ᠥᠪᠥᠷ ᠮᠣᠩᠭᠤᠯ ᠲᠤᠬᠠᠶ ᠶᠢᠨ ᠭᠠᠵᠠᠷ ᠲᠠᠭᠠᠨ ᠰᠢᠨᠡᠯᠡᠬᠦ ᠬᠦᠯᠦᠰᠦᠨ ᠠᠵᠢᠯᠳᠠᠳ ᠲᠤ ᠲᠤᠮᠤ ᠪᠡᠯᠡᠭ ᠤᠨ ᠪᠠᠭᠯᠠᠭ᠎ᠠ ᠥᠭᠬᠦ ᠪᠠᠷ ᠪᠣᠢ
ᠨᠡᠶᠢᠲᠡᠯᠡᠭᠰᠡᠨ ᠴᠠᠭ᠄
2021/2/4
     ᠰᠤᠷᠪᠤᠯᠵᠢᠯᠠᠭᠴᠢ 3 ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠶ ᠡᠪᠯᠡᠯ ᠠᠴᠠ ᠣᠶᠢᠯᠠᠭᠠᠭᠰᠠᠨ ᠢᠶᠠᠷ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠶ ᠡᠪᠯᠡᠯ ᠴᠠᠭᠠᠨ ᠰᠠᠷ᠎ᠠ ᠶᠢᠨ ᠦᠶ᠎ᠡ ᠪᠠᠷ ᠡᠯ᠎ᠡ ᠲᠥᠷᠥᠯ ᠤᠨ  ᠬᠦᠯᠦᠰᠦᠨ ᠠᠵᠢᠯᠳᠠᠳ ᠢ  ᠬᠠᠯᠠᠮᠵᠢᠯᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠦᠨ᠂ ᠠᠵᠢᠯ ᠣᠯᠤᠭᠰᠠᠨ ᠭᠠᠵᠠᠷ ᠲᠠᠭᠠᠨ ᠰᠢᠨᠡᠯᠡᠬᠦ ᠤᠷᠢᠶᠠᠯᠠᠭ᠎ᠠ ᠶᠢ ᠴᠤᠤᠷᠢᠶᠠᠲᠤᠨ ᠳᠠᠭᠠᠵᠤ ᠪᠠᠶᠢᠭ᠎ᠠ ᠬᠦᠯᠦᠰᠦᠨ ᠠᠵᠢᠯᠳᠠᠳ ᠲᠤ  ︽ᠲᠤᠬᠠᠶ ᠶᠢᠨ ᠭᠠᠵᠠᠷ ᠲᠠᠭᠠᠨ ᠰᠢᠨᠡᠯᠡᠬᠦ ᠲᠣᠮᠣ ᠪᠡᠯᠡᠭ ᠤᠨ ᠪᠠᠭᠯᠠᠭ᠎ᠠ︾ ᠥᠭᠬᠦ ᠪᠠᠷ ᠲᠣᠭᠲᠠᠪᠠ᠃      ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠶ ᠡᠪᠯᠡᠯ ᠤᠨ ᠪᠠᠲᠤᠯᠠᠭ᠎ᠠ ᠶᠢᠨ ᠠᠵᠢᠯ ᠤᠨ ᠬᠡᠯᠲᠡᠰ ᠤᠨ ᠳᠠᠷᠤᠭ᠎ᠠ ᠦ᠋ ᠰᠢᠩ ᠢᠦᠶ ᠶᠢᠨ ᠲᠠᠨᠢᠯᠴᠠᠭᠤᠯᠤᠭᠰᠠᠨ ᠢᠶᠠᠷ᠂ ᠠᠵᠢᠯ ᠣᠯᠤᠭᠰᠠᠨ ᠭᠠᠵᠠᠷ ᠲᠠᠭᠠᠨ ᠰᠢᠨᠡᠯᠡᠬᠦ ᠤᠷᠢᠶᠠᠯᠠᠭ᠎ᠠ ᠶᠢ ᠴᠤᠤᠷᠢᠶᠠᠲᠤᠨ ᠳᠠᠭᠠᠭᠰᠠᠨ  ᠬᠦᠯᠦᠰᠦᠨ ᠠᠵᠢᠯᠳᠠᠳ ᠲᠤ᠂  