ᠬᠥᠬᠡᠬᠤᠲᠠ ᠶᠢᠨ ᠵᠠᠮ ᠬᠠᠷᠢᠯᠴᠠᠭᠠᠨ ᠤ ᠪᠣᠯᠪᠠᠰᠤᠨ ᠪᠤᠰᠤ ᠦᠢᠯᠡ ᠠᠵᠢᠯᠯᠠᠭ᠎ᠠ ᠶᠢ ᠴᠡᠭᠴᠡᠯᠡᠨ ᠵᠠᠰᠠᠵᠤ ᠰᠠᠶᠢᠵᠢᠷᠠᠭᠤᠯᠬᠤ ᠠᠵᠢᠯᠯᠠᠭ᠎ᠠ ᠡᠬᠢᠯᠡᠪᠡ
ᠨᠡᠶᠢᠲᠡᠯᠡᠭᠰᠡᠨ ᠴᠠᠭ᠄
2021/3/15
      ︵ᠰᠤᠷᠪᠤᠯᠵᠢᠯᠠᠭᠴᠢ ᠮᠢᠶᠥᠥ ᠰᠢᠨ︶ 3 ᠳ᠋ᠤᠭᠠᠷ ᠰᠠᠷ᠎ᠠ ᠶᠢᠨ 14 ᠤ ᠡᠳᠦᠷ᠂ ᠬᠥᠬᠡᠬᠤᠲᠠ ᠶᠢᠨ ᠵᠠᠮ ᠬᠠᠷᠢᠯᠴᠠᠭᠠᠨ ᠤ ᠪᠣᠯᠪᠠᠰᠤᠨ ᠪᠤᠰᠤ ᠦᠢᠯᠡ ᠠᠵᠢᠯᠯᠠᠭ᠎ᠠ ᠶᠢ ᠴᠡᠭᠴᠡᠯᠡᠨ ᠵᠠᠰᠠᠵᠤ ᠰᠠᠶᠢᠵᠢᠷᠠᠭᠤᠯᠬᠤ ᠠᠵᠢᠯᠯᠠᠭ᠎ᠠ ᠶᠢᠨ ᠡᠬᠢᠯᠡᠬᠦ ᠶᠣᠰᠣᠯᠠᠯ ᠥᠪᠥᠷ ᠮᠣᠩᠭᠤᠯ ᠤᠨ ᠣᠯᠠᠨ ᠤᠯᠤᠰ ᠤᠨ ᠬᠤᠷᠠᠯ ᠦᠵᠡᠰᠬᠦᠯᠡᠩ ᠤᠨ ᠲᠥᠪ ᠤᠨ ᠡᠮᠦᠨ᠎ᠡ ᠲᠠᠯᠠᠪᠠᠢ ᠳᠤ ᠶᠠᠪᠤᠭᠳᠠᠪᠠ᠃      ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠤᠬᠠᠭᠤᠯᠬᠤ ᠬᠡᠯᠲᠡᠰ ᠤᠨ ᠳᠠᠷᠤᠭ᠎ᠠ ᠵᠠᠩ ᠶᠢᠨ ᠫᠢᠩ ᠡᠬᠢᠯᠡᠬᠦ ᠶᠣᠰᠣᠯᠠᠯ ᠳᠤ ᠣᠷᠣᠯᠴᠠᠵᠤ ᠬᠥᠬᠡᠬᠤᠲᠠ ᠶᠢᠨ ᠵᠠᠮ ᠬᠠᠷᠢᠯᠴᠠᠭᠠᠨ ᠤ ᠪᠣᠯᠪᠠᠰᠤᠨ ᠪᠤᠰᠤ ᠦᠢᠯᠡ ᠠᠵᠢᠯᠯᠠᠭ᠎ᠠ ᠶᠢ ᠴᠡᠭᠴᠡᠯᠡᠨ ᠵᠠᠰᠠᠵᠤ ᠰᠠᠶᠢᠵᠢᠷᠠᠭᠤᠯᠬᠤ ᠠᠵᠢᠯᠯᠠᠭ᠎ᠠ ᠡᠬᠢᠯᠡᠭᠰᠡᠨ ᠢ ᠲᠤᠩᠬᠠᠭᠯᠠᠵᠤ᠂ ᠬᠤᠲᠠ ᠶᠢᠨ ᠳᠡᠳ᠋ ᠳᠠᠷᠤᠭ᠎ᠠ᠂  ᠬᠤᠲᠠ ᠵᠢᠨ‌‍ᠲ᠋ᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠳᠠᠷᠤᠭ᠎ᠠ ᠮᠠᠤ ᠪᠣᠣ ᠹᠧᠩ ︽ᠬᠥᠬᠡᠬᠤᠲᠠ ᠶᠢᠨ ᠵᠠᠮ ᠬᠠᠷᠢᠯᠴᠠᠭᠠᠨ ᠤ ᠪᠣᠯᠪᠠᠰᠤᠨ ᠪᠤᠰᠤ ᠦᠢᠯᠡ ᠠᠵᠢᠯᠯᠠᠭ᠎ᠠ ᠶᠢ ᠴᠡᠭᠴᠡᠯᠡᠨ ᠵᠠᠰᠠᠵᠤ ᠰᠠᠶᠢᠵᠢᠷᠠᠭᠤᠯᠬᠤ ᠠᠵᠢᠯᠯᠠᠭ᠎ᠠ ᠶᠢᠨ ᠰᠠᠨᠠᠭᠠᠴᠢᠯᠠᠭ᠎ᠠ ᠶᠢᠨ ᠪᠢᠴᠢᠭ︾ ᠢ ᠤᠩᠰᠢᠪᠠ᠃      ᠪᠦᠬᠦ ᠬᠤᠲᠠ ᠶᠢᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠶᠢᠨ ᠠᠵᠢᠯᠲᠠᠨ᠂ ᠲᠦᠷᠢᠶᠡᠰᠦᠨ ᠮᠠᠰᠢᠨ ᠤ ᠵᠢᠯᠣᠭᠤᠴᠢ᠂ ᠨᠡᠶᠢᠲᠡ ᠶᠢᠨ ᠮᠠᠰᠢᠨ ᠤ ᠵᠢᠯᠣᠭᠤᠴᠢ᠂ ᠪᠣᠯᠪᠠᠰᠤᠨ ᠵᠠᠮ ᠬᠠᠷᠢᠯᠴᠠᠭᠠᠨ ᠤ ᠰᠠᠶᠢᠨ ᠳᠤᠷᠠᠴᠤᠳ᠂ ᠵᠠᠮ ᠬᠠᠷᠢᠯᠴᠠᠭᠠᠨ ᠤ ᠠᠷᠠᠳ ᠤᠨ ᠴᠠᠭᠳᠠᠭ᠎ᠠ ᠲᠤᠰᠠᠯᠠᠬᠤ ᠴᠠᠭᠳᠠᠭ᠎ᠠ ᠵᠡᠷᠭᠡ ᠨᠡᠶᠢᠲᠡ 1400 ᠭᠠᠷᠤᠢ ᠬᠥᠮᠥᠨ ᠡᠬᠢᠯᠡᠬᠦ ᠶᠣᠰᠣᠯᠠᠯ ᠳᠤ ᠣᠷᠣᠯᠴᠠᠵᠠᠢ᠃       ᠣᠶᠢᠯᠠᠭᠠᠭᠰᠠᠨ ᠢᠶᠠᠷ᠂ ᠡᠨᠡ ᠵᠢᠯ ᠠᠴᠠ ᠨᠠᠭᠠᠰᠢ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠠᠷᠠᠳ ᠤᠨ ᠠᠵᠤ ᠪᠠᠶᠢᠳᠠᠯ ᠬᠦᠰᠡᠯ ᠰᠠᠨᠠᠭ᠎ᠠ ᠶᠢ ᠳᠠᠭᠠᠵᠤ᠂ ᠰᠢᠨ᠎ᠡ ᠨᠢᠭᠡᠨ ᠡᠭᠡᠯᠵᠢ ᠶᠢᠨ ᠪᠦᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠢ ᠥᠷᠨᠢᠭᠦᠯᠪᠡ᠃ ᠲᠥᠪ ᠬᠤᠲᠠ ᠣᠷᠣᠨ ᠤ ᠣᠳᠣᠬᠠᠨ ᠤ ᠨᠡᠯᠢᠶᠡᠳ ᠳᠣᠪᠣᠶᠢᠮ᠎ᠠ ᠪᠠᠶᠢᠭ᠎ᠠ ᠵᠠᠮ ᠬᠠᠷᠢᠯᠴᠠᠭᠠᠨ ᠤ ᠪᠣᠯᠪᠠᠰᠤᠨ ᠪᠤᠰᠤ ᠦᠢᠯᠡ ᠠᠵᠢᠯᠯᠠᠭ᠎ᠠ ᠳᠤ ᠴᠢᠭᠯᠡᠭᠦᠯᠵᠦ᠂ ᠬᠤᠲᠠ ᠶᠢᠨ ᠨᠠᠮ ᠤᠨ ᠬᠤᠷᠢᠶ᠎ᠠ᠂ ᠬᠤᠲᠠ ᠶᠢᠨ ᠵᠠᠰᠠᠭ ᠤᠨ ᠣᠷᠳᠣᠨ ᠲᠥᠪ ᠬᠤᠲᠠ ᠶᠢᠨ ᠵᠠᠮ ᠬᠠᠷᠢᠯᠴᠠᠭ᠎ᠠ ᠶᠢ ᠨᠡᠩ ᠪᠣᠯᠪᠠᠰᠤᠨ᠂ ᠨᠡᠩ ᠠᠶᠤᠯᠭᠦᠢ᠂ ᠨᠡᠩ ᠰᠢᠯᠤᠭᠤᠬᠠᠨ ᠪᠣᠯᠭᠠᠬᠤ ᠡᠭᠦᠳᠡᠨ ᠠᠴᠠ ᠪᠦᠬᠦ ᠬᠤᠲᠠ ᠶᠢᠨ ᠡᠯ᠎ᠡ ᠦᠨᠳᠦᠰᠦᠲᠡᠨ ᠡᠯ᠎ᠡ ᠡᠲᠡᠭᠡᠳ ᠤᠨ ᠠᠷᠠᠳ ᠲᠦᠮᠡᠨ ᠢ ᠳᠠᠶᠢᠴᠢᠯᠠᠨ᠂ ᠵᠠᠮ ᠬᠠᠷᠢᠯᠴᠠᠭᠠᠨ ᠤ ᠪᠣᠯᠪᠠᠰᠤᠨ ᠪᠤᠰᠤ ᠦᠢᠯᠡ ᠠᠵᠢᠯᠯᠠᠭ᠎ᠠ ᠶᠢ ᠴᠡᠭᠴᠡᠯᠡᠨ ᠵᠠᠰᠠᠵᠤ ᠰᠠᠶᠢᠵᠢᠷᠠᠭᠤᠯᠬᠤ ᠠᠵᠢᠯᠯᠠᠭ᠎ᠠ ᠶᠢ ᠪᠦᠬᠦ ᠲᠠᠯ᠎ᠠ ᠪᠠᠷ ᠡᠬᠢᠯᠡᠭᠦᠯᠵᠦ᠂ ᠪᠦᠬᠦ ᠤᠯᠤᠰ ᠤᠨ ᠪᠣᠯᠪᠠᠰᠤᠨ ᠬᠤᠲᠠ ᠶᠢ ᠡᠭᠦᠳᠦᠨ ᠪᠠᠶᠢᠭᠤᠯᠬᠤ ᠠᠵᠢᠯ ᠢ ᠪᠦᠬᠦ ᠬᠦᠴᠦᠨ ᠢᠶᠠᠷ ᠢᠶᠠᠨ ᠠᠬᠢᠭᠤᠯᠪᠠ᠃      ᠲᠤᠰ ᠤᠳᠠᠭᠠᠨ ᠤ ᠠᠵᠢᠯᠯᠠᠭ᠎ᠠ ᠳᠤ᠂ ᠡᠯ᠎ᠡ ᠰᠠᠯᠠᠭ᠎ᠠ ᠮᠥᠴᠢᠷ᠂ ᠡᠯ᠎ᠡ ᠪᠠᠶᠢᠭᠤᠯᠭ᠎ᠠ ᠨᠢᠭᠡᠴᠡ ᠶᠢᠨ ᠬᠢᠨ ᠲᠥᠪ ᠬᠤᠲᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠪᠣᠳᠠᠲᠤ ᠪᠠᠶᠢᠳᠠᠯ ᠳᠤ ᠰᠠᠭᠤᠷᠢᠯᠠᠨ᠂ ︽ᠬᠥᠮᠥᠨ ᠢ ᠬᠠᠮᠢᠶᠠᠷᠬᠤ︾ ᠪᠠ ︽ᠲᠡᠷᠭᠡ ᠶᠢ ᠬᠠᠮᠢᠶᠠᠷᠬᠤ︾ ᠠᠴᠠ ᠭᠠᠷᠳᠠᠵᠤ᠂ ᠪᠦᠬᠦ ᠨᠡᠶᠢᠭᠡᠮ ᠤᠨ ᠳᠦᠷᠢᠮ ᠲᠣᠭᠲᠠᠭᠠᠯ ᠢ ᠳᠠᠭᠠᠬᠤ ᠤᠬᠠᠮᠰᠠᠷ ᠢ ᠪᠦᠬᠦ ᠲᠠᠯ᠎ᠠ ᠪᠠᠷ ᠳᠡᠭᠡᠭᠰᠢᠯᠡᠭᠦᠯᠬᠦ ᠪᠣᠯᠣᠨ᠎ᠠ᠃ ᠲᠤᠰ ᠤᠳᠠᠭᠠᠨ ᠤ ᠠᠵᠢᠯᠯᠠᠭ᠎ᠠ ᠶᠢᠨ ᠪᠦᠬᠦ ᠢᠷᠭᠡᠳ ᠢᠶᠠᠷ ᠢᠶᠠᠨ ᠠᠩᠬᠠᠷᠤᠭᠰᠠᠨ᠂ ᠪᠦᠬᠦ ᠨᠡᠶᠢᠭᠡᠮ ᠢᠶᠠᠷ ᠢᠶᠠᠨ ᠣᠷᠣᠯᠴᠠᠭᠰᠠᠨ ᠰᠠᠶᠢᠨ ᠰᠠᠶᠢᠬᠠᠨ ᠪᠠᠶᠢᠳᠠᠯ ᠢ ᠪᠤᠢ ᠪᠣᠯᠭᠠᠬᠤ ᠶᠢᠨ ᠲᠥᠯᠥᠭᠡ᠂ ᠪᠦᠬᠦ ᠬᠤᠲᠠ ᠶᠢᠨ ᠡᠯ᠎ᠡ ᠪᠠᠶᠢᠭᠤᠯᠭ᠎ᠠ ᠨᠢᠭᠡᠴᠡ᠂ ᠡᠯ᠎ᠡ ᠰᠠᠯᠠᠭ᠎ᠠ ᠮᠥᠴᠢᠷ ᠤᠳ ᠲᠤᠰ ᠤᠳᠠᠭᠠᠨ ᠤ ᠲᠤᠰᠬᠠᠢ ᠠᠵᠢᠯᠯᠠᠭ᠎ᠠ ᠳᠤᠮᠳᠠ ᠡᠬᠢ ᠪᠠᠶᠠᠯᠢᠭ ᠢ ᠤᠯᠠᠮ ᠨᠢᠭᠡ ᠠᠯᠬᠤᠮ ᠨᠡᠶᠢᠳᠬᠡᠨ᠂ ᠬᠠᠷᠢᠯᠴᠠᠨ ᠬᠠᠪᠰᠤᠷᠤᠯᠴᠠᠬᠤ ᠪᠠᠨ ᠴᠢᠩᠭᠠᠳᠬᠠᠵᠤ᠂ ᠠᠵᠢᠯ ᠤᠨ ᠨᠡᠶᠢᠯᠡᠯ ᠬᠦᠴᠦᠨ ᠢ ᠪᠦᠷᠢᠯᠳᠦᠭᠦᠯᠬᠦ ᠶᠢᠨ ᠬᠠᠮᠲᠤ ᠰᠣᠨᠢᠨ ᠮᠡᠳᠡᠭᠡᠨ ᠤ ᠵᠠᠭᠤᠴᠢᠯᠠᠭᠤᠷ ᠵᠡᠷᠭᠡ ᠲᠠᠪᠴᠠᠩ ᠢ ᠭᠦᠢᠴᠡᠳ ᠠᠰᠢᠭᠯᠠᠨ᠂ ᠵᠠᠮ ᠬᠠᠷᠢᠯᠴᠠᠭᠠᠨ ᠤ ᠪᠣᠯᠪᠠᠰᠤᠨ ᠪᠤᠰᠤ ᠦᠢᠯᠡ ᠠᠵᠢᠯᠯᠠᠭ᠎ᠠ ᠶᠢ ᠴᠡᠭᠴᠡᠯᠡᠨ ᠵᠠᠰᠠᠵᠤ ᠰᠠᠶᠢᠵᠢᠷᠠᠭᠤᠯᠬᠤ ᠠᠵᠢᠯᠯᠠᠭ᠎ᠠ ᠶᠢ ᠥᠷᠨᠢᠭᠦᠯᠬᠦ ᠶᠢᠨ ᠤᠳᠬ᠎ᠠ ᠠᠭᠤᠯᠭ᠎ᠠ ᠶᠢ ᠥᠷᠭᠡᠨ ᠢᠶᠠᠷ ᠤᠬᠠᠭᠤᠯᠤᠨ ᠰᠤᠷᠲᠠᠯᠴᠢᠯᠠᠵᠤ᠂ ᠵᠠᠮ ᠬᠠᠷᠢᠯᠴᠠᠭᠠᠨ ᠤ ᠪᠣᠯᠪᠠᠰᠤᠨ ᠪᠤᠰᠤ ᠦᠢᠯᠡ ᠠᠵᠢᠯᠯᠠᠭ᠎ᠠ ᠶᠢᠨ ᠦᠷ᠎ᠡ ᠪᠦᠲᠦᠮᠵᠢ ᠶᠢ ᠴᠠᠭ ᠲᠤᠬᠠᠢ ᠳᠤᠨᠢ ᠨᠡᠶᠢᠲᠡᠯᠡᠵᠦ᠂ ᠥᠷᠭᠡᠨ ᠣᠯᠠᠨ ᠵᠠᠮ ᠬᠠᠷᠢᠯᠴᠠᠭᠠᠨ ᠳᠤ ᠣᠷᠣᠯᠴᠠᠭᠴᠢᠳ ᠢ ᠵᠠᠮ ᠬᠠᠷᠢᠯᠴᠠᠭᠠᠨ ᠤ ᠪᠣᠯᠪᠠᠰᠤᠨ ᠰᠠᠶᠢᠨ ᠰᠠᠶᠢᠬᠠᠨ ᠵᠠᠩ ᠳᠠᠳᠬᠠᠯ ᠲᠠᠢ ᠪᠣᠯᠭᠠᠬᠤ ᠪᠣᠯᠣᠨ᠎ᠠ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号