ᠾᠧ ᠬᠠᠢ ᠳ᠋ᠦᠩ ᠰᠢᠨ᠎ᠡ ᠬᠤᠲᠠ ᠲᠣᠭᠤᠷᠢᠭ ᠲᠤ ᠰᠣᠶᠣᠯ ᠵᠢᠭᠤᠯᠴᠢᠯᠠᠯ ᠤᠨ ᠭᠤᠣᠯᠳᠠᠯᠭ᠎ᠠ ᠲᠠᠢ ᠲᠥᠷᠥᠯ ᠵᠦᠢᠯ ᠤᠨ ᠲᠥᠯᠥᠪᠵᠢᠭᠦᠯᠭᠡ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠰᠤᠳᠤᠯᠬᠤ ᠳᠠᠭᠠᠨ ᠴᠢᠬᠤᠯᠠᠴᠢᠯᠠᠭᠰᠠᠨ ᠨᠢ ᠲᠥᠷᠥᠯ ᠵᠦᠢᠯ ᠤᠨ ᠲᠥᠯᠥᠪᠵᠢᠭᠦᠯᠭᠡ ᠶᠢ ᠨᠢᠭᠡᠳᠦᠯᠲᠡᠢ ᠲᠥᠯᠥᠪᠵᠢᠭᠦᠯᠵᠦ ᠰᠣᠶᠣᠯ ᠵᠢᠭᠤᠯᠴᠢᠯᠠᠯ ᠤᠨ ᠠᠭᠤᠰᠤᠯᠴᠠᠯ ᠢ ᠪᠡᠶᠡᠯᠡᠭᠦᠯᠵᠦ ᠣᠯᠠᠨ ᠲᠦᠮᠡᠨ ᠤ ᠬᠡᠷᠡᠭᠴᠡᠭᠡ ᠶᠢ ᠬᠠᠩᠭᠠᠬᠤ ᠬᠡᠷᠡᠭᠲᠡᠢ
ᠨᠡᠶᠢᠲᠡᠯᠡᠭᠰᠡᠨ ᠴᠠᠭ᠄
2021/3/12
     3 ᠳ᠋ᠤᠭᠠᠷ ᠰᠠᠷ᠎ᠠ ᠶᠢᠨ 11 ᠤ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠾᠧ ᠬᠠᠢ ᠳ᠋ᠦᠩ ᠰᠢᠨ᠎ᠡ ᠬᠤᠲᠠ ᠲᠣᠭᠤᠷᠢᠭ ᠤᠨ ᠰᠣᠶᠣᠯ ᠵᠢᠭᠤᠯᠴᠢᠯᠠᠯ ᠤᠨ ᠭᠤᠣᠯᠳᠠᠯᠭ᠎ᠠ ᠲᠠᠢ ᠲᠥᠷᠥᠯ ᠵᠦᠢᠯ ᠤᠨ ᠲᠥᠯᠥᠪᠵᠢᠭᠦᠯᠭᠡ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠪᠠᠶᠢᠴᠠᠭᠠᠨ ᠰᠤᠳᠤᠯᠬᠤ ᠳᠠᠭᠠᠨ ᠴᠢᠬᠤᠯᠠᠴᠢᠯᠠᠭᠰᠠᠨ ᠨᠢ᠂ ᠲᠥᠷᠥᠯ ᠵᠦᠢᠯ ᠤᠨ ᠲᠥᠯᠥᠪᠵᠢᠭᠦᠯᠭᠡ ᠶᠢ ᠨᠢᠭᠡᠳᠦᠯᠲᠡᠢ ᠲᠥᠯᠥᠪᠵᠢᠭᠦᠯᠵᠦ᠂ ᠪᠤᠰᠤᠳ ᠠᠴᠠ ᠢᠯᠭᠠᠭᠳᠠᠭᠰᠠᠨ ᠬᠥᠭᠵᠢᠯᠲᠡ ᠶᠢᠨ ᠵᠠᠮ ᠢᠶᠠᠷ ᠵᠠᠮᠨᠠᠵᠤ᠂ ᠰᠣᠶᠣᠯ ᠵᠢᠭᠤᠯᠴᠢᠯᠠᠯ ᠤᠨ ᠭᠦᠨᠵᠡᠭᠡᠢ ᠠᠭᠤᠰᠤᠯᠴᠠᠯ ᠢ ᠲᠦᠯᠬᠢᠨ ᠠᠬᠢᠭᠤᠯᠵᠤ᠂ ᠣᠯᠠᠨ ᠲᠦᠮᠡᠨ ᠤ ᠭᠤᠶᠣ ᠰᠠᠶᠢᠬᠠᠨ ᠠᠮᠢ ᠠᠬᠤᠢ ᠶᠢᠨ ᠣᠷᠴᠢᠨ ᠲᠣᠭᠤᠷᠢᠨ ᠪᠠ ᠰᠣᠶᠣᠯ ᠰᠡᠯᠡᠭᠦᠴᠡᠯ ᠵᠢᠭᠤᠯᠴᠢᠯᠠᠯ ᠵᠡᠷᠭᠡ ᠣᠯᠠᠨ ᠲᠠᠯ᠎ᠠ ᠶᠢᠨ ᠬᠡᠷᠡᠭᠴᠡᠭᠡ ᠶᠢ ᠬᠠᠩᠭᠠᠬᠤ ᠬᠡᠷᠡᠭᠲᠡᠢ ᠭᠡᠵᠡᠢ᠃      ᠴᠡᠯᠡᠭᠡᠷ ᠲᠠᠯ᠎ᠠ ᠶᠢᠨ ᠬᠠᠵᠠᠭᠤᠳᠠᠭᠢ ᠵᠠᠯᠠᠨ ᠪᠠᠶᠢᠰᠢᠩ ᠲᠣᠰᠬᠤᠨ ᠳᠤ᠂ ᠾᠧ ᠬᠠᠢ ᠳ᠋ᠦᠩ ᠮᠣᠷᠢᠨ ᠬᠤᠭᠤᠷ ᠵᠢᠵᠢᠭ ᠪᠠᠯᠭᠠᠰᠤ ᠶᠢᠨ ᠲᠥᠯᠥᠪᠵᠢᠭᠦᠯᠭᠡ ᠶᠢᠨ ᠪᠠᠶᠢᠳᠠᠯ ᠢ ᠲᠤᠬᠠᠢ ᠶᠢᠨ ᠭᠠᠵᠠᠷ ᠨᠢ ᠪᠠᠶᠢᠴᠠᠭᠠᠨ ᠦᠵᠡᠵᠦ᠂ ᠬᠤᠯᠪᠣᠭᠳᠠᠯ ᠪᠦᠬᠦᠢ ᠬᠥᠮᠥᠰ ᠲᠠᠢ ᠵᠢᠷᠤᠭ ᠲᠥᠯᠥᠪᠯᠡᠭᠡ ᠶᠢᠨ ᠲᠠᠯ᠎ᠠ ᠪᠠᠷ ᠰᠤᠳᠤᠯᠤᠨ ᠶᠠᠷᠢᠯᠴᠠᠪᠠ᠃ ᠾᠧ ᠬᠠᠢ ᠳ᠋ᠦᠩ ᠵᠢᠭᠠᠬᠤ ᠳᠠᠭᠠᠨ᠂ ᠮᠣᠷᠢᠨ ᠬᠤᠭᠤᠷ ᠵᠢᠵᠢᠭ ᠪᠠᠯᠭᠠᠰᠤ ᠶᠢ ᠡᠷᠭᠢᠨ ᠲᠣᠭᠤᠷᠢᠨ ᠤ ᠲᠥᠬᠦᠭᠡᠷᠦᠮᠵᠢ ᠶᠢᠨ ᠣᠷᠴᠢᠨ ᠲᠣᠭᠤᠷᠢᠨ ᠤ ᠲᠥᠯᠥᠪᠵᠢᠭᠦᠯᠭᠡ ᠵᠢᠷᠤᠭ ᠲᠥᠰᠥᠪ ᠲᠠᠢ ᠨᠢᠭᠡᠳᠦᠯᠲᠡᠢ ᠲᠥᠯᠥᠪᠵᠢᠭᠦᠯᠵᠦ᠂ ᠬᠤᠳᠠᠯᠳᠤᠭᠠᠨ ᠤ ᠦᠨ᠎ᠡ ᠥᠷᠲᠡᠭ ᠢ ᠮᠠᠭᠠᠳᠯᠠᠨ ᠪᠣᠳᠣᠵᠤ᠂ ᠪᠤᠰᠤᠳ ᠠᠴᠠ ᠢᠯᠭᠠᠭᠳᠠᠭᠰᠠᠨ ᠬᠥᠭᠵᠢᠯᠲᠡ ᠶᠢᠨ ᠵᠠᠮ ᠢᠶᠠᠷ ᠵᠠᠮᠨᠠᠵᠤ᠂ ᠮᠣᠷᠢᠨ ᠬᠤᠭᠤᠷ ᠵᠢᠵᠢᠭ ᠪᠠᠯᠭᠠᠰᠤ ᠤᠨ ᠡᠨᠡ ᠬᠦ ᠲᠠᠪᠴᠠᠩ ᠢᠶᠠᠷ ᠳᠠᠮᠵᠢᠭᠤᠯᠤᠨ᠂ ᠨᠡᠶᠢᠭᠡᠮ ᠤᠨ ᠬᠥᠷᠥᠩᠭᠡ ᠶᠢ ᠲᠠᠲᠠᠨ ᠣᠷᠣᠭᠤᠯᠵᠤ ᠠᠵᠤ ᠠᠬᠤᠶᠢᠯᠠᠯ ᠤᠨ ᠬᠡᠯᠪᠡᠷᠢ ᠪᠠᠷ ᠡᠵᠡᠩᠨᠡᠵᠦ᠂ ᠮᠣᠷᠢᠨ ᠬᠤᠭᠤᠷ ᠵᠢᠵᠢᠭ ᠪᠠᠯᠭᠠᠰᠤ ᠶᠢ  ᠦᠳᠡᠭᠦᠰ ᠵᠠᠯᠠᠭᠤᠰ ᠲᠤ ᠴᠥᠮ ᠲᠣᠬᠢᠷᠠᠭᠰᠠᠨ ᠢᠳᠡᠵᠦ ᠤᠤᠭᠤᠬᠤ ᠬᠤᠨᠣᠵᠤ ᠬᠡᠪᠲᠡᠬᠦ ᠨᠠᠭᠠᠳᠴᠤ ᠴᠡᠩᠭᠡᠬᠦ ᠶᠢ ᠨᠢᠭᠡ ᠴᠣᠭᠴᠠᠵᠢᠭᠤᠯᠤᠭᠰᠠᠨ ᠰᠡᠯᠡᠭᠦᠴᠡᠯ ᠤᠨ ᠵᠢᠵᠢᠭ ᠪᠠᠯᠭᠠᠰᠤ ᠪᠣᠯᠭᠠᠨ ᠪᠦᠲᠦᠭᠡᠨ ᠪᠠᠶᠢᠭᠤᠯᠬᠤ ᠬᠡᠷᠡᠭᠲᠡᠢ ᠭᠡᠵᠡᠢ᠃      ᠴᠡᠯᠡᠭᠡᠷ ᠲᠠᠯ᠎ᠠ ᠶᠢᠨ ᠣᠯᠠᠨ ᠤᠯᠤᠰ ᠤᠨ ᠦᠵᠡᠰᠬᠦᠯᠡᠩ ᠤᠨ ᠲᠥᠪ ᠲᠤ᠂ ᠾᠧ ᠬᠠᠢ ᠳ᠋ᠦᠩ ᠶᠠᠭ ᠪᠠᠶᠢᠭᠤᠯᠵᠤ ᠪᠠᠶᠢᠭ᠎ᠠ ᠪᠠ ᠵᠠᠰᠠᠵᠤ ᠴᠢᠮᠡᠵᠦ ᠪᠠᠶᠢᠭ᠎ᠠ 1᠂2᠂3 ᠳ᠋ᠤᠭᠠᠷ ᠣᠷᠳᠣᠨ ᠢ ᠪᠠᠶᠢᠴᠠᠭᠠᠨ ᠦᠵᠡᠵᠦ᠂ ᠬᠤᠸᠠ ᠢ ᠰᠢᠶᠦ᠋ᠩ ᠳ᠋ᠢ ᠤᠳᠤᠨ ᠵᠦᠴᠦᠭᠡ ᠶᠢᠨ ᠲᠢᠶᠠᠲᠷ ᠤᠨ ᠬᠤᠲᠠ ᠶᠢᠨ ᠰᠠᠶᠢᠨ ᠰᠠᠶᠢᠬᠠᠨ ᠠᠮᠢᠳᠤᠷᠠᠯ ᠤᠨ ᠶᠡᠷᠦᠩᠬᠡᠢ ᠴᠣᠭᠴᠠ ᠶᠢᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠪᠠ ᠠᠵᠢᠯ ᠤᠨ ᠠᠬᠢᠴᠠ ᠶᠢ ᠨᠠᠷᠢᠨ  ᠣᠶᠢᠯᠠᠭᠠᠪᠠ᠃ ᠾᠧ ᠬᠠᠢ ᠳ᠋ᠦᠩ ᠵᠢᠭᠠᠬᠤ ᠳᠠᠭᠠᠨ᠂ ᠬᠤᠸᠠ ᠢ ᠰᠢᠶᠦ᠋ᠩ ᠳ᠋ᠢ  ᠤᠳᠤᠨ ᠵᠦᠴᠦᠭᠡ ᠶᠢᠨ  ᠲᠢᠶᠠᠲᠷ ᠤᠨ ᠬᠤᠲᠠ ᠶᠢᠨ ᠰᠠᠶᠢᠨ ᠰᠠᠶᠢᠬᠠᠨ ᠠᠮᠢᠳᠤᠷᠠᠯ ᠤᠨ ᠶᠡᠷᠦᠩᠬᠡᠢ ᠴᠣᠭᠴᠠ ᠪᠣᠯ ᠣᠯᠠᠨ ᠲᠦᠮᠡᠨ ᠤ ᠰᠣᠶᠣᠯ ᠤᠨ ᠬᠡᠷᠡᠭᠯᠡᠭᠡᠨ ᠤ ᠰᠢᠨ᠎ᠡ ᠬᠡᠷᠡᠭᠴᠡᠭᠡ ᠶᠢ ᠬᠠᠩᠭᠠᠬᠤ ᠴᠢᠬᠤᠯᠠ ᠲᠠᠯᠠᠪᠤᠷ ᠭᠠᠵᠠᠷ ᠪᠣᠯᠣᠨ᠎ᠠ᠂ ᠲᠥᠯᠥᠪᠯᠡᠭᠡ ᠶᠢᠨ ᠱᠠᠭᠠᠷᠳᠠᠯᠭ᠎ᠠ ᠶᠣᠰᠣᠭᠠᠷ᠂ ᠠᠵᠢᠯ ᠤᠨ ᠬᠤᠭᠤᠴᠠᠭ᠎ᠠ ᠪᠠᠨ ᠲᠣᠩᠭᠤᠷᠠᠭᠤᠯᠤᠨ ᠲᠣᠬᠢᠷᠠᠭᠤᠯᠵᠤ᠂ ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠵᠤ᠂ ᠨᠠᠷᠢᠯᠢᠭ ᠪᠠᠷᠢᠵᠤ᠂ ᠬᠤᠷᠳᠤᠴᠠ ᠪᠠᠨ ᠲᠦᠷᠭᠡᠳᠬᠡᠵᠦ᠂ ᠡᠯ᠎ᠡ ᠵᠦᠢᠯ ᠤᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠲᠣᠭᠲᠠᠭᠰᠠᠨ ᠴᠠᠭ ᠲᠠᠭᠠᠨ ᠲᠤᠭ᠎ᠠ ᠶᠣᠰᠣᠭᠠᠷ ᠪᠡᠶᠡᠯᠡᠭᠦᠯᠬᠦ ᠬᠡᠷᠡᠭᠲᠡᠢ ᠭᠡᠵᠡᠢ᠃      ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠳᠡᠳ᠋ ᠳᠠᠷᠤᠭ᠎ᠠ ᠸᠠᠩ ᠬᠤᠤ ᠯᠧᠢ᠂ ᠵᠠᠰᠠᠭ ᠤᠨ ᠣᠷᠳᠣᠨ ᠤ ᠨᠠᠷᠢᠨ ᠪᠢᠴᠢᠭ ᠤᠨ ᠳᠠᠷᠤᠭ᠎ᠠ ᠵᠠᠩ ᠵᠦᠩ ᠳ᠋ᠦᠩ ᠵᠢᠴᠢ ᠬᠤᠯᠪᠣᠭᠳᠠᠯ ᠪᠦᠬᠦᠢ ᠭᠠᠵᠠᠷ ᠣᠷᠣᠨ ᠪᠠ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠪᠠᠶᠢᠴᠠᠭᠠᠨ ᠰᠤᠳᠤᠯᠤᠯᠲᠠ ᠳᠤ ᠣᠷᠣᠯᠴᠠᠪᠠ᠃        ︵ᠯᠢ ᠬᠠᠢ ᠵᠧᠨ︶
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号