ᠬᠥᠬᠡᠬᠤᠲᠠ ᠵᠠᠰᠠᠭ ᠠᠯᠪᠠᠨ ᠲᠠᠷᠬᠠᠭᠠᠭᠰᠠᠨ ﹇2020﹈ 24 ᠳ᠋ᠦ᠋ᠭᠡᠷ ᠲᠣᠭᠠᠲᠤ | 2020 ᠣᠨ ᠤ 11 ᠳ᠋ᠦ᠋ᠭᠡᠷ ᠰᠠᠷ᠎ᠠ ᠶᠢᠨ 10 ᠤ ᠡᠳᠦᠷ | ᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ | ᠬᠠᠮᠢᠶᠠᠷᠤᠯᠲᠠ ᠶᠢᠨ ᠵᠥᠪᠯᠡᠯ᠂ ᠥᠪᠥᠷ ᠮᠣᠩᠭᠤᠯ ᠤᠨ ᠬᠤᠷᠢᠨᠭᠡᠷ ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠬᠤᠯᠪᠣᠭᠳᠠᠯ ᠪᠦᠬᠦᠢ | ᠰᠠᠯᠠᠭ᠎ᠠ ᠮᠥᠴᠢᠷ᠄ | ︽ᠲᠠᠷᠢᠶᠠᠨ ᠭᠠᠵᠠᠷ ᠤᠨ ︿ᠲᠠᠷᠢᠶᠠᠯᠠᠩ ᠤᠨ ᠪᠤᠰᠤ﹀ ᠠᠵᠢᠯᠯᠠᠭ᠎ᠠ ᠶᠢ ᠡᠷᠡᠰ ᠬᠤᠷᠢᠭᠯᠠᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ | ᠲᠢᠩᠬᠢᠮ ᠤᠨ ᠮᠡᠳᠡᠭᠳᠡᠯ︾ ︵ᠲᠥᠷᠥ ᠠᠯᠪᠠᠨ ᠲᠠᠷᠬᠠᠭᠠᠭᠰᠠᠨ ᠢᠯᠡ ᠴᠠᠬᠢᠯᠭᠠᠨ ﹇2020﹈ 24 ᠳ᠋ᠦ᠋ᠭᠡᠷ ᠲᠣᠭᠠᠲᠤ᠂ ᠳᠣᠷᠣᠭᠰᠢ ︽ᠮᠡᠳᠡᠭᠳᠡᠯ︾ ᠭᠡᠵᠦ | ᠲᠣᠪᠴᠢᠯᠠᠨ᠎ᠠ︶ ︽ᠲᠠᠷᠢᠶᠠᠨ ᠭᠠᠵᠠᠷ ᠤᠨ ︿ᠲᠠᠷᠢᠶᠠᠯᠠᠩ ᠤᠨ ᠪᠤᠰᠤ﹀ ᠶᠢ ᠡᠷᠡᠰ ᠬᠤᠷᠢᠭᠯᠠᠬᠤ ᠬᠡᠷᠡᠭᠵᠢᠭᠦᠯᠬᠦ ᠲᠥᠰᠥᠯ ᠢ ᠳᠠᠷᠤᠮᠠᠯᠯᠠᠨ ᠶᠠᠪᠤᠭᠤᠯᠬᠤ ᠲᠤᠬᠠᠢ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ﹇2020﹈ 36 | ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠰᠤᠳᠤᠯᠤᠭᠠᠳ ᠡᠳᠦᠭᠡ ᠬᠤᠯᠪᠣᠭᠳᠠᠯ ᠪᠦᠬᠦᠢ ᠤᠴᠢᠷ ᠢ | ᠳᠣᠣᠷᠠᠬᠢ ᠮᠡᠲᠦ ᠮᠡᠳᠡᠭᠳᠡᠶ᠎ᠡ᠄ | ᠨᠢᠭᠡ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠲᠠᠷᠢᠶᠠᠨ ᠭᠠᠵᠠᠷ ᠢ ᠬᠠᠮᠠᠭᠠᠯᠠᠬᠤ ᠤᠯᠠᠭᠠᠨ ᠱᠤᠭᠤᠮ ᠢ ᠪᠠᠲᠤ ᠰᠠᠬᠢᠬᠤ ᠬᠡᠷᠡᠭᠲᠡᠢ | ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠲᠠᠷᠢᠶᠠᠨ | ᠭᠠᠵᠠᠷ ᠢ ᠬᠠᠮᠠᠭᠠᠯᠠᠬᠤ ᠶᠢᠨ ᠲᠦᠢᠯ ᠤᠨ ᠴᠢᠬᠤᠯᠠ ᠴᠢᠨᠠᠷ ᠢ ᠭᠦᠨᠵᠡᠭᠡᠶ ᠲᠠᠨᠢᠵᠤ᠂ ᠬᠢᠵᠠᠭᠠᠷ ᠱᠤᠭᠤᠮ ᠤᠨ ᠰᠡᠳᠬᠢᠬᠦᠶ ᠶᠢ ᠴᠢᠩᠭᠠᠳᠬᠠᠵᠤ᠂ ᠠᠰᠠᠭᠤᠳᠠᠯ ᠢᠶᠠᠷ | ᠤᠳᠤᠷᠢᠳᠤᠮᠵᠢ ᠪᠣᠯᠭᠠᠬᠤ ᠶᠢ ᠳᠣᠪᠤᠶᠢᠯᠭᠠᠵᠤ᠂ ᠬᠠᠤᠯᠢ ᠶᠣᠰᠣᠭᠠᠷ ᠵᠠᠰᠠᠭ ᠶᠠᠪᠤᠭᠤᠯᠬᠤ ᠶᠢ ᠪᠠᠷᠢᠮᠲᠠᠯᠠᠵᠤ᠂ ᠲᠠᠷᠢᠶᠠᠨ ᠭᠠᠵᠠᠷ ᠤᠨ ᠲᠤᠭ᠎ᠠ ᠬᠡᠮᠵᠢᠶ᠎ᠡ᠂ ᠶᠠᠰᠤ | ᠴᠢᠨᠠᠷ᠂ ᠠᠮᠢ ᠠᠬᠤᠶ ︽ᠭᠤᠷᠪᠠ ᠶᠢ ᠨᠢᠭᠡ ᠴᠣᠭᠴᠠᠵᠢᠭᠤᠯᠤᠭᠰᠠᠨ︾ ᠬᠠᠮᠠᠭᠠᠯᠠᠯᠲᠠ ᠪᠠ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠤᠨ ᠣᠨᠴᠠᠭᠠᠢ | ᠬᠠᠮᠠᠭᠠᠯᠠᠯᠲᠠ ᠶᠢ ᠬᠦᠴᠦᠯᠡᠨ ᠴᠢᠩᠭᠠᠳᠬᠠᠵᠤ᠂ ᠡᠯ᠎ᠡ ᠲᠥᠷᠥᠯ ᠤᠨ ᠲᠠᠷᠢᠶᠠᠨ ᠭᠠᠵᠠᠷ ᠤᠨ ︽ᠲᠠᠷᠢᠶᠠᠯᠠᠩ ᠤᠨ ᠪᠤᠰᠤ︾ ᠠᠵᠢᠯᠯᠠᠭ᠎ᠠ ᠶᠢ ᠡᠷᠡᠰ ᠬᠤᠷᠢᠭᠯᠠᠨ᠂ | ᠲᠠᠷᠢᠶᠠᠨ ᠭᠠᠵᠠᠷ ᠢ ᠬᠠᠮᠠᠭᠠᠯᠠᠬᠤ ᠤᠯᠠᠭᠠᠨ ᠱᠤᠭᠤᠮ ᠢ ᠪᠠᠲᠤ ᠰᠠᠬᠢᠵᠤ᠂ ᠠᠮᠤ ᠪᠤᠳᠠᠭᠠᠨ ᠤ ᠠᠮᠤᠷ ᠲᠦᠪᠰᠢᠨ ᠢ ᠪᠠᠲᠤᠯᠠᠬᠤ᠂ ᠮᠠᠨ ᠤ ᠬᠤᠲᠠ ᠶᠢᠨ ᠴᠢᠨᠠᠷ | ᠰᠠᠶᠢᠲᠠᠢ ᠬᠥᠭᠵᠢᠯᠲᠡ ᠶᠢ ᠠᠬᠢᠭᠤᠯᠬᠤ ᠳᠤ ᠪᠠᠲᠤ ᠪᠠᠬᠢ ᠰᠠᠭᠤᠷᠢ ᠶᠢ ᠪᠠᠶᠢᠭᠤᠯᠬᠤ ᠬᠡᠷᠡᠭᠲᠡᠢ᠃ | ᠬᠤᠶᠠᠷ᠂ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠡᠯ᠎ᠡ ᠵᠦᠢᠯ ᠤᠨ ᠡᠭᠦᠷᠭᠡ ᠶᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠦᠨᠡᠨᠬᠦ | ᠪᠠᠲᠤᠯᠠᠬᠤ ᠬᠡᠷᠡᠭᠲᠡᠶ | ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠠᠴᠠ ᠲᠦᠷᠦᠭᠦᠯᠡᠨ᠂ ᠪᠥᠬᠦ ᠬᠤᠲᠠ ᠶᠢᠨ ᠲᠠᠷᠢᠶᠠᠨ ᠭᠠᠵᠠᠷ ᠤᠨ ︽ᠲᠠᠷᠢᠶᠠᠯᠠᠩ ᠤᠨ | ᠪᠤᠰᠤ︾ ᠠᠵᠢᠯᠯᠠᠭ᠎ᠠ ᠶᠢ ᠡᠷᠡᠰ ᠬᠤᠷᠢᠭᠯᠠᠬᠤ ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠤᠨ᠎ᠠ᠃ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ | ᠵᠠᠰᠠᠭ ᠤᠨ ᠣᠷᠳᠣᠨ ᠲᠠᠷᠢᠶᠠᠨ ᠭᠠᠵᠠᠷ ᠢ ᠬᠠᠮᠠᠭᠠᠯᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠦᠨᠡᠨᠬᠦ ᠭᠦᠢᠴᠡᠳᠬᠡᠵᠦ᠂ ᠲᠣᠰ ᠵᠠᠰᠠᠭ ᠵᠠᠬᠢᠷᠭᠠᠨ ᠤ | ᠣᠷᠣᠨ ᠤ ᠳᠣᠲᠣᠷᠠᠬᠢ ᠲᠠᠷᠢᠶᠠᠨ ᠭᠠᠵᠠᠷ ᠤᠨ ᠬᠠᠳᠠᠭᠠᠯᠠᠯᠲᠠ ᠶᠢᠨ ᠬᠡᠮᠵᠢᠶ᠎ᠡ ᠪᠣᠯᠤᠨ ᠡᠭᠦᠷᠢᠳᠡ ᠶᠢᠨ ᠦᠨᠳᠦᠰᠦᠨ ᠲᠠᠷᠢᠶᠠᠨ ᠭᠠᠵᠠᠷ ᠤᠨ ᠬᠠᠮᠠᠭᠠᠯᠠᠯᠲᠠ ᠶᠢᠨ | ᠲᠠᠯᠠᠪᠠᠶ ᠵᠢᠴᠢ ᠣᠨ ᠤ ᠲᠥᠯᠥᠪᠯᠡᠭᠡ ᠶᠢ ᠬᠡᠷᠡᠭᠵᠢᠭᠦᠯᠦᠭᠰᠡᠨ ᠪᠠᠶᠢᠳᠠᠯ ᠳᠤ ᠶᠡᠷᠦᠩᠬᠡᠶ ᠬᠠᠷᠢᠭᠤᠴᠠᠯᠭ᠎ᠠ ᠡᠭᠦᠷᠭᠡᠯᠡᠵᠦ᠂ ᠲᠠᠷᠢᠶᠠᠨ ᠭᠠᠵᠠᠷ ᠤᠨ ᠬᠠᠮᠤᠭ ᠤᠨ | ᠴᠢᠩᠭ᠎ᠠ ᠬᠠᠮᠠᠭᠠᠯᠠᠯᠲᠠ ᠶᠢᠨ ᠲᠦᠷᠢᠮ ᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ᠃ ᠠᠵᠢᠯ ᠢ ᠠᠬᠢᠭᠤᠯᠬᠤ ᠶᠠᠪᠤᠴᠠ ᠳᠤ᠂ ᠡᠯ᠎ᠡ ᠭᠠᠵᠠᠷ ᠣᠷᠣᠨ ᠤ ᠬᠢᠨ | ᠬᠢᠨᠠᠯᠲᠠ ᠬᠠᠮᠢᠶᠠᠷᠤᠯᠲᠠ ᠪᠠᠨ ᠦᠷᠭᠦᠯᠵᠢᠯᠡᠨ ᠴᠢᠩᠭᠠᠳᠬᠠᠵᠤ᠂ ᠪᠡᠯᠡ ᠮᠥᠩᠭᠦ ᠶᠢᠨ ᠪᠠᠲᠤᠯᠠᠭ᠎ᠠ ᠶᠢᠨ ᠠᠵᠢᠯ ᠢ ᠰᠠᠶᠢᠲᠤᠷ ᠬᠢᠵᠦ᠂ ᠬᠢᠷᠢ ᠬᠡᠮ ᠢᠶᠠᠷ ᠨᠡᠯᠢᠶᠡᠳ | ᠰᠠᠶᠢᠨ ᠮᠡᠷᠭᠡᠵᠢᠯ ᠤᠨ ᠠᠵᠢᠯ ᠬᠢᠬᠦ ᠨᠢᠭᠡᠴᠡ ᠶᠢ ᠢᠯᠡ ᠪᠠᠷ ᠰᠣᠩᠭᠤᠨ ᠤᠷᠢᠬᠤ ᠬᠡᠷᠡᠭᠲᠡᠶ᠃ | ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠪᠦᠬᠦ ᠬᠤᠲᠠ ᠶᠢᠨ ᠲᠠᠷᠢᠶᠠᠨ ᠭᠠᠵᠠᠷ ᠢ | ᠬᠠᠮᠠᠭᠠᠯᠠᠬᠤ ᠠᠵᠢᠯ ᠢ ᠬᠠᠮᠲᠤᠪᠠᠷ ᠬᠠᠷᠢᠭᠤᠴᠠᠨ᠎ᠠ᠃ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ᠂ ᠡᠳ᠋ ᠤᠨ ᠵᠠᠰᠠᠭ᠂ ᠠᠮᠢ ᠠᠬᠤᠢ ᠶᠢᠨ ᠣᠷᠴᠢᠨ | ᠲᠣᠭᠤᠷᠢᠨ᠂ ᠣᠷᠣᠨ ᠰᠠᠭᠤᠴᠠ ᠶᠢᠨ ᠪᠦᠲᠦᠭᠡᠨ ᠪᠠᠶᠢᠭᠤᠯᠤᠯᠲᠠ᠂ ᠵᠠᠮ ᠲᠡᠭᠡᠭᠡᠪᠦᠷᠢ᠂ ᠤᠰᠤᠨ ᠤ ᠶᠠᠪᠤᠳᠠᠯ᠂ ᠣᠢ ᠰᠢᠭᠤᠢ ᠡᠪᠡᠰᠦ ᠵᠢᠴᠢ ᠲᠡᠮᠦᠷ ᠵᠠᠮ ᠵᠡᠷᠭᠡ | ᠰᠠᠯᠠᠭ᠎ᠠ ᠮᠥᠴᠢᠷ ᠤᠳ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ᠂ ᠲᠠᠷᠢᠶᠠᠨ ᠭᠠᠵᠠᠷ ᠢ ᠬᠠᠮᠠᠭᠠᠯᠠᠬᠤ ᠬᠠᠷᠢᠭᠤᠴᠠᠯᠭ᠎ᠠ ᠶᠢ | ᠨᠠᠶᠢᠳᠠᠪᠤᠷᠢᠵᠢᠭᠤᠯᠵᠤ᠂ ᠭᠠᠵᠠᠷ ᠰᠢᠷᠣᠶ ᠶᠢ ᠬᠠᠤᠯᠢ ᠲᠣᠭᠲᠠᠭᠠᠯ ᠶᠣᠰᠣᠭᠠᠷ ᠠᠷᠪᠢᠯᠠᠨ ᠡᠷᠴᠢᠮᠵᠢᠭᠦᠯᠦᠨ ᠬᠡᠷᠡᠭᠯᠡᠬᠦ ᠬᠡᠷᠡᠭᠲᠡᠢ᠃ | ᠭᠤᠷᠪᠠ᠂ ᠵᠣᠬᠢᠶᠠᠨ ᠪᠠᠶᠢᠭᠤᠯᠤᠯᠲᠠ ᠤᠳᠤᠷᠢᠳᠤᠯᠭ᠎ᠠ ᠪᠠᠨ ᠴᠢᠩᠭᠠᠳᠬᠠᠵᠤ᠂ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ | ᠲᠣᠳᠣᠷᠬᠠᠶᠢᠯᠠᠬᠤ ᠬᠡᠷᠡᠭᠲᠡᠶ | ᠠᠵᠢᠯ ᠤᠨ ᠬᠡᠷᠡᠭᠴᠡᠭᠡ ᠪᠠᠨ ᠦᠨᠳᠦᠰᠦᠯᠡᠨ᠂ ᠬᠤᠲᠠ ᠶᠢᠨ ᠵᠠᠰᠠᠭ ᠤᠨ ᠣᠷᠳᠣᠨ ᠠᠴᠠ ᠬᠥᠬᠡᠬᠤᠲᠠ ᠶᠢᠨ ᠲᠠᠷᠢᠶᠠᠨ ᠭᠠᠵᠠᠷ ᠤᠨ ︽ᠲᠠᠷᠢᠶᠠᠯᠠᠩ ᠤᠨ | ᠪᠤᠰᠤ︾ ᠠᠵᠢᠯᠯᠠᠭ᠎ᠠ ᠶᠢ ᠬᠤᠷᠢᠭᠯᠠᠬᠤ ᠲᠤᠰᠬᠠᠶ ᠠᠵᠢᠯ ᠤᠨ ᠤᠳᠤᠷᠢᠳᠬᠤ ᠳᠤᠭᠤᠶᠢᠯᠠᠩ ᠪᠠᠶᠢᠭᠤᠯᠬᠤ ᠪᠠᠷ ᠲᠣᠭᠲᠠᠪᠠ᠃ ᠤᠳᠤᠷᠢᠳᠬᠤ ᠳᠤᠭᠤᠶᠢᠯᠠᠩ ᠤᠨ | ᠪᠦᠷᠢᠯᠳᠦᠬᠦᠨ ᠳᠣᠤᠷᠠᠬᠢ ᠮᠡᠲᠦ᠄ | ᠳᠤᠭᠤᠶᠢᠯᠠᠩ ᠤᠨ ᠳᠠᠷᠤᠭ᠎ᠠ᠄ ᠵᠠᠩ ᠪᠠᠢ ᠴᠧᠩ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ᠂ ᠥᠪᠥᠷ | ᠮᠣᠩᠭᠤᠯ ᠤᠨ ᠬᠤᠷᠢᠨᠭᠡᠷ ᠰᠢᠨ᠎ᠡ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ | ᠳᠤᠭᠤᠶᠢᠯᠠᠩ ᠤᠨ ᠳᠡᠳ᠋ ᠳᠠᠷᠤᠭ᠎ᠠ᠄ ᠯᠢᠦ ᠴᠧᠩ ᠮᠢᠨ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ | ᠪᠠᠶᠢᠩᠭᠤ ᠶᠢᠨ ᠳᠡᠳ᠋ ᠳᠠᠷᠤᠭ᠎ᠠ | ᠶᠦᠨ ᠰᠢᠨ ᠮᠢᠩ ᠬᠤᠲᠠ ᠶᠢᠨ ᠳᠡᠳ᠋ ᠳᠠᠷᠤᠭ᠎ᠠ | ᠭᠡᠰᠢᠭᠦᠨ᠄ ᠱᠢ ᠸᠧᠨ ᠢᠦᠶ ᠬᠤᠷᠢᠨᠭᠡᠷ ᠰᠢᠨ᠎ᠡ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠳᠡᠳ᠋ ᠡᠷᠬᠢᠯᠡᠭᠴᠢ | ᠶᠠᠨ ᠯᠢᠨ ᠬᠤᠲᠠ ᠶᠢᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠡᠳ᠋ ᠳᠠᠷᠤᠭ᠎ᠠ | ᠳ᠋ᠤᠸᠠᠨ ᠯᠢ ᠪᠢᠨ ᠬᠤᠲᠠ ᠶᠢᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠡᠳ᠋ ᠳᠠᠷᠤᠭ᠎ᠠ | ᠰᠡᠴᠡᠨ ᠬᠤᠲᠠ ᠶᠢᠨ ᠳᠤᠮᠳᠠ ᠵᠡᠷᠭᠡ ᠶᠢᠨ ᠰᠢᠭᠦᠬᠦ ᠬᠤᠷᠢᠶ᠎ᠠ ᠶᠢᠨ ᠳᠡᠳ᠋ ᠳᠠᠷᠤᠭ᠎ᠠ | ᠯᠢ ᠶᠦᠩ ᠰᠢᠶᠠᠩ ᠬᠤᠲᠠ ᠶᠢᠨ ᠪᠠᠶᠢᠴᠠᠭᠠᠬᠤ ᠬᠤᠷᠢᠶ᠎ᠠ ᠶᠢᠨ ᠪᠠᠶᠢᠴᠠᠭᠠᠬᠤ ᠳᠡᠳ᠋ ᠳᠠᠷᠤᠭ᠎ᠠ | ᠸᠠᠩ ᠪᠢᠨ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠤᠨ ᠡᠷᠬᠢᠯᠡᠭᠴᠢ | ᠵᠣᠣ ᠶᠢᠩ ᠵᠢᠶᠧ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠶᠢᠨ ᠳᠠᠷᠤᠭ᠎ᠠ | ᠵᠠᠩ ᠸᠧᠶ ᠬᠤᠲᠠ ᠶᠢᠨ ᠣᠷᠣᠨ ᠰᠠᠭᠤᠴᠠ ᠪᠠ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ ᠶᠢᠨ ᠳᠠᠷᠤᠭ᠎ᠠ | ᠸᠠᠩ ᠶᠦᠩ ᠯᠢᠶᠠᠩ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠳᠠᠷᠤᠭ᠎ᠠ | ᠯᠢᠦ ᠶᠤᠸᠠᠢ ᠫᠢᠩ ᠬᠤᠲᠠ ᠶᠢᠨ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ ᠶᠢᠨ ᠳᠠᠷᠤᠭ᠎ᠠ | ᠶᠠᠩ ᠰᠢᠩ ᠱᠧᠩ ᠬᠤᠲᠠ ᠶᠢᠨ ᠣᠢ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ ᠶᠢᠨ ᠳᠡᠳ᠋ ᠳᠠᠷᠤᠭ᠎ᠠ | ᠰᠦᠨ ᠳ᠋ᠧ ᠬᠤᠲᠠ ᠶᠢᠨ ᠲᠤᠭ᠎ᠠ ᠪᠦᠷᠢᠳᠬᠡᠯ ᠤᠨ ᠲᠣᠪᠴᠢᠶ᠎ᠠ ᠶᠢᠨ ᠳᠠᠷᠤᠭ᠎ᠠ | ᠳ᠋ᠦᠩ ᠱᠧᠩ ᠬᠤᠲᠠ ᠶᠢᠨ ᠠᠮᠢ ᠠᠬᠤᠶ ᠣᠷᠴᠢᠨ ᠲᠣᠭᠤᠷᠢᠨ ᠤ ᠲᠣᠪᠴᠢᠶ᠎ᠠ ᠶᠢᠨ ᠳᠠᠷᠤᠭ᠎ᠠ | ᠵᠢᠶᠤᠤ ᠬᠤᠩ ᠬᠤᠲᠠ ᠶᠢᠨ ᠵᠠᠮ ᠲᠡᠭᠡᠭᠡᠪᠦᠷᠢ ᠶᠢᠨ ᠲᠣᠪᠴᠢᠶ᠎ᠠ ᠶᠢᠨ ᠳᠠᠷᠤᠭ᠎ᠠ | ᠵᠣᠣ ᠶᠦᠩ ᠹᠦ᠋ ᠬᠤᠲᠠ ᠶᠢᠨ ᠤᠰᠤᠨ ᠤ ᠶᠠᠪᠤᠳᠠᠯ ᠤᠨ ᠲᠣᠪᠴᠢᠶ᠎ᠠ ᠶᠢᠨ ᠳᠠᠷᠤᠭ᠎ᠠ | ᠰᠢᠨ ᠱᠣ᠋ ᠭᠤᠸᠠᠩ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠡᠳ᠋ ᠳᠠᠷᠤᠭ᠎ᠠ | ᠡᠤ ᠴᠠᠩ ᠴᠦᠨ ᠬᠤᠲᠠ ᠶᠢᠨ ᠬᠠᠤᠯᠢ ᠴᠠᠭᠠᠵᠠ ᠶᠢᠨ ᠲᠣᠪᠴᠢᠶ᠎ᠠ ᠶᠢᠨ ᠳᠠᠷᠤᠭ᠎ᠠ | ᠸᠠᠩ ᠹᠧᠩ ᠬᠤᠲᠠ ᠶᠢᠨ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠲᠣᠪᠴᠢᠶ᠎ᠠ ᠶᠢᠨ ᠳᠠᠷᠤᠭ᠎ᠠ | ᠯᠢ ᠰᠢᠶᠣᠤ ᠶᠠᠨ ᠬᠤᠲᠠ ᠶᠢᠨ ᠶᠠᠳᠠᠭᠤ ᠶᠢ ᠲᠡᠳᠬᠦᠬᠦ ᠠᠯᠪᠠᠨ ᠭᠡᠷ ᠤᠨ ᠡᠷᠬᠢᠯᠡᠭᠴᠢ | ᠯᠢᠦ ᠵᠢᠶᠠᠨ ᠭᠦᠸᠧ ᠬᠤᠲᠠ ᠶᠢᠨ ᠴᠡᠴᠡᠷᠯᠢᠭ ᠤᠨ ᠪᠦᠲᠦᠭᠡᠨ ᠪᠠᠶᠢᠭᠤᠯᠤᠯᠲᠠ ᠶᠢᠨ ᠦᠢᠯᠡᠴᠢᠯᠡᠭᠡᠨ ᠤ ᠲᠥᠪ ᠤᠨ ᠡᠷᠬᠢᠯᠡᠭᠴᠢ | ᠯᠢ ᠬᠤᠤ ᠱᠦ ᠲᠦᠮᠡᠳ ᠵᠡᠭᠦᠨ ᠬᠤᠰᠢᠭᠤᠨ ᠤ ᠳᠠᠷᠤᠭ᠎ᠠ | ᠯᠢᠦ ᠵᠢᠶ ᠶᠢᠩ ᠲᠣᠭᠲᠠᠬᠤ ᠰᠢᠶᠠᠨ ᠤ ᠣᠷᠣᠯᠠᠭᠴᠢ ᠳᠠᠷᠤᠭ᠎ᠠ | ᠾᠧ ᠹᠧᠩ ᠬᠤᠷᠢᠨᠭᠡᠷ ᠰᠢᠶᠠᠨ ᠤ ᠳᠡᠳ᠋ ᠳᠠᠷᠤᠭ᠎ᠠ | ᠺᠠᠩ ᠶᠦᠩ ᠴᠢᠶᠠᠩ ᠴᠢᠩ ᠱᠦᠶ ᠾᠧ ᠰᠢᠶᠠᠨ ᠤ ᠳᠠᠷᠤᠭ᠎ᠠ | ᠶᠢᠨ ᠴᠦᠨ ᠯᠢᠶᠠᠩ ᠦᠴᠤᠸᠠᠨ ᠰᠢᠶᠠᠨ ᠤ ᠳᠠᠷᠤᠭ᠎ᠠ | ᠹᠠᠨ ᡁᠢ ᠵᠥᠩ ᠰᠢᠨ᠎ᠡ ᠬᠤᠲᠠ ᠲᠣᠭᠤᠷᠢᠭ ᠤᠨ ᠳᠠᠷᠤᠭ᠎ᠠ | ᠯᠢ ᠢᠦᠶ ᠵᠢᠶᠤᠤ ᠬᠤᠲᠣᠩ ᠠᠷᠠᠳ ᠤᠨ ᠲᠣᠭᠤᠷᠢᠭ ᠤᠨ ᠳᠠᠷᠤᠭ᠎ᠠ | ᠶᠦᠨ ᠵᠢᠶᠠᠨ ᠢᠦᠶ ᠴᠢᠤᠸᠠᠨ ᠲᠣᠭᠤᠷᠢᠭ ᠤᠨ ᠳᠠᠷᠤᠭ᠎ᠠ | ᠴᠧᠩ ᠵᠦᠩ ᠵᠦᠩ ᠰᠠᠶᠢᠬᠠᠨ ᠲᠣᠭᠤᠷᠢᠭ ᠤᠨ ᠣᠷᠣᠯᠠᠭᠴᠢ ᠳᠠᠷᠤᠭ᠎ᠠ | ᠷᠧᠨ ᠭᠤᠸᠠᠩ ᠬᠤᠩ ᠠᠵᠤ ᠠᠬᠤᠶ ᠮᠡᠷᠭᠡᠵᠢᠯ ᠤᠨ ᠨᠡᠭᠡᠭᠡᠨ ᠬᠥᠭᠵᠢᠭᠦᠯᠬᠦ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠤᠨ ᠳᠡᠳ᠋ | ᠡᠷᠬᠢᠯᠡᠭᠴᠢ | ᠤᠳᠤᠷᠢᠳᠬᠤ ᠳᠤᠭᠤᠶᠢᠯᠠᠩ ᠤᠨ ᠳᠣᠤᠷ᠎ᠠ ᠠᠯᠪᠠᠨ ᠭᠡᠷ ᠭᠠᠷᠭᠠᠵᠤ᠂ ᠠᠯᠪᠠᠨ ᠭᠡᠷ ᠢ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠳᠤ | ᠭᠠᠷᠭᠠᠨ᠎ᠠ᠃ ᠠᠯᠪᠠᠨ ᠭᠡᠷ ᠤᠨ ᠡᠷᠬᠢᠯᠡᠭᠴᠢ ᠶᠢᠨ ᠲᠤᠰᠢᠶᠠᠯ ᠢ ᠸᠠᠩ ᠶᠦᠩ ᠯᠢᠶᠠᠩ ᠠᠴᠠ ᠬᠠᠪᠰᠤᠷᠭᠠᠨ ᠬᠠᠷᠢᠭᠤᠴᠠᠵᠤ᠂ ᠠᠯᠪᠠᠨ ᠭᠡᠷ ᠤᠨ ᠳᠡᠳ᠋ | ᠡᠷᠬᠢᠯᠡᠭᠴᠢ ᠶᠢ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠶᠢᠨ ᠳᠡᠳ᠋ ᠳᠠᠷᠤᠭ᠎ᠠ ᠶᠦᠨ ᠰᠢᠩ ᡁᠢ᠂ ᠲᠠᠷᠢᠶᠠᠯᠠᠩ ᠮᠠᠯ ᠠᠵᠤ ᠠᠬᠤᠢ ᠶᠢᠨ | ᠲᠣᠪᠴᠢᠶ᠎ᠠ ᠶᠢᠨ ᠳᠡᠳ᠋ ᠳᠠᠷᠤᠭ᠎ᠠ ᠬᠤᠤ ᡁᠢ ᠰᠢᠶᠦ᠋ᠨ᠂ ᠣᠢ ᠰᠢᠭᠤᠢ ᠡᠪᠡᠰᠦ ᠪᠡᠯᠴᠢᠭᠡᠷ ᠤᠨ ᠲᠣᠪᠴᠢᠶ᠎ᠠ ᠶᠢᠨ ᠳᠡᠳ᠋ ᠳᠠᠷᠤᠭ᠎ᠠ ᠵᠠᠩ ᠹᠧᠩ᠂ ᠳᠤᠮᠳᠠ | ᠵᠡᠷᠭᠡ ᠶᠢᠨ ᠰᠢᠭᠦᠬᠦ ᠬᠤᠷᠢᠶ᠎ᠠ ᠶᠢᠨ ᠳᠡᠳ᠋ ᠳᠠᠷᠤᠭ᠎ᠠ ᠰᠡᠴᠡᠨ ᠠᠴᠠ ᠡᠭᠦᠷᠭᠡᠯᠡᠵᠦ᠂ ᠠᠯᠪᠠᠨ ᠭᠡᠷ ᠤᠨ ᠠᠵᠢᠯᠲᠠᠨ ᠢ ᠬᠠᠮᠢᠶ᠎ᠠ ᠪᠦᠬᠦᠢ ᠰᠠᠯᠠᠭ᠎ᠠ ᠮᠥᠴᠢᠷ ᠠᠴᠠ | ᠰᠢᠯᠵᠢᠭᠦᠯᠦᠨ ᠬᠡᠷᠡᠭᠯᠡᠨ᠎ᠡ᠃ | ᠠᠯᠪᠠᠨ ᠭᠡᠷ ᠨᠢ ᠲᠠᠷᠢᠶᠠᠨ ᠭᠠᠵᠠᠷ ᠤᠨ ︽ᠲᠠᠷᠢᠶᠠᠯᠠᠩ ᠤᠨ ᠪᠤᠰᠤ︾ ᠠᠵᠢᠯᠯᠠᠭ᠎ᠠ ᠶᠢ ᠬᠤᠷᠢᠭᠯᠠᠨ ᠵᠣᠭᠰᠣᠭᠠᠬᠤ ᠡᠳᠦᠷ ᠲᠤᠲᠤᠮ ᠤᠨ ᠠᠵᠢᠯ ᠢ | ᠬᠠᠷᠢᠭᠤᠴᠠᠵᠤ᠂ ᠠᠵᠢᠯ ᠤᠨ ᠲᠥᠰᠦᠯ᠂ ᠠᠵᠢᠯ ᠤᠨ ᠴᠤᠪᠤᠷᠠᠯ ᠢ ᠲᠣᠭᠲᠠᠭᠠᠵᠤ᠂ ᠡᠯ᠎ᠡ ᠭᠠᠵᠠᠷ ᠣᠷᠣᠨ ᠤ ᠠᠵᠢᠯ ᠢᠶᠠᠨ ᠥᠷᠨᠢᠭᠦᠯᠬᠦ ᠶᠢ ᠵᠢᠯᠣᠭᠤᠳᠴᠤ᠂ ᠡᠯ᠎ᠡ | ᠵᠦᠢᠯ ᠤᠨ ᠰᠠᠭᠤᠷᠢ ᠮᠠᠲ᠋ᠧᠷᠢᠶᠠᠯ ᠢ ᠨᠢᠭᠡᠳᠦᠯᠲᠡᠶ ᠲᠥᠯᠥᠪᠯᠡᠵᠦ᠂ ᠦᠷ᠎ᠡ ᠪᠦᠲᠦᠭᠡᠯ ᠢ ᠬᠢᠨᠠᠨ ᠬᠠᠷᠭᠤᠭᠤᠯᠬᠤ᠂ ᠲᠤᠭ᠎ᠠ ᠪᠠᠷᠢᠮᠲᠠ ᠶᠢ ᠬᠤᠷᠢᠶᠠᠩᠭᠤᠶᠢᠯᠠᠨ | ᠲᠤᠰᠢᠶᠠᠬᠤ ᠪᠠ ᠳᠡᠭᠡᠭᠰᠢ ᠮᠡᠳᠡᠭᠦᠯᠬᠦ ᠠᠵᠢᠯ ᠢ ᠵᠣᠬᠢᠶᠠᠨ ᠪᠠᠶᠢᠭᠤᠯᠵᠤ᠂ ᠪᠦᠷᠢᠯᠳᠦᠬᠦᠨ ᠨᠢᠭᠡᠴᠡ ᠶᠢᠨ ᠠᠵᠢᠯ ᠢ ᠵᠣᠬᠢᠴᠠᠭᠤᠯᠵᠤ᠂ ᠬᠢᠨᠠᠨ ᠪᠠᠶᠢᠴᠠᠭᠠᠵᠤ ᠬᠢᠨᠠᠨ | ᠵᠢᠯᠣᠭᠤᠳᠬᠤ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠤᠳᠤᠷᠢᠳᠬᠤ ᠳᠤᠭᠤᠶᠢᠯᠠᠩ ᠤᠨ ᠲᠤᠰᠢᠶᠠᠭᠰᠠᠨ ᠪᠤᠰᠤᠳ ᠠᠵᠢᠯ ᠢ ᠪᠡᠶᠡᠯᠡᠭᠦᠯᠦᠨ᠎ᠡ᠃ | ᠳᠥᠷᠪᠡ᠂ ᠳᠠᠷᠤᠢ ᠨᠢ ᠬᠡᠷᠡᠭᠵᠢᠭᠦᠯᠵᠦ ᠳᠠᠷᠤᠢ ᠨᠢ ᠥᠭᠡᠷᠡᠴᠢᠯᠡᠬᠦ ᠶᠢ ᠪᠠᠷᠢᠮᠲᠠᠯᠠᠵᠤ᠂ ᠲᠠᠷᠢᠶᠠᠨ ᠭᠠᠵᠠᠷ ᠢ ᠬᠠᠮᠠᠭᠠᠯᠠᠬᠤ ᠣᠷᠳᠣ ᠬᠤᠭᠤᠴᠠᠭᠠᠨ ᠤ | ᠪᠦᠲᠦᠮᠵᠢᠲᠡᠶ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ ᠬᠡᠷᠡᠭᠲᠡᠢ | ︵ᠨᠢᠭᠡ︶ ᠥᠪᠡᠰᠦᠪᠡᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠱᠠᠲᠤ ᠦᠶ᠎ᠡ ︵2020 ᠣᠨ ᠤ 10 ᠳ᠋ᠤᠭᠠᠷ ᠰᠠᠷ᠎ᠠ ᠶᠢᠨ 10 ᠤ ᠡᠳᠦᠷ — | 11 ᠳ᠋ᠦ᠋ᠭᠡᠷ ᠰᠠᠷ᠎ᠠ ᠶᠢᠨ 15 ᠤ ᠡᠳᠦᠷ︶᠃ ᠡᠯ᠎ᠡ ᠬᠤᠰᠢᠭᠤ ᠰᠢᠶᠠᠨ ᠲᠣᠭᠤᠷᠢᠭ ᠤᠨ ᠵᠠᠰᠠᠭ ᠤᠨ ᠣᠷᠳᠣᠨ᠂ ᠠᠵᠤ ᠠᠬᠤᠶ ᠮᠡᠷᠭᠡᠵᠢᠯ ᠤᠨ ᠨᠡᠭᠡᠭᠡᠯᠲᠡ ᠶᠢᠨ | ᠲᠣᠭᠤᠷᠢᠭ ᠥᠪᠡᠰᠦᠪᠡᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ ᠠᠵᠢᠯ ᠢ ᠥᠷᠨᠢᠭᠦᠯᠵᠦ᠂ 11 ᠳ᠋ᠦ᠋ᠭᠡᠷ ᠰᠠᠷ᠎ᠠ ᠶᠢᠨ 15 ᠤ ᠡᠳᠦᠷ ᠠᠴᠠ ᠡᠮᠦᠨ᠎ᠡ | ᠥᠪᠡᠰᠦᠪᠡᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢᠶᠠᠨ ᠲᠣᠰ ᠲᠣᠰ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ | ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠣᠶ ᠰᠢᠭᠤᠶ ᠡᠪᠡᠰᠦ ᠪᠡᠯᠴᠢᠭᠡᠷ ᠤᠨ ᠲᠣᠪᠴᠢᠶ᠎ᠠ ᠳᠤ ᠮᠡᠳᠡᠭᠦᠯᠬᠦ ᠬᠡᠷᠡᠭᠲᠡᠶ᠃ ᠥᠪᠡᠰᠦᠪᠡᠨ ᠪᠠᠶᠢᠴᠠᠭᠠᠵᠤ | ᠢᠯᠡᠷᠡᠭᠦᠯᠦᠭᠰᠡᠨ ᠠᠰᠠᠭᠤᠳᠠᠯ ᠢ ᠪᠦᠬᠦᠨ ᠢ ᠴᠡᠭᠴᠡᠯᠡᠨ ᠰᠠᠶᠢᠵᠢᠷᠠᠭᠤᠯᠬᠤ ᠡᠬᠡ ᠲᠠᠩᠰᠠᠨ ᠳᠤ ᠣᠷᠣᠭᠤᠯᠬᠤ ᠬᠡᠷᠡᠭᠲᠡᠢ᠃ | ︵ᠬᠤᠶᠠᠷ︶ ᠬᠠᠷᠭᠤᠭᠤᠯᠤᠨ ᠪᠠᠶᠢᠴᠠᠭᠠᠵᠤ ᠪᠦᠷᠢᠨᠰᠢᠭᠦᠯᠬᠦ ᠱᠠᠲᠤ ᠦᠶ᠎ᠡ ︵2020 ᠣᠨ ᠤ 11 ᠳ᠋ᠦ᠋ᠭᠡᠷ ᠰᠠᠷ᠎ᠠ ᠶᠢᠨ 15 ᠤ ᠡᠳᠦᠷ — 11 | ᠳ᠋ᠦ᠋ᠭᠡᠷ ᠰᠠᠷ᠎ᠠ ᠶᠢᠨ 30 ᠤ ᠡᠳᠦᠷ︶᠃ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠣᠶ | ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠠᠴᠠ ᠡᠯ᠎ᠡ ᠭᠠᠵᠠᠷ ᠣᠷᠣᠨ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠥᠪᠡᠷ ᠢᠶᠠᠨ ᠪᠠᠶᠢᠴᠠᠭᠠᠵᠤ | ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ᠳᠠᠬᠢᠨ ᠬᠢᠨᠠᠬᠤ ᠪᠠ ᠰᠤᠭᠤᠴᠢᠨ ᠪᠠᠶᠢᠴᠠᠭᠠᠨ᠎ᠠ᠃ ᠬᠠᠮᠢᠶ᠎ᠠ ᠪᠥᠬᠦᠶ ᠰᠠᠯᠠᠭ᠎ᠠ ᠮᠥᠴᠢᠷ ᠡᠬᠡ ᠲᠠᠩᠰᠠ ᠲᠠᠢ | ᠬᠠᠷᠢᠴᠠᠭᠤᠯᠤᠨ ᠴᠡᠭᠴᠡᠯᠡᠨ ᠰᠠᠶᠢᠵᠢᠷᠠᠭᠤᠯᠬᠤ ᠶᠢ ᠰᠢᠮᠳᠠᠭᠤᠯᠤᠨ ᠨᠠᠶᠢᠳᠠᠪᠤᠷᠢᠵᠢᠭᠤᠯᠤᠨ᠎ᠠ᠃ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ | ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠣᠢ ᠰᠢᠭᠤᠶ ᠨᠤᠲᠤᠭ ᠪᠡᠯᠴᠢᠭᠡᠷ ᠤᠨ ᠲᠣᠪᠴᠢᠶ᠎ᠠ ᠵᠡᠷᠭᠡ ᠰᠠᠯᠠᠭ᠎ᠠ ᠮᠥᠴᠢᠷ ᠲᠠᠷᠢᠶᠠᠨ ᠭᠠᠵᠠᠷ ᠢ ᠬᠠᠮᠠᠭᠠᠯᠠᠬᠤ | ᠠᠵᠢᠯ ᠤᠨ ᠰᠢᠨ᠎ᠡ ᠱᠠᠭᠠᠷᠳᠠᠯᠭ᠎ᠠ ᠶᠢ ᠦᠨᠳᠦᠰᠦᠯᠡᠨ᠂ ᠲᠠᠷᠢᠶᠠᠨ ᠭᠠᠵᠠᠷ ᠢ ᠬᠠᠮᠠᠭᠠᠯᠠᠬᠤ ᠠᠵᠢᠯ ᠤᠨ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ | ᠤᠯᠠᠮ ᠨᠢᠭᠡ ᠠᠯᠬᠤᠮ ᠲᠡᠭᠦᠯᠳᠡᠷᠵᠢᠭᠦᠯᠬᠦ ᠬᠡᠷᠡᠭᠲᠡᠶ᠃ | ᠳᠠᠭᠠᠯᠳᠤᠭᠤᠯᠤᠯ᠄ 1. ᠡᠭᠦᠷᠭᠡ ᠶᠢᠨ ᠬᠤᠪᠢᠶᠠᠷᠢᠯᠠᠯ ᠤᠨ ᠬᠦᠰᠦᠨᠦᠭᠲᠦ | 2. ᠬᠥᠬᠡᠬᠤᠲᠠ ᠶᠢᠨ ᠲᠠᠷᠢᠶᠠᠨ ᠭᠠᠵᠠᠷ ᠤᠨ ︽ᠲᠠᠷᠢᠶᠠᠯᠠᠩ ᠤᠨ ᠪᠤᠰᠤ︾ ᠪᠠᠶᠢᠳᠠᠯ ᠢ ᠪᠦᠷᠢᠳᠬᠡᠬᠦ ᠬᠦᠰᠦᠨᠦᠭᠲᠦ | 3. ᠰᠠᠭᠠᠳ ᠦᠭᠡᠢ ᠵᠠᠮ ᠤᠨ ᠲᠠᠷᠢᠶᠠᠨ ᠭᠠᠵᠠᠷ ᠢ ᠡᠵᠡᠯᠡᠨ ᠬᠡᠷᠡᠭᠯᠡᠭᠰᠡᠨ ᠪᠠᠶᠢᠳᠠᠯ ᠤᠨ ᠪᠦᠷᠢᠳᠬᠡᠯ ᠤᠨ ᠬᠦᠰᠦᠨᠦᠭᠲᠦ |