ᠬᠤᠷᠢᠨᠭᠡᠷ ᠰᠢᠶᠠᠨ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠬᠥᠮᠦᠵᠢᠯ ᠴᠡᠭᠴᠡᠯᠡᠯᠲᠡ ᠶᠢᠨ ᠠᠩᠬᠠᠳᠤᠭᠠᠷ ᠤᠳᠠᠭ᠎ᠠ ᠶᠢᠨ ᠰᠠᠭᠤᠳᠠᠯ ᠤᠨ ᠬᠤᠷᠠᠯ ᠬᠢᠪᠡ
ᠨᠡᠶᠢᠲᠡᠯᠡᠭᠰᠡᠨ ᠴᠠᠭ᠄
2021/3/16
     3 ᠳ᠋ᠤᠭᠠᠷ ᠰᠠᠷ᠎ᠠ ᠶᠢᠨ 15 ᠤ ᠡᠳᠦᠷ᠂ ᠬᠤᠷᠢᠨᠭᠡᠷ ᠰᠢᠶᠠᠨ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡ ᠶᠢᠨ ᠬᠥᠮᠦᠵᠢᠯ ᠴᠡᠭᠴᠡᠯᠡᠯᠲᠡ ᠶᠢᠨ ᠠᠩᠬᠠᠳᠤᠭᠠᠷ ᠤᠳᠠᠭᠠᠨ ᠤ ᠰᠠᠭᠤᠳᠠᠯ ᠤᠨ ᠬᠤᠷᠠᠯ ᠬᠤᠷᠠᠯᠳᠤᠭᠤᠯᠵᠤ᠂ ᠰᠢᠶᠠᠨ ᠤ ᠨᠠᠮ ᠤᠨ ᠬᠤᠷᠢᠶᠠᠨ ᠤ ᠳᠡᠳ᠋ ᠱᠦᠵᠢ᠂ ᠰᠢᠶᠠᠨ ᠤ ᠨᠠᠮ ᠤᠨ ᠬᠤᠷᠢᠶᠠᠨ ᠤ ᠤᠯᠤᠰ ᠲᠥᠷᠥ ᠬᠠᠤᠯᠢ ᠴᠠᠭᠠᠵᠠ ᠶᠢᠨ ᠡᠩᠨᠡᠭᠡ ᠶᠢᠨ ᠬᠥᠮᠦᠵᠢᠯ ᠴᠡᠭᠴᠡᠯᠡᠯᠲᠡ ᠶᠢᠨ ᠤᠳᠤᠷᠢᠳᠬᠤ ᠳᠤᠭᠤᠶᠢᠯᠠᠩ ᠤᠨ ᠪᠠᠶᠢᠩᠭᠤ ᠶᠢᠨ ᠳᠡᠳ᠋ ᠳᠠᠷᠤᠭ᠎ᠠ ᠨᠠᠨ ᠨᠠᠨ ᠬᠤᠷᠠᠯ ᠳᠤ ᠣᠷᠣᠯᠴᠠᠵᠤ ᠶᠠᠷᠢᠶ᠎ᠠ ᠲᠠᠯᠪᠢᠪᠠ᠃      ᠰᠠᠭᠤᠳᠠᠯ ᠤᠨ ᠬᠤᠷᠠᠯ ᠳᠡᠭᠡᠷ᠎ᠡ᠂ ᠬᠤᠷᠠᠯ ᠳᠤ ᠣᠷᠣᠯᠴᠠᠭᠰᠠᠨ ᠲᠥᠯᠥᠭᠡᠯᠡᠭᠴᠢᠳ ᠪᠣᠳᠠᠲᠤ ᠵᠢᠱᠢᠶ᠎ᠡ ᠲᠠᠢ ᠤᠶᠠᠯᠳᠤᠭᠤᠯᠤᠨ᠂ ᠪᠤᠳᠤᠭᠰᠠᠨ ᠰᠠᠨᠠᠭᠰᠠᠨ ᠢᠶᠠᠨ ᠠᠭᠤᠵᠢᠷᠠᠲᠠᠯ᠎ᠠ ᠶᠠᠷᠢᠵᠤ᠂ ᠲᠦᠷᠦ ᠶᠢᠨ ᠪᠤᠳᠤᠯᠭ᠎ᠠ ᠶᠢᠨ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠬᠤ᠂ ᠬᠠᠤᠯᠢ ᠬᠡᠷᠡᠭᠵᠢᠭᠦᠯᠬᠦ ᠡᠷᠴᠢᠮ ᠢᠶᠠᠨ ᠴᠢᠩᠭᠠᠷᠠᠭᠤᠯᠬᠤ᠂ ᠰᠤᠷᠭᠠᠭᠤᠯᠢ ᠶᠢᠨ ᠬᠦᠷᠢᠶᠡᠨ ᠤ ᠲᠤᠷᠤᠮᠵᠢᠯᠠᠯ ᠤᠨ ᠬᠠᠮᠢᠶᠠᠷᠤᠯᠲᠠ ᠪᠠᠨ ᠴᠢᠩᠭᠠᠳᠬᠠᠬᠤ᠂ ᠳᠣᠲᠣᠭᠠᠳᠤ ᠶᠢ ᠬᠠᠮᠠᠭᠠᠯᠠᠬᠤ ᠪᠠᠶᠢᠴᠠᠭᠠᠬᠤ ᠰᠢᠭᠦᠬᠦ ᠠᠵᠢᠯᠳᠠᠨ ᠤ ᠲᠤᠬᠠᠶᠢᠯᠠᠭᠰᠠᠨ ᠠᠵᠢᠯ ᠤᠨ ᠬᠡᠪ ᠴᠢᠨᠠᠷ ᠢ ᠳᠡᠭᠡᠭᠰᠢᠯᠡᠭᠦᠯᠬᠦ ᠵᠡᠷᠭᠡ ᠤᠯᠠᠨ ᠲᠠᠯ᠎ᠠ ᠪᠠᠷ ᠡᠷᠬᠢᠮ ᠨᠠᠨᠳᠢᠨ ᠰᠠᠨᠠᠯ ᠰᠠᠨᠠᠭᠤᠯᠭ᠎ᠠ ᠳᠤᠷᠠᠳᠪᠠ᠃      ᠨᠠᠨ ᠨᠠᠨ ᠲᠥᠯᠥᠭᠡᠯᠡᠭᠴᠢᠳ ᠤᠨ ᠰᠠᠨᠠᠯ ᠰᠠᠨᠠᠭᠤᠯᠭ᠎ᠠ ᠶᠢ ᠨᠠᠷᠢᠨ ᠬᠢᠨᠠᠮᠠᠭᠠᠢ ᠰᠣᠨᠣᠰᠬᠤ ᠶᠢᠨ ᠬᠠᠮᠲᠤ ᠪᠠᠶᠢᠨ ᠪᠠᠶᠢᠨ ᠨᠠᠷᠢᠨ ᠬᠢᠨᠠᠮᠠᠭᠠᠢ ᠲᠡᠮᠳᠡᠭᠯᠡᠵᠦ᠂ ᠡᠯ᠎ᠡ ᠡᠲᠡᠭᠡᠳ ᠤᠨ ᠲᠥᠯᠥᠭᠡᠯᠡᠭᠴᠢᠳ ᠤᠨ ᠬᠤᠷᠢᠨᠭᠡᠷ ᠰᠢᠶᠠᠨ ᠤ ᠤᠯᠤᠰ ᠲᠦᠷᠦ ᠬᠠᠤᠯᠢ ᠴᠠᠭᠠᠵᠠ ᠶᠢᠨ ᠠᠵᠢᠯ ᠪᠣᠯᠤᠨ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠪᠠᠶᠢᠭᠤᠯᠤᠯᠲᠠ ᠶᠢ ᠬᠠᠯᠠᠮᠵᠢᠯᠠᠨ ᠳᠡᠮᠵᠢᠵᠦ᠂ ᠬᠢᠨᠠᠯᠲᠠ ᠲᠠᠯᠪᠢᠵᠤ ᠪᠠᠶᠢᠭ᠎ᠠ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ ᠵᠢᠭᠠᠵᠤ ᠭᠠᠷᠭᠠᠭᠰᠠᠨ ᠨᠢ᠂ ᠬᠤᠷᠠᠯ ᠳᠤ ᠣᠷᠣᠯᠴᠠᠭᠰᠠᠨ ᠲᠥᠯᠥᠭᠡᠯᠡᠭᠴᠢᠳ ᠤᠨ ᠳᠤᠷᠠᠳᠤᠭᠰᠠᠨ ᠰᠠᠨᠠᠯ ᠰᠠᠨᠠᠭᠤᠯᠭ᠎ᠠ ᠶᠢ ᠬᠢᠨᠠᠮᠠᠭᠠᠶ ᠡᠮᠬᠢᠯᠡᠨ ᠰᠢᠩᠭᠡᠭᠡᠵᠦ᠂ ᠦᠨᠡᠨᠴᠢ ᠣᠪᠣᠷ ᠪᠠ ᠪᠣᠳᠠᠲᠠᠶ ᠶᠢ ᠡᠷᠬᠢᠮᠯᠡᠬᠦ ᠰᠤᠷᠲᠠᠯ ᠢᠶᠠᠷ ᠰᠠᠨᠠᠯ ᠰᠠᠨᠠᠭᠤᠯᠭ᠎ᠠ ᠶᠢ ᠡᠮᠬᠢᠯᠡᠨ ᠳᠢᠭᠯᠡᠬᠦ ᠠᠵᠢᠯ ᠢ ᠲᠥᠷᠥᠯ ᠬᠤᠪᠢᠶᠠᠨ ᠰᠠᠶᠢᠲᠤᠷ ᠬᠢᠵᠦ᠂ ᠵᠦᠶ ᠵᠣᠬᠢᠰᠲᠠᠶ ᠪᠥᠭᠡᠳ ᠬᠠᠤᠯᠢ ᠶᠣᠰᠣᠨ ᠤ ᠭᠤᠮᠣᠳᠠᠯ ᠱᠠᠭᠠᠷᠳᠠᠯᠭ᠎ᠠ ᠶᠢ ᠴᠠᠭ ᠲᠤᠬᠠᠶ ᠳᠤᠨᠢ ᠰᠢᠢᠳᠪᠦᠷᠢᠯᠡᠬᠦ ᠶᠢᠨ ᠬᠠᠮᠲᠤ ᠴᠠᠭ ᠲᠤᠬᠠᠶ ᠳᠤᠨᠢ ᠬᠠᠷᠢᠭᠤ ᠲᠤᠰᠬᠠᠨ᠎ᠠ ᠭᠡᠵᠡᠶ᠃ ᠤᠯᠤᠰ ᠲᠦᠷᠦ ᠬᠠᠤᠯᠢ ᠴᠠᠭᠠᠵᠠ ᠶᠢᠨ ᠪᠠᠶᠢᠭᠤᠯᠭ᠎ᠠ ᠶᠢᠨ ᠬᠢᠨ ᠡᠭᠦᠳᠡ ᠪᠠᠨ ᠨᠡᠭᠡᠭᠡᠨ ᠬᠥᠮᠦᠵᠢᠯ ᠴᠡᠭᠴᠡᠯᠡᠯᠲᠡ ᠬᠢᠬᠦ ᠶᠢ ᠦᠷᠭᠦᠯᠵᠢᠯᠡᠨ ᠪᠠᠷᠢᠮᠲᠠᠯᠠᠵᠤ᠂ ᠨᠡᠶᠢᠭᠡᠮ ᠤᠨ ᠡᠯ᠎ᠡ ᠡᠲᠡᠭᠡᠳ ᠤᠨ ᠬᠢᠨ ᠤ ᠰᠠᠨᠠᠯ ᠰᠠᠨᠠᠭᠤᠯᠭ᠎ᠠ ᠶᠢ ᠦᠷᠭᠦᠯᠵᠢᠯᠡᠨ ᠥᠷᠭᠡᠨ ᠳᠡᠯᠭᠡᠷ ᠭᠦᠨ ᠭᠦᠨᠵᠡᠭᠡᠢ ᠬᠤᠷᠢᠶᠠᠬᠤ ᠬᠡᠷᠡᠭᠲᠡᠢ ᠭᠡᠵᠦ ᠵᠢᠭᠠᠨ ᠭᠠᠷᠭᠠᠪᠠ᠃      ᠨᠠᠨ ᠨᠠᠨ᠂ ᠠᠷᠠᠳ ᠲᠦᠮᠡᠨ ᠢᠶᠠᠷ ᠭᠤᠣᠯ ᠪᠣᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ ᠤᠯᠠᠨ ᠲᠦᠮᠡᠨ ᠤ ᠬᠠᠨᠤᠮᠵᠢᠲᠠᠢ ᠪᠠᠶᠢᠬᠤ ᠶᠢ ᠡᠭᠦᠰᠭᠡᠯ ᠲᠡᠭᠦᠰᠬᠡᠯ ᠪᠣᠯᠭᠠᠵᠤ᠂ ᠤᠯᠤᠰ ᠲᠦᠷᠦ ᠬᠠᠤᠯᠢ ᠴᠠᠭᠠᠵᠠ ᠶᠢᠨ ᠪᠠᠶᠢᠭᠤᠯᠭ᠎ᠠ ᠪᠣᠯᠤᠨ ᠤᠯᠤᠰ ᠲᠦᠷᠦ ᠬᠠᠤᠯᠢ ᠴᠠᠭᠠᠵᠠ ᠶᠢᠨ ᠡᠩᠨᠡᠭᠡᠨ ᠤ ᠠᠷᠠᠳ ᠤᠨ ᠲᠥᠯᠥᠭᠡ ᠬᠠᠤᠯᠢ ᠬᠡᠷᠡᠭᠵᠢᠭᠦᠯᠬᠦ ᠬᠠᠤᠯᠢ ᠴᠠᠭᠠᠵᠠ ᠶᠢᠨ ᠰᠠᠶᠢᠨ ᠰᠠᠶᠢᠬᠠᠨ ᠲᠦᠷᠢ ᠲᠥᠷᠬᠦ ᠶᠢ ᠤᠯᠠᠮ ᠴᠢᠨᠠᠭᠰᠢᠳᠠ ᠪᠠᠲᠤᠳᠬᠠᠵᠤ᠂ ᠠᠷᠠᠳ ᠤᠨ ᠰᠡᠳᠬᠢᠯ ᠢ ᠨᠢᠭᠲᠠᠷᠠᠭᠤᠯᠵᠤ᠂ ᠬᠥᠮᠦᠰ ᠤᠨ ᠰᠡᠳᠬᠢᠯ ᠢ ᠳᠤᠯᠠᠭᠠᠴᠠᠭᠤᠯᠵᠤ᠂ ᠰᠡᠳᠬᠢᠯ ᠢᠶᠠᠨ ᠨᠢᠭᠡᠳᠬᠡᠬᠦ ᠶᠢ ᠨᠡᠩ ᠰᠠᠶᠢᠲᠤᠷ ᠪᠤᠢ ᠪᠣᠯᠭᠠᠬᠤ ᠬᠡᠷᠡᠭᠲᠡᠢ᠃ ᠬᠢᠲᠤᠭ᠎ᠠ ᠶᠢᠨ ᠢᠷ ᠢ ᠳᠣᠲᠣᠭᠰᠢ ᠪᠠᠨ ᠬᠠᠨᠳᠤᠭᠤᠯᠬᠤ ᠶᠢ ᠪᠠᠷᠢᠮᠲᠠᠯᠠᠵᠤ᠂ ᠤᠯᠤᠰ ᠲᠦᠷᠦ ᠶᠢᠨ ᠦᠨᠡᠨᠴᠢ ᠰᠢᠳᠤᠷᠭᠤ ᠶᠢ ᠪᠠᠲᠤ ᠪᠤᠢ ᠪᠣᠯᠭᠠᠵᠤ᠂ ᠶᠠᠪᠤᠴᠠ ᠨᠢ ᠤᠯᠠᠨ ᠲᠦᠮᠡᠨ ᠤ ᠬᠢᠨᠠᠯᠲᠠ ᠶᠢ ᠬᠦᠯᠢᠶᠡᠵᠦ᠂ ᠦᠷ᠎ᠡ ᠪᠦᠲᠦᠮᠵᠢ ᠶᠢ ᠨᠢ ᠤᠯᠠᠨ ᠲᠦᠮᠡᠨ ᠢᠶᠠᠷ ᠦᠨᠡᠯᠡᠭᠦᠯᠬᠦ ᠶᠢ ᠪᠡᠶᠡᠯᠡᠭᠦᠯᠵᠦ᠂ ᠤᠯᠠᠨ ᠲᠦᠮᠡᠨ ᠳᠤ ᠬᠠᠤᠯᠢ ᠬᠡᠷᠡᠭᠵᠢᠭᠦᠯᠬᠦ ᠳᠤᠮᠳᠠ ᠪᠠᠨ ᠴᠥᠮ ᠨᠡᠶᠢᠭᠡᠮ ᠤᠨ ᠲᠥᠪ ᠭᠤᠣᠯᠴᠢ ᠰᠢᠳᠤᠷᠭᠤ ᠶᠣᠰᠣ ᠶᠢ ᠮᠡᠳᠡᠷᠡᠭᠦᠯᠵᠦ᠂ ᠠᠷᠠᠳ ᠤᠨ ᠳᠣᠲᠣᠭᠠᠳᠤ ᠶᠢ ᠬᠠᠮᠠᠭᠠᠯᠠᠬᠤ᠂ ᠠᠷᠠᠳ ᠤᠨ ᠪᠠᠶᠢᠴᠠᠭᠠᠬᠤ᠂ ᠠᠷᠠᠳ ᠤᠨ ᠰᠢᠭᠦᠬᠦ ᠬᠤᠷᠢᠶ᠎ᠠ ᠶᠢ ᠦᠨᠡᠨ ᠬᠦ ᠠᠷᠠᠳ ᠲᠦᠮᠡᠨ ᠤ ᠲᠥᠯᠥᠭᠡ ᠪᠠᠶᠢᠯᠭᠠᠵᠤ᠂ ᠬᠥᠮᠦᠵᠢᠯ ᠴᠡᠭᠴᠡᠯᠡᠯᠲᠡ ᠶᠢ ᠯᠠᠪᠳᠠᠭᠤᠨ ᠢᠶᠠᠷ ᠥᠷᠨᠢᠭᠦᠯᠵᠦ᠂ ᠯᠠᠪᠳᠠᠭᠤᠨ ᠢᠶᠠᠷ ᠲᠦᠯᠬᠢᠨ ᠠᠬᠢᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠦ ᠴᠢᠬᠤᠯᠠᠴᠢᠯᠠᠪᠠ᠃      ᠬᠡᠰᠡᠭ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠥᠯᠥᠭᠡᠯᠡᠭᠴᠢ᠂ ᠤᠯᠤᠰ ᠲᠦᠷᠦ ᠶᠢᠨ ᠵᠥᠪᠯᠡᠯᠭᠡᠨ ᠤ ᠭᠡᠰᠢᠭᠦᠨ᠂ ᠠᠵᠤ ᠠᠬᠤᠶᠢᠯᠠᠯᠲᠠᠨ ᠤ ᠲᠥᠯᠥᠭᠡᠯᠡᠭᠴᠢ᠂ ᠬᠠᠤᠯᠢᠴᠢ ᠶᠢᠨ ᠲᠥᠯᠥᠭᠡᠯᠡᠭᠴᠢ᠂ ᠠᠷᠠᠳ ᠤᠨ ᠬᠠᠪᠰᠤᠷᠤᠨ ᠰᠢᠭᠦᠭᠴᠢ᠂ ᠬᠡᠷᠡᠭ ᠤᠨ ᠲᠤᠬᠠᠢ ᠶᠢᠨ ᠬᠥᠮᠦᠨ᠂ ᠤᠯᠠᠨ ᠲᠦᠮᠡᠨ ᠤ ᠲᠥᠯᠥᠭᠡᠯᠡᠭᠴᠢ ᠨᠠᠷ ᠬᠤᠷᠠᠯ ᠳᠤ ᠣᠷᠣᠯᠴᠠᠪᠠ᠃
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号