵᠢᠨ ᠨᠡᠶᠢᠲᠡ 2875 ᠬᠤᠪᠢ ᠭᠥᠯᠢᠶᠡᠨ ᠠᠪᠴᠤ᠂ ᠠᠳᠠᠯᠢ ᠬᠤᠭᠤᠴᠠᠭᠠᠨ ᠤ ᠬᠢ ᠠᠴᠠ 28.9% ᠪᠠᠷ ᠪᠠᠭᠤᠷᠠᠪᠠ︾᠃       ᠲᠦᠷᠦᠭᠦᠬᠡᠨ ᠬᠥᠬᠡᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ 2020 ᠣᠨ ᠤ ᠵᠠᠬᠢᠳᠠᠯ ᠰᠤᠷᠪᠤᠯᠵᠢᠯᠠᠭ᠎ᠠ ᠪᠠᠷ ᠢᠯᠡᠴᠢᠯᠡᠨ ᠮᠡᠳᠡᠭᠦᠯᠬᠦ ᠠᠵᠢᠯ ᠤᠨ ᠬᠢᠷᠢ ᠪᠦᠲᠦᠮᠵᠢ ᠶᠢᠨ ᠬᠠᠭᠤᠳᠠᠰᠤ ᠶᠢ ᠨᠡᠶᠢᠲᠡᠯᠡᠪᠡ᠃       2020 ᠣᠨ ᠠᠴᠠ ᠨᠠᠰᠢ᠂ ᠬᠥᠬᠡᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠢᠯᠡᠴᠢᠯᠡᠨ ᠮᠡᠳᠡᠭᠦᠯᠬᠦ ᠲᠠᠪᠴᠠᠩ ᠤᠨ ᠪᠠᠶᠢᠭᠤᠯᠤᠯᠲᠠ ᠶᠢ ᠭᠦᠨᠵᠡᠭᠡᠢ ᠠᠬᠢᠭᠤᠯᠵᠤ᠂ ᠪᠦᠬᠦ ᠬᠤᠳᠠ ᠶᠢᠨ 284 ᠬᠡᠷᠡᠭᠯᠡᠭᠴᠢ ᠶᠢᠨ ᠢᠯᠡᠴᠢᠯᠡᠨ ᠮᠡᠳᠡᠭᠦᠯᠬᠦ ᠲᠠᠪᠴᠠᠩ ᠤᠨ ᠦᠨᠳᠦᠰᠦᠨ ᠱᠠᠲᠤᠨ ᠤ ᠬᠡᠪᠯᠡᠯ ᠤᠨ ᠪᠠᠶᠢᠷᠢᠯᠠᠭᠤᠯᠤᠯᠲᠠ ᠬᠡᠷᠡᠭᠯᠡᠯᠲᠡ ᠶᠢ ᠠᠬᠢᠭᠤᠯᠵᠤ᠂ ᠬᠤᠲᠠ᠂ ᠰᠢᠶᠠᠨ ᠬᠤᠶᠠᠷ ᠱᠠᠲᠤᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠵᠠᠬᠢᠳᠠᠯ ᠰᠤᠷᠪᠤᠯᠵᠢᠯᠠᠭ᠎ᠠ ᠶᠢᠨ ᠲᠠᠰᠤᠭ ᠲᠤ ᠢᠯᠡᠴᠢᠯᠡᠨ ᠮᠡᠳᠡᠭᠦᠯᠬᠦ ᠲᠠᠪᠴᠠᠩ ᠤᠨ ᠲᠤᠮᠤ ᠳ᠋ᠠᠶᠢᠲ᠋ᠠ ᠶᠢᠨ ᠬᠤᠪᠢᠶᠠᠷᠢ ᠲᠠᠪᠴᠠᠩ ᠢ ᠪᠠᠶᠢᠷᠢᠯᠠᠭᠤᠯᠪᠠ᠃ ᠲᠠᠪᠴᠠᠩ ᠤᠨ ᠬᠡᠷᠡᠭᠯᠡᠯᠲᠡ ᠶᠢ ᠰᠦᠯᠵᠢᠶ᠎ᠡ ᠪᠠᠷ ᠲᠣᠭᠲᠠᠮᠠᠯ ᠬᠤᠭᠤᠴᠠᠭ᠎ᠠ ᠲᠠᠢ ᠪᠠᠷ 6 ᠤᠳᠠᠭ᠎ᠠ ᠪᠠᠶᠢᠴᠠᠭᠠᠵᠤ᠂ ᠲᠠᠰᠢᠷᠠᠮ ᠢᠶᠠᠷ 10 ᠭᠠᠷᠤᠶ ᠤᠳᠠᠭ᠎ᠠ ᠪᠠᠶᠢᠴᠠᠭᠠᠵᠤ᠂ ᠲᠤᠬᠠᠶ ᠶᠢᠨ ᠭᠠᠵᠠᠷ ᠲᠤᠨᠢ 8 ᠤᠳᠠᠭ᠎ᠠ ᠪᠠᠶᠢᠴᠠᠭᠠᠪᠠ᠃       ᠢᠯᠡᠷᠡᠭᠦᠯᠦᠭᠰᠡᠨ ᠠᠰᠠᠭᠤᠳᠠᠯ ᠳᠤ ᠴᠢᠭᠯᠡᠭᠦᠯᠦᠨ᠂ ᠵᠠᠬᠢᠳᠠᠯ ᠰᠤᠷᠪᠤᠯᠵᠢᠯᠠᠭ᠎ᠠ ᠶᠢᠨ ᠢᠯᠡᠴᠢᠯᠡᠨ ᠮᠡᠳᠡᠭᠦᠯᠦᠯᠲᠡ ᠳᠤ ᠪᠢᠴᠢᠭ ᠢ ᠬᠦᠯᠢᠶᠡᠨ ᠠᠪᠴᠤ ᠳᠠᠩᠰᠠᠯᠠᠨ ᠲᠡᠮᠳᠡᠭᠯᠡᠵᠦ ᠣᠷᠣᠭᠤᠯᠬᠤ ᠵᠡᠷᠭᠡ ᠠᠵᠢᠯ ᠤᠨ ᠲᠣᠭᠤᠷᠢᠨ ᠳᠤ 6 ᠵᠦᠢᠯ ᠤᠨ ᠴᠡᠭᠴᠡᠯᠡᠨ ᠵᠠᠯᠠᠷᠠᠭᠤᠯᠬᠤ ᠮᠡᠳᠡᠭᠳᠡᠯ ᠳᠠᠷᠤᠮᠠᠯᠯᠠᠨ ᠲᠠᠷᠬᠠᠭᠠᠵᠤ᠂ ᠠᠵᠢᠯ ᠤᠨ ᠰᠠᠬᠢᠯᠭ᠎ᠠ ᠪᠠᠲᠤ ᠶᠢ ᠲᠠᠰᠤᠷᠠᠯᠲᠠ ᠦᠭᠡᠢ ᠴᠢᠩᠳᠠᠯᠠᠵᠤ᠂ ᠳᠠᠷᠤᠯᠲᠠ ᠶᠢ ᠦᠷᠭᠦᠯᠵᠢᠯᠡᠨ ᠳᠠᠮᠵᠢᠭᠤᠯᠪᠠ᠃       ᠬᠦᠬᠡᠬᠤᠳᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠵᠠᠬᠢᠳᠠᠯ ᠰᠤᠷᠪᠤᠯᠵᠢᠯᠠᠭ᠎ᠠ ᠶᠢᠨ ᠲᠠᠰᠤᠭ ᠤᠨ ᠬᠠᠷᠢᠭᠤᠴᠠᠯᠭᠠᠲᠠᠨ ᠤ ᠲᠠᠨᠢᠯᠴᠠᠭᠤᠯᠤᠭᠰᠠᠨ ᠢᠶᠠᠷ᠂ 2020 ᠣᠨ ᠤ ᠦᠨᠳᠦᠰᠦᠨ ᠱᠠᠲᠤᠨ ᠤ ︽ᠪᠢᠴᠢᠯ ᠢᠯᠵᠠᠷᠠᠯ︾ ᠤᠨ ᠶᠡᠭᠡ ᠴᠡᠪᠡᠷᠯᠡᠯᠲᠡ ᠶᠢᠨ ᠠᠵᠢᠯᠯᠠᠭ᠎ᠠ ᠳᠤᠮᠳᠠ᠂ ᠵᠠᠬᠢᠳᠠᠯ ᠰᠤᠷᠪᠤᠯᠵᠢᠯᠠᠭ᠎ᠠ ᠶᠢᠨ ᠲᠠᠰᠤᠭ ᠨᠢ ᠲᠣᠰ ᠠᠵᠢᠯᠯᠠᠭ᠎ᠠ ᠶᠢᠨ ᠲᠦᠷᠦᠭᠦᠯᠡᠬᠦ ᠰᠠᠯᠠᠭ᠎ᠠ ᠮᠥᠴᠢᠷ ᠪᠣᠯᠤᠭᠰᠠᠨ ᠤ ᠬᠤᠪᠢ ᠳᠤ᠂ 1027 ᠬᠤᠪᠢ ᠤᠳᠤᠷᠢᠳᠤᠯᠭ᠎ᠠ ᠶᠢᠨ ᠬᠡᠷᠡᠭ ᠳᠠᠭᠠᠭᠠᠴᠢᠯᠠᠬᠤ ᠡᠭᠦᠷᠭᠡ ᠳᠤ ᠡᠬᠡ ᠲᠠᠩᠰᠠ ᠶᠢᠨ ᠬᠠᠮᠢᠶᠠᠷᠤᠯᠲᠠ ᠶᠢ ᠴᠢᠩᠭ᠎ᠠ ᠬᠡᠷᠡᠭᠵᠢᠭᠦᠯᠵᠦ᠂ ᠵᠣᠬᠢᠶᠠᠨ ᠪᠠᠶᠢᠭᠤᠯᠵᠤ ᠵᠣᠬᠢᠴᠠᠭᠤᠯᠬᠤ ᠪᠠᠨ ᠴᠢᠩᠭᠠᠳᠬᠠᠨ᠂ ᠴᠠᠭ ᠲᠤᠬᠠᠶ ᠳᠤᠨᠢ ᠮᠥᠷᠳᠡᠨ ᠲᠣᠬᠢᠷᠠᠭᠤᠯᠵᠤ᠂ ᠡᠭᠦᠷᠭᠡ ᠶᠢ ᠲᠤᠰᠢᠶᠠᠨ ᠰᠢᠢᠳᠪᠦᠷᠢᠯᠡᠭᠦᠯᠬᠦ ᠵᠠᠬᠢᠳᠠᠯ ᠢ 39 ᠬᠤᠪᠢ᠂ ︽ᠰᠠᠨᠠᠭᠤᠯᠭ᠎ᠠ ᠶᠢᠨ ᠵᠠᠬᠢᠳᠠᠯ︾ ᠢ 36 ᠬᠤᠪᠢ ᠭᠠᠷᠭᠠᠪᠠ᠃       ᠣᠳᠣᠬᠠᠨ ᠪᠣᠯᠲᠠᠯ᠎ᠠ᠂ 1025 ᠬᠡᠷᠡᠭ ᠢ ᠨᠢᠭᠡᠨᠲᠡ ᠰᠢᠢᠳᠪᠦᠷᠢᠯᠡᠵᠦ᠂ 2 ᠬᠡᠷᠡᠭ ᠢ ᠶᠠᠭ ᠰᠢᠢᠳᠪᠦᠷᠢᠯᠡᠵᠦ ᠪᠠᠶᠢᠨ᠎ᠠ᠃ ᠨᠡᠶᠢᠲᠡ 144 ᠬᠤᠪᠢ ᠶᠢ ᠬᠡᠷᠡᠭ ᠪᠣᠯᠭᠠᠨ ᠳᠡᠩᠰᠡᠯᠡᠵᠦ᠂ 195 ᠬᠥᠮᠦᠨ ᠳᠤ ᠨᠠᠮ ᠤᠨ ᠰᠠᠬᠢᠯᠭ᠎ᠠ ᠪᠠᠲᠤ ᠵᠠᠰᠠᠭ ᠤᠨ ᠶᠠᠪᠤᠳᠠᠯ ᠤᠨ ᠰᠢᠳᠬᠡᠯ ᠥᠭᠴᠦ᠂ 96 ᠬᠥᠮᠦᠨ ᠢ ᠵᠣᠬᠢᠶᠠᠨ ᠪᠠᠶᠢᠭᠤᠯᠤᠯᠲᠠ ᠶᠢᠨ ᠲᠠᠯ᠎ᠠ ᠪᠠᠷ ᠰᠢᠢᠳᠪᠦᠷᠢᠯᠡᠵᠦ᠂ 20 ᠬᠥᠮᠦᠨ ᠢ ᠬᠠᠤᠯᠢ ᠪᠠᠷᠢᠬᠤ ᠪᠠᠶᠢᠭᠤᠯᠤᠯᠭ᠎ᠠ ᠳᠤ ᠰᠢᠯᠵᠢᠭᠦᠯᠦᠨ ᠬᠦᠷᠭᠡᠵᠦ᠂ 5 ᠬᠥᠮᠦᠨ ᠢ ᠦᠯᠡᠳᠡᠭᠡᠨ ᠬᠤᠴᠤᠷᠭᠠᠵᠤ᠂ ᠰᠠᠬᠢᠯᠭ᠎ᠠ ᠪᠠᠲᠤ ᠶᠢ ᠵᠥᠷᠢᠴᠡᠵᠦ ᠬᠠᠤᠯᠢ ᠶᠢ ᠵᠥᠷᠢᠴᠡᠵᠦ ᠣᠯᠤᠭᠰᠠᠨ 1796.17 ᠲᠦᠮᠡᠨ ᠲᠥᠭᠦᠷᠢᠭ ᠢ ᠬᠤᠷᠢᠶᠠᠨ ᠠᠪᠴᠤ᠂ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ 157 ᠰᠢᠢᠳᠪᠦᠷᠢᠯᠡᠵᠦ᠂ ᠬᠦᠳᠭᠡᠭᠳᠡᠵᠦ ᠬᠦᠵᠢᠷᠯᠡᠭᠳᠡᠭᠰᠡᠨ 128 ᠬᠥᠮᠦᠨ ᠤ ᠨᠡᠷ᠎ᠡ ᠲᠥᠷᠥ ᠶᠢ ᠴᠠᠭᠠᠳᠬᠠᠵᠤ ᠦᠭᠪᠡ᠃http://mongol.people.com.cn/15836959.html
 
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号