ᠰᠢᠨ᠎ᠡ ᠬᠤᠲᠠ ᠲᠣᠭᠤᠷᠢᠭ ᠬᠡᠷ ᠭᠠᠵᠠᠷ ᠬᠥᠷᠥᠩᠭᠡ ᠶᠢᠨ ᠭᠤᠤᠯᠳᠠᠯᠭ᠎ᠠ ᠲᠠᠢ ᠲᠥᠷᠥᠯ ᠵᠣᠶᠢᠯ ᠤᠨ ᠬᠠᠪᠤᠷ ᠤᠨ ᠤᠯᠠᠷᠢᠯ ᠤᠨ ᠠᠵᠢᠯ ᠰᠡᠷᠭᠦᠭᠡᠬᠦ ᠳᠠᠶᠢᠴᠢᠯᠠᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2021/3/15
     3 ᠳ᠋ᠤᠭᠠᠷ ᠰᠠᠷ᠎ᠠ ᠶᠢᠨ 10 ᠤ ᠡᠳᠦᠷ ᠤᠨ ᠦᠳᠡ ᠶᠢᠨ ᠬᠤᠶᠢᠨ᠎ᠠ᠂ ᠰᠢᠨ᠎ᠡ ᠬᠤᠲᠠ ᠲᠣᠭᠤᠷᠢᠭ ᠤᠨ ᠵᠠᠰᠠᠭ ᠤᠨ ᠣᠷᠳᠣᠨ ᠤ ᠳᠡᠳ᠋ ᠲᠤᠭᠤᠷᠢᠭ ᠤᠨ ᠳᠠᠷᠤᠭ᠎ᠠ ᠤᠳᠤᠨ ᠲᠣᠭᠤᠷᠢᠭ ᠤᠨ ᠣᠷᠣᠨ ᠰᠠᠭᠤᠴᠠ ᠪᠠ ᠬᠤᠲᠠ ᠬᠥᠳᠡᠭᠡ ᠶᠢᠨ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠬᠤᠲᠠ ᠶᠢᠨ ᠬᠠᠮᠢᠶᠠᠷᠤᠯᠲᠠ ᠶᠢᠨ ᠲᠣᠪᠴᠢᠶ᠎ᠠ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠲᠠᠯᠪᠢᠬᠤ ᠲᠣᠪᠴᠢᠶ᠎ᠠ᠂ ᠣᠷᠴᠢᠨ ᠠᠬᠤᠶ ᠶᠢᠨ ᠬᠠᠮᠠᠭᠠᠯᠠᠯᠲᠠ ᠶᠢᠨ ᠲᠣᠪᠴᠢᠶ᠎ᠠ᠂ ᠲᠥᠷᠥᠯ ᠵᠣᠶᠢᠯ ᠤᠨ ᠦᠢᠯᠡᠴᠢᠯᠡᠭᠡᠨ ᠤ ᠲᠥᠪ ᠵᠡᠷᠭᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠢ ᠵᠣᠬᠢᠶᠠᠨ ᠪᠠᠶᠢᠭᠤᠯᠵᠤ ᠬᠠᠪᠤᠷ ᠤᠨ ᠤᠯᠠᠷᠢᠯ ᠤᠨ ᠭᠡᠷ ᠭᠠᠵᠠᠷ ᠬᠥᠷᠥᠩᠭᠡ ᠶᠢᠨ ᠨᠡᠭᠡᠭᠡᠨ   ᠬᠦᠭᠵᠢᠭᠦᠯᠬᠦ ᠪᠦᠲᠦᠭᠡᠨ ᠪᠠᠢᠭᠤᠯᠤᠯᠲᠠ ᠶᠢᠨ ᠲᠦᠷᠦᠯ ᠵᠣᠶᠢᠯ ᠤᠨ ᠲᠤᠬᠢᠷᠠᠭᠤᠯᠤᠯᠲᠠ ᠶᠢᠨ ᠬᠤᠷᠠᠯ ᠬᠤᠷᠠᠯᠳᠤᠭᠤᠯᠪᠠ᠃ ᠬᠤᠷᠠᠯ ᠠᠴᠠ ᠬᠤᠸᠠ ᠷᠦᠨ᠂ ᠵᠥᠩ ᠬᠠᠶ᠂ ᠪᠢ ᠬᠦᠶ ᠶᠤᠸᠠᠨ᠂ ᠤᠯᠠᠭᠠᠨᠬᠠᠳᠠ ᠶᠢᠨ ᠵᠥᠩ ᠲᠢᠶᠠᠨ ᠵᠡᠷᠭᠡ ᠠᠷᠪᠠᠨ ᠬᠡᠷ ᠭᠠᠵᠠᠷ ᠬᠥᠷᠥᠩᠭᠡ ᠶᠢᠨ ᠨᠡᠭᠡᠭᠡᠨ ᠬᠦᠭᠵᠢᠭᠦᠯᠬᠦ ᠠᠵᠤ ᠠᠬᠤᠶᠢᠯᠠᠯ ᠤᠨ ᠬᠠᠷᠢᠭᠤᠴᠠᠯᠭᠠᠲᠠᠨ ᠢ ᠤᠷᠢᠵᠤ ᠬᠤᠷᠠᠯ ᠳᠤ ᠣᠷᠣᠯᠴᠠᠭᠤᠯᠵᠤ᠂ ᠲᠥᠷᠥᠯ ᠵᠣᠶᠢᠯ ᠳᠠᠷᠠᠭᠠᠯᠠᠨ ᠬᠠᠪᠤᠷ ᠤᠨ ᠤᠯᠠᠷᠢᠯ ᠤᠨ ᠠᠵᠢᠯ ᠡᠬᠢᠯᠡᠬᠦ ᠠᠴᠠ ᠡᠮᠦᠨ᠎ᠡ ᠣᠷᠣᠰᠢᠵᠤ ᠪᠠᠶᠢᠬᠤ ᠬᠦᠴᠢᠷᠳᠡᠯ ᠪᠠ ᠠᠰᠠᠭᠤᠳᠠᠯ ᠢ ᠨᠢ ᠰᠤᠳᠤᠯᠤᠨ ᠰᠢᠢᠳᠪᠦᠷᠢᠯᠡᠵᠦ᠂ ᠡᠯ᠎ᠡ ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠨ ᠬᠢᠨ ᠢ ︽ᠳᠡᠯᠭᠡᠭᠦᠷ ᠤᠨ ᠦᠢᠯᠡᠴᠢᠯᠡᠭᠴᠢ︾ ᠤᠨ ᠵᠣᠷᠢᠭ ᠰᠠᠨᠠᠭ᠎ᠠ ᠶᠢ ᠪᠠᠳᠠᠷᠠᠭᠤᠯᠤᠨ᠂ ᠳᠠᠭᠤᠳᠠᠪᠠᠯ ᠵᠠᠪᠠᠯ ᠳᠠᠭᠠᠬᠤ᠂ ᠤᠴᠢᠷ ᠦᠭᠡᠢ ᠪᠣᠯ ᠬᠠᠷᠰᠢᠯᠠᠬᠤ ᠦᠭᠡᠢ ᠶᠢ ᠪᠡᠶᠡᠯᠡᠭᠦᠯᠵᠦ᠂ ᠠᠵᠤ ᠠᠬᠤᠶᠢᠯᠠᠯ ᠢ ᠪᠥᠬᠦ ᠬᠦᠴᠦᠨ ᠢᠶᠠᠷ ᠢᠶᠠᠨ ᠬᠠᠪᠰᠤᠷᠤᠨ ᠲᠥᠷᠥᠯ ᠵᠤᠶᠢᠯ ᠤᠨ ᠠᠵᠢᠯ ᠢᠶᠠᠨ ᠰᠡᠷᠭᠦᠭᠡᠬᠦ ᠪᠥᠲᠥᠭᠡᠨ ᠪᠠᠶᠢᠭᠤᠯᠤᠯᠲᠠ ᠶᠢ ᠳᠥᠯᠭᠢᠨ ᠠᠬᠢᠭᠤᠯᠬᠤ ᠬᠡᠷᠡᠭᠲᠡᠶ ᠭᠡᠵᠦ ᠱᠠᠭᠠᠷᠳᠠᠪᠠ᠃ ᠬᠤᠷᠠᠯ ᠳᠡᠭᠡᠷ᠎ᠡ ᠲᠤᠬᠠᠶ ᠶᠢᠨ ᠲᠠᠯᠠᠪᠤᠷ ᠲᠤ ᠬᠡᠰᠡᠭ ᠲᠦᠷᠦᠯ ᠵᠤᠶᠢᠯ ᠤᠨ ᠮᠣᠳᠣ ᠰᠢᠯᠵᠢᠭᠦᠯᠦᠨ ᠤᠷᠭᠤᠭᠤᠯᠬᠤ᠂ ᠪᠠᠷᠢᠯᠭ᠎ᠠ ᠪᠠᠷᠢᠬᠤ ᠵᠥᠪᠰᠢᠶᠡᠷᠡᠯ ᠤᠨ ᠦᠨᠡᠮᠯᠡᠯ ᠢ ᠭᠦᠢᠴᠡᠳᠬᠡᠬᠦ ᠵᠡᠷᠭᠡ ᠠᠰᠠᠭᠤᠳᠠᠯ ᠢ  ᠰᠢᠢᠳᠪᠦᠷᠢᠯᠡᠭᠰᠡᠨ ᠪᠥᠭᠡᠳ ᠬᠥᠯᠥᠰᠥᠨ ᠠᠵᠢᠯᠴᠢᠨ ᠤ ᠴᠠᠯᠢᠩ᠂ ᠠᠶᠤᠯᠭᠦᠶ ᠦᠢᠯᠡᠳᠪᠦᠷᠢᠯᠡᠯ ᠂ ᠪᠣᠯᠪᠠᠰᠤᠨ ᠢᠶᠠᠷ ᠪᠠᠷᠢᠯᠭ᠎ᠠ ᠪᠠᠷᠢᠬᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠵᠡᠷᠭᠡ ᠠᠵᠢᠯ ᠤᠨ ᠲᠤᠬᠠᠶ ᠪᠣᠳᠠᠲᠠᠶ ᠱᠠᠭᠠᠷᠳᠠᠯᠭ᠎ᠠ ᠳᠤᠷᠠᠳᠴᠠᠶ᠃ ᠲᠣᠬᠢᠷᠠᠭᠤᠯᠤᠯᠲᠠ ᠶᠢᠨ ᠬᠤᠷᠠᠯ ᠢ ᠬᠤᠷᠠᠯᠳᠤᠭᠤᠯᠤᠭᠰᠠᠨ ᠨᠢ ᠬᠡᠷ ᠭᠠᠵᠠᠷ  ᠬᠥᠷᠥᠩᠭᠡ ᠶᠢᠨ ᠭᠤᠤᠯᠳᠠᠯᠭ᠎ᠠ ᠲᠠᠢ ᠲᠥᠷᠥᠯ ᠵᠣᠶᠢᠯ ᠤᠨ ᠠᠵᠢᠯ ᠤᠷᠤᠭᠰᠢᠲᠠᠶ ᠡᠬᠢᠯᠡᠭᠦᠯᠦᠨ ᠰᠡᠷᠭᠦᠭᠡᠬᠦ ᠶᠢ ᠬᠦᠴᠦᠲᠡᠶ ᠳᠥᠯᠭᠢᠨ ᠠᠬᠢᠭᠤᠯᠵᠤ᠂ ᠰᠢᠨ᠎ᠡ ᠬᠤᠲᠠ ᠲᠣᠭᠤᠷᠢᠭ ᠤᠨ ᠬᠤᠳᠠᠯᠳᠤᠭ᠎ᠠ ᠡᠷᠭᠢᠯᠡᠬᠦ ᠣᠷᠴᠢᠨ   ᠨᠦᠭᠦᠴᠡᠯ ᠢ ᠤᠯᠠᠮ ᠨᠢᠭᠡ ᠠᠯᠬᠤᠮ ᠰᠢᠯᠢᠳᠡᠭᠵᠢᠭᠦᠯᠦᠨ᠂ ︽ᠰᠠᠶᠢᠨ ᠶᠠᠪᠤᠳᠠᠯ ᠬᠢᠬᠦ︾ ︽ᠤᠴᠢᠷ ᠶᠠᠪᠤᠳᠠᠯ ᠥᠯᠥ ᠭᠠᠷᠭᠠᠬᠤ︾ ᠬᠤᠶᠠᠷ ᠶᠡᠭᠡ ᠭᠤᠤᠯ ᠰᠡᠳᠦᠪ ᠲᠠᠢ ᠨᠢᠭᠲᠠ ᠤᠶᠠᠯᠳᠤᠭᠤᠯᠤᠨ᠂ ᠰᠢᠨ᠎ᠡ ᠬᠤᠲᠠ ᠲᠣᠭᠤᠷᠢᠭ ᠤᠨ ᠭᠤᠤᠯᠳᠠᠯᠭ᠎ᠠ ᠲᠠᠢ ᠲᠥᠷᠥᠯ ᠵᠤᠶᠢᠯ ᠢ ᠰᠠᠶᠢᠲᠤᠷ ᠡᠬᠢᠯᠡᠭᠦᠯᠬᠦ ᠶᠢ ᠳᠥᠯᠭᠢᠨ ᠠᠬᠢᠭᠤᠯᠪᠠ᠃
 
ᠢᠷᠡᠯᠲᠡ᠄ ᠰᠢᠨ᠎ᠡ ᠬᠤᠲᠠ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号