ᠰᠤᠷᠪᠤᠯᠵᠢᠯᠠᠭᠴᠢ 3 ᠤ ᠡᠳᠦᠷ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠶ ᠡᠪᠯᠡᠯ ᠠᠴᠠ ᠣᠶᠢᠯᠠᠭᠠᠭᠰᠠᠨ ᠢᠶᠠᠷ᠂ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠶ ᠡᠪᠯᠡᠯ ᠴᠠᠭᠠᠨ ᠰᠠᠷ᠎ᠠ ᠶᠢᠨ ᠦᠶ᠎ᠡ ᠪᠠᠷ ᠡᠯ᠎ᠡ ᠲᠥᠷᠥᠯ ᠤᠨ ᠬᠦᠯᠦᠰᠦᠨ | ᠠᠵᠢᠯᠳᠠᠳ ᠢ ᠬᠠᠯᠠᠮᠵᠢᠯᠠᠬᠤ ᠠᠵᠢᠯᠯᠠᠭ᠎ᠠ ᠶᠢ ᠵᠣᠬᠢᠶᠠᠨ ᠪᠠᠶᠢᠭᠤᠯᠵᠤ ᠥᠷᠨᠢᠭᠦᠯᠦᠨ᠂ ᠠᠵᠢᠯ ᠣᠯᠤᠭᠰᠠᠨ ᠭᠠᠵᠠᠷ ᠲᠠᠭᠠᠨ ᠰᠢᠨᠡᠯᠡᠬᠦ ᠤᠷᠢᠶᠠᠯᠠᠭ᠎ᠠ ᠶᠢ | ᠴᠤᠤᠷᠢᠶᠠᠲᠤᠨ ᠳᠠᠭᠠᠵᠤ ᠪᠠᠶᠢᠭ᠎ᠠ ᠬᠦᠯᠦᠰᠦᠨ ᠠᠵᠢᠯᠳᠠᠳ ᠲᠤ ︽ᠲᠤᠬᠠᠶ ᠶᠢᠨ ᠭᠠᠵᠠᠷ ᠲᠠᠭᠠᠨ ᠰᠢᠨᠡᠯᠡᠬᠦ ᠲᠣᠮᠣ ᠪᠡᠯᠡᠭ ᠤᠨ ᠪᠠᠭᠯᠠᠭ᠎ᠠ︾ ᠥᠭᠬᠦ ᠪᠠᠷ | ᠲᠣᠭᠲᠠᠪᠠ᠃ | ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠶ ᠡᠪᠯᠡᠯ ᠤᠨ ᠪᠠᠲᠤᠯᠠᠭ᠎ᠠ ᠶᠢᠨ ᠠᠵᠢᠯ ᠤᠨ ᠬᠡᠯᠲᠡᠰ ᠤᠨ ᠳᠠᠷᠤᠭ᠎ᠠ ᠦ᠋ | ᠰᠢᠩ ᠢᠦᠶ ᠶᠢᠨ ᠲᠠᠨᠢᠯᠴᠠᠭᠤᠯᠤᠭᠰᠠᠨ ᠢᠶᠠᠷ᠂ ᠠᠵᠢᠯ ᠣᠯᠤᠭᠰᠠᠨ ᠭᠠᠵᠠᠷ ᠲᠠᠭᠠᠨ ᠰᠢᠨᠡᠯᠡᠬᠦ ᠤᠷᠢᠶᠠᠯᠠᠭ᠎ᠠ ᠶᠢ ᠴᠤᠤᠷᠢᠶᠠᠲᠤᠨ ᠳᠠᠭᠠᠭᠰᠠᠨ ᠬᠦᠯᠦᠰᠦᠨ | ᠠᠵᠢᠯᠳᠠᠳ ᠲᠤ᠂ ᠪᠢᠲᠡᠭᠦᠨ ᠤ ᠬᠤᠭᠤᠯᠠ᠂ ᠴᠠᠭᠠᠨ ᠰᠠᠷ᠎ᠠ ᠶᠢᠨ ᠪᠡᠯᠡᠭ᠂ ᠲᠣᠬᠤᠨᠢᠭᠤᠯᠬᠤ ᠵᠠᠬᠢᠳᠠᠯ᠂ ᠴᠠᠭᠠᠨ ᠰᠠᠷ᠎ᠠ ᠶᠢᠨ ᠤᠷᠤᠰᠴᠠ ᠶᠢᠨ ᠪᠡᠯᠡᠭ᠂ | ᠬᠢᠵᠢᠭ ᠢ ᠰᠡᠷᠭᠡᠶᠢᠯᠡᠬᠦ ᠡᠳ᠋ ᠪᠣᠳᠠᠰ᠂ ᠺᠢᠨᠣ᠋ ᠶᠢᠨ ᠪᠢᠯᠧᠲ᠂ ᠰᠦᠯᠵᠢᠶᠡᠨ ᠭᠠᠳᠠᠨᠠᠬᠢ ᠪᠠᠷᠠᠭ᠎ᠠ ᠬᠤᠳᠠᠯᠳᠤᠨ ᠠᠪᠬᠤ ᠲᠡᠮᠳᠡᠭᠲᠦ᠂ ᠠᠵᠢᠯ ᠮᠡᠷᠭᠡᠵᠢᠯ ᠤᠨ | ᠲᠠᠨᠢᠯᠴᠠᠭᠤᠯᠭ᠎ᠠ ᠵᠡᠷᠭᠡ ᠠᠭᠤᠯᠭ᠎ᠠ ᠶᠢ ᠪᠠᠭᠲᠠᠭᠠᠭᠰᠠᠨ ︽ᠲᠤᠬᠠᠶ ᠶᠢᠨ ᠭᠠᠵᠠᠷ ᠲᠠᠭᠠᠨ ᠰᠢᠨᠡᠯᠡᠬᠦ ᠲᠣᠮᠣ ᠪᠡᠯᠡᠭ ᠤᠨ ᠪᠠᠭᠯᠠᠭ᠎ᠠ︾ ᠣᠯᠭᠤᠵᠤ᠂ ᠣᠨᠳᠣᠤ | ᠭᠠᠵᠠᠷ ᠲᠤ ᠲᠦᠷ ᠴᠠᠭ ᠬᠦᠴᠢᠷᠳᠡᠯ ᠳᠤ ᠲᠤᠯᠭᠠᠷᠠᠭᠰᠠᠨ ᠠᠵᠢᠯᠲᠠᠨ ᠠᠵᠢᠯᠴᠢᠨ ᠤ ᠬᠤᠯᠪᠤᠭᠳᠠᠯ ᠪᠥᠬᠦᠶ ᠦᠢᠯᠡᠴᠢᠯᠡᠭᠡ ᠶᠢᠨ ᠪᠠᠲᠤᠯᠠᠭ᠎ᠠ ᠶᠢᠨ ᠠᠵᠢᠯ ᠢ | ᠰᠠᠶᠢᠲᠤᠷ ᠬᠢᠬᠦ ᠶᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠶ ᠡᠪᠯᠡᠯ ᠠᠴᠠ ᠡᠯ᠎ᠡ ᠱᠠᠲᠤᠨ ᠤ ᠠᠵᠢᠯᠴᠢᠨ ᠤ ᠡᠪᠯᠡᠯ ᠳᠤ | ᠰᠠᠨᠠᠭᠠᠴᠢᠯᠠᠪᠠ᠃ | ᠡᠭᠦᠨ ᠤ ᠬᠠᠮᠲᠤ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠶ ᠡᠪᠯᠡᠯ ᠪᠠᠰᠠ ᠰᠦᠯᠵᠢᠶᠡᠨ ᠳᠡᠭᠡᠷ᠎ᠡ ᠠᠵᠢᠯᠲᠠᠨ | ᠡᠯᠰᠡᠬᠦ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠤᠨᠳᠤᠤ ᠭᠠᠵᠠᠷ ᠠᠵᠢᠯ ᠣᠯᠬᠤ ᠰᠠᠨᠠᠭ᠎ᠠ ᠲᠠᠢ ᠬᠥᠳᠡᠭᠡ ᠲᠣᠰᠬᠤᠨ ᠤ ᠬᠥᠳᠡᠯᠮᠦᠷᠢ ᠬᠦᠴᠦᠨ᠂ | ᠭᠤᠣᠯᠳᠠᠯᠭ᠎ᠠ ᠲᠠᠢ ᠬᠠᠪᠰᠤᠷᠤᠨ ᠲᠡᠳᠬᠦᠬᠦ ᠡᠲᠡᠭᠡᠳ ᠵᠢᠴᠢ ᠴᠠᠭᠠᠨ ᠰᠠᠷ᠎ᠠ ᠦᠩᠭᠡᠷᠡᠭᠰᠡᠨ ᠤ ᠳᠠᠷᠠᠭ᠎ᠠ ᠠᠵᠢᠯ ᠤᠨ ᠪᠠᠶᠢᠷᠢ ᠳᠠᠭᠠᠨ ᠪᠤᠴᠠᠬᠤ ᠮᠠᠯᠴᠢᠨ | ᠲᠠᠷᠢᠶᠠᠴᠢᠨ ᠬᠦᠴᠦ ᠶᠠᠪᠤᠭᠰᠠᠳ ᠲᠤ ᠠᠵᠢᠯ ᠤᠨ ᠪᠠᠶᠢᠷᠢ ᠶᠢᠨ ᠮᠡᠳᠡᠭᠡ ᠵᠠᠩᠭᠢ ᠬᠠᠩᠭᠠᠵᠤ᠂ ᠰᠦᠯᠵᠢᠶᠡᠨ ᠳᠡᠭᠡᠷ᠎ᠡ ᠠᠵᠢᠯᠲᠠᠨ ᠡᠯᠰᠡᠬᠦ᠂ ᠰᠦᠯᠵᠢᠶᠡᠨ ᠳᠡᠭᠡᠷ᠎ᠡ | ᠨᠢᠭᠤᠷᠲᠠᠨ ᠰᠢᠯᠭᠠᠬᠤ᠂ ᠰᠦᠯᠵᠢᠶᠡᠨ ᠳᠡᠭᠡᠷ᠎ᠡ ᠪᠣᠯᠪᠠᠰᠤᠷᠠᠭᠤᠯᠬᠤ ᠵᠡᠷᠭᠡ ᠦᠢᠯᠡᠴᠢᠯᠡᠭᠡᠨ ᠤ ᠠᠭᠤᠯᠭ᠎ᠠ ᠶᠢ ᠨᠡᠮᠡᠭᠳᠡᠭᠦᠯᠬᠦ ᠪᠠᠷ ᠪᠣᠢ᠃ | ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠶ ᠡᠪᠯᠡᠯ ᠪᠠᠰᠠ ᠠᠵᠤ ᠠᠬᠤᠶᠢᠯᠠᠯ ᠤᠨ ᠦᠢᠯᠡᠳᠪᠦᠷᠢᠯᠡᠯ ᠢᠶᠠᠨ ᠵᠦᠶ | ᠵᠣᠬᠢᠰᠲᠠᠶ ᠲᠣᠬᠢᠷᠠᠭᠤᠯᠵᠤ᠂ ᠦᠢᠯᠡᠳᠪᠦᠷᠢᠯᠡᠯ ᠠᠮᠢᠳᠤᠷᠠᠯ ᠤᠨ ᠪᠣᠳᠠᠲᠠᠶ ᠪᠠᠶᠢᠳᠠᠯ ᠢᠶᠠᠨ ᠦᠨᠳᠦᠰᠦᠯᠡᠨ ᠣᠷᠭᠢᠯ ᠤᠨ ᠬᠤᠭᠤᠴᠠᠭ᠎ᠠ ᠳᠤ ᠰᠣᠯᠪᠢᠴᠠᠨ ᠠᠮᠠᠷᠠᠬᠤ᠂ | ᠬᠠᠷᠢᠮᠠᠬᠠᠶ ᠴᠢᠨᠠᠷᠲᠠᠶ ᠪᠠᠷ ᠠᠮᠠᠷᠠᠬᠤ᠂ ᠲᠤᠬᠠᠶ ᠶᠢᠨ ᠭᠠᠵᠠᠷ ᠲᠠᠭᠠᠨ ᠠᠮᠠᠷᠠᠬᠤ ᠵᠡᠷᠭᠡ ᠠᠷᠭ᠎ᠠ ᠬᠡᠮᠵᠢᠶ᠎ᠡ ᠶᠢ ᠬᠡᠷᠡᠭᠵᠢᠬᠦᠯᠬᠦ ᠶᠢ ᠨᠢ ᠬᠦᠳᠦᠯᠦᠨ ᠵᠢᠯᠤᠭᠤᠳᠴᠤ᠂ | ᠠᠵᠢᠯᠲᠠᠨ ᠠᠵᠢᠯᠴᠢᠨ ᠤ ᠠᠮᠠᠷᠠᠬᠤ ᠠᠮᠠᠷᠠᠯᠲᠠ ᠠᠪᠬᠤ ᠡᠷᠬᠡ ᠠᠰᠢᠭ ᠢ ᠪᠠᠲᠤᠯᠠᠨ᠎ᠠ᠃︾ ᠭᠡᠵᠦ ᠦ᠋ ᠰᠢᠩ ᠢᠦᠶ ᠬᠡᠯᠡᠪᠡ᠃ |