ᠪᠦᠬᠦ ᠬᠤᠲᠠ ᠶᠢᠨ ᠨᠢᠭᠡᠳᠦᠮᠡᠯ ᠹᠷᠣᠨᠲ ᠤᠨ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/2/7
      ︵ᠰᠤᠷᠪᠤᠯᠵᠢᠯᠠᠭᠴᠢ ᠯᠢᠦᠢ ᠬᠤᠢ ᠱᠧᠩ︶ 2 ᠳ᠋ᠤᠭᠠᠷ ᠰᠠᠷ᠎ᠠ ᠶᠢᠨ 5 ᠤ ᠡᠳᠦᠷ᠂ ᠪᠦᠬᠦ ᠬᠤᠲᠠ ᠶᠢᠨ ᠨᠢᠭᠡᠳᠦᠮᠡᠯ ᠹᠷᠣᠨᠲ ᠤᠨ ᠠᠵᠢᠯ ᠤᠨ ᠬᠤᠷᠠᠯ ᠬᠤᠷᠠᠯᠳᠤᠪᠠ᠃ ᠬᠤᠷᠠᠯ ᠠᠴᠠ ᠪᠦᠬᠦ ᠤᠯᠤᠰ᠂ ᠪᠦᠬᠦ ᠣᠷᠣᠨ ᠤ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠶᠢᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ 2020 ᠣᠨ ᠤ ᠠᠵᠢᠯ ᠢᠶᠠᠨ ᠳ᠋ᠦᠩᠨᠡᠵᠦ᠂ ᠣᠳᠣᠬᠠᠨ ᠤ ᠪᠠᠶᠢᠳᠠᠯ ᠢ ᠵᠠᠳᠠᠯᠤᠨ᠂ 2021 ᠣᠨ ᠤ ᠡᠭᠦᠷᠭᠡ ᠶᠢ ᠪᠠᠶᠢᠷᠢᠯᠠᠭᠤᠯᠪᠠ᠃      ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠠᠵᠢᠯ ᠤᠨ ᠬᠡᠯᠲᠡᠰ ᠤᠨ ᠳᠠᠷᠤᠭ᠎ᠠ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠨᠠᠮ ᠤᠨ ᠤᠳᠤᠷᠢᠳᠬᠤ ᠳᠤᠭᠤᠶᠢᠯᠠᠩ ᠤᠨ ᠳᠡᠳ᠋ ᠱᠦᠵᠢ ᠭᠠᠩ ᠪᠥᠭᠡ ᠬᠤᠷᠠᠯ ᠳᠤ ᠣᠷᠣᠯᠴᠠᠵᠤ ᠶᠠᠷᠢᠶ᠎ᠠ ᠲᠠᠯᠪᠢᠵᠠᠢ᠃      ᠭᠠᠩ ᠪᠥᠭᠡ ᠵᠢᠭᠠᠬᠤ ᠳᠠᠭᠠᠨ᠂ ᠥᠩᠭᠡᠷᠡᠭᠰᠡᠨ ᠨᠢᠭᠡ ᠵᠢᠯ ᠳᠤ᠂ ᠪᠦᠬᠦ ᠬᠤᠲᠠ ᠶᠢᠨ ᠨᠢᠭᠡᠳᠦᠮᠡᠯ ᠹᠷᠣᠨᠲ ᠤᠨ  ᠬᠢᠨ ᠬᠤᠲᠠ ᠶᠢᠨ ᠨᠠᠮ ᠤᠨ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠶᠡᠷᠦᠩᠬᠡᠢ ᠱᠦᠵᠢ ᠰᠢ ᠶᠢᠨ ᠫᠢᠩ ᠤᠨ ᠨᠢᠭᠡᠳᠦᠮᠡᠯ ᠹᠷᠣᠨᠲ ᠤᠨ ᠠᠵᠢᠯ ᠢ ᠴᠢᠩᠭᠠᠳᠬᠠᠵᠤ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ︽ᠳᠥᠷᠪᠡᠨ ᠤᠬᠠᠮᠰᠠᠷ︾ ᠢ ᠪᠠᠲᠤ ᠪᠠᠬᠢ ᠪᠤᠢ ᠪᠣᠯᠭᠠᠨ᠂ ︽ᠳᠥᠷᠪᠡᠨ ᠢᠲᠡᠭᠡᠯ︾ ᠢ ᠪᠠᠲᠤᠳᠬᠠᠵᠤ᠂ ︽ᠬᠤᠶᠠᠷ ᠢ  ᠬᠠᠮᠠᠭᠠᠯᠠᠬᠤ︾ ᠶᠢ ᠪᠡᠶᠡᠯᠡᠭᠦᠯᠵᠦ᠂ ᠨᠠᠮ ᠤᠨ ᠲᠥᠪ ᠬᠤᠷᠢᠶ᠎ᠠ ᠶᠢᠨ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠠᠵᠢᠯ ᠤᠨ ᠱᠠᠭᠠᠷᠳᠠᠯᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ᠂ ᠡᠯ᠎ᠡ ᠬᠦᠷᠢᠶ᠎ᠡ ᠴᠠᠷᠠᠭ᠎ᠠ ᠶᠢᠨ ᠠᠵᠢᠯ ᠢ ᠯᠠᠪᠳᠠᠭᠤᠨ ᠪᠠᠲᠤᠲᠠᠢ ᠲᠦᠯᠬᠢᠨ ᠠᠬᠢᠭᠤᠯᠵᠤ᠂ ᠮᠠᠩᠯᠠᠶᠢᠯᠠᠨ ᠤᠷᠤᠭᠰᠢᠯᠠᠭᠰᠠᠨ᠂ ᠪᠦᠯᠬᠦᠮᠳᠡᠯ ᠡᠶ᠎ᠡ ᠵᠣᠬᠢᠴᠠᠯ ᠲᠠᠢ ᠰᠠᠶᠢᠨ ᠰᠠᠶᠢᠬᠠᠨ ᠪᠠᠶᠢᠳᠠᠯ ᠢ ᠪᠣᠢ ᠪᠣᠯᠭᠠᠪᠠ᠃      ᠭᠠᠩ ᠪᠥᠬᠡ ᠴᠢᠬᠤᠯᠠᠴᠢᠯᠠᠬᠤ ᠳᠠᠭᠠᠨ᠂ ᠡᠨᠡ ᠵᠢᠯ  ᠤᠨ ᠨᠢᠭᠡᠳᠦᠮᠡᠯ ᠹᠷᠣᠨᠲ ᠤᠨ ᠠᠵᠢᠯ ᠢ ᠰᠠᠶᠢᠨ ᠬᠢᠬᠦ ᠳᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠮᠵᠢ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠠ ᠠᠷᠪᠠ ᠶᠢᠰᠦᠳᠦᠭᠡᠷ ᠬᠤᠭᠤᠴᠠᠭᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠦᠭᠦᠳᠡ ᠬᠤᠷᠠᠯᠳᠤᠭᠠᠨ ᠤ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ᠂ ᠶᠡᠷᠦᠩᠬᠡᠢ ᠱᠦᠵᠢ ᠰᠢ ᠶᠢᠨ ᠫᠢᠩ ᠤᠨ ᠨᠢᠭᠡᠳᠦᠮᠡᠯ ᠹᠷᠣᠨᠲ ᠤᠨ ᠠᠵᠢᠯ ᠢ ᠴᠢᠩᠭᠠᠳᠬᠠᠵᠤ ᠰᠠᠶᠢᠵᠢᠷᠠᠭᠤᠯᠬᠤ ᠲᠤᠬᠠᠢ ᠴᠢᠬᠤᠯᠠ ᠦᠵᠡᠯ ᠰᠠᠨᠠᠭ᠎ᠠ ᠪᠠᠷ ᠭᠤᠣᠯ ᠰᠢᠵᠢᠮ ᠪᠣᠯᠭᠠᠵᠤ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠨᠢᠭᠡᠳᠦᠮᠡᠯ ᠹᠷᠣᠨᠲ ᠤᠨ ᠠᠵᠢᠯ ᠤᠨ ᠳᠦᠷᠢᠮ︾ ᠢᠶᠠᠷ ᠭᠤᠣᠯ ᠪᠣᠯᠭᠠᠵᠤ᠂ ᠰᠢᠨ᠎ᠡ ᠴᠠᠭ ᠦᠶ᠎ᠡ ᠶᠢᠨ ᠨᠢᠭᠡᠳᠦᠮᠡᠯ ᠹᠷᠣᠨᠲ ᠡᠨᠡ ᠬᠦ ᠡᠷᠳᠡᠨᠢ ᠶᠢᠨ ᠦᠢᠯᠡᠳᠦᠯ ᠢ ᠤᠯᠠᠮ ᠨᠢᠭᠡ ᠠᠯᠬᠤᠮ ᠪᠠᠳᠠᠷᠠᠭᠤᠯᠬᠤ ᠪᠠᠷ ᠬᠠᠷᠠᠯᠲᠠ ᠪᠣᠯᠭᠠᠵᠤ᠂ ᠬᠤᠲᠠ ᠶᠢᠨ ᠨᠠᠮ ᠤᠨ ᠬᠤᠷᠢᠶ᠎ᠠ ᠶᠢᠨ ᠠᠷᠪᠠᠨ ᠬᠤᠶᠠᠳᠤᠭᠠᠷ ᠬᠤᠭᠤᠴᠠᠭᠠᠨ ᠤ ᠠᠷᠪᠠᠨ ᠬᠤᠶᠠᠳᠤᠭᠠᠷ ᠤᠳᠠᠭ᠎ᠠ ᠶᠢᠨ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠥᠪ ᠶᠣᠰᠤ ᠶᠢ ᠪᠠᠷᠢᠮᠲᠠᠯᠠᠨ ᠰᠢᠨ᠎ᠡ ᠶᠢ ᠡᠭᠦᠳᠴᠦ᠂ ᠦᠵᠡᠯ ᠰᠠᠨᠠᠭ᠎ᠠ ᠤᠯᠤᠰ ᠲᠥᠷᠥ ᠪᠠᠷ ᠵᠢᠯᠣᠭᠤᠳᠤᠭᠤᠯᠬᠤ ᠶᠢ ᠳᠣᠪᠣᠶᠢᠯᠭᠠᠵᠤ᠂ ᠭᠤᠣᠯ ᠶᠡᠭᠡ ᠲᠠᠯ᠎ᠠ ᠳᠤ ᠦᠢᠯᠡᠴᠢᠯᠡᠵᠦ᠂ ᠠᠶᠤᠯ ᠲᠦᠭᠰᠢᠭᠦᠷᠢ ᠶᠢ ᠰᠡᠷᠭᠡᠶᠢᠯᠡᠨ ᠰᠢᠢᠳᠪᠦᠷᠢᠯᠡᠵᠦ᠂ ᠴᠢᠳᠠᠪᠤᠷᠢ ᠶᠢᠨ ᠬᠢᠷᠢ ᠲᠦᠪᠰᠢᠨ ᠢᠶᠠᠨ ᠳᠡᠭᠡᠭᠰᠢᠯᠡᠭᠦᠯᠵᠦ᠂ ᠰᠢᠨ᠎ᠡ ᠴᠠᠭ ᠦᠶ᠎ᠡ ᠶᠢᠨ ᠲᠥᠪ ᠬᠤᠲᠠ ᠶᠢᠨ ᠨᠢᠭᠡᠳᠦᠮᠡᠯ ᠹᠷᠣᠨᠲ ᠤᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠲᠦᠯᠬᠢᠨ ᠠᠬᠢᠭᠤᠯᠵᠤ᠂ ᠰᠢᠯᠢᠳᠡᠭ ᠬᠢᠷᠢ ᠪᠦᠲᠦᠮᠵᠢ ᠪᠠᠷ ᠨᠠᠮ ᠪᠠᠶᠢᠭᠤᠯᠤᠭᠳᠠᠭᠰᠠᠨ 100 ᠵᠢᠯ ᠤᠨ ᠣᠢ ᠶᠢ ᠪᠡᠯᠭᠡᠯᠡᠬᠦ ᠬᠡᠷᠡᠭᠲᠡᠢ ᠭᠡᠵᠡᠢ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号