︽ᠬᠥᠬᠡᠬᠤᠲᠠ ᠶᠢᠨ ᠤᠷᠲᠤ ᠬᠤᠭᠤᠴᠠᠭᠠᠨ ᠤ ᠰᠤᠪᠢᠯᠠᠯᠲᠠ ᠶᠢᠨ ᠳᠠᠭᠠᠳᠬᠠᠯ ᠤᠨ ᠳᠦᠷᠢᠮ ᠤᠨ ᠲᠤᠷᠰᠢᠯᠲᠠ ᠶᠢᠨ ᠴᠡᠭ ᠤᠨ ᠬᠡᠷᠡᠭᠵᠢᠭᠦᠯᠬᠦ ᠲᠥᠰᠥᠯ︾ ᠢ ᠳᠠᠷᠤᠮᠠᠯᠯᠠᠨ ᠶᠠᠪᠤᠭᠤᠯᠬᠤ ᠲᠤᠬᠠᠢ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2021/2/8
      ᠬᠥᠬᠡᠬᠤᠲᠠ ᠵᠠᠰᠠᠭ ᠠᠯᠪᠠᠨ ᠲᠠᠷᠬᠠᠭᠠᠭᠰᠠᠨ ﹇2020﹈ 31 ᠳ᠋ᠦ᠋ᠭᠡᠷ ᠲᠣᠭᠠᠲᠤ      2020 ᠣᠨ ᠤ 12 ᠳ᠋ᠤᠭᠠᠷ ᠰᠠᠷ᠎ᠠ ᠶᠢᠨ 31 ᠤ ᠡᠳᠦᠷᠡᠯ᠎ᠡ ᠬᠤᠰᠢᠭᠤ᠂ ᠰᠢᠶᠠᠨ᠂ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠡᠯ᠎ᠡ ᠵᠥᠪᠯᠡᠯ᠂ ᠠᠯᠪᠠᠨ ᠭᠡᠷ᠂ ᠲᠣᠪᠴᠢᠶ᠎ᠠ᠂ ᠡᠯ᠎ᠡ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠡ᠄       ︽ᠬᠥᠬᠡᠬᠤᠲᠠ ᠶᠢᠨ ᠤᠷᠲᠤ ᠬᠤᠭᠤᠴᠠᠭᠠᠨ ᠤ ᠰᠤᠪᠢᠯᠠᠯᠲᠠ ᠶᠢᠨ ᠳᠠᠭᠠᠳᠬᠠᠯ ᠤᠨ ᠳᠦᠷᠢᠮ ᠤᠨ ᠲᠤᠷᠰᠢᠯᠲᠠ ᠶᠢᠨ ᠴᠡᠭ ᠤᠨ ᠬᠡᠷᠡᠭᠵᠢᠭᠦᠯᠬᠦ ᠲᠥᠰᠥᠯ ︾ ᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠵᠦ᠂ ᠡᠲᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠨᠠᠷᠢᠨ ᠬᠢᠨᠠᠮᠠᠭᠠᠢ ᠲᠤᠭᠤᠰᠢᠯᠠᠭᠤᠯᠤᠨ ᠬᠡᠷᠡᠭᠵᠢᠭᠦᠯᠲᠦᠭᠡᠢ᠃               ᠬᠥᠬᠡᠬᠤᠲᠠ ᠶᠢᠨ ᠤᠷᠲᠤ ᠬᠤᠭᠤᠴᠠᠭᠠᠨ ᠤ ᠰᠤᠪᠢᠯᠠᠯᠲᠠ ᠶᠢᠨ ᠳᠠᠭᠠᠳᠬᠠᠯ ᠤᠨ ᠳᠦᠷᠢᠮ ᠤᠨ ᠲᠤᠷᠰᠢᠯᠲᠠ ᠶᠢᠨ ᠴᠡᠭ ᠤᠨ ᠬᠡᠷᠡᠭᠵᠢᠭᠦᠯᠬᠦ ᠲᠥᠰᠥᠯ      ᠤᠷᠲᠤ ᠬᠤᠭᠤᠴᠠᠭᠠᠨ ᠤ ᠰᠤᠪᠢᠯᠠᠯᠲᠠ ᠶᠢᠨ ᠳᠠᠭᠠᠳᠬᠠᠯ ᠤᠨ ᠳᠦᠷᠢᠮ ᠢ ᠰᠦᠪᠡᠭᠴᠢᠯᠡᠨ ᠪᠠᠶᠢᠭᠤᠯᠬᠤ ᠪᠣᠯ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠠᠴᠠ ᠬᠥᠮᠥᠨ ᠠᠮᠠ ᠶᠢᠨ ᠨᠠᠰᠤᠵᠢᠯ ᠢ ᠠᠷᠭᠠᠴᠠᠭᠠᠵᠤ᠂ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮᠵᠢ ᠶᠢ ᠲᠡᠭᠦᠯᠳᠡᠷᠵᠢᠭᠦᠯᠬᠦ ᠶᠢᠨ ᠲᠥᠯᠥᠭᠡ ᠭᠠᠷᠭᠠᠭᠰᠠᠨ ᠨᠢᠭᠡ ᠵᠦᠢᠯ ᠤᠨ ᠴᠢᠬᠤᠯᠠ ᠪᠠᠶᠢᠷᠢᠯᠠᠭᠤᠯᠤᠯᠲᠠ ᠪᠣᠯᠣᠨ᠎ᠠ᠃ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠤᠷᠲᠤ ᠬᠤᠭᠤᠴᠠᠭᠠᠨ ᠤ ᠰᠤᠪᠢᠯᠠᠯᠲᠠ ᠶᠢᠨ ᠳᠠᠭᠠᠳᠬᠠᠯ ᠤᠨ ᠳᠦᠷᠢᠮ ᠤᠨ ᠲᠤᠷᠰᠢᠯᠲᠠ ᠶᠢᠨ ᠴᠡᠭ ᠢ ᠥᠷᠭᠡᠳᠬᠡᠬᠦ ᠲᠤᠬᠠᠢ ᠰᠢᠢᠳᠪᠦᠷᠢᠲᠦ ᠪᠣᠳᠣᠯᠭ᠎ᠠ ᠱᠠᠭᠠᠷᠳᠠᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠤᠰᠠᠳᠠ᠂ ︽ᠤᠷᠲᠤ ᠬᠤᠭᠤᠴᠠᠭᠠᠨ ᠤ ᠰᠤᠪᠢᠯᠠᠯᠲᠠ ᠶᠢᠨ ᠳᠠᠭᠠᠳᠬᠠᠯ ᠤᠨ ᠳᠦᠷᠢᠮ ᠤᠨ ᠲᠤᠷᠰᠢᠯᠲᠠ ᠶᠢᠨ ᠴᠡᠭ ᠢ ᠥᠷᠭᠡᠳᠬᠡᠬᠦ ᠲᠤᠬᠠᠢ ᠤᠯᠤᠰ ᠤᠨ ᠡᠮᠴᠢᠯᠡᠭᠡ ᠶᠢᠨ ᠪᠠᠲᠤᠯᠠᠭ᠎ᠠ ᠶᠢᠨ ᠲᠣᠪᠴᠢᠶ᠎ᠠ᠂ ᠡᠳ᠋ ᠤᠨ ᠵᠠᠰᠠᠭ ᠤᠨ ᠶᠠᠮᠤᠨ ᠤ ᠵᠢᠯᠣᠭᠤᠳᠬᠤ ᠰᠠᠨᠠᠯ︾ ︵ᠡᠮᠴᠢᠯᠡᠭᠡ ᠪᠠᠲᠤᠯᠠᠭ᠎ᠠ ᠲᠠᠷᠬᠠᠭᠠᠭᠰᠠᠨ ﹇2020﹈ 37 ᠳ᠋ᠤᠭᠠᠷ ᠲᠣᠭᠠᠲᠤ︶ ᠢ ᠦᠨᠳᠦᠰᠦᠯᠡᠨ᠂ ᠬᠥᠬᠡᠬᠤᠲᠠ ᠬᠤᠶᠠᠳᠤᠭᠠᠷ ᠪᠦᠯᠦᠭ ᠤᠷᠲᠤ ᠬᠤᠭᠤᠴᠠᠭᠠᠨ ᠤ ᠰᠤᠪᠢᠯᠠᠯᠲᠠ ᠶᠢᠨ ᠳᠠᠭᠠᠳᠬᠠᠯ ᠤᠨ ᠪᠦᠬᠦ ᠤᠯᠤᠰ ᠤᠨ ᠲᠤᠷᠰᠢᠯᠲᠠ ᠶᠢᠨ ᠬᠤᠲᠠ ᠪᠠᠷ ᠵᠥᠪᠰᠢᠶᠡᠷᠡᠭᠳᠡᠵᠦ᠂ ᠬᠠᠮᠢᠶ᠎ᠠ ᠪᠦᠬᠦᠢ ᠲᠤᠷᠰᠢᠯᠲᠠ ᠶᠢᠨ ᠭᠠᠵᠠᠷ ᠣᠷᠣᠨ ᠤ ᠲᠤᠷᠰᠢᠯᠭ᠎ᠠ ᠪᠠ ᠮᠠᠨ ᠤ ᠬᠤᠲᠠ ᠶᠢᠨ ᠪᠣᠳᠠᠲᠠᠢ ᠲᠠᠢ ᠤᠶᠠᠯᠳᠤᠭᠤᠯᠤᠨ᠂ ᠬᠡᠷᠡᠭᠵᠢᠭᠦᠯᠬᠦ ᠲᠥᠰᠥᠯ ᠢ ᠳᠣᠣᠷᠠᠬᠢ ᠮᠡᠲᠦ ᠲᠣᠭᠲᠠᠭᠠᠪᠠ᠄      ᠨᠢᠭᠡ᠂ ᠵᠢᠯᠣᠭᠤᠳᠬᠤ ᠦᠵᠡᠯ ᠰᠠᠨᠠᠭ᠎ᠠ      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠨ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠣᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ᠠᠷᠠᠳ ᠲᠦᠮᠡᠨ ᠤ ᠡᠷᠡᠭᠦᠯ ᠮᠡᠨᠳᠦ ᠪᠠᠷ ᠭᠤᠣᠯ ᠪᠣᠯᠭᠠᠬᠤ ᠶᠢ ᠪᠠᠷᠢᠮᠳᠠᠯᠠᠨ᠂ ᠮᠠᠨ ᠤ ᠤᠯᠤᠰ ᠤᠨ ᠤᠯᠤᠰ ᠤᠨ ᠪᠠᠶᠢᠳᠠᠯ ᠳᠤ ᠵᠣᠬᠢᠴᠠᠭᠰᠠᠨ ᠤᠷᠲᠤ ᠬᠤᠭᠤᠴᠠᠭᠠᠨ ᠤ ᠰᠤᠪᠢᠯᠠᠯᠲᠠ ᠶᠢᠨ ᠳᠠᠭᠠᠳᠬᠠᠯ ᠤᠨ ᠳᠦᠷᠢᠮ ᠢ ᠭᠦᠨᠵᠡᠭᠡᠢ ᠰᠦᠪᠡᠭᠴᠢᠯᠡᠨ ᠪᠠᠶᠢᠭᠤᠯᠵᠤ᠂ ᠨᠡᠩ ᠲᠥᠪ ᠭᠤᠣᠯᠴᠢ ᠨᠡᠩ ᠦᠷᠭᠦᠯᠵᠢᠯᠡᠬᠦᠶᠢᠴᠡ ᠨᠡᠶᠢᠭᠡᠮ ᠤᠨ ᠪᠠᠲᠤᠯᠠᠭ᠎ᠠ ᠶᠢᠨ ᠰᠢᠰᠲ᠋ᠧᠮᠵᠢ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠠᠷᠠᠳ ᠣᠯᠠᠨ ᠲᠦᠮᠡᠨ ᠤ ᠬᠠᠮᠲᠤ ᠪᠠᠷ ᠪᠠᠶᠢᠭᠤᠯᠵᠤ ᠬᠠᠮᠲᠤ ᠪᠠᠷ ᠬᠡᠷᠡᠭᠯᠡᠬᠦ ᠬᠥᠭᠵᠢᠯᠲᠡ ᠳᠤᠮᠳᠠᠬᠢ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠲᠥᠷᠥᠭᠳᠡᠯ ᠢ ᠲᠠᠰᠤᠷᠠᠯᠲᠠ ᠦᠭᠡᠢ ᠨᠡᠮᠡᠭᠳᠡᠭᠦᠯᠦᠨ᠎ᠡ᠃      ᠬᠤᠶᠠᠷ᠂ ᠦᠨᠳᠦᠰᠦᠨ ᠵᠠᠷᠴᠢᠮ      ︵ᠨᠢᠭᠡ︶ ᠬᠥᠮᠥᠨ ᠢᠶᠠᠷ ᠦᠨᠳᠦᠰᠦ ᠪᠣᠯᠭᠠᠵᠤ᠂ ᠴᠢᠳᠠᠪᠤᠷᠢ ᠨᠢ ᠬᠦᠨᠳᠦ ᠠᠯᠳᠠᠭᠳᠠᠭᠰᠠᠨ ᠬᠦᠮᠦᠨ ᠢ ᠤᠷᠲᠤ ᠬᠤᠭᠤᠴᠠᠭ᠎ᠠ ᠪᠠᠷ ᠰᠤᠪᠢᠯᠠᠬᠤ ᠪᠠᠲᠤᠯᠠᠭ᠎ᠠ ᠶᠢᠨ ᠠᠰᠠᠭᠤᠳᠠᠯ ᠢ ᠭᠤᠣᠯᠳᠠᠯᠭ᠎ᠠ ᠲᠠᠢ ᠰᠢᠢᠳᠪᠦᠷᠢᠯᠡᠬᠦ ᠵᠠᠷᠴᠢᠮ ᠢ ᠪᠠᠷᠢᠮᠲᠠᠯᠠᠨ᠎ᠠ᠃      ︵ᠬᠤᠶᠠᠷ︶ ᠲᠤᠰᠠᠭᠠᠷ ᠠᠵᠢᠯᠯᠠᠵᠤ᠂ ᠳᠠᠭᠠᠳᠬᠠᠯ ᠤᠨ ᠲᠤᠰᠠᠭᠠᠷ ᠲᠥᠷᠥᠯ ᠵᠦᠢᠯ ᠢ ᠪᠠᠶᠢᠭᠤᠯᠬᠤ ᠡᠭᠦᠳᠡᠨ ᠠᠴᠠ ᠪᠣᠳᠤᠯᠬᠢᠯᠠᠵᠤ᠂ ᠲᠤᠰᠠᠭᠠᠷ ᠲᠥᠯᠥᠪᠯᠡᠨ ᠲᠤᠰ ᠲᠤᠨᠢ ᠲᠦᠯᠬᠢᠨ ᠠᠬᠢᠭᠤᠯᠬᠤ ᠵᠠᠷᠴᠢᠮ ᠢ ᠪᠠᠷᠢᠮᠲᠠᠯᠠᠨ᠎ᠠ᠃      ︵ᠭᠤᠷᠪᠠ︶ ᠦᠨᠳᠦᠰᠦᠨ ᠵᠦᠢᠯ ᠢ ᠪᠠᠳᠤᠯᠠᠬᠤ ᠶᠢ ᠪᠠᠷᠢᠮᠲᠠᠯᠠᠵᠤ᠂ ᠳᠣᠣᠷ᠎ᠠ ᠲᠦᠪᠰᠢᠨ ᠠᠴᠠ ᠡᠬᠢᠯᠡᠵᠦ᠂ ᠣᠷᠣᠯᠭ᠎ᠠ ᠪᠠᠷ ᠵᠠᠷᠤᠯᠭ᠎ᠠ ᠶᠢ ᠲᠣᠭᠲᠠᠭᠠᠵᠤ ᠂ ᠪᠠᠲᠤᠯᠠᠬᠤ ᠬᠦᠷᠢᠶ᠎ᠡ ᠬᠡᠪᠴᠢᠶ᠎ᠡ ᠪᠠ ᠬᠠᠷᠠᠭᠠᠯᠵᠠᠯ ᠤᠨ ᠪᠠᠷᠢᠮᠵᠢᠶ᠎ᠠ ᠶᠢ  ᠵᠣᠬᠢᠰᠲᠠᠢ ᠲᠣᠭᠲᠠᠭᠠᠨ᠎ᠠ᠃      ︵ᠳᠥᠷᠪᠡ︶ ᠣᠯᠠᠨ ᠲᠠᠯ᠎ᠠ ᠠᠴᠠ ᠪᠡᠯᠡ ᠮᠥᠩᠭᠦ ᠬᠤᠷᠠᠮᠳᠤᠭᠤᠯᠬᠤ᠂ ᠬᠠᠷᠢᠭᠤᠴᠠᠯᠭ᠎ᠠ ᠶᠢ ᠬᠠᠮᠲᠤ ᠪᠠᠷ ᠡᠭᠦᠷᠭᠡᠯᠡᠬᠦ᠂ ᠡᠷᠬᠡ ᠠᠯᠪᠠ ᠶᠢ ᠲᠡᠩᠴᠡᠭᠦᠷᠢᠲᠡᠢ ᠪᠠᠶᠢᠯᠭᠠᠬᠤ ᠵᠠᠷᠴᠢᠮ ᠢ ᠪᠠᠷᠢᠮᠲᠠᠯᠠᠨ᠎ᠠ᠃ ᠣᠯᠠᠨ ᠠᠷᠭ᠎ᠠ ᠵᠠᠮ ᠢᠶᠠᠷ ᠪᠡᠯᠡ ᠮᠥᠩᠭᠦ ᠬᠤᠷᠠᠮᠳᠤᠭᠤᠯᠤᠨ ᠤᠷᠲᠤ ᠬᠤᠭᠤᠴᠠᠭᠠᠨ ᠤ ᠰᠤᠪᠢᠯᠠᠯᠲᠠ ᠶᠢᠨ ᠳᠠᠭᠠᠳᠬᠠᠯ ᠤᠨ ᠰᠠᠭᠤᠷᠢ ᠮᠥᠩᠭᠦ ᠪᠠᠶᠢᠭᠤᠯᠵᠤ᠂ ᠪᠡᠯᠡ ᠮᠥᠩᠭᠦ ᠴᠤᠭᠯᠠᠭᠤᠯᠬᠤ ᠬᠠᠷᠢᠭᠤᠴᠠᠯᠭ᠎ᠠ ᠪᠠ ᠪᠠᠲᠤᠯᠠᠭ᠎ᠠ ᠶᠢᠨ ᠬᠠᠷᠢᠭᠤᠴᠠᠯᠭ᠎ᠠ ᠶᠢ ᠵᠣᠬᠢᠰᠲᠠᠢ ᠬᠤᠪᠢᠶᠠᠨ᠎ᠠ᠃      ︵ᠲᠠᠪᠤ︶ ᠲᠣᠭᠲᠠᠴᠠ ᠳᠤ ᠰᠢᠨ᠎ᠡ ᠶᠢ ᠡᠭᠦᠳᠴᠦ᠂ ᠦᠷᠭᠦᠯᠵᠢᠯᠡᠬᠦᠶᠢᠴᠡ ᠬᠥᠭᠵᠢᠯᠲᠡ ᠲᠠᠢ ᠠᠵᠢᠯᠯᠠᠭᠠᠨ ᠤ ᠲᠣᠭᠲᠠᠴᠠ ᠶᠢ ᠰᠦᠪᠡᠭᠴᠢᠯᠡᠵᠦ᠂ ᠪᠠᠲᠤᠯᠠᠭ᠎ᠠ ᠶᠢᠨ ᠦᠷ᠎ᠡ ᠪᠦᠲᠦᠮᠵᠢ ᠪᠠ ᠭᠠᠷᠳᠠᠨ ᠭᠦᠢᠴᠡᠳᠬᠡᠬᠦ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠦᠨ᠎ᠡ᠃      ︵ᠵᠢᠷᠭᠤᠭ᠎ᠠ︶ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠵᠤ᠂ ᠬᠤᠯᠪᠣᠭᠳᠠᠯ ᠪᠦᠬᠦᠢ ᠨᠡᠶᠢᠭᠡᠮ ᠤᠨ ᠪᠠᠲᠤᠯᠠᠭ᠎ᠠ ᠶᠢᠨ ᠳᠦᠷᠢᠮ ᠵᠢᠴᠢ ᠬᠤᠳᠠᠯᠳᠤᠭᠠᠨ ᠤ ᠳᠠᠭᠠᠳᠬᠠᠯ ᠤᠨ ᠴᠢᠳᠠᠪᠤᠷᠢ ᠲᠠᠢ ᠰᠠᠶᠢᠨ ᠵᠣᠯᠭᠠᠭᠤᠯᠤᠨ᠎ᠠ᠃      ᠭᠤᠷᠪᠠ᠂  ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ      ᠤᠷᠲᠤ ᠬᠤᠭᠤᠴᠠᠭᠠᠨ ᠤ ᠰᠤᠪᠢᠯᠠᠯᠲᠠ ᠶᠢᠨ ᠳᠠᠭᠠᠳᠬᠠᠯ ᠤᠨ ᠳᠦᠷᠢᠮ ᠤᠨ ᠪᠠᠶᠢᠭᠤᠯᠤᠯᠲᠠ ᠶᠢ ᠦᠨᠳᠦᠷ ᠪᠦᠳᠦᠮᠵᠢᠳᠡᠢ ᠲᠦᠯᠬᠢᠨ ᠠᠬᠢᠭᠤᠯᠵᠤ᠂ ᠲᠤᠰ ᠠᠵᠢᠯ ᠢ ᠲᠣᠭᠲᠠᠭᠰᠠᠨ ᠴᠠᠭ ᠲᠠᠭᠠᠨ ᠤᠷᠤᠭᠰᠢᠲᠠᠢ ᠲᠦᠯᠬᠢᠨ ᠠᠬᠢᠭᠤᠯᠬᠤ ᠶᠢ ᠪᠠᠲᠤᠯᠠᠬᠤ ᠶᠢᠨ ᠲᠥᠯᠥᠭᠡ᠂ ᠬᠤᠲᠠ ᠶᠢᠨ ᠵᠠᠰᠠᠭ ᠤᠨ ᠣᠷᠳᠣᠨ ᠠᠴᠠ ᠤᠷᠲᠤ ᠬᠤᠭᠤᠴᠠᠭᠠᠨ ᠤ ᠰᠤᠪᠢᠯᠠᠯᠲᠠ ᠶᠢᠨ ᠳᠠᠭᠠᠳᠬᠠᠯ ᠤᠨ ᠠᠵᠢᠯ ᠤᠨ ᠤᠳᠤᠷᠢᠳᠬᠤ ᠳᠤᠭᠤᠶᠢᠯᠠᠩ ᠪᠠᠶᠢᠭᠤᠯᠬᠤ ᠪᠠᠷ ᠲᠣᠭᠲᠠᠪᠠ᠃ ᠭᠡᠰᠢᠭᠦᠳ ᠨᠢ ᠳᠣᠣᠷᠠᠬᠢ ᠮᠡᠲᠦ       ᠳᠤᠭᠤᠶᠢᠯᠠᠩ ᠤᠨ ᠳᠠᠷᠤᠭ᠎ᠠ᠄ ᠰᠢᠦᠢ ᠷᠦᠢ ᠰᠢᠶᠠ      ᠬᠤᠲᠠ ᠶᠢᠨ ᠳᠡᠳ᠋ ᠳᠠᠷᠤᠭ᠎ᠠ      ᠳᠤᠭᠤᠶᠢᠯᠠᠩ ᠤᠨ ᠳᠡᠳ᠋ ᠳᠠᠷᠤᠭ᠎ᠠ᠄ ᠵᠤᠤ ᠶᠢᠨ ᠸᠧᠨ      ᠬᠤᠲᠠ ᠶᠢᠨ ᠡᠮᠴᠢᠯᠡᠭᠡ ᠶᠢᠨ ᠪᠠᠲᠤᠯᠠᠭ᠎ᠠ ᠶᠢᠨ ᠲᠣᠪᠴᠢᠶ᠎ᠠ ᠶᠢᠨ ᠳᠠᠷᠤᠭ᠎ᠠ            ᠶᠦᠨ ᠸᠧᠨ ᠴᠢᠩ      ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ            ᠹᠠᠨ ᠠᠢ ᠵᠢᠢ      ᠬᠤᠲᠠ ᠶᠢᠨ ᠠᠷᠠᠳ ᠤᠨ ᠶᠠᠪᠤᠳᠠᠯ ᠤᠨ ᠲᠣᠪᠴᠢᠶ᠎ᠠ ᠶᠢᠨ ᠳᠠᠷᠤᠭ᠎ᠠ            ᠢ ᠶᠤᠸᠠᠢ ᠸᠧᠨ      ᠬᠤᠲᠠ ᠶᠢᠨ ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠳᠠᠷᠤᠭ᠎ᠠ            ᠵᠣᠣ ᠶᠢᠩ ᠵᠢᠶᠧ      ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠶᠢᠨ ᠳᠠᠷᠤᠭ᠎ᠠ            ᠭᠤᠤ ᠵᠢᠶᠦ᠋ᠨ ᠬᠤᠩ      ᠬᠤᠲᠠ ᠶᠢᠨ ᠭᠠᠶᠢᠯᠢ ᠶᠢᠨ ᠲᠣᠪᠴᠢᠶ᠎ᠠ ᠶᠢᠨ ᠳᠠᠷᠤᠭ᠎ᠠ            ᠡᠯ᠎ᠡ ᠬᠤᠰᠢᠭᠤ ᠰᠢᠶᠠᠨ ᠲᠣᠭᠤᠷᠢᠭ ᠤᠨ ᠵᠠᠰᠠᠭ ᠤᠨ ᠣᠷᠳᠣᠨ ᠤ ᠬᠤᠪᠢᠳᠠᠨ ᠬᠠᠮᠢᠶᠠᠷᠬᠤ ᠤᠳᠤᠷᠢᠳᠤᠯᠭ᠎ᠠ        ᠤᠳᠤᠷᠢᠳᠬᠤ ᠳᠤᠭᠤᠶᠢᠯᠠᠩ ᠤᠨ ᠳᠣᠣᠷ᠎ᠠ ᠠᠯᠪᠠᠨ ᠭᠡᠷ ᠲᠣᠬᠢᠷᠠᠭᠤᠯᠵᠤ᠂ ᠠᠯᠪᠠᠨ ᠭᠡᠷ ᠢ ᠬᠥᠬᠡᠬᠤᠲᠠ ᠶᠢᠨ ᠡᠮᠴᠢᠯᠡᠭᠡ ᠶᠢᠨ ᠪᠠᠲᠤᠯᠠᠭ᠎ᠠ ᠶᠢᠨ ᠲᠣᠪᠴᠢᠶ᠎ᠠ ᠳᠤ ᠲᠣᠬᠢᠷᠠᠭᠤᠯᠤᠨ᠂ ᠠᠯᠪᠠᠨ ᠭᠡᠷ ᠤᠨ ᠡᠷᠬᠢᠯᠡᠭᠴᠢ ᠶᠢ ᠵᠣᠣ ᠶᠢᠨ ᠸᠧᠨ ᠲᠣᠪᠴᠢᠶᠠᠨ ᠳᠠᠷᠤᠭ᠎ᠠ ᠬᠠᠪᠰᠤᠷᠭᠠᠨ᠎ᠠ᠃ ᠠᠯᠪᠠᠨ ᠭᠡᠷ ᠤᠷᠲᠤ ᠬᠤᠭᠤᠴᠠᠭᠠᠨ ᠤ ᠰᠤᠪᠢᠯᠠᠯᠲᠠ ᠶᠢᠨ ᠳᠠᠭᠠᠳᠬᠠᠯ ᠢ ᠠᠬᠢᠭᠤᠯᠬᠤ ᠡᠳᠦᠷ ᠲᠤᠲᠤᠮ ᠤᠨ ᠠᠵᠢᠯ ᠂ ᠬᠤᠯᠪᠣᠭᠳᠠᠯ ᠪᠦᠬᠦᠢ ᠲᠥᠷᠥ ᠶᠢᠨ ᠪᠣᠳᠣᠯᠭ᠎ᠠ ᠲᠣᠭᠲᠠᠭᠠᠬᠤ᠂ ᠢᠵᠢ ᠠᠷᠭ᠎ᠠ ᠬᠡᠮᠵᠢᠶ᠎ᠡ ᠶᠢ ᠪᠦᠷᠢᠨᠰᠢᠭᠦᠯᠬᠦ᠂ ᠵᠣᠬᠢᠶᠠᠨ ᠪᠠᠶᠢᠭᠤᠯᠬᠤ ᠠᠵᠢᠯ ᠢ ᠪᠡᠯᠡᠳᠬᠡᠬᠦ᠂ ᠲᠥᠰᠥᠯ ᠢ ᠨᠠᠶᠢᠳᠠᠪᠤᠷᠢᠵᠢᠭᠤᠯᠬᠤ ᠶᠢ ᠰᠢᠮᠳᠠᠭᠤᠯᠤᠨ ᠵᠢᠯᠣᠭᠤᠳᠬᠤ ᠵᠡᠷᠭᠡ ᠶᠢ ᠬᠠᠷᠢᠭᠤᠴᠠᠨ᠎ᠠ᠃ ᠴᠢᠬᠤᠯᠠ ᠤᠴᠢᠷ ᠶᠠᠪᠤᠳᠠᠯ ᠢ ᠤᠳᠤᠷᠢᠳᠬᠤ ᠳᠤᠭᠤᠶᠢᠯᠠᠩ ᠳᠤ ᠮᠡᠳᠡᠭᠦᠯᠦᠨ ᠬᠢᠨᠠᠨ ᠵᠥᠪᠯᠡᠨ᠎ᠡ᠃      ᠳᠥᠷᠪᠡ᠂ ᠪᠡᠯᠡ ᠮᠥᠩᠭᠦ ᠬᠤᠷᠠᠮᠳᠤᠭᠤᠯᠬᠤ ᠪᠠᠷᠢᠮᠵᠢᠶ᠎ᠠ ᠪᠠ ᠬᠠᠷᠠᠭᠠᠯᠵᠠᠯ ᠤᠨ ᠪᠠᠲᠤᠯᠠᠭ᠎ᠠ      ︵ᠨᠢᠭᠡ︶ ᠳᠠᠭᠠᠳᠬᠠᠯ ᠳᠤ ᠣᠷᠣᠯᠴᠠᠬᠤ ᠬᠦᠷᠢᠶ᠎ᠡ ᠬᠡᠪᠴᠢᠶ᠎ᠡ᠃ ᠠᠵᠢᠯᠲᠠᠨ ᠠᠵᠢᠯᠴᠢᠨ ᠤ ᠦᠨᠳᠦᠰᠦᠨ ᠡᠮᠴᠢᠯᠡᠭᠡ ᠶᠢᠨ ᠳᠠᠭᠠᠳᠬᠠᠯ ᠪᠠ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠦᠨᠳᠦᠰᠦᠨ ᠡᠮᠴᠢᠯᠡᠭᠡ ᠶᠢᠨ ᠳᠠᠭᠠᠳᠬᠠᠯ ᠳᠤ ᠣᠷᠣᠯᠴᠠᠭᠰᠠᠨ ᠬᠥᠮᠥᠨ ᠢ ᠪᠦᠬᠦᠨ ᠢ ᠳᠠᠭᠠᠳᠬᠠᠯ ᠳᠤ ᠣᠷᠣᠯᠴᠠᠬᠤ ᠬᠦᠷᠢᠶ᠎ᠡ ᠬᠡᠪᠴᠢᠶᠡᠨ ᠳᠤ ᠣᠷᠣᠭᠤᠯᠤᠨ᠎ᠠ᠃      ︵ᠬᠤᠶᠠᠷ︶ ᠪᠡᠯᠡ ᠮᠥᠩᠭᠦ ᠬᠤᠷᠠᠮᠳᠤᠭᠤᠯᠬᠤ ᠠᠷᠭ᠎ᠠ ᠬᠡᠯᠪᠡᠷᠢ᠃ ᠬᠠᠷᠢᠯᠴᠠᠨ ᠬᠠᠪᠰᠤᠷᠴᠤ ᠬᠠᠮᠲᠤ ᠪᠠᠷ ᠲᠡᠮᠵᠢᠬᠦ ᠂ ᠬᠠᠷᠢᠭᠤᠴᠠᠯᠭ᠎ᠠ ᠶᠢ ᠬᠠᠮᠲᠤ ᠪᠠᠷ ᠡᠭᠦᠷᠭᠡᠯᠡᠬᠦ ᠣᠯᠠᠨ ᠠᠷᠭ᠎ᠠ ᠵᠠᠮ ᠢᠶᠠᠷ ᠪᠡᠯᠡ ᠮᠥᠩᠭᠦ ᠬᠤᠷᠠᠮᠳᠤᠭᠤᠯᠬᠤ ᠲᠣᠭᠲᠠᠴᠠ ᠶᠢ ᠪᠠᠶᠢᠭᠤᠯᠤᠨ᠎ᠠ᠃ ᠠᠵᠢᠯᠲᠠᠨ ᠠᠵᠢᠯᠴᠢᠨ ᠤ ᠪᠡᠯᠡ ᠮᠥᠩᠭᠦ ᠶᠢ ᠬᠤᠷᠠᠮᠳᠤᠭᠤᠯᠬᠤ ᠶᠢ ᠪᠠᠶᠢᠭᠤᠯᠭ᠎ᠠ ᠪᠠ ᠬᠤᠪᠢ ᠬᠥᠮᠥᠨ ᠲᠤᠰᠢᠶᠠᠬᠤ ᠪᠠᠷ ᠭᠤᠣᠯ ᠪᠣᠯᠭᠠᠨ᠂ ᠡᠳ᠋ ᠤᠨ ᠵᠠᠰᠠᠭ ᠠᠴᠠ ᠵᠣᠬᠢᠬᠤ ᠬᠡᠮᠵᠢᠶ᠎ᠡ ᠪᠠᠷ ᠨᠥᠬᠦᠪᠦᠷᠢᠯᠡᠵᠦ᠂ ᠨᠡᠶᠢᠭᠡᠮ ᠤᠨ ᠬᠠᠨᠳᠢᠪ ᠢ ᠬᠦᠯᠢᠶᠡᠨ ᠠᠪᠤᠨ᠎ᠠ᠃ ᠪᠠᠶᠢᠭᠤᠯᠭ᠎ᠠ ᠪᠠ ᠬᠤᠪᠢ ᠬᠥᠮᠥᠨ ᠰᠦᠢᠳᠬᠡᠯ ᠲᠤᠰᠢᠶᠠᠬᠤ ᠳᠤ ᠠᠳᠠᠯᠢ ᠬᠠᠷᠢᠴᠠᠯ ᠢᠶᠠᠷ ᠡᠭᠦᠷᠭᠡᠯᠡᠨ᠎ᠡ᠃ ᠡᠬᠢᠯᠡᠯᠲᠡ ᠶᠢᠨ ᠱᠠᠲᠤᠨ ᠳᠤ ᠪᠠᠶᠢᠭᠤᠯᠭ᠎ᠠ ᠠᠴᠠ ᠲᠤᠰᠢᠶᠠᠬᠤ ᠰᠦᠢᠳᠬᠡᠯ ᠢ ᠠᠵᠢᠯᠲᠠᠨ ᠠᠵᠢᠯᠴᠢᠨ ᠤ ᠦᠨᠳᠦᠰᠦᠨ ᠡᠮᠴᠢᠯᠡᠭᠡ ᠶᠢᠨ ᠳᠠᠭᠠᠳᠬᠠᠯ ᠤᠨ ᠰᠦᠢᠳᠬᠡᠯ ᠠᠴᠠ ᠭᠠᠷᠭᠠᠵᠤ᠂ ᠪᠠᠶᠢᠭᠤᠯᠭ᠎ᠠ ᠶᠢᠨ ᠳᠠᠷᠤᠭᠠᠰᠤ ᠶᠢ ᠨᠡᠮᠡᠭᠳᠡᠭᠦᠯᠬᠦ ᠦᠭᠡᠢ︔ ᠬᠤᠪᠢ ᠬᠥᠮᠥᠨ ᠤ ᠲᠤᠰᠢᠶᠠᠬᠤ ᠰᠦᠢᠳᠬᠡᠯ ᠢ ᠠᠵᠢᠯᠲᠠᠨ ᠠᠵᠢᠯᠴᠢᠨ ᠤ ᠦᠨᠳᠦᠰᠦᠨ ᠡᠮᠴᠢᠯᠡᠭᠡ ᠶᠢᠨ ᠳᠠᠭᠠᠳᠬᠠᠯ ᠤᠨ ᠬᠤᠪᠢ ᠬᠥᠮᠥᠨ ᠤ ᠳᠠᠩᠰᠠᠨ ᠠᠴᠠ ᠣᠷᠣᠯᠠᠨ ᠬᠠᠰᠤᠵᠤ ᠣᠷᠣᠯᠠᠨ ᠲᠤᠰᠢᠶᠠᠨ᠎ᠠ᠃ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠪᠡᠯᠡ ᠮᠥᠩᠭᠦ ᠶᠢ ᠬᠤᠷᠠᠮᠳᠤᠭᠤᠯᠬᠤ ᠳᠤ ᠬᠤᠪᠢ ᠬᠥᠮᠥᠨ ᠲᠤᠰᠢᠶᠠᠬᠤ᠂ ᠡᠮᠴᠢᠯᠡᠭᠡ ᠶᠢᠨ ᠪᠠᠲᠤᠯᠠᠭ᠎ᠠ ᠶᠢᠨ ᠰᠦᠢᠳᠬᠡᠯ ᠠᠴᠠ ᠰᠢᠯᠵᠢᠭᠦᠯᠬᠦ ᠪᠠ ᠡᠳ᠋ ᠤᠨ ᠵᠠᠰᠠᠭ ᠠᠴᠠ ᠨᠥᠬᠦᠪᠦᠷᠢᠯᠡᠬᠦ ᠶᠢ ᠤᠶᠠᠯᠳᠤᠭᠤᠯᠬᠤ ᠠᠷᠭ᠎ᠠ ᠶᠢ ᠠᠪᠤᠨ᠎ᠠ᠃ ᠠᠵᠤ ᠠᠬᠤᠢ ᠨᠡᠶᠢᠭᠡᠮ ᠤᠨ ᠬᠥᠭᠵᠢᠯᠲᠡ ᠪᠠ ᠪᠠᠲᠤᠯᠠᠭ᠎ᠠ ᠶᠢᠨ ᠬᠢᠷᠢ ᠲᠦᠪᠰᠢᠨ ᠲᠠᠢ ᠵᠣᠬᠢᠴᠠᠭᠰᠠᠨ ᠪᠡᠯᠡ ᠮᠥᠩᠭᠦ ᠬᠤᠷᠠᠮᠳᠤᠭᠤᠯᠬᠤ ᠶᠢ ᠬᠥᠳᠡᠯᠦᠩᠭᠦᠢ ᠲᠣᠬᠢᠷᠠᠭᠤᠯᠬᠤ ᠲᠣᠭᠲᠠᠴᠠ ᠶᠢ ᠪᠠᠶᠢᠭᠤᠯᠤᠨ᠎ᠠ᠃      ᠲᠤᠷᠰᠢᠯᠲᠠ ᠶᠢᠨ ᠬᠤᠭᠤᠴᠠᠭᠠᠨ ᠳᠠᠬᠢ ᠠᠵᠢᠯᠲᠠᠨ ᠠᠵᠢᠯᠴᠢᠨ ᠤ ᠪᠡᠯᠡ ᠮᠥᠩᠭᠦ ᠶᠢ ᠬᠤᠷᠠᠮᠳᠤᠭᠤᠯᠬᠤ ᠪᠠᠷᠢᠮᠵᠢᠶ᠎ᠠ᠄      1. ᠪᠠᠶᠢᠭᠤᠯᠭ᠎ᠠ ᠠᠴᠠ ᠲᠤᠰᠢᠶᠠᠬᠤ ᠬᠡᠰᠡᠭ ᠢ ᠠᠵᠢᠯᠲᠠᠨ ᠠᠵᠢᠯᠴᠢᠨ ᠤ ᠦᠨᠳᠦᠰᠦᠨ ᠡᠮᠴᠢᠯᠡᠭᠡ ᠶᠢᠨ ᠳᠠᠭᠠᠳᠬᠠᠯ ᠤᠨ ᠪᠠᠶᠢᠭᠤᠯᠭ᠎ᠠ ᠠᠴᠠ ᠲᠤᠰᠢᠶᠠᠬᠤ ᠰᠠᠭᠤᠷᠢ ᠲᠤᠭ᠎ᠠ ᠪᠠᠷ ᠰᠠᠭᠤᠷᠢ ᠲᠤᠭ᠎ᠠ ᠪᠣᠯᠭᠠᠵᠤ᠂ 0.2% ᠤᠨ ᠬᠠᠷᠢᠴᠠᠯ ᠢᠶᠠᠷ ᠪᠠᠶᠢᠭᠤᠯᠭ᠎ᠠ ᠶᠢᠨ ᠲᠤᠰᠢᠶᠠᠬᠤ ᠰᠦᠢᠳᠬᠡᠯ ᠳᠣᠲᠣᠷ᠎ᠠ ᠠᠴᠠ ᠭᠠᠷᠭᠠᠨ᠎ᠠ᠃      2. ᠬᠤᠪᠢ ᠬᠥᠮᠥᠨ ᠤ ᠲᠤᠰᠢᠶᠠᠬᠤ ᠬᠡᠰᠡᠭ ᠢ ᠬᠤᠪᠢ ᠬᠥᠮᠥᠨ ᠤ ᠲᠤᠰᠢᠶᠠᠭᠰᠠᠨ ᠦᠨᠳᠦᠰᠦᠨ ᠡᠮᠴᠢᠯᠡᠭᠡ ᠶᠢᠨ ᠳᠠᠭᠠᠳᠬᠠᠯ ᠤᠨ ᠮᠥᠩᠭᠦ ᠶᠢᠨ ᠰᠠᠭᠤᠷᠢ ᠲᠤᠭ᠎ᠠ ᠪᠠᠷ ᠰᠠᠭᠤᠷᠢ ᠲᠤᠭ᠎ᠠ ᠪᠣᠯᠭᠠᠵᠤ᠂ 0.2% ᠤᠨ ᠬᠠᠷᠢᠴᠠᠯ ᠢᠶᠠᠷ ᠬᠤᠪᠢ ᠬᠥᠮᠥᠨ ᠤ ᠳᠠᠩᠰᠠᠨ ᠠᠴᠠ ᠣᠷᠣᠯᠠᠨ ᠬᠠᠰᠤᠵᠤ ᠣᠷᠣᠯᠠᠨ ᠲᠤᠰᠢᠶᠠᠨ᠎ᠠ᠃      3. ᠠᠵᠢᠯ ᠤᠨ ᠠᠮᠠᠷᠠᠯᠲᠠ ᠪᠠᠨ ᠠᠪᠤᠭᠰᠠᠨ ᠬᠥᠮᠥᠨ ᠤ ᠬᠢ ᠶᠢ ᠨᠠᠰᠤᠵᠢᠯ ᠤᠨ ᠮᠦᠩᠭᠦ ᠶᠢᠨ 0.2% ᠤᠨ ᠬᠠᠷᠢᠴᠠᠯ ᠢᠶᠠᠷ ᠬᠤᠪᠢ ᠬᠥᠮᠥᠨ ᠤ ᠳᠠᠩᠰᠠᠨ ᠳᠠᠬᠢ ᠪᠡᠯᠡ ᠮᠥᠩᠭᠦ ᠠᠴᠠ ᠣᠷᠣᠯᠠᠨ ᠬᠠᠰᠤᠵᠤ ᠣᠷᠣᠯᠠᠨ ᠲᠤᠰᠢᠶᠠᠵᠤ᠂ ᠬᠤᠪᠢ ᠬᠥᠮᠥᠨ ᠤ ᠳᠠᠩᠰᠠᠨ ᠡᠷᠦᠬᠡ ᠦᠭᠡᠢ ᠶᠢ ᠬᠤᠪᠢ ᠬᠥᠮᠥᠨ ᠲᠡᠳᠬᠦᠪᠦᠷᠢ ᠶᠢᠨ ᠮᠥᠩᠭᠦ ᠶᠢᠨ ᠢᠶᠠᠨ 0.2% ᠤᠨ ᠬᠠᠷᠢᠴᠠᠯ ᠢᠶᠠᠷ ᠵᠢᠯ ᠢᠶᠠᠷ ᠲᠤᠰᠢᠶᠠᠨ᠎ᠠ᠃      4. ᠲᠤᠰᠠᠭᠠᠷ ᠪᠠᠶᠢᠭᠤᠯᠤᠭᠰᠠᠨ ᠨᠢᠭᠡᠳᠦᠯᠲᠡᠢ ᠲᠥᠯᠥᠪᠵᠢᠭᠦᠯᠭᠡ ᠳᠤ ᠣᠷᠣᠯᠴᠠᠭᠰᠠᠨ ᠠᠵᠢᠯᠲᠠᠨ ᠠᠵᠢᠯᠴᠢᠨ᠂ ᠬᠤᠪᠢ ᠬᠥᠮᠥᠨ ᠦᠨᠳᠦᠰᠦᠨ ᠡᠮᠴᠢᠯᠡᠭᠡ ᠶᠢᠨ ᠳᠠᠭᠠᠳᠬᠠᠯ ᠤᠨ ᠰᠦᠢᠳᠬᠡᠯ ᠲᠤᠰᠢᠶᠠᠬᠤ ᠰᠠᠭᠤᠷᠢ ᠲᠤᠭ᠎ᠠ ᠶᠢᠨ 0.2% ᠤᠨ ᠬᠠᠷᠢᠴᠠᠯ ᠢᠶᠠᠷ ᠵᠢᠯ ᠢᠶᠠᠷ ᠲᠤᠰᠢᠶᠠᠨ᠎ᠠ᠃      5. ᠬᠤᠲᠠ ᠶᠢᠨ ᠲᠤᠰ ᠱᠠᠲᠤᠨ ᠤ ᠡᠳ᠋ ᠤᠨ ᠵᠠᠰᠠᠭ ᠠᠴᠠ ᠬᠥᠮᠥᠨ ᠪᠦᠷᠢ ᠳᠤ ᠵᠢᠯ ᠪᠦᠷᠢ 10 ᠲᠥᠭᠦᠷᠢᠭ ᠨᠥᠬᠦᠪᠦᠷᠢᠯᠡᠨ᠎ᠡ᠃      6. ᠨᠡᠶᠢᠭᠡᠮ ᠤᠨ ᠬᠠᠨᠳᠢᠪ ᠢ ᠬᠦᠯᠢᠶᠡᠨ ᠠᠪᠤᠨ᠎ᠠ᠃      ᠲᠤᠷᠰᠢᠯᠲᠠ ᠶᠢᠨ ᠬᠤᠭᠤᠴᠠᠭᠠᠨ ᠳᠤ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠪᠡᠯᠡ ᠮᠥᠩᠭᠦ  ᠬᠤᠷᠠᠮᠳᠤᠭᠤᠯᠬᠤ ᠪᠠᠷᠢᠮᠵᠢᠶ᠎ᠠ ᠨᠢ ᠬᠥᠮᠥᠨ ᠪᠦᠷᠢ ᠵᠢᠯ ᠪᠦᠷᠢ 70 ᠲᠥᠭᠦᠷᠢᠭ᠂ ᠡᠭᠦᠨ ᠤ ᠳᠣᠲᠣᠷ᠎ᠠ᠄      1. ᠬᠤᠲᠠ ᠬᠥᠳᠡᠭᠡ ᠶᠢᠨ ᠰᠠᠭᠤᠭᠠᠯᠢ ᠠᠷᠠᠳ ᠬᠤᠪᠢ ᠬᠥᠮᠥᠨ 10 ᠲᠥᠭᠦᠷᠢᠭ ᠲᠤᠰᠢᠶᠠᠨ᠎ᠠ᠃      2. ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠡᠮᠴᠢᠯᠡᠭᠡ ᠶᠢᠨ ᠳᠠᠭᠠᠳᠬᠠᠯ ᠤᠨ ᠮᠥᠩᠭᠦ ᠠᠴᠠ 50 ᠲᠥᠭᠦᠷᠢᠭ ᠭᠠᠷᠭᠠᠨ᠎ᠠ᠃      3. ᠬᠤᠲᠠ ᠶᠢᠨ ᠲᠤᠰ ᠱᠠᠲᠤᠨ ᠤ ᠡᠳ᠋ ᠤᠨ ᠵᠠᠰᠠᠭ ᠠᠴᠠ 10 ᠲᠥᠭᠦᠷᠢᠭ ᠨᠥᠬᠦᠪᠦᠷᠢᠯᠡᠨ᠎ᠡ᠃      4. ᠨᠡᠶᠢᠭᠡᠮ ᠤᠨ ᠬᠠᠨᠳᠢᠪ ᠢ ᠬᠦᠯᠢᠶᠡᠨ ᠠᠪᠤᠨ᠎ᠠ᠃      ︵ᠭᠤᠷᠪᠠ︶ ᠬᠠᠷᠠᠭᠠᠯᠵᠠᠯ ᠤᠨ ᠪᠠᠲᠤᠯᠠᠭ᠎ᠠ      1. ᠲᠥᠯᠥᠬᠦ ᠨᠥᠬᠦᠴᠡᠯ      ᠮᠠᠨ ᠤ ᠬᠤᠲᠠ ᠶᠢᠨ ᠤᠷᠲᠤ ᠬᠤᠭᠤᠴᠠᠭᠠᠨ ᠤ ᠰᠤᠪᠢᠯᠠᠯᠲᠠ ᠶᠢᠨ ᠳᠠᠭᠠᠳᠬᠠᠯ ᠳᠤ ᠣᠷᠣᠯᠴᠠᠭᠰᠠᠨ ᠬᠥᠮᠥᠨ ᠦᠳᠡᠯᠬᠦ᠂ ᠡᠪᠡᠳᠴᠢᠨ ᠡᠮᠭᠡᠭ᠂ ᠭᠡᠮᠲᠦᠵᠦ ᠵᠡᠮᠳᠡᠬᠦ ᠵᠡᠷᠭᠡ ᠠᠴᠠ ᠪᠣᠯᠵᠤ ᠴᠢᠳᠠᠪᠤᠷᠢ ᠪᠠᠨ ᠠᠯᠳᠠᠭᠠᠳ ᠪᠦᠬᠦᠯᠢ 6 ᠰᠠᠷ᠎ᠠ ᠪᠣᠯᠵᠤ᠂ ᠠᠮᠢᠨ ᠳᠠᠭᠠᠨ ᠵᠥᠪ ᠦᠭᠡᠢ᠂ ᠰᠤᠪᠢᠯᠠᠬᠤ ᠴᠢᠬᠤᠯᠠ ᠲᠠᠢ᠂ ᠦᠨᠡᠯᠡᠨ ᠰᠢᠯᠭᠠᠯᠲᠠ ᠪᠠᠷ ᠳᠤᠮᠳᠠ ᠵᠡᠷᠭᠡ᠂ ᠬᠦᠨᠳᠦ ᠵᠡᠷᠭᠡ ᠪᠠᠷ ᠴᠢᠳᠠᠪᠤᠷᠢ ᠪᠠᠨ ᠠᠯᠳᠠᠭᠰᠠᠨ ᠢᠶᠠᠷ ᠲᠣᠭᠲᠠᠭᠠᠭᠳᠠᠭᠰᠠᠨ ᠬᠥᠮᠥᠨ᠃      2. ᠲᠥᠯᠥᠬᠦ ᠬᠦᠷᠢᠶ᠎ᠡ ᠬᠡᠪᠴᠢᠶ᠎ᠡ      ᠤᠷᠲᠤ ᠬᠤᠭᠤᠴᠠᠭᠠᠨ ᠤ ᠰᠤᠪᠢᠯᠠᠯᠲᠠ ᠶᠢᠨ ᠳᠠᠭᠠᠳᠬᠠᠯ ᠤᠨ ᠬᠠᠷᠠᠭᠠᠯᠵᠠᠯ ᠢ ᠬᠦᠷᠲᠡᠬᠦ ᠨᠥᠬᠦᠴᠡᠯ ᠳᠤ ᠨᠡᠶᠢᠴᠡᠬᠦ ᠴᠢᠳᠠᠪᠤᠷᠢ ᠪᠠᠨ ᠠᠯᠳᠠᠭᠰᠠᠨ ᠬᠥᠮᠥᠨ᠂ ᠴᠢᠳᠠᠪᠤᠷᠢ ᠪᠠᠨ ᠠᠯᠳᠠᠭᠰᠠᠨ ᠵᠡᠷᠭᠡ ᠲᠡᠰ ᠤᠨ ᠬᠠᠷᠠᠭᠠᠯᠵᠠᠭᠰᠠᠨ ᠰᠤᠪᠢᠯᠠᠯᠲᠠ ᠶᠢᠨ ᠠᠭᠤᠯᠭ᠎ᠠ ᠶᠢ ᠦᠨᠳᠦᠰᠦᠯᠡᠨ᠂ ᠭᠡᠷ ᠲᠡᠭᠡᠨ ᠪᠤᠶᠤ ᠰᠤᠪᠢᠯᠠᠯᠲᠠ ᠶᠢᠨ ᠦᠢᠯᠡᠴᠢᠯᠡᠭᠡ ᠶᠢᠨ ᠪᠠᠶᠢᠭᠤᠯᠤᠮᠵᠢ ᠠᠴᠠ ᠬᠠᠩᠭᠠᠭᠰᠠᠨ ᠦᠨᠳᠦᠰᠦᠨ ᠠᠮᠢᠳᠤᠷᠠᠯ ᠢ ᠬᠠᠷᠠᠭᠠᠯᠵᠠᠬᠤ ᠦᠢᠯᠡᠴᠢᠯᠡᠭᠡ ᠪᠠ ᠲᠡᠭᠦᠨ ᠲᠠᠢ ᠨᠢᠭᠲᠠ ᠬᠤᠯᠪᠣᠭ᠎ᠠ ᠲᠠᠢ ᠡᠮᠴᠢᠯᠡᠭᠡ ᠶᠢᠨ ᠰᠤᠪᠢᠯᠠᠯᠲᠠ ᠶᠢᠨ ᠦᠢᠯᠡᠴᠢᠯᠡᠭᠡ ᠶᠢ ᠬᠦᠯᠢᠶᠡᠵᠦ᠂ ᠡᠭᠦᠨ ᠠᠴᠠ ᠡᠭᠦᠰᠦᠭᠰᠡᠨ ᠦᠢᠯᠡᠴᠢᠯᠡᠭᠡ ᠶᠢᠨ ᠲᠥᠯᠥᠪᠦᠷᠢ ᠶᠢ ᠤᠷᠲᠤ ᠬᠤᠭᠤᠴᠠᠭᠠᠨ ᠤ ᠰᠤᠪᠢᠯᠠᠯᠲᠠ ᠶᠢᠨ ᠳᠠᠭᠠᠳᠬᠠᠯ ᠤᠨ ᠰᠠᠭᠤᠷᠢ ᠮᠥᠩᠭᠦ ᠠᠴᠠ ᠲᠥᠯᠥᠬᠦ ᠬᠦᠷᠢᠶ᠎ᠡ ᠬᠡᠪᠴᠢᠶᠡᠨ ᠳᠤ ᠣᠷᠣᠭᠤᠯᠤᠨ᠎ᠠ᠃ ᠦᠨᠳᠦᠰᠦᠨ ᠡᠮᠴᠢᠯᠡᠭᠡ ᠶᠢᠨ ᠳᠠᠭᠠᠳᠬᠠᠯ᠂ ᠠᠵᠢᠯ ᠠᠴᠠ ᠪᠣᠯᠣᠭᠰᠠᠨ ᠭᠡᠮᠲᠦᠯ ᠤᠨ ᠳᠠᠭᠠᠳᠬᠠᠯ ᠵᠡᠷᠭᠡ ᠨᠡᠶᠢᠭᠡᠮ ᠤᠨ ᠳᠠᠭᠠᠳᠬᠠᠯ ᠵᠢᠴᠢ ᠭᠤᠷᠪᠠᠳᠠᠭᠢ ᠡᠲᠡᠭᠡᠳ ᠠᠴᠠ ᠬᠠᠤᠯᠢ ᠶᠣᠰᠣᠭᠠᠷ ᠳᠠᠭᠠᠭᠠᠬᠤ ᠰᠤᠪᠢᠯᠠᠯᠲᠠ᠂ ᠡᠷᠡᠭᠦᠯᠵᠢᠬᠦ ᠲᠥᠯᠥᠪᠦᠷᠢ ᠳᠤ ᠬᠠᠷᠢᠶᠠᠯᠠᠭᠳᠠᠬᠤ ᠶᠢ ᠤᠷᠲᠤ ᠬᠤᠭᠤᠴᠠᠭᠠᠨ ᠤ ᠰᠤᠪᠢᠯᠠᠯᠲᠠ ᠶᠢᠨ ᠳᠠᠭᠠᠳᠬᠠᠯ ᠤᠨ ᠰᠠᠭᠤᠷᠢ ᠮᠥᠩᠭᠦ ᠠᠴᠠ ᠲᠥᠯᠥᠬᠦ ᠦᠭᠡᠢ᠃      3. ᠲᠥᠯᠥᠬᠦ ᠪᠠᠷᠢᠮᠵᠢᠶ᠎ᠠ      ᠦᠨᠳᠦᠰᠦᠨ ᠠᠮᠢᠳᠤᠷᠠᠯ ᠢ ᠬᠠᠷᠠᠭᠠᠯᠵᠠᠬᠤ ᠦᠢᠯᠡᠴᠢᠯᠡᠭᠡ ᠶᠢᠨ ᠲᠥᠯᠥᠪᠦᠷᠢ ᠪᠠ ᠲᠡᠭᠦᠨ ᠲᠠᠢ ᠨᠢᠭᠲᠠ ᠬᠤᠯᠪᠣᠭ᠎ᠠ ᠲᠠᠢ ᠡᠮᠴᠢᠯᠡᠭᠡ ᠶᠢᠨ ᠰᠤᠪᠢᠯᠠᠯᠲᠠ ᠶᠢᠨ ᠦᠢᠯᠡᠴᠢᠯᠡᠭᠡ ᠶᠢᠨ ᠲᠥᠯᠥᠪᠦᠷᠢ ᠶᠢ ᠴᠢᠳᠠᠪᠤᠷᠢ ᠪᠠᠨ ᠠᠯᠳᠠᠭᠰᠠᠨ ᠵᠡᠷᠭᠡ ᠲᠡᠰ ᠪᠣᠯᠣᠨ ᠬᠠᠷᠠᠭᠠᠯᠵᠠᠭᠰᠠᠨ ᠰᠤᠪᠢᠯᠠᠯᠲᠠ ᠶᠢᠨ ᠪᠠᠷᠢᠮᠵᠢᠶ᠎ᠠ᠂ ᠦᠢᠯᠡᠴᠢᠯᠡᠭᠡ ᠶᠢᠨ ᠲᠥᠷᠥᠯ ᠵᠦᠢᠯ ᠶᠣᠰᠣᠭᠠᠷ ᠬᠡᠮᠵᠢᠶ᠎ᠡ ᠲᠣᠭᠲᠠᠭᠠᠨ ᠲᠥᠯᠥᠵᠦ᠂ ᠬᠡᠲᠦᠷᠡᠭᠰᠡᠨ ᠬᠡᠰᠡᠭ ᠢ ᠬᠤᠪᠢ ᠬᠥᠮᠥᠨ ᠥᠪᠡᠷ ᠢᠶᠠᠨ ᠡᠭᠦᠷᠭᠡᠯᠡᠨ᠎ᠡ᠃      ︵ᠨᠢᠭᠡ︶ ᠠᠵᠢᠯᠲᠠᠨ ᠠᠵᠢᠯᠴᠢᠨ ᠤ ᠬᠦᠷᠲᠡᠬᠦ ᠬᠠᠷᠠᠭᠠᠯᠵᠠᠯ᠃ᠴᠢᠳᠠᠪᠤᠷᠢ ᠪᠠᠨ ᠠᠯᠳᠠᠭᠰᠠᠨ ᠵᠡᠷᠭᠡ ᠲᠡᠰ   ᠃   ᠪᠠᠶᠢᠭᠤᠯᠤᠮᠵᠢ ᠳᠤ ᠰᠤᠪᠢᠯᠠᠬᠤ ︵ᠲᠥᠭᠦᠷᠢᠭ / ᠰᠠᠷ᠎ᠠ︶  ᠂  ᠭᠡᠷ ᠲᠡᠭᠡᠨ ᠰᠤᠪᠢᠯᠠᠬᠤ ︵ᠲᠥᠭᠦᠷᠢᠭ / ᠰᠠᠷ᠎ᠠ︶ᠳᠤᠮᠳᠠ ᠵᠡᠷᠭᠡ                           900                                          750ᠬᠦᠨᠳᠦ ᠵᠡᠷᠭᠡ ᠶᠢᠨ ᠨᠢᠭᠡᠳᠦᠭᠡᠷ ᠲᠡᠰ         1200                                       1050ᠬᠦᠨᠳᠦ ᠵᠡᠷᠭᠡ ᠶᠢᠨ ᠬᠤᠶᠠᠳᠤᠭᠠᠷ ᠲᠡᠰ        1500                                       1350ᠬᠦᠨᠳᠦ ᠵᠡᠷᠭᠡ ᠶᠢᠨ ᠭᠤᠷᠪᠠᠳᠤᠭᠠᠷ ᠲᠡᠰ       1800                                       1650      ︵ᠬᠤᠶᠠᠷ︶ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠦᠷᠲᠡᠬᠦ ᠬᠠᠷᠠᠭᠠᠯᠵᠠᠯ᠃ᠴᠢᠳᠠᠪᠤᠷᠢ ᠪᠠᠨ ᠠᠯᠳᠠᠭᠰᠠᠨ ᠵᠡᠷᠭᠡ ᠲᠡᠰ   ᠂   ᠬᠠᠷᠠᠭᠠᠯᠵᠠᠯ ᠢ ᠲᠥᠯᠥᠬᠦ ︵ᠲᠥᠭᠦᠷᠢᠭ / ᠰᠠᠷ᠎ᠠ︶ ᠳᠤᠮᠳᠠ ᠵᠡᠷᠭᠡ                           600                                       ᠬᠦᠨᠳᠦ ᠵᠡᠷᠭᠡ ᠶᠢᠨ ᠨᠢᠭᠡᠳᠦᠭᠡᠷ ᠲᠡᠰ         750                                      ᠬᠦᠨᠳᠦ ᠵᠡᠷᠭᠡ ᠶᠢᠨ ᠬᠤᠶᠠᠳᠤᠭᠠᠷ ᠲᠡᠰ        1050                                      ᠬᠦᠨᠳᠦ ᠵᠡᠷᠭᠡ ᠶᠢᠨ ᠭᠤᠷᠪᠠᠳᠤᠭᠠᠷ ᠲᠡᠰ       1350          ᠲᠠᠪᠤ᠂ ᠰᠠᠭᠤᠷᠢ ᠮᠥᠩᠭᠦ ᠶᠢᠨ ᠬᠠᠮᠢᠶᠠᠷᠤᠯᠲᠠ      ᠤᠷᠲᠤ ᠬᠤᠭᠤᠴᠠᠭᠠᠨ ᠤ ᠰᠤᠪᠢᠯᠠᠯᠲᠠ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠬᠠᠮᠢᠶᠠᠷᠤᠯᠲᠠ ᠶᠢ ᠣᠳᠣ ᠶᠢᠨ ᠬᠡᠷᠡᠭᠵᠢᠬᠦᠯᠵᠦ ᠪᠠᠶᠢᠭ᠎ᠠ ᠨᠡᠶᠢᠭᠡᠮ ᠤᠨ ᠳᠠᠭᠠᠳᠬᠠᠯ ᠤᠨ ᠰᠠᠭᠤᠷᠢ ᠮᠥᠩᠭᠦ ᠶᠢᠨ ᠬᠠᠮᠢᠶ᠎ᠠ ᠪᠦᠬᠦᠢ ᠳᠦᠷᠢᠮ ᠲᠣᠭᠲᠠᠭᠠᠯ ᠢ ᠯᠠᠪᠯᠠᠨ ᠬᠡᠷᠡᠭᠵᠢᠭᠦᠯᠦᠨ᠎ᠡ᠃ ᠰᠠᠭᠤᠷᠢ ᠮᠥᠩᠭᠦ ᠳᠤ ᠲᠤᠰᠠᠭᠠᠷ ᠳᠠᠩᠰᠠ ᠪᠠᠶᠢᠭᠤᠯᠤᠨ᠂ ᠲᠤᠰ ᠲᠤᠨᠢ ᠬᠢᠨᠠᠨ ᠪᠣᠳᠣᠨ᠎ᠠ᠃ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠵᠦ᠂ ᠰᠠᠭᠤᠷᠢ ᠮᠥᠩᠭᠦ ᠶᠢᠨ ᠬᠢᠨᠠᠯᠲᠠ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠳᠤ ᠰᠢᠨ᠎ᠡ ᠶᠢ ᠡᠭᠦᠳᠴᠦ᠂ ᠢᠯᠡᠴᠢᠯᠡᠨ ᠮᠡᠳᠡᠭᠦᠯᠬᠦ ᠵᠠᠭᠠᠯᠳᠤᠬᠤ᠂ ᠮᠡᠳᠡᠭᠡ ᠵᠠᠩᠭᠢ ᠶᠢ ᠢᠯᠡᠴᠢᠯᠡᠬᠦ᠂ ᠳᠣᠲᠣᠭᠠᠳᠤ ᠶᠢᠨ ᠡᠵᠡᠮᠳᠡᠯ᠂ ᠬᠠᠭᠤᠷᠴᠤ ᠮᠡᠬᠡᠯᠡᠬᠦ ᠶᠢ ᠰᠡᠷᠭᠡᠶᠢᠯᠡᠬᠦ ᠵᠡᠷᠭᠡ ᠲᠦᠭᠰᠢᠭᠦᠷᠢ ᠶᠢᠨ ᠬᠠᠮᠢᠶᠠᠷᠤᠯᠲᠠ ᠶᠢᠨ ᠳᠦᠷᠢᠮ ᠢ ᠲᠡᠭᠦᠯᠳᠡᠷᠵᠢᠭᠦᠯᠵᠦ᠂ ᠰᠠᠭᠤᠷᠢ ᠮᠥᠩᠭᠦ ᠶᠢᠨ ᠠᠶᠤᠯᠭᠦᠢ ᠶᠢ ᠪᠠᠲᠤᠯᠠᠨ᠎ᠠ᠃      ᠵᠢᠷᠭᠤᠭ᠎ᠠ᠂ ᠦᠢᠯᠡᠴᠢᠯᠡᠭᠡ ᠬᠢᠭᠡᠳ ᠭᠠᠷᠳᠠᠨ ᠭᠦᠢᠴᠡᠳᠬᠡᠬᠦ ᠬᠠᠮᠢᠶᠠᠷᠤᠯᠲᠠ      ︵ᠨᠢᠭᠡ︶ ᠦᠢᠯᠡᠴᠢᠯᠡᠭᠡ ᠶᠢᠨ ᠬᠠᠮᠢᠶᠠᠷᠤᠯᠲᠠ᠃ ᠬᠥᠬᠡᠬᠤᠲᠠ ᠶᠢᠨ ᠡᠮᠴᠢᠯᠡᠭᠡ ᠶᠢᠨ ᠳᠠᠭᠠᠳᠬᠠᠯ ᠤᠨ ᠭᠠᠷᠳᠠᠨ ᠭᠦᠢᠴᠡᠳᠬᠡᠬᠦ ᠪᠠᠶᠢᠭᠤᠯᠤᠮᠵᠢ᠂ ᠰᠠᠭᠤᠷᠢ ᠮᠥᠩᠭᠦ ᠶᠢ ᠬᠠᠷᠭᠤᠭᠤᠯᠤᠨ ᠲᠣᠭᠲᠠᠭᠠᠬᠤ᠂ ᠬᠠᠮᠢᠶᠠᠷᠬᠤ᠂ ᠬᠠᠷᠠᠭᠠᠯᠵᠠᠯ ᠤᠨ ᠲᠥᠯᠥᠪᠦᠷᠢ ᠶᠢ ᠬᠢᠨᠠᠬᠤ ᠶᠢ ᠬᠠᠷᠢᠭᠤᠴᠠᠵᠤ᠂ ᠭᠡᠷ᠎ᠡ ᠲᠣᠭᠲᠠᠭᠰᠠᠨ ᠬᠤᠳᠠᠯᠳᠤᠭᠠᠨ ᠤ ᠳᠠᠭᠠᠳᠬᠠᠯ ᠤᠨ ᠪᠠᠶᠢᠭᠤᠯᠤᠮᠵᠢ ᠪᠣᠯᠣᠨ ᠦᠢᠯᠡᠴᠢᠯᠡᠭᠡ ᠬᠠᠩᠭᠠᠵᠤ ᠪᠠᠶᠢᠭ᠎ᠠ ᠨᠠᠰᠤᠵᠢᠯ ᠤᠨ ᠠᠰᠠᠷᠠᠮᠵᠢ᠂ ᠡᠮᠴᠢᠯᠡᠭᠡ ᠶᠢᠨ ᠪᠠᠶᠢᠭᠤᠯᠤᠮᠵᠢ ᠶᠢ ᠵᠢᠯᠣᠭᠤᠳᠤᠨ ᠤᠷᠲᠤ ᠬᠤᠭᠤᠴᠠᠭᠠᠨ ᠤ ᠰᠤᠪᠢᠯᠠᠯᠲᠠ ᠶᠢᠨ ᠳᠠᠭᠠᠳᠬᠠᠯ ᠤᠨ ᠦᠢᠯᠡᠴᠢᠯᠡᠭᠡ ᠶᠢᠨ ᠠᠵᠢᠯ ᠥᠷᠨᠢᠭᠦᠯᠦᠨ᠎ᠡ᠃      ︵ᠬᠤᠶᠠᠷ︶ ᠭᠠᠷᠳᠠᠨ ᠭᠦᠢᠴᠡᠳᠬᠡᠬᠦ ᠬᠠᠮᠢᠶᠠᠷᠤᠯᠲᠠ᠃ ᠬᠥᠬᠡᠬᠤᠲᠠ ᠶᠢᠨ ᠡᠮᠴᠢᠯᠡᠭᠡ ᠶᠢᠨ ᠳᠠᠭᠠᠳᠬᠠᠯ ᠤᠨ ᠭᠠᠷᠳᠠᠨ ᠭᠦᠢᠴᠡᠳᠬᠡᠬᠦ ᠪᠠᠶᠢᠭᠤᠯᠤᠮᠵᠢ ᠨᠡᠶᠢᠭᠡᠮ ᠤᠨ ᠬᠦᠴᠦᠨ ᠢ ᠲᠠᠲᠠᠨ ᠤᠷᠲᠤ ᠬᠤᠭᠤᠴᠠᠭᠠᠨ ᠤ ᠰᠤᠪᠢᠯᠠᠯᠲᠠ ᠶᠢᠨ ᠳᠠᠭᠠᠳᠬᠠᠯ ᠢ ᠭᠠᠷᠳᠠᠨ ᠭᠦᠢᠴᠡᠳᠬᠡᠬᠦ ᠦᠢᠯᠡᠴᠢᠯᠡᠭᠡ ᠳᠤ ᠣᠷᠣᠯᠴᠠᠭᠤᠯᠵᠤ᠂ ᠭᠠᠷᠳᠠᠨ ᠭᠦᠢᠴᠡᠳᠬᠡᠬᠦ ᠶᠢ ᠦᠢᠯᠡᠴᠢᠯᠡᠭᠡ ᠬᠤᠳᠠᠯᠳᠤᠨ ᠠᠪᠬᠤ ᠬᠡᠯᠪᠡᠷᠢ ᠪᠠᠷ ᠬᠤᠳᠠᠯᠳᠤᠭᠠᠨ ᠤ ᠳᠠᠭᠠᠳᠬᠠᠯ ᠤᠨ ᠪᠠᠶᠢᠭᠤᠯᠤᠮᠵᠢ ᠳᠤ ᠨᠠᠶᠢᠳᠠᠨ ᠬᠠᠮᠢᠶᠠᠷᠤᠭᠤᠯᠤᠨ᠎ᠠ᠃ ᠭᠠᠷᠳᠠᠨ ᠭᠦᠢᠴᠡᠳᠬᠡᠬᠦ ᠦᠢᠯᠡᠴᠢᠯᠡᠭᠡ ᠶᠢᠨ ᠲᠥᠯᠥᠪᠦᠷᠢ ᠶᠢ ᠤᠷᠲᠤ ᠬᠤᠭᠤᠴᠠᠭᠠᠨ ᠤ ᠰᠤᠪᠢᠯᠠᠯᠲᠠ ᠶᠢᠨ ᠳᠠᠭᠠᠳᠬᠠᠯ ᠤᠨ ᠰᠠᠭᠤᠷᠢ ᠮᠥᠩᠭᠦ ᠠᠴᠠ ᠬᠠᠷᠢᠴᠠᠯ ᠶᠣᠰᠣᠭᠠᠷ ᠭᠠᠷᠭᠠᠵᠤ᠂ ᠦᠨᠡᠯᠡᠵᠦ ᠰᠢᠯᠭᠠᠨ ᠲᠣᠭᠲᠠᠭᠠᠬᠤ ᠲᠥᠯᠥᠪᠦᠷᠢ ᠶᠢ ᠭᠤᠶᠤᠴᠢᠯᠠᠭᠴᠢ ᠠᠴᠠ ᠳᠠᠭᠠᠭᠠᠨ᠎ᠠ᠃      ︵ᠭᠤᠷᠪᠠ︶ ᠮᠡᠳᠡᠭᠡ ᠵᠠᠩᠭᠢ ᠶᠢᠨ ᠰᠢᠰᠲ᠋ᠧᠮ ᠤᠨ ᠪᠦᠲᠦᠭᠡᠨ ᠪᠠᠶᠢᠭᠤᠯᠤᠯᠲᠠ᠃ ᠪᠦᠬᠦ ᠤᠯᠤᠰ ᠤᠨ ᠨᠢᠭᠡᠳᠦᠯᠲᠡᠢ ᠡᠮᠴᠢᠯᠡᠭᠡ ᠶᠢᠨ ᠳᠠᠭᠠᠳᠬᠠᠯ ᠤᠨ ᠮᠡᠳᠡᠭᠡ ᠵᠠᠩᠭᠢ ᠶᠢᠨ ᠰᠢᠰᠲ᠋ᠧᠮ ᠳᠤ ᠲᠦᠰᠢᠭᠯᠡᠨ᠂ ᠪᠠᠲᠤᠯᠠᠨ ᠲᠣᠭᠲᠠᠭᠠᠬᠤ ᠦᠨᠡᠯᠡᠨ ᠲᠣᠭᠲᠠᠭᠠᠬᠤ᠂ ᠭᠤᠶᠤᠴᠢᠯᠠᠨ ᠮᠡᠳᠡᠭᠦᠯᠦᠭᠰᠡᠨ ᠢ ᠬᠢᠨᠠᠨ ᠬᠠᠷᠭᠤᠭᠤᠯᠬᠤ᠂ ᠰᠦᠢᠳᠬᠡᠯ ᠢ ᠳ᠋ᠦᠩᠨᠡᠨ ᠪᠣᠳᠣᠬᠤ ᠪᠠ ᠭᠠᠷᠳᠠᠨ ᠭᠦᠢᠴᠡᠳᠬᠡᠬᠦ ᠵᠡᠷᠭᠡ ᠶᠢ ᠨᠢᠭᠡ ᠴᠣᠭᠴᠠᠵᠢᠭᠤᠯᠤᠭᠰᠠᠨ ᠮᠡᠳᠡᠭᠡ ᠵᠠᠩᠭᠢ ᠶᠢᠨ ᠰᠢᠰᠲ᠋ᠧᠮ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠤᠷᠲᠤ ᠬᠤᠭᠤᠴᠠᠭᠠᠨ ᠤ ᠰᠤᠪᠢᠯᠠᠯᠲᠠ ᠶᠢᠨ ᠳᠠᠭᠠᠳᠬᠠᠯ ᠢ ᠰᠦᠯᠵᠢᠶᠡᠨ ᠳᠡᠭᠡᠷ᠎ᠡ ᠭᠤᠶᠤᠴᠢᠯᠠᠬᠤ ᠬᠦᠯᠢᠶᠡᠨ ᠠᠪᠴᠤ ᠰᠢᠢᠳᠪᠦᠷᠢᠯᠡᠬᠦ᠂ ᠦᠢᠯᠡᠴᠢᠯᠡᠭᠡ ᠶᠢ ᠴᠠᠭ ᠲᠤᠬᠠᠢ ᠳᠤᠨᠢ ᠬᠢᠨᠠᠨ ᠡᠵᠡᠮᠳᠡᠬᠦ᠂ ᠰᠦᠢᠳᠬᠡᠯ ᠢ ᠰᠦᠯᠵᠢᠶ᠎ᠡ ᠪᠠᠷ ᠳ᠋ᠦᠩᠨᠡᠨ ᠪᠣᠳᠣᠬᠤ ᠵᠡᠷᠭᠡ ᠠᠵᠢᠯ ᠤᠨ ᠱᠠᠭᠠᠷᠳᠠᠯᠭ᠎ᠠ ᠶᠢ ᠬᠠᠩᠭᠠᠨ᠎ᠠ᠃ ᠡᠯ᠎ᠡ ᠲᠡᠰ ᠤᠨ ᠰᠤᠪᠢᠯᠠᠯᠲᠠ ᠶᠢᠨ ᠦᠢᠯᠡᠴᠢᠯᠡᠭᠡ ᠶᠢᠨ ᠪᠠᠶᠢᠭᠤᠯᠤᠮᠵᠢ ᠮᠡᠳᠡᠭᠡ ᠵᠠᠩᠭᠢ ᠶᠢᠨ ᠬᠠᠮᠢᠶᠠᠷᠤᠯᠲᠠ ᠪᠠ ᠳ᠋ᠦᠩᠨᠡᠨ ᠪᠣᠳᠣᠬᠤ ᠰᠢᠰᠲ᠋ᠧᠮ ᠢ ᠲᠠᠭᠠᠷᠠᠭᠤᠯᠵᠤ᠂ ᠮᠡᠳᠡᠭᠡ ᠵᠠᠩᠭᠢ ᠶᠢ ᠴᠠᠭ ᠲᠤᠬᠠᠢ ᠳᠤᠨᠢ ᠨᠡᠶᠢᠲᠡᠯᠡᠬᠦ ᠪᠠ ᠦᠢᠯᠡᠴᠢᠯᠡᠭᠡ ᠶᠢᠨ ᠡᠲᠡᠭᠡᠳ ᠤᠨ ᠬᠠᠮᠢᠶᠠᠷᠤᠯᠲᠠ ᠶᠢᠨ ᠠᠵᠢᠯ ᠢ ᠰᠠᠶᠢᠨ ᠬᠢᠬᠦ ᠬᠡᠷᠡᠭᠲᠡᠢ᠃      ︵ᠳᠥᠷᠪᠡ︶ ᠬᠢᠨᠠᠯᠲᠠ ᠪᠠᠶᠢᠴᠠᠭᠠᠯᠲᠠ᠃ ᠠᠵᠢᠯᠯᠠᠭᠠᠨ ᠢ ᠵᠠᠳᠠᠯᠬᠤ᠂ ᠡᠳᠦᠷ ᠳᠣᠲᠣᠮ ᠤᠨ ᠲᠣᠭᠤᠷᠢᠨ ᠪᠠᠶᠢᠴᠠᠭᠠᠯᠲᠠ᠂ ᠭᠡᠨᠡᠳᠲᠡ ᠶᠢᠨ ᠪᠠᠶᠢᠴᠠᠭᠠᠯᠲᠠ ᠵᠡᠷᠭᠡ ᠬᠠᠮᠢᠶᠠᠷᠤᠯᠲᠠ ᠶᠢᠨ ᠪᠠᠶᠢᠴᠠᠭᠠᠯᠲᠠ ᠶᠢᠨ ᠲᠣᠭᠲᠠᠴᠠ ᠶᠢ ᠪᠠᠶᠢᠭᠤᠯᠵᠤ᠂ ᠰᠦᠯᠵᠢᠶᠡᠨ ᠤ ᠮᠡᠳᠡᠭᠡ ᠵᠠᠩᠭᠢ ᠶᠢᠨ ᠰᠢᠰᠲ᠋ᠧᠮ᠂ ᠲᠠᠰᠢᠷᠠᠮ ᠢᠶᠠᠷ ᠰᠤᠭᠤᠴᠢᠨ ᠪᠠᠶᠢᠴᠠᠭᠠᠵᠤ ᠰᠤᠷᠪᠤᠯᠵᠢᠯᠠᠬᠤ᠂ ᠬᠠᠨᠤᠮᠵᠢ ᠶᠢᠨ ᠬᠡᠮᠵᠢᠶ᠎ᠡ ᠶᠢ ᠪᠠᠶᠢᠴᠠᠭᠠᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠭᠡᠷ᠎ᠡ ᠲᠣᠭᠲᠠᠭᠰᠠᠨ ᠬᠤᠳᠠᠯᠳᠤᠭᠠᠨ ᠤ ᠳᠠᠭᠠᠳᠬᠠᠯ ᠤᠨ ᠪᠠᠶᠢᠭᠤᠯᠤᠮᠵᠢ ᠶᠢ ᠬᠢᠨᠠᠨ ᠪᠠᠶᠢᠴᠠᠭᠠᠬᠤ ᠪᠠᠨ ᠴᠢᠩᠭᠠᠳᠬᠠᠵᠤ᠂ ᠰᠤᠪᠢᠯᠠᠯᠲᠠ ᠶᠢᠨ ᠦᠢᠯᠡᠴᠢᠯᠡᠭᠡ ᠶᠢᠨ ᠪᠠᠶᠢᠭᠤᠯᠤᠮᠵᠢ ᠶᠢᠨ ᠦᠢᠯᠡᠴᠢᠯᠡᠭᠡ ᠶᠢᠨ ᠪᠠᠶᠢᠳᠠᠯ ᠢ ᠮᠥᠷᠳᠡᠨ ᠬᠠᠮᠢᠶᠠᠷᠬᠤ ᠪᠠ ᠪᠠᠶᠢᠴᠠᠭᠠᠬᠤ ᠪᠠᠨ ᠴᠢᠩᠭᠠᠳᠬᠠᠵᠤ᠂ ᠰᠠᠭᠤᠷᠢ ᠮᠥᠩᠭᠦ ᠶᠢᠨ ᠵᠠᠷᠤᠯᠭ᠎ᠠ ᠵᠦᠢ ᠵᠣᠬᠢᠰᠲᠠᠢ᠂ ᠠᠶᠤᠯᠭᠦᠢ ᠪᠠᠶᠢᠬᠤ ᠶᠢ ᠪᠠᠲᠤᠯᠠᠨ᠂ ᠴᠢᠳᠠᠪᠤᠷᠢ ᠪᠠᠨ ᠠᠯᠳᠠᠭᠰᠠᠳ ᠵᠢᠷᠤᠮᠵᠢᠭᠰᠠᠨ᠂ ᠪᠠᠷᠢᠮᠵᠢᠶᠠᠵᠢᠭᠰᠠᠨ᠂ ᠬᠠᠨᠤᠮᠵᠢᠲᠠᠢ ᠰᠤᠪᠢᠯᠠᠯᠲᠠ ᠶᠢᠨ ᠦᠢᠯᠡᠴᠢᠯᠡᠭᠡ ᠬᠦᠷᠲᠡᠬᠦ ᠶᠢ ᠪᠠᠲᠤᠯᠠᠵᠤ᠂ ᠬᠡᠯᠡᠯᠴᠡᠭᠡᠷ ᠲᠣᠭᠲᠠᠭᠰᠠᠨ ᠬᠤᠳᠠᠯᠳᠤᠭᠠᠨ ᠤ ᠳᠠᠭᠠᠳᠬᠠᠯ ᠤᠨ ᠪᠠᠶᠢᠭᠤᠯᠤᠮᠵᠢ ᠪᠠ ᠰᠤᠪᠢᠯᠠᠯᠲᠠ ᠶᠢᠨ ᠦᠢᠯᠡᠴᠢᠯᠡᠭᠡ ᠶᠢᠨ ᠪᠠᠶᠢᠭᠤᠯᠤᠮᠵᠢ ᠦᠢᠯᠡᠴᠢᠯᠡᠭᠡᠨ ᠤ ᠬᠡᠯᠡᠯᠴᠡᠭᠡᠷ ᠢ ᠵᠥᠷᠢᠴᠡᠭᠰᠡᠨ ᠢ ᠬᠡᠯᠡᠯᠴᠡᠭᠡᠷ ᠲᠤ ᠲᠣᠭᠲᠠᠭᠰᠠᠨ ᠶᠣᠰᠣᠭᠠᠷ ᠰᠢᠢᠳᠪᠦᠷᠢᠯᠡᠵᠦ᠂ ᠵᠠᠷᠯᠢᠭᠳᠠᠨ ᠵᠠᠰᠠᠨ ᠵᠠᠯᠠᠷᠠᠭᠤᠯᠤᠭᠤᠯᠵᠤ᠂ ᠦᠢᠯᠡ ᠪᠠᠶᠢᠳᠠᠯ ᠨᠢ ᠬᠦᠨᠳᠦ ᠨᠣᠴᠢᠲᠠᠢ ᠪᠣᠯ ᠬᠡᠯᠡᠯᠴᠡᠭᠡᠷ ᠢᠶᠠᠨ ᠬᠦᠴᠦᠨ ᠦᠭᠡᠢ ᠪᠣᠯᠭᠠᠬᠤ ᠬᠡᠷᠡᠭᠲᠡᠢ᠃      ︵ᠲᠠᠪᠤ︶ ᠠᠶᠤᠯ ᠲᠦᠭᠰᠢᠭᠦᠷᠢ ᠶᠢ ᠰᠡᠷᠭᠡᠶᠢᠯᠡᠬᠦ ᠲᠣᠭᠲᠠᠴᠠ ᠪᠠ ᠰᠢᠯᠭᠠᠨ ᠦᠨᠡᠯᠡᠵᠦ ᠱᠠᠩᠨᠠᠨ ᠲᠣᠷᠭᠠᠬᠤ ᠲᠣᠭᠲᠠᠴᠠ ᠶᠢ ᠪᠠᠶᠢᠭᠤᠯᠤᠨ᠎ᠠ᠃ ᠭᠡᠷ᠎ᠡ ᠲᠣᠭᠲᠠᠭᠰᠠᠨ ᠬᠤᠳᠠᠯᠳᠤᠭᠠᠨ ᠤ ᠳᠠᠭᠠᠳᠬᠠᠯ ᠤᠨ ᠪᠠᠶᠢᠭᠤᠯᠤᠮᠵᠢ ᠪᠠ ᠡᠯ᠎ᠡ ᠲᠥᠷᠥᠯ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠠᠮᠵᠢᠯᠲᠠ ᠪᠦᠲᠦᠮᠵᠢ ᠶᠢ ᠦᠨᠡᠯᠡᠬᠦ᠂ ᠰᠢᠯᠭᠠᠵᠤ ᠤᠷᠮᠠᠰᠢᠭᠤᠯᠬᠤ᠂ ᠠᠶᠤᠯ ᠲᠦᠭᠰᠢᠭᠦᠷᠢ ᠶᠢ ᠰᠡᠷᠭᠡᠶᠢᠯᠡᠬᠦ ᠲᠣᠭᠲᠠᠴᠠ ᠶᠢ ᠪᠠᠶᠢᠭᠤᠯᠵᠤ᠂ ᠭᠠᠷᠳᠠᠨ ᠭᠦᠢᠴᠡᠳᠬᠡᠬᠦ ᠬᠠᠮᠢᠶᠠᠷᠤᠯᠲᠠ ᠶᠢᠨ ᠦᠢᠯᠡᠴᠢᠯᠡᠭᠡ ᠶᠢᠨ ᠴᠢᠳᠠᠪᠤᠷᠢ ᠪᠠ ᠠᠰᠢᠭᠯᠠᠮᠵᠢ ᠶᠢ ᠳᠡᠭᠡᠭᠰᠢᠯᠡᠭᠦᠯᠦᠨ᠎ᠡ᠃ ᠭᠠᠷᠳᠠᠨ ᠭᠦᠢᠴᠡᠳᠬᠡᠬᠦ ᠳᠦᠷᠢᠮ ᠪᠠ ᠦᠢᠯᠡᠴᠢᠯᠡᠭᠡ ᠶᠢᠨ ᠪᠠᠷᠢᠮᠵᠢᠶ᠎ᠠ ᠶᠢ ᠪᠦᠷᠢᠨᠰᠢᠭᠦᠯᠦᠨ᠂ ᠦᠢᠯᠡᠴᠢᠯᠡᠭᠡ ᠶᠢᠨ ᠳᠠᠷᠠᠭᠠᠯᠠᠯ ᠢ ᠰᠢᠯᠢᠳᠡᠭᠵᠢᠭᠦᠯᠵᠦ᠂ ᠭᠡᠷ᠎ᠡ ᠲᠣᠭᠲᠠᠭᠰᠠᠨ ᠬᠤᠳᠠᠯᠳᠤᠭᠠᠨ ᠤ ᠳᠠᠭᠠᠳᠬᠠᠯ ᠤᠨ ᠪᠠᠶᠢᠭᠤᠯᠤᠮᠵᠢ ᠳᠠᠬᠢ ᠭᠡᠷ᠎ᠡ ᠶᠢᠨ ᠬᠠᠮᠢᠶᠠᠷᠤᠯᠲᠠ ᠪᠠ ᠬᠢᠨᠠᠯᠲᠠ ᠪᠠᠶᠢᠴᠠᠭᠠᠯᠲᠠ ᠶᠢ ᠴᠢᠩᠭᠠᠳᠬᠠᠨ᠎ᠠ᠃ ᠤᠷᠲᠤ ᠬᠤᠭᠤᠴᠠᠭᠠᠨ ᠤ ᠰᠤᠪᠢᠯᠠᠯᠲᠠ ᠶᠢᠨ ᠳᠠᠭᠠᠳᠬᠠᠯ ᠤᠨ ᠭᠠᠷᠳᠠᠨ ᠭᠦᠢᠴᠡᠳᠬᠡᠬᠦ ᠦᠢᠯᠡᠴᠢᠯᠡᠭᠡ ᠶᠢᠨ ᠶᠠᠪᠤᠴᠠ ᠳᠤ ᠲᠣᠳᠣᠷᠠᠭᠰᠠᠨ ᠰᠢᠯᠢᠳᠡᠭ ᠪᠠᠶᠢᠭᠤᠯᠤᠮᠵᠢ᠂ ᠪᠦᠯᠬᠦᠮ ᠨᠡᠶᠢᠲᠡ ᠪᠠ ᠬᠤᠪᠢ ᠬᠥᠮᠥᠨ ᠢ ᠪᠠᠶᠢᠳᠠᠯ ᠢ ᠦᠵᠡᠵᠦ ᠬᠦᠬᠢᠭᠦᠯᠦᠨ ᠰᠠᠶᠢᠰᠢᠶᠠᠵᠤ᠂ ᠭᠠᠷᠳᠠᠨ ᠭᠦᠢᠴᠡᠳᠬᠡᠬᠦ ᠦᠢᠯᠡᠴᠢᠯᠡᠭᠡ ᠶᠢᠨ ᠶᠠᠪᠤᠴᠠ ᠳᠤ  ᠦᠢᠯᠡᠴᠢᠯᠡᠭᠡ ᠶᠢᠨ ᠶᠠᠰᠤ ᠴᠢᠨᠠᠷ ᠮᠠᠭᠤ ᠪᠤᠶᠤ ᠵᠠᠭᠠᠯᠳᠤᠭᠤᠯᠤᠭᠰᠠᠨ ᠪᠠᠶᠢᠭᠤᠯᠤᠮᠵᠢ᠂ ᠪᠦᠯᠬᠦᠮ ᠨᠡᠶᠢᠲᠡ ᠪᠠ ᠬᠤᠪᠢ ᠬᠥᠮᠥᠨ ᠢ ᠭᠡᠷ᠎ᠡ ᠳᠤ ᠲᠣᠭᠲᠠᠭᠰᠠᠨ ᠲᠣᠭᠲᠠᠭᠠᠯ ᠢᠶᠠᠷ ᠰᠢᠢᠳᠪᠦᠷᠢᠯᠡᠨ᠎ᠡ᠃      ᠳᠣᠯᠤᠭ᠎ᠠ᠂ ᠦᠢᠯᠡᠴᠢᠯᠡᠭᠡ ᠶᠢᠨ ᠪᠠᠶᠢᠭᠤᠯᠤᠮᠵᠢ      ᠰᠤᠪᠢᠯᠠᠯᠲᠠ ᠶᠢᠨ ᠦᠢᠯᠡᠴᠢᠯᠡᠭᠡ ᠬᠠᠩᠭᠠᠬᠤ ᠨᠥᠬᠦᠴᠡᠯ ᠢ ᠪᠦᠷᠢᠯᠳᠦᠭᠦᠯᠦᠭᠰᠡᠨ ᠡᠮᠴᠢᠯᠡᠭᠡ ᠶᠢᠨ ᠪᠠᠶᠢᠭᠤᠯᠤᠮᠵᠢ᠂ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ᠂ ᠡᠮᠴᠢᠯᠡᠭᠡ ᠠᠰᠠᠷᠠᠯᠲᠠ ᠶᠢ ᠤᠶᠠᠯᠳᠤᠭᠤᠯᠤᠭᠰᠠᠨ ᠪᠠᠶᠢᠭᠤᠯᠤᠮᠵᠢ᠂ ᠭᠡᠷ ᠪᠦᠯᠢ ᠪᠠ ᠨᠡᠶᠢᠭᠡᠮ ᠲᠣᠭᠤᠷᠢᠭ ᠤᠨ ᠨᠠᠰᠤᠵᠢᠯ ᠤᠨ ᠠᠰᠠᠷᠠᠮᠵᠢ ᠶᠢᠨ ᠶᠡᠷᠦᠩᠬᠡᠶᠢᠯᠡᠭᠰᠡᠨ ᠦᠢᠯᠡᠴᠢᠯᠡᠭᠡᠨ ᠤ ᠲᠥᠪ ᠵᠡᠷᠭᠡ ᠴᠦᠮ ᠲᠣᠭᠲᠠᠭᠰᠠᠨ  ᠴᠡᠭ ᠤᠨ ᠰᠤᠪᠢᠯᠠᠯᠲᠠ ᠶᠢᠨ ᠦᠢᠯᠡᠴᠢᠯᠡᠭᠡ ᠶᠢᠨ ᠪᠠᠶᠢᠭᠤᠯᠤᠮᠵᠢ ᠪᠣᠯᠬᠤ ᠪᠠᠷ ᠭᠤᠶᠤᠴᠢᠯᠠᠵᠤ᠂ ᠤᠷᠲᠤ ᠬᠤᠭᠤᠴᠠᠭᠠᠨ ᠤ ᠰᠤᠪᠢᠯᠠᠯᠲᠠ ᠶᠢᠨ ᠳᠠᠭᠠᠳᠬᠠᠯ ᠤᠨ ᠭᠠᠷᠳᠠᠨ ᠭᠦᠢᠴᠡᠳᠬᠡᠬᠦ ᠪᠠᠶᠢᠭᠤᠯᠤᠮᠵᠢ ᠲᠠᠢ ᠦᠢᠯᠡᠴᠢᠯᠡᠭᠡ ᠶᠢᠨ ᠭᠡᠷ᠎ᠡ ᠲᠣᠭᠲᠠᠵᠤ᠂ ᠭᠡᠷ᠎ᠡ ᠶᠢᠨ ᠬᠠᠮᠢᠶᠠᠷᠤᠯᠲᠠ ᠶᠢ ᠬᠡᠷᠡᠭᠵᠢᠭᠦᠯᠵᠦ ᠪᠣᠯᠣᠨ᠎ᠠ᠃ ᠴᠢᠳᠠᠪᠤᠷᠢ ᠪᠠᠨ ᠠᠯᠳᠠᠭᠰᠠᠳ ᠬᠤᠪᠢ ᠪᠡᠶ᠎ᠡ ᠶᠢᠨ ᠨᠥᠬᠦᠴᠡᠯ ᠱᠠᠭᠠᠷᠳᠠᠯᠭ᠎ᠠ ᠪᠠᠨ ᠦᠨᠳᠦᠰᠦᠯᠡᠨ᠂ ᠰᠤᠪᠢᠯᠠᠯᠲᠠ ᠶᠢᠨ ᠪᠠᠶᠢᠭᠤᠯᠤᠮᠵᠢ ᠶᠢ ᠰᠣᠩᠭᠤᠵᠤ᠂ ᠲᠡᠭᠦᠨ ᠲᠠᠢ ᠦᠢᠯᠡᠴᠢᠯᠡᠭᠡ ᠶᠢᠨ ᠭᠡᠷ᠎ᠡ ᠲᠣᠭᠲᠠᠭᠰᠠᠨ ᠤ ᠳᠠᠷᠠᠭ᠎ᠠ᠂ ᠰᠤᠪᠢᠯᠠᠯᠲᠠ ᠶᠢᠨ ᠦᠢᠯᠡᠴᠢᠯᠡᠭᠡᠨ ᠤ ᠪᠠᠶᠢᠭᠤᠯᠤᠮᠵᠢ ᠠᠴᠠ ᠦᠢᠯᠡᠴᠢᠯᠡᠭᠡ ᠬᠠᠩᠭᠠᠨ᠎ᠠ᠃ ᠪᠠᠶᠢᠭᠤᠯᠤᠮᠵᠢ ᠶᠢ ᠵᠣᠷᠢᠭᠵᠢᠭᠤᠯᠤᠨ ᠦᠢᠯᠡᠴᠢᠯᠡᠭᠡ ᠶᠢ ᠭᠡᠷ ᠪᠦᠯᠢ ᠬᠦᠷᠲᠡᠯ᠎ᠡ ᠰᠤᠩᠭᠠᠵᠤ᠂ ᠤᠷᠲᠤ ᠬᠤᠭᠤᠴᠠᠭ᠎ᠠ ᠪᠠᠷ ᠴᠢᠳᠠᠪᠤᠷᠢ ᠪᠠᠨ ᠠᠯᠳᠠᠭᠰᠠᠨ ᠬᠥᠮᠥᠨ ᠤ ᠭᠡᠷ ᠤᠨ ᠬᠥᠮᠥᠨ᠂ ᠲᠥᠷᠥᠯ ᠰᠠᠳᠤᠨ᠂ ᠠᠶᠢᠯ ᠰᠠᠭᠠᠬᠠᠯᠲᠠ ᠵᠡᠷᠭᠡ ᠠᠴᠠ ᠭᠡᠷ ᠪᠦᠯᠢ ᠶᠢᠨ ᠰᠤᠪᠢᠯᠠᠯᠲᠠ ᠶᠢᠨ ᠦᠢᠯᠡᠴᠢᠯᠡᠭᠡ ᠬᠠᠩᠭᠠᠬᠤ ᠶᠢ ᠳᠡᠮᠵᠢᠨ᠎ᠡ᠃ ᠨᠡᠶᠢᠭᠡᠮ ᠤᠨ ᠦᠢᠯᠡᠴᠢᠯᠡᠭᠡ ᠶᠢᠨ ᠪᠠᠶᠢᠭᠤᠯᠤᠮᠵᠢ ᠶᠢᠨ ᠲᠤᠰᠠᠯᠠᠬᠤ ᠪᠠᠭᠠᠵᠢ ᠬᠡᠷᠡᠭᠰᠡᠯ ᠢ ᠲᠦᠷᠢᠶᠡᠰᠦᠯᠡᠭᠦᠯᠦᠨ ᠬᠠᠩᠭᠠᠬᠤ ᠠᠵᠢᠯ ᠢ ᠢᠳᠡᠪᠬᠢᠲᠡᠢ ᠰᠦᠪᠡᠭᠴᠢᠯᠡᠨ᠎ᠡ᠃      ᠨᠠᠢᠮᠠ᠂ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ      ᠤᠷᠲᠤ ᠬᠤᠭᠤᠴᠠᠭᠠᠨ ᠤ ᠰᠤᠪᠢᠯᠠᠯᠲᠠ ᠶᠢᠨ ᠳᠠᠭᠠᠳᠬᠠᠯ ᠤᠨ ᠳᠦᠷᠢᠮ ᠪᠣᠯ ᠤᠯᠤᠰ ᠠᠴᠠ ᠬᠥᠮᠥᠨ ᠠᠮᠠ ᠶᠢᠨ ᠨᠠᠰᠤᠵᠢᠬᠤ ᠶᠢ ᠠᠷᠭᠠᠴᠠᠭᠠᠵᠤ᠂ ᠮᠠᠨ ᠤ ᠬᠤᠲᠠ ᠶᠢᠨ ᠠᠵᠤ ᠠᠬᠤᠢ ᠨᠡᠶᠢᠭᠡᠮ ᠤᠨ ᠬᠥᠭᠵᠢᠯᠲᠡ ᠶᠢ ᠲᠦᠯᠬᠢᠨ ᠠᠬᠢᠭᠤᠯᠬᠤ ᠴᠢᠬᠤᠯᠠ ᠶᠡᠭᠡ ᠳᠦᠷᠢᠮ ᠤᠨ ᠰᠢᠨᠡᠴᠢᠯᠡᠯᠲᠡ ᠪᠣᠯᠣᠨ᠎ᠠ᠂ ᠡᠨᠡ ᠬᠦ ᠳᠦᠷᠢᠮ ᠢ ᠲᠣᠭᠲᠠᠭᠰᠠᠨ ᠴᠠᠭ ᠲᠤᠨᠢ ᠤᠷᠤᠭᠰᠢᠲᠠᠢ ᠲᠦᠯᠬᠢᠨ ᠠᠬᠢᠭᠤᠯᠬᠤ ᠶᠢ ᠪᠠᠳᠤᠯᠠᠬᠤ ᠶᠢᠨ ᠲᠤᠰᠠᠳᠠ᠂ ᠡᠯ᠎ᠡ ᠭᠡᠰᠢᠭᠦᠨ ᠨᠢᠭᠡᠴᠡ ᠥᠪᠡᠷ ᠥᠪᠡᠷ ᠤᠨ ᠡᠭᠦᠷᠭᠡ ᠬᠠᠷᠢᠭᠤᠴᠠᠯᠭ᠎ᠠ ᠪᠠᠨ ᠦᠨᠳᠦᠰᠦᠯᠡᠨ ᠡᠨᠡ ᠬᠦ ᠠᠵᠢᠯ ᠢ ᠬᠠᠮᠲᠤ ᠪᠠᠷ ᠲᠦᠯᠬᠢᠨ ᠠᠬᠢᠭᠤᠯᠬᠤ ᠬᠡᠷᠡᠭᠲᠡᠢ᠃ ᠬᠤᠲᠠ ᠶᠢᠨ ᠡᠯ᠎ᠡ ᠬᠠᠮᠢᠶ᠎ᠠ ᠪᠦᠬᠦᠢ ᠰᠢᠭᠤᠳ ᠬᠠᠷᠢᠶ᠎ᠠ ᠰᠠᠯᠠᠭ᠎ᠠ ᠮᠥᠴᠢᠷ᠂ ᠡᠯ᠎ᠡ ᠬᠤᠰᠢᠭᠤ ᠰᠢᠶᠠᠨ ᠲᠣᠭᠤᠷᠢᠭ ᠤᠷᠲᠤ ᠬᠤᠭᠤᠴᠠᠭᠠᠨ ᠤ ᠰᠤᠪᠢᠯᠠᠯᠲᠠ ᠶᠢᠨ ᠳᠠᠭᠠᠳᠬᠠᠯ ᠤᠨ ᠠᠵᠢᠯ ᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠲᠥᠷᠥ ᠶᠢᠨ ᠪᠣᠳᠣᠯᠭ᠎ᠠ ᠲᠣᠭᠲᠠᠭᠠᠬᠤ᠂ ᠵᠣᠬᠢᠶᠠᠨ ᠪᠠᠶᠢᠭᠤᠯᠤᠨ ᠬᠡᠷᠡᠭᠵᠢᠭᠦᠯᠬᠦ᠂ ᠪᠠᠶᠢᠭᠤᠯᠤᠮᠵᠢ ᠶᠢᠨ ᠣᠷᠣᠨ ᠲᠤᠭ᠎ᠠ᠂ ᠪᠡᠯᠡ ᠮᠥᠩᠭᠦ ᠶᠢᠨ ᠣᠷᠣᠭᠤᠯᠤᠯᠲᠠ ᠪᠠ ᠬᠥᠮᠥᠨ ᠲᠣᠬᠢᠷᠠᠭᠤᠯᠬᠤ ᠵᠡᠷᠭᠡ ᠲᠠᠯ᠎ᠠ ᠪᠠᠷ ᠢᠳᠡᠪᠬᠢᠲᠡᠢ ᠳᠡᠮᠵᠢᠬᠦ ᠬᠡᠷᠡᠭᠲᠡᠢ᠃ ᠬᠤᠲᠠ ᠶᠢᠨ ᠡᠮᠴᠢᠯᠡᠭᠡ ᠶᠢᠨ ᠪᠠᠲᠤᠯᠠᠭ᠎ᠠ ᠶᠢᠨ ᠰᠠᠯᠠᠭ᠎ᠠ ᠮᠥᠴᠢᠷ ᠬᠡᠷᠡᠭᠵᠢᠭᠦᠯᠬᠦ ᠲᠥᠰᠥᠯ ᠢ ᠤᠯᠠᠮ ᠨᠢᠭᠡ ᠠᠯᠬᠤᠮ ᠨᠠᠷᠢᠯᠢᠭᠵᠢᠭᠤᠯᠤᠨ᠂ ᠬᠤᠯᠪᠣᠭᠳᠠᠯ ᠪᠦᠬᠦᠢ ᠲᠥᠬᠦᠷᠵᠢᠭᠦᠯᠦᠭᠰᠡᠨ ᠬᠡᠷᠡᠭᠵᠢᠭᠦᠯᠬᠦ ᠨᠠᠷᠢᠨ ᠳᠦᠷᠢᠮ ᠪᠣᠯᠣᠨ ᠬᠠᠮᠢᠶᠠᠷᠤᠯᠲᠠ ᠶᠢᠨ ᠠᠷᠭ᠎ᠠ ᠶᠢ ᠲᠣᠭᠲᠠᠭᠠᠵᠤ᠂ ᠤᠷᠲᠤ ᠬᠤᠭᠤᠴᠠᠭᠠᠨ ᠤ ᠰᠤᠪᠢᠯᠠᠯᠲᠠ ᠶᠢᠨ ᠳᠠᠭᠠᠳᠬᠠᠯ ᠤᠨ ᠠᠵᠢᠯ ᠢ ᠲᠣᠯᠣᠭᠠᠶᠢᠯᠠᠨ ᠰᠠᠶᠢᠨ ᠬᠢᠬᠦ ᠬᠡᠷᠡᠭᠲᠡᠢ︔ ᠡᠳ᠋ ᠤᠨ ᠵᠠᠰᠠᠭ ᠤᠨ ᠰᠠᠯᠠᠭ᠎ᠠ ᠮᠥᠴᠢᠷ ᠤᠷᠲᠤ ᠬᠤᠭᠤᠴᠠᠭᠠᠨ ᠤ ᠰᠤᠪᠢᠯᠠᠯᠲᠠ ᠶᠢᠨ ᠳᠠᠭᠠᠳᠬᠠᠯ ᠳᠠᠬᠢ ᠡᠳ᠋ ᠤᠨ ᠵᠠᠰᠠᠭ ᠤᠨ ᠣᠷᠣᠭᠤᠯᠤᠯᠲᠠ ᠪᠠᠨ ᠴᠢᠩᠭᠠᠳᠬᠠᠵᠤ᠂ ᠰᠠᠭᠤᠷᠢ ᠮᠥᠩᠭᠦ ᠶᠢ ᠬᠡᠷᠡᠭᠯᠡᠬᠦ ᠪᠠ ᠬᠢᠨᠠᠯᠲᠠ ᠬᠠᠮᠢᠶᠠᠷᠤᠯᠲᠠ ᠶᠢᠨ ᠠᠵᠢᠯ ᠢ ᠰᠠᠶᠢᠨ ᠬᠢᠵᠦ᠂ ᠤᠷᠲᠤ ᠬᠤᠭᠤᠴᠠᠭᠠᠨ ᠤ ᠰᠤᠪᠢᠯᠠᠯᠲᠠ ᠶᠢᠨ ᠳᠠᠭᠠᠳᠬᠠᠯ ᠤᠨ ᠡᠳ᠋ ᠤᠨ ᠵᠠᠰᠠᠭ ᠤᠨ ᠨᠥᠬᠦᠪᠦᠷᠢ ᠪᠡᠯᠡ ᠮᠥᠩᠭᠦ ᠶᠢ ᠣᠨ ᠤ ᠲᠥᠰᠥᠪ ᠲᠤ ᠣᠷᠣᠭᠤᠯᠤᠨ᠂ ᠤᠷᠲᠤ ᠬᠤᠭᠤᠴᠠᠭᠠᠨ ᠤ ᠰᠤᠪᠢᠯᠠᠯᠲᠠ ᠶᠢᠨ ᠳᠠᠭᠠᠳᠬᠠᠯ ᠤᠨ ᠰᠠᠭᠤᠷᠢ ᠮᠥᠩᠭᠦ ᠶᠢᠨ ᠬᠠᠮᠢᠶᠠᠷᠤᠯᠲᠠ ᠳᠠᠬᠢ ᠡᠳ᠋ ᠤᠨ ᠶᠠᠪᠤᠳᠠᠯ ᠤᠨ ᠵᠠᠷᠤᠳᠠᠯ ᠤᠨ ᠵᠦᠢᠯ ᠪᠠ ᠨᠢᠭᠲᠠᠯᠠᠨ ᠪᠣᠳᠣᠵᠤ ᠲᠣᠭᠠᠴᠠᠭ᠎ᠠ ᠬᠢᠬᠦ ᠠᠷᠭ᠎ᠠ ᠳᠤ ᠲᠣᠭᠲᠠᠭᠠᠯ ᠭᠠᠷᠭᠠᠬᠤ ᠬᠡᠷᠡᠭᠲᠡᠢ︔ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ ᠮᠥᠴᠢᠷ ᠬᠤᠯᠪᠣᠭᠳᠠᠯ ᠪᠦᠬᠦᠢ ᠰᠤᠪᠢᠯᠠᠯᠲᠠ ᠶᠢᠨ ᠦᠢᠯᠡᠴᠢᠯᠡᠭᠡ ᠶᠢᠨ ᠲᠥᠷᠥᠯ ᠵᠦᠢᠯ ᠵᠢᠴᠢ ᠰᠤᠪᠢᠯᠠᠯᠲᠠ ᠶᠢᠨ ᠦᠢᠯᠡᠴᠢᠯᠡᠭᠡ ᠶᠢᠨ ᠪᠠᠷᠢᠮᠵᠢᠶ᠎ᠠ ᠶᠢ ᠬᠠᠮᠵᠢᠯᠴᠠᠨ ᠲᠣᠭᠲᠠᠭᠠᠵᠤ᠂ ᠡᠮᠴᠢᠯᠡᠭᠡ ᠡᠷᠡᠭᠦᠯ ᠬᠠᠮᠠᠭᠠᠯᠠᠯ ᠤᠨ ᠪᠠᠶᠢᠭᠤᠯᠤᠮᠵᠢ ᠶᠢ ᠱᠠᠯᠠᠪᠳᠠᠭᠤᠯᠤᠨ ᠴᠢᠳᠠᠪᠤᠷᠢ ᠪᠠᠨ ᠠᠯᠳᠠᠭᠰᠠᠨ ᠬᠥᠮᠥᠰ ᠲᠤ ᠰᠢᠯᠢᠳᠡᠭ ᠰᠤᠪᠢᠯᠠᠯᠲᠠ ᠶᠢᠨ ᠦᠢᠯᠡᠴᠢᠯᠡᠭᠡ ᠬᠠᠩᠭᠠᠬᠤ ᠬᠡᠷᠡᠭᠲᠡᠢ︔ ᠠᠷᠠᠳ ᠤᠨ ᠶᠠᠪᠤᠳᠠᠯ ᠤᠨ ᠰᠠᠯᠠᠭ᠎ᠠ ᠮᠥᠴᠢᠷ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠶᠢᠨ ᠪᠠᠶᠢᠭᠤᠯᠤᠮᠵᠢ ᠶᠢᠨ ᠠᠵᠢᠯ ᠲᠥᠷᠥᠯ ᠤᠨ ᠬᠠᠮᠢᠶᠠᠷᠤᠯᠲᠠ ᠶᠢ ᠰᠠᠶᠢᠨ ᠬᠢᠵᠦ᠂ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠶᠢᠨ ᠡᠬᠢ ᠪᠠᠶᠠᠯᠢᠭ ᠢ ᠨᠢᠭᠡᠳᠦᠯᠲᠡᠢ ᠲᠥᠯᠥᠪᠵᠢᠭᠦᠯᠦᠨ ᠲᠣᠬᠢᠷᠠᠭᠤᠯᠵᠤ᠂ ᠤᠷᠲᠤ ᠬᠤᠭᠤᠴᠠᠭᠠᠨ ᠤ ᠰᠤᠪᠢᠯᠠᠯᠲᠠ ᠶᠢᠨ ᠳᠠᠭᠠᠳᠬᠠᠯ ᠢ ᠠᠷᠠᠳ ᠤᠨ ᠶᠠᠪᠤᠳᠠᠯ ᠤᠨ ᠨᠠᠰᠤᠵᠢᠯ ᠤᠨ ᠠᠰᠠᠷᠠᠮᠵᠢ ᠶᠢᠨ ᠦᠢᠯᠡᠴᠢᠯᠡᠭᠡ ᠲᠠᠢ ᠵᠣᠯᠭᠠᠭᠤᠯᠬᠤ ᠠᠵᠢᠯ ᠢ ᠰᠠᠶᠢᠨ ᠬᠢᠬᠦ ᠬᠡᠷᠡᠭᠲᠡᠢ︔ᠬᠥᠮᠥᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠠᠵᠢᠯ ᠣᠯᠭᠤᠵᠤ ᠦᠢᠯᠡᠰ ᠪᠣᠰᠬᠠᠬᠤ ᠶᠢ ᠳᠡᠮᠵᠢᠬᠦ ᠲᠥᠷᠥ ᠶᠢᠨ ᠪᠣᠳᠣᠯᠭ᠎ᠠ ᠪᠠ ᠪᠡᠯᠡ ᠮᠥᠩᠭᠦ ᠶᠢ ᠠᠰᠢᠭᠯᠠᠨ᠂ ᠡᠯ᠎ᠡ ᠲᠥᠷᠥᠯ ᠤᠨ ᠬᠥᠮᠥᠰ ᠤᠨ ᠤᠷᠲᠤ ᠬᠤᠭᠤᠴᠠᠭᠠᠨ ᠤ ᠰᠤᠪᠢᠯᠠᠯᠲᠠ ᠶᠢᠨ ᠦᠢᠯᠡᠴᠢᠯᠡᠭᠡ ᠶᠢᠨ ᠬᠦᠷᠢᠶ᠎ᠡ ᠴᠠᠷᠠᠭ᠎ᠠ ᠳᠤ ᠠᠵᠢᠯ ᠣᠯᠵᠤ ᠦᠢᠯᠡᠰ ᠪᠣᠰᠬᠠᠬᠤ ᠶᠢ ᠵᠣᠷᠢᠭᠵᠢᠭᠤᠯᠵᠤ᠂ ᠰᠤᠪᠢᠯᠠᠯᠲᠠ ᠶᠢᠨ ᠲᠤᠬᠠᠶᠢᠯᠠᠭᠰᠠᠨ ᠠᠵᠢᠯ ᠢ ᠡᠷᠬᠢᠯᠡᠬᠦ ᠬᠥᠮᠥᠰ ᠲᠤ ᠪᠣᠯᠪᠠᠰᠤᠷᠠᠭᠤᠯᠤᠯ ᠬᠦᠷᠲᠡᠭᠡᠬᠦ ᠠᠵᠢᠯ ᠢ ᠰᠠᠶᠢᠨ ᠬᠢᠬᠦ ᠬᠡᠷᠡᠭᠲᠡᠢ︔ ᠭᠠᠶᠢᠯᠢ ᠶᠢᠨ ᠶᠠᠪᠤᠳᠠᠯ ᠤᠨ ᠰᠠᠯᠠᠭ᠎ᠠ ᠮᠥᠴᠢᠷ ᠰᠠᠭᠤᠷᠢ ᠮᠥᠩᠭᠦ ᠶᠢ ᠬᠤᠷᠢᠶᠠᠨ ᠲᠠᠲᠠᠪᠤᠷᠢᠯᠠᠬᠤ ᠠᠵᠢᠯ ᠢ ᠲᠣᠭᠲᠠᠭᠠᠯ ᠶᠣᠰᠣᠭᠠᠷ ᠰᠠᠶᠢᠨ ᠬᠢᠵᠦ᠂ ᠨᠠᠰᠤᠵᠢᠯ ᠤᠨ ᠠᠰᠠᠷᠠᠮᠵᠢ ᠶᠢᠨ ᠪᠠᠶᠢᠭᠤᠯᠤᠮᠵᠢ᠂ ᠡᠮᠴᠢᠯᠡᠭᠡ ᠠᠰᠠᠷᠠᠯᠲᠠ ᠶᠢ ᠤᠶᠠᠯᠳᠤᠭᠤᠯᠤᠭᠰᠠᠨ ᠦᠢᠯᠡᠴᠢᠯᠡᠭᠡᠨ ᠤ ᠪᠠᠶᠢᠭᠤᠯᠤᠮᠵᠢ᠂ ᠨᠡᠶᠢᠭᠡᠮ ᠲᠣᠭᠤᠷᠢᠭ ᠤᠨ ᠦᠢᠯᠡᠴᠢᠯᠡᠭᠡᠨ ᠤ ᠪᠠᠶᠢᠭᠤᠯᠤᠮᠵᠢ ᠶᠢᠨ ᠪᠣᠳᠠᠲᠤ ᠪᠠᠶᠢᠳᠠᠯ ᠢ ᠦᠨᠳᠦᠰᠦᠯᠡᠨ ᠭᠠᠶᠢᠯᠢ ᠲᠠᠲᠠᠪᠤᠷᠢ ᠶᠢᠨ ᠲᠠᠯ᠎ᠠ ᠶᠢᠨ ᠲᠥᠷᠥ ᠶᠢᠨ ᠪᠣᠳᠣᠯᠭ᠎ᠠ ᠶᠢᠨ ᠳᠡᠮᠵᠢᠯᠭᠡ ᠦᠵᠡᠭᠦᠯᠬᠦ ᠬᠡᠷᠡᠭᠲᠡᠢ︔ ᠡᠯ᠎ᠡ ᠬᠤᠰᠢᠭᠤ ᠰᠢᠶᠠᠨ ᠲᠣᠭᠤᠷᠢᠭ ᠤᠨ ᠵᠠᠰᠠᠭ ᠤᠨ ᠣᠷᠳᠣᠨ ᠤᠷᠲᠤ ᠬᠤᠭᠤᠴᠠᠭᠠᠨ ᠤ ᠰᠤᠪᠢᠯᠠᠯᠲᠠ ᠶᠢᠨ ᠳᠠᠭᠠᠳᠬᠠᠯ ᠤᠨ ᠠᠵᠢᠯ ᠦᠢᠯᠡᠰ ᠢ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠲᠥᠯᠥᠪᠵᠢᠭᠦᠯᠭᠡ ᠳᠤ ᠣᠷᠣᠭᠤᠯᠵᠤ᠂ ᠵᠣᠬᠢᠶᠠᠨ ᠪᠠᠶᠢᠭᠤᠯᠤᠨ ᠬᠡᠷᠡᠭᠵᠢᠭᠦᠯᠬᠦ᠂ ᠲᠠᠯᠠᠪᠤᠷ ᠭᠠᠵᠠᠷ ᠤᠨ ᠲᠥᠯᠥᠪᠵᠢᠭᠦᠯᠭᠡ᠂ ᠪᠡᠯᠡ ᠮᠥᠩᠭᠦ ᠶᠢᠨ ᠣᠷᠣᠭᠤᠯᠤᠯᠲᠠ ᠵᠡᠷᠭᠡ ᠲᠠᠯ᠎ᠠ ᠪᠠᠷ ᠤᠷᠲᠤ ᠬᠤᠭᠤᠴᠠᠭᠠᠨ ᠤ ᠰᠤᠪᠢᠯᠠᠯᠲᠠ ᠶᠢᠨ ᠳᠠᠭᠠᠳᠬᠠᠯ ᠢ ᠢᠳᠡᠪᠬᠢᠲᠡᠢ ᠳᠡᠮᠵᠢᠬᠦ ᠬᠡᠷᠡᠭᠲᠡᠢ᠃      ᠶᠢᠰᠦ᠂ ᠤᠬᠠᠭᠤᠯᠭ᠎ᠠ ᠶᠢᠨ ᠡᠷᠴᠢᠮ ᠢᠶᠠᠨ ᠴᠢᠩᠭᠠᠳᠬᠠᠵᠤ᠂ ᠢᠳᠡᠪᠬᠢᠲᠡᠢ ᠬᠥᠲᠥᠯᠥᠨ ᠵᠢᠯᠣᠭᠤᠳᠤᠨ᠎ᠠ      ᠡᠯ᠎ᠡ ᠭᠡᠰᠢᠭᠦᠨ ᠨᠢᠭᠡᠴᠡ ᠤᠬᠠᠭᠤᠯᠭ᠎ᠠ ᠰᠤᠷᠲᠠᠯᠴᠢᠯᠠᠭ᠎ᠠ ᠪᠠᠨ ᠴᠢᠩᠭᠠᠳᠬᠠᠵᠤ᠂ ᠡᠯ᠎ᠡ ᠵᠦᠢᠯ ᠤᠨ ᠵᠠᠭᠤᠴᠢᠯᠠᠭᠤᠷ᠂ ᠸᠢᠴᠠᠲ ᠤᠨ ᠣᠯᠠᠨ ᠨᠡᠶᠢᠲᠡ ᠶᠢᠨ ᠲᠠᠪᠴᠠᠩ᠂ ᠭᠠᠷ ᠤᠲᠠᠰᠤᠨ ᠤ APP᠂ ᠨᠡᠶᠢᠭᠡᠮ ᠲᠣᠭᠤᠷᠢᠭ᠂ ᠰᠠᠭᠤᠭᠠᠯᠢ ᠠᠷᠠᠳ ᠤᠨ ᠵᠥᠪᠯᠡᠯ ᠢ ᠠᠰᠢᠭᠯᠠᠨ᠂ ᠲᠥᠷᠥ ᠶᠢᠨ ᠪᠣᠳᠣᠯᠭ᠎ᠠ ᠶᠢ ᠤᠬᠠᠭᠤᠯᠬᠤ ᠠᠵᠢᠯ ᠢ ᠰᠠᠶᠢᠲᠤᠷ ᠬᠢᠵᠦ᠂ ᠲᠥᠷᠥ ᠶᠢᠨ ᠪᠣᠳᠣᠯᠭ᠎ᠠ ᠶᠢᠨ ᠲᠠᠶᠢᠯᠤᠮᠵᠢ ᠶᠢ ᠦᠨᠡᠨᠬᠦ ᠰᠠᠶᠢᠨ ᠬᠢᠵᠦ᠂ ᠨᠡᠶᠢᠭᠡᠮ ᠤᠨ ᠠᠩᠬᠠᠷᠤᠯ ᠳᠤ ᠴᠠᠭ ᠲᠤᠬᠠᠢ ᠳᠤᠨᠢ ᠬᠠᠷᠢᠭᠤ ᠲᠤᠰᠬᠠᠯ ᠭᠠᠷᠭᠠᠬᠤ ᠬᠡᠷᠡᠭᠲᠡᠢ᠃      ᠠᠷᠪᠠ᠂ ᠲᠤᠰ ᠲᠥᠰᠥᠯ ᠢ 2021 ᠣᠨ ᠤ 1 ᠳ᠋ᠦ᠋ᠭᠡᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