ᠶᠦᠨ ᠯᠢᠨ ᠴᠢᠶᠦ᠋ᠩ᠄ 《 ᠬᠤᠶᠠᠷ ᠬᠤᠷᠠᠯ 》 ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠵᠤ᠂ ᠪᠣᠭᠤᠮᠲᠠ ᠰᠢᠪᠲᠤᠯᠬᠤ ᠡᠷᠴᠢ ᠵᠣᠷᠢᠭ ᠢᠶᠠᠷ 《 ᠠᠷᠪᠠᠨ ᠳᠥᠷᠪᠡᠳᠦᠭᠡᠷ ᠲᠠᠪᠤᠨ ᠵᠢᠯ 》 ᠤᠨ ᠡᠯ᠎ᠡ ᠵᠦᠶᠯ ᠤᠨ ᠠᠵᠢᠯ ᠤᠨ ᠰᠠᠶᠢᠨ ᠡᠬᠢᠯᠡᠯᠲᠡ ᠶᠢ ᠠᠬᠢᠭᠤᠯᠬᠤ ᠬᠡᠷᠡᠭᠲᠡᠶ
ᠨᠡᠶᠢᠲᠡᠯᠡᠭᠰᠡᠨ ᠴᠠᠭ᠄
2021/3/1
      2 ᠳ᠋ᠤᠭᠠᠷ ᠰᠠᠷ᠎ᠠ ᠶᠢᠨ 26 ᠤ ᠡᠳᠦᠷ ᠤᠨ ᠦᠳᠡ ᠶᠢᠨ ᠡᠮᠦᠨ᠎ᠡ᠂ ᠴᠢᠩ ᠱᠦᠶ ᠾᠧ ᠰᠢᠶᠠᠨ ᠤ ᠨᠠᠮ ᠤᠨ ᠬᠤᠷᠢᠶ᠎ᠠ ᠶᠢᠨ ᠱᠦᠵᠢ ᠶᠦᠨ ᠯᠢᠨ ᠴᠢᠶᠦ᠋ᠩ ᠪᠥᠬᠦ ᠰᠢᠶᠠᠨ ᠤ ᠺᠠᠳ᠋ᠷᠴᠤᠳ ᠤᠨ ᠶᠡᠭᠡ ᠬᠤᠷᠠᠯ ᠢ ᠡᠷᠭᠢᠯᠡᠨ ᠬᠤᠷᠠᠯᠳᠤᠭᠤᠯᠵᠤ᠂ ᠪᠥᠬᠦ ᠬᠤᠲᠠ ᠶᠢᠨ 《 ᠬᠤᠶᠠᠷ ᠬᠤᠷᠠᠯ 》 ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠬᠤ ᠶᠢᠨ ᠬᠠᠮᠲᠤ 《 ᠬᠤᠶᠠᠷ ᠬᠤᠷᠠᠯ 》 ᠤᠨ ᠵᠣᠷᠢᠭ ᠰᠠᠨᠠᠭ᠎ᠠ ᠪᠠ ᠸᠠᠩ ᠯᠢ ᠰᠢᠶᠠ ᠱᠦᠵᠢ ᠶᠢᠨ 2 ᠳ᠋ᠤᠭᠠᠷ ᠰᠠᠷ᠎ᠠ ᠶᠢᠨ 22 ᠤᠨ ᠡᠳᠦᠷ ᠴᠢᠩ ᠱᠦᠶ ᠾᠧ ᠶᠢᠨ ᠲᠥᠯᠥᠭᠡᠯᠡᠭᠴᠢᠳ ᠤᠨ ᠪᠦᠯᠬᠦᠮ ᠤᠨ ᠳᠤᠭᠤᠶᠢᠯᠠᠩ ᠬᠤᠪᠢᠶᠠᠨ ᠬᠢᠨᠠᠨ ᠶᠠᠷᠢᠯᠴᠠᠬᠤ ᠳᠤ ᠣᠷᠣᠯᠴᠠᠬᠤ ᠦᠶ᠎ᠡ ᠶᠢᠨ ᠶᠠᠷᠢᠶᠠᠨ ᠤ ᠵᠣᠷᠢᠭ ᠰᠠᠨᠠᠭ᠎ᠠ ᠶᠢ ᠬᠢᠨᠠᠮᠠᠭᠠᠶ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠤᠬᠠᠶ ᠪᠣᠳᠠᠲᠠᠶ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠠ᠃ ᠶᠦᠨ ᠯᠢᠨ ᠴᠢᠶᠦ᠋ᠩ ᠶᠠᠷᠢᠶᠠᠨ ᠳᠠᠭᠠᠨ ᠴᠢᠬᠤᠯᠠᠴᠢᠯᠠᠭᠰᠠᠨ ᠨᠢ᠂ ᠪᠥᠬᠦ ᠰᠢᠶᠠᠨ ᠤ ᠨᠠᠮ ᠤᠨ ᠭᠡᠰᠢᠭᠦᠨ ᠺᠠᠳ᠋ᠷᠴᠤᠳ 《 ᠬᠤᠶᠠᠷ ᠬᠤᠷᠠᠯ 》 ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠵᠤ᠂ ᠪᠣᠭᠤᠮᠲᠠ ᠰᠢᠪᠲᠤᠯᠬᠤ ᠡᠷᠴᠢ ᠵᠣᠷᠢᠭ  ᠢᠶᠠᠷ᠂ ᠪᠣᠳᠠᠲᠠᠶ ᠠᠵᠢᠯᠯᠠᠵᠤ ᠬᠠᠷᠢᠭᠤᠴᠠᠯᠭ᠎ᠠ ᠡᠭᠦᠷᠭᠡᠯᠡᠬᠦ ᠵᠢᠳᠬᠦᠯ ᠴᠢᠷᠮᠠᠶᠢᠯᠭ᠎ᠠ ᠪᠠᠷ ᠴᠢᠩ ᠱᠦᠶ ᠾᠧ ᠰᠢᠶᠠᠨ ᠤ 《 ᠠᠷᠪᠠᠨ ᠳᠥᠷᠪᠡᠳᠦᠭᠡᠷ ᠲᠠᠪᠤᠨ ᠵᠢᠯ 》 ᠤᠨ ᠬᠥᠭᠵᠢᠯᠲᠡ ᠶᠢᠨ ᠬᠤᠭᠤᠴᠠᠭᠠᠨ ᠳᠠᠬᠢ ᠡᠯ᠎ᠡ ᠵᠦᠶᠯ ᠤᠨ ᠠᠵᠢᠯ  ᠢ ᠰᠠᠶᠢᠲᠤᠷ ᠡᠬᠢᠯᠡᠭᠦᠯᠬᠦ ᠬᠡᠷᠡᠭᠲᠡᠶ ᠭᠡᠵᠡᠢ᠃      ᠬᠤᠷᠠᠯ ᠳᠡᠭᠡᠷ᠎ᠡ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠡᠷᠬᠢᠯᠡᠭᠴᠢ ᠱᠢ ᠶᠦᠩ ᠫᠢᠩ᠂ ᠰᠢᠶᠠᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠳ᠋ᠦ᠋ ᠬᠦᠶ ᠵᠥᠩ ᠬᠤᠲᠠ ᠶᠢᠨ ᠠᠷᠪᠠᠨ ᠲᠠᠪᠤᠳᠤᠭᠠᠷ ᠬᠤᠭᠤᠴᠠᠭᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ  ᠤᠨ ᠳᠥᠷᠪᠡᠳᠦᠭᠡᠷ ᠬᠤᠷᠠᠯᠳᠤᠭᠠᠨ᠂ ᠸᠠᠩ ᠯᠢ ᠰᠢᠶᠠ ᠱᠦᠵᠢ ᠶᠢᠨ 2 ᠳ᠋ᠤᠭᠠᠷ ᠰᠠᠷ᠎ᠠ ᠶᠢᠨ 22 ᠤᠨ ᠦᠳᠡ ᠶᠢᠨ ᠬᠤᠶᠢᠨ᠎ᠠ ᠴᠢᠩ ᠱᠦᠶ ᠾᠧ ᠶᠢᠨ ᠲᠥᠯᠥᠭᠡᠯᠡᠭᠴᠢᠳ ᠤᠨ ᠪᠦᠯᠬᠦᠮ ᠤᠨ ᠳᠤᠭᠤᠶᠢᠯᠠᠩ ᠬᠤᠪᠢᠶᠠᠨ ᠬᠢᠨᠠᠨ ᠵᠥᠪᠯᠡᠬᠦ  ᠳᠤ ᠣᠷᠣᠯᠴᠠᠬᠤ ᠳᠠᠭᠠᠨ ᠬᠡᠯᠡᠭᠰᠡᠨ ᠦᠭᠡ ᠶᠢᠨ ᠵᠣᠷᠢᠭ ᠰᠠᠨᠠᠭ᠎ᠠ ᠪᠣᠯᠤᠨ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠠᠷᠪᠠᠨ ᠭᠤᠷᠪᠠᠳᠤᠭᠠᠷ ᠬᠤᠭᠤᠴᠠᠭᠠᠨ ᠤ ᠬᠤᠷᠢᠶ᠎ᠠ ᠶᠢᠨ ᠳᠥᠷᠪᠡᠳᠦᠭᠡᠷ ᠬᠤᠷᠠᠯᠳᠤᠭᠠᠨ ᠤ ᠵᠣᠷᠢᠭ ᠰᠠᠨᠠᠭ᠎ᠠ ᠶᠢ ᠨᠠᠷᠢᠨ ᠨᠢᠮᠪᠠᠶ ᠤᠯᠠᠮᠵᠢᠯᠠᠪᠠ᠂ ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠵᠠᠩ ᠺᠧ ᠯᠢᠩ 《 ᠬᠤᠶᠠᠷ ᠬᠤᠷᠠᠯ 》 ᠤᠨ ᠵᠣᠷᠢᠭ ᠰᠠᠨᠠᠭ᠎ᠠ ᠶᠢ ᠨᠠᠷᠢᠨ ᠣᠶᠢᠯᠠᠭᠠᠬᠤ ᠪᠠ ᠬᠤᠳᠠ ᠶᠢᠨ ᠨᠠᠮ ᠤᠨ ᠬᠤᠷᠢᠶ᠎ᠠ ᠶᠢ ᠣᠨᠣᠪᠴᠢᠲᠠᠢ ᠡᠵᠡᠮᠳᠡᠬᠦ ᠶᠢᠨ ᠲᠣᠭᠤᠷᠢᠨ ᠳᠤ᠂ ᠬᠤᠲᠠ ᠶᠢᠨ ᠵᠠᠰᠠᠭ ᠤᠨ ᠣᠷᠳᠣᠨ ᠠᠴᠠ ᠴᠢᠩ ᠱᠦᠶ ᠾᠧ ᠰᠢᠶᠠᠨ ᠳᠤ ᠲᠠᠯᠪᠢᠭᠰᠠᠨ ᠪᠠᠶᠢᠷᠢ ᠲᠣᠭᠲᠠᠭᠠᠯᠲᠠ ᠶᠢᠨ ᠱᠠᠭᠠᠷᠳᠠᠯᠭ᠎ᠠ᠂ 《 ᠬᠠᠲᠤᠨ ᠭᠤᠤᠯ ᠤᠨ ᠰᠠᠪᠠ ᠭᠠᠵᠠᠷ ᠤᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ  ᠶᠢᠨ ᠬᠤᠰᠢᠭᠤᠴᠢ ᠪᠣᠯᠬᠤ ᠲᠤᠬᠠᠶ᠂ ᠠᠮᠢ ᠠᠬᠤᠶ ᠶᠢᠨ ᠪᠦᠲᠦᠭᠡᠨ ᠪᠠᠶᠢᠭᠤᠯᠤᠯᠲᠠ ᠶᠢᠨ ᠦᠯᠢᠭᠡᠷ ᠳᠠᠭᠤᠷᠢᠶᠠᠯ ᠪᠣᠯᠬᠤ᠂ ᠪᠣᠬᠢᠷᠲᠤᠯ ᠥᠬᠡᠶ ᠬᠤᠯᠢᠮᠠᠭ ᠠᠮᠤ ᠶᠢᠨ ᠲᠥᠷᠥᠯ ᠲᠡᠮᠳᠡᠭᠲᠦ᠂ ᠰᠣᠶᠣᠯ ᠵᠢᠭᠤᠯᠴᠢᠯᠠᠯ ᠤᠨ ᠠᠵᠤ ᠦᠶᠯᠡᠰ  ᠢᠶᠠᠷ ᠶᠠᠰᠤ ᠴᠢᠨᠠᠷ ᠢ ᠬᠦᠴᠦᠷᠬᠡᠭᠵᠢᠭᠦᠯᠬᠦ ᠵᠡᠷᠭᠡ ᠨᠠᠶᠢᠳᠠᠪᠤᠷᠢᠵᠢᠭᠤᠯᠤᠯᠲᠠ ᠶᠢ ᠠᠳᠬᠤᠬᠤ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠠ᠃      ᠰᠢᠶᠠᠨ ᠤ ᠨᠠᠮ ᠤᠨ ᠬᠤᠷᠢᠶ᠎ᠠ ᠶᠢᠨ ᠱᠦᠵᠢ ᠶᠦᠨ ᠯᠢᠨ ᠴᠢᠶᠦ᠋ᠩ ᠴᠢᠬᠤᠯᠠᠴᠢᠯᠠᠭᠰᠠᠨ ᠨᠢ᠂ 《 ᠠᠷᠪᠠᠨ ᠳᠥᠷᠪᠡᠳᠦᠭᠡᠷ ᠲᠠᠪᠤᠨ ᠵᠢᠯ 》 ᠤᠨ ᠬᠥᠭᠵᠢᠯᠲᠡ ᠶᠢᠨ ᠲᠥᠯᠥᠪᠵᠢᠭᠦᠯᠭᠡ ᠶᠢᠨ ᠡᠬᠢᠯᠡᠯᠲᠡ ᠶᠢᠨ ᠵᠢᠯ ᠳᠤ᠂ ᠪᠦᠬᠦ ᠰᠢᠶᠠᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ 《 ᠤᠯᠤᠰ ᠲᠦᠷᠦ ᠶᠢ ᠡᠷᠬᠢᠮᠯᠡᠵᠦ᠂ ᠵᠢᠳᠬᠦᠯ ᠴᠢᠷᠮᠠᠶᠢᠯᠭ᠎ᠠ ᠭᠠᠷᠭᠠᠬᠤ 》 ᠦᠵᠡᠯ ᠰᠠᠨᠠᠭᠠᠨ ᠤ ᠤᠬᠠᠮᠰᠠᠷ ᠢ ᠪᠤᠢ ᠪᠣᠯᠭᠠᠵᠤ᠂ ᠪᠠᠭ ᠢ ᠠᠳᠬᠤᠬᠤ᠂ ᠡᠩᠨᠡᠭᠡ ᠶᠢ ᠳᠠᠭᠠᠭᠤᠯᠬᠤ ᠳᠡᠭᠡᠷ᠎ᠡ ᠬᠦᠴᠦ ᠣᠷᠣᠭᠤᠯᠵᠤ᠂ ᠬᠦᠴᠦ ᠣᠷᠣᠭᠤᠯᠬᠤ ᠬᠡᠷᠡᠭᠲᠡᠢ᠃ ᠶᠡᠷᠦᠩᠬᠡᠢ ᠱᠦᠵᠢ ᠰᠢ ᠶᠢᠨ ᠫᠢᠩ  ᠤᠨ ᠪᠦᠬᠦ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠳ᠋ᠦᠩᠨᠡᠯᠲᠡ ᠬᠢᠵᠦ ᠬᠥᠬᠢᠭᠦᠯᠦᠨ ᠰᠠᠶᠢᠰᠢᠶᠠᠬᠤ ᠶᠡᠭᠡ ᠬᠤᠷᠠᠯ ᠳᠡᠭᠡᠷᠡᠬᠢ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠣᠯᠤᠨ ᠬᠤᠳᠠ ᠶᠢᠨ 《 ᠬᠤᠶᠠᠷ ᠬᠤᠷᠠᠯ 》 ᠤᠨ ᠵᠣᠷᠢᠭ ᠰᠠᠨᠠᠭ᠎ᠠ ᠲᠠᠢ ᠨᠠᠷᠢᠨ ᠬᠢᠨᠠᠮᠠᠭᠠᠢ ᠪᠠᠷᠢᠮᠵᠢᠶᠠᠯᠠᠨ ᠬᠠᠷᠭᠤᠭᠤᠯᠵᠤ᠂ ᠬᠤᠳᠠ ᠶᠢᠨ ᠨᠠᠮ ᠤᠨ ᠬᠤᠷᠢᠶ᠎ᠠ᠂ ᠰᠢᠶᠠᠨ ᠤ ᠨᠠᠮ ᠤᠨ ᠬᠤᠷᠢᠶ᠎ᠠ ᠶᠢᠨ ᠱᠠᠭᠠᠷᠳᠠᠯᠭ᠎ᠠ ᠶᠣᠰᠣᠭᠠᠷ᠂ ᠠᠵᠢᠯ ᠤᠨ ᠠᠬᠢᠴᠠ ᠪᠠᠨ ᠴᠢᠩᠭ᠎ᠠ ᠠᠳᠬᠤᠵᠤ᠂ ᠴᠠᠭ ᠬᠤᠭᠤᠴᠠᠭ᠎ᠠ ᠶᠢ ᠴᠢᠩᠭ᠎ᠠ ᠡᠵᠡᠮᠳᠡᠨ᠂ ᠡᠯ᠎ᠡ ᠵᠦᠢᠯ ᠤᠨ ᠠᠵᠢᠯ ᠢᠶᠠᠨ ᠡᠮᠬᠢ ᠵᠢᠷᠤᠮ  ᠲᠠᠢ ᠪᠠᠷ ᠠᠬᠢᠭᠤᠯᠬᠤ ᠬᠡᠷᠡᠭᠲᠡᠢ᠃ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ᠂ ᠣᠶ ᠰᠢᠭᠤᠶ ᠡᠪᠡᠰᠦ ᠪᠡᠯᠴᠢᠭᠡᠷ᠂ ᠤᠰᠤᠨ ᠤ ᠶᠠᠪᠤᠳᠠᠯ᠂ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠵᠡᠷᠭᠡ ᠰᠠᠯᠠᠭ᠎ᠠ ᠮᠥᠴᠢᠷ ᠤᠨ ᠬᠢᠨ ᠡᠬᠢ ᠪᠠᠶᠠᠯᠢᠭ᠂ ᠪᠠᠯᠠ ᠮᠥᠩᠭᠦ᠂ ᠴᠢᠳᠠᠪᠤᠷᠢᠲᠠᠨ ᠵᠡᠷᠭᠡ ᠲᠠᠯ᠎ᠠ ᠶᠢᠨ ᠬᠠᠮᠵᠢᠯᠴᠠᠭ᠎ᠠ ᠪᠠᠨ ᠴᠢᠩᠭᠠᠳᠬᠠᠵᠤ᠂ ᠬᠡᠷᠡᠭᠵᠢᠭᠦᠯᠵᠦ ᠪᠣᠯᠬᠤᠶᠢᠴᠠ ᠪᠦᠲᠦᠮᠵᠢᠲᠡᠶ ᠠᠷᠭ᠎ᠠ ᠬᠡᠮᠵᠢᠶ᠎ᠡ ᠪᠠᠷ ᠮᠠᠨ ᠤ ᠰᠢᠶᠠᠨ ᠤ ᠬᠠᠲᠤᠨ ᠭᠤᠤᠯ ᠳᠠᠭᠠᠤ ᠶᠢᠨ ᠠᠮᠢ ᠠᠬᠤᠶ ᠶᠢᠨ ᠬᠠᠮᠠᠭᠠᠯᠠᠯᠲᠠ ᠪᠠ ᠴᠢᠨᠠᠷ ᠰᠠᠶᠢᠲᠠᠶ ᠬᠥᠭᠵᠢᠯᠲᠡ ᠶᠢᠨ ᠬᠠᠷᠠᠯᠲᠠ ᠡᠭᠦᠷᠭᠡ ᠶᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠶ᠃ ᠴᠢᠩᠭ᠎ᠠ ᠭᠤᠣᠯ ᠬᠦᠭ ᠠᠶᠠᠰ ᠢ ᠤᠷᠳᠤ ᠬᠤᠭᠤᠴᠠᠭ᠎ᠠ ᠪᠠᠷ ᠪᠠᠷᠢᠮᠲᠠᠯᠠᠵᠤ᠂ ᠲᠦᠷᠦᠯ ᠵᠦᠢᠯ ᠢ ᠬᠡᠷᠡᠭᠵᠢᠭᠦᠯᠬᠦ ᠪᠣᠭᠤᠮᠲᠠ ᠶᠢ ᠰᠠᠶᠢᠲᠤᠷ ᠰᠠᠬᠢᠵᠤ᠂ ᠬᠥᠭᠵᠢᠯᠲᠡ ᠬᠡᠯᠪᠡᠶᠢᠬᠦ ᠦᠭᠡᠢ ᠂ ᠪᠦᠳᠦᠭᠡᠨ ᠪᠠᠶᠢᠭᠤᠯᠤᠯᠲᠠ ᠥᠭᠡᠷᠡᠲᠦᠬᠦ ᠦᠭᠡᠢ ᠪᠠᠶᠢᠬᠤ ᠶᠢ ᠪᠠᠲᠤᠯᠠᠬᠤ ᠬᠡᠷᠡᠭᠲᠡᠢ᠃ 《 ᠪᠠᠷᠤᠭ ᠲᠥᠯᠥᠪ 》 《 ᠥᠩᠭᠡᠷᠡᠵᠦ ᠪᠣᠯᠬᠤ 》 ᠦᠵᠡᠯ ᠰᠠᠨᠠᠭᠠᠨ ᠤ ᠲᠠᠨᠢᠯᠲᠠ ᠶᠢ ᠡᠷᠡᠰ ᠠᠷᠢᠯᠭᠠᠵᠤ᠂ ᠪᠥᠬᠦ ᠬᠤᠲᠠ᠂ ᠪᠥᠬᠦ ᠣᠷᠣᠨ ᠴᠢᠨᠠᠭᠰᠢᠯᠠᠪᠠᠯ ᠪᠥᠬᠦ ᠤᠯᠤᠰ ᠤᠨ ᠲᠡᠷᠢᠭᠦᠨ ᠤ ᠵᠢᠱᠢᠶ᠎ᠡ ᠦᠵᠡᠭᠦᠯᠬᠦ ᠭᠠᠵᠠᠷ ᠣᠷᠣᠨ ᠢᠶᠠᠷ ᠪᠠᠷᠢᠮᠵᠢᠶᠠᠯᠠᠵᠤ᠂ ᠬᠡᠪ ᠳᠠᠭᠤᠷᠢᠶᠠᠯ ᠤᠨ ᠤᠬᠠᠮᠰᠠᠷ ᠢᠶᠠᠷ ᠠᠵᠢᠯ ᠢᠶᠠᠨ ᠥᠨᠳᠥᠷ ᠲᠦᠪᠰᠢᠨ ᠲᠠᠢ ᠠᠳᠬᠤᠵᠤ᠂ ᠶᠠᠰᠤ ᠴᠢᠨᠠᠷ ᠲᠠᠢ ᠠᠳᠬᠤᠬᠤ ᠬᠡᠷᠡᠭᠲᠡᠶ ᠭᠡᠵᠡᠢ᠃      ᠶᠦᠨ ᠯᠢᠨ ᠴᠢᠶᠦ᠋ᠩ᠂ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠰᠡᠳᠬᠢᠯ ᠢᠶᠠᠨ ᠲᠣᠭᠲᠠᠪᠤᠷᠢᠵᠢᠭᠤᠯᠵᠤ᠂ ᠬᠠᠷᠢᠭᠤᠴᠠᠯᠭ᠎ᠠ ᠪᠠᠨ ᠡᠭᠦᠷᠭᠡᠯᠡᠵᠦ᠂ ᠺᠠᠳ᠋ᠷ ᠤᠨ ᠡᠩᠨᠡᠭᠡ ᠶᠢ ᠵᠣᠬᠢᠰᠲᠠᠢ ᠪᠠᠶᠢᠷᠢᠯᠠᠭᠤᠯᠵᠤ᠂ 《 ᠨᠢᠭᠡ ᠶᠢ ᠰᠠᠶᠢᠲᠤᠷ ᠬᠡᠷᠡᠭᠯᠡᠪᠡᠯ ᠨᠢᠭᠡ ᠶᠢ ᠳᠠᠶᠢᠴᠢᠯᠠᠬᠤ 》 ᠵᠢᠱᠢᠶ᠎ᠡ ᠦᠵᠡᠭᠦᠯᠬᠦ ᠦᠢᠯᠡᠳᠦᠯ ᠢᠶᠠᠷ ᠬᠤᠭᠤᠴᠠᠭ᠎ᠠ ᠰᠣᠯᠢᠬᠤ ᠵᠡᠷᠭᠡ ᠠᠵᠢᠯ ᠳᠤ ᠰᠠᠶᠢᠨ ᠰᠠᠶᠢᠬᠠᠨ ᠬᠥᠭᠵᠢᠯᠲᠡ ᠶᠢᠨ ᠣᠷᠴᠢᠨ ᠲᠣᠭᠤᠷᠢᠨ ᠢ ᠪᠤᠢ ᠪᠣᠯᠭᠠᠬᠤ ᠬᠡᠷᠡᠭᠲᠡᠢ᠃ ᠠᠵᠢᠯ ᠢᠶᠠᠨ ᠪᠣᠳᠠᠲᠠᠶ ᠲᠥᠯᠥᠪᠵᠢᠭᠦᠯᠵᠦ᠂ ᠲᠥᠷᠥᠯ ᠵᠦᠶᠯ ᠢ ᠴᠢᠩᠭ᠎ᠠ ᠠᠳᠬᠤᠵᠤ᠂ ᠸᠠᠩ ᠯᠢ ᠰᠢᠶᠠ ᠱᠦᠵᠢ ᠶᠢᠨ ᠳᠤᠷᠠᠳᠤᠭᠰᠠᠨ 《 ᠴᠢᠩ ᠱᠦᠶ ᠾᠧ ᠰᠢᠶᠠᠨ ᠰᠢᠨ᠎ᠡ ᠣᠨᠣᠯᠵᠢᠬᠤᠨ ᠢ ᠡᠵᠡᠮᠰᠢᠵᠦ᠂ ᠳᠥᠷᠪᠡᠨ ᠫᠠᠶᠢᠰᠠ ᠶᠢ ᠰᠠᠶᠢᠲᠤᠷ ᠬᠢᠬᠦ ᠬᠡᠷᠡᠭᠲᠡᠶ 》 ᠭᠡᠬᠦ ᠵᠢᠭᠠᠪᠤᠷᠢ ᠶᠢᠨ ᠱᠠᠭᠠᠷᠳᠠᠯᠭ᠎ᠠ ᠲᠠᠢ ᠬᠠᠷᠭᠤᠭᠤᠯᠤᠨ᠂ ᠡᠭᠦᠷᠭᠡ ᠶᠢᠨ ᠨᠠᠷᠢᠨ ᠲᠠᠩᠰᠠ ᠶᠢ ᠨᠠᠷᠢᠨ ᠬᠢᠨᠠᠮᠠᠭᠠᠶ ᠡᠮᠬᠢᠯᠡᠵᠦ᠂ 《 ᠪᠠᠷᠢᠯᠭ᠎ᠠ ᠶᠢᠨ ᠵᠢᠷᠤᠭ 》 ᠢᠶᠠᠨ ᠵᠢᠭᠰᠠᠭᠠᠨ᠂ 《 ᠴᠠᠭ ᠤᠨ ᠬᠦᠰᠦᠨᠦᠭᠲᠦ 》 ᠪᠠᠨ ᠲᠣᠳᠣᠷᠬᠠᠶᠢᠯᠠᠵᠤ᠂ 《 ᠴᠤᠪᠤᠷᠠᠯ ᠵᠢᠷᠤᠭ 》 ᠢᠶᠠᠨ ᠨᠠᠷᠢᠯᠢᠬᠵᠢᠭᠤᠯᠤᠨ᠂ 《 ᠨᠢᠭᠡᠳᠦᠭᠡᠷ ᠹᠷᠣᠨᠲ ᠤᠨ ᠠᠵᠢᠯ ᠤᠨ ᠠᠷᠭ᠎ᠠ 》᠂ 《 ᠪᠢᠲᠡᠭᠦᠮᠵᠢᠯᠡᠭᠰᠡᠨ ᠠᠵᠢᠯ ᠤᠨ ᠠᠷᠭ᠎ᠠ 》 ᠪᠠᠷ 《 ᠠᠷᠪᠠᠨ ᠳᠥᠷᠪᠡᠳᠦᠭᠡᠷ ᠲᠠᠪᠤᠨ ᠵᠢᠯ 》 ᠤᠨ ᠬᠥᠭᠵᠢᠯᠲᠡ ᠶᠢᠨ ᠰᠠᠶᠢᠨ ᠡᠬᠢᠯᠡᠯᠲᠡ᠂ ᠰᠠᠶᠢᠨ ᠡᠬᠢᠯᠡᠯᠲᠡ ᠶᠢ ᠠᠬᠢᠭᠤᠯᠬᠤ ᠬᠡᠷᠡᠭᠲᠡᠶ᠃ ᠡᠯ᠎ᠡ ᠰᠠᠯᠠᠭ᠎ᠠ ᠮᠥᠴᠢᠷ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠳᠡᠭᠡᠳᠦ ᠱᠠᠲᠤᠨ ᠤ ᠬᠠᠪᠰᠤᠷᠤᠨ ᠲᠡᠳᠬᠦᠬᠦ ᠲᠥᠷᠥᠯ ᠵᠦᠶᠯ ᠤᠨ ᠬᠠᠭᠤᠳᠠᠰᠤ ᠶᠢ ᠪᠤᠴᠠᠭᠠᠨ ᠠᠪᠴᠢᠷᠠᠵᠤ᠂ ᠪᠣᠳᠠᠲᠠᠶ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠬᠠᠲᠠᠭᠤ ᠠᠷᠭ᠎ᠠ ᠬᠡᠮᠵᠢᠶ᠎ᠡ ᠠᠪᠴᠤ᠂ ᠪᠣᠳᠠᠲᠠᠶ ᠠᠮᠵᠢᠯᠲᠠ ᠪᠦᠲᠦᠮᠵᠢ ᠪᠠᠷ ᠵᠣᠬᠢᠶᠠᠨ ᠪᠠᠶᠢᠭᠤᠯᠤᠯᠲᠠ ᠶᠢᠨ ᠢᠲᠡᠭᠡᠯ ᠢ ᠬᠠᠷᠢᠭᠤᠯᠵᠤ᠂ ᠠᠷᠠᠳ ᠲᠦᠮᠡᠨ ᠤ ᠬᠦᠰᠡᠯ ᠡᠷᠡᠮᠡᠯᠵᠡᠯ ᠢ ᠬᠠᠩᠭᠠᠬᠤ ᠬᠡᠷᠡᠭᠲᠡᠶ᠃ ᠤᠬᠠᠭᠤᠯᠬᠤ ᠰᠠᠯᠠᠭ᠎ᠠ ᠮᠥᠴᠢᠷ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠤᠬᠠᠭᠤᠯᠭ᠎ᠠ ᠶᠢᠨ ᠠᠵᠢᠯᠯᠠᠭ᠎ᠠ ᠶᠢ ᠰᠠᠶᠢᠲᠤᠷ ᠲᠥᠰᠦᠪᠯᠡᠨ ᠲᠤᠬᠢᠷᠠᠭᠤᠯᠬᠤ ᠬᠡᠷᠡᠭᠲᠡᠢ᠃ ᠰᠢᠶᠠᠨ ᠭᠠᠵᠠᠷ  ᠤᠨ ᠲᠡᠰ ᠤᠨ ᠤᠳᠤᠷᠢᠳᠤᠯᠭ᠎ᠠ ᠰᠤᠷᠪᠤᠯᠵᠢᠯᠠᠬᠤ ᠳᠠᠭᠠᠭᠠᠴᠢᠯᠠᠬᠤ ᠬᠤᠯᠪᠣᠭᠠᠯᠠᠬᠤ ᠪᠠᠨ ᠴᠢᠩᠭᠠᠳᠬᠠᠵᠤ᠂ ᠦᠨᠳᠦᠰᠦᠨ ᠱᠠᠳᠤ ᠶᠢ ᠬᠠᠪᠰᠤᠷᠤᠨ ᠡᠯ᠎ᠡ ᠵᠦᠢᠯ ᠤᠨ ᠡᠭᠦᠷᠭᠡ ᠶᠢ ᠴᠢᠨᠠᠷ ᠰᠠᠶᠢᠲᠠᠢ ᠪᠠᠷ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ᠃      ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ ᠸᠠᠩ ᡁᠢ ᠴᠢᠶᠠᠩ ᠵᠡᠷᠭᠡ ᠭᠠᠵᠠᠷ ᠤᠨ ᠲᠠᠰ ᠤᠨ ᠤᠳᠤᠷᠢᠳᠤᠯᠭ᠎ᠠ᠂ ᠡᠯ᠎ᠡ ᠰᠢᠶᠠᠩ ᠪᠠᠯᠭᠠᠰᠤ ᠡᠯ᠎ᠡ ᠰᠠᠯᠠᠭ᠎ᠠ ᠮᠥᠴᠢᠷ ᠤᠨ ᠭᠤᠤᠯ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠵᠠᠶ᠃
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号