ᠰᠢᠨ᠎ᠡ ᠬᠤᠲᠠ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠲᠤᠭᠤᠷᠢᠭ ᠤᠨ ᠳᠠᠷᠤᠭ᠎ᠠ ᠸᠠᠩ ᠰᠢᠶᠤᠤ ᠬᠤᠶ ᠨᠡᠶᠢᠭᠡᠮ ᠲᠣᠭᠤᠷᠢᠭ ᠤᠨ ᠨᠢᠭᠡᠳᠦᠭᠡᠷ ᠹᠷᠣᠨᠲ ᠤᠨ ᠠᠵᠢᠯᠲᠠᠨ ᠢ ᠲᠣᠬᠤᠨᠢᠭᠤᠯᠪᠠ
ᠨᠡᠶᠢᠲᠡᠯᠡᠭᠰᠡᠨ ᠴᠠᠭ᠄
2021/2/5
     ᠴᠠᠭᠠᠨ ᠰᠠᠷ᠎ᠠ ᠬᠦᠷᠴᠦ ᠢᠷᠡᠬᠦ ᠲᠠᠰᠢᠷᠠᠮ ᠢᠶᠠᠷ᠂ 1 ᠳ᠋ᠦ᠋ᠭᠡᠷ ᠰᠠᠷ᠎ᠠ ᠶᠢᠨ 29 ᠤ ᠦᠳᠡ ᠶᠢᠨ ᠡᠮᠦᠨ᠎ᠡ᠂ ᠰᠢᠨ᠎ᠡ ᠬᠤᠳᠠ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠲᠤᠭᠤᠷᠢᠭ ᠤᠨ ᠳᠠᠷᠤᠭ᠎ᠠ ᠸᠠᠩ ᠰᠢᠶᠤᠤ ᠬᠤᠢ ᠰᠢᠨ᠎ᠡ ᠬᠤᠳᠠ ᠲᠣᠭᠤᠷᠢᠭ ᠤᠨ ᠨᠠᠮ ᠤᠨ ᠬᠤᠷᠢᠶ᠎ᠠ᠂ ᠵᠠᠰᠠᠭ ᠤᠨ ᠤᠷᠳᠤᠨ ᠢ ᠲᠦᠯᠦᠭᠡᠯᠡᠨ ᠬᠠᠶᠢᠯᠠᠷ ᠵᠠᠮ ᠤᠨ ᠬᠡᠷᠡᠭ ᠡᠷᠬᠢᠯᠡᠬᠦ ᠭᠠᠵᠠᠷ ᠲᠤ ᠬᠦᠷᠴᠦ ᠪᠠᠶᠠᠷ ᠤᠨ ᠡᠳᠦᠷ ᠠᠴᠠ ᠡᠮᠦᠨᠡᠬᠢ ᠲᠤᠬᠤᠨᠢᠭᠤᠯᠤᠯ ᠬᠦᠷᠭᠡᠵᠦ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠪᠠᠶᠢᠷᠢ ᠪᠠᠨ ᠪᠠᠲᠤ ᠰᠠᠬᠢᠵᠤ ᠪᠠᠶᠢᠭ᠎ᠠ ᠨᠢᠭᠡᠳᠦᠭᠡᠷ ᠹᠷᠣᠨᠲ ᠤᠨ ᠠᠵᠢᠯᠳᠠᠨ ᠳᠤ ᠨᠠᠮ ᠪᠣᠯᠤᠨ ᠵᠠᠰᠠᠭ ᠤᠨ ᠣᠷᠳᠣᠨ ᠤ ᠬᠠᠯᠠᠮᠵᠢᠯᠠᠯ ᠳᠡᠮᠵᠢᠯᠭᠡ ᠦᠵᠡᠭᠦᠯᠵᠦ ᠪᠠᠶᠢᠬᠤ ᠪᠠᠨ ᠢᠯᠡᠳᠭᠡᠬᠦ ᠶᠢᠨ ᠬᠠᠮᠲᠤ ᠴᠠᠭᠠᠨ ᠰᠠᠷ᠎ᠠ ᠶᠢᠨ ᠵᠥᠩᠨᠡᠯ ᠳᠡᠪᠰᠢᠭᠦᠯᠪᠡ᠃      ᠨᠡᠶᠢᠭᠡᠮ ᠲᠣᠭᠤᠷᠢᠭ ᠨᠢ ᠨᠠᠮ ᠪᠠ ᠵᠠᠰᠠᠭ ᠤᠨ ᠣᠷᠳᠣᠨ ᠤ ᠤᠯᠠᠨ ᠲᠦᠮᠡᠨ ᠲᠠᠢ ᠬᠠᠷᠢᠯᠴᠠᠬᠤ ︽ᠡᠴᠦᠰ ᠤᠨ ᠨᠢᠭᠡ ᠺᠢᠯᠣᠮᠧᠲᠷ︾ ᠪᠣᠯᠤᠭᠰᠠᠨ ᠤ ᠬᠤᠪᠢ ᠳᠤ᠂ ᠮᠠᠰᠢ ᠤᠯᠠᠨ ᠠᠵᠢᠯ ᠶᠠᠪᠤᠳᠠᠯ ᠤᠨ ᠴᠢᠨᠠᠷᠲᠠᠢ ᠠᠵᠢᠯ ᠪᠠ ᠠᠷᠠᠳ ᠤᠨ ᠠᠮᠢᠳᠤᠷᠠᠯ ᠤᠨ ᠦᠢᠯᠡᠴᠢᠯᠡᠭᠡᠨ ᠤ ᠠᠵᠢᠯ ᠢ ᠡᠭᠦᠷᠭᠡᠯᠡᠵᠦ᠂ ᠠᠷᠠᠳ ᠤᠯᠠᠨ ᠤ ᠠᠰᠢᠭ ᠲᠤᠰᠠ ᠲᠠᠢ ᠨᠢᠭᠲᠠ ᠬᠤᠯᠪᠣᠭ᠎ᠠ ᠲᠠᠢ ᠪᠠᠶᠢᠳᠠᠭ᠃ ᠦᠨᠳᠦᠰᠦᠨ ᠱᠠᠲᠤᠨ ᠤ ᠨᠠᠮ ᠤᠨ ᠭᠡᠰᠢᠭᠦᠨ ᠺᠠᠳ᠋ᠷ ᠪᠣᠯᠤᠨ ᠥᠷᠭᠡᠨ ᠤᠯᠠᠨ ᠠᠵᠢᠯᠳᠠᠨ ᠠᠵᠢᠯᠴᠢᠨ ᠢᠮᠠᠭᠲᠠ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠤᠬ ᠰᠠᠨᠠᠭ᠎ᠠ ᠪᠠᠨ ᠦᠯᠦ ᠮᠠᠷᠲᠠᠵᠤ᠂ ᠬᠠᠷᠢᠶ᠎ᠠ ᠲᠤᠭᠤᠷᠢᠭ ᠤᠨ ᠰᠠᠭᠤᠭᠠᠯᠢ ᠠᠷᠠᠳ ᠲᠤ ᠦᠢᠯᠡᠴᠢᠯᠡᠬᠦ ᠡᠯ᠎ᠡ ᠵᠦᠢᠯ ᠤᠨ ᠠᠵᠢᠯ ᠢ ᠨᠠᠷᠢᠨ ᠬᠢᠨᠠᠮᠠᠭᠠᠢ ᠰᠠᠶᠢᠲᠤᠷ ᠬᠢᠵᠦ᠂ ᠬᠠᠷᠢᠶ᠎ᠠ ᠲᠤᠭᠤᠷᠢᠭ ᠤᠨ ᠰᠠᠭᠤᠭᠠᠯᠢ ᠠᠷᠠᠳ ᠲᠤ ᠨᠡᠩ ᠴᠢᠩᠭ᠎ᠠ ᠵᠢᠷᠭᠠᠯᠲᠤ ᠲᠦᠷᠦᠭᠳᠡᠯ᠂ ᠬᠦᠷᠲᠡᠮᠵᠢ ᠶᠢᠨ ᠲᠦᠷᠦᠭᠳᠡᠯ᠂ ᠠᠮᠤᠷ ᠲᠦᠪᠰᠢᠨ ᠤ ᠲᠦᠷᠦᠭᠳᠡᠯ  ᠣᠯᠭᠤᠨ᠎ᠠ᠃      ᠨᠡᠶᠢᠭᠡᠮ ᠲᠣᠭᠤᠷᠢᠭ ᠤᠨ ᠨᠢᠭᠡᠳᠦᠭᠡᠷ ᠹᠷᠣᠨᠲ ᠤᠨ ᠪᠦᠬᠦ ᠠᠵᠢᠯᠳᠠᠨ ᠢᠯᠡᠷᠬᠡᠶᠢᠯᠡᠭᠰᠡᠨ ᠨᠢ᠂ ᠨᠠᠮ ᠪᠣᠯᠤᠨ ᠵᠠᠰᠠᠭ ᠤᠨ ᠣᠷᠳᠣᠨ ᠤ ᠬᠠᠶᠢᠷ᠎ᠠ ᠬᠠᠯᠠᠮᠵᠢ ᠶᠢ ᠬᠦᠷᠲᠡᠵᠦ᠂ ᠳᠡᠳᠡ ᠠᠵᠢᠯ ᠤᠨ ᠪᠠᠶᠢᠷᠢ ᠪᠠᠨ ᠪᠠᠲᠤ ᠰᠠᠬᠢᠵᠤ᠂ ᠯᠠᠪᠳᠠᠭᠤᠨ ᠪᠠᠲᠤᠲᠠᠢ ᠠᠵᠢᠯᠯᠠᠵᠤ᠂ ᠬᠢᠵᠢᠭ ᠢ ᠰᠡᠷᠭᠡᠶᠢᠯᠡᠬᠦ ᠠᠵᠢᠯ ᠢ ᠰᠠᠶᠢᠲᠤᠷ ᠬᠢᠬᠦ ᠶᠢᠨ ᠬᠠᠮᠲᠤ ᠬᠠᠮᠤᠭ ᠤᠨ ᠶᠡᠭᠡ ᠴᠢᠷᠮᠠᠶᠢᠯᠭ᠎ᠠ ᠭᠠᠷᠭᠠᠵᠤ ᠰᠠᠭᠤᠭᠠᠯᠢ ᠠᠷᠠᠳ ᠤᠨ ᠬᠦᠴᠢᠷ ᠵᠣᠪᠠᠭᠤᠷᠢ ᠶᠢ ᠰᠢᠢᠳᠪᠦᠷᠢᠯᠡᠨ᠂ ᠬᠠᠷᠢᠶ᠎ᠠ ᠲᠣᠭᠤᠷᠢᠭ ᠤᠨ ᠰᠠᠭᠤᠭᠠᠯᠢ ᠠᠷᠠᠳ ᠲᠤ ᠡᠶ᠎ᠡ ᠵᠣᠬᠢᠴᠠᠩᠭᠤᠢ ᠠᠮᠤᠷ ᠲᠣᠭᠲᠠᠭᠤᠨ ᠣᠷᠴᠢᠨ ᠲᠣᠭᠤᠷᠢᠨ ᠬᠠᠩᠭᠠᠵᠤ᠂ ᠡᠶᠡᠯᠰᠡᠭ ᠳᠤᠲᠤᠨᠤ ᠪᠠᠶᠠᠷ ᠤᠨ ᠡᠳᠦᠷ ᠤᠨ ᠠᠭᠤᠷ ᠠᠮᠢᠰᠬᠤᠯ ᠢ ᠪᠤᠢ ᠪᠣᠯᠭᠠᠨ᠎ᠠ ᠭᠡᠪᠡ᠃
                ᠬᠠᠶᠢᠯᠠᠷ ᠵᠠᠮ ᠤᠨ ᠬᠡᠷᠡᠭ ᠡᠷᠬᠢᠯᠡᠬᠦ ᠭᠠᠵᠠᠷ ᠤᠨ ᠸᠠᠩ ᠶᠠ ᠨᠠ ᠡᠬᠡ ᠪᠢᠴᠢᠭ ᠬᠠᠩᠭᠠᠪᠠ
 
ᠢᠷᠡᠯᠲᠡ᠄ ᠰᠢᠨ᠎ᠡ ᠬᠤᠲᠠ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号