ᠵᠠᠩ ᠶᠦᠩ ᠸᠧᠨ ᠪᠣᠯᠪᠠᠰᠤᠨ ᠬᠤᠲᠠ ᠪᠠᠶᠢᠭᠤᠯᠬᠤ ᠠᠵᠢᠯ ᠢ ᠠᠬᠢᠭᠤᠯᠬᠤ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/3/10
     3 ᠳ᠋ᠤᠭᠠᠷ ᠰᠠᠷ᠎ᠠ ᠶᠢᠨ 8 ᠤ ᠡᠳᠦᠷ ᠤᠨ ᠦᠳᠡ ᠶᠢᠨ ᠬᠤᠶᠢᠨ᠎ᠠ᠂ ᠰᠢᠶᠠᠨ ᠤ ᠨᠠᠮ ᠤᠨ ᠬᠤᠷᠢᠶᠠᠨ ᠤ ᠱᠦᠵᠢ ᠵᠠᠩ ᠶᠦᠩ ᠸᠧᠨ ᠪᠣᠯᠪᠠᠰᠤᠨ ᠬᠤᠲᠠ ᠪᠠᠶᠢᠭᠤᠯᠬᠤ ᠠᠵᠢᠯ ᠢ ᠠᠬᠢᠭᠤᠯᠬᠤ ᠬᠤᠷᠠᠯ ᠢ ᠡᠷᠬᠢᠯᠡᠨ ᠬᠤᠷᠠᠯᠳᠤᠭᠤᠯᠬᠤ ᠳᠠᠭᠠᠨ ᠴᠢᠬᠤᠯᠠᠴᠢᠯᠠᠭᠰᠠᠨ ᠨᠢ᠂ ᠡᠯ᠎ᠡ ᠱᠠᠲᠤᠨ ᠤ ᠡᠯ᠎ᠡ ᠰᠠᠯᠠᠭ᠎ᠠ ᠮᠥᠴᠢᠷ ᠤᠨ ᠬᠢᠨ ᠪᠣᠯᠪᠠᠰᠤᠨ ᠬᠤᠲᠠ ᠪᠠᠶᠢᠭᠤᠯᠬᠤ ᠠᠵᠢᠯ ᠢ ᠰᠠᠶᠢᠲᠤᠷ ᠬᠢᠬᠦ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠨ ᠤᠯᠠᠮ ᠨᠢᠭᠡ ᠠᠯᠬᠤᠮ ᠴᠢᠩᠭᠠᠳᠬᠠᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠲᠤ ᠪᠠᠬᠢ ᠪᠤᠢ ᠪᠣᠯᠭᠠᠵᠤ᠂ ᠠᠷᠠᠳ ᠤᠨ ᠬᠤᠳᠠ ᠶᠢ ᠠᠷᠠᠳ ᠲᠦᠮᠡᠨ ᠪᠠᠶᠢᠭᠤᠯᠬᠤ᠂ ᠠᠷᠠᠳ ᠤᠨ ᠬᠤᠳᠠ ᠶᠢ ᠠᠷᠠᠳ ᠲᠦᠮᠡᠨ ᠬᠠᠮᠢᠶᠠᠷᠬᠤ ᠶᠢ ᠪᠠᠷᠢᠮᠲᠠᠯᠠᠵᠤ᠂ ᠳᠤᠲᠠᠭᠤᠳᠠᠯ ᠢ ᠨᠥᠬᠦᠪᠥᠷᠢᠯᠡᠬᠦ᠂ ᠰᠠᠭᠤᠷᠢ ᠶᠢ ᠴᠢᠩᠭᠠᠳᠬᠠᠬᠤ᠂ ᠳᠠᠪᠠᠭᠤᠯᠢᠭ ᠢ ᠪᠠᠳᠠᠷᠠᠭᠤᠯᠬᠤ᠂ ᠣᠨᠴᠠᠯᠢᠭ ᠢ ᠡᠭᠦᠳᠬᠦ ᠳᠤ ᠰᠠᠭᠤᠷᠢᠯᠠᠵᠤ᠂ ᠰᠢᠨᠲᠠᠷᠠᠰᠢ ᠦᠭᠡᠢ ᠪᠠᠷᠢᠮᠲᠠᠯᠠᠬᠤ ᠡᠷᠴᠢ ᠵᠣᠷᠢᠭ ᠢᠶᠠᠷ ᠪᠦᠬᠦ ᠤᠯᠤᠰ ᠤᠨ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠡᠯ᠎ᠡ ᠵᠦᠢᠯ ᠤᠨ ᠠᠵᠢᠯ ᠢ ᠦᠷᠭᠦᠯᠵᠢᠯᠡᠨ ᠰᠠᠶᠢᠲᠤᠷ ᠬᠢᠵᠦ᠂ ᠪᠣᠯᠪᠠᠰᠤᠨ ᠬᠤᠳᠠ ᠶᠢ ᠡᠭᠦᠳᠦᠨ ᠪᠠᠶᠢᠭᠤᠯᠤᠭᠰᠠᠨ ᠦᠷ᠎ᠡ ᠪᠦᠲᠦᠭᠡᠯ ᠢᠶᠠᠷ ᠳᠠᠮᠵᠢᠭᠤᠯᠤᠨ ᠪᠦᠬᠦ ᠰᠢᠶᠠᠨ ᠤ ᠤᠯᠠᠨ ᠲᠦᠮᠡᠨ ᠤ ᠵᠣᠯ ᠵᠢᠷᠭᠠᠯᠲᠤ ᠲᠦᠷᠦᠭᠳᠡᠯ ᠪᠠ ᠬᠠᠨᠤᠮᠵᠢ ᠶᠢᠨ ᠬᠡᠮᠵᠢᠶ᠎ᠡ ᠶᠢ ᠦᠨᠡᠨᠬᠦ ᠳᠡᠭᠡᠭᠰᠢᠯᠡᠭᠦᠯᠬᠦ ᠬᠡᠷᠡᠭᠲᠡᠢ ᠭᠡᠵᠡᠢ᠃      ᠵᠠᠩ ᠶᠦᠩ ᠸᠧᠨ ᠴᠢᠩᠭᠠᠳᠬᠠᠭᠰᠠᠨ ᠨᠢ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠠᠰᠠᠭᠤᠳᠠᠯ ᠤᠨ ᠨᠠᠷᠢᠨ ᠳᠠᠩᠰᠠ ᠶᠢ ᠪᠠᠶᠢᠭᠤᠯᠵᠤ᠂ ᠭᠤᠣᠯᠳᠠᠯᠭ᠎ᠠ ᠲᠠᠢ ᠠᠰᠠᠭᠤᠳᠠᠯ ᠢ ᠴᠡᠭᠴᠡᠯᠡᠨ ᠵᠠᠰᠠᠬᠤ᠂ ᠭᠤᠣᠯᠳᠠᠯᠭ᠎ᠠ ᠲᠠᠢ ᠢᠨᠵᠧᠨᠧᠷᠢᠩ ᠤᠨ ᠪᠦᠳᠦᠬᠡᠨ ᠪᠠᠶᠢᠭᠤᠯᠤᠯᠲᠠ᠂ ᠭᠤᠣᠯᠳᠠᠯᠭ᠎ᠠ ᠲᠠᠢ ᠳᠦᠷᠦᠯ ᠵᠦᠢᠯ ᠢ ᠲᠡᠮᠡᠴᠡᠨ ᠤᠯᠬᠤ ᠶᠢ ᠳᠤᠪᠤᠶᠢᠮ᠎ᠠ ᠰᠠᠶᠢᠲᠤᠷ ᠠᠳᠬᠤᠵᠤ᠂ ᠬᠦᠴᠦᠨ ᠢᠶᠠᠨ ᠲᠥᠪᠯᠡᠷᠡᠭᠦᠯᠦᠨ ᠳᠤᠲᠠᠭᠤᠳᠠᠯ ᠢ ᠨᠥᠬᠦᠪᠥᠷᠢᠯᠡᠵᠦ᠂ ᠪᠠᠭᠤᠷᠠᠢ ᠲᠠᠯ᠎ᠠ ᠶᠢ ᠴᠢᠩᠭᠠᠷᠠᠭᠤᠯᠣᠨ᠂ ᠳᠡᠭᠡᠭᠰᠢᠯᠡᠭᠦᠯᠬᠦ ᠶᠢ ᠠᠬᠢᠭᠤᠯᠵᠤ᠂ ᠳᠤᠲᠠᠭᠤᠳᠠᠯ ᠦᠯᠡᠳᠡᠭᠡᠬᠦ ᠦᠬᠡᠢ᠂ ᠪᠠᠯᠠᠢ ᠭᠠᠵᠠᠷ ᠦᠯᠡᠳᠡᠭᠡᠬᠦ ᠦᠬᠡᠢ ᠪᠠᠶᠢᠬᠤ ᠶᠢ ᠪᠠᠲᠤᠯᠠᠬᠤ ᠬᠡᠷᠡᠭᠲᠡᠢ ᠭᠡᠪᠡ᠃ ᠪᠠᠶᠢᠩᠭᠤᠵᠢᠭᠤᠯᠤᠨ ᠳᠣᠭᠢᠷᠠᠭᠤᠯᠬᠤ ᠲᠦᠷᠢᠮ ᠢ ᠬᠡᠷᠡᠭᠵᠢᠭᠦᠯᠵᠦ᠂ ᠠᠵᠢᠯ ᠤᠨ ᠨᠠᠷᠢᠨ ᠬᠠᠭᠤᠳᠠᠰᠤ ᠳᠤ ᠵᠢᠭᠰᠠᠭᠠᠭᠰᠠᠨ ᠡᠯ᠎ᠡ ᠵᠦᠢᠯ ᠤᠨ ᠡᠭᠦᠷᠭᠡ ᠶᠢ ᠡᠳᠦᠷ ᠲᠤ ᠨᠢᠭᠡ ᠤᠳᠠᠭ᠎ᠠ ᠳᠣᠭᠢᠷᠠᠭᠤᠯᠤᠨ᠂ ᠡᠳᠦᠷ ᠲᠤ ᠨᠢᠭᠡ ᠤᠳᠠᠭ᠎ᠠ ᠬᠤᠷᠢᠶᠠᠩᠭᠤᠶᠢᠯᠠᠵᠤ᠂ ᠲᠤᠬᠠᠶ ᠶᠢᠨ ᠴᠠᠭ ᠤᠨ ᠠᠬᠢᠴᠠ ᠶᠢᠨ ᠪᠠᠶᠢᠳᠠᠯ ᠢ ᠪᠥᠬᠦ ᠲᠠᠯ᠎ᠠ ᠪᠠᠷ ᠡᠵᠡᠮᠰᠢᠬᠦ ᠬᠡᠷᠡᠭᠲᠡᠶ᠃ ᠨᠢᠭᠡᠴᠡ ᠶᠢᠨ ᠳᠠᠭᠠᠭᠠᠴᠢᠯᠠᠨ ᠬᠠᠷᠢᠯᠴᠠᠬᠤ ᠪᠠᠭ᠎ᠠ ᠲᠣᠭᠤᠷᠢᠭ᠂ ᠠᠰᠠᠷ᠂ ᠵᠡᠭᠡᠯᠢ ᠭᠤᠳᠤᠮᠵᠢ ᠶᠢᠨ ᠠᠵᠢᠯ ᠢ ᠯᠠᠪᠳᠠᠭᠤᠨ ᠪᠠᠲᠤᠲᠠᠢ ᠥᠷᠨᠢᠭᠦᠯᠵᠦ᠂ ᠡᠭᠦᠳᠦᠨ ᠪᠠᠶᠢᠭᠤᠯᠬᠤ ᠰᠠᠭᠤᠷᠢ ᠶᠢ ᠴᠢᠨᠠᠭᠰᠢᠳᠠ ᠪᠠᠲᠤᠳᠬᠠᠵᠤ᠂ ︽ᠤᠯᠠᠨ ᠲᠦᠮᠡᠨ ᠤ ᠭᠡᠷ ᠤᠨ ᠡᠭᠦᠳᠡᠨ ᠳᠠᠬᠢ ᠶᠠᠪᠤᠳᠠᠯ︾ ᠢ ᠰᠠᠶᠢᠲᠤᠷ ᠬᠢᠵᠦ᠂ ᠪᠣᠯᠪᠠᠰᠤᠨ ᠬᠤᠳᠠ ᠶᠢ ᠴᠣᠭᠴᠠᠯᠠᠬᠤ ᠠᠵᠢᠯ ᠤᠨ ᠥᠳᠬᠡᠨ ᠵᠤᠵᠠᠭᠠᠨ ᠠᠭᠤᠷ ᠠᠮᠢᠰᠬᠤᠯ ᠢ ᠦᠷᠭᠦᠯᠵᠢᠯᠡᠨ ᠪᠤᠢ ᠪᠣᠯᠭᠠᠵᠤ᠂ ᠦᠨᠳᠦᠰᠦᠨ ᠱᠠᠲᠤᠨ ᠤ ᠬᠠᠮᠲᠤᠪᠠᠷ ᠪᠠᠶᠢᠭᠤᠯᠬᠤ ᠬᠠᠮᠲᠤᠪᠠᠷ ᠵᠠᠰᠠᠬᠤ ᠬᠠᠮᠲᠤᠪᠠᠷ ᠡᠳ᠋ᠯᠡᠬᠦ ᠪᠣᠯᠪᠠᠰᠤᠨ ᠬᠤᠳᠠ ᠶᠢ ᠴᠣᠭᠴᠠᠯᠠᠬᠤ ᠪᠠᠶᠢᠳᠠᠯ ᠢ ᠪᠤᠢ ᠪᠣᠯᠭᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠨᠢᠭᠡ ᠪᠦᠯᠦᠭ ᠠᠵᠢᠯ ᠬᠢᠬᠦ ᠰᠠᠨᠠᠭ᠎ᠠ ᠲᠠᠢ᠂ ᠠᠵᠢᠯ ᠬᠢᠵᠦ ᠴᠢᠳᠠᠬᠤ᠂ ᠠᠵᠢᠯ ᠬᠢᠵᠦ ᠪᠦᠲᠦᠭᠡᠬᠦ ᠺᠠᠳ᠋ᠷ ᠢ ᠬᠤᠳᠠ ᠪᠠᠶᠢᠭᠤᠯᠬᠤ ᠡᠩᠨᠡᠭᠡᠨ ᠳᠤ ᠣᠷᠣᠭᠤᠯᠵᠤ᠂ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠠᠵᠢᠯ ᠢ ᠨᠡᠩ ᠥᠷᠭᠡᠨ ᠬᠦᠷᠢᠶ᠎ᠡ᠂ ᠨᠡᠩ ᠥᠨᠳᠥᠷ ᠲᠦᠪᠰᠢᠨ᠂ ᠨᠡᠩ ᠭᠦᠨ ᠳᠠᠪᠬᠤᠷᠭ᠎ᠠ ᠲᠡᠰᠢ ᠤᠷᠤᠭᠰᠢᠯᠠᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠵᠤᠭᠠᠴᠠᠯ ᠤᠨ ᠳᠠᠪᠠᠭᠤᠯᠢᠭ ᠲᠠᠭᠠᠨ ᠰᠠᠭᠤᠷᠢᠯᠠᠵᠤ ᠪᠣᠯᠪᠠᠰᠤᠨ ᠬᠤᠳᠠ ᠪᠠᠶᠢᠭᠤᠯᠬᠤ ᠶᠢ ᠠᠳᠬᠤᠵᠤ᠂ ᠰᠣᠶᠣᠯ ᠤᠨ ᠠᠭᠤᠯᠬᠤᠨ ᠳᠠᠭᠠᠨ ᠰᠠᠭᠤᠷᠢᠯᠠᠵᠤ ᠪᠣᠯᠪᠠᠰᠤᠨ ᠬᠤᠳᠠ ᠪᠠᠶᠢᠭᠤᠯᠬᠤ ᠶᠢ ᠠᠳᠬᠤᠵᠤ᠂ ᠠᠮᠢ ᠠᠬᠤᠢ ᠶᠢᠨ ᠣᠨᠴᠠᠯᠢᠭ ᠲᠠᠭᠠᠨ ᠰᠠᠭᠤᠷᠢᠯᠠᠵᠤ ᠪᠣᠯᠪᠠᠰᠤᠨ ᠬᠤᠳᠠ ᠪᠠᠶᠢᠭᠤᠯᠬᠤ ᠶᠢ ᠠᠳᠬᠤᠵᠤ᠂ ᠤᠢ ᠰᠢᠭᠤᠢ ᠶᠢᠨ ᠳᠠᠪᠠᠭᠤᠯᠢᠭ ᠪᠣᠯᠤᠨ ᠣᠨᠴᠠᠯᠢᠭ ᠢ ᠲᠤᠪᠤᠶᠢᠯᠭᠠᠵᠦ ᠪᠣᠯᠪᠠᠰᠤᠨ ᠬᠤᠳᠠ ᠪᠠᠶᠢᠭᠤᠯᠬᠤ ᠵᠠᠮ ᠢᠶᠠᠷ ᠰᠠᠶᠢᠲᠤᠷ ᠵᠠᠮᠨᠠᠬᠤ ᠬᠡᠷᠡᠭᠲᠡᠢ᠃ ᠵᠡᠭᠡᠯᠢ ᠭᠤᠳᠤᠮᠵᠢ᠂ ᠬᠠᠭᠤᠴᠢᠨ ᠵᠢᠵᠢᠭ ᠲᠣᠭᠤᠷᠢᠭ᠂ ᠴᠤᠭᠯᠠᠭ᠎ᠠ ᠮᠠᠶᠢᠮᠠᠶ ᠶᠢᠨ ᠵᠠᠬ᠎ᠠ ᠳᠡᠯᠭᠡᠭᠦᠷ᠂ ᠬᠤᠲᠠ ᠶᠢᠨ ᠳᠤᠮᠳᠠᠬᠢ ᠲᠣᠰᠬᠤᠨ ᠵᠡᠷᠭᠡ ᠣᠯᠠᠨ ᠲᠦᠮᠡᠨ ᠤ ᠠᠮᠢᠳᠤᠷᠠᠯ ᠲᠠᠢ ᠨᠢᠭᠲᠠ ᠬᠤᠯᠪᠣᠭ᠎ᠠ ᠲᠠᠢ ᠴᠡᠭ ᠢ ᠴᠢᠩᠭ᠎ᠠ ᠠᠩᠬᠠᠷᠴᠤ᠂ ᠶᠡᠷᠦᠩᠬᠡᠶᠢᠯᠡᠨ ᠴᠡᠭᠴᠡᠯᠡᠨ ᠵᠠᠰᠠᠬᠤ ᠡᠷᠴᠢᠮ ᠢᠶᠠᠨ ᠦᠷᠭᠦᠯᠵᠢᠯᠡᠨ ᠴᠢᠩᠭᠠᠷᠠᠭᠤᠯᠵᠤ᠂ ︽ᠳᠣᠲᠣᠷ︾ ᠢ ᠦᠨᠡᠨ ᠬᠦ ᠪᠣᠳᠠᠲᠠᠶᠢᠵᠢᠭᠤᠯᠵᠤ᠂ ᠣᠯᠠᠨ ᠲᠦᠮᠡᠨ ᠳᠤ ᠦᠨᠡᠨ ᠪᠣᠳᠠᠲᠠᠶ ᠬᠤᠪᠢᠷᠠᠯᠲᠠ ᠶᠢ ᠮᠡᠳᠡᠷᠡᠭᠦᠯᠬᠦ ᠬᠡᠷᠡᠭᠲᠡᠶ ᠭᠡᠪᠡ᠃      ᠵᠠᠩ ᠶᠦᠩ ᠸᠧᠨ᠂ ᠪᠣᠯᠪᠠᠰᠤᠨ ᠬᠤᠳᠠ ᠶᠢ ᠴᠣᠭᠴᠠᠯᠠᠨ ᠪᠠᠶᠢᠭᠤᠯᠬᠤ ᠳᠤ ᠬᠠᠷᠢᠭᠤᠴᠠᠯᠭ᠎ᠠ ᠪᠠ ᠡᠷᠴᠢ ᠵᠣᠷᠢᠭ ᠢ ᠴᠢᠷᠮᠠᠶᠢᠨ ᠲᠡᠮᠡᠴᠡᠵᠦ᠂ ᠨᠠᠶᠢᠳᠠᠪᠤᠷᠢᠵᠢᠭᠤᠯᠬᠤ ᠪᠠ ᠨᠠᠷᠢᠨ ᠨᠢᠮᠪᠠᠢ ᠪᠠᠶᠢᠬᠤ ᠶᠢ ᠠᠳᠠᠯᠢᠳᠬᠠᠵᠤ ᠪᠣᠢ᠃ ᠳᠡᠭᠡᠳᠦ ᠳᠤᠤᠷᠠᠳᠤ ᠱᠠᠳᠤ ᠬᠤᠯᠪᠣᠭᠠᠯᠠᠨ ᠰᠢᠨ᠎ᠡ ᠶᠢ ᠡᠭᠦᠳᠬᠦ᠂ ᠬᠤᠳᠠ ᠬᠥᠳᠡᠭᠡ ᠬᠤᠯᠪᠣᠭᠠᠯᠠᠨ ᠰᠢᠨ᠎ᠡ ᠶᠢ ᠡᠭᠦᠳᠬᠦ ᠂ ᠰᠢᠰᠲ᠋ᠧᠮ ᠬᠡᠰᠡᠭ ᠬᠤᠯᠪᠣᠭᠠᠯᠠᠨ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠪᠦᠬᠦ ᠰᠢᠶᠠᠨ ᠤ ︽ᠨᠢᠭᠡ ᠬᠥᠯᠭᠡ ᠰᠢᠳᠠᠷ᠎ᠠ︾ ᠶᠢᠨ ᠪᠠᠶᠢᠷᠢᠰᠢᠯ ᠢ ᠪᠠᠲᠤ ᠪᠤᠢ ᠪᠣᠯᠭᠠᠵᠤ᠂ ᠭᠤᠣᠯᠳᠠᠯᠭ᠎ᠠ ᠶᠢ ᠳᠤᠪᠤᠶᠢᠯᠭᠠᠵᠤ᠂ ᠲᠤᠰ ᠲᠤᠰ ᠤᠨ ᠬᠠᠷᠢᠭᠤᠴᠠᠯᠭ᠎ᠠ ᠪᠠᠨ ᠭᠦᠢᠴᠡᠳᠬᠡᠬᠦ ᠪᠠᠷ ᠪᠠᠷᠠᠬᠤ ᠦᠭᠡᠢ ᠪᠠᠰᠠ ᠪᠦᠬᠦ ᠲᠠᠯ᠎ᠠ ᠪᠠᠷ ᠲᠥᠯᠥᠪᠵᠢᠭᠦᠯᠵᠦ᠂ ᠵᠣᠬᠢᠴᠠᠭᠤᠯᠤᠨ ᠠᠬᠢᠭᠤᠯᠵᠤ᠂ ᠬᠠᠮᠲᠤᠷᠠᠯ ᠤᠨ ᠬᠦᠴᠦᠨ ᠢ ᠴᠢᠨᠠᠭᠰᠢᠳᠠ ᠨᠢᠭᠲᠠᠷᠠᠭᠤᠯᠵᠤ᠂ ᠵᠡᠷᠭᠡᠪᠡᠷ ᠠᠳᠬᠤᠨ ᠬᠠᠮᠲᠤᠪᠠᠷ ᠬᠠᠮᠢᠶᠠᠷᠴᠤ᠂ ᠢᠯᠠᠯᠲᠠ ᠶᠢᠨ ᠡᠷᠴᠢᠨ ᠳᠡᠭᠡᠷ᠎ᠡ ᠤᠷᠤᠭᠰᠢᠯᠠᠵᠤ᠂ ᠬᠠᠷᠢᠭᠤᠴᠠᠯᠭ᠎ᠠ ᠶᠢ ᠦᠨᠡᠨᠬᠦ ᠪᠠᠲᠤᠳᠬᠠᠬᠤ ᠬᠡᠷᠡᠭᠲᠡᠢ ᠭᠡᠵᠦ ᠴᠢᠩᠭᠠᠳᠬᠠᠭᠰᠠᠨ ᠪᠠᠶᠢᠨ᠎ᠠ᠃      ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠯᠢ ᠯᠢᠦ ᠰᠢᠶᠤᠤ ᠬᠤᠷᠠᠯ ᠳᠡᠭᠡᠷ᠎ᠡ ᠴᠢᠬᠤᠯᠠᠴᠢᠯᠠᠭᠰᠠᠨ ᠨᠢ᠂ ᠴᠡᠭᠴᠡᠯᠡᠨ ᠥᠭᠡᠷᠡᠴᠢᠯᠡᠬᠦ ᠲᠣᠳᠣᠷᠬᠠᠶ ᠬᠠᠭᠤᠳᠠᠰᠤ ᠶᠢ ᠡᠮᠬᠢᠯᠡᠨ ᠲᠣᠭᠲᠠᠭᠠᠵᠤ᠂ ᠲᠣᠳᠣᠷᠬᠠᠶ ᠬᠠᠭᠤᠳᠠᠰᠤ ᠶᠢᠨ ᠳ᠋ᠤᠭᠠᠷ ᠢ ᠬᠠᠰᠤᠬᠤ ᠲᠣᠭᠲᠠᠴᠠ ᠶᠢ ᠪᠠᠶᠢᠭᠤᠯᠤᠨ᠂ ᠡᠭᠦᠳᠦᠨ ᠪᠠᠶᠢᠭᠤᠯᠬᠤ ᠶᠠᠪᠤᠴᠠ ᠳᠤ ᠣᠷᠣᠰᠢᠵᠤ ᠪᠠᠶᠢᠭ᠎ᠠ ᠳᠤᠲᠠᠭᠤᠳᠠᠯ ᠪᠠ ᠪᠠᠭᠤᠷᠠᠶ ᠵᠦᠢᠯ ᠳᠤ ᠴᠢᠭᠯᠡᠭᠦᠯᠦᠨ᠂ ᠨᠢᠭᠡᠳ ᠨᠢᠭᠡ ᠪᠠᠷ ᠴᠡᠭᠴᠡᠯᠡᠨ ᠥᠭᠡᠷᠡᠴᠢᠯᠡᠵᠦ᠂ ᠵᠦᠢᠯ ᠨᠢᠭᠡᠪᠦᠷᠢ ᠪᠠᠷ ᠳ᠋ᠤᠭᠠᠷ ᠢ ᠬᠠᠰᠤᠵᠤ᠂ ᠠᠵᠢᠯ ᠢᠶᠠᠨ ᠦᠨᠡᠨ ᠬᠦ ᠨᠠᠷᠢᠨ ᠨᠢᠮᠪᠠᠶ ᠨᠠᠶᠢᠳᠠᠪᠤᠷᠢᠵᠢᠭᠤᠯᠬᠤ ᠬᠡᠷᠡᠭᠲᠡᠶ᠃ ᠬᠠᠷᠢᠭᠤᠴᠠᠯᠭ᠎ᠠ ᠶᠢ ᠱᠠᠳᠤ ᠱᠠᠳᠤ ᠪᠠᠷ ᠪᠣᠳᠠᠲᠠᠶᠢᠵᠢᠭᠤᠯᠵᠤ᠂ ᠱᠠᠳᠤ ᠱᠠᠳᠤ ᠪᠠᠷ ᠳᠠᠷᠤᠯᠲᠠ ᠥᠭᠬᠦ ᠪᠠᠷ ᠳᠠᠮᠵᠢᠭᠤᠯᠵᠤ᠂ ᠳᠤᠲᠠᠭᠤᠳᠠᠯ ᠢ ᠣᠨᠣᠪᠴᠢᠲᠠᠢ ᠡᠷᠢᠵᠦ᠂ ᠤᠨᠢᠨ ᠳᠡᠭᠡᠷ᠎ᠡ ᠨᠢ ᠬᠦᠴᠦᠯᠡᠵᠦ᠂ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠺᠠᠳ᠋ᠷ ᠤᠨ ᠵᠣᠪᠠᠭᠤᠷᠢ ᠵᠦᠳᠡᠭᠦᠷᠢ ᠶᠢᠨ ᠵᠢᠭᠠᠯᠲᠠ ᠲᠤᠭ᠎ᠠ ᠪᠠᠷ ᠠᠷᠠᠳ ᠤᠯᠠᠨ ᠤ ᠵᠣᠯ ᠵᠢᠷᠭᠠᠯ ᠤᠨ ᠵᠢᠭᠠᠯᠲᠠ ᠲᠤᠭ᠎ᠠ ᠶᠢ ᠰᠣᠯᠢᠬᠤ ᠬᠡᠷᠡᠭᠲᠡᠢ᠃ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠠᠵᠢᠯ ᠢ ᠴᠢᠬᠤᠯᠠᠴᠢᠯᠠᠨ ᠳᠡᠮᠵᠢᠬᠦ ᠰᠠᠶᠢᠨ ᠰᠠᠶᠢᠬᠠᠨ ᠠᠭᠤᠷ ᠠᠮᠢᠰᠬᠤᠯ ᠢ ᠤᠯᠠᠮ ᠴᠢᠨᠠᠭᠰᠢᠳᠠ ᠪᠤᠢ ᠪᠣᠯᠭᠠᠵᠤ᠂ ᠪᠦᠬᠦ ᠠᠷᠠᠳ ᠢᠶᠠᠷ ᠢᠶᠠᠨ ᠪᠣᠯᠪᠠᠰᠤᠨ ᠬᠤᠳᠠ ᠶᠢ ᠡᠭᠦᠳᠦᠨ ᠪᠠᠶᠢᠭᠤᠯᠬᠤ ᠳᠤ ᠣᠷᠣᠯᠴᠠᠬᠤ ᠶᠢ ᠠᠬᠢᠭᠤᠯᠵᠤ᠂ ᠬᠦᠴᠦᠷᠬᠡᠭ ᠶᠡᠭᠡ ᠡᠭᠦᠳᠦᠨ ᠪᠠᠶᠢᠭᠤᠯᠬᠤ ᠬᠠᠮᠲᠤᠷᠠᠯ ᠤᠨ ᠬᠦᠴᠦᠨ ᠢ ᠦᠨᠡᠨᠬᠦ ᠪᠤᠢ ᠪᠣᠯᠭᠠᠬᠤ ᠬᠡᠷᠡᠭᠲᠡᠢ᠃ ᠪᠣᠯᠪᠠᠰᠤᠨ ᠤ ᠦᠢᠯᠡᠳᠦᠯᠭᠡ ᠶᠢᠨ ᠪᠣᠯᠪᠠᠰᠤᠷᠠᠯ ᠢ ᠴᠢᠩᠭᠠᠳᠬᠠᠵᠤ᠂ ᠳᠡᠷᠭᠡᠳᠡᠬᠢ ᠦᠯᠢᠭᠡᠷ ᠳᠠᠭᠤᠷᠢᠶᠠᠯ ᠤᠨ ᠵᠢᠱᠢᠶ᠎ᠡ ᠦᠵᠡᠭᠦᠯᠵᠦ ᠬᠦᠳᠦᠯᠦᠨ ᠳᠠᠭᠠᠭᠤᠯᠬᠤ ᠦᠢᠯᠡᠳᠦᠯ ᠢ ᠰᠠᠶᠢᠲᠤᠷ ᠪᠠᠳᠠᠷᠠᠭᠤᠯᠵᠤ᠂ ᠦᠯᠦ ᠮᠡᠳᠡᠭᠳᠡᠮ᠎ᠡ ᠰᠤᠷᠭᠠᠨ ᠬᠥᠮᠦᠵᠢᠯ ᠤᠨ ᠬᠠᠮᠢᠶᠠᠷᠤᠯᠲᠠ ᠶᠢᠨ ᠠᠷᠭ᠎ᠠ ᠬᠡᠯᠪᠡᠷᠢ ᠶᠢ ᠴᠢᠳᠠᠮᠠᠭᠠᠢ ᠪᠠᠷ ᠬᠡᠷᠡᠭᠯᠡᠵᠦ᠂ ᠬᠤᠳᠠ ᠶᠢᠨ ᠠᠷᠠᠳ ᠤᠨ ᠪᠣᠯᠪᠠᠰᠤᠨ ᠤ ᠬᠡᠪ ᠴᠢᠨᠠᠷ ᠤᠨ ᠶᠡᠷᠦᠩᠬᠡᠢ ᠳᠡᠭᠡᠭᠰᠢᠯᠡᠯᠲᠡ ᠶᠢ ᠠᠬᠢᠭᠤᠯᠬᠤ ᠬᠡᠷᠡᠭᠲᠡᠢ ᠭᠡᠪᠡ᠃      ᠬᠤᠷᠠᠯ ᠳᠡᠭᠡᠷ᠎ᠡ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠯᠢ ᡁᠢ ᠭᠠᠩ ᠪᠣᠯᠪᠠᠰᠤᠨ ᠬᠤᠲᠠ ᠪᠠᠶᠢᠭᠤᠯᠬᠤ ᠠᠵᠢᠯ ᠢ ᠳᠥᠯᠭᠢᠨ ᠠᠬᠢᠭᠤᠯᠬᠤ ᠳᠤᠮᠳᠠ ᠣᠷᠣᠰᠢᠵᠤ ᠪᠠᠶᠢᠭ᠎ᠠ ᠠᠰᠠᠭᠤᠳᠠᠯ ᠤᠨ ᠲᠤᠬᠠᠶ ᠬᠠᠷᠢᠭᠤ ᠮᠡᠳᠡᠭᠦᠯᠦᠯᠲᠡ ᠬᠢᠵᠡᠶ᠃      ᠰᠢᠶᠠᠨ ᠤ ᠤᠳᠤᠷᠢᠳᠤᠯᠭ᠎ᠠ ᠨᠠᠨ ᠨᠠᠨ᠂ ᠮᠠ ᠸᠧᠨ ᠵᠢᠩ᠂ ᠮᠠ ᡁᠢ ᠪᠢᠨ᠂ ᠵᠠᠩ ᠵᠢᠶᠦ᠋ᠨ ᠴᠢᠩ ᠬᠤᠷᠠᠯ ᠳᠤ ᠣᠷᠣᠯᠴᠠᠭᠰᠠᠨ ᠪᠥᠭᠡᠳ ᠬᠤᠯᠪᠣᠭᠳᠠᠯ ᠪᠦᠬᠦᠢ ᠠᠵᠢᠯ ᠤᠨ ᠲᠠᠯ᠎ᠠ ᠪᠠᠷ ᠪᠣᠳᠠᠲᠠᠶ ᠱᠠᠭᠠᠷᠳᠠᠯᠭ᠎ᠠ ᠳᠤᠷᠠᠳᠤᠭᠰᠠᠨ ᠪᠠᠶᠢᠨ᠎ᠠ᠃  
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号