ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠥᠬᠦ ᠤᠯᠤᠰ ᠤᠨ ᠨᠠᠷᠠᠲᠤ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠤ ᠶᠡᠷᠦᠩᠬᠡᠶ ᠲᠤᠭ᠎ᠠ ᠪᠥᠬᠦ ᠤᠯᠤᠰ ᠲᠤ ᠨᠢᠭᠡᠳᠦᠭᠡᠷ ᠲᠤ ᠣᠷᠣᠪᠠ
ᠨᠡᠶᠢᠲᠡᠯᠡᠭᠰᠡᠨ ᠴᠠᠭ᠄
2021/2/4
       ᠬᠥᠬᠡᠬᠤᠲᠠ ᠶᠢᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠮᠢᠶᠣᠣ ᠴᠢᠩ︶ 2 ᠰᠠᠷ᠎ᠠ ᠶᠢᠨ 1 ᠤ ᠡᠳᠦᠷ ᠰᠤᠷᠪᠤᠯᠵᠢᠯᠠᠭᠴᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠠᠴᠠ ᠣᠶᠢᠯᠠᠭᠠᠭᠰᠠᠨ ᠢᠶᠠᠷ᠂ 2020 ᠣᠨ ᠤ ᠡᠴᠦᠰ ᠪᠣᠯᠲᠠᠯ᠎ᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠨᠡᠶᠢᠲᠡ 274 ᠪᠦᠲᠦᠭᠡᠭᠳᠡᠬᠦᠨ ᠢ ᠪᠥᠬᠦ ᠤᠯᠤᠰ ᠤᠨ ᠨᠠᠷᠠᠲᠤ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠤ ᠨᠡᠷᠡᠰ ᠤᠨ ᠵᠢᠭᠰᠠᠭᠠᠯᠲᠠ ᠳᠤ ᠣᠷᠣᠭᠤᠯᠵᠤ᠂ ᠶᠡᠷᠦᠩᠬᠡᠶ ᠲᠤᠭ᠎ᠠ ᠨᠢ ᠪᠥᠬᠦ ᠤᠯᠤᠰ ᠤᠨ ᠲᠡᠷᠢᠭᠦᠨ ᠳᠤ ᠣᠷᠣᠪᠠ᠃       ᠣᠶᠢᠷ᠎ᠠ ᠶᠢᠨ ᠵᠢᠯ ᠤᠨ ᠲᠤᠷᠰᠢ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠨᠠᠷᠠᠲᠤ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠢ ᠬᠥᠭᠵᠢᠭᠦᠯᠬᠦ ᠪᠠᠷ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠪᠣᠯᠭᠠᠪᠠ᠃ 2020 ᠣᠨ ᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ 1 ᠳ᠋ᠤᠭᠡᠷ ᠲᠣᠭᠠᠲᠤ ᠪᠢᠴᠢᠭ ᠮᠠᠲ᠋ᠧᠷᠢᠶᠠᠯ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠵᠢᠴᠢ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ︽ᠲᠠᠷᠢᠶᠠᠯᠠᠩ ᠮᠠᠯ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢ ᠲᠦᠷᠭᠡᠳᠬᠡᠨ ᠠᠬᠢᠭᠤᠯᠬᠤ ᠲᠤᠬᠠᠶ ᠰᠠᠨᠠᠯ︾ ᠳᠤ ᠨᠠᠷᠠᠲᠤ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠤ ᠠᠵᠢᠯ ᠳᠤ ᠲᠣᠳᠣᠷᠬᠠᠶ ᠱᠠᠭᠠᠷᠳᠠᠯᠭ᠎ᠠ ᠳᠤᠷᠠᠳᠴᠤ᠂ ᠣᠶᠢᠷ᠎ᠠ ᠶᠢᠨ ᠭᠤᠷᠪᠠᠨ ᠵᠢᠯ ᠳᠤ ᠥᠪᠡᠷᠲᠡᠭᠡᠨ ᠵᠠᠰᠠᠬᠤ ᠣᠷᠣᠨ ᠤ ᠲᠠᠷᠢᠶᠠᠯᠠᠩ ᠮᠠᠯ ᠠᠵᠤ ᠠᠬᠤᠶ ᠪᠠ ᠬᠥᠳᠡᠭᠡ ᠲᠣᠰᠬᠤᠨ ᠮᠠᠯᠵᠢᠬᠤ ᠣᠷᠣᠨ ᠤ ᠲᠢᠩᠬᠢᠮ ᠠᠴᠠ ᠳᠠᠷᠤᠮᠠᠯᠯᠠᠨ ᠲᠠᠷᠬᠠᠭᠠᠭᠰᠠᠨ ︽ᠥᠪᠥᠷ ᠮᠣᠩᠭᠤᠯ ᠤᠨ ᠲᠠᠷᠢᠶᠠᠯᠠᠩ ᠮᠠᠯ ᠠᠵᠤ ᠠᠬᠤᠶ ᠶᠢᠨ ᠴᠢᠨᠠᠷ ᠰᠠᠶᠢᠲᠠᠶ ᠬᠥᠭᠵᠢᠯᠲᠡ ᠶᠢᠨ ᠠᠷᠪᠠᠨ ᠶᠡᠭᠡ ᠠᠵᠢᠯᠯᠠᠭᠠᠨ ᠤ ᠲᠥᠯᠥᠪᠯᠡᠭᠡ︾ ᠵᠢᠴᠢ ︽ᠨᠠᠷᠠᠲᠤ ᠲᠥᠷᠥᠯ ᠲᠡᠮᠳᠡᠭᠲᠦ ᠶᠢᠨ ᠠᠵᠢᠯᠯᠠᠭᠠᠨ ᠤ ᠭᠤᠷᠪᠠᠨ ᠵᠢᠯ ᠤᠨ ᠲᠥᠯᠥᠪᠯᠡᠭᠡ︾ ᠵᠡᠷᠭᠡ ᠪᠢᠴᠢᠭ ᠮᠠᠲ᠋ᠧᠷᠢᠶᠠᠯ ᠳᠤ ᠨᠠᠷᠠᠲᠤ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠤ ᠬᠥᠭᠵᠢᠯᠲᠡ ᠳᠤ ᠴᠢᠬᠤᠯᠠ ᠪᠠᠶᠢᠷᠢᠯᠠᠭᠤᠯᠤᠯᠲᠠ ᠬᠢᠵᠦ᠂ ᠴᠢᠨᠠᠷ ᠰᠠᠶᠢᠲᠠᠶ ᠲᠠᠷᠢᠶᠠᠯᠠᠩ ᠤᠨ ᠪᠦᠲᠦᠭᠡᠭᠳᠡᠬᠦᠨ ᠤ ᠪᠥᠲᠥᠭᠡᠨ ᠪᠠᠶᠢᠭᠤᠯᠤᠯᠲᠠ ᠶᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠪᠠ᠃       ᠡᠭᠦᠨ ᠤ ᠬᠠᠮᠲᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠨᠠᠷᠠᠲᠤ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠤ ᠠᠵᠢᠯ ᠢ ᠰᠢᠯᠭᠠᠨ ᠬᠢᠨᠠᠵᠤ ᠰᠢᠪᠠᠳᠠᠨ ᠪᠠᠶᠢᠴᠠᠭᠠᠬᠤ ᠬᠡᠪᠴᠢᠶᠡᠨ ᠳᠤ ᠣᠷᠣᠭᠤᠯᠵᠤ᠂ ᠨᠠᠷᠠᠲᠤ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠤ ᠠᠵᠢᠯ ᠢ ᠰᠢᠯᠭᠠᠨ ᠦᠨᠡᠯᠡᠭᠦ ᠲᠠᠢ ᠨᠢᠭᠲᠠ ᠤᠶᠠᠯᠳᠤᠭᠤᠯᠤᠨ᠂ ᠵᠢᠯ ᠤᠨ ᠡᠬᠢᠨ ᠳᠤ ᠡᠯ᠎ᠡ ᠠᠶᠢᠮᠠᠭ ᠬᠤᠲᠠ ᠶᠢᠨ ᠨᠠᠷᠠᠲᠤ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠢ ᠡᠷᠡᠮᠡᠯᠵᠡᠨ ᠮᠡᠳᠡᠭᠦᠯᠭᠦ ᠬᠠᠷᠠᠯᠲᠠᠲᠤ ᠡᠭᠦᠷᠭᠡ ᠶᠢᠨ ᠲᠤᠭ᠎ᠠ ᠶᠢ ᠲᠣᠭᠲᠠᠭᠠᠬᠤ ᠶᠢᠨ ᠬᠠᠮᠲᠤ ᠥᠷᠨᠢᠭᠦᠯᠦᠭᠰᠡᠨ ᠪᠠᠶᠢᠳᠠᠯ ᠢ ︽2020 ᠣᠨ ᠤ ᠮᠠᠯ ᠲᠠᠷᠢᠶᠠᠯᠠᠩ ᠮᠠᠯᠵᠢᠬᠤ ᠲᠠᠷᠢᠶᠠᠯᠠᠬᠤ ᠣᠷᠣᠨ ᠤ ᠴᠢᠨᠠᠷ ᠰᠠᠶᠢᠲᠠᠶ ᠬᠥᠭᠵᠢᠯᠲᠡ ᠶᠢᠨ 10 ᠶᠡᠭᠡ ᠠᠵᠢᠯᠯᠠᠭᠠᠨ ᠤ ᠲᠥᠯᠥᠪᠯᠡᠭᠡ ᠶᠢᠨ ᠭᠤᠤᠯᠳᠠᠯᠭ᠎ᠠ ᠲᠠᠢ ᠰᠢᠪᠠᠳᠠᠨ ᠪᠠᠶᠢᠴᠠᠭᠠᠬᠤ ᠠᠭᠤᠯᠭ᠎ᠠ︾ ᠳᠤ ᠣᠷᠣᠭᠤᠯᠵᠤ᠂ ᠵᠢᠯ ᠤᠨ ᠡᠴᠦᠰ ᠲᠤ ᠡᠯ᠎ᠡ ᠠᠶᠢᠮᠠᠭ ᠬᠤᠲᠠ ᠶᠢᠨ ᠪᠡᠶᠡᠯᠡᠭᠦᠯᠦᠭᠰᠡᠨ ᠪᠠᠶᠢᠳᠠᠯ ᠢ ᠰᠢᠯᠭᠠᠨ ᠬᠢᠨᠠᠪᠠ᠃       ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠨᠡᠷᠡᠲᠦ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠢ ᠬᠥᠭᠵᠢᠭᠦᠯᠬᠦ ᠶᠢ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠳᠤ ᠲᠤᠰᠠᠯᠠᠬᠤ ᠯᠤᠭ᠎ᠠ ᠬᠠᠷᠢᠯᠴᠠᠨ ᠤᠶᠠᠯᠳᠤᠭᠤᠯᠵᠤ᠂ ᠲᠤᠰᠬᠠᠶ ᠵᠠᠷᠤᠳᠠᠯ ᠢ ᠤᠠᠴᠠᠭᠠᠢᠢᠯᠠᠨ ᠭᠠᠷᠭᠠᠵᠤ ᠨᠡᠷᠡᠲᠦ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠤ ᠰᠢᠮ᠎ᠡ ᠲᠡᠵᠢᠭᠡᠯ ᠤᠨ ᠴᠢᠨᠠᠷ ᠴᠢᠠᠰᠠᠭ᠎ᠠ ᠶᠢ ᠬᠢᠨᠠᠨ ᠲᠣᠭᠲᠠᠭᠠᠬᠤ ᠳᠤ ᠬᠡᠷᠡᠭᠯᠡᠵᠦ᠂ ᠨᠡᠷᠡᠲᠦ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠢᠶᠠᠷ ᠡᠷᠡᠮᠡᠯᠵᠡᠨ ᠮᠡᠳᠡᠭᠦᠯᠦᠭᠰᠡᠨ ᠪᠦᠬᠦᠨ ᠢ ᠴᠥᠮ ᠢᠯᠡ ᠪᠠᠷ ᠳᠠᠭᠠᠭᠠᠴᠢᠯᠠᠯᠲᠠ ᠵᠠᠷᠯᠠᠬᠤ ᠳᠤ ᠰᠣᠩᠭᠤᠨ ᠲᠣᠭᠲᠠᠭᠠᠭᠰᠠᠨ ᠪᠠᠶᠢᠭᠤᠯᠤᠮᠵᠢ ᠳᠤ ᠦᠨ᠎ᠡ ᠲᠥᠯᠥᠪᠦᠷᠢ ᠦᠭᠡᠶ ᠪᠠᠷ ᠬᠢᠨᠠᠨ ᠲᠤᠬᠳᠠᠭᠠᠯᠳᠠ ᠬᠢᠯᠭᠡᠵᠦ ᠪᠤᠯᠤᠨ᠎ᠠ᠂ ᠡᠨᠡ ᠨᠢ ᠡᠷᠡᠮᠡᠯᠵᠡᠨ ᠮᠡᠳᠡᠭᠦᠯᠭᠦ ᠠᠵᠤ ᠠᠬᠤᠶᠢᠯᠠᠯ ᠤᠨ ᠳᠠᠷᠤᠭᠠᠰᠤ ᠶᠢ ᠬᠥᠩᠭᠡᠷᠡᠭᠦᠯᠦᠭᠰᠡᠨ ᠢᠶᠠᠷ ᠪᠠᠷᠠᠬᠤ ᠦᠭᠡᠢ ᠪᠠᠰᠠ ᠭᠠᠵᠠᠷ ᠣᠷᠣᠨ ᠤ ᠣᠷᠣᠨ ᠪᠦᠰᠡ ᠶᠢᠨ ᠨᠡᠷᠡᠲᠦ ᠲᠥᠷᠥᠯ ᠲᠡᠮᠳᠡᠭᠲᠦ ᠶᠢ ᠲᠡᠳᠭᠦᠨ ᠲᠡᠮᠵᠢᠭᠦ ᠶᠢ ᠴᠢᠩᠭᠠᠳᠬᠠᠭᠰᠠᠨ ᠪᠠᠶᠢᠨ᠎ᠠ᠃ ᠡᠭᠦᠨ ᠠᠴᠠ ᠭᠠᠳᠠᠨ᠎ᠠ᠂ ᠪᠠᠰᠠ ︽ᠨᠠᠷᠠᠲᠤ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠢ ᠳᠠᠩᠰᠠᠯᠠᠬᠤ ᠲᠤᠷᠰᠢᠯᠲᠠ ᠪᠠ ᠳᠡᠯᠭᠡᠷᠡᠭᠦᠯᠬᠦ ᠲᠥᠷᠥᠯ ᠵᠦᠢᠯ︾ ᠢ ᠬᠡᠷᠡᠭᠵᠢᠭᠦᠯᠵᠦ᠂ ᠬᠡᠰᠡᠭ ᠨᠠᠷᠠᠲᠤ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠳᠤ ᠰᠤᠩᠭᠤᠬᠳᠠᠠ ᠤᠷᠤᠬᠰᠠᠨ ᠠᠵᠤ ᠠᠬᠤᠶᠢᠯᠠᠯ ᠢ ᠲᠡᠳᠬᠦᠨ ᠳᠡᠮᠵᠢᠵᠦ᠂ ᠪᠥᠬᠦ ᠣᠷᠣᠨ ᠤ ᠲᠠᠷᠢᠶᠠᠯᠠᠩ ᠮᠠᠯ ᠠᠵᠤ ᠠᠬᠤᠶ ᠶᠢᠨ ᠬᠠᠩᠭᠠᠯᠭ᠎ᠠ ᠶᠢᠨ ᠲᠠᠯ᠎ᠠ ᠶᠢᠨ ᠪᠦᠲᠦᠴᠡ ᠶᠢᠨ ᠴᠢᠨᠠᠷᠲᠠᠶ ᠥᠭᠡᠷᠡᠴᠢᠯᠡᠯᠲᠡ ᠶᠢᠨ ᠠᠯᠬᠤᠭ᠎ᠠ ᠶᠢ ᠤᠯᠠᠮ ᠨᠢᠭᠡ ᠠᠯᠬᠤᠮ ᠲᠦᠷᠭᠡᠳᠬᠡᠨ᠂ ᠥᠷᠭᠡᠨ ᠣᠯᠠᠨ ᠮᠠᠯᠴᠢᠨ ᠲᠠᠷᠢᠶᠠᠴᠢᠨ ᠡᠷᠦᠬᠡ ᠶᠢ ᠳᠠᠶᠢᠴᠢᠯᠠᠨ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠢ ᠳᠠᠷᠢᠵᠤ ᠲᠡᠵᠢᠭᠡᠨ ᠦᠷᠡᠵᠢᠭᠦᠯᠬᠦ ᠦᠢᠯᠡᠰ ᠢ ᠬᠥᠭᠵᠢᠭᠦᠯᠵᠦ᠂ ᠮᠠᠯᠴᠢᠨ ᠲᠠᠷᠢᠶᠠᠴᠢᠨ ᠡᠷᠦᠬᠡ ᠶᠢᠨ ᠣᠷᠣᠯᠭ᠎ᠠ ᠪᠠᠨ ᠨᠡᠮᠡᠭᠳᠡᠭᠦᠯᠬᠦ ᠠᠷᠭ᠎ᠠ ᠵᠠᠮ ᠢ ᠥᠷᠭᠡᠳᠬᠡᠨ᠂ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠳᠤ ᠬᠦᠴᠦᠨ ᠨᠡᠮᠡᠷᠢᠯᠡᠪᠡ᠃       ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠪᠠᠰᠠ ᠤᠬᠠᠭᠤᠯᠭ᠎ᠠ ᠪᠣᠯᠪᠠᠰᠤᠷᠠᠭᠤᠯᠤᠯ ᠢ ᠴᠢᠩᠭᠠᠳᠬᠠᠵᠤ ᠨᠠᠷᠠᠲᠤ ᠲᠥᠷᠥᠯ ᠲᠡᠮᠳᠡᠭᠲᠦ ᠶᠢᠨ ᠪᠠᠶᠢᠭᠤᠯᠤᠯᠲᠠ ᠶᠢ ᠠᠬᠢᠭᠤᠯᠪᠠ᠃ ᠨᠡᠷᠡᠲᠦ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠦᠢᠯᠡᠳᠪᠦᠷᠢᠯᠡᠬᠦ ᠠᠵᠤ ᠠᠬᠤᠶᠢᠯᠠᠯ ᠵᠢᠴᠢ ᠲᠠᠷᠢᠶᠠᠯᠠᠬᠤ ᠡᠷᠦᠬᠡ ᠳᠤ ᠤᠬᠠᠭᠤᠯᠭ᠎ᠠ ᠶᠢᠨ ᠳᠣᠲᠣᠭᠠᠳᠤ ᠬᠠᠭᠤᠳᠠᠰᠤ ᠲᠠᠢ ᠦᠢᠯᠡᠳᠪᠦᠷᠢᠯᠡᠯ ᠤᠨ ᠲᠦᠷᠢᠮᠵᠢᠯ ᠤᠨ ᠲᠡᠮᠳᠡᠭᠯᠡᠯ ᠤᠨ ᠳᠡᠪᠲᠡᠷ ᠵᠣᠬᠢᠶᠠᠵᠤ᠂ ᠨᠡᠷᠡᠲᠦ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠤ ᠨᠡᠷᠡᠰ ᠲᠤ ᠵᠢᠭᠰᠠᠭᠠᠭᠳᠠᠭᠰᠠᠨ ᠠᠵᠤ ᠠᠬᠤᠶᠢᠯᠠᠯ ᠳᠤ ᠲᠡᠮᠳᠡᠭ ᠫᠠᠶᠢᠰᠠ ᠵᠣᠬᠢᠶᠠᠵᠤ᠂ ᠨᠡᠷᠡᠲᠦ ᠣᠨᠴᠠ ᠰᠢᠯᠢᠳᠡᠭ ᠰᠢᠨ᠎ᠡ ᠲᠠᠷᠢᠶᠠᠯᠠᠩ ᠤᠨ ᠪᠦᠲᠦᠭᠡᠭᠳᠡᠬᠦᠨ ᠤ ᠲᠦᠷᠦᠯ ᠲᠡᠮᠳᠡᠭ ᠢ ᠬᠥᠮᠦᠰ ᠤᠨ ᠰᠡᠳᠬᠢᠯ ᠳᠤ ᠬᠠᠳᠠᠩᠰᠢᠭᠤᠯᠵᠤ᠂ ᠢᠯᠡ ᠲᠣᠳᠣ ᠣᠷᠣᠨ ᠪᠦᠰᠡ ᠶᠢᠨ ᠣᠨᠴᠠᠯᠢᠭ ᠪᠦᠬᠦᠢ ᠰᠢᠶᠠᠨ ᠤ ᠬᠡᠪᠴᠢᠶᠡᠨ ᠤ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠦᠷᠦᠯ ᠲᠡᠮᠳᠡᠭ ᠢ ᠡᠭᠦᠳᠴᠦ᠂ ᠲᠠᠷᠢᠶᠠᠯᠠᠩ ᠢ ᠴᠢᠨᠠᠷᠯᠢᠬ ᠬᠥᠭᠵᠢᠭᠦᠯᠬᠦ᠂ ᠲᠠᠷᠢᠶᠠᠯᠠᠩ ᠢ ᠪᠣᠬᠢᠷᠲᠤᠯ ᠦᠭᠡᠶ ᠬᠥᠭᠵᠢᠭᠦᠯᠬᠦ᠂ ᠲᠠᠷᠢᠶᠠᠯᠠᠩ ᠢ ᠲᠦᠷᠦᠯ ᠲᠡᠮᠳᠡᠭᠵᠢᠭᠦᠯᠦᠨ ᠬᠦᠴᠦᠷᠬᠡᠭᠵᠢᠭᠦᠯᠬᠦ ᠶᠢ ᠲᠦᠯᠬᠢᠨ ᠠᠬᠢᠭᠤᠯᠪᠠ᠃http://mongol.people.com.cn/15836941.html
ᠢᠷᠡᠯᠲᠡ᠄ ᠠᠷᠠᠳ ᠤᠨ ᠮᠣᠩᠭᠤᠯ ᠰᠦᠯᠵᠢᠶ᠎ᠡ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