| | | 2 ᠳ᠋ᠤᠭᠠᠷ ᠰᠠᠷ᠎ᠠ ᠶᠢᠨ 27 ᠤ ᠡᠳᠦᠷ ᠤᠨ ᠦᠳᠡ ᠶᠢᠨ ᠡᠮᠦᠨ᠎ᠡ᠂ ᠰᠢᠶᠠᠨ ᠤ ᠨᠠᠮ ᠤᠨ ᠬᠤᠷᠢᠶᠠᠨ ᠤ | ᠱᠦᠵᠢ ᠵᠠᠩ ᠶᠦᠩ ᠸᠧᠨ ᠰᠢᠶᠠᠨ ᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠤᠳᠤᠷᠢᠳᠬᠤ | ᠳᠤᠭᠤᠶᠢᠯᠠᠩ 2021 ᠣᠨ ᠤ ᠠᠩᠬᠠᠳᠤᠭᠠᠷ ( ᠥᠷᠭᠡᠳᠬᠡᠭᠰᠡᠨ ) ᠬᠤᠷᠠᠯ ᠢ ᠡᠷᠭᠢᠯᠡᠨ ᠬᠤᠷᠠᠯᠳᠤᠭᠤᠯᠵᠤ᠂ | ᠶᠡᠷᠦᠩᠬᠡᠶ ᠱᠦᠵᠢ ᠰᠢ ᠶᠢᠨ ᠫᠢᠩ ᠤᠨ ᠰᠤᠷᠭᠠᠨ ᠬᠥᠮᠦᠵᠢᠯ ᠤᠨ ᠲᠤᠬᠠᠶ ᠴᠢᠬᠤᠯᠠ ᠥᠭᠦᠯᠡᠯᠲᠡ ᠪᠠ ᠬᠤᠲᠠ ᠶᠢᠨ | ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠤᠨ ᠵᠣᠷᠢᠭ | ᠰᠠᠨᠠᠭ᠎ᠠ ᠶᠢ ᠭᠦᠨᠵᠡᠭᠡᠶ ᠰᠤᠷᠤᠯᠴᠠᠵᠤ᠂ ᠮᠠᠨ ᠤ ᠰᠢᠶᠠᠨ ᠤ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ | ᠰᠤᠳᠤᠯᠤᠨ ᠪᠠᠶᠢᠷᠢᠯᠠᠭᠤᠯᠪᠠ᠃ | ᠬᠤᠷᠠᠯ ᠠᠴᠠ ᠬᠤᠲᠠ ᠶᠢᠨ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠤᠳᠤᠷᠢᠳᠬᠤ | ᠳᠤᠭᠤᠶᠢᠯᠠᠩ ᠤᠨ 2021 ᠣᠨ ᠤ ᠨᠢᠭᠡᠳᠦᠭᠡᠷ᠂ ᠬᠤᠶᠠᠳᠤᠭᠠᠷ ᠤᠳᠠᠭ᠎ᠠ ᠶᠢᠨ ᠬᠤᠷᠠᠯ ᠤᠨ ᠵᠣᠷᠢᠭ ᠰᠠᠨᠠᠭ᠎ᠠ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠯᠪᠠᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ | ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠳᠠᠷᠤᠮᠠᠯᠯᠠᠨ ᠲᠠᠷᠬᠠᠭᠠᠭᠰᠠᠨ《 ᠰᠢᠨ᠎ᠡ ᠴᠠᠭ ᠦᠶ᠎ᠡ | ᠶᠢᠨ ᠰᠤᠷᠭᠠᠨ ᠬᠥᠮᠦᠵᠢᠯ ᠤᠨ ᠰᠢᠮᠳᠠᠭᠤᠯᠣᠨ ᠵᠢᠯᠣᠭᠤᠳᠬᠤ ᠪᠠᠶᠢᠭᠤᠯᠤᠮᠵᠢ ᠲᠣᠭᠲᠠᠴᠠ ᠶᠢᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ ᠲᠤᠬᠠᠶ ᠬᠡᠷᠡᠭᠵᠢᠭᠦᠯᠬᠦ ᠰᠠᠨᠠᠯ 》 ᠢ ᠤᠯᠠᠮᠵᠢᠯᠠᠨ ᠰᠤᠷᠤᠯᠴᠠᠵᠤ᠂ ᠪᠥᠬᠦ ᠰᠢᠶᠠᠨ ᠤ ᠰᠤᠷᠭᠠᠭᠤᠯᠢ | ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠥᠷᠨᠢᠭᠦᠯᠦᠭᠰᠡᠨ ᠪᠠᠶᠢᠳᠠᠯ ᠤᠨ ᠬᠠᠷᠢᠭᠤ | ᠮᠡᠳᠡᠭᠦᠯᠦᠯᠲᠡ ᠶᠢ ᠰᠣᠨᠣᠰᠪᠠ᠃ | ᠬᠤᠷᠠᠯ ᠠᠴᠠ᠂ ᠶᠡᠷᠦᠩᠬᠡᠶ ᠱᠦᠵᠢ ᠰᠢ ᠶᠢᠨ ᠫᠢᠩ ᠰᠤᠷᠭᠠᠨ ᠬᠥᠮᠦᠵᠢᠯ ᠤᠨ ᠠᠵᠢᠯ ᠳᠤ ᠠᠯᠢ ᠣᠯᠠᠨ | ᠪᠦᠲᠦᠭᠡᠯᠴᠢ ᠣᠶᠢᠯᠠᠭᠠᠭᠳᠠᠬᠤᠨ ᠰᠢᠨ᠎ᠡ ᠦᠵᠡᠯ ᠰᠠᠨᠠᠭ᠎ᠠ ᠰᠢᠨ᠎ᠡ ᠦᠵᠡᠯᠲᠡ ᠶᠢ ᠳᠤᠷᠠᠳᠴᠤ᠂ ᠠᠯᠢ ᠣᠯᠠᠨ ᠴᠢᠭᠯᠡᠯ | ᠤᠨ ᠴᠢᠨᠠᠷᠲᠠᠶ᠂ ᠪᠥᠬᠦ ᠲᠠᠯ᠎ᠠ ᠶᠢᠨ ᠴᠢᠨᠠᠷᠲᠠᠶ᠂ ᠪᠠᠶᠢᠯᠳᠤᠬᠤ ᠪᠣᠳᠣᠯᠭ᠎ᠠ ᠶᠢᠨ ᠴᠢᠨᠠᠷᠲᠠᠶ ᠴᠢᠬᠤᠯᠠ ᠶᠡᠭᠡ ᠠᠰᠠᠭᠤᠳᠠᠯ | ᠳᠤ ᠰᠢᠰᠲ᠋ᠧᠮ ᠲᠠᠢ ᠬᠠᠷᠢᠭᠤᠯᠲᠠ ᠥᠭᠴᠦ᠂ ᠰᠢᠨ᠎ᠡ ᠴᠠᠭ ᠦᠶ᠎ᠡ ᠶᠢᠨ ᠰᠤᠷᠭᠠᠨ ᠬᠥᠮᠦᠵᠢᠯ ᠤᠨ ᠥᠭᠡᠷᠡᠴᠢᠯᠡᠯᠲᠡ | ᠬᠥᠭᠵᠢᠯᠲᠡ ᠶᠢ ᠠᠬᠢᠭᠤᠯᠬᠤ ᠳᠤ ᠬᠦᠴᠦᠷᠬᠡᠭ ᠶᠡᠭᠡ ᠦᠵᠡᠯ ᠰᠠᠨᠠᠭᠠᠨ ᠤ ᠵᠡᠪᠰᠡᠭ ᠬᠠᠩᠭᠠᠪᠠ᠃ ᠡᠯ᠎ᠡ ᠱᠠᠲᠤ ᠡᠯ᠎ᠡ | ᠰᠠᠯᠠᠭ᠎ᠠ ᠮᠥᠴᠢᠷ ᠤᠨ ᠬᠢᠨ《 ᠳᠥᠷᠪᠡᠨ ᠤᠬᠠᠮᠰᠠᠷ 》 ᠢᠶᠠᠨ ᠴᠢᠩᠭᠠᠳᠬᠠᠵᠤ᠂《 ᠳᠥᠷᠪᠡᠨ ᠢᠲᠡᠭᠡᠯ 》 ᠢᠶᠠᠨ | ᠪᠠᠲᠤᠳᠬᠠᠵᠤ᠂ ᠢᠮᠠᠭᠲᠠ《 ᠬᠤᠶᠠᠷ ᠢ ᠬᠠᠮᠠᠭᠠᠯᠠᠬᠤ 》ᠦᠨᠳᠦᠷᠴᠡ ᠳᠤ ᠵᠣᠭᠰᠣᠵᠤ᠂ ᠶᠡᠷᠦᠩᠬᠡᠶ ᠱᠦᠵᠢ ᠰᠢ | ᠶᠢᠨ ᠫᠢᠩ ᠤᠨ ᠰᠤᠷᠭᠠᠨ ᠬᠥᠮᠦᠵᠢᠯ ᠤᠨ ᠲᠤᠬᠠᠶ ᠴᠢᠬᠤᠯᠠ ᠥᠭᠦᠯᠡᠯᠲᠡ ᠶᠢ ᠭᠦᠨᠵᠡᠭᠡᠶ ᠰᠤᠷᠤᠯᠴᠠᠨ | ᠲᠤᠭᠤᠰᠢᠯᠠᠭᠤᠯᠵᠤ᠂ ᠤᠬᠠᠮᠰᠠᠷ ᠠᠴᠠ ᠪᠠᠨ ᠤᠯᠤᠰ ᠲᠥᠷᠥ ᠶᠢᠨ ᠵᠣᠭᠰᠣᠯᠲᠠ᠂ ᠤᠯᠤᠰ ᠲᠥᠷᠥ ᠶᠢᠨ ᠴᠢᠭᠯᠡᠯ᠂ | ᠤᠯᠤᠰ ᠲᠥᠷᠥ ᠶᠢᠨ ᠵᠠᠷᠴᠢᠮ᠂ ᠤᠯᠤᠰ ᠲᠥᠷᠥ ᠶᠢᠨ ᠵᠠᠮ ᠳᠡᠭᠡᠷ᠎ᠡ ᠨᠠᠮ ᠤᠨ ᠲᠥᠪ ᠬᠤᠷᠢᠶ᠎ᠠ ᠲᠠᠢ ᠳᠡᠭᠡᠳᠦ | ᠬᠡᠮᠵᠢᠶ᠎ᠡ ᠪᠠᠷ ᠨᠢᠭᠡᠳᠦᠯᠲᠡᠶ ᠪᠠᠶᠢᠵᠤ᠂ ᠳᠡᠭᠡᠳᠦ ᠬᠡᠮᠵᠢᠶᠡᠨ ᠤ ᠤᠯᠤᠰ ᠲᠥᠷᠥ ᠶᠢᠨ ᠬᠠᠷᠢᠭᠤᠴᠠᠯᠭᠠᠲᠤ ᠰᠡᠳᠬᠢᠯᠭᠡ ᠪᠠ | ᠲᠡᠦᠬᠡᠨ ᠡᠭᠦᠷᠭᠡᠲᠦ ᠰᠡᠳᠬᠢᠯᠭᠡ ᠪᠠᠷ ᠪᠥᠬᠦ ᠰᠢᠶᠠᠨ ᠤ ᠰᠤᠷᠭᠠᠨ ᠬᠥᠮᠦᠵᠢᠯ ᠤᠨ ᠦᠶᠯᠡᠰ ᠤᠨ ᠲᠠᠰᠤᠷᠠᠯᠲᠠ ᠥᠬᠡᠶ | ᠰᠢᠨ᠎ᠡ ᠠᠬᠢᠴᠠ ᠰᠢᠨ᠎ᠡ ᠦᠷ᠎ᠡ ᠪᠦᠲᠦᠮᠵᠢ ᠤᠯᠬᠤ ᠶᠢ ᠠᠬᠢᠭᠤᠯᠬᠤ ᠬᠡᠷᠡᠭᠲᠡᠶ ᠭᠡᠵᠦ ᠵᠢᠭᠠᠵᠤ ᠭᠠᠷᠭᠠᠪᠠ᠃ | ᠬᠤᠷᠠᠯ ᠠᠴᠠ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠭᠦᠨᠵᠡᠭᠡᠢ | ᠦᠢᠯᠡᠳᠦᠯᠭᠡᠵᠢᠭᠦᠯᠵᠦ᠂ ᠠᠷᠠᠳ ᠲᠦᠮᠡᠨ ᠤ ᠰᠡᠳᠬᠢᠯ ᠬᠠᠨᠤᠮᠵᠢᠲᠠᠢ ᠰᠤᠷᠭᠠᠨ ᠬᠥᠮᠦᠵᠢᠯ ᠢ ᠰᠡᠳᠬᠢᠯ ᠲᠠᠯᠪᠢᠨ | ᠬᠦᠴᠦ ᠣᠷᠣᠭᠤᠯᠤᠨ ᠰᠠᠶᠢᠲᠤᠷ ᠡᠷᠬᠢᠯᠡᠬᠦ ᠬᠡᠷᠡᠭᠲᠡᠢ᠃ ᠰᠤᠷᠭᠠᠨ ᠬᠥᠮᠦᠵᠢᠯ ᠤᠨ ᠠᠷᠪᠠᠨ ᠳᠥᠷᠪᠡᠳᠦᠭᠡᠷ ᠲᠠᠪᠤᠨ ᠵᠢᠯ | ᠤᠨ ᠲᠥᠯᠥᠪᠵᠢᠭᠦᠯᠭᠡ ᠶᠢ ᠨᠢᠭᠡᠳᠦᠯᠲᠡᠶ ᠲᠥᠯᠥᠪᠵᠢᠭᠦᠯᠦᠨ ᠲᠣᠭᠲᠠᠭᠠᠵᠤ᠂ ᠲᠥᠷᠥᠯ ᠵᠦᠶᠯ ᠤᠨ ᠪᠥᠲᠥᠭᠡᠨ | ᠪᠠᠶᠢᠭᠤᠯᠤᠯᠲᠠ ᠶᠢᠨ ᠴᠠᠭ ᠤᠨ ᠳᠠᠷᠠᠭᠠᠯᠠᠯ ᠢ ᠰᠢᠨᠵᠢᠯᠡᠬᠦ ᠤᠬᠠᠭᠠᠨᠴᠢ ᠵᠦᠶ ᠵᠣᠬᠢᠰᠲᠠᠶ ᠲᠣᠬᠢᠷᠠᠭᠤᠯᠵᠤ᠂ ᠪᠠᠭᠰᠢ ᠶᠢᠨ | ᠡᠩᠨᠡᠭᠡ ᠶᠢᠨ ᠪᠠᠶᠢᠭᠤᠯᠤᠯᠲᠠ ᠶᠢ ᠤᠯᠠᠮ ᠴᠢᠨᠠᠭᠰᠢᠳᠠ ᠴᠢᠩᠭᠠᠳᠬᠠᠵᠤ᠂ ᠰᠤᠷᠤᠭᠴᠢᠳ ᠤᠨ ᠰᠤᠷᠭᠠᠭᠤᠯᠢ ᠳᠤ | ᠣᠷᠣᠬᠤ᠂ ᠰᠢᠨᠵᠢᠯᠡᠬᠦ ᠤᠬᠠᠭᠠᠨᠴᠢ ᠪᠠᠷ ᠰᠤᠷᠭᠠᠭᠤᠯᠢ ᠶᠢ ᠪᠠᠶᠢᠷᠢᠯᠠᠭᠤᠯᠬᠤ ᠵᠡᠷᠭᠡ ᠠᠰᠠᠭᠤᠳᠠᠯ ᠢ ᠢᠯᠡ᠂ ᠡᠷᠬᠡ | ᠲᠡᠭᠰᠢ᠂ ᠲᠥᠪ ᠭᠤᠤᠯᠴᠢ ᠪᠠᠷ ᠰᠠᠶᠢᠲᠤᠷ ᠰᠢᠶᠳᠪᠦᠷᠢᠯᠡᠵᠦ᠂ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ | ᠮᠠᠲ᠋ᠧᠷᠢᠶᠠᠯ ᠢ ᠬᠡᠷᠡᠭᠯᠡᠬᠦ ᠠᠵᠢᠯ ᠢ ᠲᠡᠷᠡ ᠶᠣᠰᠣᠭᠠᠷ ᠨᠢ ᠪᠣᠳᠠᠲᠠᠶ ᠳᠤ ᠨᠠᠶᠢᠳᠠᠪᠤᠷᠢᠵᠢᠭᠤᠯᠬᠤ ᠶᠢ ᠠᠬᠢᠭᠤᠯᠵᠤ᠂ | ᠰᠤᠷᠭᠠᠨ ᠬᠥᠮᠦᠵᠢᠯ ᠤᠨ ᠦᠶᠯᠡᠰ ᠤᠨ ᠴᠢᠨᠠᠷ ᠰᠠᠶᠢᠲᠠᠶ ᠬᠥᠭᠵᠢᠯᠲᠡ ᠶᠢ ᠪᠥᠬᠦ ᠰᠢᠶᠠᠨ ᠤ ᠡᠯ᠎ᠡ ᠵᠦᠶᠯ ᠤᠨ ᠦᠶᠯᠡᠰ | ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠴᠢᠬᠤᠯᠠ ᠤᠷᠢᠲᠠᠯ ᠪᠣᠯᠭᠠᠬᠤ ᠶᠢ ᠪᠠᠷᠢᠮᠲᠠᠯᠠᠵᠤ᠂ ᠬᠥᠮᠦᠨ | ᠨᠢᠭᠡᠪᠦᠷᠢ ᠳᠤ ᠰᠤᠷᠭᠠᠨ ᠬᠥᠮᠦᠵᠢᠯ ᠭᠥᠷᠳᠡᠬᠦ ᠠᠵᠠ ᠲᠣᠬᠢᠶᠠᠯ ᠣᠯᠭᠤᠵᠤ᠂ ᠥᠪᠡᠷ ᠢ ᠪᠠᠨ ᠬᠥᠭᠵᠢᠭᠦᠯᠬᠦ᠂ ᠨᠡᠶᠢᠭᠡᠮ | ᠳᠤ ᠬᠤᠪᠢ ᠨᠡᠮᠡᠷᠢ ᠦᠵᠡᠭᠦᠯᠬᠦ᠂ ᠠᠷᠠᠳ ᠲᠦᠮᠡᠨ ᠳᠤ ᠪᠤᠶᠠᠨ ᠦᠶᠯᠡᠳᠬᠦ ᠴᠢᠳᠠᠪᠤᠷᠢ ᠶᠢ ᠣᠯᠭᠤᠬᠤ ᠪᠠᠷ | ᠴᠢᠷᠮᠠᠶᠢᠬᠤ ᠬᠡᠷᠡᠭᠲᠡᠶ ᠭᠡᠵᠦ ᠴᠢᠩᠭᠠᠳᠬᠠᠪᠠ᠃ | ᠬᠤᠷᠠᠯ ᠠᠴᠠ ᠴᠢᠬᠤᠯᠠᠴᠢᠯᠠᠭᠰᠠᠨ ᠨᠢ᠂ ᠰᠤᠷᠭᠠᠭᠤᠯᠢ ᠶᠢᠨ ᠬᠦᠷᠢᠶᠡᠨ ᠤ ᠠᠮᠤᠷ ᠲᠦᠪᠰᠢᠨ ᠤ ᠠᠵᠢᠯ ᠢ | ᠢᠮᠠᠭᠲᠠ ᠪᠣᠯᠭᠤᠮᠵᠢᠲᠠᠶ ᠰᠠᠶᠢᠲᠤᠷ ᠠᠳᠬᠤᠵᠤ᠂ ᠤᠯᠠᠭᠠᠨ ᠱᠤᠭᠤᠮ ᠤᠨ ᠤᠬᠠᠮᠰᠠᠷ ᠢ ᠴᠠᠭ ᠢᠮᠠᠭᠲᠠ ᠪᠠᠲᠤ ᠪᠣᠶ | ᠪᠣᠯᠭᠠᠨ᠂ ᠬᠤᠷᠢᠭ᠎ᠠ ᠱᠤᠭᠤᠮ ᠤᠨ ᠰᠡᠳᠬᠢᠬᠦᠶ ᠶᠢ ᠪᠠᠲᠤᠯᠠᠬᠤ᠂ ᠰᠤᠷᠭᠠᠭᠤᠯᠢ ᠶᠢᠨ ᠬᠦᠷᠢᠶᠡᠨ ᠤ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠨᠡᠩ ᠨᠠᠷᠢᠨ ᠨᠢᠮᠪᠠᠢ ᠰᠠᠶᠢᠲᠤᠷ ᠬᠢᠵᠦ᠂ ᠰᠤᠷᠭᠠᠭᠤᠯᠢ ᠶᠢᠨ ᠲᠡᠷᠭᠡ᠂ | ᠢᠳᠡᠭᠡᠨ᠂ ᠭᠠᠯ ᠤᠨᠲᠠᠷᠠᠭᠠᠬᠤ᠂ ᠵᠠᠮ ᠬᠠᠷᠢᠯᠴᠠᠭ᠎ᠠ ᠵᠡᠷᠭᠡ ᠭᠤᠤᠯᠳᠠᠯᠭ᠎ᠠ ᠲᠠᠢ ᠭᠤᠭᠴᠤᠭ᠎ᠠ ᠶᠢ ᠴᠢᠩᠭ᠎ᠠ ᠬᠠᠮᠢᠶᠠᠷᠴᠣ | ᠂ ᠬᠠᠷᠢᠭᠤᠴᠠᠯᠭ᠎ᠠ ᠶᠢ ᠴᠢᠩᠭ᠎ᠠ ᠨᠠᠶᠢᠳᠠᠪᠣᠷᠢᠵᠢᠭᠤᠯᠣᠨ᠂ ᠲᠦᠭᠰᠢᠭᠦᠷᠢ ᠶᠢᠨ ᠳᠠᠯᠳᠠ ᠭᠡᠮ ᠢ ᠵᠢᠭᠰᠠᠭᠠᠨ ᠪᠠᠶᠢᠴᠠᠭᠠᠬᠤ | ᠪᠠᠨ ᠴᠢᠩᠭᠠᠳᠬᠠᠵᠤ᠂ ᠦᠵᠡᠯ ᠰᠠᠨᠠᠭᠠᠨ ᠤ ᠲᠠᠯ᠎ᠠ ᠪᠠᠷ ᠴᠢᠬᠤᠯᠠᠴᠢᠯᠠᠭᠰᠠᠨ ᠢᠶᠠᠷ ᠬᠦᠷᠦᠯᠴᠡᠬᠦ ᠦᠭᠡᠢ᠂ ᠠᠮᠤᠷ | ᠲᠦᠪᠰᠢᠨ ᠤ ᠤᠬᠠᠮᠰᠠᠷ ᠴᠢᠩᠭ᠎ᠠ ᠪᠢᠰᠢ᠂ ᠠᠵᠢᠯ ᠤᠨ ᠰᠤᠷᠲᠠᠯ ᠯᠠᠪᠳᠠᠭᠤᠨ ᠪᠢᠰᠢ᠂ ᠠᠮᠤᠷ ᠲᠦᠪᠰᠢᠨ ᠤ ᠰᠠᠭᠤᠷᠢ | ᠪᠠᠲᠤ ᠪᠢᠰᠢ ᠠᠰᠠᠭᠤᠳᠠᠯ ᠢ ᠦᠨᠡᠨ ᠬᠦ ᠰᠢᠢᠳᠪᠦᠷᠢᠯᠡᠵᠦ᠂ ᠮᠠᠨ ᠤ ᠰᠢᠶᠠᠨ ᠤ ᠰᠤᠷᠭᠠᠭᠤᠯᠢ ᠶᠢᠨ ᠬᠦᠷᠢᠶᠡᠨ ᠤ ᠠᠮᠤᠷ | ᠲᠦᠪᠰᠢᠨ ᠤ ᠵᠠᠰᠠᠯᠲᠠ ᠶᠢᠨ ᠣᠳᠣᠬᠢᠴᠢᠯᠠᠯᠲᠠ ᠶᠢ ᠭᠦᠨᠵᠡᠭᠡᠶ ᠠᠬᠢᠭᠤᠯᠤᠨ᠂ ᠰᠤᠷᠭᠠᠭᠤᠯᠢ ᠶᠢᠨ ᠬᠦᠷᠢᠶ᠎ᠡ ᠪᠠ | ᠰᠤᠷᠤᠭᠴᠢ ᠶᠢᠨ ᠠᠮᠤᠷ ᠲᠦᠪᠰᠢᠨ᠂ ᠪᠠᠯᠴᠢᠷ ᠬᠡᠦᠬᠡᠳ ᠤᠨ ᠠᠮᠤᠷ ᠲᠦᠪᠰᠢᠨ ᠤ ᠲᠠᠯ᠎ᠠ ᠪᠠᠷ ᠰᠠᠶᠢᠲᠤᠷ ᠬᠢᠵᠦ᠂ | ᠬᠠᠮᠤᠭ ᠤᠨ ᠶᠡᠭᠡ ᠴᠢᠷᠮᠠᠶᠢᠯᠭ᠎ᠠ ᠪᠠᠷ ᠪᠠᠭᠰᠢ ᠰᠤᠷᠤᠭᠴᠢᠳ ᠤᠨ ᠠᠮᠢ ᠨᠠᠰᠤᠨ ᠤ ᠠᠮᠤᠷ ᠲᠦᠪᠰᠢᠨ ᠢ ᠪᠠᠲᠤᠯᠠᠬᠤ | ᠬᠡᠷᠡᠭᠲᠡᠶ ᠭᠡᠪᠡ᠃ | ᠨᠠᠨ ᠨᠠᠨ ᠵᠡᠷᠭᠡ ᠰᠢᠶᠠᠨ ᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠤᠳᠤᠷᠢᠳᠬᠤ | ᠳᠤᠭᠤᠶᠢᠯᠠᠩ ᠤᠨ ᠪᠦᠷᠢᠯᠳᠦᠬᠦᠨ ᠬᠤᠷᠠᠯ ᠳᠤ ᠣᠷᠣᠯᠴᠠᠪᠠ᠃ |