ᠢᠦᠢ ᠴᠢᠦᠸᠠᠨ ᠲᠣᠭᠤᠷᠢᠭ ᠤᠨ ᠦᠵᠡᠮᠵᠢ ᠶᠢᠨ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠭᠠᠵᠠᠷ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠶᠤᠯᠭᠦᠢ ᠳᠤ ᠲᠤᠰᠬᠠᠢ ᠪᠠᠶᠢᠴᠠᠭᠠᠯᠲᠠ ᠬᠢᠪᠡ
ᠨᠡᠶᠢᠲᠡᠯᠡᠭᠰᠡᠨ ᠴᠠᠭ᠄
2021/3/15
     ᠣᠶᠢᠷ᠎ᠠ ᠳᠤ᠂ ᠢᠦᠢ ᠴᠢᠦᠸᠠᠨ ᠲᠣᠭᠤᠷᠢᠭ ᠤᠨ ᠦᠵᠡᠮᠵᠢ ᠶᠢᠨ ᠣᠷᠣᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠭᠠᠵᠠᠷ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠶᠤᠯᠭᠦᠢ ᠶᠢᠨ ᠲᠤᠰᠬᠠᠢ ᠪᠠᠶᠢᠴᠠᠭᠠᠯᠲᠠ ᠬᠢᠵᠦ᠂ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠶᠤᠯᠭᠦᠢ ᠶᠢᠨ ᠳᠠᠯᠳᠠ ᠭᠡᠮ ᠢ ᠰᠢᠭᠰᠢᠨ ᠪᠠᠶᠢᠴᠠᠭᠠᠪᠠ᠃      ᠪᠠᠶᠢᠴᠠᠭᠠᠬᠤ ᠳᠤᠭᠤᠶᠢᠯᠠᠩ ᠬᠥᠬᠡᠬᠤᠲᠠ ᠶᠢᠨ ᠲᠦᠮᠡᠳ ᠰᠤᠷᠭᠠᠭᠤᠯᠢ ᠳᠤ ᠬᠦᠷᠴᠦ᠂ ᠬᠤᠭᠤᠯᠠᠨ ᠭᠡᠷ ᠤᠨ ᠢᠳᠡᠭᠡᠨ ᠤᠮᠳᠠᠭᠠᠨ ᠤ ᠦᠢᠯᠡᠴᠢᠯᠡᠭᠡ ᠶᠢᠨ ᠵᠥᠪᠰᠢᠶᠡᠷᠡᠯ ᠤᠨ ᠪᠠᠲᠤᠯᠠᠪᠤᠷᠢ᠂ ᠢᠳᠡᠭᠡᠨ ᠤ ᠠᠶᠤᠯᠭᠦᠢ ᠶᠢᠨ ᠬᠠᠮᠢᠶᠠᠷᠤᠯᠲᠠ᠂ ᠤᠭ ᠮᠠᠲ᠋ᠧᠷᠢᠶᠠᠯ ᠢ ᠬᠤᠳᠠᠯᠳᠤᠨ ᠠᠪᠬᠤ ᠰᠢᠯᠭᠠᠨ ᠪᠠᠶᠢᠴᠠᠭᠠᠯᠲᠠ᠂ ᠢᠳᠡᠭᠡᠨ ᠢ ᠬᠠᠳᠠᠭᠠᠯᠠᠬᠤ ᠵᠡᠷᠭᠡ ᠶᠢ ᠨᠢᠭᠡ ᠨᠢᠭᠡ ᠪᠠᠷ ᠪᠠᠶᠢᠴᠠᠭᠠᠪᠠ᠃ ᠪᠠᠶᠢᠴᠠᠭᠠᠬᠤ ᠳᠤᠭᠤᠶᠢᠯᠠᠩ ᠤᠨ ᠬᠢᠨ ︽ᠨᠢᠭᠡ ᠲᠠᠯ᠎ᠠ ᠪᠠᠷ ᠪᠠᠶᠢᠴᠠᠭᠠᠬᠤ᠂ ᠨᠢᠭᠡ ᠲᠠᠯ᠎ᠠ ᠪᠠᠷ ᠵᠢᠯᠣᠭᠤᠳᠬᠤ᠂ ᠨᠢᠭᠡ ᠲᠠᠯ᠎ᠠ ᠪᠠᠷ ᠰᠢᠮᠳᠠᠭᠤᠯᠬᠤ᠂ ᠨᠢᠭᠡ ᠲᠠᠯ᠎ᠠ ᠪᠠᠷ ᠵᠢᠷᠤᠮᠵᠢᠭᠤᠯᠬᠤ᠂ ᠨᠢᠭᠡ ᠲᠠᠯ᠎ᠠ ᠪᠠᠷ ᠤᠬᠠᠭᠤᠯᠬᠤ︾ ᠪᠦᠲᠦᠮᠵᠢᠲᠡᠢ ᠠᠷᠭ᠎ᠠ ᠬᠡᠮᠵᠢᠶ᠎ᠡ ᠠᠪᠴᠤ᠂ ᠬᠤᠯᠪᠣᠭᠳᠠᠯ ᠪᠦᠬᠦᠢ ᠬᠠᠤᠯᠢ ᠴᠠᠭᠠᠵᠠ ᠳᠦᠷᠢᠮ ᠲᠣᠭᠲᠠᠭᠠᠯ ᠪᠠ ᠢᠳᠡᠭᠡᠨ ᠤ ᠠᠶᠤᠯᠭᠦᠢ ᠶᠢᠨ ᠶᠡᠷᠦ ᠶᠢᠨ ᠮᠡᠳᠡᠯᠭᠡ ᠶᠢ ᠢᠳᠡᠪᠬᠢᠲᠡᠢ ᠤᠬᠠᠭᠤᠯᠪᠠ᠃ ᠰᠤᠷᠪᠤᠯᠵᠢᠯᠠᠭᠴᠢ ᠠᠷᠢᠭᠤᠨ᠎ᠠ ᠰᠡᠭᠦᠳᠡᠷᠯᠡᠪᠡ
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号