ᠰᠢᠨ᠎ᠡ ᠬᠤᠲᠠ ᠲᠣᠭᠤᠷᠢᠭ ᠡᠯ᠎ᠡ ᠰᠠᠯᠠᠭ᠎ᠠ ᠮᠥᠴᠢᠷ ᠢ ᠵᠣᠬᠢᠶᠠᠨ ᠪᠠᠶᠢᠭᠤᠯᠵᠤ ᠪᠥᠬᠦ ᠤᠯᠤᠰ ᠤᠨ ᠶᠠᠳᠠᠭᠤ  ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠳ᠋ᠦᠩᠨᠡᠯᠲᠡ ᠬᠢᠵᠦ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠢ ᠭᠥᠯᠢᠶᠡᠨ ᠠᠪᠴᠤ ᠦᠵᠡᠪᠡ
ᠨᠡᠶᠢᠲᠡᠯᠡᠭᠰᠡᠨ ᠴᠠᠭ᠄
2021/3/1
     2 ᠳ᠋ᠤᠭᠠᠷ ᠰᠠᠷ᠎ᠠ ᠶᠢᠨ 25 ᠤ ᠦᠳᠡ ᠶᠢᠨ ᠡᠮᠦᠨᠡᠬᠢ 10 ᠴᠠᠭ 30 ᠮᠢᠨᠦ᠋ᠲ ᠲᠤ᠂ ᠪᠥᠬᠦ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠳ᠋ᠦᠩᠨᠡᠯᠲᠡ ᠬᠢᠵᠦ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠪᠡᠭᠡᠵᠢᠩ ᠤᠨ ᠠᠷᠠᠳ ᠤᠨ ᠶᠡᠭᠡ ᠬᠤᠷᠠᠯ ᠤᠨ ᠲᠠᠩᠬᠢᠮ ᠳᠤ ᠶᠠᠪᠤᠭᠳᠠᠪᠠ᠃ ᠨᠠᠮ ᠤᠨ ᠲᠥᠪ ᠬᠤᠷᠢᠶᠠᠨ ᠤ ᠶᠡᠷᠦᠩᠬᠡᠢ ᠱᠦᠵᠢ᠂ ᠤᠯᠤᠰ ᠤᠨ ᠲᠡᠷᠢᠭᠦᠯᠡᠭᠴᠢ᠂ ᠲᠥᠪ ᠤᠨ ᠴᠡᠷᠢᠭ ᠤᠨ ᠶᠠᠪᠤᠳᠠᠯ ᠤᠨ ᠬᠤᠷᠢᠶᠠᠨ  ᠤ ᠲᠡᠷᠢᠭᠦᠯᠡᠭᠴᠢ ᠰᠢ ᠶᠢᠨ ᠫᠢᠩ ᠪᠦᠬᠦ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠵᠢᠱᠢᠶᠡᠴᠢ ᠶᠢᠨ ᠢᠷᠠᠭᠤ ᠠᠯᠳᠠᠷ ᠤᠨ ᠴᠣᠯᠠ ᠬᠦᠷᠳᠡᠭᠰᠡᠳ ᠲᠤ ᠱᠠᠩᠨᠠᠯ ᠣᠯᠭᠤᠭᠰᠠᠨ ᠪᠥᠭᠡᠳ ᠴᠢᠬᠤᠯᠠ ᠶᠠᠷᠢᠶ᠎ᠠ ᠲᠠᠯᠪᠢᠪᠠ᠃ ᠶᠡᠭᠡ ᠬᠤᠷᠠᠯ ᠠᠴᠠ ᠪᠠᠰᠠ ᠪᠦᠬᠦ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠲᠡᠷᠢᠭᠦᠨ ᠤ ᠬᠠᠮᠲᠤ ᠪᠣᠯᠤᠨ ᠲᠡᠷᠢᠭᠦᠨ ᠤ ᠬᠤᠪᠢ ᠬᠥᠮᠦᠨ ᠢ ᠬᠥᠬᠢᠭᠦᠯᠦᠨ ᠰᠠᠶᠢᠰᠢᠶᠠᠪᠠ᠃          ᠰᠢᠨ᠎ᠡ ᠬᠤᠳᠠ ᠲᠣᠭᠤᠷᠢᠭ ᠤᠨ ᠥᠷᠭᠡᠨ ᠤᠯᠠᠨ ᠺᠠᠳ᠋ᠷ ᠤᠯᠠᠨ ᠲᠦᠮᠡᠨ ᠷᠠᠳᠢᠣ᠋᠂ ᠲᠧᠯᠸᠢᠰ᠂ ᠰᠦᠯᠵᠢᠶᠡᠨ  ᠤ ᠰᠢᠭᠤᠳ ᠨᠡᠪᠲᠡᠷᠡᠭᠦᠯᠭᠡ ᠵᠡᠷᠭᠡ ᠬᠡᠯᠪᠡᠷᠢ ᠪᠠᠷ ᠶᠡᠭᠡ ᠬᠤᠷᠠᠯ ᠤᠨ ᠪᠣᠳᠠᠲᠤ ᠪᠠᠶᠢᠳᠠᠯ ᠢ ᠬᠦᠯᠢᠶᠡᠨ ᠠᠪᠴᠤ ᠦᠵᠡᠵᠦ ᠂ ᠶᠡᠷᠦᠩᠬᠡᠢ ᠱᠦᠵᠢ ᠰᠢ ᠶᠢᠨ ᠫᠢᠩ ᠤᠨ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠪᠠ᠃ ᠲᠤᠭᠤᠷᠢᠭ ᠤᠨ ᠵᠠᠰᠠᠭ ᠤᠨ ᠣᠷᠳᠣᠨ ᠤ ᠳᠡᠳ᠋ ᠲᠤᠭᠤᠷᠢᠭ ᠤᠨ ᠳᠠᠷᠤᠭ᠎ᠠ ᠪᠠᠢ ᠹᠧᠨ ᠪᠢᠩ ᠬᠦᠯᠢᠶᠡᠨ ᠠᠪᠴᠤ ᠰᠣᠨᠣᠰᠬᠤ ᠠᠵᠢᠯᠯᠠᠭ᠎ᠠ ᠳᠤ ᠣᠷᠣᠯᠴᠠᠪᠠ᠃
     ᠬᠥᠬᠢᠭᠦᠯᠦᠨ ᠰᠠᠶᠢᠰᠢᠶᠠᠬᠤ ᠶᠡᠭᠡ ᠬᠤᠷᠠᠯ ᠳᠡᠭᠡᠷᠡᠬᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠶᠠᠷᠢᠶ᠎ᠠ ᠬᠥᠮᠦᠰ ᠢ ᠵᠣᠷᠢᠭᠵᠢᠭᠤᠯᠵᠤ᠂ ᠡᠷᠡᠯᠬᠡᠭᠯᠡᠨ ᠤᠷᠤᠭᠰᠢᠯᠠᠭᠤᠯᠤᠨ᠎ᠠ᠃ ᠰᠢᠭᠤᠳ ᠨᠡᠪᠲᠡᠷᠡᠭᠦᠯᠭᠡ ᠶᠢ ᠦᠵᠡᠭᠰᠡᠨ  ᠤ ᠳᠠᠷᠠᠭ᠎ᠠ᠂ ᠬᠤᠷᠠᠯ ᠳᠤ ᠣᠷᠣᠯᠴᠠᠭᠰᠠᠨ ᠺᠠᠳ᠋ᠷᠴᠤᠳ᠂ ᠬᠤᠶᠢᠰᠢᠳᠠ ᠶᠢᠨ ᠠᠵᠢᠯ ᠤᠨ ᠳᠤᠮᠳᠠ᠂ ᠦᠯᠢᠭᠡᠷ ᠳᠠᠭᠤᠷᠢᠶᠠᠯ ᠢᠶᠠᠷ ᠬᠡᠪ ᠳᠠᠭᠤᠷᠢᠶᠠᠯ ᠪᠣᠯᠭᠠᠵᠤ᠂ ᠡᠪ ᠬᠠᠮᠲᠤ ᠨᠠᠮ ᠤᠨ ᠭᠡᠰᠢᠭᠦᠨ ᠤ ᠪᠠᠷᠢᠮᠵᠢᠶ᠎ᠠ ᠪᠠᠷ ᠥᠪᠡᠷ ᠢ ᠪᠠᠨ ᠴᠢᠩᠭ᠎ᠠ ᠱᠠᠭᠠᠷᠳᠠᠵᠤ᠂ ᠤᠭ ᠰᠠᠨᠠᠭ᠎ᠠ ᠪᠠᠨ ᠦᠯᠦ ᠮᠠᠷᠲᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ᠂ ᠯᠠᠪᠳᠠᠭᠤᠨ ᠪᠠᠲᠤᠲᠠᠢ ᠠᠵᠢᠯᠯᠠᠵᠤ᠂ ᠴᠢᠨᠡᠭᠡᠯᠢᠭ ᠨᠡᠶᠢᠭᠡᠮ ᠢ ᠪᠦᠬᠦ ᠲᠠᠯ᠎ᠠ ᠪᠠᠷ ᠪᠡᠶᠡᠯᠡᠭᠦᠯᠬᠦ ᠶᠢᠨ ᠲᠥᠯᠥᠭᠡ ᠴᠢᠷᠮᠠᠶᠢᠨ ᠲᠡᠮᠡᠴᠡᠨ᠎ᠡ ᠭᠡᠵᠦ ᠢᠯᠡᠳᠬᠡᠵᠡᠭᠡᠪᠡ᠃
 
ᠢᠷᠡᠯᠲᠡ᠄ ᠰᠢᠨ᠎ᠡ ᠬᠤᠲᠠ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号