ᠵᠠᠩ ᠪᠠᠢ ᠴᠧᠩ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠠᠶᠤᠯᠭᠦᠢ ᠦᠢᠯᠡᠳᠪᠦᠷᠢᠯᠡᠯ᠂ ᠪᠠᠶᠠᠷ ᠤᠨ ᠡᠳᠦᠷ ᠤᠨ ᠬᠠᠩᠭᠠᠯᠭ᠎ᠠ ᠶᠢ ᠪᠠᠲᠤᠯᠠᠬᠤ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2021/2/5
      ︵ᠰᠤᠷᠪᠤᠯᠵᠢᠯᠠᠭᠴᠢ ᠶᠦᠨ ᠶᠠᠨ ᠹᠠᠩ︶ 2 ᠳ᠋ᠤᠭᠠᠷ ᠰᠠᠷ᠎ᠠ ᠶᠢᠨ 4 ᠤ ᠦᠳᠡ ᠶᠢᠨ ᠬᠤᠶᠢᠨ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ᠂ ᠬᠤᠷᠢᠨᠭᠡᠷ ᠰᠢᠨ᠎ᠡ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠵᠠᠩ ᠪᠠᠢ ᠴᠧᠩ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ᠂ ᠠᠶᠤᠯᠭᠦᠢ ᠦᠢᠯᠡᠳᠪᠦᠷᠢᠯᠡᠯ ᠵᠢᠴᠢ ᠪᠠᠶᠠᠷ ᠤᠨ ᠡᠳᠦᠷ ᠤᠨ ᠬᠠᠩᠭᠠᠯᠭ᠎ᠠ ᠶᠢ ᠪᠠᠲᠤᠯᠠᠬᠤ ᠠᠵᠢᠯ ᠢ ᠪᠠᠶᠢᠴᠠᠭᠠᠨ ᠰᠤᠳᠤᠯᠵᠤ᠂ ᠨᠢᠭᠡᠳᠦᠭᠡᠷ ᠹᠷᠣᠨᠲ ᠳᠡᠭᠡᠷ᠎ᠡ ᠠᠵᠢᠯᠯᠠᠵᠤ ᠪᠠᠶᠢᠭ᠎ᠠ ᠠᠵᠢᠯᠲᠠᠨ ᠠᠵᠢᠯᠴᠢᠳ ᠢ ᠪᠣᠯᠭᠤᠭᠠᠨ ᠲᠣᠬᠤᠨᠢᠭᠤᠯᠪᠠ᠃      ᠮᠧᠲᠷᠤ᠋ ᠶᠢᠨ ᠰᠢᠨᠬᠤᠸᠠ ᠲᠠᠯᠠᠪᠠᠢ ᠥᠷᠲᠡᠭᠡ ᠳᠤ᠂ ᠵᠠᠩ ᠪᠠᠢ ᠴᠧᠩ ᠮᠧᠲᠷᠤ᠋ ᠶᠢᠨ ᠡᠷᠭᠢᠯᠲᠡ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠴᠢ ᠠᠶᠠᠨᠴᠢᠳ ᠤᠨ ᠠᠶᠤᠯᠭᠦᠢ ᠶᠢᠨ ᠪᠠᠶᠢᠴᠠᠭᠠᠯᠲᠠ ᠵᠡᠷᠭᠡ ᠪᠠᠶᠢᠳᠠᠯ ᠢ ᠨᠠᠷᠢᠨ ᠣᠶᠢᠯᠠᠭᠠᠵᠤ᠂ ᠮᠧᠲᠷᠤ᠋ ᠶᠢᠨ ᠠᠵᠢᠯᠲᠠᠳ ᠤᠨ ᠭᠠᠷᠭᠠᠭᠰᠠᠨ ᠬᠦᠴᠦ ᠬᠥᠯᠥᠰᠦ ᠶᠢ ᠨᠤᠲᠠᠯᠠᠵᠤ ᠲᠠᠯᠠᠷᠬᠠᠯ ᠢᠶᠠᠨ ᠢᠯᠡᠳᠬᠡᠵᠡᠢ᠃ ᠵᠠᠩ ᠪᠠᠢ ᠴᠧᠩ ᠢᠯᠡᠷᠬᠡᠶᠢᠯᠡᠬᠦ ᠳᠡᠭᠡᠨ᠂ ᠬᠤᠲᠠ ᠶᠢᠨ ᠮᠧᠲᠷᠤ᠋ ᠶᠢᠨ ᠡᠵᠡᠩᠨᠡᠯᠲᠡ ᠨᠢ ᠵᠠᠮ ᠬᠠᠷᠢᠯᠴᠠᠭᠠᠨ ᠤ ᠲᠦᠭᠵᠢᠷᠡᠯ ᠢ ᠪᠦᠲᠦᠮᠵᠢᠲᠡᠢ ᠰᠠᠶᠢᠵᠢᠷᠠᠭᠤᠯᠵᠠᠢ᠂ ᠡᠵᠡᠩᠨᠡᠯᠲᠡ ᠶᠢᠨ ᠨᠢᠭᠡᠴᠡ ᠦᠢᠯᠡᠴᠢᠯᠡᠬᠦ ᠳᠡᠭᠡᠷ᠎ᠡ ᠬᠦᠴᠦᠯᠡᠵᠦ᠂ ᠬᠠᠮᠢᠶᠠᠷᠤᠯᠲᠠ ᠪᠠᠨ ᠴᠢᠩᠭᠠᠳᠬᠠᠨ᠂ ᠦᠢᠯᠡᠴᠢᠯᠡᠭᠡ ᠶᠢᠨ ᠶᠠᠰᠤ ᠴᠢᠨᠠᠷ ᠢᠶᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠪᠦᠬᠦ ᠬᠤᠲᠠ ᠶᠢᠨ ᠠᠷᠠᠳ ᠲᠦᠮᠡᠨ ᠳᠤ ᠨᠡᠩ ᠠᠶᠤᠯᠭᠦᠢ ᠲᠠᠭᠠᠯᠠᠮᠵᠢᠲᠠᠢ ᠶᠠᠪᠤᠵᠤ ᠰᠠᠭᠤᠬᠤ ᠣᠷᠴᠢᠨ ᠨᠥᠬᠦᠴᠡᠯ ᠢ ᠴᠢᠷᠮᠠᠶᠢᠨ ᠡᠭᠦᠳᠬᠦ ᠬᠡᠷᠡᠭᠲᠡᠢ ᠭᠡᠵᠡᠢ᠃      ᠬᠤᠲᠠ ᠶᠢᠨ ᠵᠠᠮ ᠬᠠᠷᠢᠯᠴᠠᠭᠠᠨ ᠤ ᠰᠠᠯᠪᠤᠷᠢ ᠠᠩᠭᠢ ᠶᠢᠨ ᠬᠤᠲᠣᠩ ᠠᠷᠠᠳ ᠤᠨ ᠲᠣᠭᠤᠷᠢᠭ ᠤᠨ ᠶᠡᠭᠡ ᠠᠩᠭᠢ ᠶᠢᠨ ᠨᠢᠭᠡᠳᠦᠭᠡᠷ ᠳᠤᠮᠳᠠ ᠠᠩᠭᠢ ᠶᠢᠨ ᠵᠠᠮ ᠬᠠᠷᠢᠯᠴᠠᠭᠠᠨ ᠤ ᠴᠠᠭᠳᠠᠭᠠᠨ ᠤ ᠬᠠᠷᠠᠭᠤᠯ ᠤᠨ ᠭᠠᠵᠠᠷ᠂ ᠵᠠᠩ ᠪᠠᠢ ᠴᠧᠩ ᠵᠢᠵᠢᠭᠦᠷ ᠤᠨ ᠵᠠᠮ ᠬᠠᠷᠢᠯᠴᠠᠭᠠᠨ ᠤ ᠴᠠᠭᠳᠠᠭ᠎ᠠ ᠶᠢ ᠪᠣᠯᠭᠤᠭᠠᠨ ᠲᠣᠬᠤᠨᠢᠭᠤᠯᠪᠠ᠃ ᠲᠡᠷᠡ  ᠵᠢᠭᠠᠬᠤ  ᠳᠠᠭᠠᠨ᠂  