ᠬᠤᠲᠠ ᠶᠢᠨ ᠨᠠᠮ ᠤᠨ ᠬᠤᠷᠢᠶ᠎ᠠ ᠶᠢᠨ ᠬᠥᠳᠡᠭᠡ ᠲᠣᠰᠬᠤᠨ ᠤ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/2/7
ᠸᠠᠩ ᠯᠢ ᠰᠢᠶᠠ ᠬᠤᠷᠠᠯ ᠳᠤ ᠣᠷᠣᠯᠴᠠᠨ ᠶᠠᠷᠢᠶ᠎ᠠ ᠲᠠᠯᠪᠢᠪᠠ  ᠵᠠᠩ ᠪᠠᠢ ᠴᠧᠩ ᠡᠷᠬᠢᠯᠡᠵᠦ  ᠶᠦᠨ ᠵᠢᠶᠠᠨ ᠳ᠋ᠦᠩ  ᠰᠦᠨ ᠵᠢᠶᠠᠨ‌ᠬᠤᠸᠠ  ᠯᠥᠸᠧ ᠴᠢᠩ  ᠾᠧ ᠬᠠᠢ ᠳ᠋ᠦᠩ ᠣᠷᠣᠯᠴᠠᠪᠠ      ︵ᠰᠤᠷᠪᠤᠯᠵᠢᠯᠠᠭᠴᠢ ᠹᠧᠩ ᠶᠠᠨ ᠫᠢᠩ︶ 2 ᠳ᠋ᠤᠭᠠᠷ ᠰᠠᠷ᠎ᠠ ᠶᠢᠨ 5 ᠤ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠬᠥᠳᠡᠭᠡ ᠲᠣᠰᠬᠤᠨ ᠤ ᠠᠵᠢᠯ ᠤᠨ ᠬᠤᠷᠠᠯ ᠬᠤᠷᠠᠯᠳᠤᠪᠠ᠃ ᠬᠤᠷᠠᠯ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠨ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶ᠎ᠠ ᠶᠢᠨ ᠲᠠᠪᠤᠳᠤᠭᠠᠷ ᠪᠦᠭᠦᠳᠡ ᠬᠤᠷᠠᠯᠳᠤᠭᠠᠨ᠂ ᠲᠥᠪ ᠤᠨ ᠠᠵᠤ ᠠᠬᠤᠢ ᠶᠢᠨ ᠠᠵᠢᠯ ᠤᠨ ᠬᠤᠷᠠᠯ᠂ ᠲᠥᠪ ᠤᠨ ᠬᠥᠳᠡᠭᠡ ᠲᠣᠰᠬᠤᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠮᠠᠯᠵᠢᠬᠤ ᠲᠠᠷᠢᠶᠠᠯᠠᠬᠤ ᠣᠷᠣᠨ ᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠶᠢᠨ ᠱᠠᠲᠤ ᠦᠶ᠎ᠡ ᠶᠢᠨ ᠲᠥᠪ ᠬᠤᠲᠠ ᠶᠢᠨ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠢ ᠨᠠᠷᠢᠨ ᠬᠢᠨᠠᠮᠠᠭᠠᠢ ᠰᠤᠳᠤᠯᠤᠨ ᠪᠠᠶᠢᠷᠢᠯᠠᠭᠤᠯᠵᠤ᠂ ᠪᠦᠬᠦ ᠬᠤᠲᠠ ᠶᠢᠨ ᠡᠯ᠎ᠡ ᠱᠠᠲᠤ ᠶᠢ ᠳᠠᠶᠢᠴᠢᠯᠠᠨ ᠰᠡᠳᠬᠢᠯ ᠢᠶᠠᠨ ᠨᠢᠭᠡᠳᠬᠡᠨ ᠬᠦᠴᠦᠨ ᠢᠶᠠᠨ ᠬᠠᠮᠲᠤᠳᠬᠠᠵᠤ᠂ ᠦᠨᠡᠨ ᠠᠳᠬᠤᠵᠤ ᠪᠣᠳᠠᠲᠠᠢ ᠬᠢᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠦᠷ᠎ᠡ ᠪᠦᠲᠦᠮᠵᠢ ᠶᠢ ᠶᠡᠬᠡᠪᠡᠷ ᠪᠠᠲᠤᠳᠬᠠᠨ ᠥᠷᠭᠡᠳᠬᠡᠵᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠬᠦ ᠲᠠᠯ᠎ᠠ ᠪᠠᠷ ᠲᠦᠯᠬᠢᠨ ᠠᠬᠢᠭᠤᠯᠵᠤ᠂ ᠰᠢᠨ᠎ᠡ ᠠᠶᠠᠨ ᠳᠤ ᠲᠥᠪ ᠬᠤᠲᠠ ᠶᠢᠨ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠰᠢᠨ᠎ᠡ ᠪᠠᠶᠢᠳᠠᠯ ᠢ ᠴᠢᠷᠮᠠᠶᠢᠨ ᠪᠤᠢ ᠪᠣᠯᠭᠠᠬᠤ ᠬᠡᠷᠡᠭᠲᠡᠢ ᠭᠡᠵᠡᠢ᠃      ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠸᠠᠩ ᠯᠢ ᠰᠢᠶᠠ ᠬᠤᠷᠠᠯ ᠳᠤ ᠣᠷᠣᠯᠴᠠᠭᠰᠠᠨ ᠪᠥᠭᠡᠳ ᠶᠠᠷᠢᠶ᠎ᠠ ᠲᠠᠯᠪᠢᠵᠠᠢ᠃      ᠬᠤᠷᠠᠯ ᠠᠴᠠ ᠴᠢᠬᠤᠯᠠᠴᠢᠯᠠᠭᠰᠠᠨ ᠨᠢ᠂ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠦᠨ᠂ ᠦᠵᠡᠯᠲᠡ ᠲᠠᠨᠢᠯᠲᠠ ᠪᠠᠨ ᠭᠦᠨᠵᠡᠭᠡᠶᠢᠷᠡᠭᠦᠯᠵᠦ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠶᠡᠷᠦᠩᠬᠡᠢ ᠱᠦᠵᠢ ᠰᠢ ᠶᠢᠨ ᠫᠢᠩ ᠤᠨ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠤᠨ ᠲᠤᠬᠠᠢ ᠴᠢᠬᠤᠯᠠ ᠥᠭᠦᠯᠡᠯᠲᠡ ᠳᠡᠭᠡᠷ᠎ᠡ ᠦᠨᠡᠨᠬᠦ ᠳᠡᠭᠡᠳᠦ ᠬᠡᠮᠵᠢᠶ᠎ᠡ ᠪᠠᠷ ᠨᠢᠭᠡᠳᠬᠡᠵᠦ᠂ ᠠᠮᠢ ᠠᠬᠤᠢ ᠶᠢ ᠤᠷᠢᠳᠠᠪᠠᠷ ᠪᠣᠳᠣᠯᠬᠢᠯᠠᠭᠰᠠᠨ ᠪᠣᠬᠢᠷᠲᠤᠯ ᠦᠭᠡᠢ ᠬᠥᠭᠵᠢᠯᠲᠡ ᠪᠠᠷ ᠵᠢᠯᠣᠭᠤᠳᠤᠯᠭ᠎ᠠ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠵᠠᠮ ᠢᠶᠠᠷ ᠡᠷᠡᠰ ᠰᠢᠭᠤᠷᠬᠠᠢ ᠵᠠᠮᠨᠠᠵᠤ᠂ ᠨᠡᠩ ᠶᠡᠭᠡ ᠣᠷᠣᠭᠤᠯᠤᠯᠲᠠ᠂ ᠨᠡᠩ ᠪᠣᠳᠠᠲᠠᠢ ᠠᠷᠭ᠎ᠠ ᠬᠡᠮᠵᠢᠶ᠎ᠡ ᠪᠠᠷ ᠬᠥᠳᠡᠭᠡ ᠲᠣᠰᠬᠤᠨ ᠤ ᠠᠵᠤ ᠦᠢᠯᠡᠰ ᠬᠥᠭᠵᠢᠨ ᠪᠤᠵᠠᠭᠠᠶᠢᠷᠠᠬᠤ ᠶᠢ ᠲᠦᠷᠭᠡᠳᠬᠡᠨ ᠲᠦᠯᠬᠢᠨ ᠠᠬᠢᠭᠤᠯᠵᠤ᠂ ᠬᠥᠳᠡᠭᠡ ᠲᠣᠰᠬᠤᠨ ᠢ ᠪᠦᠲᠦᠭᠡᠨ ᠪᠠᠶᠢᠭᠤᠯᠬᠤ ᠠᠵᠢᠯᠯᠠᠭ᠎ᠠ ᠶᠢ ᠪᠦᠬᠦ ᠲᠠᠯ᠎ᠠ ᠪᠠᠷ ᠬᠡᠷᠡᠭᠵᠢᠭᠦᠯᠵᠦ᠂ ᠬᠥᠳᠡᠭᠡ ᠲᠣᠰᠬᠤᠨ ᠤ ᠵᠠᠰᠠᠯᠲᠠ ᠶᠢ ᠲᠠᠰᠤᠷᠠᠯᠲᠠ ᠦᠭᠡᠢ ᠰᠠᠶᠢᠵᠢᠷᠠᠭᠤᠯᠵᠤ᠂ ᠮᠠᠯᠴᠢᠨ ᠲᠠᠷᠢᠶᠠᠴᠢᠨ ᠤ ᠣᠷᠣᠯᠭ᠎ᠠ ᠶᠢ ᠦᠷᠭᠦᠯᠵᠢᠯᠡᠨ ᠨᠡᠮᠡᠭᠳᠡᠭᠦᠯᠵᠦ᠂ ᠠᠵᠤ ᠦᠢᠯᠡᠰ ᠨᠢ ᠬᠥᠭᠵᠢᠨ ᠪᠠᠳᠠᠷᠠᠭᠰᠠᠨ᠂ ᠠᠮᠢ ᠠᠬᠤᠢ ᠨᠢ ᠣᠷᠣᠰᠢᠨ ᠰᠠᠭᠤᠬᠤ ᠳᠤ ᠲᠣᠬᠢᠷᠠᠭᠰᠠᠨ᠂ ᠵᠠᠩ ᠰᠤᠷᠲᠠᠯ ᠨᠢ ᠪᠣᠯᠪᠠᠰᠤᠨ᠂ ᠵᠠᠰᠠᠯᠲᠠ ᠨᠢ ᠪᠦᠲᠦᠮᠵᠢᠲᠡᠢ᠂ ᠠᠮᠢᠳᠤᠷᠠᠯ ᠨᠢ ᠪᠠᠶᠠᠨ ᠴᠢᠨᠡᠭᠡᠯᠢᠭ ᠦᠵᠡᠮᠵᠢᠲᠤ ᠰᠠᠶᠢᠬᠠᠨ ᠬᠥᠳᠡᠭᠡ ᠲᠣᠰᠬᠤᠨ ᠢ ᠴᠢᠷᠮᠠᠶᠢᠨ ᠪᠦᠲᠦᠭᠡᠨ ᠪᠠᠶᠢᠭᠤᠯᠬᠤ ᠬᠡᠷᠡᠭᠲᠡᠢ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠠᠵᠢᠯ ᠤᠨ ᠭᠤᠣᠯᠳᠠᠯᠭ᠎ᠠ ᠶᠢ ᠴᠢᠩᠭ᠎ᠠ ᠠᠳᠬᠤᠨ᠂ ᠵᠠᠩᠭᠢᠯᠠᠭ᠎ᠠ ᠶᠢᠨ ᠭᠤᠭᠴᠤᠭ᠎ᠠ ᠶᠢ ᠳᠣᠪᠣᠶᠢᠯᠭᠠᠵᠤ᠂ ᠶᠠᠳᠠᠭᠤ ᠠᠴᠠ ᠠᠩᠭᠢᠵᠢᠷᠠᠭᠤᠯᠬᠤ ᠦᠷ᠎ᠡ ᠪᠦᠲᠦᠮᠵᠢ ᠶᠢ ᠪᠠᠲᠤᠳᠬᠠᠨ ᠥᠷᠭᠡᠳᠬᠡᠬᠦ ᠂ ᠰᠠᠶᠢᠨ ᠴᠢᠨᠠᠷ ᠤᠨ ᠲᠠᠷᠢᠶᠠᠯᠠᠩ ᠤᠨ ᠪᠦᠲᠦᠭᠡᠭᠳᠡᠬᠦᠨ ᠤ ᠬᠠᠩᠭᠠᠯᠭ᠎ᠠ᠂ ᠬᠥᠳᠡᠭᠡ ᠠᠵᠤ ᠠᠬᠤᠢ ᠶᠢᠨ ᠪᠦᠬᠦ ᠠᠵᠤ ᠦᠢᠯᠡᠰ ᠤᠨ ᠬᠡᠯᠬᠢᠶ᠎ᠡ᠂ ᠰᠢᠨᠵᠢᠯᠡᠭᠡ ᠮᠡᠷᠭᠡᠵᠢᠯ ᠢᠶᠠᠷ ᠬᠦᠴᠦᠨ ᠨᠡᠮᠡᠷᠢᠯᠡᠵᠦ᠂ ᠬᠥᠳᠡᠭᠡ ᠲᠣᠰᠬᠤᠨ ᠢ ᠪᠦᠲᠦᠭᠡᠨ ᠪᠠᠶᠢᠭᠤᠯᠬᠤ ᠠᠵᠢᠯᠯᠠᠭ᠎ᠠ᠂ ᠬᠥᠳᠡᠭᠡ ᠲᠣᠰᠬᠤᠨ ᠤ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ᠂ ᠬᠥᠳᠡᠭᠡ ᠲᠣᠰᠬᠤᠨ ᠤ ᠵᠠᠰᠠᠯᠲᠠ  ᠶᠢᠨ ᠠᠵᠢᠯ ᠢ  ᠯᠠᠪᠳᠠᠭᠤᠨ ᠪᠠᠲᠤᠲᠠᠢ ᠰᠠᠶᠢᠨ ᠬᠢᠵᠦ᠂ ᠰᠢᠨ᠎ᠡ ᠬᠥᠭᠵᠢᠯᠲᠡ ᠶᠢᠨ ᠱᠠᠲᠤ ᠦᠶ᠎ᠡ ᠶᠢᠨ ᠲᠥᠪ ᠬᠤᠲᠠ ᠶᠢᠨ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠢ ᠪᠦᠬᠦ ᠬᠦᠴᠦᠨ ᠢᠶᠠᠷ ᠢᠶᠠᠨ ᠰᠠᠶᠢᠨ ᠬᠢᠬᠦ ᠬᠡᠷᠡᠭᠲᠡᠢ᠃ ᠨᠠᠮ ᠤᠨ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠳᠠᠬᠢ ᠤᠳᠤᠷᠢᠳᠤᠯᠭ᠎ᠠ ᠶᠢ ᠭᠤᠶᠢᠪᠢᠰᠢ ᠦᠭᠡᠢ ᠪᠠᠷᠢᠮᠲᠠᠯᠠᠨ ᠴᠢᠩᠭᠠᠳᠬᠠᠵᠤ᠂ ᠪᠦᠬᠦ ᠨᠠᠮ ᠠᠴᠠ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠢ ᠤᠳᠤᠷᠢᠳᠬᠤ ᠪᠠᠶᠢᠭᠤᠯᠤᠯ ᠲᠣᠭᠲᠠᠴᠠ ᠶᠢ ᠲᠠᠰᠤᠷᠠᠯᠲᠠ ᠦᠭᠡᠢ ᠪᠦᠷᠢᠨᠰᠢᠭᠦᠯᠵᠦ᠂ ᠬᠥᠳᠡᠭᠡ ᠠᠵᠤ ᠠᠬᠤᠢ ᠶᠢ ᠬᠦᠴᠦᠷᠬᠡᠭᠵᠢᠭᠦᠯᠵᠦ ᠬᠥᠳᠡᠭᠡ ᠲᠣᠰᠬᠤᠨ ᠢ ᠳᠡᠮᠵᠢᠨ ᠮᠠᠯᠴᠢᠨ ᠲᠠᠷᠢᠶᠠᠴᠢᠨ ᠢ ᠴᠢᠨᠡᠭᠡᠯᠢᠭᠵᠢᠭᠦᠯᠬᠦ ᠤᠭ ᠰᠠᠨᠠᠭ᠎ᠠ ᠪᠠᠨ ᠲᠠᠰᠤᠷᠠᠯᠲᠠ ᠦᠭᠡᠢ ᠪᠠᠲᠤᠳᠬᠠᠵᠤ᠂ ︽ᠬᠥᠳᠡᠭᠡ ᠠᠵᠤ ᠠᠬᠤᠢ ᠬᠥᠳᠡᠭᠡ ᠲᠣᠰᠬᠤᠨ ᠲᠠᠷᠢᠶᠠᠴᠢᠨ︾ ᠤ ᠠᠵᠢᠯ ᠢ ᠰᠠᠶᠢᠨ ᠠᠳᠬᠤᠬᠤ ᠴᠢᠳᠠᠪᠤᠷᠢ ᠶᠢ ᠪᠦᠬᠦ ᠲᠠᠯ᠎ᠠ ᠪᠠᠷ ᠴᠢᠩᠭᠠᠳᠬᠠᠨ᠂ ᠬᠥᠳᠡᠭᠡ ᠲᠣᠰᠬᠤᠨ ᠢ ᠪᠦᠬᠦ ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠳᠤ ᠬᠦᠴᠦᠲᠡᠢ ᠪᠠᠲᠤᠯᠠᠭ᠎ᠠ ᠬᠠᠩᠭᠠᠬᠤ ᠬᠡᠷᠡᠭᠲᠡᠢ ᠭᠡᠵᠡᠢ᠃      ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ᠂ ᠬᠤᠷᠢᠨᠭᠡᠷ ᠰᠢᠨ᠎ᠡ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ ᠵᠠᠩ ᠪᠠᠢ ᠴᠧᠩ ᠬᠤᠷᠠᠯ ᠢ ᠡᠷᠬᠢᠯᠡᠭᠰᠡᠨ ᠪᠥᠭᠡᠳ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠳᠤ ᠱᠠᠭᠠᠷᠳᠠᠯᠭ᠎ᠠ ᠳᠤᠷᠠᠳᠴᠠᠢ᠃      ᠬᠤᠷᠠᠯ ᠢ ᠸᠢᠳᠢᠤ᠋ ᠮᠠᠶ᠋ᠢᠭ ᠢᠶᠠᠷ ᠬᠤᠷᠠᠯᠳᠤᠭᠤᠯᠵᠤ᠂ ᠬᠤᠲᠠ ᠶᠢᠨ ᠤᠳᠤᠷᠢᠳᠤᠯᠭ᠎ᠠ ᠶᠦᠨ ᠵᠢᠶᠠᠨ ᠳ᠋ᠦᠩ᠂ ᠰᠦᠨ ᠵᠢᠶᠠᠨ ᠬᠤᠸᠠ᠂ ᠯᠥᠸᠧ ᠴᠢᠩ ᠵᠢᠴᠢ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠤ ᠬᠡᠰᠡᠭ ᠤᠳᠤᠷᠢᠳᠤᠯᠭ᠎ᠠ ᠵᠢᠴᠢ ᠬᠤᠲᠠ ᠶᠢᠨ ᠬᠤᠯᠪᠣᠭᠳᠠᠯ ᠪᠦᠬᠦᠢ ᠰᠢᠭᠤᠳ ᠬᠠᠷᠢᠶ᠎ᠠ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠨᠥᠬᠦᠳ ᠭᠤᠣᠯ ᠬᠤᠷᠠᠯ ᠤᠨ ᠲᠠᠯᠠᠪᠠᠢ ᠳᠤ ᠬᠤᠷᠠᠯ ᠳᠤ ᠣᠷᠣᠯᠴᠠᠵᠤ᠂ ᠡᠯ᠎ᠡ ᠬᠤᠰᠢᠭᠤ ᠰᠢᠶᠠᠨ ᠲᠣᠭᠤᠷᠢᠭ ᠤᠨ ᠨᠠᠮ ᠵᠠᠰᠠᠭ ᠤᠨ ᠭᠤᠣᠯ ᠬᠠᠷᠢᠭᠤᠴᠠᠯᠭᠠᠲᠠᠨ ᠨᠥᠬᠦᠳ ᠡᠯ᠎ᠡ ᠬᠤᠪᠢᠶᠠᠷᠢ ᠬᠤᠷᠠᠯ ᠤᠨ ᠲᠠᠯᠠᠪᠠᠢ ᠳᠤ ᠬᠤᠷᠠᠯ ᠳᠤ ᠣᠷᠣᠯᠴᠠᠪᠠ᠃      ᠬᠤᠷᠠᠯ ᠳᠡᠭᠡᠷ᠎ᠡ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠥᠷᠥ ᠬᠠᠤᠯᠢ ᠴᠠᠭᠠᠵᠠ ᠶᠢᠨ ᠬᠤᠷᠢᠶ᠎ᠠ ᠶᠢᠨ ᠱᠦᠵᠢ ᠾᠧ ᠬᠠᠢ ᠳ᠋ᠦᠩ ᠨᠠᠶᠢᠳᠠᠪᠤᠷᠢᠵᠢᠭᠤᠯᠤᠯᠲᠠ ᠶᠢ ᠠᠳᠬᠤᠬᠤ ᠲᠠᠯ᠎ᠠ ᠪᠠᠷ ᠪᠠᠶᠢᠷᠢᠯᠠᠭᠤᠯᠤᠯᠲᠠ ᠬᠢᠵᠡᠢ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号