ᠪᠢᠲᠡᠭᠦᠨ ᠤ ᠬᠤᠭᠤᠯᠠ᠂ ᠴᠠᠭᠠᠨ ᠰᠠᠷ᠎ᠠ ᠶᠢᠨ ᠪᠡᠯᠡᠭ᠂ ᠲᠣᠬᠤᠨᠢᠭᠤᠯᠬᠤ ᠵᠠᠬᠢᠳᠠᠯ᠂ ᠴᠠᠭᠠᠨ ᠰᠠᠷ᠎ᠠ ᠶᠢᠨ ᠤᠷᠤᠰᠴᠠ ᠶᠢᠨ ᠪᠡᠯᠡᠭ᠂ ᠬᠢᠵᠢᠭ ᠢ ᠰᠡᠷᠭᠡᠶᠢᠯᠡᠬᠦ ᠡᠳ᠋ ᠪᠣᠳᠠᠰ᠂ ᠺᠢᠨᠣ᠋ ᠶᠢᠨ ᠪᠢᠯᠧᠲ᠂ ᠰᠦᠯᠵᠢᠶᠡᠨ ᠭᠠᠳᠠᠨᠠᠬᠢ ᠪᠠᠷᠠᠭ᠎ᠠ ᠬᠤᠳᠠᠯᠳᠤᠨ ᠠᠪᠬᠤ ᠲᠡᠮᠳᠡᠭᠲᠦ᠂ ᠠᠵᠢᠯ ᠮᠡᠷᠭᠡᠵᠢᠯ ᠤᠨ ᠲᠠᠨᠢᠯᠴᠠᠭᠤᠯᠭ᠎ᠠ ᠵᠡᠷᠭᠡ ᠠᠭᠤᠯᠭ᠎ᠠ ᠶᠢ ᠪᠠᠭᠲᠠᠭᠠᠭᠰᠠᠨ ︽ᠲᠤᠬᠠᠶ ᠶᠢᠨ ᠭᠠᠵᠠᠷ ᠲᠠᠭᠠᠨ ᠰᠢᠨᠡᠯᠡᠬᠦ ᠲᠣᠮᠣ ᠪᠡᠯᠡᠭ ᠤᠨ ᠪᠠᠭᠯᠠᠭ᠎ᠠ︾ ᠣᠯᠭᠤᠵᠤ᠂ ᠣᠨᠳᠣᠤ ᠭᠠᠵᠠᠷ ᠲᠤ ᠲᠦᠷ ᠴᠠᠭ ᠬᠦᠴᠢᠷᠳᠡᠯ ᠳᠤ ᠲᠤᠯᠭᠠᠷᠠᠭᠰᠠᠨ ᠠᠵᠢᠯᠲᠠᠨ ᠠᠵᠢᠯᠴᠢᠨ ᠤ ᠬᠤᠯᠪᠤᠭᠳᠠᠯ ᠪᠥᠬᠦᠶ  ᠦᠢᠯᠡᠴᠢᠯᠡᠭᠡ ᠶᠢᠨ ᠪᠠᠲᠤᠯᠠᠭ᠎ᠠ ᠶᠢᠨ ᠠᠵᠢᠯ ᠢ ᠰᠠᠶᠢᠲᠤᠷ ᠬᠢᠬᠦ ᠶᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠶ ᠡᠪᠯᠡᠯ ᠠᠴᠠ ᠡᠯ᠎ᠡ ᠱᠠᠲᠤᠨ ᠤ ᠠᠵᠢᠯᠴᠢᠨ ᠤ ᠡᠪᠯᠡᠯ ᠳᠤ ᠰᠠᠨᠠᠭᠠᠴᠢᠯᠠᠪᠠ᠃      ᠡᠭᠦᠨ ᠤ ᠬᠠᠮᠲᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠶ ᠡᠪᠯᠡᠯ ᠪᠠᠰᠠ ᠰᠦᠯᠵᠢᠶᠡᠨ ᠳᠡᠭᠡᠷ᠎ᠡ ᠠᠵᠢᠯᠲᠠᠨ ᠡᠯᠰᠡᠬᠦ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂  ᠤᠨᠳᠤᠤ ᠭᠠᠵᠠᠷ ᠠᠵᠢᠯ ᠣᠯᠬᠤ ᠰᠠᠨᠠᠭ᠎ᠠ ᠲᠠᠢ ᠬᠥᠳᠡᠭᠡ ᠲᠣᠰᠬᠤᠨ ᠤ ᠬᠥᠳᠡᠯᠮᠦᠷᠢ ᠬᠦᠴᠦᠨ᠂ ᠭᠤᠣᠯᠳᠠᠯᠭ᠎ᠠ ᠲᠠᠢ ᠬᠠᠪᠰᠤᠷᠤᠨ ᠲᠡᠳᠬᠦᠬᠦ ᠡᠲᠡᠭᠡᠳ ᠵᠢᠴᠢ ᠴᠠᠭᠠᠨ ᠰᠠᠷ᠎ᠠ ᠦᠩᠭᠡᠷᠡᠭᠰᠡᠨ ᠤ ᠳᠠᠷᠠᠭ᠎ᠠ ᠠᠵᠢᠯ ᠤᠨ ᠪᠠᠶᠢᠷᠢ ᠳᠠᠭᠠᠨ  ᠪᠤᠴᠠᠬᠤ ᠮᠠᠯᠴᠢᠨ ᠲᠠᠷᠢᠶᠠᠴᠢᠨ ᠬᠦᠴᠦ ᠶᠠᠪᠤᠭᠰᠠᠳ ᠲᠤ ᠠᠵᠢᠯ ᠤᠨ ᠪᠠᠶᠢᠷᠢ ᠶᠢᠨ ᠮᠡᠳᠡᠭᠡ ᠵᠠᠩᠭᠢ ᠬᠠᠩᠭᠠᠵᠤ᠂ ᠰᠦᠯᠵᠢᠶᠡᠨ ᠳᠡᠭᠡᠷ᠎ᠡ ᠠᠵᠢᠯᠲᠠᠨ ᠡᠯᠰᠡᠬᠦ᠂ ᠰᠦᠯᠵᠢᠶᠡᠨ ᠳᠡᠭᠡᠷ᠎ᠡ ᠨᠢᠭᠤᠷᠲᠠᠨ ᠰᠢᠯᠭᠠᠬᠤ᠂ ᠰᠦᠯᠵᠢᠶᠡᠨ ᠳᠡᠭᠡᠷ᠎ᠡ ᠪᠣᠯᠪᠠᠰᠤᠷᠠᠭᠤᠯᠬᠤ ᠵᠡᠷᠭᠡ ᠦᠢᠯᠡᠴᠢᠯᠡᠭᠡᠨ ᠤ ᠠᠭᠤᠯᠭ᠎ᠠ ᠶᠢ  ᠨᠡᠮᠡᠭᠳᠡᠭᠦᠯᠬᠦ ᠪᠠᠷ ᠪᠣᠢ᠃     ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠶ ᠡᠪᠯᠡᠯ ᠪᠠᠰᠠ ᠠᠵᠤ ᠠᠬᠤᠶᠢᠯᠠᠯ  ᠤᠨ ᠦᠢᠯᠡᠳᠪᠦᠷᠢᠯᠡᠯ ᠢᠶᠠᠨ ᠵᠦᠶ ᠵᠣᠬᠢᠰᠲᠠᠶ ᠲᠣᠬᠢᠷᠠᠭᠤᠯᠵᠤ᠂ ᠦᠢᠯᠡᠳᠪᠦᠷᠢᠯᠡᠯ ᠠᠮᠢᠳᠤᠷᠠᠯ ᠤᠨ ᠪᠣᠳᠠᠲᠠᠶ ᠪᠠᠶᠢᠳᠠᠯ ᠢᠶᠠᠨ ᠦᠨᠳᠦᠰᠦᠯᠡᠨ ᠣᠷᠭᠢᠯ ᠤᠨ ᠬᠤᠭᠤᠴᠠᠭ᠎ᠠ ᠳᠤ ᠰᠣᠯᠪᠢᠴᠠᠨ ᠠᠮᠠᠷᠠᠬᠤ᠂ ᠬᠠᠷᠢᠮᠠᠬᠠᠶ ᠴᠢᠨᠠᠷᠲᠠᠶ ᠪᠠᠷ ᠠᠮᠠᠷᠠᠬᠤ᠂ ᠲᠤᠬᠠᠶ ᠶᠢᠨ ᠭᠠᠵᠠᠷ ᠲᠠᠭᠠᠨ ᠠᠮᠠᠷᠠᠬᠤ ᠵᠡᠷᠭᠡ ᠠᠷᠭ᠎ᠠ ᠬᠡᠮᠵᠢᠶ᠎ᠡ ᠶᠢ ᠬᠡᠷᠡᠭᠵᠢᠬᠦᠯᠬᠦ ᠶᠢ ᠨᠢ ᠬᠦᠳᠦᠯᠦᠨ ᠵᠢᠯᠤᠭᠤᠳᠴᠤ᠂ ᠠᠵᠢᠯᠲᠠᠨ ᠠᠵᠢᠯᠴᠢᠨ ᠤ ᠠᠮᠠᠷᠠᠬᠤ ᠠᠮᠠᠷᠠᠯᠲᠠ ᠠᠪᠬᠤ ᠡᠷᠬᠡ ᠠᠰᠢᠭ ᠢ ᠪᠠᠲᠤᠯᠠᠨ᠎ᠠ᠃ ︾ ᠭᠡᠵᠦ ᠦ᠋ ᠰᠢᠩ ᠢᠦᠶ ᠬᠡᠯᠡᠪᠡ᠃
 
ᠢᠷᠡᠯᠲᠡ᠄ ᠲᠤᠳᠤᠷᠬᠠᠢ ᠦᠭᠡᠢ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号