ᠪᠦᠬᠦ ᠰᠢᠶᠠᠨ ᠤ ᠵᠣᠬᠢᠶᠠᠨ ᠪᠠᠶᠢᠭᠤᠯᠬᠤ᠂ ᠤᠬᠠᠭᠤᠯᠬᠤ᠂ ᠨᠢᠭᠡᠳᠦᠮᠡᠯ ᠹᠷᠣᠨᠲ ᠤᠨ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2021/3/11
      3 ᠳ᠋ᠤᠭᠠᠷ ᠰᠠᠷ᠎ᠠ ᠶᠢᠨ 5 ᠤ ᠡᠳᠦᠷ᠂ ᠪᠦᠬᠦ ᠰᠢᠶᠠᠨ ᠤ ᠵᠣᠬᠢᠶᠠᠨ ᠪᠠᠶᠢᠭᠤᠯᠬᠤ᠂ ᠤᠬᠠᠭᠤᠯᠬᠤ᠂ ᠨᠢᠭᠡᠳᠦᠮᠡᠯ ᠹᠷᠣᠨᠲ ᠤᠨ ᠠᠵᠢᠯ ᠤᠨ ᠬᠤᠷᠠᠯ ᠬᠤᠷᠠᠯᠳᠤᠪᠠ᠃ ᠰᠢᠶᠠᠨ ᠤ ᠨᠠᠮ ᠤᠨ ᠬᠤᠷᠢᠶᠠᠨ ᠤ ᠱᠦᠵᠢ ᠯᠢ ᠴᠦᠨ ᠶᠠᠨ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ ᠲᠢᠶᠠᠨ ᠸᠧᠨ ᠭᠧ ᠬᠤᠷᠠᠯ ᠡᠷᠭᠢᠯᠡᠪᠡ᠃      ᠬᠤᠷᠠᠯ ᠳᠡᠭᠡᠷ᠎ᠡ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ ᠲᠢᠶᠠᠨ ᠸᠧᠨ ᠭᠧ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠭᠦᠸᠧ ᠮᠧᠶ ᠲᠤᠤ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠰᠦᠨ ᠬᠠᠶ ᠱᠧᠩ ᠲᠣᠰ ᠲᠣᠰ ᠮᠠᠨ ᠤ ᠰᠢᠶᠠᠨ ᠤ 2020 ᠣᠨ ᠤ ᠵᠣᠬᠢᠶᠠᠨ ᠪᠠᠶᠢᠭᠤᠯᠬᠤ᠂ ᠤᠬᠠᠭᠤᠯᠬᠤ᠂ ᠨᠢᠭᠡᠳᠦᠮᠡᠯ ᠹᠷᠣᠨᠲ ᠤᠨ ᠠᠵᠢᠯ ᠢ ᠡᠷᠭᠢᠴᠡᠭᠦᠯᠦᠨ ᠳ᠋ᠦᠩᠨᠡᠭᠰᠡᠨ ᠪᠥᠭᠡᠳ 2021 ᠣᠨ ᠤ ᠡᠯ᠎ᠡ ᠵᠦᠢᠯ ᠤᠨ ᠠᠵᠢᠯ ᠤᠨ ᠭᠤᠤᠯᠳᠠᠯᠭ᠎ᠠ ᠲᠠᠢ ᠡᠭᠦᠷᠭᠡ ᠶᠢ ᠳᠣᠭᠢᠷᠠᠭᠤᠯᠤᠨ ᠪᠠᠶᠢᠷᠢᠯᠠᠭᠤᠯᠵᠠᠶ᠃      ᠣᠶᠢᠯᠠᠭᠠᠭᠰᠠᠨ ᠢᠶᠠᠷ᠂ ᠡᠨᠡ ᠵᠢᠯ ᠪᠥᠬᠦ ᠰᠢᠶᠠᠨ ᠤ ᠵᠣᠬᠢᠶᠠᠨ ᠪᠠᠶᠢᠭᠤᠯᠬᠤ ᠠᠵᠢᠯ ᠢ ᠳᠣᠤᠷᠠᠬᠢ ᠮᠡᠲᠦ ᠲᠤᠯᠤᠭᠠᠨ ᠲᠠᠯ᠎ᠠ ᠪᠠᠷ ᠥᠷᠨᠢᠭᠦᠯᠦᠨ᠎ᠡ᠄      ᠦᠵᠡᠯ ᠰᠠᠨᠠᠭᠠᠨ ᠤ ᠪᠠᠶᠢᠭᠤᠯᠤᠯᠲᠠ ᠶᠢ ᠦᠷᠭᠦᠯᠵᠢᠯᠡᠨ ᠰᠠᠶᠢᠲᠤᠷ ᠠᠳᠬᠤᠵᠤ᠂ ᠪᠥᠬᠦ ᠨᠠᠮ ᠤᠨ ᠭᠡᠰᠢᠭᠦᠳ ᠢ ᠵᠣᠬᠢᠶᠠᠨ ᠪᠠᠶᠢᠭᠤᠯᠤᠨ ᠣᠭ ᠵᠣᠬᠢᠶᠠᠯ ᠢ ᠬᠢᠨᠠᠮᠠᠭᠠᠶ ᠤᠩᠰᠢᠵᠤ᠂ ᠣᠭ ᠵᠣᠬᠢᠶᠠᠯ ᠢ ᠰᠤᠷᠤᠯᠴᠠᠵᠤ᠂ ᠣᠭ ᠶᠣᠰᠣ ᠶᠢ ᠣᠶᠢᠯᠠᠭᠠᠭᠤᠯᠵᠤ᠂ ᠨᠠᠮ ᠤᠨ ᠲᠡᠤᠬᠡ ᠶᠢᠨ ᠰᠤᠷᠤᠯᠴᠠᠯᠭ᠎ᠠ ᠬᠥᠮᠦᠵᠢᠯ ᠢ ᠪᠥᠬᠦ ᠲᠠᠯ᠎ᠠ ᠪᠠᠷ ᠥᠷᠨᠢᠭᠦᠯᠦᠨ᠎ᠡ︔ ᠤᠯᠤᠰ ᠲᠦᠷᠦ ᠶᠢᠨ ᠪᠠᠶᠢᠭᠤᠯᠤᠯᠲᠠ ᠶᠢ ᠦᠷᠭᠦᠯᠵᠢᠯᠡᠨ ᠰᠠᠶᠢᠲᠤᠷ ᠠᠳᠬᠤᠵᠤ᠂ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠡᠯ᠎ᠡ ᠵᠦᠢᠯ ᠤᠨ ᠠᠵᠢᠯ ᠳᠤ ᠨᠡᠩ ᠶᠡᠭᠡ ᠬᠦᠴᠦ ᠣᠷᠣᠭᠤᠯᠬᠤ ᠬᠡᠷᠡᠭᠲᠡᠢ︔ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠦᠷᠭᠦᠯᠵᠢᠯᠡᠨ ᠰᠠᠶᠢᠲᠤᠷ ᠠᠳᠬᠤᠵᠤ᠂ ᠲᠣᠭᠤᠷᠢᠨ ᠪᠠᠶᠢᠴᠠᠭᠠᠵᠤ ᠲᠣᠭᠤᠷᠢᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠨᠠᠶᠢᠳᠠᠪᠤᠷᠢᠵᠢᠭᠤᠯᠬᠤ ᠲᠠᠯ᠎ᠠ ᠪᠠᠷ ᠨᠡᠩ ᠶᠡᠭᠡ ᠬᠦᠴᠦ ᠣᠷᠣᠭᠤᠯᠬᠤ ᠬᠡᠷᠡᠭᠲᠡᠢ︔ ᠤᠳᠤᠷᠢᠳᠬᠤ ᠪᠠᠭ ᠤᠨ ᠪᠠᠶᠢᠭᠤᠯᠤᠯᠲᠠ ᠶᠢ ᠦᠷᠭᠦᠯᠵᠢᠯᠡᠨ ᠰᠠᠶᠢᠲᠤᠷ ᠠᠳᠬᠤᠵᠤ᠂ ᠰᠢᠶᠠᠨ ᠪᠠᠯᠭᠠᠰᠤ ᠶᠢᠨ ᠤᠳᠤᠷᠢᠳᠬᠤ ᠪᠠᠭ ᠤᠨ ᠬᠤᠭᠤᠴᠠᠭ᠎ᠠ ᠰᠣᠯᠢᠬᠤ ᠠᠵᠢᠯ ᠢ ᠲᠥᠯᠥᠪᠵᠢᠭᠦᠯᠬᠦ ᠳᠤ ᠨᠡᠩ ᠶᠡᠭᠡ ᠬᠦᠴᠦ ᠣᠷᠣᠭᠤᠯᠬᠤ ᠬᠡᠷᠡᠭᠲᠡᠢ︔ ᠡᠩᠨᠡᠭᠡᠨ ᠤ ᠪᠠᠶᠢᠭᠤᠯᠤᠯᠲᠠ ᠶᠢ ᠦᠷᠭᠦᠯᠵᠢᠯᠡᠨ ᠰᠠᠶᠢᠲᠤᠷ ᠠᠳᠬᠤᠵᠤ᠂ ᠦᠨᠡᠨᠴᠢ ᠰᠢᠳᠤᠷᠭᠤ ᠴᠡᠪᠡᠷ ᠴᠢᠬᠡᠴᠢ ᠬᠠᠷᠢᠭᠤᠴᠠᠯᠭ᠎ᠠ ᠲᠠᠢ ᠥᠨᠳᠥᠷ ᠬᠡᠪ ᠪᠣᠯᠪᠠᠰᠤᠷᠠᠯ ᠲᠠᠢ ᠺᠠᠳ᠋ᠷ ᠤᠨ ᠡᠩᠨᠡᠭᠡ ᠶᠢ ᠬᠥᠮᠦᠵᠢᠭᠦᠯᠬᠦ ᠳᠤ ᠨᠡᠩ ᠶᠡᠭᠡ ᠬᠦᠴᠦ ᠣᠷᠣᠭᠤᠯᠬᠤ ᠬᠡᠷᠡᠭᠲᠡᠢ︔ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠦᠷᠭᠦᠯᠵᠢᠯᠡᠨ ᠰᠠᠶᠢᠲᠤᠷ ᠠᠳᠬᠤᠵᠤ᠂ ︽ᠲᠠᠪᠤᠨ ᠲᠠᠯ᠎ᠠ ᠶᠢ ᠬᠠᠮᠵᠢᠯᠴᠠᠭᠤᠯᠬᠤ᠂ ᠦᠨᠳᠦᠰᠦᠨ ᠱᠠᠳᠤ ᠶᠢ ᠶᠡᠬᠡᠪᠡᠷ ᠠᠳᠬᠤᠬᠤ︾ ᠶᠢ ᠭᠦᠨᠵᠡᠭᠡᠢ ᠠᠬᠢᠭᠤᠯᠬᠤ ᠳᠤ ᠨᠡᠩ ᠶᠡᠭᠡ ᠬᠦᠴᠦ ᠣᠷᠣᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠡᠨᠡᠬᠦ ᠭᠤᠣᠯ ᠱᠤᠭᠤᠮ ᠤᠨ ᠲᠣᠭᠤᠷᠢᠨ ᠳᠤ᠂ ᠰᠢᠶᠠᠨ᠂ ᠪᠠᠯᠭᠠᠰᠤ᠂ ᠲᠣᠰᠬᠤᠨ ᠭᠤᠷᠪᠠᠨ ᠱᠠᠲᠤᠨ ᠤ ᠬᠠᠮᠲᠤᠷᠠᠯ ᠤᠨ ᠬᠦᠴᠦᠨ ᠢ ᠨᠢᠭᠲᠠᠷᠠᠭᠤᠯᠵᠤ᠂ ᠤᠯᠠᠨ ᠶᠠᠩᠵᠤ ᠶᠢᠨ ᠪᠦᠲᠦᠮᠵᠢᠲᠡᠢ ᠬᠠᠮᠲᠤ ᠶᠢᠨ ᠠᠵᠤ ᠠᠬᠤᠢ ᠶᠢᠨ ᠬᠥᠭᠵᠢᠯᠲᠡ ᠶᠢᠨ ᠵᠠᠭᠪᠤᠷ ᠢ ᠦᠷᠭᠦᠯᠵᠢᠯᠡᠨ ᠬᠠᠶᠢᠨ ᠰᠦᠪᠡᠭᠴᠢᠯᠡᠨ᠎ᠡ︔ ᠴᠢᠳᠠᠪᠤᠷᠢᠲᠠᠨ ᠤ ᠪᠠᠶᠢᠭᠤᠯᠤᠯᠲᠠ ᠶᠢ ᠦᠷᠭᠦᠯᠵᠢᠯᠡᠨ ᠰᠠᠶᠢᠲᠤᠷ ᠠᠳᠬᠤᠵᠤ᠂ ᠴᠢᠳᠠᠪᠤᠷᠢᠲᠠᠨ ᠢ ᠰᠣᠩᠭᠤᠵᠤ ᠴᠢᠳᠠᠪᠤᠷᠢᠲᠠᠨ ᠢ ᠲᠠᠳᠠᠨ ᠠᠪᠴᠢᠷᠠᠬᠤ ᠴᠢᠳᠠᠪᠤᠷᠢᠲᠠᠨ ᠢ ᠬᠥᠮᠦᠵᠢᠭᠦᠯᠬᠦ ᠴᠢᠳᠠᠪᠤᠷᠢᠲᠠᠨ ᠢ ᠬᠡᠷᠡᠭᠯᠡᠬᠦ ᠶᠢ ᠴᠢᠩᠭᠠᠳᠬᠠᠬᠤ ᠳᠤ ᠨᠡᠩ ᠶᠡᠭᠡ ᠬᠦᠴᠦ ᠣᠷᠣᠭᠤᠯᠵᠤ᠂ ᠳᠡᠭᠡᠳᠦ ᠲᠡᠰ ᠳᠠᠪᠬᠤᠷᠭ᠎ᠠ ᠶᠢᠨ ᠴᠢᠳᠠᠪᠤᠷᠢᠲᠠᠨ ᠤ ᠤᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠢ ᠲᠡᠭᠦᠯᠳᠡᠷᠵᠢᠭᠦᠯᠵᠦ᠂ ᠰᠢᠶᠠᠨ ᠤ ᠨᠠᠮ ᠤᠨ ᠬᠤᠷᠢᠶᠠᠨ ᠤ ᠪᠠᠶᠢᠩᠭᠤ ᠶᠢᠨ ᠭᠡᠰᠢᠭᠦᠳ ᠤᠨ ᠳᠡᠭᠡᠳᠦ ᠲᠡᠰ ᠳᠠᠪᠬᠤᠷᠭ᠎ᠠ ᠶᠢᠨ ᠴᠢᠳᠠᠪᠤᠷᠢᠲᠠᠨ ᠲᠠᠢ ᠬᠠᠷᠢᠯᠴᠠᠵᠤ ᠦᠢᠯᠡᠴᠢᠯᠡᠬᠦ ᠲᠣᠭᠲᠠᠴᠠ ᠶᠢ ᠪᠦᠷᠢᠨᠰᠢᠬᠦᠯᠵᠤ᠂ ᠳᠡᠭᠡᠳᠦ ᠲᠡᠰ ᠳᠠᠪᠬᠤᠷᠭ᠎ᠠ ᠶᠢᠨ ᠴᠢᠳᠠᠪᠤᠷᠢᠲᠠᠨ ᠢ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠬᠤᠷᠳᠤᠳᠬᠠᠭᠤᠷ ᠪᠣᠯᠭᠠᠨ᠎ᠠ᠃      ᠪᠦᠬᠦ ᠰᠢᠶᠠᠨ ᠤ ᠰᠤᠷᠲᠠᠯ ᠤᠬᠠᠭᠤᠯᠭ᠎ᠠ ᠦᠵᠡᠯ ᠰᠠᠨᠠᠭ᠎ᠠ ᠰᠣᠶᠣᠯ ᠤᠨ ᠠᠵᠢᠯ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠪᠣᠯᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ᠂ ᠭᠤᠷᠪᠠᠳᠤᠭᠠᠷ᠂ ᠳᠥᠷᠪᠡᠳᠦᠭᠡᠷ᠂ ᠲᠠᠪᠤᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠵᠢᠴᠢ ᠳᠡᠭᠡᠳᠦ ᠱᠠᠲᠤᠨ ᠤ ᠨᠠᠮ ᠤᠨ ᠬᠤᠷᠢᠶᠠᠨ ᠤ ᠬᠤᠷᠠᠯ ᠤᠨ ᠵᠢᠭᠠᠪᠤᠷᠢ ᠴᠣᠬᠤᠯᠠᠪᠤᠷᠢ ᠶᠠᠷᠢᠶᠠᠨ ᠤ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠤᠱᠯᠠᠭᠤᠯᠵᠤ᠂ ︽ᠳᠥᠷᠪᠡᠨ ᠤᠬᠠᠮᠰᠠᠷ︾ ᠢᠶᠠᠨ ᠴᠢᠩᠭᠠᠳᠬᠠᠵᠤ᠂ ︽ᠳᠥᠷᠪᠡᠨ ᠢᠲᠡᠭᠡᠯ︾ ᠢᠶᠠᠨ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠲᠤᠭ ᠳᠠᠯᠪᠠᠭ᠎ᠠ ᠡᠷᠭᠦᠨ᠂ ᠠᠷᠠᠳ ᠤᠨ ᠰᠡᠳᠬᠢᠯ ᠢ ᠨᠢᠭᠲᠠᠷᠠᠭᠤᠯᠵᠤ᠂ ᠰᠢᠨ᠎ᠡ ᠬᠥᠮᠦᠨ ᠢ ᠬᠥᠮᠦᠵᠢᠭᠦᠯᠵᠦ᠂ ᠰᠣᠶᠣᠯ ᠢ ᠬᠥᠭᠵᠢᠭᠦᠯᠦᠨ᠂ ᠳᠦᠷᠢ ᠲᠥᠷᠬᠦ ᠶᠢ ᠪᠠᠳᠠᠷᠠᠭᠤᠯᠵᠤ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠰᠢ ᠶᠢᠨ ᠫᠢᠩ ᠶᠡᠷᠦᠩᠬᠡᠶ ᠱᠦᠵᠢ ᠶᠢᠨ ᠰᠤᠷᠲᠠᠯ ᠤᠬᠠᠭᠤᠯᠭ᠎ᠠ ᠦᠵᠡᠯ ᠰᠠᠨᠠᠭᠠᠨ ᠤ ᠠᠵᠢᠯ ᠤᠨ ᠲᠤᠬᠠᠶ ᠴᠢᠬᠤᠯᠠ ᠥᠭᠦᠯᠡᠯᠲᠡ ᠶᠢ ᠤᠯᠠᠮ ᠴᠢᠨᠠᠭᠰᠢᠳᠠ ᠰᠤᠷᠤᠯᠴᠠᠨ ᠲᠤᠤᠱᠯᠠᠭᠤᠯᠵᠤ᠂ ᠳᠤᠮᠳᠠᠳᠤ ᠤᠯᠤᠰ ᠤᠨ ᠡᠪ ᠬᠠᠮᠲᠤ ᠨᠠᠮ ᠪᠠᠶᠢᠭᠤᠯᠤᠭᠳᠠᠭᠰᠠᠨ 100 ᠵᠢᠯ ᠤᠨ ᠣᠶ ᠶᠢ ᠪᠡᠯᠭᠡᠯᠡᠵᠦ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠲᠤᠪᠤᠶᠢᠯᠭᠠᠨ ᠪᠠᠲᠤ ᠪᠠᠬᠢ ᠪᠤᠢ ᠪᠣᠯᠭᠠᠵᠤ᠂ ᠵᠥᠪ ᠤᠯᠤᠰ ᠲᠦᠷᠦ ᠶᠢᠨ ᠴᠢᠭᠯᠡᠯ᠂ ᠶᠠᠷᠢᠶ᠎ᠠ ᠬᠡᠯᠡᠯᠴᠡᠭᠡᠨ ᠤ ᠤᠳᠤᠷᠢᠳᠤᠮᠵᠢ᠂ ᠦᠷᠳᠡᠭ ᠤᠨ ᠬᠠᠨᠳᠤᠯᠭ᠎ᠠ ᠶᠢ ᠪᠠᠷᠢᠮᠲᠠᠯᠠᠵᠤ᠂ ᠲᠥᠪ ᠭᠤᠣᠯᠴᠢ ᠪᠠᠷ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠲᠡᠮᠡᠴᠡᠯ ᠤᠨ ᠵᠣᠷᠢᠭ ᠰᠠᠨᠠᠭ᠎ᠠ ᠶᠢ ᠪᠠᠳᠠᠷᠠᠭᠤᠯᠵᠤ᠂ ᠨᠠᠮ ᠢᠶᠠᠨ ᠬᠠᠶᠢᠷᠠᠯᠠᠬᠤ ᠤᠯᠤᠰ ᠢᠶᠠᠨ ᠬᠠᠶᠢᠷᠠᠯᠠᠬᠤ ᠨᠡᠶᠢᠭᠡᠮ ᠵᠢᠷᠤᠮ ᠢ ᠬᠠᠶᠢᠷᠠᠯᠠᠬᠤ ᠴᠠᠭ ᠦᠶ᠎ᠡ ᠶᠢᠨ ᠭᠤᠣᠯ ᠬᠦᠭ ᠠᠶᠠᠰ ᠢ ᠴᠤᠤᠷᠢᠶᠠᠲᠤᠭᠤᠯᠵᠤ᠂ ᠰᠠᠶᠢᠨ ᠰᠠᠶᠢᠬᠠᠨ ᠳᠣᠲᠣᠭᠠᠳᠤ ᠭᠠᠳᠠᠭᠠᠳᠤ ᠶᠢᠨ ᠣᠷᠴᠢᠨ ᠲᠣᠭᠤᠷᠢᠨ ᠢ ᠪᠤᠢ ᠪᠣᠯᠭᠠᠵᠤ᠂ ᠪᠦᠬᠦ ᠰᠢᠶᠠᠨ ᠤ ᠥᠭᠡᠷᠡᠴᠢᠯᠡᠯᠲᠡ ᠬᠥᠭᠵᠢᠯᠲᠡ ᠲᠣᠭᠲᠠᠭᠤᠨ ᠳᠤ ᠪᠠᠲᠤ ᠴᠢᠩᠭ᠎ᠠ ᠦᠵᠡᠯ ᠰᠠᠨᠠᠭᠠᠨ ᠤ ᠪᠠᠲᠤᠯᠠᠭ᠎ᠠ ᠪᠠ ᠬᠦᠴᠦᠷᠬᠡᠭ ᠶᠡᠭᠡ ᠤᠶᠤᠨ ᠰᠠᠨᠠᠭᠠᠨ ᠤ ᠬᠦᠴᠦᠨ ᠢ ᠬᠠᠩᠭᠠᠨ᠎ᠠ᠃      ᠪᠦᠬᠦ ᠰᠢᠶᠠᠨ ᠤ ᠨᠢᠭᠡᠳᠦᠮᠡᠯ ᠹᠷᠣᠨᠲ ᠤᠨ ᠠᠵᠢᠯ ᠨᠢ ᠰᠢ ᠶᠢᠨ ᠫᠢᠩ ᠶᠡᠷᠦᠩᠬᠡᠶ ᠱᠦᠵᠢ ᠶᠢᠨ ᠨᠢᠭᠡᠳᠦᠮᠡᠯ ᠹᠷᠣᠨᠲ ᠤᠨ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠶ ᠴᠢᠬᠤᠯᠠ ᠦᠵᠡᠯ ᠰᠠᠨᠠᠭ᠎ᠠ ᠶᠢ ᠭᠦᠨᠵᠡᠭᠡᠶ ᠲᠤᠤᠱᠯᠠᠭᠤᠯᠬᠤ ᠪᠠᠷ ᠭᠤᠣᠯ ᠰᠢᠵᠢᠮ ᠪᠣᠯᠭᠠᠵᠤ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠨᠢᠭᠡᠳᠦᠮᠡᠯ ᠹᠷᠣᠨᠲ ᠤᠨ ᠠᠵᠢᠯ ᠤᠨ ᠳᠦᠷᠢᠮ︾ ᠢ ᠰᠤᠷᠤᠯᠴᠠᠨ ᠤᠬᠠᠭᠤᠯᠵᠤ ᠲᠤᠤᠱᠯᠠᠭᠤᠯᠬᠤ ᠪᠠᠷ ᠭᠤᠣᠯᠳᠠᠯᠭ᠎ᠠ ᠪᠣᠯᠭᠠᠵᠤ᠂ ᠰᠢᠨ᠎ᠡ ᠴᠠᠭ ᠦᠶ᠎ᠡ ᠶᠢᠨ ᠨᠢᠭᠡᠳᠦᠮᠡᠯ ᠹᠷᠣᠨᠲ ᠤᠨ ᠡᠷᠳᠡᠨᠢ ᠶᠢᠨ ᠦᠢᠯᠡᠳᠦᠯ ᠢ ᠤᠯᠠᠮ ᠴᠢᠨᠠᠭᠰᠢᠳᠠ ᠪᠠᠳᠠᠷᠠᠭᠤᠯᠬᠤ ᠪᠠᠷ ᠬᠠᠷᠠᠯᠲᠠ ᠪᠣᠯᠭᠠᠵᠤ᠂ ᠰᠢᠶᠠᠨ ᠤ ᠨᠠᠮ ᠤᠨ ᠬᠤᠷᠢᠶᠠᠨ ᠤ ᠠᠷᠪᠠᠨ ᠳᠥᠷᠪᠡᠳᠦᠭᠡᠷ ᠬᠤᠭᠤᠴᠠᠭᠠᠨ ᠤ ᠠᠷᠪᠠᠨ ᠵᠢᠷᠭᠤᠳᠤᠭᠠᠷ ᠪᠦᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠤᠨ ᠨᠠᠶᠢᠳᠠᠪᠤᠷᠢᠵᠢᠭᠤᠯᠵᠤ ᠂ ᠲᠥᠪ ᠶᠣᠰᠣ ᠶᠢ ᠪᠠᠷᠢᠮᠲᠠᠯᠠᠨ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠦᠵᠡᠯ ᠰᠠᠨᠠᠭ᠎ᠠ ᠤᠯᠤᠰ ᠲᠦᠷᠦ ᠪᠠᠷ ᠬᠦᠳᠦᠯᠦᠨ ᠳᠠᠭᠠᠭᠤᠯᠬᠤ ᠶᠢ ᠲᠤᠪᠤᠶᠢᠯᠭᠠᠵᠦ᠂ ᠶᠡᠭᠡ ᠲᠠᠯ᠎ᠠ ᠳᠤ ᠦᠢᠯᠡᠴᠢᠯᠡᠵᠦ᠂ ᠠᠶᠤᠯ ᠲᠦᠭᠰᠢᠭᠦᠷᠢ ᠶᠢ ᠰᠡᠷᠭᠡᠶᠢᠯᠡᠨ ᠠᠷᠢᠯᠭᠠᠵᠤ᠂ ᠴᠢᠳᠠᠪᠤᠷᠢ ᠶᠢᠨ ᠲᠦᠪᠰᠢᠨ ᠢᠶᠠᠨ ᠳᠡᠭᠡᠭᠰᠢᠯᠡᠭᠦᠯᠵᠦ᠂ ᠮᠠᠨ ᠤ ᠰᠢᠶᠠᠨ ᠤ ᠨᠢᠭᠡᠳᠦᠮᠡᠯ ᠹᠷᠣᠨᠲ ᠤᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠰᠢᠯᠢᠳᠡᠭ ᠬᠢᠷᠢ ᠪᠦᠲᠦᠮᠵᠢ ᠪᠠᠷ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠡᠭ ᠪᠤᠯᠭᠠᠨ᠎ᠠ᠃      ᠰᠢᠶᠠᠨ ᠤ ᠨᠠᠮ ᠤᠨ ᠬᠤᠷᠢᠶᠠᠨ ᠤ ᠱᠦᠵᠢ ᠯᠢ ᠴᠦᠨ ᠶᠠᠨ ᠶᠠᠷᠢᠶᠠᠨ ᠳᠠᠭᠠᠨ᠂ ᠵᠣᠬᠢᠶᠠᠨ ᠪᠠᠶᠢᠭᠤᠯᠬᠤ᠂ ᠤᠬᠠᠭᠤᠯᠬᠤ᠂ ᠨᠢᠭᠡᠳᠦᠮᠡᠯ ᠹᠷᠣᠨᠲ ᠤᠨ ᠠᠵᠢᠯ ᠢ ᠪᠦᠬᠦ ᠲᠠᠯ᠎ᠠ ᠪᠠᠷ ᠰᠠᠶᠢᠲᠤᠷ ᠬᠢᠬᠦ ᠶᠢᠨ ᠵᠠᠩᠭᠢᠯᠠᠭ᠎ᠠ ᠨᠢ ᠨᠠᠮ ᠤᠨ ᠤᠳᠤᠷᠢᠳᠤᠯᠭ᠎ᠠ ᠶᠢ ᠪᠠᠷᠢᠮᠲᠠᠯᠠᠬᠤ ᠳᠤ ᠪᠤᠢ᠂ ᠵᠠᠩᠭᠢᠯᠠᠭ᠎ᠠ ᠨᠢ ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠬᠤ ᠳᠤ ᠪᠤᠢ᠃ ᠪᠦᠬᠦ ᠰᠢᠶᠠᠨ ᠤ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠣᠭᠤᠳᠣᠯᠭ᠎ᠠ ᠪᠣᠯᠭᠠᠬᠤ ᠶᠢ ᠪᠠᠷᠢᠮᠲᠠᠯᠠᠵᠤ᠂ ︽ᠲᠦᠷᠪᠡᠨ ᠤᠬᠠᠮᠰᠠᠷ︾ ᠢ ᠴᠢᠩᠭᠠᠳᠬᠠᠵᠤ᠂ ︽ᠲᠦᠷᠪᠡᠨ ᠢᠲᠡᠭᠡᠯ ︾ ᠢ ᠪᠠᠲᠤᠳᠬᠠᠵᠤ᠂ ︽ᠬᠤᠶᠠᠷ ᠢ ᠬᠠᠮᠠᠭᠠᠯᠠᠬᠤ︾ ᠶᠢ ᠪᠡᠶᠡᠯᠡᠭᠦᠯᠵᠦ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠶᠡᠷᠦᠩᠬᠡᠢ ᠱᠠᠭᠠᠷᠳᠠᠯᠭ᠎ᠠ ᠶᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠨᠠᠮ ᠤᠨ ᠤᠯᠤᠰ ᠲᠦᠷᠦ ᠶᠢᠨ ᠪᠠᠶᠢᠭᠤᠯᠤᠯᠲᠠ᠂ ᠦᠵᠡᠯ ᠰᠠᠨᠠᠭᠠᠨ ᠤ ᠪᠠᠶᠢᠭᠤᠯᠤᠯᠲᠠ᠂ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ᠂ ᠰᠤᠷᠲᠠᠯ ᠤᠨ ᠪᠠᠶᠢᠭᠤᠯᠤᠯᠲᠠ᠂ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠲᠦᠷᠢᠮ ᠤᠨ ᠪᠠᠶᠢᠭᠤᠯᠤᠯᠲᠠ ᠶᠢ ᠡᠭᠦᠨ ᠳᠤ ᠲᠤᠤᠱᠯᠠᠭᠤᠯᠵᠤ᠂ ᠪᠦᠬᠦ ᠰᠢᠶᠠᠨ ᠤ ᠨᠠᠮ ᠤᠨ ᠪᠠᠶᠢᠭᠤᠯᠤᠯᠲᠠ ᠶᠢᠨ ᠶᠠᠰᠤ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠶᠢ ᠠᠬᠢᠭᠤᠯᠬᠤ ᠬᠡᠷᠡᠭᠲᠡᠢ᠃ ᠵᠣᠬᠢᠶᠠᠨ ᠪᠠᠶᠢᠭᠤᠯᠬᠤ᠂ ᠤᠬᠠᠭᠤᠯᠬᠤ᠂ ᠨᠢᠭᠡᠳᠦᠮᠡᠯ ᠹᠷᠣᠨᠲ ᠤᠨ ᠰᠠᠯᠠᠭ᠎ᠠ ᠮᠥᠴᠢᠷ ᠤᠨ ᠬᠢᠨ ᠭᠤᠣᠯ ᠬᠠᠷᠢᠭᠤᠴᠠᠯᠭ᠎ᠠ ᠭᠤᠣᠯ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ᠬᠦᠴᠦᠨ ᠢᠶᠠᠨ ᠲᠥᠪᠯᠡᠷᠡᠭᠦᠯᠦᠨ ᠶᠡᠭᠡ ᠲᠠᠯ᠎ᠠ ᠳᠤ ᠦᠢᠯᠡᠴᠢᠯᠡᠵᠦ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠠᠵᠢᠯ ᠶᠠᠪᠤᠳᠠᠯ ᠬᠢᠵᠦ᠂ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠬᠤ ᠶᠢ ᠬᠦᠴᠦᠲᠡᠢ ᠠᠬᠢᠭᠤᠯᠵᠤ᠂ ᠤᠬᠠᠭᠤᠯᠭ᠎ᠠ ᠶᠢᠨ ᠠᠵᠢᠯ ᠢ ᠶᠡᠬᠡᠪᠡᠷ ᠳᠡᠭᠡᠭᠰᠢᠯᠡᠭᠦᠯᠵᠦ᠂ ᠨᠢᠭᠡᠳᠦᠮᠡᠯ ᠹᠷᠣᠨᠲ ᠤᠨ ᠦᠢᠯᠡᠳᠦᠯ ᠢ ᠪᠦᠲᠦᠮᠵᠢᠲᠡᠢ ᠪᠠᠳᠠᠷᠠᠭᠤᠯᠬᠤ ᠬᠡᠷᠡᠭᠲᠡᠢ ᠭᠡᠵᠦ ᠵᠢᠭᠠᠨ ᠭᠠᠷᠭᠠᠪᠠ᠃      ᠯᠢ ᠴᠦᠨ ᠶᠠᠨ ᠴᠢᠬᠤᠯᠠᠴᠢᠯᠠᠭᠰᠠᠨ ᠨᠢ᠂ ᠨᠠᠮ ᠤᠨ ᠠᠯᠢᠪᠠ ᠠᠵᠢᠯ ᠳᠠᠬᠢ ᠤᠳᠤᠷᠢᠳᠤᠯᠭ᠎ᠠ ᠶᠢ ᠪᠠᠷᠢᠮᠲᠠᠯᠠᠨ ᠲᠡᠭᠦᠯᠳᠡᠷᠵᠢᠭᠦᠯᠵᠦ᠂ ᠬᠠᠷᠢᠭᠤᠴᠠᠯᠭ᠎ᠠ ᠶᠢ ᠨᠡᠩ ᠴᠢᠩᠭ᠎ᠠ ᠠᠳᠬᠤᠵᠤ᠂ ᠠᠵᠢᠯ ᠢ ᠨᠡᠩ ᠨᠠᠷᠢᠨ ᠬᠢᠵᠦ᠂ ᠨᠠᠮ ᠤᠨ ᠪᠠᠶᠢᠭᠤᠯᠤᠯᠲᠠ ᠶᠢᠨ ᠡᠯ᠎ᠡ ᠵᠦᠢᠯ ᠤᠨ ᠠᠵᠢᠯ ᠢ ᠴᠢᠩᠭ᠎ᠠ ᠠᠳᠬᠤᠵᠤ᠂ ᠪᠣᠳᠠᠲᠠᠶ ᠠᠳᠬᠤᠵᠤ᠂ ᠦᠷ᠎ᠡ ᠪᠦᠲᠦᠮᠵᠢ ᠭᠠᠷᠭᠠᠬᠤ ᠶᠢ ᠦᠨᠡᠨᠬᠦ ᠪᠠᠲᠤᠯᠠᠬᠤ ᠬᠡᠷᠡᠭᠲᠡᠶ᠃ ᠰᠢᠨ᠎ᠡ ᠴᠠᠭ ᠦᠶ᠎ᠡ ᠶᠢᠨ ᠨᠠᠮ ᠤᠨ ᠵᠣᠬᠢᠶᠠᠨ ᠪᠠᠶᠢᠭᠤᠯᠤᠯᠲᠠ ᠶᠢᠨ ᠱᠤᠭᠤᠮ ᠢ ᠭᠦᠨᠵᠡᠭᠡᠢ ᠲᠤᠤᠱᠯᠠᠭᠤᠯᠵᠤ᠂ ᠵᠣᠬᠢᠶᠠᠨ ᠪᠠᠶᠢᠭᠤᠯᠬᠤ ᠠᠵᠢᠯ ᠤᠨ ᠶᠠᠰᠤ ᠴᠢᠨᠠᠷ ᠦᠷ᠎ᠡ ᠪᠦᠲᠦᠮᠵᠢ ᠶᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠣᠳᠣᠬᠢᠴᠢᠯᠠᠯᠲᠠ ᠶᠢᠨ ᠰᠢᠨ᠎ᠡ ᠠᠶᠠᠨ ᠢ ᠡᠬᠢᠯᠡᠭᠦᠯᠬᠦ ᠳᠤ ᠪᠠᠲᠤ ᠴᠢᠩᠭ᠎ᠠ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠬᠠᠩᠭᠠᠬᠤ ᠬᠡᠷᠡᠭᠲᠡᠢ᠃ ᠰᠢᠨ᠎ᠡ ᠠᠶᠠᠯᠠᠯ ᠢ ᠡᠬᠢᠯᠡᠭᠦᠯᠬᠦ᠂ ᠰᠢᠨ᠎ᠡ ᠪᠠᠶᠢᠳᠠᠯ ᠢ ᠡᠭᠦᠳᠬᠦ ᠭᠤᠣᠯ ᠬᠦᠭ ᠠᠶᠠᠰ ᠢ ᠡᠵᠡᠮᠳᠡᠵᠦ᠂ ᠰᠤᠷᠲᠠᠯ ᠤᠬᠠᠭᠤᠯᠭ᠎ᠠ ᠦᠵᠡᠯ ᠰᠠᠨᠠᠭᠠᠨ ᠤ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠣᠳᠣᠬᠢᠴᠢᠯᠠᠯᠲᠠ ᠶᠢᠨ ᠰᠢᠨ᠎ᠡ ᠠᠶᠠᠯᠠᠯ ᠢ ᠡᠬᠢᠯᠡᠭᠦᠯᠬᠦ ᠳᠤ ᠪᠠᠲᠤ ᠴᠢᠩᠭ᠎ᠠ ᠦᠵᠡᠯ ᠰᠠᠨᠠᠭᠠᠨ ᠤ ᠪᠠᠲᠤᠯᠠᠭ᠎ᠠ ᠪᠠ ᠬᠦᠴᠦᠷᠬᠡᠭ ᠶᠡᠭᠡ ᠤᠶᠤᠨ ᠰᠠᠨᠠᠭᠠᠨ ᠤ ᠬᠦᠴᠦᠨ ᠢ ᠬᠠᠩᠭᠠᠬᠤ ᠬᠡᠷᠡᠭᠲᠡᠢ᠃ ᠰᠢᠨ᠎ᠡ ᠴᠠᠭ ᠦᠶ᠎ᠡ ᠶᠢᠨ ᠨᠢᠭᠡᠳᠦᠮᠡᠯ ᠹᠷᠣᠨᠲ ᠤᠨ ᠡᠷᠳᠡᠨᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠨᠢᠭᠡᠳᠦᠮᠡᠯ ᠹᠷᠣᠨᠲ ᠤᠨ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠵᠤ᠂ ᠣᠳᠣᠬᠢᠴᠢᠯᠠᠯᠲᠠ ᠶᠢᠨ ᠰᠢᠨ᠎ᠡ ᠠᠶᠠᠨ ᠢ ᠡᠬᠢᠯᠡᠭᠦᠯᠬᠦ ᠳᠤ ᠤᠶᠤᠨ ᠤᠬᠠᠭᠠᠨ ᠬᠦᠴᠦᠨ ᠴᠢᠳᠠᠯ ᠢ ᠨᠢᠭᠲᠠᠷᠠᠭᠤᠯᠬᠤ ᠬᠡᠷᠡᠭᠲᠡᠢ ᠭᠡᠪᠡ᠃
 
ᠢᠷᠡᠯᠲᠡ᠄ ᠲᠣᠭᠲᠠᠬᠤ ᠰᠢᠶᠠᠨ ᠤ ᠵᠠᠰᠠᠭ ᠤᠨ ᠣᠷᠳᠣᠨ ᠤ ᠮᠣᠩᠭᠤᠯ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号