ᠤᠳᠤ ᠶᠠᠭ ᠣᠯᠠᠨ ᠲᠦᠮᠡᠨ ᠲᠡᠷᠭᠡ ᠤᠨᠤᠭ᠎ᠠ ᠪᠠᠷ ᠶᠠᠪᠤᠵᠤ ᠰᠠᠭᠤᠬᠤ ᠣᠷᠭᠢᠯ ᠦᠶ᠎ᠡ ᠪᠣᠯᠵᠠᠢ᠂ ᠲᠠ ᠪᠦᠭᠦᠳᠡ ᠶᠢᠨ ᠲᠡᠰᠪᠦᠷᠢ ᠬᠠᠲᠠᠭᠤᠵᠢᠯᠲᠠᠢ ᠵᠣᠷᠢᠭ ᠰᠠᠨᠠᠭ᠎ᠠ ᠪᠠᠨ ᠦᠷᠭᠦᠯᠵᠢᠯᠡᠨ ᠪᠠᠳᠠᠷᠠᠭᠤᠯᠵᠤ᠂ ᠪᠦᠬᠦ ᠬᠤᠲᠠ ᠶᠢᠨ ᠵᠠᠮ ᠬᠠᠷᠢᠯᠴᠠᠭᠠᠨ ᠤ ᠡᠮᠬᠢ ᠵᠢᠷᠤᠮ ᠢ ᠦᠨᠡᠨᠬᠦ ᠬᠠᠮᠠᠭᠠᠯᠠᠨ᠂ ᠣᠯᠠᠨ ᠲᠦᠮᠡᠨ ᠤ ᠶᠠᠪᠤᠵᠤ ᠰᠠᠭᠤᠬᠤ ᠳᠤ ᠨᠡᠩ ᠰᠠᠭᠠᠳ ᠦᠭᠡᠢ ᠣᠷᠴᠢᠨ ᠨᠥᠬᠦᠴᠡᠯ ᠢ ᠪᠦᠷᠢᠯᠳᠦᠭᠦᠯᠵᠦ ᠥᠭᠬᠦ ᠶᠢ ᠬᠦᠰᠡᠵᠦ ᠪᠠᠶᠢᠨ᠎ᠠ ᠭᠡᠵᠡᠢ᠃      ᠬᠥᠬᠡᠬᠤᠲᠠ ᠶᠢᠨ ᠣᠯᠠᠨ ᠤᠯᠤᠰ ᠤᠨ ᠮᠣᠩᠭᠤᠯ ᠡᠮᠨᠡᠯᠭᠡ ᠶᠢᠨ ᠬᠤᠷᠢᠶᠠᠨ ᠳᠤ᠂ ᠵᠠᠩ ᠪᠠᠢ ᠴᠧᠩ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠮᠦᠨ᠎ᠡ ᠹᠷᠣᠨᠲ ᠳᠡᠭᠡᠷᠡᠬᠢ ᠡᠮᠴᠢ ᠰᠤᠪᠢᠯᠠᠭᠴᠢ ᠶᠢ ᠪᠣᠯᠭᠤᠭᠠᠨ ᠲᠣᠬᠤᠨᠢᠭᠤᠯᠵᠤ᠂ ᠲᠡᠳᠡᠨ ᠤ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠳᠤᠮᠳᠠ ᠦᠵᠡᠭᠦᠯᠦᠭᠰᠡᠨ ᠭᠠᠪᠢᠶ᠎ᠠ ᠵᠢᠳᠬᠦᠯ ᠳᠤ ᠴᠢᠩ ᠰᠡᠳᠬᠢᠯ ᠤᠨ ᠲᠠᠯᠠᠷᠬᠠᠯ  ᠢᠶᠠᠨ ᠳᠡᠪᠰᠢᠭᠦᠯᠪᠡ᠃ ᠵᠠᠩ ᠪᠠᠢ ᠴᠧᠩ ᠴᠢᠬᠤᠯᠠᠴᠢᠯᠠᠬᠤ ᠳᠠᠭᠠᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠬᠡᠪᠰᠢᠭᠦᠯᠦᠨ ᠰᠠᠶᠢᠨ ᠬᠢᠵᠦ᠂ ᠡᠯ᠎ᠡ ᠵᠦᠢᠯ ᠤᠨ ᠬᠠᠮᠢᠶᠠᠷᠤᠯᠲᠠ ᠶᠢᠨ ᠳᠦᠷᠢᠮ ᠲᠣᠭᠲᠠᠭᠠᠯ ᠢ ᠴᠢᠩᠭ᠎ᠠ ᠬᠡᠷᠡᠭᠵᠢᠭᠦᠯᠵᠦ᠂ ᠤᠷᠢᠳᠴᠢᠯᠠᠵᠤ ᠪᠠᠶᠢᠴᠠᠭᠠᠨ ᠬᠤᠪᠢᠶᠠᠨ ᠡᠮᠴᠢᠯᠡᠬᠦ ᠪᠠ ᠬᠠᠯᠠᠭᠤᠷᠠᠬᠤ ᠡᠭᠦᠳᠡᠨ ᠡᠮᠨᠡᠯᠭᠡ ᠶᠢᠨ ᠬᠠᠮᠢᠶᠠᠷᠤᠯᠲᠠ ᠪᠠᠨ ᠴᠢᠩᠭᠠᠳᠬᠠᠵᠤ᠂ ᠡᠯ᠎ᠡ ᠵᠦᠢᠯ ᠤᠨ ᠪᠠᠴᠢᠮ ᠪᠠᠶᠢᠳᠠᠯ ᠢ ᠠᠷᠭᠠᠴᠠᠭᠠᠬᠤ ᠪᠡᠯᠡᠳᠬᠡᠯ ᠠᠵᠢᠯ ᠢ ᠰᠠᠶᠢᠨ ᠬᠢᠵᠦ᠂ ᠡᠮᠴᠢᠯᠡᠭᠡ ᠶᠢᠨ ᠪᠠᠶᠢᠭᠤᠯᠤᠮᠵᠢ ᠶᠢᠨ ᠡᠷᠭᠢᠯᠲᠡ ᠶᠢᠨ ᠠᠶᠤᠯᠭᠦᠢ ᠶᠢ ᠪᠠᠲᠤᠯᠠᠬᠤ ᠬᠡᠷᠡᠭᠲᠡᠢ ᠭᠡᠵᠡᠢ᠃       ᠸᠧᠢ ᠳ᠋ᠦᠸᠧ ᠯᠢ ᠸᠠᠨ ᠶᠤᠸᠡᠢ ᠴᠧᠩ ᠳᠤ᠂ ᠵᠠᠩ ᠪᠠᠢ ᠴᠧᠩ ᠳᠡᠯᠭᠡᠭᠦᠷ ᠤᠨ ᠠᠷᠢᠭᠤᠳᠬᠠᠯ᠂ ᠪᠡᠶ᠎ᠡ ᠶᠢᠨ ᠳᠤᠯᠠᠭᠠᠨ ᠢ ᠬᠡᠮᠵᠢᠬᠦ᠂ ᠡᠷᠡᠭᠦᠯ ᠮᠡᠨᠳᠦ ᠶᠢᠨ ᠺᠣᠳ᠋ ᠢ ᠰᠢᠷᠪᠢᠬᠦ ᠵᠡᠷᠭᠡ ᠪᠠᠶᠢᠳᠠᠯ ᠢ ᠪᠠᠶᠢᠴᠠᠭᠠᠨ ᠦᠵᠡᠵᠦ᠂ ᠬᠡᠲᠦ ᠳᠡᠯᠭᠡᠭᠦᠷ ᠤᠨ ᠠᠮᠤ ᠪᠤᠳᠠᠭ᠎ᠠ ᠲᠣᠰᠣ ᠨᠣᠭᠤᠭ᠎ᠠ ᠴᠠᠭ᠎ᠠ᠂ ᠵᠢᠭᠦᠷᠲᠡᠨ ᠤ ᠲᠥᠷᠥᠯ ᠮᠢᠬᠠᠨ ᠤ ᠲᠥᠷᠥᠯ ᠵᠡᠷᠭᠡ ᠶᠢᠨ ᠪᠠᠷᠠᠭ᠎ᠠ ᠣᠷᠣᠭᠤᠯᠤᠭᠰᠠᠨ ᠵᠠᠮ ᠮᠥᠷ᠂ ᠪᠠᠷᠠᠭᠠᠨ ᠤ ᠦᠨ᠎ᠡ ᠬᠠᠩᠰᠢ ᠵᠢᠴᠢ ᠢᠳᠡᠭᠡᠨ ᠤ ᠠᠶᠤᠯᠭᠦᠢ ᠶᠢᠨ ᠪᠠᠶᠢᠴᠠᠭᠠᠯᠲᠠ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠡᠷᠡ ᠴᠢᠬᠤᠯᠠᠴᠢᠯᠠᠬᠤ ᠳᠠᠭᠠᠨ᠂ ᠵᠠᠬ᠎ᠠ ᠳᠡᠯᠭᠡᠭᠦᠷ ᠤᠨ ᠬᠠᠩᠭᠠᠯᠭ᠎ᠠ ᠶᠢ ᠪᠠᠲᠤᠯᠠᠵᠤ ᠦᠨ᠎ᠡ ᠶᠢ ᠲᠣᠭᠲᠠᠭᠤᠨ ᠪᠠᠶᠢᠯᠭᠠᠬᠤ᠂ ᠢᠳᠡᠭᠡᠨ ᠤ ᠠᠶᠤᠯᠭᠦᠢ ᠵᠡᠷᠭᠡ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠨ ᠬᠢᠵᠦ᠂ ᠥᠷᠭᠡᠨ ᠣᠯᠠᠨ ᠬᠤᠲᠠ ᠶᠢᠨ ᠠᠷᠠᠳ ᠤᠨ ᠴᠠᠭᠠᠨ ᠰᠠᠷ᠎ᠠ ᠶᠢᠨ ᠬᠤᠭᠤᠴᠠᠭᠠᠨ ᠤ ᠠᠮᠢᠳᠤᠷᠠᠯ ᠤᠨ ᠬᠡᠷᠡᠭᠴᠡᠭᠡ ᠶᠢ ᠦᠨᠡᠨᠬᠦ ᠪᠠᠲᠤᠯᠠᠬᠤ ᠬᠡᠷᠡᠭᠲᠡᠢ ᠭᠡᠵᠡᠢ᠃      ᠬᠥᠬᠡᠬᠤᠲᠠ ᠶᠢᠨ ᠬᠤᠷᠢ ᠶᠢᠰᠦᠳᠦᠭᠡᠷ ᠳᠤᠮᠳᠠᠳᠤ ᠰᠤᠷᠭᠠᠭᠤᠯᠢ ᠶᠢᠨ ᠣᠶᠢᠷᠠᠯᠴᠠᠭᠠᠬᠢ ᠬᠥᠬᠡ ᠬᠤᠲᠠ ᠥᠷᠲᠡᠭᠡᠨ ᠳᠤ᠂ ᠵᠠᠩ ᠪᠠᠢ ᠴᠧᠩ ᠨᠢᠭᠡᠳᠦᠭᠡᠷ ᠹᠷᠣᠨᠲ ᠤᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠨ ᠲᠠᠢ ᠲᠤᠳᠤᠨᠤᠰᠤᠭ ᠢᠶᠠᠷ ᠶᠠᠷᠢᠯᠴᠠᠵᠤ᠂ ᠲᠡᠳᠡᠨ ᠤ ᠣᠷᠣᠯᠭ᠎ᠠ ᠶᠢᠨ ᠪᠠᠶᠢᠳᠠᠯ ᠢ ᠨᠠᠷᠢᠨ ᠠᠰᠠᠭᠤᠨ ᠯᠠᠪᠯᠠᠵᠤ᠂ ᠲᠡᠳᠡᠨ ᠤ ᠬᠤᠲᠠ ᠶᠢᠨ ᠬᠥᠭᠵᠢᠯᠲᠡ ᠪᠠ ᠣᠷᠴᠢᠨ ᠲᠣᠭᠤᠷᠢᠨ ᠢ ᠰᠠᠶᠢᠵᠢᠷᠠᠭᠤᠯᠬᠤ ᠳᠤ ᠭᠠᠷᠭᠠᠭᠰᠠᠨ ᠰᠢᠷᠭᠠᠭᠤ ᠬᠥᠳᠡᠯᠮᠦᠷᠢ ᠳᠤ ᠲᠠᠯᠠᠷᠬᠠᠵᠤ᠂ ᠰᠢᠨ᠎ᠡ ᠵᠢᠯ ᠤᠨ ᠵᠥᠩᠨᠡᠯ ᠬᠦᠷᠭᠡᠵᠡᠢ᠃      ᠬᠤᠲᠠ ᠶᠢᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠪᠠᠶᠢᠴᠠᠭᠠᠨ ᠰᠤᠳᠤᠯᠤᠯᠲᠠ ᠪᠠ ᠪᠣᠯᠭᠤᠭᠠᠨ ᠲᠣᠬᠤᠨᠢᠭᠤᠯᠬᠤ ᠳᠤ ᠣᠷᠣᠯᠴᠠᠪᠠ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号