ᠸᠠᠩ ᠯᠢ ᠰᠢᠶᠠ ᠬᠤᠲᠠ ᠶᠢᠨ ᠨᠠᠮ ᠤᠨ ᠬᠤᠷᠢᠶ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ 2021 ᠣᠨ ᠤ 1 ᠳ᠋ᠦ᠋ᠭᠡᠷ ᠤᠳᠠᠭ᠎ᠠ ᠶᠢᠨ ᠬᠤᠷᠠᠯ ᠳᠡᠭᠡᠷ᠎ᠡ ᠴᠢᠬᠤᠯᠠᠴᠢᠯᠠᠭᠰᠠᠨ ᠨᠢ ᠨᠠᠮ ᠤᠨ ᠤᠯᠤᠰ ᠲᠥᠷᠥ ᠶᠢᠨ ᠪᠠᠶᠢᠭᠤᠯᠤᠯᠲᠠ ᠶᠢ ᠲᠡᠷᠢᠭᠦᠨ ᠳᠤ ᠲᠠᠯᠪᠢᠵᠤ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ᠨᠠᠮ ᠢ ᠬᠠᠮᠢᠶᠠᠷᠴᠤ ᠨᠠᠮ ᠢ ᠵᠠᠰᠠᠬᠤ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠢ
ᠨᠡᠶᠢᠲᠡᠯᠡᠭᠰᠡᠨ ᠴᠠᠭ᠄
2021/3/16
ᠪᠠᠢ ᠶᠦᠩ ᠫᠢᠩ ᠣᠷᠣᠯᠴᠠᠪᠠ      ︵ᠰᠤᠷᠪᠤᠯᠵᠢᠯᠠᠭᠴᠢ ᠹᠧᠩ ᠶᠠᠨ ᠫᠢᠩ︶ 3 ᠳ᠋ᠤᠭᠠᠷ ᠰᠠᠷ᠎ᠠ ᠶᠢᠨ 15 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠬᠤᠲᠠ ᠶᠢᠨ ᠨᠠᠮ ᠤᠨ ᠬᠤᠷᠢᠶ᠎ᠠ ᠶᠢᠨ ᠱᠦᠵᠢ ᠸᠠᠩ ᠯᠢ ᠰᠢᠶᠠ ᠬᠤᠲᠠ ᠶᠢᠨ ᠨᠠᠮ ᠤᠨ ᠬᠤᠷᠢᠶ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ 2021 ᠣᠨ ᠤ 1 ᠳ᠋ᠦ᠋ᠭᠡᠷ ᠤᠳᠠᠭ᠎ᠠ ᠶᠢᠨ ᠬᠤᠷᠠᠯ ᠢ ᠡᠷᠬᠢᠯᠡᠨ ᠬᠤᠷᠠᠯᠳᠤᠭᠤᠯᠬᠤ ᠳᠠᠭᠠᠨ ᠴᠢᠬᠤᠯᠠᠴᠢᠯᠠᠭᠰᠠᠨ ᠨᠢ᠂ ᠨᠠᠮ ᠤᠨ ᠤᠯᠤᠰ ᠲᠥᠷᠥ ᠶᠢᠨ ᠪᠠᠶᠢᠭᠤᠯᠤᠯᠲᠠ ᠶᠢ ᠲᠡᠷᠢᠭᠦᠨ ᠳᠤ ᠲᠠᠯᠪᠢᠵᠤ᠂ ᠣᠨᠣᠯ ᠢᠶᠠᠷ ᠵᠡᠪᠰᠡᠭᠯᠡᠬᠦ ᠶᠢ ᠰᠢᠨᠲᠠᠷᠠᠰᠢ ᠦᠭᠡᠢ ᠴᠢᠩᠭᠠᠳᠬᠠᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠰᠤᠷᠤᠯᠴᠠᠨ   ᠲᠤᠭᠤᠰᠢᠯᠠᠭᠤᠯᠬᠤ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠣᠨᠴᠠᠭᠠᠶᠢᠯᠠᠨ ᠶᠡᠷᠦᠩᠬᠡᠢ ᠱᠦᠵᠢ ᠰᠢ ᠶᠢᠨ ᠫᠢᠩ ᠤᠨ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠦᠶ᠎ᠡ ᠶᠢᠨ ᠴᠢᠬᠤᠯᠠ ᠶᠠᠷᠢᠶᠠᠨ ᠤ ᠵᠣᠷᠢᠭ ᠰᠠᠨᠠᠭ᠎ᠠ ᠶᠢ ᠰᠤᠷᠤᠯᠴᠠᠵᠤ ᠤᠬᠠᠭᠤᠯᠤᠨ ᠲᠤᠭᠤᠰᠢᠯᠠᠭᠤᠯᠬᠤ ᠶᠢ ᠬᠠᠮᠤᠭ ᠤᠨ ᠴᠢᠬᠤᠯᠠ ᠤᠯᠤᠰ ᠲᠥᠷᠥ ᠶᠢᠨ ᠡᠭᠦᠷᠭᠡ ᠪᠠ ᠤᠷᠲᠤ ᠬᠤᠭᠤᠴᠠᠭᠠᠨ ᠤ ᠪᠠᠶᠢᠯᠳᠤᠬᠤ ᠪᠣᠳᠣᠯᠭ᠎ᠠ ᠶᠢᠨ ᠡᠭᠦᠷᠭᠡ ᠪᠣᠯᠭᠠᠨ ᠴᠢᠩᠭ᠎ᠠ ᠠᠳᠬᠤᠵᠤ ᠰᠠᠶᠢᠨ ᠠᠳᠬᠤᠵᠤ᠂ ᠤᠯᠤᠰ ᠲᠥᠷᠥ ᠶᠢᠨ ᠮᠠᠭᠠᠳᠯᠠᠬᠤ ᠴᠢᠳᠠᠪᠤᠷᠢ᠂ ᠤᠯᠤᠰ ᠲᠥᠷᠥ ᠶᠢᠨ ᠣᠶᠢᠯᠠᠭᠠᠬᠤ ᠴᠢᠳᠠᠪᠤᠷᠢ᠂ ᠤᠯᠤᠰ ᠲᠥᠷᠥ ᠶᠢᠨ ᠬᠡᠷᠡᠭᠵᠢᠭᠦᠯᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠬᠠᠳᠠᠭᠠᠰᠤ ᠬᠠᠳᠠᠬᠤ ᠵᠣᠷᠢᠭ ᠰᠠᠨᠠᠭ᠎ᠠ ᠪᠠᠷ ᠨᠠᠮ ᠢ ᠬᠠᠮᠢᠶᠠᠷᠴᠤ ᠨᠠᠮ ᠢ ᠵᠠᠰᠠᠬᠤ ᠡᠭᠦᠷᠭᠡ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠬᠤ ᠬᠡᠷᠡᠭᠲᠡᠢ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠨᠠᠮ ᠤᠨ ᠲᠥᠪ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠠᠭᠠᠷᠳᠠᠯᠭ᠎ᠠ ᠲᠠᠢ ᠴᠢᠩᠭ᠎ᠠ ᠬᠠᠷᠢᠴᠠᠭᠤᠯᠤᠨ᠂ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶ᠎ᠠ ᠶᠢᠨ ᠲᠠᠪᠤᠳᠤᠭᠠᠷ ᠬᠤᠷᠠᠯ ᠤᠨ ᠵᠣᠷᠢᠭ ᠰᠠᠨᠠᠭ᠎ᠠ᠂ ᠪᠦᠬᠦ ᠤᠯᠤᠰ ᠤᠨ ᠬᠤᠶᠠᠷ ᠬᠤᠷᠠᠯ ᠤᠨ ᠵᠣᠷᠢᠭ ᠰᠠᠨᠠᠭ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠬᠤᠯᠪᠣᠭᠳᠠᠯ ᠪᠦᠬᠦᠢ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢ ᠦᠷᠭᠦᠯᠵᠢᠯᠡᠨ ᠰᠠᠶᠢᠨ ᠠᠳᠬᠤᠵᠤ᠂ ᠶᠡᠷᠦᠩᠬᠡᠢ ᠱᠦᠵᠢ ᠰᠢ ᠶᠢᠨ ᠫᠢᠩ ᠤᠨ ᠰᠢᠨ᠎ᠡ ᠬᠥᠭᠵᠢᠯᠲᠡ ᠶᠢᠨ ᠱᠠᠲᠤ ᠦᠶ᠎ᠡ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ᠂ ᠰᠢᠨ᠎ᠡ ᠬᠥᠭᠵᠢᠯᠲᠡ ᠶᠢᠨ ᠪᠠᠶᠢᠷᠢᠰᠢᠯ ᠤᠨ ᠲᠤᠬᠠᠢ ᠴᠢᠬᠤᠯᠠ ᠥᠭᠦᠯᠡᠯᠲᠡ ᠶᠢ ᠪᠦᠬᠦ ᠲᠠᠯ᠎ᠠ ᠪᠠᠷ ᠰᠠᠶᠢᠨ ᠣᠶᠢᠯᠠᠭᠠᠵᠤ᠂ ᠨᠡᠪᠲᠡᠷᠡᠲᠡᠯ᠎ᠡ ᠣᠶᠢᠯᠠᠭᠠᠵᠤ᠂ ᠰᠠᠶᠢᠲᠤᠷ ᠨᠠᠶᠢᠳᠠᠪᠤᠷᠢᠵᠢᠭᠤᠯᠵᠤ᠂ ᠨᠠᠮ ᠤᠨ ᠲᠡᠦᠬᠡ ᠶᠢᠨ ᠰᠤᠷᠤᠯᠴᠠᠯᠭ᠎ᠠ ᠬᠥᠮᠥᠵᠢᠯ ᠢ ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠢ ᠥᠷᠨᠢᠭᠦᠯᠵᠦ᠂ ᠥᠪᠥᠷ ᠮᠣᠩᠭᠤᠯ ᠨᠠᠮ ᠤᠨ ᠤᠳᠤᠷᠢᠳᠤᠯᠭ᠎ᠠ ᠶᠢ ᠴᠢᠩᠭᠠᠳᠬᠠᠵᠤ᠂ ᠦᠨᠳᠦᠰᠦᠲᠡᠨ ᠤ ᠪᠦᠯᠬᠦᠮᠳᠡᠯ ᠢ ᠠᠬᠢᠭᠤᠯᠤᠭᠰᠠᠨ ᠲᠡᠦᠭᠡ ᠶᠢᠨ ᠤᠬᠠᠭᠤᠯᠭ᠎ᠠ ᠬᠥᠮᠥᠵᠢᠯ ᠢ ᠰᠠᠶᠢᠲᠤᠷ ᠥᠷᠨᠢᠭᠦᠯᠵᠦ᠂ ᠥᠷᠭᠡᠨ ᠣᠯᠠᠨ ᠨᠠᠮ ᠤᠨ ᠭᠡᠰᠢᠭᠦᠨ ᠺᠠᠳ᠋ᠷᠴᠤᠳ ᠢ ᠬᠥᠲᠥᠯᠥᠨ ᠵᠢᠯᠣᠭᠤᠳᠴᠤ ᠲᠡᠦᠬᠡ ᠶᠢ ᠰᠤᠷᠤᠯᠴᠠᠨ ᠶᠣᠰᠣᠨ ᠢ ᠤᠬᠠᠭᠠᠷᠠᠵᠤ᠂ ᠲᠡᠦᠭᠡ ᠶᠢ ᠰᠤᠷᠤᠯᠴᠠᠨ ᠢᠲᠡᠭᠡᠯ ᠢᠶᠠᠨ ᠬᠥᠪᠴᠢᠯᠡᠵᠦ᠂ ᠲᠡᠦᠬᠡ ᠶᠢ ᠰᠤᠷᠤᠯᠴᠠᠨ ᠮᠤᠷᠠᠯ ᠢ ᠡᠷᠬᠢᠮᠯᠡᠵᠦ᠂ ᠲᠡᠦᠬᠡ ᠶᠢ ᠰᠤᠷᠤᠯᠴᠠᠨ ᠴᠢᠷᠮᠠᠶᠢᠨ ᠠᠵᠢᠯᠯᠠᠵᠤ᠂ ᠦᠨᠡᠨᠬᠦ ᠨᠠᠮ ᠤᠨ ᠲᠡᠦᠬᠡ ᠶᠢ ᠰᠤᠷᠤᠯᠴᠠᠨ᠂ ᠦᠵᠡᠯ ᠰᠠᠨᠠᠭ᠎ᠠ ᠶᠢ ᠣᠶᠢᠯᠠᠭᠠᠵᠤ᠂ ᠪᠣᠳᠠᠲᠠᠢ ᠠᠵᠢᠯ ᠬᠢᠵᠦ᠂ ᠰᠢᠨ᠎ᠡ ᠪᠠᠶᠢᠳᠠᠯ ᠢ ᠡᠬᠢᠯᠡᠭᠦᠯᠬᠦ ᠬᠡᠷᠡᠭᠲᠡᠢ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠰᠢᠨ᠎ᠡ ᠴᠠᠭ ᠦᠶ᠎ᠡ ᠶᠢᠨ ᠨᠠᠮ ᠤᠨ ᠪᠠᠶᠢᠭᠤᠯᠤᠯᠲᠠ ᠶᠢᠨ ᠵᠠᠮ ᠱᠤᠭᠤᠮ ᠢ ᠡᠷᠡᠰ ᠴᠢᠩᠭ᠎ᠠ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠦᠨᠳᠦᠰᠦᠨ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠪᠦᠲᠦᠭᠡᠨ ᠪᠠᠶᠢᠭᠤᠯᠤᠯᠲᠠ ᠶᠢ ᠴᠢᠩᠭ᠎ᠠ ᠠᠳᠬᠤᠵᠤ᠂ ᠺᠠᠳ᠋ᠷᠴᠤᠳ ᠤᠨ ᠡᠩᠨᠡᠭᠡ ᠶᠢᠨ ᠪᠦᠲᠦᠭᠡᠨ ᠪᠠᠶᠢᠭᠤᠯᠤᠯᠲᠠ ᠶᠢ ᠴᠢᠩᠭ᠎ᠠ ᠠᠳᠬᠤᠵᠤ᠂ ᠣᠨᠴᠠᠭᠠᠶᠢᠯᠠᠨ ᠰᠢᠯᠢᠳᠡᠭ ᠵᠠᠯᠠᠭᠤ ᠺᠠᠳ᠋ᠷᠴᠤᠳ ᠢ ᠰᠣᠩᠭᠤᠨ ᠬᠡᠷᠡᠭᠯᠡᠬᠦ ᠶᠢ ᠳᠣᠪᠣᠶᠢᠮ᠎ᠠ ᠪᠠᠶᠢᠷᠢᠨ ᠳᠤ ᠲᠠᠯᠪᠢᠬᠤ ᠬᠡᠷᠡᠭᠲᠡᠢ᠃ ᠨᠠᠮ ᠪᠠᠶᠢᠭᠤᠯᠤᠭᠳᠠᠭᠰᠠᠨ 100 ᠵᠢᠯ ᠤᠨ ᠣᠢ ᠶᠢ ᠪᠡᠯᠭᠡᠯᠡᠬᠦ ᠰᠢᠷᠢᠰ ᠠᠵᠢᠯᠯᠠᠭ᠎ᠠ ᠶᠢ ᠪᠦᠬᠦ ᠬᠦᠴᠦᠨ ᠢᠶᠠᠷ ᠢᠶᠠᠨ ᠰᠠᠶᠢᠨ ᠬᠢᠵᠦ᠂ ᠨᠠᠮ ᠢᠶᠠᠨ ᠬᠠᠶᠢᠷᠠᠯᠠᠬᠤ ᠰᠡᠳᠬᠢᠯᠭᠡ ᠶᠢ ᠵᠤᠵᠠᠭᠠᠳᠬᠠᠨ᠂ ᠰᠢᠨ᠎ᠡ ᠴᠠᠭ ᠦᠶ᠎ᠡ ᠶᠢᠨ ᠡᠪ ᠬᠠᠮᠲᠤ ᠨᠠᠮ ᠤᠨ ᠭᠡᠰᠢᠭᠦᠨ ᠤ ᠴᠤᠭ ᠰᠦᠯᠳᠡ ᠶᠢ ᠬᠠᠷᠠᠭᠤᠯᠬᠤ ᠬᠡᠷᠡᠭᠲᠡᠢ ᠭᠡᠵᠡᠢ᠃      ᠬᠤᠷᠠᠯ ᠠᠴᠠ ᠴᠢᠬᠤᠯᠠᠴᠢᠯᠠᠭᠰᠠᠨ ᠨᠢ᠂ ᠨᠠᠮ ᠤᠨ ᠰᠤᠷᠲᠠᠯ ᠴᠢᠬᠡᠴᠢ ᠵᠠᠰᠠᠭ ᠤᠨ ᠪᠠᠶᠢᠭᠤᠯᠤᠯᠲᠠ ᠪᠠ ᠢᠯᠵᠠᠷᠠᠯ ᠢ ᠡᠰᠡᠷᠭᠦᠴᠡᠬᠦ ᠲᠡᠮᠡᠴᠡᠯ ᠢ ᠰᠢᠨᠲᠠᠷᠠᠰᠢ ᠦᠭᠡᠢ ᠠᠬᠢᠭᠤᠯᠵᠤ᠂ ᠴᠡᠪᠡᠷ ᠠᠷᠢᠭᠤᠨ ᠲᠥᠪ ᠴᠢᠬᠡᠴᠢ ᠰᠠᠶᠢᠨ ᠰᠠᠶᠢᠬᠠᠨ ᠤᠯᠤᠰ ᠲᠥᠷᠥ ᠶᠢᠨ ᠠᠮᠢ ᠠᠬᠤᠢ ᠶᠢ ᠪᠦᠬᠦ ᠬᠦᠴᠦᠨ ᠢᠶᠠᠷ ᠢᠶᠠᠨ ᠪᠤᠢ ᠪᠣᠯᠭᠠᠬᠤ ᠬᠡᠷᠡᠭᠲᠡᠢ᠃ ᠨᠠᠮ ᠤᠨ ᠲᠥᠪ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ  ᠲᠠᠢ ᠨᠢᠭᠲᠠ ᠤᠶᠠᠯᠳᠤᠭᠤᠯᠤᠨ᠂ ᠤᠯᠤᠰ ᠲᠥᠷᠥ ᠶᠢᠨ ᠬᠢᠨᠠᠯᠲᠠ ᠶᠢ ᠤᠯᠠᠮ ᠨᠢᠭᠡ ᠠᠯᠬᠤᠮ ᠴᠢᠩᠭᠠᠳᠬᠠᠬᠤ ᠬᠡᠷᠡᠭᠲᠡᠢ︔ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠱᠠᠭᠠᠷᠳᠠᠯᠭ᠎ᠠ ᠶᠢ ᠲᠤᠭᠤᠰᠢᠯᠠᠭᠤᠯᠬᠤ ᠲᠠᠢ ᠨᠢᠭᠲᠠ ᠤᠶᠠᠯᠳᠤᠭᠤᠯᠤᠨ ᠤᠯᠤᠰ ᠲᠥᠷᠥ ᠶᠢᠨ ᠬᠢᠨᠠᠯᠲᠠ ᠶᠢ ᠴᠢᠩᠭᠠᠳᠬᠠᠵᠤ᠂ ᠠᠰᠠᠭᠤᠳᠠᠯ ᠢ ᠴᠡᠭᠴᠡᠯᠡᠨ ᠵᠠᠰᠠᠬᠤ ᠲᠠᠢ ᠨᠢᠭᠲᠠ ᠤᠶᠠᠯᠳᠤᠭᠤᠯᠤᠨ ᠤᠯᠤᠰ ᠲᠥᠷᠥ ᠶᠢᠨ ᠬᠢᠨᠠᠯᠲᠠ ᠶᠢ ᠴᠢᠩᠭᠠᠳᠬᠠᠵᠤ᠂ ᠰᠤᠷᠲᠠᠯ ᠤᠨ ᠪᠦᠲᠦᠭᠡᠨ ᠪᠠᠶᠢᠭᠤᠯᠤᠯᠲᠠ ᠶᠢ ᠬᠡᠪ ᠵᠠᠩᠰᠢᠯ ᠪᠣᠯᠭᠠᠨ᠂ ᠦᠭᠡᠳᠡᠯᠡᠨ ᠳᠠᠪᠰᠢᠵᠤ ᠰᠠᠶᠢᠵᠢᠷᠠᠬᠤ ᠶᠢ ᠠᠬᠢᠭᠤᠯᠬᠤ ᠬᠡᠷᠡᠭᠲᠡᠢ︔ ᠰᠢᠨᠲᠠᠷᠠᠰᠢ ᠦᠭᠡᠢ ᠪᠠᠷ ᠰᠤᠷᠲᠠᠯ ᠢ ᠴᠢᠩᠳᠠᠯᠠᠨ ᠰᠠᠬᠢᠯᠭ᠎ᠠ ᠶᠢ ᠴᠢᠬᠡᠴᠢᠯᠡᠵᠦ ᠢᠯᠵᠠᠷᠠᠯ ᠢ ᠡᠰᠡᠷᠭᠦᠴᠡᠵᠤ᠂ ᠢᠯᠵᠠᠷᠠᠬᠤ ᠠᠴᠠ ᠠᠶᠤᠬᠤ᠂ ᠢᠯᠵᠠᠷᠠᠵᠤ ᠪᠣᠯᠬᠤ ᠦᠭᠡᠢ᠂ ᠢᠯᠵᠠᠷᠠᠬᠤ ᠰᠠᠨᠠᠭ᠎ᠠ ᠦᠭᠡᠢ ᠶᠢ ᠨᠢᠭᠡ ᠴᠣᠭᠴᠠᠵᠢᠭᠤᠯᠤᠨ ᠠᠬᠢᠭᠤᠯᠵᠤ᠂ ᠣᠨᠴᠠᠭᠠᠶᠢᠯᠠᠨ ᠶᠡᠷᠦᠩᠬᠡᠢ ᠱᠦᠵᠢ ᠰᠢ ᠶᠢᠨ ᠫᠢᠩ ᠤᠨ ᠠᠷᠪᠠᠨ ᠭᠤᠷᠪᠠᠳᠤᠭᠠᠷ ᠬᠤᠭᠤᠴᠠᠭᠠᠨ ᠤ ᠪᠦᠬᠦ ᠤᠯᠤᠰ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠳᠥᠷᠪᠡᠳᠦᠭᠡᠷ ᠬᠤᠷᠠᠯ ᠤᠨ ᠥᠪᠥᠷ ᠮᠣᠩᠭᠤᠯ ᠤᠨ ᠲᠥᠯᠥᠭᠡᠯᠡᠭᠴᠢᠳ ᠤᠨ ᠪᠦᠯᠬᠦᠮ ᠤᠨ ᠬᠢᠨᠠᠨ ᠵᠥᠪᠯᠡᠬᠦ ᠳᠤ ᠣᠷᠣᠯᠴᠠᠬᠤ ᠳᠠᠭᠠᠨ ᠮᠠᠨ ᠤ ᠣᠷᠣᠨ ᠤ ᠢᠯᠵᠠᠷᠠᠯ ᠢ ᠡᠰᠡᠷᠭᠦᠴᠡᠬᠦ ᠠᠵᠢᠯ ᠳᠤ ᠳᠤᠷᠠᠳᠤᠭᠰᠠᠨ ᠴᠢᠬᠤᠯᠠ ᠱᠠᠭᠠᠷᠳᠠᠯᠭ᠎ᠠ ᠶᠢ ᠡᠷᠡᠰ ᠴᠢᠩᠭ᠎ᠠ ᠲᠤᠭᠤᠰᠢᠯᠠᠭᠤᠯᠵᠤ᠂ ︽ᠥᠴᠥᠬᠡᠨ ᠴᠦ  ᠠᠭᠤᠴᠢᠯᠠᠬᠤ ᠦᠭᠡᠢ︾ ᠶᠢ ᠴᠢᠩᠭ᠎ᠠ ᠬᠡᠷᠡᠭᠵᠢᠭᠦᠯᠵᠦ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠨᠡᠩ ᠶᠡᠭᠡ ᠰᠢᠨ᠎ᠡ ᠳᠠᠪᠰᠢᠯᠲᠠ ᠲᠠᠢ ᠪᠣᠯᠭᠠᠨ ᠠᠬᠢᠭᠤᠯᠬᠤ ᠬᠡᠷᠡᠭᠲᠡᠢ ᠭᠡᠵᠡᠢ᠃      ᠬᠤᠷᠠᠯ ᠠᠴᠠ ᠪᠠᠰᠠ ︽ᠬᠥᠬᠡᠬᠤᠲᠠ ᠶᠢᠨ ᠨᠠᠮ ᠤᠨ ᠬᠤᠷᠢᠶ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠳᠤᠭᠤᠶᠢᠯᠠᠩ ᠤᠨ 2021 ᠣᠨ ᠤ ᠠᠵᠢᠯ ᠤᠨ ᠭᠤᠣᠯᠳᠠᠯᠭ᠎ᠠ︾ ᠵᠡᠷᠭᠡ ᠶᠢ ᠬᠢᠨᠠᠨ ᠵᠥᠪᠯᠡᠵᠦ ᠵᠠᠷᠴᠢᠮ ᠳᠡᠭᠡᠷ᠎ᠡ ᠪᠠᠨ ᠪᠠᠲᠤᠯᠠᠵᠠᠢ᠃      ᠬᠤᠲᠠ ᠶᠢᠨ ᠤᠳᠤᠷᠢᠳᠤᠯᠭ᠎ᠠ ᠪᠠᠢ ᠶᠦᠩ ᠫᠢᠩ᠂ ᠵᠠᠩ ᠶᠢᠨ ᠫᠢᠩ᠂ ᠯᠢ ᠵᠢᠶᠦ᠋ᠩ᠂ ᠦ᠋ ᠸᠧᠨ ᠮᠢᠩ ᠵᠢᠴᠢ ᠬᠤᠲᠠ ᠶᠢᠨ ᠨᠠᠮ ᠤᠨ ᠬᠤᠷᠢᠶ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠭᠡᠰᠢᠭᠦᠳ ᠬᠤᠷᠠᠯ ᠳᠤ ᠣᠷᠣᠯᠴᠠᠪᠠ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号