ᠾᠧ ᠬᠠᠢ ᠳ᠋ᠦᠩ ᠠᠶᠤᠯᠭᠦᠢ ᠦᠢᠯᠡᠳᠪᠦᠷᠢᠯᠡᠯ᠂ ᠫᠤᠤᠵᠢᠩ ᠢ ᠬᠠᠮᠢᠶᠠᠷᠤᠨ ᠡᠵᠡᠮᠳᠡᠬᠦ ᠵᠡᠷᠭᠡ ᠠᠵᠢᠯ ᠢ ᠨᠢᠭᠤᠴᠠ ᠪᠠᠷ ᠰᠤᠷᠪᠤᠯᠵᠢᠯᠠᠵᠤ ᠪᠠᠶᠢᠴᠠᠭᠠᠨ ᠰᠤᠳᠤᠯᠤᠯᠲᠠ ᠬᠢᠬᠦ ᠳᠡᠭᠡᠨ ᠴᠢᠬᠤᠯᠠᠴᠢᠯᠠᠭᠰᠠᠨ ᠨᠢ ᠬᠠᠷᠢᠭᠤᠴᠠᠯᠭ᠎ᠠ ᠪᠠᠨ ᠪᠣᠳᠠᠲᠠᠶᠢᠵᠢᠭᠤᠯᠤᠨ ᠠᠷᠭ᠎ᠠ ᠪᠣᠳᠣᠯᠭ᠎ᠠ ᠶᠢ ᠣᠨᠣᠪᠴᠢᠲᠠᠢ ᠬᠡᠷᠡᠭᠵᠢᠭᠦᠯᠵᠦ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠰᠠᠶᠢᠨ ᠰᠠᠶᠢᠬᠠᠨ ᠣᠷᠴᠢᠨ ᠨᠥᠬᠦᠴᠡᠯ ᠢ ᠪᠦᠷᠢᠯᠳᠦᠭᠦᠯᠬᠦ ᠬᠡᠷᠡᠭᠲᠡᠢ
ᠨᠡᠶᠢᠲᠡᠯᠡᠭᠰᠡᠨ ᠴᠠᠭ᠄
2021/3/1
      ︵ᠰᠤᠷᠪᠤᠯᠵᠢᠯᠠᠭᠴᠢ ᠯᠢᠶᠠᠩ ᠵᠢᠩ ᠱᠤ᠋︶ 2 ᠳ᠋ᠤᠭᠠᠷ ᠰᠠᠷ᠎ᠠ ᠶᠢᠨ 25 ᠤ ᠣᠷᠣᠢ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠾᠧ ᠬᠠᠢ ᠳ᠋ᠦᠩ ᠠᠶᠤᠯᠭᠦᠢ ᠦᠢᠯᠡᠳᠪᠦᠷᠢᠯᠡᠯ᠂ ᠫᠤᠤᠵᠢᠩ ᠢ ᠬᠠᠮᠢᠶᠠᠷᠤᠨ ᠡᠵᠡᠮᠳᠡᠬᠦ ᠵᠡᠷᠭᠡ ᠠᠵᠢᠯ ᠢ ᠨᠢᠭᠤᠴᠠ ᠪᠠᠷ ᠰᠤᠷᠪᠤᠯᠵᠢᠯᠠᠵᠤ ᠪᠠᠶᠢᠴᠠᠭᠠᠨ ᠰᠤᠳᠤᠯᠤᠯᠲᠠ ᠬᠢᠬᠦ ᠳᠡᠭᠡᠨ ᠴᠢᠬᠤᠯᠠᠴᠢᠯᠠᠭᠰᠠᠨ ᠨᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠬᠠᠷᠢᠭᠤᠴᠠᠯᠭ᠎ᠠ ᠪᠠᠨ ᠪᠣᠳᠠᠲᠠᠶᠢᠵᠢᠭᠤᠯᠤᠨ᠂ ᠠᠷᠭ᠎ᠠ ᠪᠣᠳᠣᠯᠭ᠎ᠠ ᠶᠢ ᠣᠨᠣᠪᠴᠢᠲᠠᠢ ᠬᠡᠷᠡᠭᠵᠢᠭᠦᠯᠵᠦ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠰᠠᠶᠢᠨ ᠰᠠᠶᠢᠬᠠᠨ ᠣᠷᠴᠢᠨ ᠨᠥᠬᠦᠴᠡᠯ ᠢ ᠪᠦᠷᠢᠯᠳᠦᠭᠦᠯᠬᠦ ᠬᠡᠷᠡᠭᠲᠡᠢ ᠭᠡᠵᠡᠢ᠃      ᠵᠧᠩ ᠬᠤᠸᠠ ᠬᠤᠳᠠᠯᠳᠤᠭᠠᠨ ᠤ ᠭᠠᠵᠠᠷ᠂ ᠾᠧ ᠬᠠᠢ ᠳ᠋ᠦᠩ ᠬᠥᠮᠥᠨ ᠤ ᠨᠢᠭᠤᠷ ᠢ ᠰᠢᠷᠪᠢᠨ ᠪᠡᠶ᠎ᠡ ᠶᠢᠨ ᠳᠤᠯᠠᠭᠠᠨ ᠢ ᠬᠡᠮᠵᠢᠬᠦ ᠬᠠᠮᠢᠶᠠᠷᠤᠯᠲᠠ ᠶᠢᠨ ᠰᠢᠰᠲ᠋ᠧᠮ ᠪᠠ ᠭᠠᠯ ᠰᠡᠷᠭᠡᠶᠢᠯᠡᠬᠦ ᠲᠥᠬᠦᠭᠡᠷᠦᠮᠵᠢ ᠶᠢᠨ ᠲᠣᠬᠢᠷᠠᠭᠤᠯᠤᠯᠲᠠ ᠶᠢ ᠪᠠᠶᠢᠴᠠᠭᠠᠨ ᠦᠵᠡᠵᠦ᠂ ᠬᠠᠷᠢᠭᠤᠴᠠᠯᠭᠠᠲᠠᠨ ᠠᠴᠠ ᠭᠠᠯ ᠰᠡᠷᠭᠡᠶᠢᠯᠡᠬᠦ ᠠᠶᠤᠯᠭᠦᠢ ᠶᠢᠨ ᠬᠠᠮᠢᠶᠠᠷᠤᠯᠲᠠ᠂ ᠭᠠᠯ ᠰᠡᠷᠭᠡᠶᠢᠯᠡᠬᠦ ᠠᠶᠤᠯᠭᠦᠢ ᠶᠢᠨ ᠬᠠᠷᠢᠭᠤᠴᠠᠯᠭ᠎ᠠ ᠶᠢᠨ ᠳᠦᠷᠢᠮ ᠢ ᠨᠠᠶᠢᠳᠠᠪᠤᠷᠢᠵᠢᠭᠤᠯᠤᠭᠰᠠᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠡᠷᠭᠡ ᠪᠠᠶᠢᠳᠠᠯ ᠢ ᠠᠰᠠᠭᠤᠨ ᠯᠠᠪᠯᠠᠪᠠ᠃ ᠲᠡᠷᠡ ᠴᠢᠬᠤᠯᠠᠴᠢᠯᠠᠬᠤ ᠳᠠᠭᠠᠨ᠂ ᠪᠠᠶᠠᠷ ᠤᠨ ᠡᠳᠦᠷ ᠤᠨ ᠬᠤᠭᠤᠴᠠᠭᠠᠨ ᠳᠠᠬᠢ ᠡᠯ᠎ᠡ ᠵᠦᠢᠯ ᠤᠨ ᠬᠡᠷᠡᠭᠯᠡᠭᠡᠨ ᠤ ᠲᠠᠯᠠᠪᠠᠢ ᠭᠠᠵᠠᠷ᠂ ᠬᠥᠮᠥᠨ ᠬᠠᠷ᠎ᠠ ᠲᠥᠪᠯᠡᠷᠡᠭᠰᠡᠨ ᠭᠠᠵᠠᠷ ᠣᠷᠣᠨ ᠤ ᠠᠶᠤᠯᠭᠦᠢ ᠶᠢᠨ ᠬᠠᠮᠢᠶᠠᠷᠤᠯᠲᠠ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠳᠦᠷᠢᠮ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠨᠠᠷᠢᠨ ᠵᠦᠢᠯ ᠤᠨ ᠬᠠᠮᠢᠶᠠᠷᠤᠯᠲᠠ ᠶᠢ ᠴᠢᠩᠭᠠᠳᠬᠠᠵᠤ᠂ ᠠᠵᠢᠯ ᠤᠨ ᠴᠣᠪᠣᠷᠠᠯ ᠢ ᠵᠢᠷᠤᠮᠵᠢᠭᠤᠯᠵᠤ᠂ ᠠᠶᠤᠯᠭᠦᠢ ᠶᠢᠨ ᠳᠠᠯᠳᠠ ᠭᠡᠮ ᠰᠣᠭᠤᠭ ᠢ ᠴᠠᠭ ᠳᠠᠷᠤᠢ ᠳᠤᠨᠢ ᠠᠷᠢᠯᠭᠠᠨ᠂ ᠦᠢᠯᠡᠳᠪᠦᠷᠢᠯᠡᠯ ᠡᠵᠡᠩᠨᠡᠯᠲᠡ ᠶᠢᠨ ᠠᠶᠤᠯᠭᠦᠢ ᠡᠮᠬᠢ ᠵᠢᠷᠤᠮ ᠲᠠᠢ ᠪᠠᠶᠢᠬᠤ ᠶᠢ ᠪᠠᠲᠤᠯᠠᠬᠤ ᠬᠡᠷᠡᠭᠲᠡᠢ᠃ ᠡᠭᠦᠨ ᠤ ᠬᠠᠮᠲᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠡᠪᠰᠢᠭᠰᠡᠨ ᠠᠵᠢᠯ ᠢ ᠨᠠᠷᠢᠨ ᠬᠢᠨᠠᠮᠠᠭᠠᠢ ᠬᠢᠬᠦ ᠬᠡᠷᠡᠭᠲᠡᠢ ᠭᠡᠵᠡᠢ᠃      ᠢᠦᠢ ᠴᠢᠣᠸᠠᠨ ᠲᠣᠭᠤᠷᠢᠭ ᠲᠤ᠂ ᠾᠧ ᠬᠠᠢ ᠳ᠋ᠦᠩ ᠤᠷᠢᠳ ᠬᠤᠵᠢᠳ ᠬᠤᠩ ᠪᠥᠸᠧ ᠬᠤᠸᠠ ᠶᠤᠸᠠᠨ ᠬᠤᠷᠢᠶᠠᠯᠠᠯ᠂ ᠬᠤᠩ ᠪᠥᠸᠧ ᠰᠠᠨ ᠽᠤ᠋ ᠲᠤᠸᠠᠨ ᠬᠤᠷᠢᠶᠠᠯᠠᠯ ᠵᠡᠷᠭᠡ ᠭᠠᠵᠠᠷ ᠢᠶᠠᠷ ᠪᠠᠶᠢᠴᠠᠭᠠᠨ ᠰᠤᠳᠤᠯᠵᠤ᠂ ᠬᠤᠭ ᠨᠣᠪᠰᠢ ᠶᠢ ᠲᠥᠷᠥᠯ ᠬᠤᠪᠢᠶᠠᠨ ᠵᠥᠭᠡᠭᠡᠪᠦᠷᠢᠯᠡᠬᠦ ᠪᠠᠶᠢᠳᠠᠯ ᠢ ᠠᠬᠤᠢ ᠲᠠᠯᠠᠪᠠᠢ ᠳᠤᠨᠢ ᠪᠠᠶᠢᠴᠠᠭᠠᠨ ᠦᠵᠡᠵᠦ᠂ ᠬᠠᠮᠢᠶᠠᠷᠤᠯᠲᠠ ᠶᠢᠨ ᠪᠠᠶᠢᠳᠠᠯ᠂ ᠲᠥᠷᠥᠯ ᠬᠤᠪᠢᠶᠠᠬᠤ ᠲᠥᠬᠦᠭᠡᠷᠦᠮᠵᠢ ᠪᠡᠯᠡᠳᠬᠡᠮᠵᠢ᠂ ᠰᠠᠭᠤᠭᠠᠯᠢ ᠠᠷᠠᠳ ᠤᠨ ᠣᠷᠣᠯᠴᠠᠵᠤ ᠪᠠᠶᠢᠭ᠎ᠠ ᠪᠠᠶᠢᠳᠠᠯ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠾᠧ ᠬᠠᠢ ᠳ᠋ᠦᠩ ᠬᠤᠭ ᠨᠣᠪᠰᠢ ᠶᠢ ᠲᠥᠷᠥᠯ ᠬᠤᠪᠢᠶᠠᠬᠤ ᠲᠤᠷᠰᠢᠯᠲᠠ ᠶᠢᠨ ᠬᠤᠷᠢᠶᠠᠯᠠᠯ ᠤᠨ ᠪᠦᠲᠦᠭᠡᠨ ᠪᠠᠶᠢᠭᠤᠯᠤᠯᠲᠠ ᠶᠢᠨ ᠠᠵᠢᠯ ᠢ ᠨᠤᠲᠠᠯᠠᠵᠤ᠂ ᠡᠯ᠎ᠡ ᠬᠤᠷᠢᠶᠠᠯᠠᠯ ᠤᠨ ᠠᠳᠠᠯᠢ ᠪᠤᠰᠤ ᠪᠠᠶᠢᠳᠠᠯ ᠢ ᠦᠨᠳᠦᠰᠦᠯᠡᠨ ᠳᠠᠭᠤᠷᠢᠶᠠᠵᠤ ᠪᠣᠯᠬᠤ ᠲᠣᠯᠢᠯᠠᠵᠤ ᠪᠣᠯᠬᠤ ᠳᠡᠯᠭᠡᠷᠡᠭᠦᠯᠵᠦ ᠪᠣᠯᠬᠤ ᠬᠤᠭ ᠨᠣᠪᠰᠢ ᠶᠢ ᠲᠥᠷᠥᠯ ᠬᠤᠪᠢᠶᠠᠬᠤ ᠬᠠᠮᠢᠶᠠᠷᠤᠯᠲᠠ ᠶᠢᠨ ᠮᠠᠶ᠋ᠢᠭ ᠢ ᠰᠦᠪᠡᠭᠴᠢᠯᠡᠨ᠂ ᠠᠵᠢᠯ ᠢ ᠪᠦᠬᠦ ᠲᠠᠯ᠎ᠠ ᠪᠠᠷ ᠥᠷᠨᠢᠭᠦᠯᠬᠦ ᠳᠤ ᠰᠠᠶᠢᠨ ᠰᠠᠭᠤᠷᠢ ᠲᠠᠯᠪᠢᠬᠤ ᠶᠢᠨ ᠬᠠᠮᠲᠤ᠂ ᠤᠬᠠᠭᠤᠯᠭ᠎ᠠ ᠰᠤᠷᠲᠠᠯᠴᠢᠯᠠᠭ᠎ᠠ ᠶᠢᠨ ᠡᠷᠴᠢᠮ ᠪᠠ ᠬᠡᠪᠴᠢᠶ᠎ᠡ ᠪᠠᠨ ᠲᠠᠰᠤᠷᠠᠯᠲᠠ ᠦᠭᠡᠢ ᠥᠷᠭᠡᠳᠬᠡᠵᠦ᠂ ᠨᠡᠩ ᠣᠯᠠᠨ ᠡᠭᠡᠯ ᠲᠦᠮᠡᠨ ᠢ ᠬᠤᠭ ᠨᠣᠪᠰᠢ ᠶᠢ ᠲᠥᠷᠥᠯ ᠬᠤᠪᠢᠶᠠᠬᠤ ᠳᠤ ᠢᠳᠡᠪᠬᠢᠲᠡᠢ ᠣᠷᠣᠯᠴᠠᠭᠤᠯᠬᠤ ᠬᠡᠷᠡᠭᠲᠡᠢ ᠭᠡᠵᠡᠢ᠃      ᠶᠡᠭᠡ ᠵᠤᠤ ᠶᠢᠨ ᠰᠣᠶᠣᠯ ᠤᠨ ᠲᠠᠯᠠᠪᠠᠢ ᠳᠤ᠂ ᠾᠧ ᠬᠠᠢ ᠳ᠋ᠦᠩ ᠫᠤᠤᠵᠢᠩ ᠢ ᠬᠠᠮᠢᠶᠠᠷᠤᠨ ᠡᠵᠡᠮᠳᠡᠬᠦ᠂ ᠬᠥᠮᠥᠨ ᠤ ᠤᠷᠤᠰᠬᠠᠯ ᠵᠢᠴᠢ ᠠᠮᠤᠷ ᠢ ᠬᠠᠮᠠᠭᠠᠯᠠᠬᠤ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠭᠰᠠᠨ ᠪᠠᠶᠢᠳᠠᠯ ᠢ ᠪᠠᠶᠢᠴᠠᠭᠠᠨ ᠦᠵᠡᠵᠦ᠂ ᠴᠠᠭᠳᠠᠭ᠎ᠠ ᠶᠢᠨ ᠬᠦᠴᠦᠨ ᠢ ᠲᠣᠬᠢᠷᠠᠭᠤᠯᠤᠭᠰᠠᠨ᠂ ᠬᠥᠮᠥᠰ ᠢ ᠲᠠᠷᠬᠠᠭᠠᠬᠤ᠂ ᠭᠡᠨᠡᠳᠲᠡ ᠶᠢᠨ ᠤᠴᠢᠷ ᠢ ᠠᠷᠭᠠᠴᠠᠭᠠᠬᠤ ᠵᠡᠷᠭᠡ ᠠᠮᠤᠷ ᠢ ᠬᠠᠮᠠᠭᠠᠯᠠᠬᠤ ᠠᠷᠭ᠎ᠠ ᠬᠡᠮᠵᠢᠶ᠎ᠡ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠢ ᠭᠤᠣᠯᠳᠠᠯᠭ᠎ᠠ ᠲᠠᠢ ᠴᠠᠭ ᠦᠶ᠎ᠡ ᠳᠠᠬᠢ ᠬᠠᠮᠢᠶᠠᠷᠤᠯᠲᠠ ᠡᠵᠡᠮᠳᠡᠯᠲᠡ ᠪᠠᠨ ᠴᠢᠩᠭᠠᠳᠬᠠᠬᠤ ᠬᠡᠷᠡᠭᠲᠡᠢ᠃ ᠬᠠᠷᠢᠶ᠎ᠠ ᠣᠷᠣᠨ ᠳᠠᠬᠢ ᠬᠠᠮᠢᠶᠠᠷᠤᠯᠲᠠ ᠶᠢᠨ ᠬᠠᠷᠢᠭᠤᠴᠠᠯᠭ᠎ᠠ ᠪᠠᠨ ᠪᠣᠳᠠᠲᠠᠶᠢᠵᠢᠭᠤᠯᠵᠤ᠂ ᠬᠤᠲᠠ ᠶᠢᠨ ᠲᠣᠭᠤᠷᠢᠭ ᠲᠤ ᠫᠤᠤᠵᠢᠩ ᠲᠠᠯᠪᠢᠬᠤ ᠶᠢ ᠴᠠᠭᠠᠵᠠᠯᠠᠬᠤ ᠤᠬᠠᠭᠤᠯᠭ᠎ᠠ ᠪᠠ ᠬᠠᠮᠢᠶᠠᠷᠤᠨ ᠡᠵᠡᠮᠳᠡᠬᠦ ᠠᠵᠢᠯ ᠢ ᠰᠠᠶᠢᠲᠤᠷ ᠬᠢᠬᠦ ᠬᠡᠷᠡᠭᠲᠡᠢ ᠭᠡᠵᠦ ᠱᠠᠭᠠᠷᠳᠠᠵᠠᠢ᠃      ᠬᠥᠬᠡᠬᠤᠲᠠ ᠶᠢᠨ ᠠᠮᠢ ᠠᠬᠤᠢ ᠶᠢᠨ ᠣᠷᠴᠢᠨ ᠲᠣᠭᠤᠷᠢᠨ ᠤ ᠬᠢᠨᠠᠨ ᠬᠡᠮᠵᠢᠬᠦ ᠥᠷᠲᠡᠭᠡᠨ ᠳᠤ᠂ ᠾᠧ ᠬᠠᠢ ᠳ᠋ᠦᠩ ᠬᠢᠨᠠᠨ ᠬᠡᠮᠵᠢᠬᠦ ᠥᠷᠲᠡᠭᠡ ᠶᠢᠨ ᠮᠠᠨ ᠤ ᠬᠤᠲᠠ ᠴᠠᠭᠠᠨ ᠰᠠᠷ᠎ᠠ ᠶᠢᠨ ᠬᠤᠭᠤᠴᠠᠭᠠᠨ ᠤ ᠠᠭᠠᠷ ᠮᠠᠨᠳᠠᠯ ᠤᠨ ᠶᠠᠰᠤ ᠴᠢᠨᠠᠷ ᠤᠨ ᠪᠠᠶᠢᠳᠠᠯ ᠤᠨ ᠵᠠᠳᠠᠯᠤᠯᠲᠠ ᠪᠠ ᠬᠠᠷᠢᠭᠤ ᠮᠡᠳᠡᠭᠦᠯᠦᠯᠲᠡ ᠶᠢ ᠰᠣᠨᠣᠰᠪᠠ᠃ ᠲᠡᠷᠡ ᠬᠡᠯᠡᠬᠦ ᠳᠡᠭᠡᠨ᠂ ᠬᠢᠨᠠᠨ ᠬᠡᠮᠵᠢᠬᠦ ᠥᠷᠲᠡᠭᠡ ︽ᠬᠢᠨᠠᠨ ᠬᠡᠮᠵᠢᠬᠦ + ᠬᠢᠨᠠᠨ ᠬᠠᠮᠢᠶᠠᠷᠬᠤ︾ ᠵᠢᠯᠣᠭᠤᠳᠴᠤ ᠲᠣᠬᠢᠷᠠᠭᠤᠯᠬᠤ ᠨᠡᠶᠢᠯᠡᠯ ᠬᠦᠴᠦᠨ ᠢ ᠪᠦᠷᠢᠯᠳᠦᠭᠦᠯᠵᠦ᠂ ᠵᠢᠯᠣᠭᠤᠳᠴᠤ ᠲᠣᠬᠢᠷᠠᠭᠤᠯᠬᠤ ᠪᠣᠳᠣᠯᠭ᠎ᠠ ᠲᠤᠭᠲᠠᠭᠠᠬᠤ᠂ ᠬᠡᠮᠵᠢᠬᠦ ᠬᠠᠮᠢᠶᠠᠷᠬᠤ ᠶᠢ ᠵᠣᠬᠢᠴᠠᠭᠤᠯᠬᠤ᠂ ᠣᠨᠣᠪᠴᠢᠲᠠᠢ ᠰᠡᠷᠡᠮᠵᠢᠯᠡᠭᠦᠯᠬᠦ ᠦᠢᠯᠡᠳᠦᠯ ᠢ ᠭᠦᠢᠴᠡᠳ ᠪᠠᠳᠠᠷᠠᠭᠤᠯᠬᠤ ᠬᠡᠷᠡᠭᠲᠡᠢ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠡᠷᠭᠢᠨ ᠲᠣᠭᠤᠷᠢᠨ ᠤ ᠪᠣᠬᠢᠷᠲᠤᠯ ᠤᠨ ᠡᠬᠢ ᠶᠢ ᠬᠠᠮᠢᠶᠠᠷᠤᠨ ᠡᠵᠡᠮᠳᠡᠬᠦ ᠠᠵᠢᠯ ᠢ ᠰᠠᠶᠢᠲᠤᠷ ᠠᠳᠬᠤᠵᠤ᠂ ᠭᠤᠣᠯᠳᠠᠭᠤ ᠫᠤᠤᠵᠢᠩ᠂ ᠪᠠᠷᠢᠯᠭ᠎ᠠ ᠶᠢᠨ ᠭᠠᠵᠠᠷ᠂ ᠮᠠᠰᠢᠨ ᠲᠡᠷᠭᠡᠨ ᠤ ᠰᠡᠭᠦᠯ ᠤᠨ ᠬᠡᠢ᠂ ᠡᠰᠢ ᠰᠦᠷᠡᠯ ᠢ ᠰᠤᠯᠠ ᠰᠢᠲᠠᠭᠠᠬᠤ ᠵᠡᠷᠭᠡ ᠶᠢ ᠬᠠᠮᠢᠶᠠᠷᠤᠨ ᠰᠢᠢᠳᠪᠦᠷᠢᠯᠡᠵᠦ᠂ ᠳᠠᠯᠳᠠ ᠬᠡᠮ ᠰᠣᠭᠤᠭ ᠢ ᠴᠠᠭ ᠲᠤᠬᠠᠢ  ᠳᠤᠨᠢ ᠰᠢᠭᠰᠢᠨ ᠪᠠᠶᠢᠴᠠᠭᠠᠵᠤ᠂ ᠠᠭᠠᠷ ᠮᠠᠨᠳᠠᠯ ᠤᠨ ᠶᠠᠰᠤ ᠴᠢᠨᠠᠷ ᠪᠠ ᠲᠤᠩᠭᠠᠯᠠᠭ ᠡᠳᠦᠷ ᠤᠨ ᠲᠤᠭ᠎ᠠ  ᠶᠢ ᠨᠡᠮᠡᠭᠳᠡᠭᠦᠯᠵᠦ᠂ ᠡᠭᠡᠯ ᠲᠦᠮᠡᠨ ᠳᠤ ᠬᠥᠬᠡ ᠣᠭᠲᠠᠷᠭᠤᠢ ᠳᠤ ᠬᠥᠪᠦᠩ ᠴᠠᠭᠠᠨ ᠡᠭᠦᠯᠡ ᠨᠡᠭᠦᠵᠦ᠂  ᠰᠦᠨᠢ ᠶᠢᠨ ᠲᠡᠭᠷᠢ ᠳᠤ ᠣᠳᠣᠳ ᠲᠦᠭᠡᠭᠰᠡᠨ ᠰᠠᠶᠢᠨ ᠰᠠᠶᠢᠬᠠᠨ ᠣᠷᠴᠢᠨ ᠲᠣᠭᠤᠷᠢᠨ ᠢ ᠣᠯᠭᠤᠬᠤ ᠬᠡᠷᠡᠭᠲᠡᠢ ᠭᠡᠵᠡᠢ᠃      ᠬᠤᠲᠠ ᠶᠢᠨ ᠳᠡᠳ᠋ ᠳᠠᠷᠤᠭ᠎ᠠ᠂ ᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠠᠷᠤᠭ᠎ᠠ ᠮᠠᠤ ᠪᠣᠣ ᠹᠧᠩ᠂ ᠬᠤᠲᠠ ᠶᠢᠨ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠵᠠᠩ ᠵᠦᠩ ᠳ᠋ᠦᠩ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠪᠠᠶᠢᠴᠠᠭᠠᠨ ᠰᠤᠳᠤᠯᠤᠯᠲᠠ ᠳᠤ ᠪᠠᠷ᠎ᠠ ᠪᠣᠯᠪᠠ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号