ᠰᠤᠷᠤᠭᠴᠢᠳ ᠢᠳᠡᠭᠡᠨ ᠤ ᠠᠶᠤᠯᠭᠦᠢ ᠶᠢ ᠪᠠᠶᠢᠴᠠᠭᠠᠬᠤ ᠶᠢ ᠪᠡᠶᠡᠴᠢᠯᠡᠨ ᠤᠶᠢᠯᠠᠭᠠᠯ᠎ᠠ
ᠨᠡᠶᠢᠲᠡᠯᠡᠭᠰᠡᠨ ᠴᠠᠭ᠄
2021/3/16
     ᠥᠴᠥᠭᠡᠳᠦᠷ᠂ ᠥᠪᠥᠷ ᠮᠣᠩᠭᠤᠯ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠬᠢᠨᠠᠨ ᠦᠨᠡᠯᠡᠵᠦ ᠪᠠᠶᠢᠴᠠᠭᠠᠨ ᠰᠢᠯᠭᠠᠬᠤ ᠲᠥᠪ ︽ᠲᠤᠷᠰᠢᠯᠲᠠ ᠶᠢᠨ ᠲᠠᠰᠤᠭ ᠤᠨ ᠨᠡᠭᠡᠭᠡᠯᠲᠡ ᠶᠢᠨ ᠡᠳᠦᠷ︾  ᠤᠨ ᠬᠥᠳᠡᠯᠭᠡᠭᠡᠨ ᠥᠷᠨᠢᠭᠦᠯᠪᠡ᠃ ᠬᠥᠳᠡᠯᠭᠡᠭᠡᠨ ᠳᠤ᠂ ᠰᠠᠶᠢᠬᠠᠨ ᠲᠣᠭᠤᠷᠢᠭ ᠤᠨ ᠯᠢᠤᠢ ᠳ᠋ᠢ ᠰᠤᠷᠭᠠᠭᠤᠯᠢ ᠶᠢᠨ ᠲᠧᠩ ᠹᠧᠢ ᠵᠠᠮ ᠤᠨ ᠰᠤᠷᠭᠠᠭᠤᠯᠢ ᠶᠢᠨ ᠲᠣᠭᠤᠷᠢᠭ ᠤᠨ 30 ᠭᠠᠷᠤᠢ ᠰᠤᠷᠤᠭᠴᠢ ᠪᠠ ᠭᠡᠷ ᠤᠨ ᠠᠬᠠᠮᠠᠳ ᠲᠤᠷᠰᠢᠯᠲᠠ ᠶᠢᠨ ᠲᠠᠰᠤᠭ ᠲᠤ ᠢᠷᠡᠵᠦ᠂ ᠠᠬᠤᠢ ᠲᠠᠯᠠᠪᠠᠢ ᠳᠤ ᠲᠣᠭᠤᠷᠢᠵᠤ ᠦᠵᠡᠬᠦ᠂ ᠲᠤᠷᠰᠢᠯᠲᠠ ᠬᠢᠬᠦ ᠶᠢ ᠦᠵᠡᠬᠦ ᠂ ᠦᠢᠯᠡᠳᠦᠯᠴᠡᠬᠦ ᠨᠠᠭᠠᠳᠤᠮ᠂  ᠨᠢᠭᠤᠷᠳᠠᠨ ᠶᠠᠷᠢᠯᠴᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠨ᠂ ᠢᠳᠡᠭᠡᠨ ᠤ ᠠᠶᠤᠯᠭᠦᠢ ᠶᠢ  ᠪᠠᠶᠢᠴᠠᠭᠠᠨ  ᠰᠢᠯᠭᠠᠬᠤ ᠲᠤᠷᠰᠢᠯᠲᠠ ᠶᠢᠨ ᠶᠠᠪᠤᠴᠠ ᠶᠢ ᠪᠡᠶᠡᠴᠢᠯᠡᠨ ᠤᠶᠢᠯᠠᠭᠠᠵᠤ᠂ ᠢᠳᠡᠭᠡᠨ ᠤ ᠠᠶᠤᠯᠭᠦᠢ ᠶᠢᠨ ᠮᠡᠳᠡᠯᠭᠡ ᠶᠢ ᠤᠶᠢᠯᠠᠭᠠᠨ᠂ ᠢᠳᠡᠭᠡᠨ ᠤ ᠠᠶᠤᠯᠭᠦᠢ ᠶᠢᠨ ᠤᠬᠠᠮᠰᠠᠷ ᠢᠶᠠᠨ ᠳᠡᠭᠡᠭᠰᠢᠯᠡᠭᠦᠯᠪᠡ᠃  ︵ᠰᠢᠦᠢ ᠲᠢᠩ ᠰᠡᠭᠦᠳᠡᠷᠯᠡᠨ ᠮᠡᠳᠡᠭᠡᠯᠡᠪᠡ︶
 
ᠢᠷᠡᠯᠲᠡ᠄ ᠬᠥᠬᠡᠬᠤᠲᠠ ᠶᠢᠨ ᠣᠷᠣᠢ ᠶᠢᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号