ᠬᠠᠤᠯᠢ ᠪᠠᠷ ᠵᠠᠰᠠᠬᠤ ᠡᠳ᠋ ᠤᠨ ᠵᠠᠰᠠᠭ ᠤᠨ ᠪᠠᠶᠢᠭᠤᠯᠤᠯᠲᠠ ᠶᠢ ᠴᠢᠩᠭᠠᠳᠬᠠᠵᠤ ᠲᠥᠰᠦᠪ ᠤᠨ ᠬᠠᠤᠯᠢ ᠪᠠᠷ ᠵᠠᠰᠠᠬᠤ ᠤᠬᠠᠮᠰᠠᠷ ᠢ ᠳᠡᠭᠡᠭᠰᠢᠯᠡᠭᠦᠯᠦᠶ᠎ᠡ
ᠨᠡᠶᠢᠲᠡᠯᠡᠭᠰᠡᠨ ᠴᠠᠭ᠄
2021/3/10
     ᠵᠣᠴᠢᠨ᠄     ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ  ᠭᠡᠰᠢᠭᠦᠨ᠂ ᠳᠡᠳ᠋ ᠲᠣᠪᠴᠢᠶᠠᠨ ᠳᠠᠷᠤᠭ᠎ᠠ ᠵᠠᠩ ᠴᠤᠤ ᠰᠢᠶᠦ᠋ᠩ᠂ ᠬᠠᠤᠯᠢ ᠴᠠᠭᠠᠵᠠ ᠭᠠᠶᠢᠯᠢ ᠶᠢᠨ ᠶᠠᠪᠤᠳᠠᠯ ᠤᠨ ᠰᠠᠯᠠᠭ᠎ᠠ ᠶᠢᠨ ᠳᠡᠳ᠋ ᠳᠠᠷᠤᠭ᠎ᠠ ᠯᠢ ᠰᠧ ᠶᠣᠣ     1. ᠬᠠᠮᠢᠶᠠᠷᠤᠭᠴᠢ      ᠲᠣᠰ ᠤᠳᠠᠭᠠᠨ ᠤ ᠰᠤᠷᠪᠤᠯᠵᠢᠯᠠᠭ᠎ᠠ ᠪᠣᠯ ᠬᠥᠬᠡᠬᠤᠲᠠ ᠶᠢᠨ ᠵᠠᠰᠠᠭ ᠤᠨ ᠣᠷᠳᠣᠨ ᠤ ᠰᠦᠯᠵᠢᠶ᠎ᠡ ᠬᠢᠭᠡᠳ ᠬᠥᠬᠡᠬᠤᠲᠠ ᠶᠢᠨ ᠷᠠᠳᠢᠣ᠋ ᠲᠧᠯᠸᠢᠰ ᠬᠤᠷᠢᠶ᠎ᠠ ᠶᠢᠨ ᠤᠳᠬ᠎ᠠ ᠤᠷᠠᠯᠢᠭ ᠤᠨ ᠷᠠᠳᠢᠣ᠋ ᠨᠡᠪᠲᠡᠷᠡᠭᠦᠯᠭᠡ ᠠᠴᠠ  ᠬᠠᠮᠳᠤᠷᠠᠨ ᠬᠢᠵᠦ ᠪᠠᠶᠢᠭ᠎ᠠ ᠲᠤᠰᠬᠠᠶ ᠰᠤᠷᠪᠤᠯᠵᠢᠯᠠᠭ᠎ᠠ ᠪᠣᠯᠤᠨ᠎ᠠ᠂ ᠰᠦᠯᠵᠢᠶᠡᠨ ᠠᠨᠳᠠ ᠨᠠᠷ ᠰᠦᠯᠵᠢᠶᠡᠨ ᠳᠡᠭᠡᠷ᠎ᠡ ᠦᠭᠡ ᠦᠯᠡᠳᠡᠭᠡᠵᠦ ᠵᠣᠴᠢᠳ ᠲᠠᠢ ᠰᠠᠨᠠᠯ ᠢᠶᠠᠨ ᠰᠣᠯᠢᠯᠴᠠᠵᠤ ᠪᠣᠯᠤᠨ᠎ᠠ᠂ ᠰᠦᠯᠵᠢᠶᠡᠨ ᠠᠨᠳᠠ ᠨᠠᠷ ᠤᠨ ᠢᠳᠡᠪᠬᠢᠲᠡᠶ ᠣᠷᠣᠯᠴᠠᠬᠤ ᠶᠢ ᠪᠠᠶᠠᠷᠯᠠᠨ ᠤᠭᠲᠤᠵᠤ ᠪᠠᠶᠢᠨ᠎ᠠ᠃      2. ᠬᠦᠳᠦᠯᠦᠭᠴᠢ      ᠮᠠᠨ ᠤ ᠮᠡᠳᠡᠭᠡᠵᠢ ᠪᠠᠷ᠂ ᠡᠳ᠋ ᠤᠨ ᠵᠠᠰᠠᠭ ᠪᠣᠯ ᠤᠯᠤᠰ ᠢ ᠵᠠᠰᠠᠬᠤ ᠶᠢᠨ ᠰᠠᠭᠤᠷᠢ ᠪᠠ ᠴᠢᠬᠤᠯᠠ ᠲᠤᠯᠭᠠᠭᠤᠷᠢ ᠮᠥᠨ᠂  ᠲᠥᠪ ᠬᠤᠲᠠ ᠶᠢᠨ ᠡᠳ᠋ ᠤᠨ ᠵᠠᠰᠠᠭ ᠴᠤ ᠢᠮᠠᠭᠲᠠ ᠤᠯᠤᠰ ᠲᠥᠷᠥ ᠶᠢᠨ ᠥᠨᠳᠥᠷ ᠪᠠᠶᠢᠷᠢᠨ ᠳᠤ ᠵᠣᠭᠰᠣᠵᠤ᠂ ︽ᠶᠡᠭᠡ ᠬᠠᠨᠳᠤᠰᠢ ᠶᠢ ᠠᠵᠢᠭᠯᠠᠬᠤ᠂ ᠶᠡᠭᠡ ᠲᠠᠯ᠎ᠠ ᠶᠢ ᠲᠠᠨᠢᠬᠤ᠂ ᠶᠡᠭᠡ ᠪᠣᠳᠣᠯᠭ᠎ᠠ ᠶᠢ ᠪᠣᠳᠣᠯᠬᠢᠯᠠᠬᠤ᠂ ᠶᠡᠭᠡ ᠶᠠᠪᠤᠳᠠᠯ ᠢ ᠪᠦᠲᠦᠭᠡᠬᠦ︾ ᠦᠨᠳᠦᠷᠴᠡ ᠠᠴᠠ᠂ ︽ᠳᠥᠷᠪᠡᠨ ᠪᠥᠬᠦ ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠰᠢᠭᠤᠯᠤᠯᠲᠠ ᠶᠢᠨ ᠦᠨᠳᠦᠷᠴᠡ ᠠᠴᠠ ᠡᠳ᠋ ᠤᠨ ᠵᠠᠰᠠᠭ ᠤᠨ ᠬᠠᠤᠯᠢ ᠪᠠᠷ ᠵᠠᠰᠠᠬᠤ ᠠᠵᠢᠯ ᠢ  ᠲᠠᠨᠢᠵᠤ ᠠᠬᠢᠭᠤᠯᠤᠨ᠂ ᠬᠠᠤᠯᠢ ᠪᠠᠷ ᠵᠠᠰᠠᠬᠤ ᠡᠳ᠋ ᠤᠨ ᠵᠠᠰᠠᠭ ᠤᠨ ᠪᠠᠶᠢᠭᠤᠯᠤᠯᠲᠠ ᠶᠢᠨ ᠭᠦᠨᠵᠡᠭᠡᠶᠢᠷᠡᠨ ᠬᠥᠭᠵᠢᠬᠦ ᠶᠢ ᠳᠥᠯᠭᠢᠨ ᠠᠬᠢᠭᠤᠯᠵᠤ ᠪᠠᠶᠢᠨ᠎ᠠ᠃ ᠥᠩᠭᠡᠷᠡᠭᠰᠡᠨ ᠨᠢᠭᠡ ᠵᠢᠯ ᠳᠤ  ᠲᠥᠪ ᠬᠤᠲᠠ ᠶᠢᠨ ᠡᠳ᠋ ᠤᠨ ᠵᠠᠰᠠᠭ ᠶᠠᠮᠠᠷ ᠶᠠᠮᠠᠷ ᠠᠵᠢᠯ ᠤᠨ ᠠᠮᠵᠢᠯᠲᠠ ᠣᠯᠤᠭᠰᠠᠨ ᠢ ᠪᠢᠳᠡᠨ ᠳᠤ  ᠲᠠᠨᠢᠯᠴᠠᠭᠤᠯᠤᠭᠠᠳ ᠦᠭᠭᠦᠨ᠎ᠡ ᠤᠤ᠃      3. ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ  ᠭᠡᠰᠢᠭᠦᠨ᠂ ᠳᠡᠳ᠋ ᠲᠣᠪᠴᠢᠶᠠᠨ ᠳᠠᠷᠤᠭ᠎ᠠ ᠵᠠᠩ ᠴᠤᠤ ᠰᠢᠶᠦ᠋ᠩ
          ᠲᠥᠪ ᠬᠤᠲᠠ ᠶᠢᠨ ᠡᠳ᠋ ᠤᠨ ᠵᠠᠰᠠᠭ  ᠬᠠᠤᠯᠢ ᠪᠠᠷ ᠵᠠᠰᠠᠬᠤ ᠡᠳ᠋ ᠤᠨ ᠵᠠᠰᠠᠭ ᠤᠨ ᠪᠠᠶᠢᠭᠤᠯᠤᠯᠲᠠ ᠶᠢᠨ ᠠᠵᠢᠯ ᠢ ᠲᠡᠭᠡᠳᠦ ᠬᠡᠮᠵᠢᠶ᠎ᠡ ᠪᠠᠷ ᠴᠢᠬᠤᠯᠠᠴᠢᠯᠠᠭᠰᠠᠭᠠᠷ ᠢᠷᠡᠪᠡ᠃ ᠢᠯᠠᠩᠭᠤᠶ᠎ᠠ ᠣᠶᠢᠷ᠎ᠠ ᠶᠢᠨ ᠵᠢᠯ ᠳᠤ᠂ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ᠂ ᠠᠷᠪᠠ ᠶᠢᠰᠦᠳᠦᠭᠡᠷ ᠶᠡᠭᠡ ᠬᠤᠷᠠᠯ ᠠᠴᠠ ᠨᠠᠰᠢ᠂ ᠰᠢ ᠶᠢᠨ ᠫᠢᠩ ᠨᠥᠬᠦᠷ ᠢᠶᠠᠷ ᠭᠤᠣᠯᠯᠠᠭᠤᠯᠤᠭᠰᠠᠨ ᠨᠠᠮ ᠤᠨ ᠲᠥᠪ ᠬᠤᠷᠢᠶ᠎ᠠ ᠨᠢ ᠨᠠᠮ ᠪᠠ ᠤᠯᠤᠰ ᠣᠷᠣᠨ ᠤ ᠥᠨᠢ ᠤᠳᠠᠭᠠᠨ ᠠᠮᠤᠷ ᠲᠦᠪᠰᠢᠨ ᠳᠤ ᠬᠤᠯᠪᠣᠭᠳᠠᠬᠤ ᠪᠠᠶᠢᠯᠳᠤᠬᠤ ᠪᠤᠳᠤᠯᠭ᠎ᠠ ᠶᠢᠨ ᠥᠨᠳᠦᠷᠴᠡ ᠠᠴᠠ ᠬᠠᠤᠯᠢ ᠪᠠᠷ ᠵᠠᠰᠠᠬᠤ ᠶᠢ ᠲᠦᠯᠬᠢᠨ ᠠᠬᠢᠭᠤᠯᠪᠠ᠂ ᠪᠢᠳᠡ ᠴᠤ ᠬᠠᠤᠯᠢ ᠪᠠᠷ ᠵᠠᠰᠠᠬᠤ ᠡᠳ᠋ ᠤᠨ ᠵᠠᠰᠠᠭ ᠤᠨ ᠪᠠᠶᠢᠭᠤᠯᠤᠯᠲᠠ ᠶᠢᠨ ᠬᠠᠤᠯᠢ ᠪᠠᠷ ᠵᠠᠰᠠᠬᠤ ᠵᠠᠰᠠᠭ ᠤᠨ ᠣᠷᠳᠣᠨ ᠤ ᠪᠠᠶᠢᠭᠤᠯᠤᠯᠲᠠ᠂ ᠬᠠᠤᠯᠢ   ᠪᠠᠷ ᠤᠯᠤᠰ ᠢᠶᠠᠨ ᠵᠠᠰᠠᠬᠤ  ᠶᠢ ᠪᠦᠬᠦ ᠲᠠᠯ᠎ᠠ ᠪᠠᠷ ᠲᠦᠯᠬᠢᠨ ᠠᠬᠢᠭᠤᠯᠬᠤ ᠶᠢᠨ ᠳᠤᠮᠳᠠᠬᠢ ᠴᠢᠬᠤᠯᠠ ᠪᠠᠶᠢᠷᠢ ᠰᠠᠭᠤᠷᠢ ᠪᠠ ᠦᠢᠯᠡᠳᠦᠯ ᠢ ᠭᠦᠢᠴᠡᠳ ᠲᠠᠨᠢᠵᠤ᠂ ᠬᠠᠷᠢᠭᠤᠴᠠᠯᠭᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ ᠪᠠᠨ ᠤᠬᠠᠮᠰᠠᠷ ᠠᠴᠠ ᠪᠠᠨ ᠴᠢᠩᠭᠠᠳᠬᠠᠵᠤ᠂ ᠦᠨᠡᠨ ᠬᠦ ᠠᠷᠭ᠎ᠠ ᠰᠦᠪᠡᠭᠴᠢᠯᠡᠨ᠂ ᠦᠢᠯᠡᠳᠦᠯᠭᠡ ᠶᠢ ᠰᠦᠪᠡᠭᠴᠢᠯᠡᠪᠡ᠃    ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ᠬᠦᠴᠦᠲᠡᠶ ᠳᠡᠮᠵᠢᠯᠭᠡ ᠪᠠ ᠵᠢᠯᠣᠭᠤᠳᠣᠯᠭ᠎ᠠ ᠶᠢᠨ ᠳᠣᠤᠷ᠎ᠠ᠂  ᠲᠥᠪ ᠬᠤᠲᠠ ᠶᠢᠨ ᠡᠳ᠋ ᠤᠨ ᠵᠠᠰᠠᠭ ᠨᠢ ᠬᠠᠤᠯᠢ ᠪᠠᠷ ᠵᠠᠰᠠᠬᠤ ᠪᠠᠶᠢᠭᠤᠯᠤᠯᠲᠠ ᠶᠢ ᠲᠤᠬᠠᠶᠢᠯᠠᠭᠰᠠᠨ ᠠᠵᠢᠯ ᠯᠤᠭ᠎ᠠ ᠪᠠᠨ ᠣᠷᠭᠠᠨᠢᠭ ᠢᠶᠠᠷ ᠤᠶᠠᠯᠳᠤᠭᠤᠯᠤᠨ᠂ ᠨᠢᠭᠡᠳᠦᠯᠲᠡᠶ ᠲᠥᠯᠥᠪᠯᠡᠨ ᠠᠬᠢᠭᠤᠯᠵᠤ᠂ ᠳᠡᠭᠡᠳᠦ ᠱᠠᠲᠤ ᠨᠢ ᠳᠣᠤᠷᠠᠳᠤ ᠱᠠᠲᠤ ᠪᠠᠨ ᠳᠠᠶᠢᠴᠢᠯᠠᠨ ᠪᠥᠬᠦ ᠬᠤᠲᠠ ᠶᠢᠨ ᠡᠯ᠎ᠡ ᠬᠤᠰᠢᠭᠤ ᠰᠢᠶᠠᠨ ᠲᠣᠭᠤᠷᠢᠭ ᠤᠨ ᠬᠠᠤᠯᠢ ᠪᠠᠷ ᠵᠠᠰᠠᠬᠤ ᠡᠳ᠋ ᠤᠨ ᠵᠠᠰᠠᠭ ᠤᠨ ᠪᠠᠶᠢᠭᠤᠯᠤᠯᠲᠠ ᠶᠢᠨ ᠠᠵᠢᠯ ᠢ ᠳᠠᠭᠠᠭᠤᠯᠤᠨ᠂ ᠪᠠᠷᠢᠮᠵᠢᠶ᠎ᠠ ᠲᠠᠢ ᠬᠠᠷᠢᠴᠠᠭᠤᠯᠤᠨ ᠰᠤᠷᠤᠯᠴᠠᠵᠤ᠂ ᠲᠤᠷᠰᠢᠯᠭ᠎ᠠ ᠶᠢ ᠰᠢᠩᠭᠡᠭᠡᠨ ᠠᠪᠴᠤ᠂ ᠳᠤᠲᠠᠭᠤᠳᠠᠯ  ᠢᠶᠠᠨ ᠨᠥᠬᠦᠪᠥᠷᠢᠯᠡᠪᠡ᠃ 2020 ᠣᠨ ᠳᠤ᠂ ᠪᠥᠬᠦ ᠣᠷᠣᠨ ᠤ ᠬᠠᠤᠯᠢ ᠪᠠᠷ ᠵᠠᠰᠠᠬᠤ ᠡᠳ᠋ ᠤᠨ ᠵᠠᠰᠠᠭ ᠤᠨ ᠪᠠᠶᠢᠭᠤᠯᠤᠯᠲᠠ ᠶᠢᠨ ᠬᠢᠨᠠᠨ ᠰᠢᠯᠭᠠᠯᠲᠠ ᠳᠤ ᠪᠥᠬᠦ ᠣᠷᠣᠨ ᠤ ᠨᠢᠭᠡᠳᠦᠭᠡᠷ ᠨᠡᠷᠡᠰ ᠤᠨ ᠰᠠᠶᠢᠨ ᠬᠢᠷᠢ ᠪᠦᠲᠦᠮᠵᠢ ᠶᠢ ᠣᠯᠵᠤ᠂ 6 ᠵᠢᠯ ᠳᠠᠷᠠᠭᠠᠯᠠᠨ ᠪᠥᠬᠦ ᠣᠷᠣᠨ ᠤ ᠬᠠᠤᠯᠢ ᠪᠠᠷ ᠵᠠᠰᠠᠬᠤ ᠡᠳ᠋ ᠤᠨ ᠵᠠᠰᠠᠭ ᠤᠨ ᠪᠠᠶᠢᠭᠤᠯᠤᠯᠲᠠ ᠶᠢᠨ ᠲᠡᠷᠢᠭᠦᠨ ᠤ ᠨᠢᠭᠡᠴᠡ ᠪᠠᠷ ᠦᠨᠡᠯᠡᠭᠳᠡᠪᠡ᠃     ᠬᠠᠤᠯᠢ ᠪᠠᠷ ᠵᠠᠰᠠᠬᠤ ᠡᠳ᠋ ᠤᠨ ᠵᠠᠰᠠᠭ ᠤᠨ ᠪᠠᠶᠢᠭᠤᠯᠤᠯᠲᠠ ᠶᠢᠨ ᠬᠢᠨᠠᠨ  ᠰᠢᠯᠭᠠᠯᠲᠠ ᠪᠣᠯ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠴᠣᠷ ᠤᠨ ᠭᠠᠭᠴᠠ ᠴᠤᠬᠤᠯᠠᠪᠤᠷᠢᠯᠠᠭᠰᠠᠨ ᠡᠳ᠋ ᠤᠨ ᠵᠠᠰᠠᠭ ᠢ ᠬᠢᠨᠠᠨ ᠰᠢᠯᠭᠠᠬᠤ ᠠᠵᠢᠯ ᠮᠦᠨ᠂ ᠥᠪᠡᠷᠲᠡᠭᠡᠨ ᠵᠠᠰᠠᠬᠤ ᠣᠷᠣᠨ ᠠᠴᠠ ᠠᠶᠢᠮᠠᠭ ᠬᠤᠲᠠ ᠶᠢᠨ ᠡᠳ᠋ ᠤᠨ ᠵᠠᠰᠠᠭ ᠤᠨ ᠰᠠᠯᠠᠭ᠎ᠠ ᠮᠥᠴᠢᠷ ᠲᠤ ᠬᠢᠭᠰᠡᠨ ᠨᠢᠭᠡ ᠵᠦᠢᠯ ᠤᠨ ᠶᠡᠷᠦᠩᠬᠡᠶᠢᠯᠡᠭᠰᠡᠨ ᠴᠢᠨᠠᠷᠲᠠᠶ ᠬᠢᠨᠠᠨ ᠰᠢᠯᠭᠠᠯᠲᠠ ᠪᠣᠯᠤᠨ᠎ᠠ᠂ ᠡᠭᠦᠨ ᠳᠤ ᠡᠳ᠋ ᠤᠨ ᠵᠠᠰᠠᠭ ᠤᠨ ᠡᠭᠦᠷᠭᠡ ᠴᠢᠳᠠᠪᠤᠷᠢ ᠶᠢ ᠬᠠᠤᠯᠢ ᠶᠣᠰᠣᠭᠠᠷ ᠪᠥᠬᠦ ᠲᠠᠯ᠎ᠠ ᠪᠠᠷ ᠭᠦᠢᠴᠡᠳᠬᠡᠬᠦ᠂ ᠲᠥᠷᠥ ᠶᠢᠨ ᠪᠣᠳᠣᠯᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ᠂ ᠲᠥᠰᠦᠪ ᠢ ᠨᠠᠶᠢᠷᠠᠭᠤᠯᠤᠨ ᠵᠣᠬᠢᠶᠠᠬᠤ ᠪᠠ ᠬᠡᠷᠡᠭᠵᠢᠭᠦᠯᠬᠦ᠂ ᠲᠥᠰᠦᠪ ᠪᠠ ᠲᠥᠰᠦᠪ ᠤᠨ  ᠬᠦᠢᠴᠡᠳᠭᠡᠯ ᠢ ᠢᠯᠡ ᠪᠣᠯᠭᠠᠬᠤ᠂ ᠠᠵᠢᠯ ᠤᠨ ᠠᠮᠵᠢᠯᠲᠠ ᠪᠦᠲᠦᠮᠵᠢ ᠶᠢ ᠦᠨᠡᠯᠡᠬᠦ᠂ ᠥᠷᠢ ᠥᠭᠴᠡᠭᠡ ᠶᠢ ᠠᠷᠢᠯᠭᠠᠬᠤ᠂ ᠲᠤᠰᠬᠠᠶ ᠪᠠᠯᠠ ᠮᠥᠩᠭᠦ ᠶᠢᠨ ᠬᠠᠮᠢᠶᠠᠷᠤᠯᠲᠠ᠂ ᠡᠳ᠋ ᠤᠨ ᠵᠠᠰᠠᠭ ᠤᠨ ᠬᠢᠨᠠᠯᠲᠠ ᠲᠠᠯᠪᠢᠬᠤ᠂ ᠵᠠᠰᠠᠭ ᠵᠠᠬᠢᠷᠭᠠᠨ ᠤ ᠰᠢᠢᠳᠪᠦᠷᠢᠲᠦ ᠪᠣᠳᠣᠯᠭ᠎ᠠ ᠲᠣᠭᠲᠠᠭᠠᠬᠤ᠂ ᠠᠵᠢᠯ ᠤᠨ ᠰᠢᠨ᠎ᠡ ᠶᠢ ᠡᠭᠦᠳᠬᠦ ᠵᠡᠷᠭᠡ 13 ᠲᠥᠷᠥᠯ ᠤᠨ 98 ᠵᠦᠢᠯ  ᠤᠨ ᠬᠢᠨᠠᠨ ᠰᠢᠯᠭᠠᠬᠤ  ᠬᠦᠢᠴᠡᠳᠭᠡᠯ ᠲᠤᠭ᠎ᠠ   ᠲᠠᠢ ᠬᠤᠯᠪᠤᠭᠳᠠᠵᠤ᠂ ᠨᠡᠶᠢᠭᠡᠮ ᠤᠨ ᠡᠯ᠎ᠡ ᠡᠲᠡᠭᠡᠳ ᠤᠨ ᠬᠢᠨ ᠤ ᠣᠷᠣᠨ ᠨᠤᠲᠤᠭ ᠤᠨ ᠡᠳ᠋ ᠤᠨ ᠵᠠᠰᠠᠭ ᠤᠨ ᠠᠵᠢᠯ ᠢ ᠮᠡᠳᠡᠷᠡᠬᠦ ᠬᠡᠮᠵᠢᠶ᠎ᠡ ᠪᠠ ᠣᠨ ᠤ ᠡᠳ᠋ ᠤᠨ ᠵᠠᠰᠠᠭ ᠤᠨ ᠠᠵᠢᠯ ᠤᠨ ᠶᠡᠷᠦᠩᠬᠡᠶ ᠬᠢᠷᠢ ᠲᠥᠪᠰᠢᠨ ᠢ ᠪᠦᠬᠦ ᠲᠠᠯ᠎ᠠ ᠪᠠᠷ ᠲᠤᠰᠬᠠᠵᠤ᠂ ᠡᠳ᠋ ᠤᠨ ᠵᠠᠰᠠᠭ ᠤᠨ ᠠᠵᠢᠯ ᠤᠨ ᠶᠠᠰᠤ ᠴᠢᠨᠠᠷ ᠤᠨ ᠬᠢᠷᠢ ᠬᠡᠮᠵᠢᠶ᠎ᠡ ᠶᠢ ᠰᠢᠰᠲ᠋ᠧᠮ ᠲᠠᠢ ᠬᠡᠮᠵᠢᠬᠦ ᠴᠢᠬᠤᠯᠠ ᠬᠡᠮᠵᠢᠭᠦᠷ ᠪᠣᠯᠤᠭᠰᠠᠨ ᠪᠠᠶᠢᠨ᠎ᠠ᠃     ᠡᠶᠢᠮᠦ ᠨᠢᠭᠡᠨ ᠪᠥᠬᠦ ᠣᠷᠣᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠤᠨ ᠬᠠᠮᠤᠭ ᠤᠨ ᠴᠢᠬᠤᠯᠠ ᠬᠢᠨᠠᠨ ᠰᠢᠯᠭᠠᠯᠲᠠ ᠳᠤ ᠰᠢᠯᠢᠳᠡᠭ ᠬᠢᠷᠢ ᠪᠦᠲᠦᠮᠵᠢ ᠣᠯᠤᠭᠰᠠᠨ ᠨᠢ ᠦᠨᠡᠬᠡᠷ ᠬᠢᠯᠪᠠᠷ ᠪᠤᠰᠤ ᠶᠤᠮ᠂ ᠲᠥᠪ ᠬᠤᠲᠠ ᠶᠢᠨ ᠡᠳ᠋ ᠤᠨ ᠵᠠᠰᠠᠭ ᠠᠴᠠ ᠠᠮᠵᠢᠯᠲᠠ ᠪᠦᠲᠦᠮᠵᠢ ᠪᠠᠨ ᠳ᠋ᠦᠩᠨᠡᠬᠦ ᠶᠢᠨ ᠵᠡᠷᠭᠡᠪᠡᠷ ᠬᠠᠤᠯᠢ ᠪᠠᠷ ᠵᠠᠰᠠᠬᠤ ᠡᠳ᠋ ᠤᠨ ᠵᠠᠰᠠᠭ ᠤᠨ ᠪᠠᠶᠢᠭᠤᠯᠤᠯᠲᠠ ᠳᠤ ᠴᠠᠭ ᠦᠶ᠎ᠡ ᠶᠢᠨ ᠬᠥᠭᠵᠢᠯᠲᠡ ᠠᠴᠠ ᠪᠣᠯᠤᠭᠰᠠᠨ ᠰᠢᠨ᠎ᠡ ᠪᠠᠶᠢᠳᠠᠯ᠂ ᠰᠢᠨ᠎ᠡ ᠡᠭᠦᠷᠭᠡ᠂ ᠰᠢᠨ᠎ᠡ ᠱᠠᠭᠠᠷᠳᠠᠯᠭ᠎ᠠ ᠲᠤᠯᠭᠠᠷᠠᠵᠤ ᠪᠠᠶᠢᠨ᠎ᠠ ᠭᠡᠳᠡᠭ ᠢ ᠰᠡᠷᠭᠡᠭ ᠢᠶᠠᠷ ᠲᠠᠨᠢᠵᠤ ᠣᠯᠤᠭᠰᠠᠨ ᠪᠠᠶᠢᠨ᠎ᠠ᠃ ᠢᠯᠠᠩᠭᠤᠶ᠎ᠠ 2014 ᠣᠨ ᠤ 8 ᠳ᠋ᠤᠭᠠᠷ ᠰᠠᠷ᠎ᠠ ᠶᠢᠨ 31 ᠤ ᠡᠳᠦᠷ ︽ᠲᠥᠰᠦᠪ ᠤᠨ ᠬᠠᠤᠯᠢ︾ ᠳᠤ ᠵᠠᠰᠠᠪᠤᠷᠢ ᠣᠷᠣᠭᠤᠯᠵᠤ᠂ 2020 ᠣᠨ ᠤ 8 ᠳ᠋ᠤᠭᠠᠷ ᠰᠠᠷ᠎ᠠ ᠶᠢᠨ 3 ᠤ ᠡᠳᠦᠷ  ︽ᠲᠥᠰᠦᠪ ᠤᠨ ᠬᠠᠤᠯᠢ ᠶᠢ ᠬᠡᠷᠡᠭᠵᠢᠭᠦᠯᠬᠦ ᠳᠦᠷᠢᠮ︾ ᠳᠤ ᠵᠠᠰᠠᠪᠤᠷᠢ ᠣᠷᠣᠭᠤᠯᠤᠭᠰᠠᠨ ᠤ ᠳᠠᠷᠠᠭ᠎ᠠ᠂ ᠲᠥᠰᠦᠪ ᠤᠨ ᠬᠠᠤᠯᠢ ᠴᠠᠭᠠᠵᠠ ᠶᠢᠨ ᠰᠢᠰᠲ᠋ᠧᠮ ᠡᠳᠦᠷ ᠢᠷᠡᠬᠦᠶ᠎ᠡ ᠲᠡᠭᠦᠯᠳᠡᠷᠵᠢᠵᠦ᠂ ᠡᠳ᠋ ᠤᠨ ᠵᠠᠰᠠᠭ ᠤᠨ ᠠᠵᠢᠯ ᠲᠤᠮᠳᠠ ︽ᠪᠦᠬᠦ ᠲᠠᠯ᠎ᠠ ᠪᠠᠷ ᠵᠢᠷᠤᠮᠵᠢᠯ ᠨᠢ ᠢᠯᠡ ᠲᠣᠳᠣ᠂ ᠪᠠᠷᠢᠮᠵᠢᠶ᠎ᠠ ᠨᠢ ᠰᠢᠨᠵᠢᠯᠡᠬᠦ ᠤᠬᠠᠭᠠᠨᠴᠢ᠂ ᠬᠢᠵᠠᠭᠠᠷᠯᠠᠯ ᠨᠢ ᠬᠦᠴᠦᠲᠡᠢ ᠲᠥᠰᠦᠪ ᠤᠨ ᠳᠦᠷᠢᠮ︾ ᠢ ᠬᠡᠷᠬᠢᠨ ᠲᠥᠰᠦᠪ ᠢ ᠨᠠᠶᠢᠷᠠᠭᠤᠯᠤᠨ ᠵᠣᠬᠢᠶᠠᠬᠤ᠂ ᠭᠦᠢᠴᠡᠳᠬᠡᠬᠦ᠂  ᠲᠥᠰᠥᠪ ᠤᠨ ᠬᠦᠢᠴᠡᠳᠭᠡᠯ  ᠪᠣᠯᠤᠨ ᠬᠢᠨᠠᠯᠲᠠ ᠲᠠᠯᠪᠢᠬᠤ ᠪᠦᠬᠦ ᠶᠠᠪᠤᠴᠠ ᠳᠤ ᠨᠠᠶᠢᠳᠠᠪᠤᠷᠢᠵᠢᠭᠤᠯᠵᠤ᠂ ᠬᠦᠴᠦᠲᠡᠢ ᠠᠷᠭ᠎ᠠ ᠬᠡᠮᠵᠢᠶ᠎ᠡ ᠠᠪᠴᠤ ᠪᠠᠶᠢᠭᠠᠳ ᠲᠥᠪ ᠬᠤᠲᠠ ᠶᠢᠨ  ᠬᠠᠤᠯᠢ ᠪᠠᠷ ᠵᠠᠰᠠᠬᠤ ᠡᠳ᠋ ᠤᠨ ᠵᠠᠰᠠᠭ ᠢ ᠲᠠᠬᠢᠨ ᠰᠢᠨ᠎ᠡ ᠳᠡᠭᠲᠡᠷ ᠲᠤ ᠭᠠᠷᠭᠠᠬᠤ ᠪᠣᠯ  ᠲᠥᠪ ᠬᠤᠲᠠ ᠶᠢᠨ ᠡᠳ᠋ ᠤᠨ ᠵᠠᠰᠠᠭ ᠲᠤ ᠲᠤᠯᠭᠠᠷᠠᠵᠤ ᠪᠠᠶᠢᠭ᠎ᠠ ᠰᠢᠨ᠎ᠡ ᠰᠡᠳᠦᠪ ᠪᠣᠯᠤᠨ ᠥᠷᠢᠰᠥᠯᠳᠦᠭᠡᠨ ᠪᠣᠯᠤᠨ᠎ᠠ᠃     4. ᠬᠥᠲᠥᠯᠥᠭᠴᠢ     ᠡᠩ ᠲᠡᠷᠢᠭᠦᠨ ᠳᠤ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠶᠢᠨ ᠬᠠᠤᠯᠢ ᠪᠠᠷ ᠵᠠᠰᠠᠬᠤ ᠡᠳ᠋ ᠤᠨ ᠵᠠᠰᠠᠭ ᠤᠨ ᠪᠠᠶᠢᠭᠤᠯᠤᠯᠲᠠ ᠶᠢᠨ ᠬᠢᠨᠠᠨ ᠰᠢᠯᠭᠠᠯᠲᠠ ᠳᠤ ᠰᠢᠯᠢᠳᠡᠭ ᠬᠢᠷᠢ ᠪᠦᠲᠦᠮᠵᠢ ᠣᠯᠵᠤ᠂  ᠲᠥᠪ ᠬᠤᠲᠠ ᠶᠢᠨ ᠪᠥᠲᠥᠭᠡᠨ ᠪᠠᠶᠢᠭᠤᠯᠤᠯᠲᠠ ᠳᠤ ᠳᠠᠬᠢᠨᠲᠠ ᠥᠩᠭᠡ ᠬᠡᠷᠡᠯ ᠨᠡᠮᠡᠷᠢᠯᠡᠭᠰᠡᠨ ᠳᠤ ᠪᠠᠶᠠᠷ ᠬᠦᠷᠭᠡᠶ᠎ᠡ᠃ ᠬᠠᠤᠯᠢ ᠪᠠᠷ ᠵᠠᠰᠠᠬᠤ ᠡᠳ᠋ ᠤᠨ ᠵᠠᠰᠠᠭ ᠤᠨ ᠪᠠᠶᠢᠭᠤᠯᠤᠯᠲᠠ ᠶᠢᠨ ᠶᠠᠪᠤᠴᠠ ᠳᠤ ᠲᠤᠯᠭᠠᠷᠠᠵᠤ ᠪᠠᠶᠢᠭ᠎ᠠ ᠰᠢᠨ᠎ᠡ ᠪᠠᠶᠢᠳᠠᠯ᠂ ᠰᠢᠨ᠎ᠡ ᠡᠭᠦᠷᠭᠡ᠂ ᠰᠢᠨ᠎ᠡ ᠱᠠᠭᠠᠷᠳᠠᠯᠭ᠎ᠠ ᠶᠢ ᠰᠠᠶ᠋ᠢᠬᠠᠨ ᠳᠤᠷᠠᠳᠤᠭᠰᠠᠨ ᠪᠠᠶᠢᠨ᠎ᠠ᠂ ᠲᠡᠭᠡᠪᠡᠯ ᠳᠣᠣᠷ᠎ᠠ  ᠡᠨᠡ ᠲᠤᠬᠠᠢ ᠪᠠᠨ ᠭᠦᠨᠵᠡᠭᠡᠶ  ᠶᠠᠷᠢᠬᠤ ᠶᠢᠨ ᠬᠠᠮᠳᠤ ᠲᠥᠪ ᠬᠤᠲᠠ ᠶᠢᠨ ᠡᠳ᠋ ᠤᠨ ᠵᠠᠰᠠᠭ ᠰᠢᠨ᠎ᠡ ᠥᠷᠢᠰᠥᠯᠳᠦᠭᠡᠨ ᠢ ᠤᠭᠲᠤᠬᠤ ᠪᠠᠷ ᠬᠡᠷᠬᠢᠨ ᠪᠡᠯᠡᠳᠬᠡᠵᠦ ᠪᠠᠶᠢᠭ᠎ᠠ ᠶᠢ ᠪᠢᠳᠡᠨ ᠳᠤ ᠲᠠᠨᠢᠯᠴᠠᠭᠤᠯᠤᠭᠠᠳ ᠦᠭᠭᠦᠨ᠎ᠡ ᠤᠤ  ᠃     5. ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ  ᠭᠡᠰᠢᠭᠦᠨ᠂ ᠳᠡᠳ᠋ ᠲᠣᠪᠴᠢᠶᠠᠨ ᠳᠠᠷᠤᠭ᠎ᠠ ᠵᠠᠩ ᠴᠤᠤ ᠰᠢᠶᠦ᠋ᠩ
