ᠴᠢᠩ ᠱᠦᠶ ᠾᠧ ᠰᠢᠶᠠᠨ᠂ ᠰᠢᠶᠠᠩ ᠪᠠᠯᠭᠠᠰᠤᠨ ᠤ ᠤᠳᠤᠷᠢᠳᠬᠤ ᠪᠠᠭ ᠤᠨ ᠬᠤᠭᠤᠴᠠᠭ᠎ᠠ ᠰᠣᠯᠢᠬᠤ ᠠᠵᠢᠯ ᠢ ᠡᠬᠢᠯᠡᠭᠦᠯᠪᠡ
ᠨᠡᠶᠢᠲᠡᠯᠡᠭᠰᠡᠨ ᠴᠠᠭ᠄
2021/3/11
     ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠣᠯᠤᠨ ᠬᠤᠲᠠ ᠶᠢᠨ ᠨᠠᠮ ᠤᠨ ᠬᠤᠷᠢᠶ᠎ᠠ ᠶᠢᠨ ᠨᠢᠭᠡᠳᠦᠯᠲᠡᠶ ᠪᠠᠶᠢᠷᠢᠯᠠᠭᠤᠯᠤᠯᠲᠠ ᠶᠣᠰᠣᠭᠠᠷ᠂ ᠡᠨᠡ ᠵᠢᠯ ᠰᠢᠶᠠᠨ᠂ ᠰᠢᠶᠠᠩ ᠪᠠᠯᠭᠠᠰᠤ ᠬᠤᠶᠠᠷ ᠱᠠᠲᠤᠨ ᠤ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ᠂ ᠤᠯᠤᠰ ᠲᠥᠷᠥ ᠶᠢᠨ ᠵᠥᠪᠯᠡᠯᠭᠡᠨ ᠤ ᠤᠳᠤᠷᠢᠳᠬᠤ ᠪᠠᠭ ᠵᠢᠴᠢ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠤᠳᠤᠷᠢᠳᠬᠤ ᠪᠠᠭ ᠤᠨ ᠬᠤᠭᠤᠴᠠᠭ᠎ᠠ ᠰᠣᠯᠢᠬᠤ ᠠᠵᠢᠯ ᠢ ᠳᠣᠣᠷ᠎ᠠ ᠠᠴᠠ ᠳᠡᠭᠡᠭᠰᠢ ᠪᠡᠶᠡᠯᠡᠭᠦᠯᠬᠦ ᠪᠣᠯᠤᠨ᠎ᠠ᠃ 3 ᠳ᠋ᠤᠭᠠᠷ ᠰᠠᠷ᠎ᠠ ᠶᠢᠨ 1 ᠤ ᠡᠳᠦᠷ ᠤᠨ ᠦᠳᠡ ᠶᠢᠨ ᠬᠤᠶᠢᠨ᠎ᠠ᠂ ᠴᠢᠩ ᠱᠦᠶ ᠾᠧ ᠰᠢᠶᠠᠨ ᠬᠤᠷᠠᠯ ᠬᠤᠷᠠᠯᠳᠤᠭᠤᠯᠵᠤ ᠂ ᠰᠢᠶᠠᠨ᠂ ᠰᠢᠶᠠᠩ ᠪᠠᠯᠭᠠᠰᠤᠨ ᠤ ᠤᠳᠤᠷᠢᠳᠬᠤ ᠪᠠᠭ ᠤᠨ ᠬᠤᠭᠤᠴᠠᠭ᠎ᠠ ᠰᠣᠯᠢᠬᠤ ᠠᠵᠢᠯ ᠢ ᠳᠠᠶᠢᠴᠢᠯᠠᠨ ᠪᠠᠶᠢᠷᠢᠯᠠᠭᠤᠯᠪᠠ᠃ ᠰᠢᠶᠠᠨ ᠤ ᠨᠠᠮ ᠤᠨ ᠬᠤᠷᠢᠶ᠎ᠠ ᠶᠢᠨ ᠱᠦᠵᠢ ᠶᠦᠨ ᠯᠢᠨ ᠴᠢᠶᠦ᠋ᠩ ᠶᠠᠷᠢᠶᠠᠨ ᠳᠠᠭᠠᠨ ᠴᠢᠬᠤᠯᠠᠴᠢᠯᠠᠭᠰᠠᠨ ᠨᠢ᠂ ᠰᠢ ᠶᠢᠨ ᠫᠢᠩ ᠶᠡᠷᠦᠩᠬᠡᠶ ᠱᠦᠵᠢ ᠶᠢᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠪᠠ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠬᠤᠭᠤᠴᠠᠭ᠎ᠠ ᠰᠣᠯᠢᠬᠤ ᠠᠵᠢᠯ ᠤᠨ ᠶᠡᠷᠦᠩᠬᠡᠶ ᠱᠠᠭᠠᠷᠳᠠᠯᠭ᠎ᠠ ᠶᠢ ᠣᠨᠣᠪᠴᠢᠲᠠᠶ ᠡᠵᠡᠮᠳᠡᠨ᠂ ᠬᠠᠷᠢᠭᠤᠴᠠᠯᠭ᠎ᠠ ᠶᠢ ᠱᠠᠲᠤ ᠱᠠᠲᠤ ᠪᠠᠷ ᠨᠠᠶᠢᠳᠠᠪᠤᠷᠢᠵᠢᠭᠤᠯᠵᠤ᠂ ᠭᠤᠤᠯᠳᠠᠯᠭ᠎ᠠ ᠲᠠᠢ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠥᠨᠳᠥᠷ ᠪᠠᠷᠢᠮᠵᠢᠶ᠎ᠠ ᠪᠠᠷ ᠰᠠᠶᠢᠲᠤᠷ ᠠᠳᠬᠤᠵᠤ᠂ ᠴᠢᠩ ᠱᠦᠶ ᠾᠧ ᠰᠢᠶᠠᠨ ᠤ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠠᠷᠠᠯᠲᠠ ᠡᠭᠦᠷᠭᠡ ᠶᠢ ᠪᠡᠶᠡᠯᠡᠭᠦᠯᠬᠦ ᠳᠤ ᠪᠠᠲᠤ ᠴᠢᠩᠭ᠎ᠠ ᠵᠣᠬᠢᠶᠠᠨ ᠪᠠᠶᠢᠭᠤᠯᠤᠯᠲᠠ ᠶᠢᠨ ᠪᠠᠲᠤᠯᠠᠭ᠎ᠠ ᠬᠠᠩᠭᠠᠬᠤ ᠬᠡᠷᠡᠭᠲᠡᠶ ᠭᠡᠵᠡᠶ᠃                  ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠰᠢᠶᠠᠨ ᠤ ᠳᠠᠷᠤᠭ᠎ᠠ ᠵᠠᠩ ᠺᠤ ᠯᠢᠩ ᠬᠤᠷᠠᠯ ᠡᠷᠭᠢᠯᠡᠪᠡ᠃      ᠶᠦᠨ ᠯᠢᠨ ᠴᠢᠶᠦ᠋ᠩ ᠵᠢᠭᠠᠵᠤ ᠭᠠᠷᠭᠠᠭᠰᠠᠨ ᠨᠢ᠂ ᠡᠨᠡ ᠤᠳᠠᠭᠠᠨ ᠤ ᠤᠳᠤᠷᠢᠳᠬᠤ ᠪᠠᠭ ᠤᠨ ᠬᠤᠭᠤᠴᠠᠭ᠎ᠠ ᠰᠣᠯᠢᠬᠤ ᠠᠵᠢᠯ ᠪᠣᠯ ᠮᠠᠨ ᠤ ᠰᠢᠶᠠᠨ ᠤ ᠨᠡᠶᠢᠭᠡᠮ ᠵᠢᠷᠤᠮ ᠤᠨ ᠣᠳᠣᠬᠢᠴᠢᠯᠠᠯᠲᠠ ᠶᠢ ᠪᠥᠬᠦ ᠲᠠᠯ᠎ᠠ ᠪᠠᠷ ᠪᠥᠲᠥᠭᠡᠨ ᠪᠠᠶᠢᠭᠤᠯᠬᠤ ᠰᠢᠨ᠎ᠡ ᠠᠶᠠᠨ ᠢ ᠡᠬᠢᠯᠡᠭᠦᠯᠵᠦ᠂ ︽ᠲᠠᠪᠤᠨ ᠰᠢᠶᠠᠨ︾ ᠤ ᠪᠥᠲᠥᠭᠡᠨ ᠪᠠᠶᠢᠭᠤᠯᠤᠯᠲᠠ ᠶᠢ ᠪᠥᠬᠦ ᠲᠠᠯ᠎ᠠ ᠪᠠᠷ ᠳᠥᠯᠭᠢᠨ ᠠᠬᠢᠭᠤᠯᠵᠤ ᠪᠠᠶᠢᠭ᠎ᠠ ᠠᠬᠤᠶ ᠪᠠᠶᠢᠳᠠᠯ ᠤᠨ ᠳᠣᠤᠷ᠎ᠠ ᠶᠠᠪᠤᠭᠳᠠᠭᠰᠠᠨ ᠨᠢᠭᠡ ᠤᠳᠠᠭᠠᠨ ᠤ ᠬᠤᠭᠤᠴᠠᠭ᠎ᠠ ᠰᠣᠯᠢᠬᠤ ᠠᠵᠢᠯ ᠮᠥᠨ᠂ ᠪᠥᠬᠦ ᠰᠢᠶᠠᠨ ᠤ ᠤᠯᠤᠰ ᠲᠥᠷᠥ ᠶᠢᠨ ᠠᠮᠢᠳᠤᠷᠠᠯ ᠪᠠ ᠨᠠᠮ ᠤᠨ ᠵᠣᠬᠢᠶᠠᠨ ᠪᠠᠶᠢᠭᠤᠯᠤᠯᠲᠠ ᠶᠢᠨ ᠪᠥᠲᠥᠭᠡᠨ ᠪᠠᠶᠢᠭᠤᠯᠤᠯᠲᠠ ᠶᠢᠨ ᠠᠵᠢᠯ ᠤᠨ ᠳᠤᠮᠳᠠᠬᠢ ᠨᠢᠭᠡᠨ ᠲᠣᠮᠣ ᠶᠠᠪᠤᠳᠠᠯ ᠮᠥᠨ᠃ ᠡᠯ᠎ᠡ ᠱᠠᠲᠤᠨ ᠤ ᠨᠠᠮ ᠤᠨ ᠬᠤᠷᠢᠶ᠎ᠠ ᠶᠢᠨ ᠬᠢᠨ ᠬᠤᠭᠤᠴᠠᠭ᠎ᠠ ᠰᠣᠯᠢᠬᠤ ᠠᠵᠢᠯ ᠢ ᠰᠠᠶᠢᠲᠤᠷ ᠲᠥᠯᠥᠪᠵᠢᠭᠦᠯᠦᠨ ᠵᠣᠬᠢᠶᠠᠨ ᠪᠠᠶᠢᠭᠤᠯᠵᠤ᠂ ᠰᠤᠷᠲᠠᠯ ᠴᠢᠬᠡᠴᠢ ᠣᠪᠣᠷ ᠲᠥᠪ ᠪᠠᠶᠢᠬᠤ ᠶᠢ ᠪᠠᠲᠤᠯᠠᠬᠤ ᠬᠡᠷᠡᠭᠲᠡᠢ᠃ ᠤᠳᠤᠷᠢᠳᠬᠤ ᠺᠠᠳ᠋ᠷᠴᠤᠳ ᠪᠡᠶ᠎ᠡ ᠪᠠᠷ ᠢᠶᠠᠨ ᠬᠡᠪ ᠲᠦᠷᠢᠮ ᠪᠤᠯᠵᠦ᠂ ᠬᠤᠭᠤᠴᠠᠭ᠎ᠠ ᠰᠣᠯᠢᠬᠤ ᠰᠠᠬᠢᠯᠭ᠎ᠠ ᠪᠠᠲᠤ ᠶᠢ ᠪᠡᠶ᠎ᠡ ᠪᠠᠷ ᠢᠶᠠᠨ ᠲᠦᠷᠦᠭᠦᠯᠡᠨ ᠰᠠᠬᠢᠬᠤ ᠬᠡᠷᠡᠭᠲᠡᠶ᠃ ᠥᠷᠭᠡᠨ ᠣᠯᠠᠨ ᠨᠠᠮ ᠤᠨ ᠭᠡᠰᠢᠭᠦᠨ᠂ ᠺᠠᠳ᠋ᠷᠴᠤᠳ ᠤᠯᠤᠰ ᠲᠥᠷᠥ ᠶᠢᠨ ᠰᠠᠬᠢᠯᠭ᠎ᠠ ᠪᠠᠲᠤ ᠪᠠ ᠤᠯᠤᠰ ᠲᠥᠷᠥ ᠶᠢᠨ ᠶᠣᠰᠣ ᠲᠦᠷᠢᠮ ᠢ ᠴᠢᠩᠭ᠎ᠠ ᠵᠢᠷᠤᠮᠯᠠᠨ᠂ ᠵᠣᠬᠢᠶᠠᠨ ᠪᠠᠶᠢᠭᠤᠯᠤᠯᠲᠠ ᠶᠢᠨ ᠲᠣᠬᠢᠷᠠᠭᠤᠯᠤᠯᠲᠠ ᠶᠢ ᠤᠬᠠᠮᠰᠠᠷ ᠠᠴᠠ ᠪᠠᠨ ᠭᠥᠯᠢᠶᠡᠨ ᠠᠪᠴᠤ ᠳᠠᠭᠠᠵᠤ᠂ ᠬᠤᠭᠤᠴᠠᠭ᠎ᠠ ᠰᠣᠯᠢᠬᠤ ᠠᠵᠢᠯ ᠢ ᠵᠥᠪ ᠴᠢᠭᠯᠡᠯ ᠢᠶᠠᠷ ᠠᠬᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠡᠢ᠃      ᠶᠦᠨ ᠯᠢᠨ ᠴᠢᠶᠦ᠋ᠩ ᠴᠢᠬᠤᠯᠠᠴᠢᠯᠠᠭᠰᠠᠨ ᠨᠢ᠂ ᠬᠤᠭᠤᠴᠠᠭ᠎ᠠ ᠰᠣᠯᠢᠬᠤ ᠪᠠᠷ ᠳᠠᠮᠵᠢᠭᠤᠯᠤᠨ ᠺᠠᠳ᠋ᠷ ᠢ ᠦᠨᠡᠨ ᠬᠦ ᠣᠨᠣᠴᠢᠲᠠᠶ ᠰᠣᠩᠭᠤᠵᠤ ᠰᠠᠶᠢᠲᠤᠷ ᠬᠡᠷᠡᠭᠯᠡᠨ᠂ ᠤᠳᠤᠷᠢᠳᠬᠤ ᠪᠠᠭ ᠢ ᠰᠢᠯᠢᠳᠡᠭ ᠢᠶᠠᠷ ᠲᠣᠬᠢᠷᠠᠭᠤᠯᠵᠤ᠂ ᠪᠦᠬᠦ ᠰᠢᠶᠠᠨ ᠤ ᠠᠷᠪᠠᠨ ᠳᠥᠷᠪᠡᠳᠦᠭᠡᠷ ᠲᠠᠪᠤᠨ ᠵᠢᠯ ᠤᠨ ᠲᠥᠯᠥᠪᠵᠢᠭᠦᠯᠭᠡ ᠶᠢᠨ ᠬᠤᠭᠤᠴᠠᠭᠠᠨ ᠤ ᠰᠠᠶᠢᠨ ᠡᠬᠢᠯᠡᠯᠲᠡ ᠶᠢ ᠳᠥᠯᠭᠢᠨ ᠠᠬᠢᠭᠤᠯᠬᠤ ᠬᠡᠷᠡᠭᠲᠡᠶ᠃ ᠬᠤᠭᠤᠴᠠᠭ᠎ᠠ ᠰᠣᠯᠢᠬᠤ ᠪᠠᠷ ᠳᠠᠮᠵᠢᠭᠤᠯᠤᠨ᠂ ᠠᠵᠢᠯ ᠬᠢᠬᠦ ᠬᠦᠰᠡᠯ ᠲᠠᠢ᠂ ᠠᠵᠢᠯ ᠬᠢᠵᠦ ᠳᠡᠶᠢᠯᠬᠦ᠂ ᠠᠵᠢᠯ ᠬᠢᠵᠦ ᠪᠦᠲᠦᠭᠡᠬᠦ ᠺᠠᠳ᠋ᠷ ᠢ ᠰᠣᠩᠭᠤᠨ ᠬᠡᠷᠡᠭᠯᠡᠵᠦ᠂ ᠬᠥᠮᠦᠨ ᠰᠣᠩᠭᠤᠵᠤ ᠬᠡᠷᠡᠭᠯᠡᠬᠦ ᠤᠳᠤᠷᠢᠳᠤᠮᠵᠢ ᠶᠢ ᠪᠤᠢ ᠪᠣᠯᠭᠠᠵᠤ᠂ ᠥᠷᠭᠡᠨ ᠤᠯᠠᠨ ᠺᠠᠳ᠋ᠷ ᠤᠨ ᠠᠵᠢᠯ ᠬᠢᠵᠦ ᠦᠢᠯᠡᠰ ᠪᠤᠰᠬᠠᠬᠤ ᠬᠠᠯᠠᠭᠤᠨ ᠰᠡᠳᠬᠢᠯᠭᠡ ᠶᠢ ᠬᠥᠭᠵᠢᠭᠡᠵᠦ᠂ ᠬᠤᠭᠤᠴᠠᠭ᠎ᠠ ᠰᠣᠯᠢᠬᠤ ᠶᠠᠪᠤᠴᠠ ᠶᠢ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠠᠬᠢᠭᠤᠯᠬᠤ ᠪᠠ ᠪᠦᠬᠦ ᠰᠢᠶᠠᠨ ᠤ ᠤᠯᠤᠰ ᠲᠦᠷᠦ ᠶᠢᠨ ᠠᠮᠢ ᠠᠬᠤᠢ ᠶᠢ ᠦᠷᠭᠦᠯᠵᠢᠯᠡᠨ ᠰᠢᠯᠢᠳᠡᠭᠵᠢᠭᠦᠯᠬᠦ ᠶᠢ ᠠᠬᠢᠭᠤᠯᠬᠤ ᠠᠮᠢᠳᠤᠯᠢᠭ ᠦᠢᠯᠡᠳᠦᠯᠭᠡ ᠪᠣᠯᠭᠠᠬᠤ ᠬᠡᠷᠡᠭᠲᠡᠢ ᠭᠡᠵᠡᠢ᠃      ᠶᠦᠨ ᠯᠢᠨ ᠴᠢᠶᠦ᠋ᠩ ᠴᠢᠬᠤᠯᠠᠴᠢᠯᠠᠭᠰᠠᠨ ᠨᠢ᠂ ᠬᠤᠭᠤᠴᠠᠭ᠎ᠠ ᠰᠣᠯᠢᠬᠤ ᠠᠵᠢᠯ ᠳᠤ ︽ᠨᠠᠮ ᠤᠨ ᠤᠳᠤᠷᠢᠳᠤᠯᠭ᠎ᠠ ᠶᠢ ᠴᠢᠩᠭᠠᠳᠬᠠᠬᠤ᠂ ᠠᠷᠠᠳᠴᠢᠯᠠᠯ ᠢ ᠭᠦᠢᠴᠡᠳ ᠪᠠᠳᠠᠷᠠᠭᠤᠯᠬᠤ᠂ ᠬᠠᠤᠯᠢ ᠶᠢ ᠴᠢᠩᠭ᠎ᠠ ᠵᠢᠷᠤᠮᠯᠠᠨ ᠠᠵᠢᠯᠯᠠᠬᠤ︾ ᠶᠢ ᠣᠷᠭᠠᠨᠢᠭ ᠢᠶᠠᠷ ᠨᠢᠭᠡᠳᠬᠡᠬᠦ ᠶᠢ ᠪᠠᠷᠢᠮᠲᠠᠯᠠᠵᠤ᠂ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠳᠡᠭ ᠰᠢᠯᠢᠳᠡᠭ ᠺᠠᠳ᠋ᠷ ᠢ ᠶᠡᠬᠡᠪᠡᠷ ᠰᠢᠯᠢᠨ ᠰᠣᠩᠭᠤᠬᠤ ᠬᠡᠷᠡᠭᠲᠡᠢ᠃ ᠺᠠᠳ᠋ᠷ ᠢ ᠰᠢᠯᠢᠨ ᠰᠣᠩᠭᠤᠬᠤ ᠳᠠᠭᠠᠨ ︽ᠤᠯᠤᠰ ᠲᠦᠷᠦ ᠶᠢᠨ ᠪᠣᠭᠤᠮᠲᠠ᠂ ᠵᠠᠩ ᠰᠤᠷᠲᠠᠯ ᠤᠨ ᠪᠣᠭᠤᠮᠲᠠ᠂ ᠴᠢᠳᠠᠪᠤᠷᠢ ᠶᠢᠨ ᠪᠣᠭᠤᠮᠲᠠ᠂ ᠰᠤᠷᠲᠠᠯ ᠤᠨ ᠪᠣᠭᠤᠮᠲᠠ᠂ ᠠᠷᠢᠭᠤᠨ ᠴᠢᠬᠡᠴᠢ ᠶᠢᠨ ᠪᠣᠭᠤᠮᠲᠠ︾ ᠭᠡᠬᠦ ᠲᠠᠪᠤᠨ ᠪᠣᠭᠤᠮᠲᠠ ᠶᠢ ᠴᠢᠩᠭ᠎ᠠ ᠠᠳᠬᠤᠵᠤ᠂ ︽ᠤᠯᠤᠰ ᠲᠦᠷᠦ ᠶᠢᠨ ᠲᠠᠯ᠎ᠠ ᠪᠠᠷ ᠪᠠᠲᠤ ᠴᠢᠩᠭ᠎ᠠ᠂ ᠴᠢᠳᠠᠪᠤᠷᠢ ᠶᠢᠨ ᠲᠠᠯ᠎ᠠ ᠪᠠᠷ ᠪᠠᠲᠤ ᠴᠢᠩᠭ᠎ᠠ᠂ ᠬᠠᠷᠢᠭᠤᠴᠠᠯᠭ᠎ᠠ ᠶᠢᠨ ᠲᠠᠯ᠎ᠠ ᠪᠠᠷ ᠪᠠᠲᠤ ᠴᠢᠩᠭ᠎ᠠ᠂ ᠰᠤᠷᠲᠠᠯ ᠤᠨ ᠲᠠᠯ᠎ᠠ ᠪᠠᠷ ᠪᠠᠲᠤ ᠴᠢᠩᠭ᠎ᠠ᠂ ᠰᠠᠬᠢᠯᠭ᠎ᠠ ᠪᠠᠲᠤ ᠶᠢᠨ ᠲᠠᠯ᠎ᠠ ᠪᠠᠷ ᠪᠠᠲᠤ ᠴᠢᠩᠭ᠎ᠠ︾ ᠭᠡᠬᠦ ᠲᠠᠪᠤᠨ ᠪᠣᠭᠤᠮᠲᠠ ᠶᠢ ᠲᠤᠪᠤᠶᠢᠯᠭᠠᠬᠤ ᠬᠡᠷᠡᠭᠲᠡᠶ᠃ ᠠᠵᠢᠯ ᠦᠢᠯᠡᠰ ᠢ ᠳᠡᠭᠡᠳᠦᠯᠡᠬᠦ᠂ ᠠᠵᠢᠯᠳᠠᠨ ᠤ ᠶᠠᠪᠤᠳᠠᠯ ᠢ ᠬᠠᠷᠢᠯᠴᠠᠨ ᠵᠣᠬᠢᠴᠠᠭᠤᠯᠬᠤ᠂ ᠬᠥᠮᠦᠨ ᠪᠠ ᠠᠵᠢᠯ ᠤᠨ ᠪᠠᠶᠢᠷᠢ ᠶᠢ ᠬᠠᠷᠢᠯᠴᠠᠨ ᠵᠣᠬᠢᠴᠠᠭᠤᠯᠬᠤ ᠶᠢ ᠪᠠᠷᠢᠮᠲᠠᠯᠠᠵᠤ᠂ ᠮᠣᠷᠠᠯ ᠴᠢᠳᠠᠪᠤᠷᠢ ᠶᠢ ᠬᠤᠣᠰᠯᠠᠭᠤᠯᠬᠤ᠂ ᠮᠣᠷᠠᠯ ᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠤᠳᠤᠷᠢᠳᠬᠤ ᠪᠠᠭ ᠤᠨ ᠪᠦᠬᠦᠯᠢ ᠴᠣᠭᠴᠠ ᠶᠢᠨ ᠴᠢᠳᠠᠮᠵᠢ ᠶᠢ ᠴᠢᠩᠭᠠᠳᠬᠠᠬᠤ ᠪᠠᠷ ᠭᠤᠣᠯᠯᠠᠭᠤᠯᠤᠨ᠂ ᠨᠠᠮ ᠳᠠᠭᠠᠨ ᠬᠠᠷᠢᠴᠠᠯᠠᠰᠢ ᠦᠭᠡᠢ ᠦᠨᠡᠨᠴᠢ ᠰᠢᠳᠤᠷᠭᠤ᠂ ᠬᠡᠪ ᠴᠢᠨᠠᠷ ᠪᠠ ᠴᠢᠳᠠᠪᠤᠷᠢ ᠳᠠᠭᠠᠨ ᠴᠠᠭᠠᠷᠠᠭᠰᠠᠨ᠂ ᠴᠠᠭ ᠦᠶ᠎ᠡ ᠶᠢᠨ ᠬᠦᠨᠳᠦ ᠡᠭᠦᠷᠭᠡ ᠶᠢ ᠡᠭᠦᠷᠭᠡᠯᠡᠵᠦ ᠳᠡᠶᠢᠯᠬᠦ ᠺᠠᠳ᠋ᠷ ᠢ ᠰᠢᠨᠵᠢᠯᠡᠬᠦ ᠤᠬᠠᠭᠠᠨᠴᠢ ᠪᠠᠷ ᠰᠢᠯᠢᠨ ᠰᠣᠩᠭᠤᠵᠤ ᠬᠡᠷᠡᠭᠯᠡᠬᠦ ᠬᠡᠷᠡᠭᠲᠡᠢ᠃ ᠬᠤᠭᠤᠴᠠᠭ᠎ᠠ ᠰᠣᠯᠢᠬᠤ ᠬᠡᠪ ᠰᠤᠷᠲᠠᠯ ᠢ ᠪᠦᠬᠦ ᠬᠦᠴᠦᠨ ᠢᠶᠠᠷ ᠢᠶᠠᠨ ᠪᠤᠢ ᠪᠣᠯᠭᠠᠵᠤ᠂ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ᠂ ᠬᠠᠷᠢᠭᠤᠴᠠᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠲᠠᠰᠤᠷᠠᠯᠲᠠ ᠦᠭᠡᠢ ᠴᠢᠩᠭᠠᠳᠬᠠᠵᠤ᠂ ᠬᠤᠭᠤᠴᠠᠭ᠎ᠠ ᠰᠣᠯᠢᠬᠤ ᠡᠯ᠎ᠡ ᠵᠦᠢᠯ ᠤᠨ ᠠᠵᠢᠯ ᠢ ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠢ ᠰᠠᠶᠢᠲᠤᠷ ᠠᠳᠬᠤᠵᠤ᠂ ᠰᠢᠯᠢᠳᠡᠭ ᠬᠢᠷᠢ ᠪᠦᠲᠦᠮᠵᠢ ᠪᠠᠷ ᠨᠠᠮ ᠪᠠᠶᠢᠭᠤᠯᠤᠭᠳᠠᠭᠰᠠᠨ 100 ᠵᠢᠯ ᠤᠨ ᠤᠢ ᠶᠢ ᠪᠡᠯᠭᠡᠯᠡᠬᠦ ᠬᠡᠷᠡᠭᠲᠡᠢ ᠭᠡᠵᠡᠢ᠃      ᠰᠢᠶᠠᠨ ᠤ ᠤᠳᠤᠷᠢᠳᠤᠯᠭ᠎ᠠ ᠱᠢ ᠶᠦᠩ ᠫᠢᠩ᠂ ᠳ᠋ᠦ᠋ ᠬᠦᠢ ᠵᠦᠩ᠂ ᠸᠠᠩ ᡁᠢ ᠴᠢᠶᠠᠩ ᠨᠠᠷ ᠬᠤᠷᠠᠯ ᠳᠤ ᠣᠷᠣᠯᠴᠠᠵᠤ᠂ ᠡᠯ᠎ᠡ ᠰᠢᠶᠠᠩ ᠪᠠᠯᠭᠠᠰᠤ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠭᠤᠣᠯ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠪᠠ᠃
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号