ᠮᠠᠨ ᠤ ᠬᠤᠲᠠ 2 ᠳ᠋ᠤᠭᠠᠷ ᠰᠠᠷ᠎ᠠ ᠳᠤ ︽12315︾ ᠪᠠᠷ ᠬᠡᠷᠡᠭᠯᠡᠭᠴᠢᠳ ᠤᠨ ᠵᠠᠭᠠᠯᠳᠤᠯᠭ᠎ᠠ ᠢᠯᠡᠴᠢᠯᠡᠨ‌ᠮᠡᠳᠡᠭᠦᠯᠦᠯᠲᠡ ᠯᠠᠪᠯᠠᠯᠲᠠ ᠶᠢ 2504 ᠬᠤᠪᠢ ᠲᠣᠰᠪᠠ
ᠨᠡᠶᠢᠲᠡᠯᠡᠭᠰᠡᠨ ᠴᠠᠭ᠄
2021/3/11
      ︵ᠰᠤᠷᠪᠤᠯᠵᠢᠯᠠᠭᠴᠢ ᠴᠢ ᠰᠢᠶᠥᠥ ᠶᠠᠨ︶ 2 ᠳ᠋ᠤᠭᠠᠷ ᠰᠠᠷ᠎ᠠ ᠳᠤ᠂ ᠬᠥᠬᠡᠬᠤᠲᠠ ᠶᠢᠨ ︽12315︾ ᠬᠡᠷᠡᠭᠯᠡᠭᠴᠢᠳ ᠤᠨ ᠭᠤᠮᠤᠳᠠᠯ ᠲᠣᠭᠠᠴᠢᠨ ᠢᠯᠡᠴᠢᠯᠡᠨ ᠮᠡᠳᠡᠭᠦᠯᠬᠦ ᠲᠥᠪ ᠪᠦᠬᠦ ᠤᠯᠤᠰ ᠤᠨ ︽12315︾ ᠲᠠᠪᠴᠠᠩ ᠳᠤ ᠲᠦᠰᠢᠭᠯᠡᠨ ᠬᠡᠷᠡᠭᠯᠡᠭᠴᠢᠳ ᠤᠨ ᠵᠠᠭᠠᠯᠳᠤᠯᠭ᠎ᠠ ᠢᠯᠡᠴᠢᠯᠡᠨ ᠮᠡᠳᠡᠭᠦᠯᠦᠯᠲᠡ ᠯᠠᠪᠯᠠᠯᠲᠠ ᠶᠢ 2504 ᠬᠤᠪᠢ ᠬᠦᠯᠢᠶᠡᠨ ᠠᠪᠴᠤ᠂ ᠲᠡᠭᠦᠨ ᠤ ᠳᠣᠲᠣᠷ᠎ᠠ ᠵᠠᠭᠠᠯᠳᠤᠯᠭ᠎ᠠ 1445 ᠬᠤᠪᠢ᠂ ᠢᠯᠡᠴᠢᠯᠡᠨ ᠮᠡᠳᠡᠭᠦᠯᠦᠯᠲᠡ 191 ᠬᠤᠪᠢ᠂ ᠯᠠᠪᠯᠠᠯᠲᠠ 868 ᠬᠤᠪᠢ ᠪᠤᠢ᠃      2 ᠳ᠋ᠤᠭᠠᠷ ᠰᠠᠷ᠎ᠠ ᠳᠤ ᠨᠡᠶᠢᠲᠡ 1445 ᠬᠤᠪᠢ ᠬᠡᠷᠡᠭᠯᠡᠭᠴᠢᠳ ᠤᠨ ᠵᠠᠭᠠᠯᠳᠤᠯᠭ᠎ᠠ ᠶᠢ ᠲᠣᠰᠴᠤ᠂ ᠳᠡᠭᠡᠷ᠎ᠡ ᠰᠠᠷ᠎ᠠ ᠠᠴᠠ 434 ᠬᠤᠪᠢ ᠪᠠᠭᠤᠷᠠᠵᠤ᠂ 23 ᠵᠠᠭᠤᠨ ᠤ ᠴᠡᠭ ᠪᠠᠭᠤᠷᠠᠵᠠᠢ᠃ ᠡᠭᠦᠨ ᠳᠤ ᠲᠠᠸᠠᠷ ᠤᠨ ᠲᠥᠷᠥᠯ ᠤᠨ ᠵᠠᠭᠠᠯᠳᠤᠯᠭ᠎ᠠ 718 ᠬᠤᠪᠢ᠂ ᠦᠢᠯᠡᠴᠢᠯᠡᠭᠡᠨ ᠤ ᠲᠥᠷᠥᠯ ᠤᠨ ᠵᠠᠭᠠᠯᠳᠤᠯᠭ᠎ᠠ 727 ᠬᠤᠪᠢ᠃ ᠲᠠᠸᠠᠷ ᠤᠨ ᠲᠥᠷᠥᠯ ᠤᠨ ᠵᠠᠭᠠᠯᠳᠤᠯᠭ᠎ᠠ ᠶᠢᠨ ᠬᠠᠯᠠᠮᠰᠢᠯ ᠨᠢ ᠥᠩᠭᠡᠷᠡᠭᠰᠡᠨ ᠲᠠᠢ ᠠᠳᠠᠯᠢ ᠢᠳᠡᠭᠡᠨ᠂ ᠬᠤᠪᠴᠠᠰᠤ ᠬᠤᠨᠠᠷ ᠮᠠᠯᠠᠭᠠᠢ ᠱᠠᠬᠠᠢ᠂ ᠵᠠᠮ ᠬᠠᠷᠢᠯᠴᠠᠭᠠᠨ ᠤ ᠪᠠᠭᠠᠵᠢ᠂ ᠭᠡᠷ ᠤᠨ ᠡᠳ᠋ᠯᠡᠯ ᠬᠡᠷᠡᠭᠰᠡᠯ ᠵᠡᠷᠭᠡ ᠲᠠᠯ᠎ᠠ ᠳᠤ ᠲᠥᠪᠯᠡᠷᠡᠵᠦ᠂ ᠦᠢᠯᠡᠴᠢᠯᠡᠭᠡᠨ ᠤ ᠲᠥᠷᠥᠯ ᠤᠨ ᠵᠠᠭᠠᠯᠳᠤᠯᠭ᠎ᠠ ᠶᠢᠨ ᠬᠠᠯᠠᠮᠰᠢᠯ ᠨᠢ ᠪᠣᠷᠣᠯᠠᠭᠤᠯᠭ᠎ᠠ ᠶᠢᠨ ᠦᠢᠯᠡᠴᠢᠯᠡᠭᠡ᠂ ᠢᠳᠡᠭᠡᠨ ᠤᠮᠳᠠᠭᠠᠨ ᠬᠤᠨᠤᠵᠤ ᠬᠡᠪᠲᠡᠬᠦ᠂ ᠰᠤᠷᠭᠠᠨ ᠬᠥᠮᠥᠵᠢᠯ ᠤᠨ ᠪᠣᠯᠪᠠᠰᠤᠷᠠᠭᠤᠯᠤᠯ ᠵᠡᠷᠭᠡ ᠲᠠᠯ᠎ᠠ ᠳᠤ ᠲᠥᠪᠯᠡᠷᠡᠵᠡᠢ᠃      ᠡᠭᠦᠨ ᠠᠴᠠ ᠭᠠᠳᠠᠨ᠎ᠠ᠂  2 ᠳ᠋ᠤᠭᠠᠷ ᠰᠠᠷ᠎ᠠ ᠳᠤ ᠨᠡᠶᠢᠲᠡ 868 ᠬᠤᠪᠢ ᠬᠡᠷᠡᠭᠯᠡᠭᠴᠢᠳ ᠤᠨ ᠯᠠᠪᠯᠠᠯᠲᠠ ᠶᠢ ᠲᠣᠰᠴᠠᠢ᠃ ᠠᠰᠠᠭᠤᠨ ᠯᠠᠪᠯᠠᠭᠰᠠᠨ ᠠᠰᠠᠭᠤᠳᠠᠯ ᠨᠢ ᠭᠤᠣᠯᠳᠠᠭᠤ ᠬᠡᠷᠡᠭᠯᠡᠭᠴᠢᠳ ᠤᠨ ᠵᠠᠭᠠᠯᠳᠤᠯᠭ᠎ᠠ ᠶᠢ ᠰᠢᠢᠳᠪᠦᠷᠢᠯᠡᠭᠰᠡᠨ ᠠᠬᠢᠴᠠ᠂ ᠲᠠᠸᠠᠷ ᠤᠨ ︽ᠭᠤᠷᠪᠠ ᠶᠢ ᠳᠠᠭᠠᠭᠠᠴᠢᠯᠠᠬᠤ︾ ᠲᠣᠭᠲᠠᠭᠠᠯ᠂ ᠰᠦᠯᠵᠢᠶ᠎ᠡ᠂ ᠸᠢᠴᠠᠲ ᠢᠶᠠᠷ ᠪᠠᠷᠠᠭ᠎ᠠ ᠬᠤᠳᠠᠯᠳᠤᠨ ᠠᠪᠴᠤ ᠮᠡᠬᠡᠯᠡᠭᠳᠡᠪᠡᠯ ᠬᠡᠷᠬᠢᠨ ᠡᠷᠬᠡ ᠪᠠᠨ ᠬᠠᠮᠠᠭᠠᠯᠠᠬᠤ᠂ ᠬᠤᠳᠠᠯᠳᠤᠭᠠᠴᠢᠨ ᠪᠠᠷᠠᠭ᠎ᠠ ᠶᠢᠨ ᠦᠨ᠎ᠡ ᠶᠢ ᠳᠤᠷ᠎ᠠ ᠪᠠᠷ ᠥᠰᠬᠡᠭᠰᠡᠨ ᠢ ᠬᠡᠷᠬᠢᠨ ᠰᠢᠢᠳᠪᠦᠷᠢᠯᠡᠬᠦ᠂ ︽ᠳᠣᠯᠣᠭᠠᠨ ᠡᠳᠦᠷ ᠤᠨ ᠳᠣᠲᠣᠷ᠎ᠠ ᠰᠢᠯᠲᠠᠭᠠᠨ ᠦᠭᠡᠢ ᠪᠠᠷ ᠪᠤᠴᠠᠭᠠᠵᠤ ᠪᠣᠯᠬᠤ︾ ᠲᠣᠭᠲᠠᠭᠠᠯ ᠶᠠᠭᠤᠨ ᠳᠤ ᠲᠣᠬᠢᠷᠠᠬᠤ ᠵᠡᠷᠭᠡ ᠳᠤ ᠬᠤᠯᠪᠣᠭᠳᠠᠵᠠᠢ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号