ᠪᠠᠶᠢᠭ᠎ᠠ ᠭᠠᠵᠠᠷ ᠲᠠᠭᠠᠨ ᠰᠢᠨᠡᠯᠡᠬᠦ ᠮᠠᠯᠴᠢᠨ ᠲᠠᠷᠢᠶᠠᠴᠢᠨ ᠬᠥᠯᠥᠰᠦᠨ ᠠᠵᠢᠯᠴᠢᠨ ᠳᠤ ᠪᠡᠯᠡᠭ ᠬᠦᠷᠭᠡᠪᠡ
ᠨᠡᠶᠢᠲᠡᠯᠡᠭᠰᠡᠨ ᠴᠠᠭ᠄
2021/2/8
     2 ᠳ᠋ᠤᠭᠠᠷ ᠰᠠᠷ᠎ᠠ ᠶᠢᠨ 6 ᠤ ᠡᠳᠦᠷ᠂ ᠬᠤᠲᠠ ᠶᠢᠨ ᠠᠵᠢᠯᠴᠢᠨ ᠤ ᠶᠡᠷᠦᠩᠬᠡᠢ ᠡᠪᠯᠡᠯ ᠠᠴᠠ ᠡᠷᠬᠢᠯᠡᠭᠰᠡᠨ ︽ᠰᠠᠷ᠎ᠠ ᠰᠢᠨ᠎ᠡ ᠪᠠᠨ ᠤᠭᠲᠤᠨ ᠬᠠᠶᠢᠷ᠎ᠠ ᠬᠠᠯᠠᠮᠵᠢ ᠬᠦᠷᠭᠡᠵᠦ᠂ ᠠᠵᠢᠯ ᠤᠨ ᠪᠠᠶᠢᠷᠢ ᠶᠢ ᠲᠣᠭᠲᠠᠪᠤᠷᠢᠵᠢᠭᠤᠯᠤᠨ ᠠᠵᠢᠯᠴᠢᠨ ᠢ ᠦᠯᠡᠳᠡᠭᠡᠬᠦ︾ ᠮᠠᠯᠴᠢᠨ ᠲᠠᠷᠢᠶᠠᠴᠢᠨ ᠬᠥᠯᠥᠰᠦᠨ ᠠᠵᠢᠯᠴᠢᠨ ᠢ ᠬᠠᠯᠠᠮᠵᠢᠯᠠᠬᠤ ᠠᠵᠢᠯᠯᠠᠭ᠎ᠠ ᠤᠷᠢᠳ ᠬᠤᠵᠢᠳ ᠥᠪᠥᠷ ᠮᠣᠩᠭᠤᠯ ᠤᠨ ᠬᠤᠪᠢᠰᠬᠠᠯ ᠤᠨ ᠲᠡᠦᠬᠡ ᠶᠢᠨ ᠮᠦᠽᠧᠢ ᠶᠢᠨ ᠪᠠᠷᠢᠯᠭ᠎ᠠ ᠶᠢᠨ ᠭᠠᠵᠠᠷ᠂ ᠵᠢᠦ ᠵᠸᠦ ᠲᠦᠩ ᠡᠮ ᠤᠨ ᠦᠢᠯᠡᠰ ᠤᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ᠂ ᠬᠥᠬᠡᠬᠤᠲᠠ ᠶᠢᠨ ᠾᠧᠩ ᠳ᠋ᠠ ᠰᠣᠶᠣᠯ ᠵᠢᠭᠤᠯᠴᠢᠯᠠᠯ ᠤᠨ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠪᠠᠷᠢᠯᠭ᠎ᠠ ᠶᠢᠨ ᠭᠠᠵᠠᠷ ᠬᠦᠷᠴᠦ᠂ ᠮᠠᠨ ᠤ ᠬᠤᠲᠠ ᠳᠤ ᠦᠯᠡᠳᠡᠨ ᠴᠠᠭᠠᠨ ᠰᠠᠷ᠎ᠠ ᠪᠠᠨ ᠥᠩᠭᠡᠷᠡᠭᠡᠬᠦ 120 ᠮᠠᠯᠴᠢᠨ ᠲᠠᠷᠢᠶᠠᠴᠢᠨ ᠠᠵᠢᠯᠴᠢᠨ ᠢ ᠪᠣᠯᠭᠤᠭᠠᠨ ᠲᠣᠬᠤᠨᠢᠭᠤᠯᠵᠤ᠂ ᠲᠡᠳᠡᠨ ᠳᠤ ︽ᠪᠠᠶᠢᠭ᠎ᠠ ᠭᠠᠵᠠᠷ ᠲᠠᠭᠠᠨ ᠰᠢᠨᠡᠯᠡᠬᠦ ᠪᠡᠯᠡᠭ︾ ᠬᠦᠷᠭᠡᠵᠡᠢ᠃      ᠲᠤᠰ ᠡᠳᠦᠷ ᠲᠤ᠂ 120 ᠬᠤᠪᠢ ︽ᠪᠠᠶᠢᠭ᠎ᠠ ᠭᠠᠵᠠᠷ ᠲᠠᠭᠠᠨ ᠰᠢᠨᠡᠯᠡᠬᠦ ᠪᠡᠯᠡᠭ︾᠂ 100 ᠬᠤᠪᠢ ᠺᠢᠨᠣ᠋ ᠶᠢᠨ ᠪᠢᠯᠧᠲ ᠬᠦᠷᠭᠡᠵᠦ᠂ ᠠᠬᠤᠢ ᠲᠠᠯᠠᠪᠠᠢ ᠳᠤ ᠪᠠᠰᠠ 80 ᠬᠤᠣᠰ ᠤᠶᠠᠩᠭ᠎ᠠ᠂ 150 ᠭᠠᠷ ᠢᠶᠠᠷ ᠪᠢᠴᠢᠭᠰᠡᠨ ︽ᠪᠤᠶᠠᠨ︾ ᠦᠰᠦᠭ ᠬᠦᠷᠭᠡᠵᠡᠢ᠃ ᠰᠤᠷᠪᠤᠯᠵᠢᠯᠠᠭᠴᠢ ᠯᠢᠦᠢ ᠬᠤᠢ ᠱᠧᠩ ᠰᠡᠭᠦᠳᠡᠷᠯᠡᠪᠡ
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号