ᠰᠢᠨ᠎ᠡ ᠬᠤᠲᠠ ᠲᠣᠭᠤᠷᠢᠭ ᠤᠨ ᠤᠳᠤᠷᠢᠳᠤᠯᠭ᠎ᠠ ᠠᠮᠢ ᠠᠬᠤᠶ ᠶᠢᠨ ᠨᠣᠭᠤᠭᠠᠷᠠᠭᠤᠯᠤᠯᠲᠠ ᠶᠢᠨ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2021/3/11
     3 ᠳ᠋ᠤᠭᠠᠷ ᠰᠠᠷ᠎ᠠ ᠶᠢᠨ 9 ᠤ ᠦᠳᠡ ᠶᠢᠨ ᠡᠮᠦᠨ᠎ᠡ᠂ ᠰᠢᠨ᠎ᠡ ᠬᠤᠳᠠ ᠲᠣᠭᠤᠷᠢᠭ ᠤᠨ ᠨᠠᠮ ᠤᠨ ᠬᠤᠷᠢᠶ᠎ᠠ ᠶᠢᠨ ᠱᠦᠵᠢ ᠸᠧᠢ ᠬᠤᠩ ᠵᠢᠶᠦ᠋ᠨ ᠳᠤᠭᠤᠶᠢᠯᠠᠩ ᠳᠠᠭᠠᠭᠤᠯᠤᠨ ᠳᠠᠯᠠᠨ ᠬᠠᠷ᠎ᠠ ᠠᠭᠤᠯᠠ ᠶᠢᠨ ᠡᠮᠦᠨ᠎ᠡ ᠪᠡᠯ ᠳᠤ ᠬᠦᠷᠴᠦ᠂ ᠠᠮᠢ ᠠᠬᠤᠢ ᠶᠢᠨ ᠨᠣᠭᠤᠭᠠᠷᠠᠭᠤᠯᠤᠯᠲᠠ ᠪᠣᠯᠤᠨ ᠴᠡᠴᠡᠷᠯᠢᠭ ᠢ ᠦᠭᠡᠷᠡᠴᠢᠯᠡᠨ ᠰᠠᠶᠢᠵᠢᠷᠠᠭᠤᠯᠬᠤ ᠠᠵᠢᠯ ᠤᠨ ᠪᠠᠶᠢᠳᠠᠯ ᠢ ᠪᠠᠶᠢᠴᠠᠭᠠᠨ ᠰᠤᠳᠤᠯᠪᠠ᠃
     3 ᠳ᠋ᠤᠭᠠᠷ ᠰᠠᠷ᠎ᠠ ᠶᠢᠨ ᠳᠠᠯᠠᠨ ᠬᠠᠷ᠎ᠠ ᠠᠭᠤᠯᠠ ᠶᠢᠨ ᠡᠮᠦᠨ᠎ᠡ ᠪᠡᠯ ᠳᠤ ᠡᠪᠡᠰᠦ ᠮᠣᠳᠣ ᠪᠠᠰᠠ ᠬᠥᠬᠡᠷᠡᠭᠡᠳᠦᠶ᠂ ᠠᠭᠠᠷ ᠤᠨ ᠳᠤᠯᠠᠭᠠᠨ ᠤ ᠠᠭᠠᠵᠢᠮ ᠢᠶᠠᠷ ᠳᠡᠭᠡᠭᠰᠢᠯᠡᠬᠦ ᠶᠢ ᠳᠠᠭᠠᠯᠳᠤᠨ᠂ ᠤᠳᠠᠯ ᠥᠬᠡᠶ ᠡᠪᠡᠰᠦ ᠮᠣᠳᠣᠨ ᠤ ᠰᠣᠶᠣᠭᠠᠯᠠᠨ ᠤᠷᠭᠤᠬᠤ ᠴᠠᠭ ᠦᠶ᠎ᠡ ᠳᠤ ᠣᠷᠣᠳᠠᠭ᠃ ᠪᠠᠶᠢᠴᠠᠭᠠᠨ ᠰᠤᠳᠤᠯᠬᠤ ᠳᠤᠭᠤᠶᠢᠯᠠᠩ ᠤᠨ ᠬᠢᠨ ᠬᠥᠬᠡᠲᠠᠯ᠎ᠠ ᠶᠡᠭᠡ ᠵᠡᠭᠡᠯᠢ ᠶᠢᠨ ᠵᠠᠮ ᠢᠶᠠᠷ ᠵᠡᠭᠦᠨᠰᠢ ᠶᠠᠪᠤᠵᠤ᠂ ᠡᠯ᠎ᠡ ᠵᠠᠩᠭᠢᠯᠠᠭ᠎ᠠ ᠶᠢᠨ ᠴᠡᠭ ᠤᠨ ᠵᠠᠮ ᠤᠨ ᠠᠭᠤᠯᠵᠠᠷ ᠪᠣᠯᠤᠨ ᠲᠤᠰᠬᠤ ᠭᠡᠷ᠂ ᠰᠡᠩᠭᠡ ᠠᠶᠢᠯ ᠵᠡᠷᠭᠡ ᠭᠤᠣᠯᠳᠠᠯᠭ᠎ᠠ ᠲᠠᠢ ᠲᠣᠰᠬᠤᠨ ᠳᠤ ᠲᠤᠰᠬᠠᠢ ᠵᠣᠭᠰᠣᠨ ᠪᠠᠶᠢᠴᠠᠭᠠᠨ ᠦᠵᠡᠵᠦ᠂ ᠡᠯ᠎ᠡ ᠭᠠᠵᠠᠷ ᠤᠨ ᠠᠮᠢ ᠠᠬᠤᠢ ᠶᠢᠨ ᠪᠦᠳᠦᠬᠡᠨ ᠪᠠᠶᠢᠭᠤᠯᠤᠯᠲᠠ ᠶᠢ ᠵᠠᠰᠠᠨ ᠰᠠᠶᠢᠵᠢᠷᠠᠭᠤᠯᠬᠤ ᠠᠵᠢᠯ ᠢ ᠡᠷᠲᠡ ᠠᠴᠠ ᠰᠦᠪᠡᠭᠴᠢᠯᠡᠨ᠎ᠡ᠃      ᠪᠠᠶᠢᠴᠠᠭᠠᠨ ᠰᠤᠳᠤᠯᠬᠤ ᠳᠤᠭᠤᠶᠢᠯᠠᠩ ᠠᠴᠠ ᠴᠢᠬᠤᠯᠠᠴᠢᠯᠠᠭᠰᠠᠨ ᠨᠢ᠂ ᠴᠡᠴᠡᠷᠯᠢᠭ ᠤᠨ ᠰᠠᠯᠠᠭ᠎ᠠ ᠮᠥᠴᠢᠷ ᠤᠨ ᠬᠢᠨ ᠵᠠᠩᠭᠢᠯᠠᠭ᠎ᠠ ᠶᠢᠨ ᠴᠡᠭ ᠤᠨ ᠵᠠᠮ ᠤᠨ ᠠᠭᠤᠯᠵᠠᠷ ᠤᠨ ᠨᠣᠭᠤᠭᠠᠷᠠᠭᠤᠯᠤᠯᠲᠠ ᠭᠤᠶᠤᠵᠢᠭᠤᠯᠤᠯᠳᠠ ᠶᠢ ᠥᠭᠡᠷᠡᠴᠢᠯᠡᠨ ᠰᠠᠶᠢᠵᠢᠷᠠᠭᠤᠯᠬᠤ ᠲᠥᠯᠥᠪᠵᠢᠭᠦᠯᠭᠡ ᠶᠢᠨ ᠵᠢᠷᠤᠭ ᠲᠥᠯᠥᠪᠯᠡᠭᠡ ᠶᠢ ᠨᠠᠷᠢᠨ ᠨᠢᠮᠪᠠᠢ ᠰᠠᠶᠢᠲᠤᠷ ᠬᠢᠵᠦ᠂ ᠭᠠᠵᠠᠷ ᠤᠨ ᠪᠠᠶᠢᠴᠠ ᠶᠢᠨ ᠣᠨᠴᠠᠯᠢᠭ ᠲᠠᠢ ᠤᠶᠠᠯᠳᠤᠭᠤᠯᠤᠨ ᠲᠣᠬᠢᠷᠠᠮᠵᠢᠲᠠᠢ ᠦᠵᠡᠮᠵᠢ ᠶᠢᠨ ᠳᠦᠷᠢ ᠲᠦᠷᠬᠦ ᠶᠢ ᠪᠠᠶᠢᠭᠤᠯᠵᠤ᠂ ᠵᠠᠩᠭᠢᠯᠠᠭ᠎ᠠ ᠶᠢᠨ ᠴᠡᠭ ᠤᠨ ᠵᠢᠵᠢᠭ ᠦᠵᠡᠮᠵᠢ ᠪᠣᠯᠤᠨ ᠡᠮᠦᠨ᠎ᠡ ᠪᠡᠯ ᠤᠨ ᠠᠮᠢ ᠠᠬᠤᠢ ᠶᠢᠨ ᠦᠵᠡᠮᠵᠢ᠂ ᠵᠠᠮ ᠨᠡᠪᠲᠡᠷᠡᠯᠭᠡ ᠶᠢᠨ ᠬᠡᠷᠡᠭᠴᠡᠭᠡ ᠵᠢᠴᠢ ᠵᠠᠮ ᠳᠠᠭᠠᠤ ᠶᠢᠨ ᠲᠣᠰᠬᠤᠨ ᠤ ᠪᠦᠬᠦ᠋ᠢᠯᠡ ᠦᠵᠡᠮᠵᠢ ᠲᠠᠢ ᠵᠣᠬᠢᠴᠠᠭᠰᠠᠨ ᠨᠣᠭᠤᠭᠠᠷᠠᠭᠤᠯᠤᠯᠲᠠ ᠶᠢᠨ ᠬᠢᠯᠠᠰ ᠴᠡᠭ ᠢ ᠪᠦᠷᠢᠯᠳᠦᠭᠦᠯᠬᠦ ᠬᠡᠷᠡᠭᠲᠡᠢ ᠭᠡᠪᠡ᠃      ᠪᠠᠶᠢᠴᠠᠭᠠᠨ ᠰᠤᠳᠤᠯᠬᠤ ᠳᠤᠭᠤᠶᠢᠯᠠᠩ ᠠᠴᠠ ᠴᠢᠬᠤᠯᠠᠴᠢᠯᠠᠭᠰᠠᠨ ᠨᠢ᠂ ᠡᠯ᠎ᠡ ᠬᠠᠷᠢᠭᠤᠴᠠᠯᠭᠠᠲᠤ ᠰᠠᠯᠠᠭ᠎ᠠ ᠮᠥᠴᠢᠷ ᠤᠨ ᠬᠢᠨ ᠡᠷᠲᠡ ᠠᠴᠠ ᠠᠷᠭ᠎ᠠ ᠰᠦᠪᠡᠭᠴᠢᠯᠡᠵᠦ᠂ ᠳᠡᠭᠡᠳᠦ ᠱᠠᠲᠤᠨ ᠤ ᠬᠠᠮᠢᠶ᠎ᠠ ᠪᠦᠬᠦᠢ ᠰᠠᠯᠠᠭ᠎ᠠ ᠮᠥᠴᠢᠷ ᠲᠠᠢ ᠰᠠᠨᠠᠭᠠᠴᠢᠯᠠᠭ᠎ᠠ ᠠᠴᠠ ᠪᠠᠨ ᠵᠣᠯᠭᠠᠭᠤᠯᠵᠤ᠂ ᠠᠶᠢᠯ ᠲᠣᠰᠬᠤᠨ ᠵᠢᠴᠢ ᠵᠠᠮ ᠳᠠᠭᠠᠤ ᠶᠢᠨ ᠦᠵᠡᠮᠵᠢ ᠶᠢᠨ ᠵᠢᠷᠤᠭ ᠲᠥᠯᠥᠪᠯᠡᠭᠡ ᠪᠠ ᠦᠭᠡᠷᠡᠴᠢᠯᠡᠨ ᠰᠠᠶᠢᠵᠢᠷᠠᠭᠤᠯᠬᠤ ᠠᠵᠢᠯ ᠢ ᠰᠠᠶᠢᠲᠤᠷ ᠬᠢᠵᠦ᠂ ᠵᠠᠮ᠂ ᠬᠥᠭᠦᠷᠭᠡ᠂ ᠵᠠᠮ ᠤᠨ ᠳ᠋ᠧᠩ ᠪᠠᠶᠢᠷᠢᠯᠠᠭᠤᠯᠬᠤ᠂ ᠭᠤᠣᠯ ᠤᠨ ᠵᠠᠮ ᠢ ᠵᠠᠰᠠᠬᠤ᠂ ᠤᠲᠠᠰᠤ ᠳᠡᠭᠡᠰᠦ ᠶᠢ ᠭᠠᠵᠠᠷ ᠲᠤ ᠣᠷᠣᠭᠤᠯᠬᠤ᠂ ᠲᠡᠷᠭᠡᠨ ᠵᠣᠭᠰᠣᠭᠠᠯ ᠤᠨ ᠲᠥᠯᠥᠪᠵᠢᠭᠦᠯᠭᠡ᠂ ᠲᠠᠷᠢᠶᠠᠴᠢᠨ ᠡᠷᠦᠬᠡ ᠶᠢᠨ ᠵᠤᠭᠠᠴᠠᠯ ᠤᠨ ᠭᠠᠵᠠᠷ ᠤᠨ ᠡᠭᠦᠳᠡᠨ ᠡᠮᠦᠨᠡᠬᠢ ᠭᠤᠶᠤᠵᠢᠭᠤᠯᠤᠯᠳᠠ ᠨᠣᠭᠤᠭᠠᠷᠠᠭᠤᠯᠤᠯᠲᠠ ᠵᠡᠷᠭᠡ ᠡᠯ᠎ᠡ ᠲᠦᠷᠦᠯ ᠤᠨ ᠢᠨᠵᠧᠨᠧᠷᠢᠩ ᠤᠨ ᠵᠢᠷᠤᠭ ᠲᠥᠯᠥᠪᠯᠡᠭᠡ ᠶᠢ ᠶᠡᠷᠦᠩᠬᠡᠶᠢᠯᠡᠨ ᠪᠣᠳᠣᠯᠬᠢᠯᠠᠬᠤ ᠬᠡᠷᠡᠭᠲᠡᠢ᠃ ᠬᠥᠭᠦᠷᠭᠡ᠂ ᠵᠠᠮ ᠤᠨ ᠪᠥᠲᠥᠭᠡᠨ ᠪᠠᠶᠢᠭᠤᠯᠤᠯᠲᠠ ᠶᠢᠨ ᠣᠷᠣᠨ ᠪᠠᠶᠢᠷᠢ ᠶᠢ ᠵᠦᠶ ᠵᠣᠬᠢᠰᠲᠠᠶ ᠲᠥᠯᠥᠪᠵᠢᠭᠦᠯᠵᠦ᠂ ᠲᠦᠭᠵᠢᠷᠡᠯ ᠢ ᠠᠷᠢᠯᠭᠠᠨ ᠡᠷᠭᠢᠯᠲᠡ ᠶᠢ ᠪᠡᠶᠡᠯᠡᠭᠦᠯᠬᠦ ᠬᠡᠷᠡᠭᠲᠡᠶ᠃ ᠠᠮᠢ ᠠᠬᠤᠶ ᠶᠢᠨ ᠨᠣᠭᠤᠭᠠᠷᠠᠭᠤᠯᠤᠯᠲᠠ ᠶᠢᠨ ᠠᠵᠤ ᠠᠬᠤᠶᠢᠯᠠᠯ ᠢ ᠰᠠᠨᠠᠭᠠᠴᠢᠯᠠᠭ᠎ᠠ ᠠᠴᠠ ᠪᠠᠨ ᠬᠠᠪᠰᠤᠷᠴᠤ ᠲᠤᠯᠭᠠᠷᠠᠭᠰᠠᠨ ᠠᠰᠠᠭᠤᠳᠠᠯ ᠪᠠ ᠬᠦᠴᠢᠷᠳᠡᠯ ᠢ ᠨᠢ  ᠰᠢᠢᠳᠪᠦᠷᠢᠯᠡᠵᠦ ᠥᠭᠬᠦ ᠬᠡᠷᠡᠭᠲᠡᠶ᠃ ᠲᠠᠷᠢᠶᠠᠯᠠᠩ ᠤᠨ ᠬᠦᠷᠢᠶᠡᠯᠡᠩ ᠲᠣᠭᠤᠷᠢᠭ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠢ ᠴᠡᠭᠴᠡᠯᠡᠨ ᠵᠠᠰᠠᠬᠤ ᠠᠵᠢᠯ ᠢ ᠬᠦᠴᠦᠯᠡᠨ ᠰᠠᠶᠢᠲᠤᠷ ᠬᠢᠵᠦ᠂ ᠠᠶᠢᠯ ᠲᠣᠰᠬᠤᠨ ᠤ ᠴᠡᠪᠡᠷ ᠲᠡᠭᠰᠢ ᠡᠮᠬᠢ ᠳᠢᠭᠯᠢᠮ ᠲᠠᠢ ᠪᠠᠶᠢᠬᠤ ᠶᠢ ᠪᠠᠲᠤᠯᠠᠵᠤ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠣᠷᠴᠢᠨ ᠲᠤᠭᠤᠷᠢᠨ ᠢ ᠪᠤᠢ ᠪᠤᠯᠭᠠᠬᠤ ᠬᠡᠷᠡᠭᠲᠡᠢ ᠭᠡᠪᠡ᠃      ᠲᠣᠭᠤᠷᠢᠭ ᠤᠨ ᠤᠳᠤᠷᠢᠳᠤᠯᠭ᠎ᠠ ᠯᠢ ᠴᠢᠶᠠᠩ᠂ ᠪᠠᠢ ᠹᠧᠨ ᠪᠢᠩ ᠪᠠᠶᠢᠴᠠᠭᠠᠨ ᠰᠤᠳᠤᠯᠤᠯᠲᠠ ᠳᠤ ᠣᠷᠣᠯᠴᠠᠪᠠ
 
ᠢᠷᠡᠯᠲᠡ᠄ ᠰᠢᠨ᠎ᠡ ᠬᠤᠲᠠ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号