ᠮᠠᠨ ᠤ ᠰᠢᠶᠠᠨ ᠪᠦᠬᠦ ᠰᠢᠶᠠᠨ ᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠳᠠᠶᠢᠴᠢᠯᠠᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/3/11
     3 ᠳ᠋ᠤᠭᠠᠷ ᠰᠠᠷ᠎ᠠ ᠶᠢᠨ 3 ᠤ ᠡᠳᠦᠷ᠂ ᠪᠦᠬᠦ ᠰᠢᠶᠠᠨ ᠤ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠲᠠᠶᠢᠴᠢᠯᠠᠯᠳᠠ ᠶᠢᠨ ᠬᠤᠷᠠᠯ ᠬᠤᠷᠠᠯᠳᠤᠪᠠ᠃ ᠰᠢᠶᠠᠨ ᠤ ᠨᠠᠮ ᠤᠨ ᠬᠤᠷᠢᠶᠠᠨ ᠤ ᠱᠦᠵᠢ ᠯᠢ ᠴᠦᠨ ᠶᠠᠨ ᠬᠤᠷᠠᠯ ᠳᠤ ᠣᠷᠣᠯᠴᠠᠭᠰᠠᠨ ᠪᠥᠭᠡᠳ ᠴᠢᠬᠤᠯᠠᠴᠢᠯᠠᠭᠰᠠᠨ ᠨᠢ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠳᠠᠶᠢᠴᠢᠯᠠᠯᠲᠠ ᠶᠢᠨ ᠶᠡᠭᠡ ᠬᠤᠷᠠᠯ ᠳᠡᠭᠡᠷᠡᠬᠢ ᠰᠢ ᠶᠢᠨ ᠫᠢᠩ ᠶᠡᠷᠦᠩᠬᠡᠶ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠪᠠ ᠨᠠᠮ ᠤᠨ ᠲᠥᠪ ᠬᠤᠷᠢᠶᠠᠨ ᠤ ᠰᠢᠶ᠋ᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠳᠡᠭᠡᠷ᠎ᠡ ᠦᠨᠡᠨ ᠬᠦ ᠨᠢᠭᠡᠳᠬᠡᠵᠦ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠤᠨ ᠲᠤᠬᠠᠶ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠂ ᠬᠤᠲᠠ ᠶᠢᠨ ᠨᠠᠮ ᠤᠨ ᠬᠤᠷᠢᠶᠠᠨ ᠤ ᠰᠢᠢᠳᠪᠦᠷᠢᠳᠦ ᠪᠣᠳᠣᠯᠭ᠎ᠠ ᠪᠠᠶᠢᠷᠢᠯᠠᠭᠤᠯᠤᠯᠲᠠ ᠶᠢ ᠪᠦᠬᠦ ᠲᠠᠯ᠎ᠠ ᠪᠠᠷ ᠲᠤᠤᠱᠯᠠᠭᠤᠯᠤᠨ ᠨᠠᠶᠢᠳᠠᠪᠤᠷᠢᠵᠢᠭᠤᠯᠵᠤ᠂ ᠪᠦᠬᠦ ᠰᠢᠶᠠᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ᠂ ᠪᠦᠬᠦ ᠨᠠᠮ ᠤᠨ ᠭᠡᠰᠢᠭᠦᠨ ᠺᠠᠳ᠋ᠷᠴᠤᠳ ᠢ ᠳᠠᠶᠢᠴᠢᠯᠠᠵᠤ᠂ ᠳᠡᠭᠡᠳᠦ ᠬᠡᠮᠵᠢᠶᠡᠨ ᠤ ᠤᠯᠤᠰ ᠲᠦᠷᠦ ᠶᠢᠨ ᠤᠬᠠᠮᠰᠠᠷ᠂ ᠴᠤᠭ ᠪᠠᠳᠠᠷᠠᠩᠭᠤᠢ ᠤᠶᠤᠨ ᠰᠠᠨᠠᠭᠠᠨ ᠤ ᠳᠦᠷᠰᠦ ᠪᠠᠶᠢᠳᠠᠯ᠂ ᠪᠣᠳᠠᠲᠠᠢ ᠶᠢ ᠡᠷᠬᠢᠮᠯᠡᠭᠰᠡᠨ ᠠᠵᠢᠯ ᠤᠨ ᠰᠤᠷᠲᠠᠯ ᠢᠶᠠᠷ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠰᠠᠶᠢᠲᠤᠷ ᠥᠷᠨᠢᠭᠦᠯᠵᠦ᠂ ᠰᠤᠷᠤᠯᠴᠠᠬᠤ ᠰᠡᠳᠬᠢᠬᠦ ᠬᠡᠷᠡᠭᠯᠡᠬᠦ ᠶᠢ ᠨᠡᠪᠲᠡᠷᠡᠲᠡᠯ᠎ᠡ᠂ ᠮᠡᠳᠡᠬᠦ ᠢᠲᠡᠭᠡᠬᠦ ᠠᠵᠢᠯᠯᠠᠬᠤ ᠶᠢ ᠨᠢᠭᠡᠳᠬᠡᠬᠦ ᠳᠤᠮᠳᠠ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ᠂ ᠤᠯᠤᠰ ᠲᠦᠷᠦ ᠶᠢᠨ ᠤᠬᠠᠮᠰᠠᠷ ᠢᠶᠠᠨ ᠴᠢᠩᠭᠠᠳᠬᠠᠵᠤ᠂ ᠤᠶᠤᠨ ᠰᠠᠨᠠᠭᠠᠨ ᠤ ᠳᠦᠷᠰᠦ ᠪᠠᠶᠢᠳᠠᠯ ᠢᠶᠠᠨ ᠳᠡᠭᠡᠭᠰᠢᠯᠡᠭᠦᠯᠵᠦ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠰᠢᠯᠢᠳᠡᠭ ᠠᠮᠵᠢᠯᠲᠠ ᠪᠠᠷ ᠢᠶᠠᠨ ᠨᠠᠮ ᠪᠠᠶᠢᠭᠤᠯᠤᠭᠳᠠᠭᠰᠠᠨ ᠵᠠᠭᠤᠨ ᠵᠢᠯ ᠤᠨ ᠤᠢ ᠶᠢ ᠪᠡᠯᠭᠡᠯᠡᠬᠦ ᠬᠡᠷᠡᠭᠲᠡᠢ  ᠭᠡᠪᠡ᠃      ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠳᠠᠷᠤᠭ᠎ᠠ ᠯᠢᠦ ᠵᠢᠶ ᠢᠩ ᠬᠤᠷᠠᠯ ᠡᠷᠭᠢᠯᠡᠪᠡ᠃      ᠯᠢ ᠴᠦᠨ ᠶᠠᠨ᠂ ᠮᠠᠨ ᠤ ᠨᠠᠮ ᠲᠡᠦᠬᠡᠨ ᠠᠴᠠ ᠪᠠᠨ ᠠᠪᠤᠭᠠᠳ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠴᠢᠬᠤᠯᠠᠴᠢᠯᠠᠵᠤ᠂ ᠨᠠᠮ ᠤᠨ ᠲᠡᠮᠡᠴᠡᠯ ᠤᠨ ᠥᠩᠭᠡᠷᠡᠯᠲᠡ ᠪᠣᠯᠤᠨ ᠠᠭᠤᠤ ᠶᠡᠭᠡ ᠠᠮᠵᠢᠯᠲᠠ ᠪᠠᠷ ᠲᠡᠮᠡᠴᠡᠯ ᠤᠨ ᠵᠣᠷᠢᠭ ᠢ ᠬᠥᠪᠴᠢᠯᠡᠵᠦ᠂ ᠴᠢᠭᠯᠡᠯ ᠢ ᠲᠣᠳᠣᠷᠬᠠᠶᠢᠯᠠᠵᠤ᠂ ᠨᠠᠮ ᠤᠨ ᠢᠷᠠᠭᠤ ᠠᠯᠳᠠᠷᠲᠤ ᠤᠯᠠᠮᠵᠢᠯᠠᠯ ᠪᠣᠯᠤᠨ ᠰᠢᠯᠢᠳᠡᠭ ᠰᠤᠷᠲᠠᠯ ᠢᠶᠠᠷ ᠢᠲᠡᠭᠡᠯ ᠵᠣᠷᠢᠭ ᠢᠶᠠᠨ ᠪᠠᠲᠤᠳᠬᠠᠵᠤ᠂ ᠬᠦᠴᠦᠨ ᠴᠢᠳᠠᠯ ᠢᠶᠠᠨ ᠨᠢᠭᠲᠠᠷᠠᠭᠤᠯᠵᠤ᠂ ᠨᠠᠮ ᠤᠨ ᠦᠢᠯᠡᠳᠦᠯᠭᠡ ᠶᠢᠨ ᠡᠭᠦᠳᠦᠯᠲᠡ ᠪᠣᠯᠤᠨ ᠲᠡᠦᠬᠡ ᠶᠢᠨ ᠲᠤᠷᠰᠢᠯᠭ᠎ᠠ ᠪᠠᠷ ᠤᠶᠤᠨ ᠤᠬᠠᠭᠠᠨ ᠢ ᠰᠡᠩᠬᠡᠷᠡᠭᠦᠯᠵᠦ ᠂ ᠵᠠᠩ ᠰᠤᠷᠲᠠᠯ ᠢᠶᠠᠨ ᠳᠠᠪᠲᠠᠨ ᠪᠣᠯᠪᠠᠰᠤᠷᠠᠭᠤᠯᠬᠤ ᠶᠢ ᠴᠢᠬᠤᠯᠠᠴᠢᠯᠠᠭᠰᠠᠭᠠᠷ ᠢᠷᠡᠵᠠᠢ᠃ ᠪᠦᠬᠦ ᠰᠢᠶᠠᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ᠂ ᠨᠠᠮ ᠤᠨ ᠭᠡᠰᠢᠭᠦᠨ ᠤᠳᠤᠷᠢᠳᠬᠤ ᠺᠠᠳ᠋ᠷᠴᠤᠳ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠶ ᠲᠠᠨᠢᠵᠤ᠂ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠦᠨᠡᠨᠬᠦ ᠳᠡᠭᠡᠳᠦ ᠬᠡᠮᠵᠢᠶ᠎ᠡ ᠪᠠᠷ ᠨᠠᠮ ᠤᠨ ᠲᠥᠪ ᠬᠤᠷᠢᠶ᠎ᠠ ᠶᠢᠨ ᠴᠢᠬᠤᠯᠠ ᠶᠡᠭᠡ ᠰᠢᠢᠳᠪᠦᠷᠢᠳᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠷᠢᠯᠠᠭᠤᠯᠤᠯᠲᠠ ᠱᠠᠭᠠᠷᠳᠠᠯᠭ᠎ᠠ ᠳᠡᠭᠡᠷ᠎ᠡ ᠨᠢᠭᠡᠳᠬᠡᠵᠦ᠂ ᠲᠡᠦᠬᠡ ᠶᠢᠨ ᠲᠤᠷᠰᠢᠯᠭ᠎ᠠ ᠶᠢ ᠨᠠᠷᠢᠨ ᠬᠢᠨᠠᠮᠠᠭᠠᠶ ᠳ᠋ᠦᠩᠨᠡᠵᠦ᠂ ᠲᠡᠦᠬᠡ ᠶᠢᠨ ᠡᠭᠦᠷᠭᠡ ᠶᠢ ᠲᠠᠨᠢᠵᠤ᠂ ᠵᠥᠪ ᠴᠢᠭᠯᠡᠯ ᠢ ᠪᠠᠷᠢᠮᠲᠠᠯᠠᠵᠤ᠂ ᠳᠡᠭᠡᠳᠦ ᠬᠡᠮᠵᠢᠶᠡᠨ ᠤ ᠤᠯᠤᠰ ᠲᠥᠷᠥ ᠶᠢᠨ ᠬᠠᠷᠢᠭᠤᠴᠠᠯᠭᠠᠲᠤ ᠰᠡᠳᠬᠢᠯᠭᠡ ᠪᠠ ᠴᠢᠩᠭ᠎ᠠ ᠬᠦᠴᠦᠲᠡᠶ ᠲᠡᠦᠬᠡᠨ ᠡᠭᠦᠷᠭᠡᠲᠦ ᠰᠡᠳᠬᠢᠯᠭᠡ ᠪᠠᠷ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠢ ᠰᠠᠶᠢᠲᠤᠷ ᠠᠳᠬᠤᠵᠤ᠂ ᠨᠠᠮ ᠤᠨ ᠲᠡᠦᠬᠡ ᠶᠢ ᠰᠠᠶᠢᠲᠤᠷ ᠰᠤᠷᠤᠯᠴᠠᠬᠤ ᠡᠨᠡᠬᠦ ᠵᠠᠪᠠᠯ ᠰᠤᠷᠬᠤ ᠬᠢᠴᠢᠶᠡᠯ ᠤᠨ ᠦᠵᠡᠯ ᠰᠠᠨᠠᠭᠠᠨ ᠤ ᠤᠬᠠᠮᠰᠠᠷ᠂ ᠤᠯᠤᠰ ᠲᠦᠷᠦ ᠶᠢᠨ ᠤᠬᠠᠮᠰᠠᠷ᠂ ᠦᠢᠯᠡ ᠠᠵᠢᠯᠯᠠᠭ᠎ᠠ ᠶᠢᠨ ᠤᠬᠠᠮᠰᠠᠷ ᠢᠶᠠᠨ ᠦᠨᠡᠨᠬᠦ ᠴᠢᠩᠭᠠᠳᠬᠠᠵᠤ᠂ ᠨᠠᠮ ᠤᠨ ᠵᠠᠭᠤᠨ ᠵᠢᠯ ᠤᠨ ᠠᠭᠤᠤ ᠶᠡᠭᠡ ᠲᠡᠮᠡᠴᠡᠯ ᠤᠨ ᠶᠠᠪᠤᠴᠠ ᠠᠴᠠ ᠦᠷᠭᠦᠯᠵᠢᠯᠡᠨ ᠤᠷᠤᠭᠰᠢᠯᠠᠬᠤ ᠤᠶᠤᠨ ᠤᠬᠠᠭᠠᠨ ᠪᠠ ᠬᠦᠴᠦᠨ ᠴᠢᠳᠠᠯ ᠢ ᠰᠢᠩᠭᠡᠭᠡᠨ ᠠᠪᠴᠤ᠂ ᠨᠡᠩ ᠴᠤᠭ ᠪᠠᠳᠠᠷᠠᠩᠭᠤᠢ ᠤᠶᠤᠨ ᠰᠠᠨᠠᠭᠠᠨ ᠤ ᠳᠦᠷᠰᠦ ᠪᠠᠶᠢᠳᠠᠯ ᠪᠠ ᠲᠡᠮᠡᠴᠡᠯ ᠤᠨ ᠳᠦᠷᠰᠦ ᠪᠠᠶᠢᠳᠠᠯ ᠢᠶᠠᠷ ᠰᠢᠨ᠎ᠡ ᠴᠠᠭ ᠦᠶ᠎ᠡ ᠳᠤ ᠭᠠᠪᠢᠶ᠎ᠠ ᠪᠠᠶᠢᠭᠤᠯᠵᠤ᠂ ᠰᠢᠨ᠎ᠡ ᠠᠶᠠᠨ ᠵᠠᠮ ᠳᠤ ᠡᠷᠡᠯᠬᠡᠭᠯᠡᠨ ᠤᠷᠤᠭᠰᠢᠯᠠᠬᠤ ᠬᠡᠷᠡᠭᠲᠡᠢ ᠭᠡᠪᠡ᠃      ᠯᠢ ᠴᠦᠨ ᠶᠠᠨ᠄ ᠬᠠᠷᠠᠯᠲᠠ ᠡᠭᠦᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠨᠠᠮ ᠤᠨ ᠲᠡᠦᠬᠡᠨ ᠬᠥᠭᠵᠢᠯᠲᠡ ᠶᠢᠨ ᠭᠤᠣᠯ ᠰᠡᠳᠦᠪ ᠭᠤᠣᠯ ᠰᠢᠵᠢᠮ ᠢ ᠪᠠᠲᠤ ᠡᠵᠡᠮᠰᠢᠵᠦ᠂ ᠨᠠᠮ ᠤᠨ ᠲᠥᠪ ᠬᠤᠷᠢᠶᠠᠨ ᠤ ᠳᠠᠷᠤᠮᠠᠯᠯᠠᠨ ᠲᠠᠷᠬᠠᠭᠠᠭᠰᠠᠨ ︽ᠪᠦᠬᠦ ᠨᠠᠮ ᠢᠶᠠᠷ ᠢᠶᠠᠨ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠲᠤᠬᠠᠶ ᠮᠡᠳᠡᠭᠳᠡᠯ︾ ᠳᠤ ᠲᠣᠳᠣᠷᠬᠠᠶᠢᠯᠠᠭᠰᠠᠨ ᠵᠢᠷᠭᠤᠭᠠᠨ ᠲᠠᠯ᠎ᠠ ᠶᠢᠨ ᠰᠤᠷᠤᠯᠴᠠᠯᠭ᠎ᠠ ᠶᠢᠨ ᠠᠭᠤᠯᠭ᠎ᠠ ᠶᠢ ᠣᠨᠣᠪᠴᠢᠲᠠᠶ ᠡᠵᠡᠮᠰᠢᠨ ᠬᠢᠨᠠᠮᠠᠭᠠᠶ ᠨᠠᠶᠢᠳᠠᠪᠤᠷᠢᠵᠢᠭᠤᠯᠵᠤ᠂ ᠶᠡᠷᠦᠩᠬᠡᠶ ᠱᠦᠵᠢ ᠰᠢ ᠶᠢᠨ ᠫᠢᠩ ᠤ ᠳᠤᠷᠠᠳᠤᠭᠰᠠᠨ ︽ᠲᠡᠦᠬᠡ ᠰᠤᠷᠴᠤ ᠶᠣᠰᠣ ᠤᠴᠢᠷ ᠢ ᠣᠶᠢᠯᠠᠭᠠᠬᠤ᠂ ᠲᠡᠦᠬᠡ ᠰᠤᠷᠴᠤ ᠢᠲᠡᠭᠡᠯᠴᠡᠭᠡ ᠪᠠᠨ ᠨᠡᠮᠡᠭᠳᠡᠭᠦᠯᠬᠦ᠂ ᠲᠡᠦᠬᠡ ᠰᠤᠷᠴᠤ ᠶᠣᠰᠣ ᠮᠣᠷᠠᠯ ᠢ ᠡᠷᠬᠢᠮᠯᠡᠬᠦ᠂ ᠲᠡᠦᠬᠡ ᠰᠤᠷᠴᠤ ᠦᠢᠯᠡᠳᠦᠯᠭᠡᠵᠢᠭᠦᠯᠬᠦ ᠪᠠᠷ ᠴᠢᠷᠮᠠᠶᠢᠬᠤ︾ ᠬᠠᠷᠠᠯᠲᠠ ᠱᠠᠭᠠᠷᠳᠠᠯᠭ᠎ᠠ ᠶᠢ ᠢᠮᠠᠭᠲᠠ ᠲᠤᠤᠱᠯᠠᠭᠤᠯᠵᠤ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠢ ᠬᠥᠮᠦᠵᠢᠭᠦᠯᠦᠨ ᠬᠥᠲᠥᠯᠥᠨ ᠵᠢᠯᠣᠭᠤᠳᠴᠤ ᠪᠠᠶᠢᠭᠠᠳ ᠨᠠᠮ ᠤᠨ ᠲᠡᠮᠡᠴᠡᠯ ᠤᠨ ᠥᠩᠭᠡᠷᠡᠯᠲᠡ ᠪᠠ ᠠᠭᠤᠤ ᠶᠡᠭᠡ ᠠᠮᠵᠢᠯᠲᠠ ᠪᠦᠲᠦᠮᠵᠢ ᠪᠠᠷ ᠲᠡᠮᠡᠴᠡᠯ ᠤᠨ ᠵᠣᠷᠢᠭ ᠢ ᠨᠢ ᠬᠥᠪᠴᠢᠯᠡᠵᠦ᠂ ᠴᠢᠭᠯᠡᠯ ᠢ ᠨᠢ ᠲᠣᠳᠣᠷᠬᠠᠶ ᠪᠣᠯᠭᠠᠵᠤ᠂ ᠨᠠᠮ ᠤᠨ ᠢᠷᠠᠭᠤ ᠠᠯᠳᠠᠷᠲᠤ ᠤᠯᠠᠮᠵᠢᠯᠠᠯ ᠪᠠ ᠰᠢᠯᠢᠳᠡᠭ ᠰᠤᠷᠲᠠᠯ ᠢᠶᠠᠷ ᠢᠲᠡᠭᠡᠯ ᠵᠣᠷᠢᠭ ᠢ ᠨᠢ ᠪᠠᠲᠤᠳᠬᠠᠨ᠂ ᠬᠦᠴᠦᠨ ᠴᠢᠳᠠᠯ ᠢ ᠨᠢ ᠨᠢᠭᠲᠠᠷᠠᠭᠤᠯᠵᠤ᠂ ᠨᠠᠮ ᠤᠨ ᠦᠢᠯᠡᠳᠦᠯᠭᠡ ᠶᠢᠨ ᠡᠭᠦᠳᠦᠨ ᠪᠦᠲᠦᠭᠡᠯᠲᠡ ᠪᠠ ᠲᠡᠦᠬᠡᠨ ᠲᠤᠷᠰᠢᠯᠭ᠎ᠠ ᠪᠠᠷ ᠤᠶᠤᠨ ᠤᠬᠠᠭᠠᠨ ᠢ ᠨᠢ ᠰᠡᠩᠬᠡᠷᠡᠭᠦᠯᠵᠦ᠂ ᠵᠠᠩ ᠰᠤᠷᠲᠠᠯ ᠢ ᠨᠢ ᠬᠠᠲᠠᠭᠤᠵᠢᠭᠤᠯᠵᠤ᠂ ᠨᠠᠮ ᠤᠨ ᠲᠡᠦᠬᠡ ᠶᠢ ᠰᠤᠷᠤᠯᠴᠠᠬᠤ᠂ ᠦᠵᠡᠯ ᠰᠠᠨᠠᠭ᠎ᠠ ᠶᠢ ᠨᠢ ᠣᠶᠢᠯᠠᠭᠠᠬᠤ᠂ ᠪᠣᠳᠠᠲᠤ ᠶᠠᠪᠤᠳᠠᠯ ᠢ ᠪᠦᠲᠦᠭᠡᠬᠦ᠂ ᠰᠢᠨ᠎ᠡ ᠪᠠᠶᠢᠳᠠᠯ ᠢ ᠪᠤᠢ ᠪᠣᠯᠭᠠᠬᠤ ᠶᠢ ᠦᠨᠡᠨ ᠬᠦ ᠪᠡᠶᠡᠯᠡᠭᠦᠯᠦᠨ᠎ᠡ ᠭᠡᠵᠦ ᠢᠡᠯᠡᠷᠬᠡᠶᠢᠯᠡᠪᠡ᠃ ᠯᠢ ᠴᠦᠨ ᠶᠠᠨ ᠴᠢᠬᠤᠯᠠᠴᠢᠯᠠᠭᠰᠠᠨ ᠨᠢ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠰᠢᠶᠠᠨ ᠤ ᠨᠠᠮ ᠤᠨ ᠬᠤᠷᠢ᠊ ᠡᠶ᠎ᠡ ᠶᠢᠨ ᠲᠣᠭᠲᠠᠭᠠᠭᠰᠠᠨ ︽ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠲᠤᠬᠠᠢ ᠠᠵᠢᠯ ᠤᠨ ᠲᠥᠰᠦᠯ︾ ᠶᠣᠰᠣᠭᠠᠷ᠂ ᠤᠭ ᠦᠨᠳᠦᠰᠦ ᠶᠢ ᠨᠢ ᠡᠷᠢᠵᠦ᠂ ᠤᠭ ᠰᠠᠨᠠᠭ᠎ᠠ ᠶᠢ ᠨᠢ ᠣᠶᠢᠯᠠᠭᠠᠵᠤ᠂ ᠡᠭᠦᠷᠭᠡ ᠬᠠᠷᠢᠭᠤᠴᠠᠯᠭ᠎ᠠ ᠪᠠᠨ ᠪᠠᠲᠤ ᠴᠡᠭᠡᠵᠢᠯᠡᠵᠦ ᠂ ᠨᠠᠮ ᠤᠨ ᠰᠢᠯᠢᠳᠡᠭ ᠤᠯᠠᠮᠵᠢᠯᠠᠯ ᠢ ᠵᠠᠯᠭᠠᠮᠵᠢᠯᠠᠵᠤ᠂ ᠨᠠᠮ ᠤᠨ ᠲᠡᠦᠬᠡ ᠶᠢᠨ ᠤᠶᠤᠨ ᠤᠬᠠᠭᠠᠨ ᠢ ᠰᠢᠩᠭᠡᠭᠡᠨ ᠠᠪᠴᠤ᠂ ᠨᠠᠮ ᠤᠨ ᠭᠡᠰᠢᠭᠦᠨ ᠺᠠᠳ᠋ᠷᠴᠤᠳ ᠤᠨ ᠨᠠᠮᠴᠢ ᠴᠢᠨᠠᠷ ᠤᠨ ᠪᠣᠯᠪᠠᠰᠤᠷᠠᠯ ᠢ ᠴᠢᠩᠭᠠᠳᠬᠠᠵᠤ᠂ ᠥᠷᠭᠡᠨ ᠤᠯᠠᠨ ᠨᠠᠮ ᠤᠨ ᠭᠡᠰᠢᠭᠦᠨ ᠺᠠᠳ᠋ᠷᠴᠤᠳ ᠤᠨ ᠰᠢᠨ᠎ᠡ ᠲᠡᠮᠡᠴᠡᠯ ᠤᠨ ᠠᠶᠠᠨ ᠵᠠᠮ ᠳᠤ ᠨᠡᠩ ᠡᠷᠡᠰ ᠪᠠᠲᠤ ᠪᠠᠷ ᠨᠡᠶᠢᠭᠡᠮ ᠵᠢᠷᠤᠮ ᠤᠨ ᠣᠳᠣᠬᠢᠴᠢᠯᠠᠯᠲᠠ ᠶᠢᠨ ᠪᠦᠲᠦᠭᠡᠨ ᠪᠠᠶᠢᠭᠤᠯᠤᠯᠲᠠ ᠶᠢᠨ ᠬᠦᠨᠳᠦ ᠡᠭᠦᠷᠭᠡ ᠶᠢ ᠡᠭᠦᠷᠭᠡᠯᠡᠬᠦ ᠶᠢ ᠵᠣᠷᠢᠭᠵᠢᠭᠤᠯᠬᠤ ᠬᠡᠷᠡᠭᠲᠡᠢ᠃ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠰᠢ ᠶᠢᠨ ᠫᠢᠩ ᠤ ᠶᠡᠷᠦᠩᠬᠡᠢ ᠱᠦᠵᠢ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠳᠡᠭᠡᠷ᠎ᠡ ᠦᠨᠡᠨ ᠬᠦ ᠨᠢᠭᠡᠳᠬᠡᠵᠦ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠢ ᠣᠶᠢᠯᠠᠭᠠᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠦᠵᠢᠯ ᠢ ︽ᠲᠦᠷᠪᠡᠨ ᠤᠬᠠᠮᠰᠠᠷ︾ ᠢ ᠴᠢᠩᠭᠠᠳᠬᠠᠬᠤ᠂ ︽ᠲᠦᠷᠪᠡᠨ ᠢᠲᠡᠭᠡᠯ︾ ᠢ ᠪᠠᠲᠤᠳᠬᠠᠬᠤ᠂ ︽ᠬᠤᠶᠠᠷ ᠢ ᠬᠠᠮᠠᠭᠠᠯᠠᠬᠤ︾ ᠶᠢᠨ ᠴᠢᠬᠤᠯᠠ ᠦᠢᠯᠡᠳᠦᠯᠭᠡ ᠶᠢ ᠪᠡᠶᠡᠯᠡᠭᠦᠯᠵᠦ᠂ ᠰᠤᠷᠤᠯᠴᠠᠯᠭ᠎ᠠ ᠬᠥᠮᠦᠵᠢᠯ ᠤᠨ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠰᠠᠶᠢᠨ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠰᠢᠶᠠᠨ ᠤ ᠤᠳᠤᠷᠢᠳᠤᠯᠭ᠎ᠠ ᠰᠦᠨ ᠰᠢᠶᠦ᠋ᠨ᠂ ᠲᠢᠶᠠᠨ ᠸᠧᠨ ᠭᠧ ᠵᠢᠴᠢ ᠰᠢᠶᠠᠨ ᠭᠠᠵᠠᠷ ᠤᠨ ᠲᠡᠰ ᠤᠨ ᠬᠢᠨ ᠭᠡᠷ ᠲᠡᠭᠡᠨ ᠤᠳᠤᠷᠢᠳᠴᠤ᠂ ᠰᠢᠶᠠᠨ ᠤ ᠨᠠᠮ ᠤᠨ ᠬᠤᠷᠢᠶᠠᠨ ᠤ ᠨᠠᠮ ᠤᠨ ᠲᠡᠦᠬᠡ ᠰᠤᠷᠤᠯᠴᠠᠬᠤ ᠤᠳᠤᠷᠢᠳᠬᠤ ᠳᠤᠭᠤᠶᠢᠯᠠᠩ ᠤᠨ ᠳᠠᠷᠤᠭ᠎ᠠ᠂ ᠳᠡᠳ᠋ ᠳᠠᠷᠤᠭ᠎ᠠ᠂ ᠪᠦᠷᠢᠯᠳᠦᠬᠦᠨ᠂ ᠡᠯ᠎ᠡ ᠲᠣᠭᠤᠷᠢᠨ ᠵᠢᠯᠣᠭᠤᠳᠬᠤ ᠳᠤᠭᠤᠶᠢᠯᠠᠩ ᠤᠨ ᠳᠠᠷᠤᠭ᠎ᠠ᠂ ᠳᠡᠳ᠋ ᠳᠠᠷᠤᠭ᠎ᠠ᠂ ᠡᠯ᠎ᠡ ᠪᠠᠯᠭᠠᠰᠤ᠂ ᠭᠤᠣᠯ ᠤᠨ ᠠᠳᠠᠭ ᠤᠨ ᠬᠠᠮᠢᠶᠠᠷᠤᠯᠲᠠ ᠶᠢᠨ ᠵᠥᠪᠯᠡᠯ᠂ ᠡᠯ᠎ᠡ ᠬᠠᠮᠢᠶ᠎ᠠ ᠪᠦᠬᠦᠢ ᠨᠢᠭᠡᠴᠡ ᠶᠢᠨ ᠬᠠᠷᠢᠭᠤᠴᠠᠯᠭᠠᠲᠠᠳ ᠬᠤᠷᠠᠯ ᠳᠤ ᠣᠷᠣᠯᠴᠠᠪᠠ᠃
 
ᠢᠷᠡᠯᠲᠡ᠄ ᠲᠣᠭᠲᠠᠬᠤ ᠰᠢᠶᠠᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号