          ᠶᠠᠭᠤᠨ ᠤ ᠡᠮᠦᠨ᠎ᠡ᠂ ᠪᠢᠳᠡ ᠪᠦᠷ ᠮᠡᠳᠡᠵᠦ  ᠪᠠᠶᠢᠨ᠎ᠠ᠃ ᠣᠳᠣᠬᠠᠨ ᠳᠤ᠂ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠪᠦᠲᠦᠭᠡᠨ ᠪᠠᠶᠢᠭᠤᠯᠤᠯᠲᠠ ᠰᠢᠨ᠎ᠡ ᠴᠠᠭ ᠦᠶ᠎ᠡ ᠳᠤ ᠣᠷᠣᠵᠤ᠂ ᠠᠷᠠᠳ ᠲᠦᠮᠡᠨ ᠪᠣᠳᠠᠰ ᠤᠨ ᠪᠠ ᠰᠣᠶᠣᠯ ᠤᠨ ᠠᠮᠢᠳᠤᠷᠠᠯ ᠳᠤ ᠨᠡᠩ ᠥᠨᠳᠥᠷ ᠱᠠᠭᠠᠷᠳᠠᠯᠭ᠎ᠠ ᠲᠠᠯᠪᠢᠵᠤ ᠪᠠᠶᠢᠬᠤ ᠪᠠᠷ ᠪᠠᠷᠠᠬᠤ ᠦᠭᠡᠶ᠂ ᠠᠷᠠᠳᠴᠢᠯᠠᠯ᠂ ᠬᠠᠤᠯᠢ ᠪᠠᠷ ᠵᠠᠰᠠᠬᠤ᠂ ᠲᠥᠪ ᠭᠤᠣᠯᠴᠢ ᠰᠢᠳᠤᠷᠭᠤ ᠶᠣᠰᠣᠨ ᠤ ᠲᠤᠬᠠᠶ ᠱᠠᠭᠠᠷᠳᠠᠯᠭ᠎ᠠ ᠴᠤ ᠡᠳᠦᠷ ᠢᠷᠡᠬᠦᠶ᠎ᠡ ᠨᠡᠮᠡᠭᠳᠡᠵᠦ  ᠪᠤᠢ᠂ ᠡᠶᠢᠮᠦ ᠠᠴᠠ ᠬᠠᠤᠯᠢ ᠪᠠᠷ ᠵᠠᠰᠠᠬᠤ ᠡᠳ᠋ ᠤᠨ ᠵᠠᠰᠠᠭ ᠤᠨ ᠪᠠᠶᠢᠭᠤᠯᠤᠯᠲᠠ ᠶᠢ ᠴᠢᠩᠭᠠᠳᠬᠠᠬᠤ ᠶᠠᠪᠤᠴᠠ ᠳᠤ᠂ ᠰᠢᠨᠵᠢᠯᠡᠬᠦ ᠤᠬᠠᠭᠠᠨᠴᠢᠯᠠᠬᠤ᠂ ᠰᠢᠰᠲ᠋ᠧᠮᠵᠢᠭᠦᠯᠬᠦ᠂ ᠬᠠᠤᠯᠢᠵᠢᠭᠤᠯᠬᠤ ᠳᠦᠷᠢᠮ ᠤᠨ ᠪᠠᠶᠢᠭᠤᠯᠤᠯᠲᠠ ᠪᠠᠷ ᠳᠡᠮᠵᠢᠨ᠂ ᠬᠠᠤᠯᠢ ᠶᠢ ᠴᠢᠩᠭ᠎ᠠ ᠵᠢᠷᠤᠮᠵᠢᠭᠤᠨ ᠲᠥᠪ ᠭᠤᠣᠯᠴᠢ ᠪᠣᠯᠪᠠᠰᠤᠨ ᠢᠶᠠᠷ ᠬᠡᠷᠡᠭᠵᠢᠭᠦᠯᠬᠦ ᠪᠠᠷ ᠳᠠᠮᠵᠢᠭᠤᠯᠤᠨ᠂ ᠵᠠᠰᠠᠭ ᠤᠨ ᠣᠷᠳᠣᠨ ᠪᠣᠯᠤᠨ ᠵᠠᠬ᠎ᠠ ᠳᠡᠯᠭᠡᠭᠦᠷ᠂ ᠬᠡᠰᠡᠭ ᠲᠠᠯ᠎ᠠ ᠪᠣᠯᠤᠨ ᠪᠦᠬᠦ ᠲᠠᠯ᠎ᠠ᠂ ᠣᠳᠣᠬᠠᠨ ᠤ ᠪᠠ ᠠᠯᠤᠰ ᠬᠡᠳᠦ ᠶᠢᠨ ᠬᠠᠷᠢᠴᠠᠭ᠎ᠠ ᠶᠢ ᠨᠡᠩ ᠰᠠᠶᠢᠲᠤᠷ ᠲᠡᠩᠴᠡᠭᠦᠷᠢᠰᠢᠭᠦᠯᠵᠦ᠂ ᠶᠡᠭᠡ ᠶᠠᠪᠤᠳᠠᠯ ᠴᠢᠬᠤᠯᠠ ᠶᠠᠪᠤᠳᠠᠯ ᠢ ᠲᠣᠳᠣᠷᠬᠠᠶᠢᠯᠠᠵᠤ᠂ ᠬᠦᠨᠳᠦ ᠬᠦᠩᠭᠡᠨ ᠠᠯᠭᠤᠷ ᠪᠠᠴᠢᠮ ᠢ ᠢᠯᠭᠠᠵᠤ᠂ ᠡᠬᠢ ᠪᠠᠶᠠᠯᠢᠭ ᠤᠨ ᠲᠤᠬᠢᠷᠠᠭᠤᠯᠤᠯᠲᠠ ᠶᠢ ᠰᠢᠯᠢᠳᠡᠭᠵᠢᠭᠦᠯᠵᠦ᠂ ᠡᠭᠦᠷᠭᠡ ᠴᠢᠳᠠᠪᠬᠢ ᠶᠢᠨ ᠦᠢᠯᠡᠳᠦᠯ ᠢ ᠨᠡᠩ ᠰᠠᠶᠢᠲᠤᠷ ᠪᠠᠳᠠᠷᠠᠭᠤᠯᠵᠤ᠂ ᠡᠳ᠋ ᠤᠨ ᠵᠠᠰᠠᠭ ᠤᠨ ᠤᠯᠠᠨ ᠨᠡᠶᠢᠲᠡᠴᠢ ᠴᠢᠨᠠᠷ᠂ ᠲᠥᠪ ᠭᠤᠣᠯᠴᠢ ᠴᠢᠨᠠᠷ ᠢ ᠲᠠᠰᠤᠷᠠᠯᠲᠠ ᠦᠭᠡᠢ ᠴᠢᠩᠭᠠᠳᠬᠠᠪᠠᠯ ᠰᠠᠶ᠋ᠢ  ᠲᠥᠪ ᠬᠤᠲᠠ ᠶᠢᠨ ᠠᠷᠠᠳ ᠲᠦᠮᠡᠨ ᠤ ᠬᠦᠷᠲᠡᠮᠵᠢ ᠶᠢᠨ ᠲᠦᠷᠦᠭᠳᠡᠯ᠂  ᠵᠣᠯ ᠵᠢᠷᠭᠠᠯᠲᠤ ᠲᠦᠷᠦᠭᠳᠡᠯ ᠪᠣᠯᠤᠨ ᠠᠮᠤᠷ ᠲᠦᠪᠰᠢᠨ ᠤ ᠲᠦᠷᠦᠭᠳᠡᠯ ᠢ ᠦᠨᠡᠨᠬᠦ ᠳᠡᠭᠡᠭᠰᠢᠯᠡᠭᠦᠯᠵᠦ ᠴᠢᠳᠠᠨ᠎ᠠ᠃ ᠡᠭᠦᠨ ᠤ ᠵᠡᠷᠭᠡᠪᠡᠷ᠂ ᠡᠳ᠋ ᠤᠨ ᠵᠠᠰᠠᠭ ᠭᠠᠶᠢᠯᠢ ᠶᠢᠨ ᠪᠠᠶᠢᠭᠤᠯᠤᠯ ᠤᠨ ᠥᠭᠡᠷᠡᠴᠢᠯᠡᠯᠲᠡ ᠬᠦᠨᠵᠡᠭᠡᠶᠢᠷᠡᠭᠰᠡᠨ ᠨᠢ ᠪᠠᠰᠠ ᠬᠠᠤᠯᠢ ᠪᠠᠷ ᠵᠠᠰᠠᠬᠤ ᠡᠳ᠋ ᠤᠨ ᠵᠠᠰᠠᠭ ᠤᠨ ᠪᠠᠶᠢᠭᠤᠯᠤᠯᠲᠠ ᠳᠤ ᠰᠢᠨ᠎ᠡ ᠱᠠᠭᠠᠷᠳᠠᠯᠭ᠎ᠠ ᠳᠤᠷᠠᠳᠤᠭᠰᠠᠨ ᠪᠠᠶᠢᠨ᠎ᠠ᠃ ︽ᠤᠳᠤ ᠦᠶ᠎ᠡ ᠶᠢᠨ ᠡᠳ᠋ ᠤᠨ ᠵᠠᠰᠠᠭ ᠤᠨ ᠲᠦᠷᠢᠮ ᠢ ᠲᠦᠷᠭᠡᠪᠴᠢᠯᠡᠨ ᠪᠠᠶᠢᠭᠤᠯᠬᠤ︾ ᠳᠤ ᠡᠷᠬᠡᠪᠰᠢ ᠬᠠᠤᠯᠢ ᠪᠠᠷ ᠵᠠᠰᠠᠬᠤ ᠰᠡᠳᠬᠢᠬᠦᠶ᠂ ᠬᠠᠤᠯᠢ ᠪᠠᠷ ᠵᠠᠰᠠᠬᠤ ᠠᠷᠭ᠎ᠠ ᠮᠠᠶ᠋ᠢᠭ ᠢ ᠨᠡᠩ ᠢᠯᠡᠭᠦᠦ ᠬᠡᠷᠡᠭᠯᠡᠨ ᠥᠭᠡᠷᠡᠴᠢᠯᠡᠯᠲᠡ ᠶᠢ ᠲᠦᠯᠬᠢᠨ ᠠᠬᠢᠭᠤᠯᠬᠤ ᠬᠡᠷᠡᠭᠲᠡᠶ᠃  ᠶᠡᠷᠦᠩᠬᠡᠶ ᠱᠦᠵᠢ ᠴᠢᠬᠤᠯᠠᠴᠢᠯᠠᠭᠰᠠᠨ ᠨᠢ᠂ ᠥᠭᠡᠷᠡᠴᠢᠯᠡᠯᠲᠡ ᠬᠢᠬᠦ ᠪᠠ ᠬᠠᠤᠯᠢ ᠪᠠᠷ ᠵᠠᠰᠠᠬᠤ ᠪᠣᠯ ᠰᠢᠪᠠᠭᠤᠨ ᠤ ᠬᠤᠶᠠᠷ ᠵᠢᠭᠦᠷ᠂ ᠲᠡᠷᠭᠡᠨ ᠤ ᠬᠤᠶᠠᠷ ᠬᠦᠷᠳᠦ ᠮᠡᠲᠦ ᠪᠠᠶᠢᠳᠠᠭ᠂ ᠥᠭᠡᠷᠡᠴᠢᠯᠡᠯᠲᠡ ᠶᠢᠨ ᠨᠡᠪᠲᠡᠯᠬᠦ ᠬᠦᠴᠦᠨ ᠢ ᠴᠢᠩᠭᠠᠷᠠᠭᠤᠯᠬᠤ ᠳᠤ ᠡᠷᠬᠡᠪᠰᠢ ᠬᠠᠤᠯᠢ ᠪᠠᠷ ᠵᠠᠰᠠᠬᠤ ᠶᠢᠨ ᠬᠥᠲᠥᠯᠥᠨ ᠳᠠᠭᠠᠭᠤᠯᠬᠤ᠂ ᠠᠬᠢᠭᠤᠯᠬᠤ᠂ ᠵᠢᠷᠤᠮᠵᠢᠭᠤᠯᠬᠤ᠂ ᠪᠠᠲᠤᠯᠠᠬᠤ ᠦᠢᠯᠡᠳᠦᠯ ᠢ ᠢᠳᠡᠪᠬᠢᠲᠡᠶ ᠪᠠᠳᠠᠷᠠᠭᠤᠯᠬᠤ ᠬᠡᠷᠡᠭᠲᠡᠶ᠂ ᠥᠭᠡᠷᠡᠴᠢᠯᠡᠯᠲᠡ ᠶᠢᠨ  ᠰᠢᠢᠳᠪᠦᠷᠢᠲᠦ ᠪᠣᠳᠣᠯᠭ᠎ᠠ ᠶᠢ ᠲᠣᠭᠲᠠᠭᠠᠬᠤ ᠳᠤ ᠡᠷᠬᠡᠪᠰᠢ ᠬᠠᠤᠯᠢ ᠲᠣᠭᠲᠠᠭᠠᠯ ᠳᠤ ᠨᠡᠶᠢᠴᠡᠭᠦᠯᠵᠦ᠂ ᠬᠠᠤᠯᠢ ᠶᠢᠨ ᠦᠨᠳᠦᠰᠦᠯᠡᠯ ᠲᠠᠢ ᠪᠠᠶᠢᠯᠭᠠᠵᠤ᠂ ᠬᠠᠤᠯᠢ ᠳᠤ ᠲᠣᠭᠲᠠᠭᠠᠭᠰᠠᠨ ᠵᠢᠷᠤᠮ ᠢ ᠭᠦᠢᠴᠡᠳᠬᠡᠬᠦ ᠬᠡᠷᠡᠭᠲᠡᠶ᠃     ᠰᠢᠨ᠎ᠡ ᠪᠠᠶᠢᠳᠠᠯ ᠰᠢᠨ᠎ᠡ ᠡᠭᠦᠷᠭᠡ ᠶᠢᠨ ᠡᠮᠦᠨ᠎ᠡ᠂  ᠲᠥᠪ ᠬᠤᠲᠠ ᠶᠢᠨ ᠡᠳ᠋ ᠤᠨ ᠵᠠᠰᠠᠭ ᠡᠩ ᠲᠡᠷᠢᠭᠦᠨ ᠳᠤ ᠨᠠᠮ ᠤᠨ ᠤᠳᠤᠷᠢᠳᠤᠯᠭ᠎ᠠ ᠶᠢ ᠴᠢᠩᠭᠠᠳᠬᠠᠬᠤ ᠶᠢ ᠪᠠᠷᠢᠮᠲᠠᠯᠠᠬᠤ ᠬᠡᠷᠡᠭᠲᠡᠢ᠃ ᠡᠳ᠋ ᠤᠨ ᠵᠠᠰᠠᠭ ᠤᠨ ᠰᠠᠯᠠᠭ᠎ᠠ ᠮᠥᠴᠢᠷ ᠤᠳ ᠡᠩ ᠲᠡᠷᠢᠭᠦᠨ ᠳᠤ ᠤᠯᠤᠰ ᠲᠦᠷᠦ ᠶᠢᠨ ᠪᠠᠶᠢᠭᠤᠯᠭ᠎ᠠ᠂ ᠳᠠᠷᠠᠭ᠎ᠠ ᠳᠤᠨᠢ ᠲᠤᠬᠠᠶᠢᠯᠠᠭᠰᠠᠨ ᠠᠵᠢᠯ ᠤᠨ ᠪᠠᠶᠢᠭᠤᠯᠭ᠎ᠠ ᠪᠣᠯᠤᠨ᠎ᠠ᠃ ᠡᠷᠬᠡᠪᠰᠢ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠬᠠᠤᠯᠢ ᠪᠠᠷ ᠵᠠᠰᠠᠬᠤ ᠡᠳ᠋ ᠤᠨ ᠵᠠᠰᠠᠭ ᠤᠨ ᠪᠠᠶᠢᠭᠤᠯᠤᠯᠲᠠ ᠶᠢᠨ ᠠᠵᠢᠯ ᠤᠨ ᠤᠯᠤᠰ ᠲᠦᠷᠦᠴᠢ ᠴᠢᠨᠠᠷ ᠢ ᠴᠢᠩᠭᠠᠳᠬᠠᠵᠤ᠂ ᠨᠠᠮ ᠤᠨ ᠱᠤᠭᠤᠮ ᠴᠢᠭᠯᠡᠯᠲᠡ ᠲᠦᠷᠦ ᠶᠢᠨ ᠪᠤᠳᠤᠯᠭ᠎ᠠ ᠪᠠ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠢᠨ ᠲᠤᠭᠤᠰᠢᠯᠠᠭᠳᠠᠨ ᠬᠡᠷᠡᠭᠵᠢᠭᠦᠯᠦᠭᠳᠡᠬᠦ ᠶᠢ ᠪᠠᠲᠤᠯᠠᠬᠤ ᠬᠡᠷᠡᠭᠲᠡᠢ᠃     ᠲᠥᠪ  ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠬᠠᠤᠯᠢ ᠪᠠᠷ ᠵᠠᠰᠠᠬᠤ ᠡᠳ᠋ ᠤᠨ ᠵᠠᠰᠠᠭ ᠤᠨ ᠪᠠᠶᠢᠭᠤᠯᠤᠯᠲᠠ ᠳᠠᠬᠢ ᠪᠦᠬᠦ ᠲᠠᠯ᠎ᠠ ᠶᠢᠨ ᠤᠳᠤᠷᠢᠳᠤᠯᠭ᠎ᠠ ᠶᠢ ᠴᠢᠩᠭᠠᠳᠬᠠᠨ ᠰᠠᠶᠢᠵᠢᠷᠠᠭᠤᠯᠵᠤ᠂ ︽ᠤᠳᠤᠷᠢᠳᠬᠤ ᠪᠠᠭ ᠤᠨ ᠬᠠᠤᠯᠢ ᠰᠤᠷᠤᠯᠴᠠᠬᠤ ᠲᠦᠷᠢᠮ︾ ᠢ ᠪᠠᠶᠢᠭᠤᠯᠵᠤ᠂ ᠤᠳᠤᠷᠢᠳᠬᠤ ᠪᠠᠭ ᠲᠦᠷᠦᠭᠦᠯᠡᠨ ᠰᠢ ᠶᠢᠨ ᠫᠢᠩ ᠤᠨ ᠬᠠᠤᠯᠢ ᠪᠠᠷ ᠵᠠᠰᠠᠬᠤ ᠦᠵᠡᠯ ᠰᠠᠨᠠᠭ᠎ᠠ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠲᠠᠪᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ᠂ ᠬᠠᠤᠯᠢ ᠶᠣᠰᠣᠭᠠᠷ ᠤᠯᠤᠰ ᠢᠶᠠᠨ ᠵᠠᠰᠠᠬᠤ ᠠᠷᠭ᠎ᠠ ᠪᠤᠳᠤᠯᠭ᠎ᠠ᠂ ᠬᠠᠤᠯᠢ ᠶᠣᠰᠣᠭᠠᠷ ᠵᠠᠰᠠᠭ ᠶᠠᠪᠤᠭᠤᠯᠬᠤ ᠦᠨᠳᠦᠰᠦᠨ ᠤᠨᠤᠯ ᠵᠡᠷᠭᠡ ᠭᠤᠣᠯᠳᠠᠯᠭ᠎ᠠ ᠲᠠᠢ ᠠᠭᠤᠯᠭ᠎ᠠ ᠶᠢ ᠰᠤᠷᠤᠯᠴᠠᠪᠠ︔ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠬᠠᠤᠯᠢ ᠪᠠᠷ ᠵᠠᠰᠠᠬᠤ ᠡᠳ᠋ ᠤᠨ ᠵᠠᠰᠠᠭ ᠤᠨ ᠠᠵᠢᠯ ᠤᠨ ᠬᠠᠷᠢᠭᠤ ᠮᠡᠳᠡᠭᠦᠯᠦᠯᠲᠡ ᠶᠢ ᠲᠣᠭᠲᠠᠮᠠᠯ ᠬᠤᠭᠤᠴᠠᠭ᠎ᠠ ᠲᠠᠢ ᠪᠠᠷ ᠰᠣᠨᠣᠰᠴᠤ ᠂ ᠴᠢᠬᠤᠯᠠ ᠶᠡᠭᠡ ᠠᠰᠠᠭᠤᠳᠠᠯ ᠢ ᠴᠠᠭ ᠲᠤᠬᠠᠶ ᠳᠤᠨᠢ ᠰᠤᠳᠤᠯᠤᠨ  ᠰᠢᠢᠳᠪᠦᠷᠢᠯᠡᠵᠦ᠂ ᠬᠠᠤᠯᠢ ᠪᠠᠷ ᠵᠠᠰᠠᠬᠤ ᠡᠳ᠋ ᠤᠨ ᠵᠠᠰᠠᠭ ᠤᠨ ᠪᠠᠶᠢᠭᠤᠯᠤᠯᠲᠠ ᠶᠢᠨ ᠴᠢᠭᠯᠡᠯ ᠢ ᠡᠵᠡᠮᠳᠡᠵᠦ᠂ ᠪᠠᠲᠤᠯᠠᠭ᠎ᠠ ᠬᠠᠩᠭᠠᠵᠤ᠂ ᠰᠢᠮᠳᠠᠭᠤᠯᠤᠨ ᠵᠢᠯᠤᠭᠤᠳᠪᠠ᠃     ᠳᠠᠷᠠᠭᠠᠯᠠᠪᠠᠯ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠴᠢᠩᠭᠠᠳᠬᠠᠨ᠎ᠠ᠃ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠪᠠᠷ ᠳᠤᠭᠤᠶᠢᠯᠠᠩ ᠤᠨ ᠳᠠᠷᠤᠭ᠎ᠠ ᠪᠣᠯᠭᠠᠭᠰᠠᠨ ᠬᠠᠤᠯᠢ ᠪᠠᠷ ᠵᠠᠰᠠᠬᠤ ᠡᠳ᠋ ᠤᠨ ᠵᠠᠰᠠᠭ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠵᠤ᠂ ᠬᠠᠤᠯᠢ ᠪᠠᠷ ᠵᠠᠰᠠᠬᠤ ᠪᠠᠶᠢᠭᠤᠯᠤᠯᠲᠠ ᠶᠢ ᠲᠦᠯᠬᠢᠨ ᠠᠬᠢᠭᠤᠯᠬᠤ ᠨᠢᠭᠡᠳᠦᠭᠡᠷ ᠬᠠᠷᠢᠭᠤᠴᠠᠯᠭᠠᠲᠠᠨ ᠤ ᠲᠤᠰᠢᠶᠠᠯ ᠬᠠᠷᠢᠭᠤᠴᠠᠯᠭ᠎ᠠ ᠪᠠᠨ ᠦᠨᠡᠨ ᠬᠦ ᠭᠦᠢᠴᠡᠳᠬᠡᠪᠡ᠃ ᠡᠭᠦᠨ ᠤ ᠵᠡᠷᠭᠡᠪᠡᠷ ᠪᠦᠬᠦ ᠲᠠᠯ᠎ᠠ ᠪᠠᠷ ᠪᠦᠬᠦ ᠠᠵᠢᠯᠳᠠᠨ ᠣᠷᠣᠯᠴᠠᠵᠤ᠂ ᠲᠤᠰ ᠲᠤᠰ ᠤᠨ ᠡᠭᠦᠷᠭᠡ ᠲᠤᠰᠢᠶᠠᠯ ᠢᠶᠠᠨ ᠭᠦᠢᠴᠡᠳᠬᠡᠵᠦ᠂ ᠠᠵᠢᠯ ᠬᠤᠪᠢᠶᠠᠨ ᠬᠠᠮᠲᠤᠷᠠᠯᠴᠠᠵᠤ᠂ ᠬᠠᠤᠯᠢ ᠪᠠᠷ ᠵᠠᠰᠠᠬᠤ ᠡᠳ᠋ ᠤᠨ ᠵᠠᠰᠠᠭ ᠤᠨ ᠠᠵᠢᠯ ᠤᠨ ᠪᠣᠳᠠᠲᠤ ᠦᠷ᠎ᠡ ᠪᠦᠲᠦᠮᠵᠢ ᠶᠢ ᠺᠠᠳ᠋ᠷ ᠤᠨ ᠠᠵᠢᠯ ᠤᠨ ᠪᠣᠳᠠᠲᠤ ᠪᠦᠲᠦᠮᠵᠢ ᠶᠢ ᠬᠡᠮᠵᠢᠬᠦ ᠴᠢᠬᠤᠯᠠ ᠠᠭᠤᠯᠭ᠎ᠠ ᠪᠣᠯᠭᠠᠵᠤ᠂ ᠡᠳ᠋ ᠤᠨ ᠵᠠᠰᠠᠭ ᠤᠨ ᠬᠠᠮᠢᠶᠠᠷᠤᠯᠲᠠ ᠶᠢᠨ ᠠᠵᠢᠯ ᠤᠨ ᠪᠦᠬᠦ ᠶᠠᠪᠤᠴᠠ ᠶᠢ ᠬᠠᠤᠯᠢ ᠶᠣᠰᠣᠨ ᠳᠤ ᠨᠡᠶᠢᠴᠡᠭᠦᠯᠵᠦ᠂ ᠡᠳ᠋ ᠤᠨ ᠵᠠᠰᠠᠭ ᠤᠨ ᠠᠵᠢᠯ ᠤᠨ ᠡᠯ᠎ᠡ ᠭᠤᠭᠴᠤᠭ᠎ᠠ ᠶᠢ ᠪᠦᠬᠦᠨ ᠢ ᠵᠢᠷᠤᠮᠵᠢᠭᠤᠯᠵᠤ᠂ ᠬᠠᠤᠯᠢ ᠪᠠᠷ ᠵᠠᠰᠠᠬᠤ ᠶᠢ ᠦᠨᠡᠨ ᠬᠦ ᠪᠠᠳᠤᠯᠠᠪᠠ᠃     ᠭᠤᠷᠪᠠᠳᠤᠭᠠᠷ ᠲᠤ᠂ ᠲᠦᠷᠢᠮ ᠤᠨ ᠬᠢᠵᠠᠭᠠᠷᠯᠠᠯ ᠢ ᠴᠢᠩᠭᠠᠳᠬᠠᠨ᠎ᠠ᠃  ᠲᠥᠪ ᠬᠤᠲᠠ ᠶᠢᠨ ᠡᠳ᠋ ᠤᠨ ᠵᠠᠰᠠᠭ ᠨᠢ ᠬᠤᠲᠠ ᠶᠢᠨ ᠱᠠᠲᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠪᠣᠯᠤᠭᠰᠠᠨ ᠤ ᠬᠤᠪᠢ ᠳᠤ᠂ ᠬᠠᠤᠯᠢ ᠪᠠᠷ ᠵᠠᠰᠠᠬᠤ ᠡᠳ᠋ ᠤᠨ ᠵᠠᠰᠠᠭ ᠤᠨ ᠪᠠᠶᠢᠭᠤᠯᠤᠯᠲᠠ ᠶᠢ ᠠᠬᠢᠭᠤᠯᠬᠤ ᠳᠤ᠂ ᠡᠷᠬᠡᠪᠰᠢ ᠬᠠᠤᠯᠢ ᠴᠠᠭᠠᠵᠠ ᠶᠢᠨ ᠲᠦᠷᠢᠮ ᠤᠨ ᠬᠡᠷᠡᠭᠵᠢᠭᠦᠯᠦᠯᠲᠡ ᠶᠢ ᠴᠢᠩᠭ᠎ᠠ ᠠᠳᠬᠤᠵᠤ᠂ ︽ᠲᠥᠰᠦᠪ ᠤᠨ ᠬᠠᠤᠯᠢ︾ ︽ᠲᠥᠰᠦᠪ ᠤᠨ ᠬᠠᠤᠯᠢ ᠶᠢ ᠬᠡᠷᠡᠭᠵᠢᠭᠦᠯᠬᠦ ᠲᠦᠷᠢᠮ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠥᠰᠦᠪ ᠢ ᠬᠢᠨᠠᠨ ᠪᠠᠶᠢᠴᠠᠭᠠᠵᠤ ᠬᠢᠨᠠᠯᠲᠠ ᠲᠠᠯᠪᠢᠬᠤ ᠲᠦᠷᠢᠮ︾ ᠵᠡᠷᠭᠡ ᠬᠤᠯᠪᠤᠭᠳᠠᠯ ᠪᠥᠬᠦᠶ ᠲᠣᠭᠲᠠᠭᠠᠯ ᠢ ᠡᠷᠬᠡᠪᠰᠢ ᠦᠨᠡᠨᠬᠦ ᠠᠳᠬᠤᠵᠤ᠂ ᠴᠢᠩᠭ᠎ᠠ ᠬᠠᠮᠢᠶᠠᠷᠤᠨ᠂ ᠨᠠᠷᠢᠨ ᠨᠠᠶᠢᠳᠠᠪᠤᠷᠢᠵᠢᠭᠤᠯᠵᠤ᠂ ᠲᠦᠷᠢᠮ ᠤᠨ ᠬᠢᠵᠠᠭᠠᠷᠯᠠᠯ ᠢ ᠴᠢᠩᠭᠠᠳᠬᠠᠬᠤ ᠬᠡᠷᠡᠭᠲᠡᠶ᠃ ᠥᠪᠡᠷᠲᠡᠭᠡᠨ ᠵᠠᠰᠠᠬᠤ ᠣᠷᠣᠨ ᠤ ᠬᠠᠤᠯᠢ ᠪᠠᠷ ᠵᠠᠰᠠᠬᠤ ᠡᠳ᠋ ᠤᠨ ᠵᠠᠰᠠᠭ ᠤᠨ ᠪᠠᠶᠢᠭᠤᠯᠤᠯᠲᠠ ᠶᠢᠨ ᠨᠢᠭᠡᠳᠦᠭᠡᠷ ᠨᠡᠷᠡᠰ ᠤᠨ ᠰᠢᠯᠢᠳᠡᠭ ᠬᠢᠷᠢ ᠪᠦᠲᠦᠮᠵᠢ ᠶᠢ ᠤᠯᠬᠤ ᠶᠢᠨ ᠵᠡᠷᠭᠡ ᠳᠤ᠂ 2020 ᠣᠨ ᠳᠤ᠂ ᠮᠠᠨ ᠤ ᠬᠤᠲᠠ ᠶᠢᠨ ᠡᠳ᠋ ᠤᠨ ᠵᠠᠰᠠᠭ ᠤᠨ ᠲᠥᠰᠦᠪ ᠤᠨ ᠲᠥᠰᠦᠯ ᠪᠦᠷᠢᠨ ᠪᠢᠯᠧᠲ ᠢᠶᠠᠷ ᠪᠠᠲᠤᠯᠠᠭᠳᠠᠵᠤ᠂ ᠵᠠᠰᠠᠭ ᠵᠠᠬᠢᠷᠭ᠎ᠠ ᠠᠵᠢᠯ ᠦᠢᠯᠡᠰ ᠤᠨ ᠨᠢᠭᠡᠴᠡ ᠶᠢᠨ ᠡᠳ᠋ ᠬᠥᠷᠥᠩᠭᠡ ᠶᠢᠨ ᠣᠨ ᠤ ᠮᠡᠳᠡᠭᠦᠯᠦᠯᠲᠡ ᠴᠦ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ  ᠤᠨ ᠦᠨᠳᠦᠷ ᠦᠨᠡᠯᠡᠯᠲᠡ ᠶᠢ ᠤᠯᠪᠠ᠃ 2020 ᠣᠨ ᠤ 6  ᠳ᠋ᠤᠭᠠᠷ ᠰᠠᠷ᠎ᠠ ᠳᠤ᠂ ᠬᠤᠲᠠ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ︽ᠨᠢᠭᠡ ᠬᠠᠤᠯᠢ ᠨᠢᠭᠡ ᠲᠦᠷᠢᠮ︾ ᠤᠨ ᠬᠠᠤᠯᠢ ᠬᠡᠷᠡᠭᠵᠢᠭᠦᠯᠦᠯᠲᠡ ᠶᠢ ᠪᠠᠶᠢᠴᠠᠭᠠᠬᠤ ᠳᠤᠭᠤᠶᠢᠯᠠᠩ ᠤᠨ ᠪᠠᠶᠢᠴᠠᠭᠠᠯᠲᠠ ᠳᠤ᠂ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠶᠢᠨ ᠬᠤᠶᠠᠷ ᠵᠢᠯ ᠤᠨ ᠲᠤᠷᠰᠢᠬᠢ ᠠᠵᠢᠯ ᠴᠤ ᠪᠠᠶᠢᠴᠠᠭᠠᠬᠤ ᠳᠤᠭᠤᠶᠢᠯᠠᠩ ᠤᠨ ᠭᠦᠢᠴᠡᠳ ᠨᠤᠲᠠᠯᠠᠯᠲᠠ ᠶᠢ ᠣᠯᠤᠭᠰᠠᠨ ᠪᠠᠶᠢᠨ᠎ᠠ᠂ ᠡᠨᠡ ᠨᠢ ᠮᠥᠨ ᠴᠦ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠶᠢᠨ ᠵᠠᠯᠭᠠᠭ᠎ᠠ ᠪᠠᠷ ᠡᠷᠡᠯᠬᠡᠭᠯᠡᠨ ᠤᠷᠤᠭᠰᠢᠯᠠᠵᠤ᠂ ᠬᠠᠤᠯᠢ ᠪᠠᠷ ᠵᠠᠰᠠᠬᠤ ᠡᠳ᠋ ᠤᠨ ᠵᠠᠰᠠᠭ ᠤᠨ ᠪᠠᠶᠢᠭᠤᠯᠤᠯᠲᠠ ᠶᠢ ᠳᠥᠯᠭᠢᠨ ᠠᠬᠢᠭᠤᠯᠬᠤ ᠳᠤᠮᠳᠠ ᠲᠠᠰᠤᠷᠠᠯᠲᠠ ᠥᠬᠡᠶ ᠰᠢᠨ᠎ᠡ ᠠᠮᠵᠢᠯᠲᠠ ᠪᠦᠲᠦᠮᠵᠢ ᠤᠯᠬᠤ ᠶᠢᠨ ᠬᠦᠴᠦᠷᠬᠡᠭ ᠶᠡᠭᠡ ᠬᠥᠳᠡᠯᠭᠡᠬᠦ ᠬᠦᠴᠦᠨ ᠮᠥᠨ᠃      ᠡᠭᠦᠨ ᠤ ᠬᠠᠮᠲᠤ ᠲᠣᠰ ᠱᠠᠲᠤᠨ ᠤ ᠲᠦᠷᠢᠮ ᠤᠨ ᠪᠠᠶᠢᠭᠤᠯᠤᠯᠲᠠ ᠶᠢᠨ ᠵᠢᠷᠤᠮᠵᠢᠯ ᠤᠨ ᠴᠢᠨᠠᠷ ᠢ ᠴᠢᠩᠭᠠᠳᠬᠠᠵᠤ᠂ ᠲᠣᠰ ᠱᠠᠲᠤᠨ ᠤ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠲᠣᠭᠲᠠᠭᠠᠬᠤ ᠳᠤ ᠡᠷᠬᠡᠪᠰᠢ ᠰᠠᠨᠠᠯ ᠬᠤᠷᠢᠶᠠᠬᠤ᠂ ᠬᠠᠤᠯᠢ ᠶᠣᠰᠣᠴᠢ ᠴᠢᠨᠠᠷ ᠢ ᠬᠢᠨᠠᠨ ᠪᠠᠶᠢᠴᠠᠭᠠᠬᠤ᠂ ᠬᠠᠮᠲᠤ ᠪᠠᠷ ᠰᠢᠢᠳᠪᠦᠷᠢᠲᠦ ᠪᠣᠳᠣᠯᠭ᠎ᠠ ᠲᠣᠭᠲᠠᠭᠠᠬᠤ ᠵᠡᠷᠭᠡ ᠴᠢᠬᠤᠯᠠ ᠪᠥᠬᠦᠶ ᠲᠠᠰ ᠳᠠᠷᠠᠭᠠᠯᠠᠯ ᠢ ᠭᠦᠢᠴᠡᠳᠭᠡᠬᠦ ᠬᠡᠷᠡᠭᠲᠡᠶ᠃ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠦᠯᠲᠡ ᠶᠢ ᠢᠯᠡ ᠨᠡᠶᠢᠲᠡᠯᠡᠬᠦ ᠲᠦᠷᠢᠮ᠂ ᠬᠠᠤᠯᠢ ᠬᠡᠷᠡᠭᠵᠢᠭᠦᠯᠬᠦ ᠪᠥᠬᠦ ᠶᠠᠪᠤᠴᠠ ᠶᠢ ᠲᠡᠮᠳᠡᠭᠯᠡᠬᠦ ᠲᠦᠷᠢᠮ᠂ ᠴᠢᠬᠤᠯᠠ ᠶᠡᠭᠡ ᠬᠠᠤᠯᠢ ᠬᠡᠷᠡᠭᠵᠢᠭᠦᠯᠬᠦ ᠲᠣᠭᠲᠠᠭᠠᠯ ᠳᠤ ᠬᠠᠤᠯᠢ ᠲᠦᠷᠢᠮ ᠤᠨ ᠬᠢᠨᠠᠨ ᠬᠠᠷᠭᠤᠭᠤᠯᠬᠤ ᠲᠦᠷᠢᠮ ᠢ ᠪᠥᠬᠦ ᠲᠠᠯ᠎ᠠ ᠪᠠᠷ ᠬᠡᠷᠡᠭᠵᠢᠭᠦᠯᠵᠦ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠤᠨ ᠲᠣᠭᠲᠠᠭᠠᠭᠰᠠᠨ ᠬᠠᠤᠯᠢ ᠬᠡᠷᠡᠭᠵᠢᠭᠦᠯᠬᠦ ᠲᠠᠰᠤᠯᠤᠯᠲᠠ ᠶᠢᠨ ᠡᠷᠬᠡ ᠶᠢᠨ ᠵᠢᠷᠤᠮᠵᠢᠯ ᠢ ᠴᠢᠩᠭ᠎ᠠ ᠬᠡᠷᠡᠭᠵᠢᠭᠦᠯᠵᠦ᠂ ᠲᠥᠪ ᠭᠤᠤᠯᠴᠢ ᠪᠣᠯᠪᠠᠰᠤᠨ ᠢᠶᠠᠷ ᠬᠠᠤᠯᠢ ᠬᠡᠷᠡᠭᠵᠢᠭᠦᠯᠬᠦ ᠶᠢ ᠴᠢᠩᠳᠠᠯᠠᠨ᠎ᠠ᠃ ᠳᠣᠲᠣᠭᠠᠳᠤ ᠡᠵᠡᠮᠳᠡᠯ ᠤᠨ ᠲᠦᠷᠢᠮ ᠢ ᠪᠠᠶᠢᠭᠤᠯᠵᠤ᠂ ᠡᠷᠬᠡ ᠶᠢ ᠬᠢᠵᠠᠭᠠᠷᠯᠠᠬᠤ ᠪᠠ ᠠᠶᠤᠯ ᠲᠦᠭᠰᠢᠭᠦᠷᠢ ᠶᠢ ᠬᠠᠮᠢᠶᠠᠷᠤᠨ ᠡᠵᠡᠮᠳᠡᠬᠦ ᠶᠢ ᠴᠢᠩᠭᠠᠳᠬᠠᠨ᠎ᠠ᠃     ᠳᠥᠷᠪᠡᠳᠦᠭᠡᠷ ᠲᠤ᠂ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠨ᠎ᠠ᠃ ᠲᠥᠪ ᠬᠤᠲᠠ ᠶᠢᠨ ᠡᠳ᠋ ᠤᠨ ᠵᠠᠰᠠᠭ ᠠᠴᠠ ᠬᠠᠤᠯᠢ ᠪᠠᠷ ᠵᠠᠰᠠᠬᠤ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠪᠠ ᠬᠥᠮᠦᠵᠢᠭᠦᠯᠬᠦ ᠶᠢ ᠴᠢᠩᠭ᠎ᠠ ᠠᠳᠬᠤᠵᠤ᠂ ᠪᠦᠬᠦ ᠡᠳ᠋ ᠤᠨ ᠵᠠᠰᠠᠭ ᠤᠨ ᠺᠠᠳ᠋ᠷ ᠤᠨ ᠬᠠᠤᠯᠢ ᠶᠣᠰᠣᠭᠠᠷ ᠠᠵᠢᠯᠯᠠᠬᠤ ᠴᠢᠳᠠᠪᠤᠷᠢ ᠶᠢ ᠲᠠᠰᠤᠷᠠᠯᠲᠠ ᠦᠭᠡᠢ ᠳᠡᠭᠡᠭᠰᠢᠯᠡᠭᠦᠯᠦᠭᠰᠡᠭᠡᠷ ᠢᠷᠡᠵᠠᠢ᠃ ᠲᠤᠬᠠᠶᠢᠯᠠᠭᠰᠠᠨ ᠠᠵᠢᠯ ᠤᠨ ᠪᠠᠶᠢᠷᠢ ᠬᠢᠭᠡᠳ ᠬᠠᠤᠯᠢ ᠪᠠᠷ ᠵᠠᠰᠠᠬᠤ ᠠᠵᠢᠯ ᠤᠨ ᠪᠠᠶᠢᠷᠢ ᠶᠢᠨ ᠠᠵᠢᠯᠳᠠᠨ ᠤ ᠰᠣᠯᠢᠯᠴᠠᠭ᠎ᠠ ᠶᠢ ᠴᠢᠩᠭᠠᠳᠬᠠᠵᠤ᠂ ᠬᠠᠤᠯᠢ ᠪᠠᠷ ᠵᠠᠰᠠᠬᠤ ᠶᠢ ᠮᠡᠳᠡᠬᠦ ᠮᠥᠷᠲᠡᠭᠡᠨ ᠲᠤᠬᠠᠶᠢᠯᠠᠭᠰᠠᠨ ᠠᠵᠢᠯ ᠢ ᠴᠤ ᠮᠡᠳᠡᠳᠡᠭ ᠨᠢᠭᠡ ᠪᠦᠯᠦᠭ ᠥᠨᠳᠥᠷ ᠬᠡᠪ ᠴᠢᠨᠠᠷ ᠪᠦᠬᠦᠢ ᠴᠢᠳᠠᠪᠤᠷᠢᠲᠠᠨ ᠢ ᠴᠢᠷᠮᠠᠶᠢᠨ  ᠬᠦᠮᠦᠵᠢᠬᠦᠯᠦᠨ᠎ᠡ᠃ ᠲᠣᠪᠴᠢᠶ᠎ᠠ ᠳᠤ ᠠᠯᠪᠠᠨ ᠲᠤᠰᠢᠶᠠᠯᠲᠤ ᠬᠠᠤᠯᠢᠴᠢ ᠲᠣᠬᠢᠷᠠᠭᠤᠯᠤᠭᠰᠠᠨ ᠪᠥᠭᠡᠳ ᠬᠠᠤᠯᠢ ᠴᠠᠭᠠᠵᠠ ᠶᠢᠨ ᠵᠥᠪᠯᠡᠭᠴᠢ ᠶᠢ ᠭᠠᠳᠠᠨ᠎ᠠ ᠠᠴᠠ ᠤᠷᠢᠵᠤ᠂ ᠴᠢᠬᠤᠯᠠ ᠶᠡᠭᠡ  ᠰᠢᠢᠳᠪᠦᠷᠢᠲᠦ ᠪᠤᠳᠤᠯᠭ᠎ᠠ᠂ ᠴᠢᠬᠤᠯᠠ ᠶᠡᠭᠡ ᠵᠠᠰᠠᠭ ᠵᠠᠬᠢᠷᠭᠠᠨ ᠤ ᠦᠢᠯᠡ ᠠᠵᠢᠯᠯᠠᠭ᠎ᠠ᠂ ᠴᠢᠬᠤᠯᠠ ᠶᠡᠭᠡ ᠬᠠᠤᠯᠢ ᠴᠠᠭᠠᠵᠠ ᠳᠤ ᠬᠤᠯᠪᠣᠭᠳᠠᠬᠤ ᠬᠡᠷᠡᠭ ᠶᠠᠪᠤᠳᠠᠯ ᠤᠨ ᠲᠠᠯ᠎ᠠ ᠪᠠᠷ ᠴᠥᠮ ᠬᠠᠤᠯᠢ ᠴᠠᠭᠠᠵᠠ ᠶᠢᠨ ᠰᠠᠨᠠᠯ ᠢ ᠬᠢᠨᠠᠮᠠᠭᠠᠶ  ᠬᠤᠷᠢᠶᠠᠨ᠎ᠠ᠃     6. ᠬᠥᠲᠥᠯᠥᠭᠴᠢ     ᠥᠩᠭᠡᠷᠡᠭᠰᠡᠨ ᠨᠢᠭᠡ ᠵᠢᠯ ᠳᠤ᠂ ᠮᠠᠨ ᠤ ᠲᠥᠪ ᠬᠤᠲᠠ ᠶᠢᠨ ᠡᠳ᠋ ᠤᠨ ᠵᠠᠰᠠᠭ ᠬᠠᠤᠯᠢ ᠪᠠᠷ ᠵᠠᠰᠠᠬᠤ ᠡᠳ᠋ ᠤᠨ ᠵᠠᠰᠠᠭ ᠤᠨ ᠪᠠᠶᠢᠭᠤᠯᠤᠯᠲᠠ ᠶᠢ ᠳᠥᠯᠭᠢᠨ ᠠᠬᠢᠭᠤᠯᠬᠤ ᠶᠠᠪᠤᠴᠠ ᠳᠤ ᠯᠠᠪᠲᠠᠶ ᠶᠡᠭᠡ ᠬᠡᠮᠵᠢᠶᠡᠨ ᠤ ᠪᠣᠳᠠᠲᠠᠶ ᠠᠵᠢᠯ ᠬᠢᠭᠰᠡᠨ ᠪᠠᠶᠢᠬ᠎ᠠ᠂ ᠪᠢᠳᠡᠨ ᠳᠤ ᠲᠠᠨᠢᠯᠴᠠᠭᠤᠯᠤᠭᠠᠳ ᠥᠭᠭᠦᠨ᠎ᠡ  ᠤᠤ︖     7. ᠬᠠᠤᠯᠢ ᠲᠣᠭᠲᠠᠭᠠᠯ ᠭᠠᠶᠢᠯᠢ ᠶᠢᠨ ᠶᠠᠪᠤᠳᠠᠯ ᠤᠨ ᠰᠠᠯᠠᠭᠠᠨ ᠤ ᠳᠡᠳ᠋ ᠳᠠᠷᠤᠭ᠎ᠠ ᠯᠢ ᠰᠧ ᠶᠣᠣ      ᠡᠩ ᠲᠡᠷᠢᠭᠦᠨ ᠳᠤ᠂ ᠲᠥᠪ ᠬᠤᠲᠠ ᠶᠢᠨ ᠡᠳ᠋ ᠤᠨ ᠵᠠᠰᠠᠭ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠲᠣᠭᠲᠠᠭᠠᠬᠤ ᠵᠢᠷᠤᠮ ᠢ ᠢᠮᠠᠭᠲᠠ ᠭᠦᠢᠴᠡᠳᠬᠡᠭᠰᠡᠨ ᠰᠠᠭᠤᠷᠢᠨ ᠳᠡᠭᠡᠷ᠎ᠡ᠂ ᠳᠦᠷᠢᠮ ᠤᠨ ᠪᠠᠶᠢᠭᠤᠯᠤᠯᠲᠠ ᠶᠢ ᠴᠢᠩᠭᠠᠳᠬᠠᠬᠤ ᠶᠢᠨ ᠲᠥᠯᠥᠭᠡ᠂ ᠪᠢᠴᠢᠭ ᠮᠠᠲ᠋ᠧᠷᠢᠶᠠᠯ ᠤᠨ ᠬᠠᠮᠢᠶᠠᠷᠤᠯᠲᠠ ᠶᠢ ᠴᠢᠩᠭᠠᠳᠬᠠᠵᠤ᠂ 2020 ᠣᠨ ᠳᠤ ᠭᠤᠷᠪᠠᠳᠠᠬᠢ ᠡᠳᠡᠭᠡᠳ ᠤᠨ ᠪᠠᠶᠢᠭᠤᠯᠤᠮᠵᠢ ᠶᠢ ᠤᠷᠢᠵᠤ᠂ ᠮᠠᠨ ᠤ ᠲᠣᠪᠴᠢᠶ᠎ᠠ ᠶᠢᠨ ᠲᠤᠭᠤᠷᠪᠢᠭᠰᠠᠨ 5 ᠬᠤᠪᠢ ᠬᠤᠲᠠ ᠶᠢᠨ ᠵᠠᠰᠠᠭ ᠤᠨ ᠣᠷᠳᠣᠨ ᠤ ᠪᠢᠴᠢᠭ ᠮᠠᠲ᠋ᠧᠷᠢᠶᠠᠯ ᠪᠠ ᠮᠠᠨ ᠤ ᠲᠣᠪᠴᠢᠶ᠎ᠠ ᠶᠢᠨ ᠲᠣᠭᠲᠠᠭᠠᠵᠤ ᠳᠠᠷᠤᠮᠠᠯᠯᠠᠨ ᠲᠠᠷᠬᠠᠭᠠᠭᠰᠠᠨ 5 ᠬᠤᠪᠢ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠳᠤ ᠬᠡᠷᠡᠭ ᠤᠨ ᠳᠠᠷᠠᠭᠠᠬᠢ ᠦᠨᠡᠯᠡᠨ ᠵᠢᠱᠢᠯᠲᠡ ᠬᠢᠵᠦ᠂ ᠪᠢᠴᠢᠭ ᠮᠠᠲ᠋ᠧᠷᠢᠶᠠᠯ ᠤᠨ ᠬᠠᠤᠯᠢ ᠶᠣᠰᠣᠴᠢ ᠴᠢᠨᠠᠷ᠂ ᠵᠦᠶ  ᠵᠣᠬᠢᠰᠲᠤ ᠴᠢᠨᠠᠷ᠂ ᠵᠦᠶ ᠶᠣᠰᠣᠴᠢ ᠴᠢᠨᠠᠷ᠂ ᠴᠢᠬᠤᠯᠠ ᠴᠢᠨᠠᠷ᠂ ᠬᠠᠨᠳᠤᠯᠭᠠᠲᠤ ᠴᠢᠨᠠᠷ᠂ ᠪᠣᠳᠠᠲᠤ ᠦᠷ᠎ᠡ ᠪᠦᠳᠦᠮᠵᠢᠳᠤ ᠴᠢᠨᠠᠷ ᠵᠡᠷᠭᠡ ᠲᠠᠯ᠎ᠠ ᠳᠤ ᠦᠨᠡᠯᠡᠯᠲᠡ ᠬᠢᠯᠭᠡᠬᠦ  ᠶᠢᠨ ᠬᠠᠮᠲᠤ ᠦᠷᠭᠦᠯᠵᠢᠯᠡᠨ ᠬᠡᠷᠡᠭᠯᠡᠬᠦ᠂ ᠵᠠᠰᠠᠪᠤᠷᠢ ᠣᠷᠣᠭᠤᠯᠬᠤ ᠪᠤᠶᠤ ᠬᠦᠴᠦᠨ ᠥᠬᠡᠶ ᠪᠣᠯᠭᠠᠬᠤ ᠶᠣᠰᠣᠲᠠᠶ ᠦᠨᠡᠯᠡᠨ ᠵᠢᠱᠢᠯᠲᠡ ᠶᠢᠨ ᠰᠠᠨᠠᠭᠤᠯᠭ᠎ᠠ ᠶᠢ ᠳᠤᠷᠠᠳᠤᠭᠤᠯᠪᠠ᠃ 2020 ᠣᠨ ᠤ ᠡᠴᠦᠰ ᠲᠤ᠂ ᠪᠢᠳᠡ ᠪᠠᠰᠠ ᠦᠨᠡᠯᠡᠨ ᠵᠢᠱᠢᠭᠰᠡᠨ ᠦᠷ᠎ᠡ ᠳ᠋ᠦᠩ ᠪᠠ ᠪᠣᠳᠠᠲᠠᠶ ᠠᠵᠢᠯ ᠤᠨ ᠪᠠᠶᠢᠳᠠᠯ ᠲᠠᠢ ᠪᠠᠨ ᠤᠶᠠᠯᠳᠤᠭᠤᠯᠤᠨ ᠵᠢᠷᠤᠮᠵᠢᠯ ᠤᠨ ᠴᠢᠨᠠᠷᠲᠠᠶ ᠪᠢᠴᠢᠭ ᠮᠠᠲ᠋ᠧᠷᠢᠶᠠᠯ ᠢ ᠤᠯᠠᠮ ᠨᠢᠭᠡ ᠠᠯᠬᠤᠮ ᠢᠯᠭᠠᠷᠠᠭᠤᠯᠤᠨ ᠳᠢᠭᠯᠡᠵᠦ᠂ ᠢᠯᠭᠠᠷᠠᠭᠤᠯᠤᠨ ᠳᠢᠭᠯᠡᠭᠰᠡᠨ ᠦᠷ᠎ᠡ ᠳ᠋ᠦᠩ ᠢ ᠨᠢᠭᠡᠨᠲᠡ ᠮᠠᠨ ᠤ ᠲᠣᠪᠴᠢᠶ᠎ᠠ ᠶᠢᠨ  ᠠᠯᠪᠠᠨ ᠰᠦᠯᠵᠢᠶᠡᠨ ᠳᠡᠭᠡᠷ᠎ᠡ ᠨᠡᠶᠢᠲᠡᠯᠡᠭᠰᠡᠨ ᠪᠣᠯᠬᠤᠷ ᠥᠷᠭᠡᠨ ᠣᠯᠠᠨ ᠰᠦᠯᠵᠢᠶᠡᠨ ᠠᠨᠳᠠ ᠨᠠᠷ ᠪᠠᠶᠢᠴᠠᠭᠠᠨ ᠯᠠᠪᠯᠠᠵᠤ᠂ ᠬᠢᠨᠠᠯᠲᠠ ᠲᠠᠯᠪᠢᠵᠤ ᠪᠣᠯᠤᠨ᠎ᠠ᠃ ᠢᠯᠭᠠᠷᠠᠭᠤᠯᠤᠨ ᠳᠢᠭᠯᠡᠬᠦ ᠶᠠᠪᠤᠴᠠ ᠳᠤ ᠬᠦᠴᠦᠨ ᠦᠭᠡᠶ  ᠪᠣᠯᠭᠠᠭᠰᠠᠨ᠂ ᠬᠦᠴᠦᠨ ᠦᠭᠡᠶ ᠪᠣᠯᠭᠠᠬᠤ ᠪᠠᠷ ᠲᠣᠭᠲᠠᠭᠠᠭᠰᠠᠨ ᠪᠢᠴᠢᠭ ᠮᠠᠲ᠋ᠧᠷᠢᠶᠠᠯ ᠢ ᠪᠢᠳᠡ ᠵᠠᠰᠠᠭ ᠵᠠᠬᠢᠷᠭᠠᠨ ᠤ ᠬᠠᠮᠢᠶᠠᠷᠤᠯᠲᠠ ᠶᠢᠨ ᠦᠨᠳᠦᠰᠦ ᠪᠠᠷᠢᠮᠲᠠ ᠪᠣᠯᠭᠠᠬᠤ ᠦᠭᠡᠶ᠃     ᠡᠭᠦᠨ ᠤ  ᠵᠡᠷᠭᠡᠪᠡᠷ᠂ ᠭᠤᠤᠯᠴᠢ ᠥᠷᠢᠰᠥᠯᠳᠦᠭᠡᠨ ᠤ ᠬᠢᠨᠠᠨ ᠪᠠᠶᠢᠴᠠᠭᠠᠬᠤ ᠠᠵᠢᠯ ᠤᠨ ᠰᠢᠨ᠎ᠡ ᠱᠠᠭᠠᠷᠳᠠᠯᠭ᠎ᠠ ᠶᠢ ᠦᠨᠳᠦᠰᠦᠯᠡᠨ᠂ ᠪᠢᠳᠡ ᠦᠯᠡᠳᠡᠭᠡᠯ ᠪᠢᠴᠢᠭ ᠮᠠᠲ᠋ᠧᠷᠢᠶᠠᠯ ᠢ ᠪᠥᠬᠦ ᠲᠠᠯ᠎ᠠ ᠪᠠᠷ ᠢᠯᠭᠠᠷᠠᠭᠤᠯᠤᠨ ᠳᠢᠭᠯᠡᠭᠰᠡᠨ ᠰᠠᠭᠤᠷᠢᠨ ᠳᠡᠭᠡᠷ᠎ᠡ᠂ 2020 ᠣᠨ ᠳᠤ ᠪᠥᠬᠦ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢᠨ ᠲᠥᠷᠥᠯ ᠤᠨ ᠪᠢᠴᠢᠭ ᠮᠠᠲ᠋ᠧᠷᠢᠶᠠᠯ ᠢ ᠴᠥᠮ ᠭᠤᠤᠯᠴᠢ ᠥᠷᠢᠰᠥᠯᠳᠦᠭᠡᠨ ᠤ ᠬᠢᠨᠠᠨ ᠪᠠᠶᠢᠴᠠᠭᠠᠬᠤ ᠬᠡᠪᠴᠢᠶᠡᠨ ᠳᠤ ᠣᠷᠣᠭᠤᠯᠵᠤ᠂ ᠭᠤᠤᠯᠴᠢ ᠥᠷᠢᠰᠥᠯᠳᠦᠭᠡᠨ ᠤ ᠬᠢᠨᠠᠨ ᠪᠠᠶᠢᠴᠠᠭᠠᠬᠤ ᠱᠠᠭᠠᠷᠳᠠᠯᠭ᠎ᠠ ᠠᠴᠠ ᠵᠥᠷᠢᠴᠡᠭᠰᠡᠨ ᠪᠢᠴᠢᠭ ᠮᠠᠲ᠋ᠧᠷᠢᠶᠠᠯ ᠢ ᠴᠥᠮ ᠨᠡᠶᠢᠲᠡᠯᠡᠵᠦ ᠪᠣᠯᠬᠤ ᠥᠬᠡᠶ᠃     2020 ᠣᠨ ᠳᠤ᠂ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠠᠬᠢᠭᠤᠯᠵᠤ᠂ ᠨᠠᠷᠢᠨ ᠳᠠᠩᠰᠠ ᠶᠢᠨ ᠬᠠᠮᠢᠶᠠᠷᠤᠯᠲᠠ ᠶᠢ ᠴᠢᠩᠭᠠᠳᠬᠠᠬᠤ ᠲᠠᠯ᠎ᠠ ᠪᠠᠷ᠂ ᠨᠢᠭᠡᠳᠦᠭᠡᠷ ᠲᠤ᠂ ︽ᠡᠷᠬᠡ ᠶᠢ ᠪᠠᠭᠠᠰᠬᠠᠬᠤ︾ ᠠᠵᠢᠯ ᠢ ᠥᠷᠨᠢᠭᠦᠯᠵᠦ᠂ ᠡᠷᠬᠡ ᠬᠠᠷᠢᠭᠤᠴᠠᠯᠭ᠎ᠠ ᠶᠢᠨ ᠨᠠᠷᠢᠨ ᠳᠠᠩᠰᠠ ᠶᠢ ᠪᠠᠭᠠᠰᠬᠠᠵᠤ᠂ ᠤᠤᠯ ᠤᠨ 109 ᠵᠦᠢᠯ ᠤᠨ ᠵᠠᠰᠠᠭ ᠵᠠᠬᠢᠷᠭᠠᠨ ᠤ ᠡᠷᠬᠡ ᠶᠢ 21 ᠵᠦᠢᠯ ᠪᠣᠯᠭᠠᠨ ᠪᠠᠭᠠᠰᠬᠠᠪᠠ᠃ ᠬᠤᠶᠠᠳᠤᠭᠠᠷ ᠲᠤ᠂ 2020 ᠣᠨ ᠤ 8 ᠳ᠋ᠤᠭᠠᠷ ᠰᠠᠷ᠎ᠠ ᠳᠤ᠂ ᠲᠥᠷᠥ ᠶᠢᠨ ᠪᠣᠳᠣᠯᠭ᠎ᠠ ᠶᠢᠨ ᠲᠣᠬᠢᠷᠠᠭᠤᠯᠤᠯᠲᠠ ᠬᠤᠪᠢᠷᠠᠯᠲᠠ ᠶᠢ ᠦᠨᠳᠦᠰᠦᠯᠡᠨ᠂ ᠪᠢᠳᠡ ︽ᠬᠥᠬᠡᠬᠤᠲᠠ ᠶᠢᠨ ᠵᠠᠰᠠᠭ ᠵᠠᠬᠢᠷᠭᠠᠨ ᠤ ᠠᠵᠢᠯ ᠦᠢᠯᠡᠰ ᠤᠨ ᠴᠢᠨᠠᠷᠲᠠᠶ ᠰᠦᠢᠳᠬᠡᠯ ᠬᠤᠷᠢᠶᠠᠬᠤ ᠵᠦᠢᠯᠡᠰ ᠤᠨ ᠭᠠᠷᠴᠠᠭ ᠤᠨ ᠲᠣᠳᠣᠷᠬᠠᠶ ᠬᠠᠭᠤᠳᠠᠰᠤ︾ ᠳᠤ ᠳᠠᠬᠢᠨ ᠲᠣᠬᠢᠷᠠᠭᠤᠯᠤᠯᠲᠠ ᠬᠢᠭᠰᠡᠨ ᠪᠥᠭᠡᠳ ᠨᠡᠶᠢᠲᠡᠯᠡᠵᠦ᠂ ᠭᠠᠶᠢᠯᠢ ᠶᠢᠨ ᠪᠤᠰᠤ ᠣᠷᠣᠯᠭ᠎ᠠ ᠶᠢ ᠵᠢᠷᠤᠮᠵᠢᠭᠤᠯᠤᠨ ᠲᠠᠲᠠᠪᠤᠷᠢᠯᠠᠬᠤ ᠶᠢ ᠪᠠᠲᠤᠯᠠᠪᠠ᠃     8. ᠬᠥᠲᠥᠯᠥᠭᠴᠢ     ︽ ᠢᠯᠡ ᠲᠣᠳᠤ ᠡᠳ᠋ ᠤᠨ ᠵᠠᠰᠠᠭ︾ ᠭᠡᠳᠡᠭ ᠦᠭᠡ ᠶᠢ ᠪᠢᠳᠡ ᠦᠷᠭᠦᠯᠵᠢ ᠣᠯᠵᠤ ᠰᠣᠨᠣᠰᠳᠠᠭ᠂ ᠡᠨᠡ ᠦᠭᠡ ᠴᠤᠬᠤᠮ ᠶᠠᠮᠠᠷ ᠤᠳᠬ᠎ᠠ ᠶᠢ ᠲᠥᠯᠥᠭᠡᠯᠡᠵᠦ ᠪᠠᠶᠢᠬᠤ ᠪᠣᠢ᠂ ᠮᠠᠨ ᠤ ᠲᠥᠪ ᠬᠤᠲᠠ ᠶᠢᠨ ᠡᠳ᠋ ᠤᠨ ᠵᠠᠰᠠᠭ ᠡᠭᠦᠨ ᠢ ᠬᠡᠷᠬᠢᠨ ᠪᠡᠶᠡᠯᠡᠭᠦᠯᠵᠦ ᠪᠠᠶᠢᠬᠤ ᠪᠤᠢ︖     9. ᠬᠠᠤᠯᠢ ᠲᠣᠭᠲᠠᠭᠠᠯ ᠭᠠᠶᠢᠯᠢ ᠶᠢᠨ ᠶᠠᠪᠤᠳᠠᠯ ᠤᠨ ᠰᠠᠯᠠᠭᠠᠨ ᠤ ᠳᠡᠳ᠋ ᠳᠠᠷᠤᠭ᠎ᠠ ᠯᠢ ᠰᠧ ᠶᠣᠣ
        ᠢᠯᠡ ᠲᠣᠳᠣ ᠡᠳ᠋ ᠤᠨ ᠵᠠᠰᠠᠭ ᠪᠣᠯ ᠵᠠᠰᠠᠭ ᠤᠨ ᠶᠠᠪᠤᠳᠠᠯ ᠢ ᠢᠯᠡ ᠪᠣᠯᠭᠠᠬᠤ ᠶᠢ ᠠᠬᠢᠭᠤᠯᠬᠤ ᠨᠢᠭᠡᠨ ᠴᠢᠬᠤᠯᠠ ᠠᠷᠭ᠎ᠠ ᠬᠡᠮᠵᠢᠶ᠎ᠡ ᠮᠥᠨ᠂ ᠲᠡᠭᠦᠨ ᠤ ᠮᠥᠨ ᠴᠢᠨᠠᠷ ᠨᠢ ︽ᠲᠥᠰᠦᠪ ᠤᠨ ᠬᠠᠤᠯᠢ︾ ᠳᠤ ᠲᠣᠭᠲᠠᠭᠠᠭᠰᠠᠨ ᠲᠥᠰᠦᠪ ᠢ ᠢᠯᠡ ᠪᠣᠯᠭᠠᠬᠤ ᠵᠠᠷᠴᠢᠮ ᠪᠠᠶᠢᠵᠤ᠂ ᠲᠥᠰᠦᠪ ᠢ ︽ᠪᠦᠬᠦ ᠲᠠᠯ᠎ᠠ ᠪᠠᠷ ᠵᠢᠷᠤᠮᠵᠢᠭᠤᠯᠵᠤ᠂ ᠢᠯᠡ ᠲᠣᠳᠣ ᠪᠠᠶᠢᠯᠭᠠᠬᠤ︾ ᠶᠢ ᠱᠠᠭᠠᠷᠳᠠᠵᠤ᠂ 2020 ᠣᠨ ᠳᠤ ︽ᠲᠥᠰᠦᠪ ᠤᠨ ᠬᠠᠤᠯᠢ ᠶᠢ ᠬᠡᠷᠡᠭᠵᠢᠭᠦᠯᠬᠦ ᠲᠦᠷᠢᠮ︾ ᠳᠤ ᠵᠠᠰᠠᠪᠤᠷᠢ ᠣᠷᠣᠭᠤᠯᠤᠭᠰᠠᠨ ᠤ ᠲᠠᠷᠠᠭ᠎ᠠ᠂ ᠲᠥᠰᠦᠪ ᠢ ᠢᠯᠡ ᠪᠣᠯᠭᠠᠬᠤ ᠳᠤ ᠨᠡᠩ ᠭᠦᠨᠵᠡᠭᠡᠶ ᠱᠠᠭᠠᠷᠳᠠᠯᠭ᠎ᠠ ᠳᠤᠷᠠᠳᠤᠭᠰᠠᠨ ᠪᠠᠶᠢᠨ᠎ᠠ᠃  ᠲᠥᠪ ᠬᠤᠲᠠ ᠶᠢᠨ ᠡᠳ᠋ ᠤᠨ ᠵᠠᠰᠠᠭ  ᠨᠢ ︽ᠢᠯᠡ ᠪᠣᠯᠭᠠᠬᠤ ᠪᠣᠯ ᠬᠡᠪ ᠤᠨ ᠪᠠᠶᠢᠳᠠᠯ᠂ ᠢᠯᠡ ᠪᠣᠯᠭᠠᠬᠤ ᠥᠬᠡᠶ ᠪᠣᠯ ᠣᠨᠴᠠᠭᠠᠶ ᠪᠠᠶᠢᠳᠠᠯ︾ ᠭᠡᠬᠦ ᠲᠥᠰᠦᠪ ᠢ ᠢᠯᠡ ᠪᠣᠯᠭᠠᠬᠤ ᠵᠣᠷᠢᠭ ᠰᠠᠨᠠᠭ᠎ᠠ ᠶᠢ ᠭᠦᠨᠵᠡᠭᠡᠶ ᠣᠶᠢᠯᠠᠭᠠᠵᠤ᠂ ᠲᠥᠰᠦᠪ ᠢ ᠢᠯᠡ ᠪᠣᠯᠭᠠᠬᠤ ᠭᠦᠨᠴᠡ ᠪᠠ ᠥᠷᠭᠡᠴᠡ ᠶᠢ ᠤᠯᠠᠮ ᠨᠢᠭᠡ ᠠᠯᠬᠤᠮ ᠥᠷᠭᠡᠳᠬᠡᠨ᠂ ᠵᠠᠰᠠᠭ ᠤᠨ ᠣᠷᠳᠣᠨ ᠤ ︽ᠣᠷᠣᠯᠭ᠎ᠠ ᠵᠠᠷᠤᠯᠭ᠎ᠠ ᠶᠢᠨ ᠲᠠᠩᠰᠠ︾ ᠶᠢ ᠡᠷᠲᠡᠬᠡᠨ᠂ ᠲᠦᠷᠭᠡᠨ᠂ ᠪᠦᠷᠢᠨ ᠪᠦᠲᠦᠨ ᠢᠶᠠᠷ ᠨᠡᠶᠢᠭᠡᠮ ᠨᠡᠶᠢᠲᠡ ᠳᠤ ᠢᠯᠡ ᠪᠣᠯᠭᠠᠪᠠ᠃  ᠠᠯᠪᠠᠨ ᠰᠦᠯᠵᠢᠶ᠎ᠡ᠂ ᠸᠢᠴᠠᠲ ᠤᠨ ᠨᠡᠶᠢᠲᠡ ᠶᠢᠨ ᠳ᠋ᠤᠭᠠᠷ᠂ ᠵᠢᠵᠢᠭ ᠷᠠᠳᠢᠣ᠋ ᠨᠡᠪᠲᠡᠷᠡᠭᠦᠯᠭᠡ᠂ ᠪᠠᠶᠢᠴᠠᠭᠠᠨ ᠯᠠᠪᠯᠠᠬᠤ ᠮᠠᠰᠢᠨ ᠵᠡᠷᠭᠡ 16 ᠲᠠᠪᠴᠠᠩ ᠢ ᠪᠠᠶᠢᠭᠤᠯᠵᠤ᠂ ᠥᠷᠭᠡᠨ ᠣᠯᠠᠨ ᠰᠤᠨᠤᠰᠤᠭᠴᠢᠳ ᠪᠠ ᠰᠦᠯᠵᠢᠶᠡᠨ  ᠨᠠᠶᠢᠵᠠ ᠨᠠᠷ ᠡᠳ᠋ ᠤᠨ ᠵᠠᠰᠠᠭ ᠤᠨ ᠠᠯᠪᠠᠨ ᠰᠦᠯᠵᠢᠶ᠎ᠡ ᠵᠢᠴᠢ ᠡᠯ᠎ᠡ ᠵᠦᠢᠯ ᠤᠨ ᠢᠯᠡ ᠪᠣᠯᠭᠠᠬᠤ ᠠᠷᠭ᠎ᠠ ᠵᠠᠮ ᠢᠶᠠᠷ ᠳᠠᠮᠵᠢᠭᠤᠯᠤᠨ᠂  ᠲᠥᠪ ᠬᠤᠲᠠ ᠶᠢᠨ ᠵᠠᠰᠠᠭ ᠤᠨ ᠣᠷᠳᠣᠨ ᠤ ᠥᠷᠢ ᠥᠭᠴᠡᠭᠡ᠂ ᠪᠠᠶᠢᠭᠤᠯᠭ᠎ᠠ ᠶᠢᠨ ᠠᠵᠢᠯᠯᠠᠭᠠᠨ ᠤ ᠵᠠᠷᠤᠳᠠᠯ᠂ ᠵᠠᠰᠠᠭ ᠤᠨ ᠣᠷᠳᠣᠨ  ᠬᠤᠳᠠᠯᠳᠤᠨ ᠠᠪᠬᠤ᠂ ᠡᠳ᠋ ᠤᠨ ᠵᠠᠰᠠᠭ ᠤᠨ ᠲᠤᠰᠬᠠᠶ ᠡᠷᠦᠬᠡ ᠶᠢᠨ ᠪᠠᠯᠠ ᠮᠥᠩᠭᠦ ᠵᠡᠷᠭᠡ ᠮᠡᠳᠡᠭᠡ ᠵᠠᠩᠭᠢ ᠶᠢ ᠣᠶᠢᠯᠠᠭᠠᠵᠤ ᠪᠣᠯᠤᠨ᠎ᠠ᠃  ᠨᠠᠷᠠᠨ ᠤ ᠭᠡᠷᠡᠯ ᠢᠶᠠᠷ ᠬᠠᠮᠤᠭ ᠤᠨ ᠰᠠᠶᠢᠨ ᠢᠯᠵᠢᠷᠡᠯ ᠢ ᠰᠡᠷᠭᠡᠶᠢᠯᠡᠬᠦ  ᠡᠳ᠋ ᠪᠣᠯᠭᠠᠵᠤ᠂  ᠢᠯᠡ ᠲᠣᠳᠤ ᠡᠳ᠋ ᠤᠨ ᠵᠠᠰᠠᠭ ᠢᠶᠠᠷ ᠢᠯᠡ ᠲᠣᠳᠣ ᠵᠠᠰᠠᠭ ᠤᠨ ᠣᠷᠳᠣᠨ᠂ ᠠᠷᠢᠭᠤᠨ ᠴᠢᠬᠡᠴᠢ ᠵᠠᠰᠠᠭ ᠤᠨ ᠣᠷᠳᠣᠨ ᠤ ᠪᠠᠶᠢᠭᠤᠯᠤᠯᠲᠠ ᠳᠤ ᠬᠦᠴᠦᠨ  ᠨᠡᠮᠡᠷᠢᠯᠡᠪᠡ᠃     10. ᠬᠥᠲᠥᠯᠥᠭᠴᠢ      ᠰᠠᠶ᠋ᠢᠬᠠᠨ ᠲᠠ ᠬᠤᠶᠠᠭᠤᠯᠠ ᠪᠠᠨ ᠴᠥᠮ 2020 ᠣᠨ ᠤ ︽ᠲᠥᠰᠦᠪ ᠤᠨ ᠬᠠᠤᠯᠢ ᠶᠢ ᠬᠡᠷᠡᠭᠵᠢᠭᠦᠯᠬᠦ ᠲᠦᠷᠢᠮ︾ ᠳᠤ ᠵᠠᠰᠠᠪᠤᠷᠢ ᠤᠷᠤᠭᠤᠯᠤᠭᠰᠠᠨ ᠢ ᠲᠤᠷᠠᠳᠤᠯ᠎ᠠ᠂ ᠲᠡᠭᠡᠪᠡᠯ ᠵᠠᠰᠠᠪᠤᠷᠢ ᠣᠷᠣᠭᠤᠯᠤᠭᠰᠠᠨ ᠤ ᠳᠠᠷᠠᠭ᠎ᠠ ᠮᠠᠨ ᠤ ᠬᠠᠤᠯᠢ ᠪᠠᠷ ᠵᠠᠰᠠᠬᠤ ᠡᠳ᠋ ᠤᠨ ᠵᠠᠰᠠᠭ ᠤᠨ ᠪᠠᠶᠢᠭᠤᠯᠤᠯᠲᠠ ᠶᠢᠨ ᠠᠵᠢᠯ ᠳᠤ ᠶᠠᠮᠠᠷ ᠨᠥᠯᠥᠭᠡ ᠪᠠ ᠠᠬᠢᠭᠤᠯᠬᠤ ᠦᠢᠯᠡᠳᠦᠯ ᠦᠵᠡᠭᠦᠯᠬᠦ ᠪᠣᠶ︖     11. ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠭᠡᠰᠢᠭᠦᠨ᠂ ᠳᠡᠳ᠋ ᠲᠣᠪᠴᠢᠶᠠᠨ ᠳᠠᠷᠤᠭ᠎ᠠ ᠵᠠᠩ ᠴᠤᠤ ᠰᠢᠶᠦ᠋ᠩ     ᠡᠩ ᠲᠡᠷᠢᠭᠦᠨ ᠳᠤ ᠨᠠᠶᠢᠵᠠ ᠨᠠᠷ ᠲᠠᠭᠠᠨ ︽ᠲᠥᠰᠦᠪ ᠤᠨ ᠬᠠᠤᠯᠢ︾ ᠪᠣᠯᠤᠨ ︽ᠲᠥᠰᠦᠪ ᠤᠨ ᠬᠠᠤᠯᠢ ᠶᠢ ᠬᠡᠷᠡᠭᠵᠢᠭᠦᠯᠬᠦ ᠳᠦᠷᠢᠮ︾ ᠳᠤ ᠵᠠᠰᠠᠪᠤᠷᠢ ᠣᠷᠣᠭᠤᠯᠤᠭᠰᠠᠨ ᠪᠠᠶᠢᠳᠠᠯ ᠢ ᠳᠥᠭᠦᠮᠬᠡᠨ  ᠲᠠᠨᠢᠯᠴᠠᠭᠤᠯᠤᠶ᠎ᠠ᠂ ︽ᠲᠥᠰᠦᠪ ᠤᠨ ᠬᠠᠤᠯᠢ︾ ᠶᠢ ᠡᠳ᠋ ᠤᠨ ᠵᠠᠰᠠᠭ ᠤᠨ ᠠᠵᠢᠯ ᠤᠨ ᠦᠨᠳᠦᠰᠦ ᠪᠣᠯᠬᠤ ᠬᠠᠤᠯᠢ ᠭᠡᠵᠦ ᠬᠡᠯᠡᠵᠦ ᠪᠣᠯᠤᠨ᠎ᠠ᠂ 2014 ᠣᠨ ᠤ 8 ᠰᠠᠷ᠎ᠠ ᠶᠢᠨ 31 ᠤ ᠡᠳᠦᠷ ᠵᠠᠰᠠᠪᠤᠷᠢ ᠣᠷᠣᠭᠤᠯᠵᠤ᠂ ᠲᠥᠰᠦᠪ ᠤᠨ ᠪᠦᠷᠢᠨ ᠪᠦᠲᠦᠨ ᠴᠢᠨᠠᠷ᠂ ᠰᠢᠨᠵᠢᠯᠡᠬᠦ ᠤᠬᠠᠭᠠᠨᠴᠢ ᠴᠢᠨᠠᠷ ᠪᠠ ᠢᠯᠡ ᠲᠣᠳᠣ ᠶᠢᠨ ᠬᠡᠮᠵᠢᠶ᠎ᠡ ᠶᠢ ᠨᠡᠮᠡᠭᠳᠡᠭᠦᠯᠦᠨ᠂ ᠵᠠᠰᠠᠭ ᠤᠨ ᠣᠷᠳᠣᠨ ᠤ ᠥᠭᠴᠡᠭᠡᠨ ᠤ ᠬᠠᠮᠢᠶᠠᠷᠤᠯᠲᠠ ᠶᠢ ᠴᠢᠩᠭᠠᠳᠬᠠᠵᠤ᠂ ᠡᠳ᠋ ᠤᠨ ᠵᠠᠰᠠᠭ ᠤᠨ ᠰᠢᠯᠵᠢᠭᠦᠯᠦᠨ ᠲᠦᠯᠦᠬᠦ ᠲᠦᠷᠢᠮ ᠢ ᠲᠡᠭᠦᠯᠳᠡᠷᠵᠢᠭᠦᠯᠵᠦ᠂ ᠲᠥᠰᠦᠪ ᠤᠨ ᠲᠤᠭᠢᠷᠡᠭᠤᠯᠤᠯᠳᠡ ᠪᠠ ᠭᠦᠢᠴᠡᠳᠬᠡᠯᠲᠡ ᠶᠢ ᠵᠢᠷᠤᠮᠵᠢᠭᠤᠯᠵᠤ᠂ ᠲᠥᠰᠦᠪ ᠢ ᠬᠢᠨᠠᠨ ᠪᠠᠶᠢᠴᠠᠭᠠᠵᠤ ᠬᠢᠨᠠᠯᠲᠠ ᠲᠠᠯᠪᠢᠬᠤ ᠶᠢ ᠴᠢᠩᠭᠠᠳᠬᠠᠪᠠ᠃ ᠤᠤᠯ ᠤᠨ ︽ᠲᠥᠰᠦᠪ ᠤᠨ ᠬᠠᠤᠯᠢ ᠶᠢ ᠬᠡᠷᠡᠭᠵᠢᠭᠦᠯᠬᠦ ᠲᠦᠷᠢᠮ︾ ᠢ 1995 ᠣᠨ ᠳᠤ ᠨᠡᠶᠢᠲᠡᠯᠡᠨ ᠬᠡᠷᠡᠭᠵᠢᠭᠦᠯᠪᠡ᠂ ᠲᠥᠰᠦᠪ ᠤᠨ ᠬᠠᠤᠯᠢ ᠳᠤ ᠵᠠᠰᠠᠪᠤᠷᠢ ᠣᠷᠣᠭᠤᠯᠤᠭᠰᠠᠨ ᠤ ᠲᠠᠷᠠᠭ᠎ᠠ᠂ ᠤᠤᠯ ᠤᠨ ᠲᠦᠷᠢᠮ ᠨᠢ ᠨᠢᠭᠡᠨᠲᠡ ᠵᠠᠰᠠᠪᠤᠷᠢ ᠣᠷᠣᠭᠤᠯᠤᠭᠰᠠᠨ ᠤ ᠳᠠᠷᠠᠭᠠᠬᠢ ︽ᠲᠥᠰᠦᠪ ᠤᠨ ᠬᠠᠤᠯᠢ︾ ᠲᠠᠢ ᠵᠣᠬᠢᠴᠠᠬᠤ ᠦᠭᠡᠢ ᠪᠣᠯᠵᠠᠶ᠃ ᠵᠠᠰᠠᠪᠤᠷᠢ ᠣᠷᠣᠭᠤᠯᠤᠭᠰᠠᠨ ᠤ ᠳᠠᠷᠠᠭᠠᠬᠢ ᠲᠥᠰᠦᠪ ᠤᠨ ᠬᠠᠤᠯᠢ ᠶᠢ ᠴᠢᠩᠭ᠎ᠠ ᠵᠢᠷᠤᠮᠯᠠᠨ ᠲᠤᠭᠤᠰᠢᠯᠠᠭᠤᠯᠤᠨ ᠬᠡᠷᠡᠭᠵᠢᠭᠦᠯᠵᠦ᠂ ᠣᠶᠢᠷ᠎ᠠ ᠶᠢᠨ ᠵᠢᠯ ᠳᠤ ᠬᠡᠷᠡᠭᠵᠢᠭᠦᠯᠦᠭᠰᠡᠨ ᠡᠯ᠎ᠡ ᠵᠦᠢᠯ ᠤᠨ ᠡᠳ᠋ ᠤᠨ ᠵᠠᠰᠠᠭ ᠤᠨ ᠥᠭᠡᠷᠡᠴᠢᠯᠡᠯᠲᠡ ᠲᠠᠢ ᠵᠣᠯᠭᠠᠭᠤᠯᠵᠤ᠂ ᠲᠥᠰᠦᠪ ᠤᠨ ᠬᠠᠮᠢᠶᠠᠷᠤᠯᠲᠠ ᠶᠢᠨ ᠪᠠᠶᠢᠭᠤᠯᠤᠯ ᠢ ᠤᠯᠠᠮ ᠨᠢᠭᠡ ᠠᠯᠬᠤᠮ ᠪᠦᠷᠢᠨᠰᠢᠬᠦᠯᠦᠨ ᠲᠡᠭᠦᠯᠳᠡᠷᠵᠢᠭᠦᠯᠬᠦ ᠶᠢᠨ ᠲᠥᠯᠥᠭᠡ᠂ 2020 ᠣᠨ ᠤ 8 ᠳ᠋ᠤᠭᠠᠷ ᠰᠠᠷ᠎ᠠ ᠶᠢᠨ 3 ᠤ ᠡᠳᠦᠷ᠂ ᠶᠡᠷᠦᠩᠬᠡᠶ ᠰᠠᠶᠢᠳ ᠯᠢ ᠺᠧ ᠴᠢᠶᠠᠩ ᠲᠥᠷᠥ ᠶᠢᠨ ᠶᠠᠪᠤᠳᠠᠯ ᠤᠨ ᠬᠤᠷᠢᠶᠠᠨ ᠤ 729 ᠳ᠋ᠤᠭᠡᠷ ᠲᠣᠭᠠᠲᠤ ᠵᠠᠷᠯᠢᠭ ᠲᠤ ᠭᠠᠷ ᠤᠨ ᠥᠰᠥᠭ ᠵᠢᠷᠤᠵᠤ᠂ ᠵᠠᠰᠠᠪᠤᠷᠢ ᠣᠷᠣᠭᠤᠯᠤᠭᠰᠠᠨ ᠤ ᠳᠠᠷᠠᠭᠠᠬᠢ ︽ᠲᠥᠰᠦᠪ ᠤᠨ ᠬᠠᠤᠯᠢ ᠶᠢ ᠬᠡᠷᠡᠭᠵᠢᠭᠦᠯᠬᠦ ᠲᠦᠷᠢᠮ︾ ᠢ ᠨᠡᠶᠢᠲᠡᠯᠡᠵᠦ᠂ 2020 ᠣᠨ ᠤ 10  ᠳ᠋ᠤᠭᠠᠷ ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠪᠡ᠃     ᠵᠠᠰᠠᠪᠤᠷᠢ ᠣᠷᠣᠭᠤᠯᠬᠤ ᠠᠴᠠ ᠡᠮᠦᠨᠡᠬᠢ ᠲᠠᠢ ᠬᠠᠷᠢᠴᠠᠭᠤᠯᠪᠠᠯ᠂ ︽ᠲᠦᠷᠢᠮ︾ ᠤᠨ ᠵᠦᠢᠯ ᠵᠤᠷᠪᠤᠰ ᠨᠢ 79 ᠵᠦᠢᠯ ᠪᠠᠶᠢᠭᠰᠠᠨ ᠠᠴᠠ ᠪᠠᠨ 97 ᠵᠦᠢᠯ ᠪᠣᠯᠤᠨ ᠨᠡᠮᠡᠭᠳᠡᠵᠦ᠂ ᠣᠯᠠᠩᠬᠢ ᠵᠦᠢᠯ ᠵᠤᠷᠪᠤᠰ ᠨᠢ ᠴᠥᠮ ᠵᠠᠰᠠᠪᠤᠷᠢ ᠣᠷᠣᠭᠤᠯᠤᠭᠰᠠᠨ ᠪᠤᠶᠤ ᠰᠢᠨ᠎ᠡ ᠪᠠᠷ ᠨᠡᠮᠡᠭᠰᠡᠨ ᠵᠦᠢᠯ ᠵᠤᠷᠪᠤᠰ ᠪᠣᠯᠤᠨ᠎ᠠ᠃ ᠠᠭᠤᠯᠭ᠎ᠠ ᠶᠢᠨ ᠲᠠᠯ᠎ᠠ ᠪᠠᠷ᠂ ︽ᠳᠦᠷᠢᠮ︾ ᠨᠢ ᠳᠦᠷᠢᠮ ᠢ ᠬᠡᠷᠡᠭᠵᠢᠭᠦᠯᠦᠭᠰᠡᠨ 25 ᠵᠢᠯ ᠤᠨ ᠲᠤᠷᠰᠢ᠂ ᠢᠯᠠᠩᠭᠤᠶ᠎ᠠ ᠵᠠᠰᠠᠪᠤᠷᠢ ᠣᠷᠣᠭᠤᠯᠤᠭᠰᠠᠨ ᠤ ᠳᠠᠷᠠᠭᠠᠬᠢ ︽ᠲᠥᠰᠦᠪ ᠤᠨ ᠬᠠᠤᠯᠢ︾ ᠶᠢ ᠬᠡᠷᠡᠭᠵᠢᠭᠦᠯᠦᠭᠰᠡᠨ ᠠᠴᠠ ᠨᠠᠰᠢ᠂ ᠮᠠᠨ ᠤ ᠤᠯᠤᠰ ᠤᠨ ᠡᠳ᠋ ᠤᠨ ᠵᠠᠰᠠᠭ ᠤᠨ ᠲᠥᠰᠦᠪ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠲᠠᠯ᠎ᠠ ᠪᠠᠷ ᠣᠯᠤᠭᠰᠠᠨ ᠴᠢᠬᠤᠯᠠ ᠦᠷ᠎ᠡ ᠪᠦᠲᠦᠭᠡᠯ ᠪᠠ ᠲᠤᠷᠰᠢᠯᠭ᠎ᠠ ᠶᠢᠨ ᠰᠦᠪᠡᠭᠴᠢᠯᠡᠯ ᠢ ᠰᠢᠰᠲ᠋ᠧᠮ ᠲᠠᠢ ᠬᠤᠷᠢᠶᠠᠩᠭᠤᠶᠢᠯᠠᠵᠤ᠂ ᠲᠥᠰᠦᠪ ᠤᠨ ᠬᠠᠮᠢᠶᠠᠷᠤᠯᠲᠠ ᠶᠢᠨ ᠦᠢᠯᠡᠳᠦᠯᠭᠡ ᠶᠢᠨ ᠳᠤᠮᠳᠠ ᠲᠤᠯᠭᠠᠮ᠎ᠠ ᠰᠢᠢᠳᠪᠦᠷᠢᠯᠡᠬᠦ  ᠴᠢᠬᠤᠯᠠᠲᠠᠶ ᠴᠢᠬᠤᠯᠠ ᠶᠡᠭᠡ ᠠᠰᠠᠭᠤᠳᠠᠯ ᠳᠤ ᠰᠢᠭᠤᠳ ᠬᠠᠨᠳᠤᠵᠤ ᠂ ᠮᠠᠨ ᠤ ᠤᠯᠤᠰ ᠤᠨ ᠲᠥᠰᠦᠪ ᠤᠨ ᠬᠠᠮᠢᠶᠠᠷᠤᠯᠲᠠ ᠶᠢᠨ ᠪᠠᠶᠢᠭᠤᠯᠤᠯ ᠢ ᠤᠯᠠᠮ ᠨᠢᠭᠡ ᠠᠯᠬᠤᠮ ᠥᠭᠡᠷᠡᠴᠢᠯᠡᠨ ᠲᠡᠭᠦᠯᠳᠡᠷᠵᠢᠭᠦᠯᠬᠦ᠂ ᠲᠥᠰᠦᠪ ᠤᠨ ᠬᠠᠤᠯᠢ ᠶᠢ  ᠲᠤᠭᠤᠰᠢᠯᠠᠭᠤᠯᠤᠨ ᠬᠡᠷᠡᠭᠵᠢᠭᠦᠯᠬᠦ ᠶᠢ ᠲᠦᠯᠬᠢᠨ ᠠᠬᠢᠭᠤᠯᠬᠤ᠂ ᠤᠯᠤᠰ ᠤᠨ ᠡᠳ᠋ ᠤᠨ ᠵᠠᠰᠠᠭ ᠤᠨ ᠵᠠᠰᠠᠯᠲᠠ ᠶᠢ ᠪᠦᠬᠦ ᠲᠠᠯ᠎ᠠ ᠪᠠᠷ ᠵᠢᠷᠤᠮᠵᠢᠭᠤᠯᠬᠤ᠂ ᠢᠯᠡ ᠲᠣᠳᠣ᠂ ᠰᠢᠨᠵᠢᠯᠡᠬᠦ ᠤᠬᠠᠭᠠᠨᠴᠢ ᠪᠥᠭᠡᠳ ᠪᠦᠲᠦᠮᠵᠢᠲᠡᠶ᠂ ᠬᠢᠵᠠᠭᠠᠷᠯᠠᠯ ᠬᠦᠴᠦᠲᠡᠶ ᠪᠠᠶᠢᠬᠤ ᠶᠢ ᠲᠦᠯᠬᠢᠨ ᠠᠬᠢᠭᠤᠯᠬᠤ ᠳᠤ ᠨᠡᠯᠢᠶᠡᠳ ᠪᠠᠲᠤ ᠪᠠᠬᠢ ᠲᠦᠷᠢᠮ ᠤᠨ ᠰᠠᠭᠤᠷᠢ ᠶᠢ ᠲᠠᠯᠪᠢᠭᠰᠠᠨ ᠪᠠᠶᠢᠨ᠎ᠠ᠃     ᠵᠠᠰᠠᠪᠤᠷᠢ ᠣᠷᠣᠭᠤᠯᠤᠭᠰᠠᠨ ᠤ ᠳᠠᠷᠠᠭᠠᠬᠢ ︽ᠲᠦᠷᠢᠮ︾ ᠳᠤ  ᠬᠠᠤᠯᠢ ᠪᠠᠷ ᠵᠠᠰᠠᠬᠤ ᠡᠳ᠋ ᠤᠨ ᠵᠠᠰᠠᠭ ᠤᠨ ᠪᠠᠶᠢᠭᠤᠯᠤᠯᠲᠠ ᠶᠢᠨ ᠠᠵᠢᠯ᠂ ᠵᠠᠰᠠᠭ ᠤᠨ ᠣᠷᠳᠣᠨ ᠤ ᠡᠯ᠎ᠡ ᠰᠠᠯᠠᠭ᠎ᠠ ᠮᠥᠴᠢᠷ ᠤᠨ ᠠᠵᠢᠯ ᠳᠤ ᠴᠥᠮ ᠨᠡᠩ ᠥᠨᠳᠥᠷ ᠱᠠᠭᠠᠷᠳᠠᠯᠭ᠎ᠠ ᠳᠤᠷᠠᠳᠤᠭᠰᠠᠨ ᠪᠥᠭᠡᠳ ᠥᠷᠭᠡᠨ ᠤᠯᠠᠨ ᠬᠤᠳᠠ ᠶᠢᠨ ᠠᠷᠠᠳ ᠲᠤ ᠵᠠᠰᠠᠭ ᠤᠨ ᠣᠷᠳᠣᠨ ᠤ ᠮᠡᠳᠡᠭᠡ ᠵᠠᠩᠭᠢ ᠶᠢ ᠣᠯᠭᠤᠬᠤ᠂ ᠬᠢᠨᠠᠯᠲᠠ ᠲᠠᠯᠪᠢᠬᠤ ᠳᠤ ᠴᠥᠮ ᠨᠡᠩ ᠬᠡᠷᠡᠭᠵᠢᠭᠦᠯᠵᠦ ᠪᠣᠯᠬᠤᠶᠢᠴᠠ ᠴᠢᠨᠠᠷ ᠲᠠᠢ ᠪᠣᠯᠭᠠᠭᠰᠠᠨ ᠭᠡᠵᠦ ᠬᠡᠯᠡᠬᠦ ᠶᠣᠰᠣᠲᠠᠶ᠃     12. ᠬᠥᠲᠥᠯᠥᠭᠴᠢ     ︽ᠲᠦᠷᠢᠮ︾ ᠳᠤ ᠳᠤᠷᠠᠳᠤᠭᠰᠠᠨ ︽ᠨᠡᠩ ᠥᠨᠳᠥᠷ ᠱᠠᠭᠠᠷᠳᠠᠯᠭ᠎ᠠ︾ ᠨᠢ ᠪᠣᠳᠠᠲᠠᠶ ᠪᠠᠷ ᠴᠥᠮ   ᠬᠠᠤᠯᠢ ᠪᠠᠷ ᠵᠠᠰᠠᠬᠤ ᠡᠳ᠋ ᠤᠨ ᠵᠠᠰᠠᠭ ᠤᠨ ᠪᠠᠶᠢᠭᠤᠯᠤᠯᠲᠠ ᠶᠢᠨ ᠠᠵᠢᠯ ᠤᠨ ᠠᠯᠢ ᠠᠯᠢ ᠲᠠᠯ᠎ᠠ ᠳᠤ ᠬᠤᠯᠪᠣᠭᠳᠠᠬᠤ ᠪᠤᠢ︖     13. ᠬᠠᠤᠯᠢ ᠲᠣᠭᠲᠠᠭᠠᠯ ᠭᠠᠶᠢᠯᠢ ᠶᠢᠨ ᠶᠠᠪᠤᠳᠠᠯ ᠤᠨ ᠰᠠᠯᠠᠭᠠᠨ ᠤ ᠳᠡᠳ᠋ ᠳᠠᠷᠤᠭ᠎ᠠ ᠯᠢ ᠰᠧ ᠶᠣᠣ ︽ᠳᠦᠷᠢᠮ︾ ᠳᠤ ᠵᠠᠰᠠᠪᠤᠷᠢ ᠣᠷᠣᠭᠤᠯᠬᠤ ᠨᠢ ᠬᠠᠤᠯᠢ ᠪᠠᠷ ᠵᠠᠰᠠᠬᠤ ᠡᠳ᠋ ᠤᠨ ᠵᠠᠰᠠᠭ ᠤᠨ ᠠᠵᠢᠯ ᠤᠨ ᠲᠠᠯ᠎ᠠ ᠪᠦᠬᠦᠨ ᠳᠤ ᠬᠤᠯᠪᠣᠭᠳᠠᠵᠤ ᠪᠠᠶᠢᠨ᠎ᠠ ᠭᠡᠵᠦ ᠬᠡᠯᠡᠵᠦ ᠪᠣᠯᠤᠨ᠎ᠠ᠃ ᠡᠮᠦᠨ᠎ᠡ ᠳᠤᠷᠠᠳᠤᠭᠰᠠᠨ ᠲᠥᠰᠦᠪ ᠢ ᠢᠯᠡ ᠪᠣᠯᠭᠠᠬᠤ ᠠᠴᠠ ᠠᠪᠤᠭᠠᠳ ᠲᠥᠰᠦᠪ ᠢ ᠨᠠᠶᠢᠷᠠᠭᠤᠯᠤᠨ ᠵᠣᠬᠢᠶᠠᠬᠤ᠂ ᠲᠥᠰᠦᠪ ᠢ ᠭᠦᠢᠴᠡᠳᠬᠡᠬᠦ᠂ ᠵᠠᠰᠠᠭ ᠤᠨ ᠣᠷᠳᠣᠨ ᠤ  ᠥᠷᠢ ᠥᠭᠴᠡᠭᠡ᠂ ᠰᠢᠯᠵᠢᠭᠦᠯᠦᠨ ᠲᠦᠯᠦᠬᠦ᠂ ᠲᠥᠰᠦᠪ ᠤᠨ ᠠᠮᠵᠢᠯᠲᠠ ᠪᠦᠲᠦᠮᠵᠢ ᠶᠢᠨ ᠬᠠᠮᠢᠶᠠᠷᠤᠯᠲᠠ ᠬᠦᠷᠲᠡᠯ᠎ᠡ ᠡᠳ᠋ ᠤᠨ ᠵᠠᠰᠠᠭ ᠤᠨ ᠠᠵᠢᠯ ᠤᠨ ᠪᠦᠬᠦ ᠶᠠᠪᠤᠴᠠ ᠳᠤ ᠬᠤᠯᠪᠣᠭᠳᠠᠵᠤ ᠪᠠᠶᠢᠳᠠᠭ᠃ ︽ᠳᠦᠷᠢᠮ ᠤᠨ ᠠᠮᠢᠵᠢᠷᠠᠯ ᠤᠨ ᠬᠦᠴᠦᠨ ᠨᠢ ᠬᠡᠷᠡᠭᠵᠢᠭᠦᠯᠬᠦ ᠳᠤ ᠪᠤᠢ᠂ ᠵᠠᠩᠭᠢᠯᠠᠭ᠎ᠠ ᠨᠢ ᠦᠨᠡᠨᠬᠦ ᠠᠳᠬᠤᠬᠤ ᠳᠤ ᠪᠤᠢ᠂ ᠴᠢᠩᠭ᠎ᠠ ᠬᠠᠮᠢᠶᠠᠷᠬᠤ ᠳᠤ ᠲᠦᠰᠢᠭᠯᠡᠨ᠎ᠡ︾᠂ ᠳᠦᠷᠢᠮ ᠤᠨ ᠰᠢᠨ᠎ᠡ ᠲᠣᠭᠲᠠᠭᠠᠯ᠂ ᠰᠢᠨ᠎ᠡ ᠱᠠᠭᠠᠷᠳᠠᠯᠭ᠎ᠠ ᠶᠢ ᠡᠳ᠋ ᠤᠨ ᠵᠠᠰᠠᠭ ᠤᠨ ᠠᠵᠢᠯ ᠳᠤ ᠬᠡᠷᠬᠢᠨ ᠤᠯᠠᠮ ᠨᠢᠭᠡ ᠠᠯᠬᠤᠮ ᠨᠠᠶᠢᠳᠠᠪᠤᠷᠢᠵᠢᠭᠤᠯᠵᠤ᠂ ᠬᠡᠷᠬᠢᠨ ︽ᠲᠦᠷᠢᠮ︾ ᠢᠶᠠᠷ ᠭᠠᠷᠳᠠᠴᠠ ᠪᠣᠯᠭᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠳᠤᠮᠳᠠ ᠲᠥᠰᠦᠪ ᠤᠨ ᠬᠠᠤᠯᠢ ᠪᠠᠷ ᠵᠠᠰᠠᠬᠤ ᠦᠵᠡᠯ ᠤᠬᠠᠮᠰᠠᠷ ᠢᠶᠠᠨ ᠴᠢᠩᠭᠠᠳᠬᠠᠵᠤ᠂ ᠬᠠᠤᠯᠢ ᠪᠠᠷ ᠵᠠᠰᠠᠬᠤ ᠡᠳ᠋ ᠤᠨ ᠵᠠᠰᠠᠭ ᠤᠨ ᠪᠠᠶᠢᠭᠤᠯᠤᠯᠲᠠ ᠶᠢ ᠦᠨᠡᠨᠬᠦ ᠠᠬᠢᠭᠤᠯᠤᠨ᠂  ᠲᠥᠪ ᠬᠤᠲᠠ ᠶᠢᠨ ᠰᠡᠳᠬᠢᠬᠦᠶ ᠪᠠᠷ ᠪᠥᠬᠦ ᠣᠷᠣᠨ ᠤ ᠬᠠᠤᠯᠢ ᠪᠠᠷ ᠵᠠᠰᠠᠬᠤ ᠡᠳ᠋ ᠤᠨ ᠵᠠᠰᠠᠭ ᠤᠨ ᠬᠥᠭᠵᠢᠯᠲᠡ ᠳᠤ ᠬᠡᠪ ᠳᠠᠭᠤᠷᠢᠶᠠᠯ ᠪᠣᠯᠵᠣ᠂ ᠥᠯᠢᠭᠡᠷ ᠳᠠᠭᠤᠷᠢᠶᠠᠯ ᠪᠣᠯᠬᠤ ᠪᠣᠶ ᠭᠡᠳᠡᠭ ᠪᠣᠯ ᠪᠠᠰᠠ ᠴᠤ ᠮᠠᠨ ᠤ ᠲᠥᠪ ᠬᠤᠲᠠ ᠶᠢᠨ ᠡᠳ᠋ ᠤᠨ ᠵᠠᠰᠠᠭ ᠤᠨ ︽ᠲᠦᠷᠢᠮ︾ ᠢ ᠰᠤᠷᠤᠯᠴᠠᠬᠤ᠂ ︽ᠲᠦᠷᠢᠮ︾ ᠢ ᠨᠠᠶᠢᠳᠠᠪᠤᠷᠢᠵᠢᠭᠤᠯᠬᠤ ᠳᠤᠮᠳᠠ ᠪᠣᠳᠤᠯᠬᠢᠯᠠᠬᠤ ᠴᠢᠬᠤᠯᠠ ᠠᠰᠠᠭᠤᠳᠠᠯ ᠪᠣᠯᠤᠨ᠎ᠠ᠃ ᠡᠩ ᠲᠡᠷᠢᠭᠦᠨ ᠳᠤ ᠲᠥᠰᠦᠪ ᠢ ᠨᠠᠶᠢᠷᠠᠭᠤᠯᠤᠨ ᠵᠣᠬᠢᠶᠠᠬᠤ ᠲᠠᠯ᠎ᠠ ᠪᠠᠷ᠂ ᠳᠥᠷᠪᠡᠨ ᠲᠥᠰᠦᠪ ᠤᠨ  ᠬᠤᠭᠤᠷᠤᠨᠳᠤ ᠨᠢ ᠣᠷᠭᠠᠨᠢᠭ ᠢᠶᠠᠷ ᠵᠣᠯᠭᠠᠯᠳᠤᠭᠤᠯᠬᠤ ᠪᠠ ᠵᠣᠬᠢᠰᠲᠠᠶ ᠲᠣᠬᠢᠷᠠᠭᠤᠯᠬᠤ ᠶᠢ ᠤᠯᠠᠮ ᠨᠢᠭᠡ ᠠᠯᠬᠤᠮ ᠴᠢᠩᠭᠠᠳᠬᠠᠵᠤ᠂ ᠭᠠᠶᠢᠯᠢ ᠶᠢᠨ ᠶᠠᠪᠤᠳᠠᠯ ᠵᠡᠷᠭᠡ ᠨᠢᠭᠡᠳᠦᠭᠡᠷ ᠹᠷᠣᠨᠲ ᠤᠨ ᠲᠥᠰᠦᠪ ᠤᠨ ᠣᠷᠣᠯᠭ᠎ᠠ ᠶᠢ ᠲᠠᠲᠠᠪᠤᠷᠢᠯᠠᠬᠤ ᠰᠠᠯᠠᠭ᠎ᠠ ᠮᠥᠴᠢᠷ ᠪᠠ ᠨᠢᠭᠡᠴᠡ ᠯᠦᠭᠡ ᠲᠣᠰ ᠲᠣᠰ ᠤᠨ ᠡᠭᠦᠷᠭᠡ ᠲᠤᠰᠢᠶᠠᠯ ᠢᠶᠠᠨ  ᠬᠦᠢᠴᠡᠳᠭᠡᠵᠦ᠂ ᠠᠵᠢᠯ ᠢᠶᠠᠨ ᠬᠤᠪᠢᠶᠠᠷᠢᠯᠠᠨ ᠬᠠᠮᠲᠤᠷᠠᠯᠴᠠᠵᠤ᠂ ᠲᠥᠰᠦᠪ ᠤᠨ ᠣᠷᠣᠯᠭ᠎ᠠ ᠶᠢ ᠨᠠᠶᠢᠷᠠᠭᠤᠯᠤᠨ ᠵᠣᠬᠢᠶᠠᠬᠤ ᠳᠤ ᠰᠠᠨᠠᠯ ᠬᠤᠷᠢᠶᠠᠵᠤ᠂ ᠲᠥᠰᠦᠪ ᠤᠨ ᠣᠷᠣᠯᠭ᠎ᠠ ᠶᠢᠨ ᠵᠢᠱᠢᠯᠲᠡ ᠶᠢᠨ ᠨᠠᠷᠢᠨ ᠪᠣᠳᠠᠲᠠᠶ ᠰᠠᠭᠤᠷᠢ ᠲᠤᠭ᠎ᠠ ᠪᠠᠷᠢᠮᠲᠠ ᠶᠢ ᠴᠠᠭ ᠲᠤᠬᠠᠶ ᠳᠤᠨᠢ ᠣᠨᠣᠪᠴᠢᠲᠠᠶ ᠣᠯᠵᠤ ᠠᠪᠤᠨ᠎ᠠ᠃ ᠪᠦᠬᠦ ᠬᠤᠳᠠ ᠶᠢᠨ ᠬᠥᠭᠵᠢᠯᠲᠡ ᠶᠢᠨ ᠦᠨᠳᠦᠷᠴᠡ ᠠᠴᠠ ᠴᠢᠭᠯᠡᠯ ᠢ ᠡᠵᠡᠮᠳᠡᠵᠦ᠂ ᠲᠤᠰᠬᠠᠢ ᠮᠡᠷᠭᠡᠵᠢᠯ ᠤᠨ ᠬᠠᠮᠢᠶᠠᠷᠤᠯᠲᠠ ᠶᠢᠨ ᠲᠠᠯ᠎ᠠ ᠠᠴᠠ ᠪᠣᠳᠠᠲᠠᠢ ᠨᠠᠶᠢᠳᠠᠪᠤᠷᠢᠵᠢᠭᠤᠯᠵᠤ᠂ ᠡᠳ᠋ ᠤᠨ ᠵᠠᠰᠠᠭ ᠤᠨ ᠪᠠᠶᠢᠷᠢ ᠲᠣᠭᠲᠠᠭᠠᠯᠲᠠ ᠶᠢ ᠣᠨᠣᠪᠴᠢᠲᠠᠢ ᠣᠯᠵᠤ᠂ ᠡᠳ᠋ ᠤᠨ ᠵᠠᠰᠠᠭ ᠤᠨ ᠬᠠᠷᠢᠭᠤᠴᠠᠯᠭ᠎ᠠ ᠡᠭᠦᠷᠭᠡᠯᠡᠯ ᠢ ᠴᠢᠩᠭᠠᠳᠬᠠᠬᠤ ᠬᠡᠷᠡᠭᠲᠡᠢ᠃     ᠳᠠᠷᠠᠭᠠᠯᠠᠪᠠᠯ᠂ ᠲᠥᠰᠦᠪ ᠢ ᠭᠦᠢᠴᠡᠳᠬᠡᠬᠦ ᠲᠠᠯ᠎ᠠ ᠪᠠᠷ᠂ ᠲᠥᠰᠦᠪ ᠤᠨ ᠣᠷᠣᠯᠭ᠎ᠠ ᠶᠢᠨ ᠵᠢᠱᠢᠯᠲᠡ ᠶᠢᠨ ᠬᠠᠮᠢᠶᠠᠷᠤᠯᠲᠠ ᠶᠢ ᠦᠷᠭᠦᠯᠵᠢᠯᠡᠨ ᠴᠢᠩᠭᠠᠳᠬᠠᠵᠤ ᠂ ᠣᠷᠣᠯᠭ᠎ᠠ ᠶᠢᠨ ᠠᠶᠢᠵᠠᠮ ᠢ ᠵᠦᠢ ᠵᠣᠬᠢᠰᠲᠠᠶ ᠡᠵᠡᠮᠳᠡᠵᠦ᠂ ᠣᠷᠣᠯᠭ᠎ᠠ ᠪᠠᠨ ᠦᠵᠡᠵᠦ ᠵᠠᠷᠤᠯᠭ᠎ᠠ ᠪᠠᠨ ᠲᠣᠬᠢᠷᠠᠭᠤᠯᠵᠤ᠂ ᠠᠷᠠᠳ ᠤᠨ ᠠᠮᠢᠳᠤᠷᠠᠯ ᠤᠨ ᠬᠤᠷᠢᠭ᠎ᠠ ᠱᠤᠭᠤᠮ ᠢ ᠪᠠᠲᠤ ᠰᠠᠬᠢᠵᠤ᠂ ︽ᠵᠢᠷᠭᠤᠭ᠎ᠠ ᠶᠢ ᠲᠣᠭᠲᠠᠪᠤᠷᠢᠵᠢᠭᠤᠯᠬᠤ︾᠂ ︽ᠵᠢᠷᠭᠤᠭ᠎ᠠ ᠶᠢ ᠪᠠᠲᠤᠯᠠᠬᠤ︾ ᠡᠭᠦᠷᠭᠡ ᠶᠢ ᠨᠠᠶᠢᠳᠠᠪᠤᠷᠢᠵᠢᠭᠤᠯᠤᠨ᠎ᠠ᠃ ᠢᠯᠠᠩᠭᠤᠶ᠎ᠠ ᠬᠢᠵᠢᠭ ᠤᠨ ᠲᠠᠭᠠᠷᠢᠯᠳᠠ ᠶᠢ  ᠠᠷᠭᠠᠴᠠᠭᠠᠬᠤ ᠤᠨᠴᠠᠭᠠᠢ ᠴᠠᠭ ᠦᠶ᠎ᠡ  ᠳᠤ᠂ ᠡᠳ᠋ ᠤᠨ ᠵᠠᠰᠠᠭ  ᠤᠨ ᠣᠷᠣᠯᠭ᠎ᠠ ᠵᠠᠷᠤᠯᠭ᠎ᠠ ᠶᠢᠨ ᠬᠦᠨᠳᠦ ᠬᠡᠴᠡᠭᠦᠦ ᠪᠠᠶᠢᠳᠠᠯ ᠤᠨ ᠡᠮᠦᠨ᠎ᠡ᠂ ︽ᠵᠠᠰᠠᠭ ᠤᠨ ᠣᠷᠳᠣᠨ ᠠᠷᠪᠢᠯᠠᠨ ᠭᠠᠮᠨᠠᠵᠤ᠂ ᠠᠷᠠᠳ ᠲᠦᠮᠡᠨ ᠰᠠᠶᠢᠨ ᠰᠠᠶᠢᠬᠠᠨ ᠠᠮᠢᠳᠤᠷᠠᠬᠤ︾ ᠦᠵᠡᠯ ᠰᠠᠨᠠᠭ᠎ᠠ ᠶᠢ ᠪᠠᠲᠤ ᠪᠠᠬᠢ ᠪᠤᠢ ᠪᠣᠯᠭᠠᠵᠤ᠂  ᠵᠤᠭᠤᠰᠤᠨ ᠪᠤᠭᠴᠤ ᠪᠠᠨ ᠴᠢᠩᠭ᠎ᠠ ᠬᠠᠮᠢᠶᠠᠷᠬᠤ ᠶᠢᠨ ᠵᠡᠷᠭᠡᠴᠡᠪᠡᠷ ᠦᠨᠳᠦᠰᠦᠨ ᠱᠠᠲᠤᠨ  ᠤ ᠡᠳ᠋ ᠤᠨ ᠵᠠᠰᠠᠭ ᠤᠨ ᠳᠠᠭᠠᠭᠠᠬᠤ ᠴᠢᠳᠠᠪᠤᠷᠢ ᠶᠢ ᠭᠦᠢᠴᠡᠳ ᠪᠣᠳᠣᠯᠬᠢᠯᠠᠵᠤ᠂ ᠬᠤᠰᠢᠭᠤ ᠰᠢᠶᠠᠨ ᠲᠣᠭᠤᠷᠢᠭ ᠤᠨ ᠦᠷᠭᠦᠯᠵᠢᠯᠡᠨ ᠬᠥᠭᠵᠢᠬᠦ ᠶᠢ ᠦᠨᠡᠨᠬᠦ ᠪᠠᠲᠤᠯᠠᠬᠤ ᠬᠡᠷᠡᠭᠲᠡᠶ᠃ ᠪᠥᠬᠦ ᠲᠠᠯ᠎ᠠ ᠶᠢᠨ ᠦᠵᠡᠯ ᠤᠬᠠᠮᠰᠠᠷ ᠢ ᠪᠠᠲᠤ ᠪᠠᠬᠢ ᠪᠣᠶ ᠪᠣᠯᠭᠠᠵᠤ᠂  ᠲᠥᠪ  ᠬᠤᠲᠠ ᠲᠦᠷᠦᠭᠦᠯᠡᠨ ᠥᠪᠡᠷᠲᠡᠭᠡᠨ ᠵᠠᠰᠠᠬᠤ ᠣᠷᠣᠨ ᠤ ᠶᠡᠭᠡ ᠲᠠᠯ᠎ᠠ ᠶᠢ ᠳᠠᠭᠠᠵᠤ᠂ ᠡᠳ᠋ ᠤᠨ ᠵᠠᠰᠠᠭ ᠤᠨ ᠲᠢᠩᠬᠢᠮ ᠲᠠᠢ ᠠᠯᠬᠤᠮ ᠢᠶᠠᠨ ᠨᠢᠭᠡᠳᠬᠡᠨ᠂ ᠠᠳᠠᠯᠢ ᠳᠠᠪᠲᠠᠮᠵᠢ ᠪᠠᠷ ᠤᠷᠤᠭᠰᠢᠯᠠᠬᠤ ᠶᠢ ᠪᠡᠶᠡᠯᠡᠭᠦᠯᠦᠨ᠎ᠡ᠃     ᠡᠭᠦᠨ ᠤ ᠬᠠᠮᠲᠤ᠂ ᠵᠠᠰᠠᠭ ᠤᠨ ᠣᠷᠳᠣᠨ ᠤ ᠥᠷᠢ ᠥᠭᠴᠡᠭᠡ ᠶᠢᠨ ᠬᠠᠮᠢᠶᠠᠷᠤᠯᠲᠠ᠂ ᠰᠢᠯᠵᠢᠭᠦᠯᠦᠨ  ᠲᠦᠯᠦᠬᠦ ᠪᠠ ᠲᠥᠰᠦᠪ ᠤᠨ ᠦᠷ᠎ᠡ ᠪᠦᠲᠦᠮᠵᠢ ᠶᠢᠨ ᠬᠠᠮᠢᠶᠠᠷᠤᠯᠲᠠ ᠵᠡᠷᠭᠡ ᠡᠯ᠎ᠡ ᠲᠠᠯ᠎ᠠ ᠳᠤ᠂  ᠲᠥᠪ ᠬᠤᠲᠠ ᠵᠢᠨ‌ᠡᠳ᠋ ᠤᠨ ᠵᠠᠰᠠᠭ ᠴᠤ ᠥᠪᠡᠷ ᠤᠨ ᠪᠡᠶ᠎ᠡ ᠳᠡᠭᠡᠨ ᠰᠢᠨ᠎ᠡ ᠱᠠᠭᠠᠷᠳᠠᠯᠭ᠎ᠠ ᠳᠤᠷᠠᠳᠴᠤ᠂ ᠰᠢᠨ᠎ᠡ ᠠᠷᠭ᠎ᠠ ᠬᠡᠮᠵᠢᠶ᠎ᠡ ᠠᠪᠤᠭᠰᠠᠨ ᠪᠠᠶᠢᠨ᠎ᠠ᠂ ᠴᠠᠭ ᠤᠨ ᠬᠠᠷᠠᠭ᠎ᠠ ᠠᠴᠠ ᠪᠣᠯᠵᠣ᠂ ᠨᠢᠭᠡ ᠨᠢᠭᠡ ᠪᠠᠷ ᠣᠯᠠᠨ ᠳᠤ ᠲᠠᠨᠢᠯᠴᠠᠭᠤᠯᠬᠤ ᠥᠬᠡᠶ᠃ ᠶᠡᠷᠦᠩᠬᠡᠶᠢᠯᠡᠪᠡᠯ᠂ ᠬᠠᠤᠯᠢ ᠪᠠᠷ ᠵᠠᠰᠠᠬᠤ ᠡᠳ᠋ ᠤᠨ ᠵᠠᠰᠠᠭ ᠤᠨ ᠪᠠᠶᠢᠭᠤᠯᠤᠯᠲᠠ ᠶᠢ ᠳᠥᠯᠭᠢᠨ ᠠᠬᠢᠭᠤᠯᠵᠤ᠂ ᠲᠥᠰᠦᠪ ᠤᠨ ᠬᠠᠤᠯᠢ ᠪᠠᠷ ᠵᠠᠰᠠᠬᠤ ᠤᠬᠠᠮᠰᠠᠷ ᠢ ᠪᠤᠢ ᠪᠣᠯᠭᠠᠬᠤ ᠵᠠᠮ ᠳᠡᠭᠡᠷ᠎ᠡ᠂  ᠲᠥᠪ ᠬᠤᠲᠠ ᠶᠢᠨ ᠡᠳ᠋ ᠤᠨ ᠵᠠᠰᠠᠭ ︽ᠬᠥᠭᠵᠢᠯᠲᠡ ᠳᠤ ᠦᠢᠯᠡᠴᠢᠯᠡᠵᠦ ᠡᠭᠦᠷᠭᠡ ᠬᠠᠷᠢᠭᠤᠴᠠᠯᠭ᠎ᠠ ᠶᠢ ᠡᠭᠦᠷᠭᠡᠯᠡᠬᠦ᠂ ᠠᠷᠠᠳ ᠤᠨ ᠲᠥᠯᠥᠭᠡ ᠡᠳ᠋ ᠤᠨ ᠶᠠᠪᠤᠳᠠᠯ ᠢ ᠬᠠᠮᠢᠶᠠᠷᠴᠤ ᠤᠬ ᠰᠠᠨᠠᠭ᠎ᠠ ᠶᠢ ᠪᠠᠷᠢᠮᠲᠠᠯᠠᠬᠤ︾ ᠤᠢᠢᠯᠠᠭᠠᠭᠳᠠᠬᠤᠨ ᠢ ᠢᠮᠠᠭᠲᠠ ᠪᠠᠷᠢᠮᠲᠠᠯᠠᠵᠤ᠂ ︽ᠶᠡᠭᠡ ᠲᠠᠯ᠎ᠠ ᠶᠢ ᠪᠣᠳᠣᠯᠬᠢᠯᠠᠬᠤ᠂ ᠪᠦᠯᠬᠦᠮᠳᠡᠨ ᠲᠡᠮᠡᠴᠡᠬᠦ᠂ ᠬᠦᠴᠢᠷ ᠪᠡᠷᠬᠡᠰᠢᠶᠡᠯ ᠠᠴᠠ ᠠᠶᠤᠬᠤ ᠦᠭᠡᠢ᠂ ᠵᠣᠷᠢᠭᠲᠠᠢ ᠪᠠᠷ ᠬᠠᠷᠢᠭᠤᠴᠠᠯᠭ᠎ᠠ ᠡᠭᠦᠷᠭᠡᠯᠡᠬᠦ᠂ ᠯᠠᠪᠳᠠᠭᠤᠨ ᠪᠠᠲᠤᠲᠠᠢ ᠠᠵᠢᠯᠯᠠᠬᠤ᠂ ᠠᠵᠢᠯᠴᠢ ᠬᠢᠴᠢᠶᠡᠩᠭᠦᠢ ᠪᠠᠷ ᠦᠢᠯᠡᠰ ᠢᠶᠠᠨ ᠳᠡᠭᠡᠳᠦᠯᠡᠬᠦ᠂ ᠶᠣᠰᠣ ᠰᠤᠷᠲᠠᠬᠤᠨ ᠢ ᠡᠷᠬᠢᠮᠯᠡᠨ ᠨᠡᠶᠢᠲᠡ ᠶᠢᠨ ᠲᠥᠯᠥᠭᠡ ᠦᠢᠯᠡᠴᠢᠯᠡᠬᠦ᠂ ᠦᠢᠯᠡᠴᠢᠯᠡᠭᠡ ᠶᠢ ᠳᠡᠭᠡᠳᠦᠯᠡᠬᠦ︾ ᠡᠳ᠋ ᠤᠨ ᠵᠠᠰᠠᠭ ᠤᠨ ᠵᠣᠷᠢᠭ ᠰᠠᠨᠠᠭ᠎ᠠ ᠪᠠᠷ ᠤᠶᠤᠨ ᠰᠠᠨᠠᠭᠠᠨ ᠤ ᠬᠦᠴᠦᠨ ᠢ ᠨᠢᠭᠲᠠᠷᠠᠭᠤᠯᠵᠤ᠂ ᠠᠵᠢᠯᠴᠢ ᠬᠢᠴᠢᠶᠡᠩᠭᠦᠢ ᠪᠠᠷ ᠠᠷᠢᠭᠤᠨ ᠴᠢᠬᠡᠴᠢ ᠪᠠᠷ ᠠᠵᠢᠯᠯᠠᠵᠤ᠂ ᠬᠠᠷᠢᠭᠤᠴᠠᠯᠭ᠎ᠠ ᠡᠭᠦᠷᠭᠡᠯᠡᠵᠦ ᠵᠢᠳᠬᠦᠯ ᠴᠢᠷᠮᠠᠶᠢᠯᠭ᠎ᠠ ᠭᠠᠷᠭᠠᠨ᠎ᠠ᠃     14. ᠬᠠᠮᠢᠶᠠᠷᠤᠭᠴᠢ     ᠬᠥᠬᠡᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ  ᠭᠡᠰᠢᠭᠦᠨ᠂ ᠳᠡᠳ᠋ ᠲᠣᠪᠴᠢᠶᠠᠨ ᠳᠠᠷᠤᠭ᠎ᠠ ᠵᠠᠩ ᠴᠤᠤ ᠰᠢᠶᠦ᠋ᠩ᠂ ᠬᠠᠤᠯᠢ ᠲᠣᠭᠲᠠᠭᠠᠯ ᠭᠠᠶᠢᠯᠢ ᠶᠢᠨ ᠶᠠᠪᠤᠳᠠᠯ ᠤᠨ ᠰᠠᠯᠠᠭᠠᠨ ᠤ ᠳᠡᠳ᠋ ᠰᠠᠯᠠᠭᠠᠨ ᠳᠠᠷᠤᠭ᠎ᠠ ᠯᠢ ᠰᠧ ᠶᠣᠣ ᠳᠤ ᠪᠠᠶᠠᠷᠯᠠᠯ᠎ᠠ᠂ ᠰᠦᠯᠵᠢᠶᠡᠨ  ᠨᠠᠶᠢᠵᠠ ᠨᠠᠷ ᠤᠨ ᠠᠩᠬᠠᠷᠤᠯ ᠢᠶᠠᠨ ᠬᠠᠨᠳᠤᠭᠤᠯᠵᠤ ᠤᠷᠤᠯᠴᠠᠭᠰᠠᠨ ᠳᠤ ᠪᠠᠶᠠᠷᠯᠠᠯ᠎ᠠ᠂ ᠲᠣᠰ ᠬᠤᠭᠤᠴᠠᠭᠠᠨ ᠤ ᠰᠤᠷᠪᠤᠯᠵᠢᠯᠠᠭ᠎ᠠ ᠠᠳᠡ ᠬᠦᠷᠦᠭᠡᠳ ᠦᠨᠳᠦᠷᠯᠡᠯ᠎ᠡ᠂ ᠪᠠᠶᠠᠷᠯᠠᠯ᠎ᠠ᠃
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