ᠾᠧ ᠬᠠᠢ ᠳ᠋ᠦᠩ ᠬᠤᠲᠠ ᠶᠢᠨ ᠵᠠᠰᠠᠭ ᠤᠨ ᠣᠷᠳᠣᠨ ᠤ 2021 ᠣᠨ ᠤ ᠪᠦᠭᠦᠳᠡ ᠬᠤᠷᠠᠯ ᠵᠢᠴᠢ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠠᠵᠢᠯ ᠤᠨ ᠬᠤᠷᠠᠯ ᠳᠡᠭᠡᠷ᠎ᠡ ᠴᠢᠬᠤᠯᠠᠴᠢᠯᠠᠭᠰᠠᠨ ᠨᠢ ︽ᠰᠠᠶᠢᠨ ᠤᠴᠢᠷ ᠬᠢᠬᠦ︾ ︽  ᠣᠰᠣᠯ ᠭᠠᠷᠭᠠᠬᠤ ᠦᠭᠡᠢ︾ ᠬᠤᠶᠠᠷ ᠶᠡᠭᠡ ᠭᠤᠣᠯ ᠰᠡᠳᠦᠪ ᠢ  ᠴᠢᠩᠭ᠎ᠠ ᠡᠵᠡᠮᠳᠡᠵᠦ ᠵᠠᠰᠠᠭ ᠤᠨ ᠣᠷᠳᠣᠨ ᠤ ᠡᠯ᠎ᠡ ᠵᠦᠢᠯ ᠤᠨ ᠠᠵᠢᠯ ᠢ ᠰᠠᠶᠢᠬᠠᠨ ᠡᠬᠢᠯᠡᠭᠦᠯᠬᠦ ᠬᠡᠷᠡᠭᠲᠡᠢ
ᠨᠡᠶᠢᠲᠡᠯᠡᠭᠰᠡᠨ ᠴᠠᠭ᠄
2021/3/10
      3 ᠳ᠋ᠤᠭᠠᠷ ᠰᠠᠷ᠎ᠠ ᠶᠢᠨ 9 ᠤ ᠡᠳᠦᠷ᠂ ᠬᠤᠲᠠ ᠶᠢᠨ ᠵᠠᠰᠠᠭ ᠤᠨ ᠣᠷᠳᠣᠨ ᠤ 2021 ᠣᠨ ᠤ ᠪᠦᠭᠦᠳᠡ ᠬᠤᠷᠠᠯ ᠵᠢᠴᠢ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠠᠵᠢᠯ ᠤᠨ ᠬᠤᠷᠠᠯ ᠬᠤᠷᠠᠯᠳᠤᠵᠤ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠾᠧ ᠬᠠᠢ ᠳ᠋ᠦᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠶᠡᠷᠦᠩᠬᠡᠢ ᠱᠦᠵᠢ ᠰᠢ ᠶᠢᠨ ᠫᠢᠩ ᠤᠨ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ︽ᠰᠠᠶᠢᠨ ᠤᠴᠢᠷ ᠬᠢᠬᠦ︾ ︽ ᠣᠰᠤᠯ ᠭᠠᠷᠭᠠᠬᠤ ᠦᠭᠡᠢ︾ ᠬᠤᠶᠠᠷ ᠶᠡᠭᠡ ᠭᠤᠣᠯ ᠰᠡᠳᠦᠪ ᠢ ᠴᠢᠩᠭ᠎ᠠ  ᠡᠵᠡᠮᠳᠡᠵᠦ᠂ ᠵᠠᠰᠠᠭ ᠤᠨ ᠣᠷᠳᠣᠨ ᠤ ᠡᠯ᠎ᠡ ᠵᠦᠢᠯ ᠤᠨ ᠠᠵᠢᠯ ᠢ ᠰᠠᠶᠢᠬᠠᠨ ᠡᠬᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠵᠠᠢ᠃      ᠬᠤᠷᠠᠯ ᠳᠡᠭᠡᠷ᠎ᠡ᠂ ᠾᠧ ᠬᠠᠢ ᠳ᠋ᠦᠩ ︽ᠤᠴᠢᠷ ᠢ ᠬᠡᠷᠬᠢᠨ ᠠᠳᠬᠤᠬᠤ᠂ ᠵᠣᠭᠤᠰ ᠢ ᠬᠡᠷᠬᠢᠨ ᠲᠣᠬᠢᠷᠠᠭᠤᠯᠬᠤ ᠂ ᠺᠠᠳ᠋ᠷᠴᠤᠳ ᠤᠨ ᠴᠤᠭ ᠰᠦᠯᠳᠡ ᠶᠢ ᠬᠡᠷᠬᠢᠨ ᠳᠡᠭᠡᠭᠰᠢᠯᠡᠭᠦᠯᠬᠦ᠂ ᠠᠷᠢᠭᠤᠨ ᠴᠢᠬᠡᠴᠢ ᠶᠢᠨ ᠦᠨᠳᠦᠰᠦᠨ ᠱᠠᠭᠠᠷᠳᠠᠯᠭ᠎ᠠ ᠶᠢ ᠬᠡᠷᠬᠢᠨ ᠰᠠᠬᠢᠬᠤ︾ ᠳᠥᠷᠪᠡ ᠲᠠᠯ᠎ᠠ ᠪᠠᠷ ᠱᠠᠭᠠᠷᠳᠠᠯᠭ᠎ᠠ ᠳᠤᠷᠠᠳᠴᠠᠢ᠃      ᠾᠧ ᠬᠠᠢ ᠳ᠋ᠦᠩ ᠵᠢᠭᠠᠬᠤ ᠳᠠᠭᠠᠨ᠂ ᠡᠨᠡ ᠵᠢᠯ ᠪᠣᠯ ᠨᠠᠮ ᠪᠠᠶᠢᠭᠤᠯᠤᠭᠳᠠᠭᠰᠠᠨ 100 ᠵᠢᠯ ᠤᠨ ᠣᠢ ᠪᠣᠯᠣᠨ᠎ᠠ᠂ ᠣᠷᠣᠨ ᠤ ᠲᠥᠪ ᠬᠤᠲᠠ ᠪᠣᠯᠣᠭᠰᠠᠨ ᠤ ᠬᠤᠪᠢ ᠳᠤ᠂ ᠪᠦᠬᠦ ᠣᠷᠣᠨ ᠤ ︽ᠡᠮᠦᠨ᠎ᠡ ᠨᠢ ᠶᠠᠪᠤᠵᠤ᠂ ᠳᠠᠭᠤᠷᠢᠶᠠᠯ ᠪᠣᠯᠬᠤ︾ ᠬᠦᠨᠳᠦ ᠡᠭᠦᠷᠭᠡ ᠶᠢ ᠡᠭᠦᠷᠭᠡᠯᠡᠵᠦ ᠪᠠᠶᠢᠬᠤ ᠪᠠᠷ ᠪᠠᠷᠠᠬᠤ ᠦᠭᠡᠢ ᠪᠠᠰᠠ ᠪᠦᠬᠦ ᠬᠤᠲᠠ ᠶᠢᠨ 300 ᠭᠠᠷᠤᠢ ᠲᠦᠮᠡᠨ ᠡᠯ᠎ᠡ ᠦᠨᠳᠦᠰᠦᠲᠡᠨ ᠤ  ᠤᠯᠠᠨ ᠲᠦᠮᠡᠨ ᠤ ᠰᠠᠶᠢᠨ ᠰᠠᠶᠢᠬᠠᠨ ᠠᠮᠢᠳᠤᠷᠠᠯ ᠤᠨ ᠬᠦᠰᠡᠯ ᠮᠥᠷᠥᠭᠡᠳᠦᠯ ᠢ ᠡᠭᠦᠷᠴᠦ ᠪᠠᠶᠢᠨ᠎ᠠ᠂ ᠵᠠᠰᠠᠭ ᠤᠨ ᠣᠷᠳᠣᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠡᠷᠬᠡᠪᠰᠢ ᠡᠯ᠎ᠡ ᠵᠦᠢᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠪᠣᠳᠠᠲᠠᠢ ᠳᠤ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠭᠤᠣᠯᠳᠠᠯᠭ᠎ᠠ ᠶᠢ ᠴᠢᠬᠤᠯᠠᠴᠢᠯᠠᠨ ᠠᠳᠬᠤᠵᠤ᠂ ᠬᠠᠷᠢᠭᠤᠴᠠᠯᠭ᠎ᠠ ᠶᠢ ᠳᠠᠷᠤᠰᠢᠭᠤᠯᠤᠨ ᠠᠳᠬᠤᠵᠤ᠂ ᠦᠷ᠎ᠡ ᠳ᠋ᠦᠩ ᠢ ᠦᠵᠡᠨ ᠠᠳᠬᠤᠵᠤ᠂ ᠬᠠᠤᠯᠢ ᠳᠦᠷᠢᠮ ᠶᠣᠰᠣᠭᠠᠷ ᠠᠳᠬᠤᠵᠤ᠂ ᠠᠶᠢᠵᠠᠮ ᠢ ᠡᠵᠡᠮᠰᠢᠨ ᠠᠳᠬᠤᠵᠤ᠂ ᠬᠠᠮᠵᠢᠯᠴᠠᠨ ᠵᠣᠬᠢᠴᠠᠯᠳᠤᠭᠤᠯᠤᠨ ᠠᠳᠬᠤᠵᠤ᠂ ᠡᠯ᠎ᠡ ᠵᠦᠢᠯ ᠤᠨ ᠠᠵᠢᠯ ᠤᠨ ᠡᠭᠦᠷᠭᠡ ᠶᠢ ᠨᠠᠶᠢᠳᠠᠪᠤᠷᠢᠲᠠᠢ ᠰᠠᠶᠢᠬᠠᠨ ᠪᠡᠶᠡᠯᠡᠭᠦᠯᠬᠦ ᠬᠡᠷᠡᠭᠲᠡᠢ ᠭᠡᠵᠡᠢ᠃      ᠾᠧ ᠬᠠᠢ ᠳ᠋ᠦᠩ ᠴᠢᠬᠤᠯᠠᠴᠢᠯᠠᠬᠤ ᠳᠠᠭᠠᠨ᠂ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠡᠳ᠋ ᠤᠨ ᠵᠠᠰᠠᠭ ᠤᠨ ᠲᠣᠪᠴᠢᠶ᠎ᠠ ᠲᠠᠢ ᠢᠳᠡᠪᠬᠢᠲᠡᠢ ᠬᠠᠮᠵᠢᠯᠴᠠᠨ᠂ ᠰᠠᠶᠢᠨ ︽ᠮᠠᠯᠲᠠᠬᠤ︾᠂ ᠢᠳᠡᠪᠬᠢᠲᠡᠢ ︽ᠲᠡᠮᠡᠴᠡᠬᠦ︾᠂ ᠣᠯᠠᠨ ᠲᠠᠯ᠎ᠠ ᠠᠴᠠ ︽ᠣᠯᠬᠤ︾᠂ ᠠᠷᠪᠢᠯᠠᠨ ︽ᠭᠠᠮᠨᠠᠬᠤ︾᠂ ᠰᠢᠨᠵᠢᠯᠡᠬᠦ ᠤᠬᠠᠭᠠᠨᠴᠢ ᠪᠠᠷ ︽ᠵᠠᠷᠤᠬᠤ︾ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠭᠠᠶᠢᠯᠢ ᠶᠢᠨ ᠥᠷᠢ ᠶᠢ ᠲᠠᠲᠠᠪᠤᠷᠢᠯᠠᠬᠤ᠂ ᠭᠠᠵᠠᠷ ᠰᠢᠷᠣᠢ ᠬᠤᠳᠠᠯᠳᠤᠬᠤ᠂ ᠰᠢᠨ᠎ᠡ ᠨᠡᠮᠡᠭᠳᠡᠭᠰᠡᠨ ᠥᠷᠢ ᠶᠢᠨ ᠲᠡᠮᠳᠡᠭᠲᠦ ᠶᠢ ᠣᠯᠬᠤ᠂ ᠨᠡᠩ ᠣᠯᠠᠨ ᠮᠥᠩᠭᠦᠨ ᠭᠦᠢᠯᠭᠡᠭᠡᠨ ᠤ ᠬᠥᠷᠥᠩᠭᠡ ᠪᠠ ᠨᠡᠶᠢᠭᠡᠮ ᠤᠨ ᠬᠥᠷᠥᠩᠭᠡ ᠶᠢ ᠲᠠᠲᠠᠬᠤ ᠪᠤᠶᠤ ᠬᠥᠭᠵᠢᠭᠡᠨ ᠪᠦᠲᠦᠭᠡᠨ ᠪᠠᠶᠢᠭᠤᠯᠤᠯᠲᠠ ᠳᠤ ᠤᠷᠤᠭᠤᠯᠬᠤ᠂ ᠠᠷᠪᠢᠴᠢ ᠭᠠᠮᠳᠠᠢ ᠠᠮᠢᠳᠤᠷᠠᠯ ᠢ ᠥᠩᠭᠡᠷᠡᠭᠡᠬᠦ ᠱᠠᠭᠠᠷᠳᠠᠯᠭ᠎ᠠ ᠶᠢ ᠨᠠᠶᠢᠳᠠᠪᠤᠷᠢᠵᠢᠭᠤᠯᠬᠤ᠂ ᠨᠣᠷᠮᠠᠰᠢᠭᠤᠯᠤᠨ ᠬᠤᠪᠢ ᠣᠯᠭᠤᠬᠤ ᠪᠠ ᠱᠠᠩᠨᠠᠯ ᠲᠣᠷᠭᠠᠭᠤᠯᠢ ᠶᠢ ᠭᠦᠢᠴᠡᠳᠭᠡᠬᠦ ᠵᠡᠷᠭᠡ ᠠᠵᠢᠯ ᠤᠨ ᠡᠷᠴᠢᠮ ᠢ ᠴᠢᠩᠭᠠᠷᠠᠭᠤᠯᠵᠤ᠂ ᠡᠯ᠎ᠡ ᠵᠦᠢᠯ ᠤᠨ ᠪᠡᠯᠡ ᠮᠥᠩᠭᠦ ᠶᠢᠨ ᠬᠡᠷᠡᠭᠯᠡᠯᠲᠡ ᠶᠢ ᠰᠠᠶᠢᠬᠠᠨ ᠲᠣᠬᠢᠷᠠᠭᠤᠯᠤᠨ᠂ ᠵᠣᠭᠤᠰ ᠢ  ᠣᠨᠢᠨ ᠳᠡᠭᠡᠷ᠎ᠡ ᠨᠢ ᠬᠡᠷᠡᠭᠯᠡᠬᠦ ᠬᠡᠷᠡᠭᠲᠡᠢ ᠭᠡᠵᠡᠢ᠃      ᠾᠧ ᠬᠠᠢ ᠳ᠋ᠦᠩ ᠴᠢᠬᠤᠯᠠᠴᠢᠯᠠᠬᠤ ᠳᠠᠭᠠᠨ᠂ ︽ᠴᠤᠭ ᠰᠦᠯᠳᠡ︾ ᠪᠣᠯ ᠺᠠᠳ᠋ᠷᠴᠤᠳ ᠤᠨ ᠡᠩᠨᠡᠭᠡ ᠶᠢᠨ ᠣᠶᠤᠨ ᠰᠠᠨᠠᠭᠠᠨ ᠤ  ᠪᠠᠶᠢᠳᠠᠯ᠂ ᠠᠵᠢᠯ ᠤᠨ  ᠪᠠᠶᠢᠳᠠᠯ ᠤᠨ ᠲᠥᠪᠯᠡᠷᠡᠩᠭᠦᠢ ᠢᠯᠡᠷᠡᠯ ᠮᠥᠨ᠂ ᠲᠥᠪ ᠬᠤᠲᠠ ᠶᠢᠨ ᠺᠠᠳ᠋ᠷᠴᠤᠳ ᠤᠨ ︽ᠤᠯᠤᠰ ᠲᠥᠷᠥ ᠶᠢᠨ ᠪᠠᠲᠤ ᠬᠦᠴᠦᠨ︾ ᠢ ᠳᠡᠭᠡᠭᠰᠢᠯᠡᠭᠦᠯᠦᠨ᠂ ᠤᠯᠤᠰ ᠲᠥᠷᠥ ᠶᠢᠨ ᠮᠠᠭᠠᠳᠯᠠᠬᠤ ᠴᠢᠳᠠᠪᠤᠷᠢ᠂ ᠤᠯᠤᠰ ᠲᠥᠷᠥ ᠶᠢᠨ ᠣᠶᠢᠯᠠᠭᠠᠬᠤ ᠴᠢᠳᠠᠪᠤᠷᠢ᠂ ᠤᠯᠤᠰ ᠲᠥᠷᠥ ᠶᠢᠨ ᠬᠡᠷᠡᠭᠵᠢᠭᠦᠯᠬᠦ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠵᠠᠰᠠᠭ ᠤᠨ ᠣᠷᠳᠣᠨ ᠤ ᠡᠯ᠎ᠡ ᠵᠦᠢᠯ ᠤᠨ ᠠᠵᠢᠯ ᠬᠡᠵᠢᠶᠡᠳᠡ ᠵᠥᠪ ᠣᠨᠣᠪᠴᠢᠲᠠᠢ ᠤᠯᠤᠰ ᠲᠥᠷᠥ ᠶᠢᠨ ᠴᠢᠭᠯᠡᠯ ᠢᠶᠠᠷ ᠤᠷᠤᠭᠰᠢᠯᠠᠬᠤ ᠶᠢ ᠪᠠᠲᠤᠯᠠᠬᠤ ᠬᠡᠷᠡᠭᠲᠡᠢ︔ ᠲᠥᠪ ᠬᠤᠲᠠ ᠶᠢᠨ ᠺᠠᠳ᠋ᠷᠴᠤᠳ ᠤᠨ ︽ᠢᠷᠠᠭᠤ ᠠᠯᠳᠠᠷ ᠤᠨ ᠰᠡᠳᠬᠢᠯᠭᠡ︾ ᠶᠢ ᠬᠥᠮᠥᠵᠢᠭᠦᠯᠦᠨ᠂ ︽ᠲᠡᠷᠢᠭᠦᠨ ᠢ ᠲᠡᠮᠡᠴᠡᠬᠦ ︾ ᠶᠢ ᠬᠠᠷᠠᠯᠲᠠ ᠶᠢᠨ ᠤᠳᠤᠷᠢᠳᠤᠮᠵᠢ ᠪᠠᠨ ᠪᠣᠯᠭᠠᠬᠤ ᠬᠡᠷᠡᠭᠲᠡᠢ︔ ᠲᠥᠪ ᠬᠤᠲᠠ ᠶᠢᠨ ᠺᠠᠳ᠋ᠷᠴᠤᠳ ᠤᠨ ︽ᠠᠵᠢᠯ ᠬᠢᠬᠦ ᠤᠷᠮ᠎ᠠ︾ ᠶᠢ ᠬᠠᠷᠠᠭᠤᠯᠤᠨ᠂ ᠲᠣᠭᠲᠠᠭᠰᠠᠨ ᠤᠴᠢᠷ ᠲᠤ ᠰᠢᠭᠤᠷᠬᠠᠢ ᠠᠵᠢᠯᠯᠠᠨ ᠨᠠᠶᠢᠳᠠᠪᠤᠷᠢᠵᠢᠭᠤᠯᠤᠯᠲᠠ ᠶᠢ ᠠᠳᠬᠤᠬᠤ ᠬᠡᠷᠡᠭᠲᠡᠢ ᠭᠡᠵᠡᠢ᠃      ᠾᠧ ᠬᠠᠢ ᠳ᠋ᠦᠩ ᠵᠢᠭᠠᠬᠤ ᠳᠠᠭᠠᠨ᠂ ᠤᠴᠢᠷ ᠢ ᠪᠦᠲᠦᠭᠡᠬᠦ ᠨᠢ ᠨᠢᠭᠡ ᠵᠦᠢᠯ ᠤᠨ ᠬᠥᠭᠡᠭᠡᠴᠡᠯᠳᠦᠯ᠂  ᠣᠰᠤᠯ ᠭᠠᠷᠭᠠᠬᠤ ᠦᠭᠡᠢ ᠨᠢ ᠨᠢᠭᠡᠨ ᠬᠤᠷᠢᠭ᠎ᠠ ᠱᠤᠭᠤᠮ᠃ ᠵᠠᠰᠠᠭ ᠤᠨ ᠣᠷᠳᠣᠨ ᠤ ᠰᠢᠰᠲ᠋ᠧᠮ ᠤᠨ  ᠺᠠᠳ᠋ᠷ ᠪᠣᠯᠤᠭᠰᠠᠨ ᠤ ᠬᠤᠪᠢ ᠳᠤ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠮᠥᠷᠥᠨ ᠳᠡᠭᠡᠨ ᠡᠭᠦᠷᠴᠦ᠂ ᠠᠷᠢᠭᠤᠨ ᠴᠢᠬᠡᠴᠢ ᠥᠪᠡᠷ ᠢ ᠪᠠᠨ ᠱᠠᠭᠠᠷᠳᠠᠬᠤ ᠶᠢ ᠡᠮᠦᠨ᠎ᠡ ᠪᠠᠨ ᠪᠠᠷᠢᠵᠤ᠂ ᠰᠤᠷᠤᠯᠴᠠᠯᠭ᠎ᠠ ᠬᠥᠮᠥᠵᠢᠯ ᠢ ᠭᠠᠷ ᠲᠠᠭᠠᠨ ᠠᠳᠬᠤᠵᠤ᠂ ᠴᠢᠩᠭ᠎ᠠ ᠬᠠᠷᠢᠭᠤᠴᠠᠯᠭ᠎ᠠ ᠨᠡᠬᠡᠮᠵᠢᠯᠡᠬᠦ ᠶᠢ ᠨᠡᠩ ᠴᠢᠬᠤᠯᠠ ᠪᠠᠶᠢᠷᠢᠨ ᠳᠤ ᠲᠠᠯᠪᠢᠵᠤ᠂ ᠨᠡᠩ ᠥᠨᠳᠥᠷ ᠪᠠᠷᠢᠮᠵᠢᠶ᠎ᠠ᠂ ᠨᠡᠩ ᠪᠣᠳᠠᠲᠠᠢ ᠠᠷᠭ᠎ᠠ ᠬᠡᠮᠵᠢᠶ᠎ᠡ ᠪᠠᠷ ᠨᠠᠮ ᠤᠨ ᠰᠤᠷᠲᠠᠯ ᠴᠢᠬᠡᠴᠢ ᠵᠠᠰᠠᠭ ᠤᠨ ᠡᠨᠡ ᠬᠦ ᠬᠤᠷᠢᠭ᠎ᠠ ᠱᠤᠭᠤᠮ ᠢ ᠦᠨᠡᠨᠬᠦ ᠰᠠᠬᠢᠬᠤ ᠬᠡᠷᠡᠭᠲᠡᠢ ᠭᠡᠵᠡᠢ᠃      ᠾᠧ ᠬᠠᠢ ᠳ᠋ᠦᠩ ᠪᠠᠰᠠ ᠠᠶᠤᠯᠭᠦᠢ ᠦᠢᠯᠡᠳᠪᠦᠷᠢᠯᠡᠯ ᠢ ᠰᠠᠶᠢᠨ ᠠᠳᠬᠤᠬᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠡᠪ ᠤᠨ ᠠᠵᠢᠯ ᠢ ᠴᠢᠩᠭ᠎ᠠ ᠨᠠᠶᠢᠳᠠᠪᠤᠷᠢᠵᠢᠭᠤᠯᠬᠤ ᠵᠡᠷᠭᠡ ᠲᠠᠯ᠎ᠠ ᠪᠠᠷ ᠪᠣᠳᠠᠲᠠᠢ ᠱᠠᠭᠠᠷᠳᠠᠯᠭ᠎ᠠ ᠳᠤᠷᠠᠳᠴᠠᠢ᠃      ᠬᠤᠲᠠ ᠶᠢᠨ ᠤᠳᠤᠷᠢᠳᠤᠯᠭ᠎ᠠ ᠯᠢᠦ ᠴᠧᠩ ᠮᠢᠨ᠂ ᠸᠠᠩ ᠬᠤᠤ ᠯᠧᠢ᠂ ᠪᠢ ᠭᠥᠸᠧ ᠴᠧᠨ᠂ ᠮᠠᠤ ᠪᠣᠣ ᠹᠧᠩ ᠂ ᠶᠦᠨ ᠰᠢᠨ ᠮᠢᠩ᠂ ᠴᠢᠶᠥᠥ ᠶᠦᠨ ᠯᠢ᠂ ᠵᠠᠩ ᠭᠥᠸᠧ ᠫᠢᠩ ᠵᠢᠴᠢ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠪᠠ᠃ ︵ᠯᠢ ᠬᠠᠢ ᠵᠧᠨ︶
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号