ᠴᠠᠭᠠᠨ ᠰᠠᠷ᠎ᠠ ᠶᠢᠨ ᠬᠤᠭᠤᠴᠠᠭᠠᠨ ᠳᠤ ᠬᠥᠬᠡᠬᠤᠲᠠ ᠶᠢᠨ ᠬᠡᠰᠡᠭ ᠨᠡᠶᠢᠲᠡ ᠶᠢᠨ ᠮᠠᠰᠢᠨ ᠤ ᠡᠵᠡᠩᠨᠡᠯᠲᠡ ᠶᠢᠨ ᠴᠠᠭ ᠲᠤ ᠲᠣᠬᠢᠷᠠᠭᠤᠯᠤᠯᠲᠠ ᠬᠢᠪᠡ
ᠨᠡᠶᠢᠲᠡᠯᠡᠭᠰᠡᠨ ᠴᠠᠭ᠄
2021/2/9
      ︵ᠰᠤᠷᠪᠤᠯᠵᠢᠯᠠᠭᠴᠢ ᠶᠦᠨ ᠶᠠᠨ ᠹᠠᠩ︶ ᠬᠤᠲᠠ ᠶᠢᠨ ᠨᠡᠶᠢᠲᠡ ᠶᠢᠨ ᠵᠠᠮ ᠬᠠᠷᠢᠯᠴᠠᠭᠠᠨ ᠤ ᠶᠡᠷᠦᠩᠬᠡᠢ ᠺᠣᠮᠫᠠᠨᠢ ᠠᠴᠠ ᠣᠶᠢᠯᠭᠠᠭᠰᠠᠨ ᠢᠶᠠᠷ᠂ ᠡᠨᠡ ᠵᠢᠯ ᠤᠨ ᠴᠠᠭᠠᠨ ᠰᠠᠷ᠎ᠠ ᠶᠢᠨ ᠬᠤᠭᠤᠴᠠᠭᠠᠨ ᠳᠤ᠂ ᠬᠡᠰᠡᠭ ᠨᠡᠶᠢᠲᠡ ᠶᠢᠨ ᠮᠠᠰᠢᠨ ᠡᠵᠡᠩᠨᠡᠯᠲᠡ ᠶᠢᠨ ᠴᠠᠭ ᠲᠠᠭᠠᠨ ᠲᠣᠬᠢᠷᠠᠭᠤᠯᠤᠯᠲᠠ ᠬᠢᠪᠡ᠃      ᠣᠶᠢᠯᠭᠠᠭᠰᠠᠨ ᠢᠶᠠᠷ᠂ ᠴᠠᠭᠠᠨ ᠰᠠᠷ᠎ᠠ ᠶᠢᠨ ᠬᠤᠭᠤᠴᠠᠭᠠᠨ ᠳᠤ᠂ ᠬᠤᠲᠠ ᠬᠥᠳᠡᠭᠡ ᠶᠢᠨ ᠱᠤᠭᠤᠮ ᠤᠨ 44 . 96 . 101 . 103 . 105 . 107 . 108 . 111 . 112 . 113 . 114 . 115 . 116 . 117 . 118 . 119 . 121 . 123 . 124 . 125 . 126 . 127 . 128 . 129 . 130 . 209 . 301 ᠳ᠋ᠦ᠋ᠭᠡᠷ ᠱᠤᠭᠤᠮ ᠴᠠᠭᠠᠨ ᠰᠠᠷ᠎ᠠ ᠶᠢᠨ ᠰᠢᠨ᠎ᠡ ᠶᠢᠨ ᠨᠢᠭᠡᠨ ︵2 ᠳ᠋ᠤᠭᠠᠷ ᠰᠠᠷ᠎ᠠ ᠶᠢᠨ 12 ᠤᠨ ᠡᠳᠦᠷ︶ ᠤ ᠡᠳᠦᠷ ᠨᠢᠭᠡ ᠡᠳᠦᠷ ᠵᠣᠭᠰᠣᠨ᠎ᠠ᠃ ᠵᠡᠭᠦᠨ ᠠᠶᠠᠨᠴᠢᠳ ᠤᠨ ᠲᠡᠷᠭᠡᠨ ᠥᠷᠲᠡᠭᠡᠨ ᠤ ᠰᠥᠨᠢ ᠶᠢᠨ ᠱᠤᠭᠤᠮ 2 ᠳ᠋ᠤᠭᠠᠷ ᠰᠠᠷ᠎ᠠ ᠶᠢᠨ 12 ᠤᠨ ᠡᠳᠦᠷ ᠠᠴᠠ 2 ᠳ᠋ᠤᠭᠠᠷ ᠰᠠᠷ᠎ᠠ ᠶᠢᠨ 17 ᠤ ᠡᠳᠦᠷ ︵ᠰᠢᠨ᠎ᠡ ᠶᠢᠨ ᠨᠢᠭᠡᠨ ᠠᠴᠠ ᠰᠢᠨ᠎ᠡ ᠶᠢᠨ ᠵᠢᠷᠭᠤᠭᠠᠨ︶ ᠪᠣᠯᠲᠠᠯ᠎ᠠ ᠵᠣᠭᠰᠣᠨ᠎ᠠ᠃      ᠪᠤᠰᠤᠳ ᠵᠠᠮ ᠱᠤᠭᠤᠮ ᠴᠥᠮ ᠣᠳᠣ ᠶᠢᠨ ᠡᠵᠡᠩᠨᠡᠯᠲᠡ ᠶᠢᠨ ᠴᠠᠭ ᠢᠶᠠᠨ ᠪᠠᠷᠢᠮᠲᠠᠯᠠᠵᠤ ᠡᠩ ᠤᠨ ᠶᠣᠰᠣᠭᠠᠷ ᠠᠵᠢᠯᠯᠠᠵᠤ᠂ ᠲᠣᠬᠢᠷᠠᠭᠤᠯᠤᠯᠲᠠ ᠬᠢᠬᠦ ᠦᠭᠡᠢ᠃      ᠥᠭᠡᠷ᠎ᠡ ᠪᠠᠰᠠ᠂ ᠠᠩᠬᠠᠨ ᠤ ᠲᠡᠷᠭᠡ ᠪᠠ ᠡᠴᠦᠰ ᠤᠨ ᠲᠡᠷᠭᠡ ᠶᠢᠨ ᠬᠥᠳᠡᠯᠬᠦ ᠴᠠᠭ ᠢ ᠪᠠᠲᠤᠯᠠᠭᠰᠠᠨ ᠤᠷᠢᠳᠠᠯ ᠳᠣᠣᠷ᠎ᠠ᠂ ᠬᠤᠲᠠ ᠶᠢᠨ ᠨᠡᠶᠢᠲᠡ ᠶᠢᠨ ᠵᠠᠮ ᠬᠠᠷᠢᠯᠴᠠᠭᠠᠨ ᠤ ᠶᠡᠷᠦᠩᠬᠡᠢ ᠺᠣᠮᠫᠠᠨᠢ ᠠᠴᠠ ᠠᠶᠠᠨᠴᠢᠳ ᠤᠨ ᠪᠣᠳᠠᠲᠤ ᠤᠷᠤᠰᠬᠠᠯ ᠤᠨ ᠪᠠᠶᠢᠳᠠᠯ ᠢ ᠦᠨᠳᠦᠰᠦᠯᠡᠨ᠂ ᠲᠡᠭᠡᠭᠡᠪᠦᠷᠢ ᠶᠢᠨ ᠬᠦᠴᠦᠨ ᠢᠶᠠᠨ ᠠᠮᠢᠳᠤᠯᠢᠭ ᠲᠣᠬᠢᠷᠠᠭᠤᠯᠬᠤ ᠶᠢᠨ ᠬᠠᠮᠲᠤ᠂ ᠪᠠᠴᠢᠮ ᠪᠠᠶᠢᠳᠠᠯ ᠢ ᠠᠷᠭᠠᠴᠠᠭᠠᠬᠤ ᠬᠥᠮᠥᠨ ᠤ ᠬᠦᠴᠦ ᠪᠠ ᠲᠡᠭᠡᠭᠡᠪᠦᠷᠢ ᠶᠢᠨ ᠬᠦᠴᠦᠨ ᠢ ᠲᠣᠬᠢᠷᠠᠭᠤᠯᠵᠤ᠂ ᠬᠤᠲᠠ ᠶᠢᠨ ᠢᠷᠭᠡᠳ ᠤᠨ ᠴᠠᠭᠠᠨ ᠰᠠᠷ᠎ᠠ ᠶᠢᠨ ᠬᠤᠭᠤᠴᠠᠭᠠᠨ ᠤ ᠶᠠᠪᠤᠵᠤ ᠰᠠᠭᠤᠬᠤ ᠳᠤ ᠳᠥᠭᠦᠮ ᠦᠵᠡᠭᠦᠯᠬᠦ ᠪᠣᠯᠣᠨ᠎ᠠ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号